ᠥᠪᠥᠷ ᠮᠣᠩᠭᠤᠯ ᠵᠠᠰᠠᠭ ᠢ ᠴᠣᠮᠬᠠᠳᠬᠠᠵᠤ ᠡᠷᠬᠡ ᠶᠢ ᠪᠠᠭᠤᠯᠭᠠᠬᠤ ᠪᠠ ᠮᠥᠩᠭᠦᠨ ᠭᠦᠢᠯᠭᠡᠭᠡ ᠶᠢᠨ ᠰᠢᠨ᠎ᠡ ᠶᠢ ᠡᠭᠦᠳᠬᠦ ᠲᠤᠰᠠᠯᠠᠬᠤ ᠬᠦᠴᠦᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠲᠡ ᠶᠢ ᠰᠢᠪᠲᠤᠯᠵᠤ ᠪᠣᠢ
ᠨᠡᠶᠢᠲᠡᠯᠡᠭᠰᠡᠨ ᠴᠠᠭ᠄
2015/12/23
     ᠣᠳᠣᠬᠠᠨ ᠳᠤ ᠥᠪᠥᠷ ᠮᠣᠩᠭᠤᠯ ᠶᠠᠳᠠᠭᠤ ᠶᠢ ᠲᠡᠳᠬᠦᠬᠦ ᠲᠥᠷᠥᠯ ᠵᠦᠢᠯ ᠤᠨ ᠬᠢᠨᠠᠨ ᠵᠥᠪᠰᠢᠶᠡᠷᠡᠬᠦ ᠡᠷᠬᠡ ᠶᠢ ᠪᠦᠬᠦᠨ ᠢ ᠬᠤᠰᠢᠭᠤ ᠰᠢᠶᠠᠨ ᠳᠤ ᠪᠠᠭᠤᠯᠭᠠᠵᠤ᠂ ᠡᠷᠬᠡ᠂ ᠬᠠᠷᠢᠭᠤᠴᠠᠯᠭ᠎ᠠ᠂ ᠪᠡᠯᠡ ᠮᠥᠩᠭᠦ᠂ ᠡᠭᠦᠷᠭᠡ ︽ᠳᠥᠷᠪᠡ ᠶᠢ ᠬᠤᠰᠢᠭᠤ ᠰᠢᠶᠠᠨ ᠳᠤ ᠬᠦᠷᠭᠡᠬᠦ︾ ᠪᠠ ᠲᠥᠯᠥᠪᠵᠢᠭᠦᠯᠭᠡ᠂ ᠲᠥᠷᠥᠯ ᠵᠦᠢᠯ᠂ ᠺᠠᠳ᠋ᠷ ︽ᠭᠤᠷᠪᠠ ᠶᠢ ᠲᠣᠰᠬᠤᠨ ᠳᠤ ᠬᠦᠷᠭᠡᠬᠦ ᠪᠠ ᠭᠤᠷᠪᠠ ᠶᠢ ᠡᠷᠦᠬᠡ ᠳᠤ ᠬᠦᠷᠭᠡᠬᠦ︾ ᠠᠵᠢᠯ ᠤᠨ ᠲᠣᠭᠲᠠᠴᠠ ᠶᠢ ᠪᠠᠶᠢᠭᠤᠯᠪᠠ᠃ ᠬᠢᠨᠠᠨ ᠵᠥᠪᠰᠢᠶᠡᠷᠡᠬᠦ ᠡᠷᠬᠡ ᠶᠢ ᠳᠣᠷᠣᠭᠰᠢ ᠪᠠᠭᠤᠯᠭᠠᠭᠰᠠᠨ ᠨᠢ᠂ ᠶᠠᠳᠠᠭᠤ ᠶᠢ ᠲᠡᠳᠬᠦᠬᠦ ᠠᠮᠢᠵᠢᠷᠠᠯ ᠤᠨ ᠬᠦᠴᠦᠨ ᠢ ᠪᠦᠲᠦᠮᠵᠢᠲᠡᠢ ᠪᠠᠷ ᠴᠢᠯᠦᠭᠡᠯᠡᠵᠦ᠂ ᠦᠨᠳᠦᠰᠦᠨ ᠱᠠᠲᠤᠨ ᠤ ᠺᠠᠳ᠋ᠷ ᠪᠠ ᠶᠠᠳᠠᠭᠤ ᠬᠦᠴᠢᠷᠳᠡᠯᠲᠡᠢ ᠤᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠦᠨᠡᠨ ᠬᠦ ᠬᠥᠭᠵᠢᠭᠡᠵᠦ᠂ ᠡᠯ᠎ᠡ ᠭᠠᠵᠠᠷ ᠶᠠᠳᠠᠭᠤ ᠎ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤᠮᠳᠠ ᠪᠣᠳᠠᠲᠤ ᠪᠠᠶᠢᠳᠠᠯ ᠲᠠᠢ ᠨᠡᠩ ᠰᠠᠶᠢᠨ ᠨᠡᠶᠢᠴᠡᠬᠦ ᠮᠠᠰᠢ ᠣᠯᠠᠨ ᠵᠠᠭᠪᠤᠷᠢᠰᠢᠯ ᠪᠠ ᠠᠷᠭ᠎ᠠ ᠶᠢ ᠰᠦᠪᠡᠭᠴᠢᠯᠡᠨ ᠭᠠᠷᠭᠠᠵᠤ᠂ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠨᠡᠩ ᠨᠠᠷᠢᠨ ᠣᠨᠣᠪᠴᠢᠲᠠᠢ ᠪᠣᠯᠵᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠴᠦ ᠨᠡᠩ ᠲᠣᠪᠣᠶᠢᠮ᠎ᠠ ᠪᠣᠯᠣᠭᠰᠠᠨ ᠪᠠᠶᠢᠨ᠎ᠠ᠃      ᠡᠨᠡ ᠵᠢᠯ ᠤᠨ ᠲᠤᠷᠰᠢ᠂ ᠥᠪᠥᠷ ᠮᠣᠩᠭᠤᠯ ᠮᠥᠩᠭᠦᠨ ᠭᠦᠢᠯᠭᠡᠭᠡᠨ ᠤ ᠶᠠᠳᠠᠭᠤ ᠶᠢ ᠲᠡᠳᠬᠦᠬᠦ ᠡᠯ᠎ᠡ ᠵᠦᠢᠯ ᠤᠨ ᠵᠢᠭᠡᠯᠡᠯᠭᠡ ᠨᠡᠶᠢᠲᠡ 176 ᠳ᠋ᠦᠩᠰᠢᠭᠤᠷ ᠲᠥᠭᠦᠷᠢᠭ ᠲᠠᠷᠬᠠᠭᠠᠵᠤ᠂ 40.84 ᠲᠦᠮᠡᠨ ᠮᠠᠯᠵᠢᠬᠤ ᠲᠠᠷᠢᠶᠠᠯᠠᠬᠤ ᠡᠷᠦᠬᠡ᠂ 144 ᠶᠠᠳᠠᠭᠤ ᠶᠢ ᠲᠡᠳᠬᠦᠬᠦ ᠲᠣᠯᠣᠭᠠᠶᠢᠯᠠᠭᠴᠢ ᠠᠵᠤ ᠠᠬᠤᠶᠢᠯᠠᠯ ᠪᠠ ᠮᠠᠯᠴᠢᠨ ᠲᠠᠷᠢᠶᠠᠴᠢᠨ ᠡᠷᠦᠬᠡ ᠶᠢᠨ ᠲᠤᠰᠬᠠᠢ ᠬᠤᠷᠰᠢᠶᠠᠵᠢᠯ ᠮᠥᠩᠭᠦᠨ ᠭᠦᠢᠯᠭᠡᠭᠡᠨ ᠤ ᠶᠠᠳᠠᠭᠤ ᠶᠢ ᠲᠡᠳᠬᠦᠬᠦ ᠪᠡᠯᠡ ᠮᠥᠩᠭᠦᠨ ᠤ ᠳᠡᠮᠵᠢᠯᠭᠡ ᠶᠢ ᠰᠢᠭᠤᠳ ᠬᠦᠷᠲᠡᠵᠡᠢ᠃ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ ᠤᠨ ᠳᠠᠶᠢᠴᠢᠯᠠᠯᠲᠠ ᠳᠣᠣᠷ᠎ᠠ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠪᠠᠷ ᠮᠥᠩᠭᠦᠨ ᠭᠦᠢᠯᠭᠡᠭᠡᠨ ᠤ ᠶᠠᠳᠠᠭᠤ ᠶᠢ ᠲᠡᠳᠬᠦᠬᠦ ᠪᠡᠯᠡ  ᠮᠥᠩᠭᠦ ᠶᠢ ᠬᠦᠰᠢᠨ ᠬᠥᠳᠡᠯᠭᠡᠬᠦ ᠵᠠᠭᠪᠤᠷᠢᠰᠢᠯ ᠪᠠ ᠲᠤᠭᠲᠠᠴᠠ ᠨᠢ ᠪᠦᠬᠦ ᠣᠷᠣᠨ ᠳᠤ ᠨᠡᠶᠢᠳᠡᠮ ᠳᠠᠭᠤᠷᠢᠶᠠᠨ ᠳᠡᠯᠭᠡᠷᠡᠵᠦ᠂ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠳᠤ ᠣᠷᠣᠯᠴᠠᠭᠰᠠᠨ ᠪᠠᠶᠢᠭᠤᠯᠤᠮᠵᠢ ᠠᠩᠬᠠᠨ ᠳᠠᠭᠠᠨ ᠭᠠᠭᠴᠠᠬᠠᠨ ᠲᠠᠷᠢᠶᠠᠯᠠᠩ ᠤᠨ ᠪᠠᠩᠬᠢ ᠪᠠᠶᠢᠭᠰᠠᠨ ᠠᠴᠠ ᠎ ᠪᠠᠨ ᠥᠷᠭᠡᠵᠢᠭᠡᠳ ᠲᠠᠷᠢᠶᠠᠯᠠᠩ ᠤᠨ ᠢᠲᠡᠭᠡᠮᠵᠢ ᠶᠢᠨ ᠬᠤᠷᠰᠢᠶ᠎ᠠ᠂ ᠪᠤᠭᠤᠲᠤ ᠶᠢᠨ ᠬᠤᠳᠠᠯᠳᠤᠭᠠᠨ ᠤ ᠪᠠᠩᠬᠢ ᠵᠡᠷᠭᠡ 9 ᠪᠠᠶᠢᠭᠤᠯᠤᠮᠵᠢ ᠣᠷᠣᠯᠴᠠᠵᠠᠢ᠂ ᠠᠩᠬᠠᠨ ᠳᠠᠭᠠᠨ 57 ᠬᠤᠰᠢᠭᠤ ᠰᠢᠶᠠᠨ ᠪᠦᠷᠬᠦᠵᠦ ᠪᠠᠶᠢᠭᠰᠠᠨ ᠠᠴᠠ ᠪᠠᠨ ᠥᠷᠭᠡᠵᠢᠭᠡᠳ ᠪᠦᠬᠦ ᠣᠷᠣᠨ ᠤ 81 ᠮᠠᠯᠵᠢᠬᠤ ᠲᠠᠷᠢᠶᠠᠯᠠᠬᠤ ᠬᠤᠰᠢᠭᠤ ᠰᠢᠶᠠᠨ ᠢ ᠪᠥᠷᠬᠦᠵᠠᠢ᠃ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠢᠨᠵᠧᠨᠧᠷᠢᠩ ᠨᠢ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠪᠡᠯᠡ ᠣᠷᠤᠭᠤᠯᠤᠯᠲᠠ ᠶᠢ ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠭᠰᠠᠨ ᠪᠠᠶᠢᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠡᠷᠬᠢᠯᠡᠭᠴᠢ ᠯᠢᠦ ᠵᠦᠩ ᠴᠧᠩ ᠢᠯᠡᠳᠬᠡᠭᠰᠡᠨ ᠨᠢ᠂ ᠵᠠᠰᠠᠭ ᠢ ᠴᠣᠮᠬᠠᠳᠬᠠᠵᠤ ᠡᠷᠬᠡ ᠶᠢ ᠪᠠᠭᠤᠯᠭᠠᠭᠰᠠᠨ ᠶᠠᠪᠤᠳᠠᠯ ᠶᠠᠳᠠᠭᠤ ᠬᠦᠴᠢᠷᠳᠡᠯᠲᠡᠢ ᠭᠠᠵᠠᠷ ᠣᠷᠣᠨ ᠤ ᠺᠠᠳ᠋ᠷ ᠪᠠ ᠶᠠᠳᠠᠭᠤ ᠬᠦᠴᠢᠷᠳᠡᠯᠲᠡᠢ ᠣᠯᠠᠨ ᠲᠦᠮᠡᠨ ᠤ ᠢᠳᠡᠪᠬᠢ ᠴᠢᠨᠠᠷ ᠬᠢᠭᠡᠳ ᠠᠮᠢᠳᠤᠯᠢᠭ ᠴᠢᠨᠠᠷ ᠢ ᠮᠠᠰᠢ ᠶᠡᠭᠡ ᠬᠡᠮᠵᠢᠶ᠎ᠡ ᠪᠠᠷ ᠳᠠᠶᠢᠴᠢᠯᠠᠵᠤ᠂ ᠶᠠᠳᠠᠭᠤ ᠬᠦᠴᠢᠷᠳᠡᠯᠲᠡᠢ ᠭᠠᠵᠠᠷ ᠣᠷᠣᠨ ᠢ ᠭᠠᠵᠠᠷ ᠣᠷᠣᠨ ᠨᠤᠭᠤᠳ ᠢ ᠪᠠᠶᠢᠳᠠᠯ ᠳᠠᠭᠠᠨ ᠲᠣᠬᠢᠷᠠᠭᠤᠯᠵᠤ ᠤᠯᠠᠨ ᠵᠦᠢᠯ ᠤᠨ ᠠᠵᠤ ᠦᠢᠯᠡᠰ ᠢ ᠬᠥᠭᠵᠢᠭᠦᠯᠬᠦ ᠪᠣᠯᠭᠠᠵᠠᠢ︔ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠲᠥᠷᠥᠯ ᠵᠦᠢᠯ ᠤᠨ ᠬᠡᠷᠡᠭᠵᠢᠭᠦᠯᠦᠯᠲᠡ ᠨᠢ᠂ ᠵᠠᠬ᠎ᠠ ᠳᠡᠯᠭᠡᠭᠦᠷ ᠤᠨ ᠬᠦᠴᠦ ᠶᠢ ᠠᠰᠢᠭᠯᠠᠨ᠂ ᠶᠠᠳᠠᠭᠤ ᠶᠢ ᠲᠡᠳᠬᠦᠬᠦ ᠪᠡᠯᠡ ᠮᠥᠩᠭᠦ ᠳᠤᠲᠠᠭᠳᠠᠵᠤ ᠪᠠᠶᠢᠭᠰᠠᠨ ᠬᠡᠪᠴᠢᠶ᠎ᠡ ᠶᠢ ᠶᠡᠬᠡᠰᠬᠡᠵᠦ᠂ ᠶᠠᠳᠠᠭᠤ ᠬᠦᠴᠢᠷᠳᠡᠯᠲᠡᠢ ᠡᠷᠦᠬᠡ ᠶᠢᠨ ᠠᠵᠤ ᠦᠢᠯᠡᠰ ᠢ ᠬᠥᠭᠵᠢᠭᠦᠯᠬᠦ ᠪᠡᠯᠡ ᠮᠥᠩᠭᠦᠨ ᠤ ᠳᠤᠲᠠᠭᠳᠠᠯ ᠢ ᠪᠦᠲᠦᠮᠵᠢᠲᠡᠢ ᠪᠠᠷ ᠨᠠᠮᠳᠠᠭᠤᠯᠤᠭᠰᠠᠨ ᠤ ᠬᠠᠮᠲᠤ ᠶᠠᠳᠠᠭᠤ ᠶᠢ ᠲᠡᠳᠬᠦᠬᠦ ᠪᠡᠯᠡ ᠮᠥᠩᠭᠦ ᠶᠢ ᠲᠥᠯᠥᠪᠦᠷᠢ ᠦᠭᠡᠢ ᠪᠠᠶᠢᠭᠰᠠᠨ ᠠᠴᠠ ᠨᠢ ᠲᠥᠯᠥᠪᠦᠷᠢ ᠲᠠᠢ ᠪᠣᠯᠭᠠᠵᠤ᠂ ᠶᠠᠳᠠᠭᠤ ᠬᠦᠴᠢᠷᠳᠡᠯᠲᠡᠢ ᠣᠯᠠᠨ ᠲᠦᠮᠡᠨ ᠤ ᠶᠠᠳᠠᠭᠤ ᠠᠴᠠ ᠠᠩᠭᠢᠵᠢᠷᠠᠵᠤ ᠴᠢᠨᠡᠭᠡᠯᠢᠭ ᠬᠡᠮᠵᠢᠶᠡᠨ ᠳᠤ ᠬᠦᠷᠬᠦ ᠢᠳᠡᠪᠬᠢᠵᠢᠯ ᠢ ᠨᠢ ᠭᠦᠢᠴᠡᠳ ᠳᠠᠶᠢᠴᠢᠯᠠᠵᠠᠢ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号