ᠥᠪᠥᠷ ᠮᠣᠩᠭᠤᠯ ᠠᠵᠤ ᠠᠬᠤᠶᠢᠯᠠᠯ ᠳᠤ ᠬᠤᠯᠪᠣᠭᠳᠠᠬᠤ ᠰᠦᠢᠳᠬᠡᠯ ᠬᠤᠷᠢᠶᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ  ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ ᠪᠤᠢ
ᠨᠡᠶᠢᠲᠡᠯᠡᠭᠰᠡᠨ ᠴᠠᠭ᠄
2015/12/23
     ᠰᠤᠷᠪᠤᠯᠵᠢᠯᠠᠭᠰᠠᠨ ᠴᠠᠭ᠄      2015 ᠣᠨ ᠤ 12 ᠳ᠋ᠤᠭᠠᠷ ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨᠠᠬᠢ 3 ᠴᠠᠭ      ᠰᠤᠷᠪᠤᠯᠵᠢᠯᠠᠭᠰᠠᠨ ᠵᠣᠴᠢᠨ᠄      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ   ᠸᠠᠩ ᠶᠢᠨ ᠪᠤᠤ      ᠰᠤᠷᠪᠤᠯᠵᠢᠯᠠᠭ᠎ᠠ ᠶᠢᠨ ᠲᠣᠪᠴᠢ᠄      2014 ᠣᠨ ᠳᠤ ᠮᠠᠨ ᠤ ᠣᠷᠣᠨ ᠠᠵᠤ ᠠᠬᠤᠶᠢᠯᠠᠯ ᠤᠨ ᠳᠠᠷᠤᠭᠠᠰᠤ ᠶᠢ ᠶᠡᠬᠡᠪᠡᠷ  ᠬᠥᠩᠭᠡᠷᠡᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠲᠣᠭᠲᠠᠪᠤᠷᠢᠵᠢᠭᠤᠯᠪᠠ᠃ ᠠᠵᠤ ᠦᠢᠯᠡᠳᠪᠦᠷᠢ   ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠦᠴᠢᠷᠳᠡᠯ ᠳᠤ ᠬᠠᠨᠳᠤᠭᠤᠯᠤᠨ᠂ ᠢᠳᠡᠪᠬᠢᠲᠡᠢ ᠪᠣᠳᠣᠯᠭ᠎ᠠ ᠬᠡᠷᠡᠭᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠵᠦ ᠠᠵᠤ ᠠᠬᠤᠶᠢᠯᠠᠯ ᠢ ᠬᠠᠪᠰᠤᠷᠤᠨ ᠳᠠᠷᠤᠭᠠᠰᠤ ᠶᠢ ᠨᠢ ᠬᠥᠩᠭᠡᠯᠡᠵᠦ᠂ ᠬᠦᠴᠢᠷᠳᠡᠯ ᠠᠴᠠ ᠠᠩᠭᠢᠵᠢᠷᠠᠭᠤᠯᠵᠤ᠂ ᠮᠠᠰᠢ ᠰᠠᠶᠢᠨ ᠦᠷ᠎ᠡ ᠪᠦᠲᠦᠮᠵᠢ ᠣᠯᠪᠠ᠃ 2015 ᠣᠨ ᠳᠤ ᠮᠠᠨ ᠤ ᠣᠷᠣᠨ ᠠᠵᠤ ᠠᠬᠤᠶᠢᠯᠠᠯ ᠳᠤ ᠬᠤᠯᠪᠣᠭᠳᠠᠬᠤ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠬᠦ ᠠᠵᠢᠯ ᠤᠨ ᠲᠠᠯ᠎ᠠ ᠪᠠᠷ ᠳᠣᠪᠤᠶᠢᠮ᠎ᠠ ᠦᠷ᠎ᠡ ᠪᠦᠲᠦᠮᠵᠢ ᠣᠯᠪᠠ᠃ ᠬᠤᠯᠪᠣᠭᠳᠠᠯ ᠪᠦᠬᠦᠢ ᠪᠠᠶᠢᠳᠠᠯ ᠢ ᠤᠯᠠᠮ ᠨᠢᠭᠡ ᠠᠯᠬᠤᠮ ᠣᠶᠢᠯᠭᠠᠬᠤ ᠶᠢᠨ ᠲᠤᠰᠠᠲᠠ᠂ ᠤᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠶᠢᠨ ᠪᠤᠤ ᠶᠢ ︽ᠳᠤᠮᠳᠠᠳᠤ ᠤᠯᠤᠰ  ᠥᠪᠥᠷ ᠮᠣᠩᠭᠤᠯ︾ ᠰᠦᠯᠵᠢᠶᠡᠨ ᠳᠤ ᠤᠷᠢᠵᠤ᠂ ᠰᠦᠯᠵᠢᠶᠡᠨ ᠤ ᠠᠨᠳᠠ ᠨᠠᠷ ᠲᠠᠢ ᠶᠠᠷᠢᠯᠴᠠᠭᠤᠯᠬᠤ ᠪᠣᠯᠣᠨ᠎ᠠ᠃ ᠲᠤᠬᠠᠢ ᠶᠢᠨ ᠴᠠᠭ ᠲᠤ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠶ᠎ᠠ︕      ᠰᠤᠷᠪᠤᠯᠵᠢᠯᠠᠭᠰᠠᠨ ᠲᠡᠮᠳᠡᠭᠯᠡᠯ      ᠬᠥᠲᠥᠯᠥᠭᠴᠢ᠄ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨᠠᠤ︕ ᠲᠠ ᠪᠦᠬᠦᠨ ᠤ ︽ᠳᠤᠮᠳᠠᠳᠤ ᠤᠯᠤᠰ  ᠥᠪᠥᠷ ᠮᠤᠩᠭᠤᠯ︾ ᠰᠦᠯᠵᠢᠶᠡᠨ ᠤ ᠰᠤᠷᠪᠤᠯᠵᠢᠯᠠᠭ᠎ᠠ ᠶᠠᠷᠢᠯᠴᠠᠭᠠᠨ ᠤ ᠪᠣᠯᠤᠩ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃  ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠸᠠᠩ ᠶᠢᠨ ᠪᠤᠤ ᠳᠡᠳ᠋ ᠡᠷᠬᠢᠯᠡᠭᠴᠢ ᠶᠢ ᠤᠷᠢᠨ ᠵᠠᠯᠠᠵᠤ᠂ ᠮᠠᠨ ᠤ ᠣᠷᠣᠨ ᠤ 2015 ᠣᠨ ᠳᠤ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠬᠦ ᠶᠢᠨ ᠲᠤᠰᠠᠳᠠ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠲᠠᠯ᠎ᠠ ᠪᠠᠷ ᠥᠷᠨᠢᠭᠦᠯᠦᠭᠰᠡᠨ ᠠᠵᠢᠯ ᠤᠨ ᠪᠠᠶᠢᠳᠠᠯ ᠢ ᠤᠯᠠᠨ ᠲᠠᠢ ᠶᠠᠷᠢᠯᠴᠠᠬᠤ ᠪᠣᠯᠣᠨ᠎ᠠ᠃ ᠸᠠᠩ ᠡᠷᠬᠢᠯᠡᠭᠴᠢ᠂ ᠰᠠᠶᠢᠨ ᠪᠠᠶᠢᠨ᠎ᠠ ᠦᠦ︖      ᠸᠠᠩ ᠶᠢᠨ ᠪᠤᠤ᠄ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨᠠᠤ︕ ᠠᠵᠤ ᠠᠬᠤᠶᠢᠯᠠᠯ ᠳᠤ ᠬᠤᠯᠪᠣᠭᠳᠠᠬᠤ ᠰᠦᠢᠳᠬᠡᠯ ᠬᠤᠷᠢᠶᠠᠬᠤ ᠬᠠᠮᠢᠶᠠᠷᠤᠯᠲᠠ᠂ ᠠᠵᠤ ᠠᠬᠤᠢ ᠶᠢᠨ ᠳᠠᠷᠤᠭᠠᠰᠤ ᠶᠢ ᠬᠥᠩᠭᠡᠯᠡᠬᠦ ᠠᠵᠢᠯ ᠤᠨ ᠪᠠᠶᠢᠳᠠᠯ ᠢ ᠲᠠ ᠪᠦᠬᠦᠨ ᠲᠠᠢ ᠶᠠᠷᠢᠯᠴᠠᠬᠤ ᠪᠣᠯᠣᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃      ᠬᠥᠲᠥᠯᠥᠭᠴᠢ᠄ ᠤᠯᠠᠨ ᠤ ᠮᠡᠳᠡᠵᠦ ᠪᠠᠶᠢᠬᠤ ᠪᠠᠷ᠂ 2014 ᠣᠨ ᠳᠤ ᠮᠠᠨ ᠤ ᠣᠷᠣᠨ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠲᠣᠭᠲᠠᠪᠤᠷᠢᠵᠢᠭᠤᠯᠪᠠ᠃ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠦᠴᠢᠷᠳᠡᠯ ᠳᠤ ᠬᠠᠨᠳᠤᠭᠤᠯᠤᠨ ᠂ ᠰᠠᠨᠠᠭᠠᠴᠢᠯᠠᠭ᠎ᠠ ᠲᠠᠢ ᠪᠠᠷ ᠪᠣᠳᠣᠯᠭ᠎ᠠ ᠬᠡᠷᠡᠭᠵᠢᠭᠦᠯᠦᠨ᠂ ᠠᠷᠭ᠎ᠠ ᠪᠦᠬᠦᠨ ᠢ ᠰᠦᠪᠡᠭᠴᠢᠯᠡᠵᠦ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠠᠴᠠ ᠠᠩᠭᠢᠵᠢᠷᠠᠭᠤᠯᠵᠤ᠂ ᠮᠠᠰᠢ ᠰᠠᠶᠢᠨ ᠦᠷ᠎ᠡ ᠪᠦᠲᠦᠮᠵᠢ ᠣᠯᠪᠠ᠃ 2015 ᠣᠨ ᠳᠤ ᠠᠵᠤ ᠠᠬᠤᠶᠢᠯᠠᠯ ᠳᠤ ᠬᠤᠯᠪᠣᠭᠳᠠᠬᠤ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠲᠠᠯ᠎ᠠ ᠪᠠᠷ ᠮᠠᠨ ᠤ ᠣᠷᠣᠨ ᠶᠠᠮᠠᠷ ᠶᠠᠮᠠᠷ ᠬᠠᠮᠢᠶ᠎ᠠ ᠪᠦᠬᠦᠢ ᠠᠵᠢᠯ ᠢ ᠥᠷᠨᠢᠭᠦᠯᠦᠭᠰᠡᠨ ᠪᠤᠢ︖      ᠸᠠᠩ ᠶᠢᠨ ᠪᠤᠤ᠄ ᠮᠠᠨ ᠤ ᠣᠷᠣᠨ ᠤ ᠬᠢᠭᠰᠡᠨ ᠬᠠᠮᠢᠶ᠎ᠠ ᠪᠦᠬᠦᠢ ᠠᠵᠢᠯ ᠭᠡᠪᠡᠯ᠄ ᠨᠢᠭᠡ ᠳᠤ᠂ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠪᠠ ᠰᠠᠭᠤᠷᠢ ᠮᠥᠩᠭᠦᠨ ᠤ ᠨᠠᠷᠢᠨ ᠳᠠᠩᠰᠠ ᠶᠢᠨ ᠳᠦᠷᠢᠮ ᠢ ᠪᠦᠬᠦ ᠲᠠᠯ᠎ᠠ ᠪᠠᠷ ᠪᠠᠶᠢᠭᠤᠯᠪᠠ᠂ ᠬᠤᠶᠠᠷ ᠲᠤ᠂ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠲᠥᠷᠥᠯ ᠵᠦᠢᠯ ᠢ  ᠢᠯᠭᠠᠷᠠᠭᠤᠯᠪᠠ᠂ ᠭᠤᠷᠪᠠ ᠳᠤ᠂ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠰᠦᠢᠳᠬᠡᠯ ᠬᠤᠷᠢᠶᠠᠬᠤ ᠶᠢ ᠢᠯᠭᠠᠷᠠᠭᠤᠯᠤᠭᠰᠠᠨ ᠪᠠ ᠰᠦᠢᠳᠬᠡᠯ ᠬᠤᠷᠢᠶᠠᠬᠤ ᠪᠠᠷᠢᠮᠵᠢᠶ᠎ᠠ ᠶᠢ ᠪᠠᠭᠤᠷᠠᠭᠤᠯᠪᠠ᠃      ᠬᠥᠲᠥᠯᠥᠭᠴᠢ᠄ ᠡᠨᠡ ᠬᠦ ᠬᠡᠳᠦᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠬᠠᠨᠳᠤᠭᠤᠯᠤᠨ᠂ ᠪᠣᠳᠠᠲᠠᠢ ᠪᠠᠷ ᠶᠠᠮᠠᠷ ᠶᠠᠮᠠᠷ ᠠᠵᠢᠯ ᠬᠢᠭᠰᠡᠨ ᠪᠣᠢ︖      ᠸᠠᠩ ᠶᠢᠨ ᠪᠤᠤ᠄ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠪᠠ ᠰᠠᠭᠤᠷᠢ ᠮᠥᠩᠭᠦᠨ ᠤ ᠨᠠᠷᠢᠨ ᠳᠠᠩᠰᠠ ᠶᠢᠨ ᠳᠦᠷᠢᠮ ᠢ ᠪᠦᠬᠦ ᠲᠠᠯ᠎ᠠ ᠪᠠᠷ ᠪᠠᠶᠢᠭᠤᠯᠬᠤ ᠳᠤ ᠳᠣᠣᠷᠠᠬᠢ ᠬᠡᠳᠦᠨ ᠠᠵᠢᠯ ᠢ ᠬᠢᠪᠡ᠄      ︵ᠨᠢᠭᠡ︶ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠪᠠ ᠵᠠᠰᠠᠭ ᠤᠨ ᠣᠷᠳᠣᠨ ᠤ ᠰᠠᠭᠤᠷᠢ ᠮᠥᠩᠭᠦᠨ ᠤ ᠭᠠᠷᠴᠠᠭ ᠤᠨ ᠨᠠᠷᠢᠨ ᠳᠠᠩᠰᠠ ᠶᠢ ᠪᠠᠶᠢᠭᠤᠯᠪᠠ      2015 ᠣᠨ ᠤ ᠡᠬᠢ ᠪᠠᠷ᠂ ᠡᠯ᠎ᠡ ᠵᠦᠢᠯ ᠤᠨ ᠰᠦᠢᠳᠬᠡᠯ ᠬᠤᠷᠢᠶᠠᠬᠤ ᠲᠥᠷᠥᠯ ᠵᠦᠢᠯ ᠢ ᠪᠦᠬᠦ ᠲᠠᠯ᠎ᠠ ᠪᠠᠷ ᠢᠯᠭᠠᠷᠠᠭᠤᠯᠤᠭᠰᠠᠨ ᠤ ᠰᠠᠭᠤᠷᠢᠨ ᠳᠡᠭᠡᠷ᠎ᠡ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠳᠠᠩᠰᠠ ᠶᠢ ᠲᠢᠭᠯᠡᠬᠦ ᠠᠵᠢᠯ ᠢ ᠪᠡᠶᠡᠯᠡᠭᠦᠯᠵᠦ᠂ 2015 ᠣᠨ ᠤ ᠡᠬᠢᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠠᠬᠤᠢ ᠮᠡᠳᠡᠭᠡ ᠵᠠᠩᠬᠢᠵᠢᠯ ᠤᠨ ᠵᠥᠪᠯᠡᠯ ᠠᠴᠠ ︽ᠪᠦᠬᠦ ᠣᠷᠣᠨ ᠤ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠪᠠ ᠵᠠᠰᠠᠭ ᠤᠨ ᠣᠷᠳᠣᠨ ᠤ ᠰᠠᠭᠤᠷᠢ ᠮᠥᠩᠭᠦᠨ ᠤ ᠭᠠᠷᠴᠠᠭ ᠤᠨ ᠨᠠᠷᠢᠨ ᠳᠠᠩᠰᠠ︾ ︵ᠥᠪᠥᠷ ᠡᠳ᠋ ᠭᠠᠶᠢᠯᠢ ᠪᠣᠰᠤ [2015] 74 ᠲᠣᠭᠠᠲᠤ︶ ᠶᠢ ᠨᠡᠶᠢᠲᠡᠯᠡᠵᠦ᠂ ᠮᠠᠨ ᠤ ᠣᠷᠣᠨ ᠤ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠪᠠ ᠵᠠᠰᠠᠭ ᠤᠨ ᠣᠷᠳᠣᠨ ᠤ ᠰᠠᠭᠤᠷᠢ ᠮᠥᠩᠭᠦ ᠵᠢᠴᠢ ᠡᠵᠡᠩᠨᠡᠯᠲᠡ ᠶᠢᠨ ᠦᠢᠯᠡᠴᠢᠯᠡᠭᠡᠨ ᠤ ᠴᠢᠨᠠᠷᠲᠠᠢ ᠰᠦᠢᠳᠬᠡᠯ ᠬᠤᠷᠢᠶᠠᠬᠤ ᠲᠥᠷᠥᠯ ᠵᠦᠢᠯ ᠳᠤ ᠨᠠᠷᠢᠨ ᠳᠠᠩᠰᠠ ᠶᠢᠨ ᠬᠠᠮᠢᠶᠠᠷᠤᠯᠲᠠ ᠶᠢ  ᠬᠡᠷᠡᠭᠵᠢᠭᠦᠯᠪᠡ᠃      ︵ᠬᠤᠶᠠᠷ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠲᠣᠭᠲᠠᠭᠠᠬᠤ ᠭᠠᠷᠴᠠᠭ︾ ᠲᠤ ᠵᠠᠰᠠᠪᠤᠷᠢ ᠣᠷᠣᠭᠤᠯᠪᠠ᠃ ︽ᠵᠠᠬ᠎ᠠ ᠳᠡᠯᠭᠡᠭᠦᠷ ᠢᠶᠠᠷ ᠦᠨ᠎ᠡ ᠶᠢ ᠨᠢ ᠲᠣᠭᠲᠠᠭᠠᠵᠤ ᠪᠣᠯᠬᠤ ᠵᠦᠢᠯ ᠢ ᠪᠦᠷ ᠵᠠᠬ᠎ᠠ ᠳᠡᠯᠭᠡᠭᠦᠷ ᠲᠤ ᠲᠤᠰᠢᠶᠠᠨ ᠥᠭᠴᠦ᠂ ᠵᠠᠰᠠᠭ ᠤᠨ ᠣᠷᠳᠣᠨ ᠵᠣᠬᠢᠰ ᠦᠭᠡᠢ ᠪᠠᠷ ᠭᠠᠷ ᠳᠦᠷᠦᠬᠦ ᠦᠭᠡᠢ︾ ᠪᠠᠶᠢᠬᠤ ᠶᠡᠷᠦᠩᠬᠡᠢ ᠱᠠᠭᠠᠷᠳᠠᠯᠭ᠎ᠠ ᠶᠣᠰᠣᠭᠠᠷ᠂ ᠪᠢᠳᠡ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠵᠢᠯᠣᠭᠤᠳᠤᠯᠭ᠎ᠠ ᠳᠣᠣᠷ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠲᠣᠭᠲᠠᠭᠠᠬᠤ ᠭᠠᠷᠴᠠᠭ︾ ᠲᠤ ᠳᠠᠬᠢᠨ ᠰᠢᠨ᠎ᠡ ᠪᠠᠷ ᠵᠠᠰᠠᠪᠤᠷᠢ ᠣᠷᠣᠭᠤᠯᠵᠤ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠢᠶᠠᠷ ᠦᠨ᠎ᠡ ᠶᠢ ᠲᠣᠭᠲᠠᠭᠠᠬᠤ ᠳᠤ ᠪᠦᠬᠦᠨ ᠢ ᠴᠢᠯᠦᠭᠡᠲᠡᠢ ᠲᠠᠯᠪᠢᠵᠤ᠂ ᠠᠶᠢᠮᠠᠭ ᠬᠤᠲᠠ᠂ ᠬᠤᠰᠢᠭᠤ ᠰᠢᠶᠠᠨ ᠤ ᠵᠠᠰᠠᠭ ᠤᠨ ᠣᠷᠳᠣᠨ ᠤ ᠬᠠᠮᠢᠶᠠᠷᠴᠤ ᠳᠡᠶᠢᠯᠬᠦ ᠦᠨ᠎ᠡ ᠳᠤ ᠪᠦᠬᠦᠨ ᠢ ᠡᠷᠬᠡ  ᠣᠯᠭᠤᠨ ᠬᠠᠮᠢᠶᠠᠷᠤᠭᠤᠯᠪᠠ᠃ ᠶᠡᠷᠦᠩᠬᠡᠢ ᠳᠤᠨᠢ ᠠᠪᠴᠤ ᠦᠵᠡᠪᠡᠯ᠂ ᠵᠠᠰᠠᠭ ᠤᠨ ᠣᠷᠳᠣᠨ ᠤ ᠦᠨ᠎ᠡ ᠲᠣᠭᠲᠠᠭᠠᠬᠤ ᠶᠡᠭᠡ ᠲᠥᠷᠥᠯ ᠢ 18 ᠲᠥᠷᠥᠯ ᠠᠴᠠ ᠨᠢ 14 ᠲᠥᠷᠥᠯ ᠪᠣᠯᠭᠠᠨ ᠬᠠᠰᠤᠵᠤ᠂ ᠪᠠᠭ᠎ᠠ ᠲᠥᠷᠥᠯ ᠢ 199 ᠲᠥᠷᠥᠯ ᠠᠴᠠ  ᠨᠢ 83 ᠲᠥᠷᠥᠯ ᠪᠣᠯᠭᠠᠨ ᠬᠠᠰᠤᠵᠤ᠂ ᠬᠠᠰᠤᠭᠰᠠᠨ ᠬᠡᠮᠵᠢᠶ᠎ᠡ ᠨᠢ ᠲᠣᠰᠪᠤᠷᠢ 22.2% ᠪᠠ 58.3 % ᠪᠣᠯᠵᠤ᠂ ᠵᠠᠰᠠᠭ ᠤᠨ ᠣᠷᠳᠣᠨ ᠤ ᠦᠨ᠎ᠡ ᠲᠣᠭᠲᠠᠭᠠᠬᠤ ᠬᠡᠪᠴᠢᠶ᠎ᠡ ᠶᠢ ᠴᠥᠮ ᠵᠢᠷᠤᠮᠵᠢᠭᠤᠯᠪᠠ᠃      ︵ᠭᠤᠷᠪᠠ︶ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠭᠡᠯ ᠬᠤᠷᠢᠶᠠᠬᠤ ᠲᠦᠷᠥᠯ ᠵᠦᠢᠯ ᠤᠨ ᠭᠠᠷᠴᠠᠭ ᠤᠨ ᠨᠠᠷᠢᠨ‌‍ᠲ᠋ᠠᠩᠰᠠ ᠶᠢ ᠨᠡᠶᠢᠲᠡᠯᠡᠪᠡ᠃      ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ᠂ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠠᠴᠠ ᠤᠶᠢᠷ᠎ᠠ ᠳᠤ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠭᠡᠯ ᠬᠤᠷᠢᠶᠠᠬᠤ ᠲᠦᠷᠦᠯ ᠵᠦᠢᠯ ᠤᠨ ᠭᠠᠷᠴᠠᠭ ᠤᠨ ᠨᠠᠷᠢᠨ ᠳᠠᠩᠰᠠ ᠶᠢ ᠳᠠᠷᠤᠮᠠᠯᠯᠠᠨ ᠲᠠᠷᠬᠠᠭᠠᠬᠤ ᠲᠤᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠪᠣᠯᠤᠨ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠤᠨ ᠮᠡᠳᠡᠭᠳᠡᠯ︾ ︵ᠦᠪᠦᠷ ᠡᠳ᠋ ᠪᠤᠰᠤ ᠭᠠᠶᠢᠯᠢ ﹇2015﹈ 1449 ᠳ᠋ᠦ᠋ᠭᠡᠷ ᠲᠣᠭᠠᠲᠤ︶᠂ ︽ᠭᠠᠷᠴᠠᠭ ᠤᠨ ᠨᠠᠷᠢᠨ ᠳᠠᠩᠰᠠ︾ ᠳᠤ ᠰᠤᠷᠭᠠᠨ ᠬᠦᠮᠦᠵᠢᠯ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠵᠡᠷᠭᠡ 20 ᠰᠠᠯᠠᠭ᠎ᠠ ᠮᠦᠴᠢᠷ ᠢ ᠪᠠᠭᠲᠠᠭᠠᠭᠰᠠᠨ ᠪᠠ᠂ ᠰᠦᠢᠳᠭᠡᠯ ᠬᠤᠷᠢᠶᠠᠬᠤ 65 ᠲᠦᠷᠦᠯ ᠢ ᠪᠠᠭᠲᠠᠭᠠᠪᠠ᠃      ︵ᠳᠥᠷᠪᠡ︶ ᠠᠵᠤ ᠠᠬᠤᠶᠢᠯᠠᠯ ᠳᠤ ᠬᠤᠯᠪᠤᠭᠳᠠᠬᠤ ᠦᠢᠯᠡᠴᠢᠯᠡᠭᠡᠨ ᠤ ᠰᠦᠢᠳᠭᠡᠯ ᠬᠤᠷᠢᠶᠠᠬᠤ ᠭᠤᠷᠪᠠᠨ ᠵᠦᠢᠯ ᠤᠨ ᠨᠠᠷᠢᠨ ᠳᠠᠩᠰᠠ ᠶᠢᠨ ᠳᠦᠷᠢᠮ ᠢ ᠪᠠᠶᠢᠭᠤᠯᠪᠠ᠃      ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠦᠨ᠎ᠡ ᠲᠣᠭᠲᠠᠭᠠᠭᠰᠠᠨ ᠠᠵᠤ ᠠᠬᠤᠶᠢᠯᠠᠯ ᠳᠤ ᠬᠤᠯᠪᠤᠭᠳᠠᠬᠤ ᠡᠵᠡᠩᠨᠡᠯᠲᠡ ᠶᠢᠨ ᠦᠢᠯᠡᠴᠢᠯᠡᠭᠡᠨ ᠤ ᠰᠦᠢᠳᠭᠡᠯ ᠬᠤᠷᠢᠶᠠᠬᠤ ᠭᠠᠷᠴᠠᠭ ᠤᠨ ᠨᠠᠷᠢᠨ ᠳᠠᠩᠰᠠ ᠵᠡᠷᠭᠡ ᠭᠤᠷᠪᠠᠨ ᠵᠦᠢᠯ ᠤᠨ ᠭᠠᠷᠴᠠᠭ ᠤᠨ ᠨᠠᠷᠢᠨ ᠳᠠᠩᠰᠠ ᠶᠢ ᠳᠠᠷᠤᠮᠠᠯᠯᠠᠨ ᠲᠠᠷᠬᠠᠭᠠᠬᠤ ᠲᠤᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠤᠨ ᠮᠡᠳᠡᠭᠳᠡᠯ︾ ︵ᠦᠪᠦᠷ ᠬᠦᠭᠵᠢᠭᠦᠯᠦᠯᠲᠡ ᠦᠭᠡᠷᠡᠴᠢᠯᠡᠯᠲᠡ ᠵᠠᠷᠤᠳᠠᠯ ᠦᠰᠦᠭ ﹇2015﹈ 1294 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠮᠠᠨ ᠤ ᠤᠷᠤᠨ ᠤ ︽ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠤᠭᠲᠤᠪᠤᠷᠢ ᠦᠢᠯᠡᠴᠢᠯᠡᠭᠡᠨ ᠤ ᠰᠦᠢᠳᠭᠡᠯ ᠬᠤᠷᠢᠶᠠᠬᠤ ᠭᠠᠷᠴᠠᠭ ᠤᠨ ᠨᠠᠷᠢᠨ ᠳᠠᠩᠰᠠ︾᠂ ︽ᠵᠠᠰᠠᠭ ᠤᠨ ᠤᠷᠳᠤᠨ ᠠᠴᠠ ᠦᠨ᠎ᠡ ᠲᠣᠭᠲᠠᠭᠠᠭᠰᠠᠨ ᠠᠵᠤ ᠠᠬᠤᠶᠢᠯᠠᠯ ᠳᠤ ᠬᠤᠯᠪᠤᠭᠳᠠᠬᠤ ᠡᠵᠡᠩᠨᠡᠯᠲᠡ ᠶᠢᠨ ᠦᠢᠯᠡᠴᠢᠯᠡᠭᠡᠨ ᠤ ᠰᠦᠢᠳᠭᠡᠯ ᠬᠤᠷᠢᠶᠠᠬᠤ ᠲᠥᠷᠦᠯ ᠵᠦᠢᠯ ᠤᠨ ᠭᠠᠷᠴᠠᠭ ᠤᠨ ᠨᠠᠷᠢᠨ ᠳᠠᠩᠰᠠ︾ ᠪᠠ ︽ᠭᠠᠳᠠᠭᠠᠳᠤ ᠠᠴᠠ ᠣᠷᠤᠭᠤᠯᠵᠤ ᠭᠠᠷᠭᠠᠬᠤ ᠭᠤᠭᠴᠤᠭ᠎ᠠ ᠶᠢᠨ ᠵᠠᠰᠠᠭ ᠤᠨ ᠤᠷᠳᠤᠨ ᠠᠴᠠ ᠦᠨ᠎ᠡ ᠲᠣᠭᠲᠠᠭᠠᠭᠰᠠᠨ ᠡᠵᠡᠩᠨᠡᠯᠲᠡ ᠶᠢᠨ ᠦᠢᠯᠡᠴᠢᠯᠡᠭᠡᠨ ᠤ ᠰᠦᠢᠳᠭᠡᠯ ᠬᠤᠷᠢᠶᠠᠬᠤ ᠲᠦᠷᠦᠯ ᠵᠦᠢᠯ ᠤᠨ ᠭᠠᠷᠴᠠᠭ ᠤᠨ ᠨᠠᠷᠢᠨ ᠳᠠᠩᠰᠠ︾ ᠶᠢ ᠲᠣᠭᠲᠠᠭᠠᠵᠤ᠂ ᠡᠭᠦᠨ ᠤ ᠬᠠᠮᠲᠤ᠂ ᠭᠠᠷᠴᠠᠭ ᠤᠨ ᠨᠠᠷᠢᠨ ᠳᠠᠩᠰᠠ ᠶᠢᠨ ᠬᠡᠪᠴᠢᠶᠡᠨ ᠳᠤ ᠪᠠᠶᠢᠬᠤ ᠦᠭᠡᠢ ᠰᠦᠢᠳᠭᠡᠯ ᠬᠤᠷᠢᠶᠠᠬᠤ ᠵᠦᠢᠯ ᠢ ᠦᠭᠡᠶᠢᠰᠭᠡᠵᠦ᠂ ᠬᠠᠮᠢᠶ᠎ᠠ ᠪᠦᠬᠦᠢ ᠶᠡᠭᠡ ᠬᠡᠮᠵᠢᠶᠡᠨ ᠤ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠪᠠ᠃      ︵ᠲᠠᠪᠤ︶ ︽ᠴᠢᠯᠦᠭᠡᠲᠡᠢ ᠲᠠᠯᠪᠢᠭᠰᠠᠨ ᠡᠵᠡᠩᠨᠡᠯᠲᠡ ᠶᠢᠨ ᠦᠢᠯᠡᠴᠢᠯᠡᠭᠡᠨ ᠤ ᠰᠦᠢᠳᠭᠡᠯ ᠬᠤᠷᠢᠶᠠᠬᠤ ᠭᠠᠷᠴᠠᠭ ᠤᠨ ᠨᠠᠷᠢᠨ ᠳᠠᠩᠰᠠ︾ ᠶᠢ ᠨᠡᠶᠢᠲᠡᠯᠡᠪᠡ᠃      ᠮᠠᠨ ᠤ ᠵᠦᠪᠯᠡᠯ ᠠᠴᠠ ︽ᠬᠡᠰᠡᠭ ᠪᠦᠯᠦᠭ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠰᠦᠢᠳᠭᠡᠯ ᠬᠤᠷᠢᠶᠠᠬᠤ ᠲᠦᠷᠦᠯ ᠵᠦᠢᠯ ᠪᠠ ᠪᠠᠷᠢᠮᠵᠢᠶ᠎ᠠ ᠶᠢ ᠴᠢᠯᠦᠭᠡᠲᠡᠢ ᠲᠠᠯᠪᠢᠬᠤ ᠲᠤᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠤᠨ ᠮᠡᠳᠡᠭᠳᠡᠯ︾ ︵ᠦᠪᠦᠷ ᠬᠦᠭᠵᠢᠭᠦᠯᠦᠯᠲᠡ ᠦᠭᠡᠷᠡᠴᠢᠯᠡᠯᠲᠡ ᠵᠠᠷᠤᠳᠠᠯ ᠦᠰᠦᠭ ﹇2015﹈ 1031 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠨᠢᠰᠭᠡᠯ ᠤᠨ ᠪᠠᠭᠤᠳᠠᠯ ᠤᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠮᠠᠰᠢᠨ ᠲᠡᠷᠬᠡᠨ ᠤ ᠬᠤᠷᠢᠶᠠᠬᠤ ᠰᠦᠢᠳᠭᠡᠯ᠂ ᠡᠳ᠋ ᠬᠦᠷᠦᠩᠭᠡ ᠶᠢ ᠦᠨᠡᠯᠡᠨ ᠵᠢᠱᠢᠬᠦ ᠶᠢᠨ ᠬᠤᠷᠢᠶᠠᠬᠤ ᠰᠦᠢᠳᠭᠡᠯ᠂ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠠᠰᠠᠭᠤᠨ ᠰᠤᠷᠠᠬᠤ ᠵᠠᠷᠤᠳᠠᠯ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠢᠨᠠᠨ ᠬᠠᠮᠢᠶᠠᠷᠬᠤ ᠵᠠᠷᠤᠳᠠᠯ ᠵᠡᠷᠭᠡ 43 ᠲᠦᠷᠦᠯ ᠤᠨ ᠤᠤᠯ ᠳᠠᠭᠠᠨ ᠵᠠᠰᠠᠭ ᠤᠨ ᠤᠷᠳᠤᠨ ᠦᠨ᠎ᠡ ᠲᠣᠭᠲᠠᠭᠠᠬᠤ ᠪᠣᠶᠤ ᠵᠠᠰᠠᠭ ᠤᠨ ᠤᠷᠳᠤᠨ ᠤ ᠵᠢᠯᠤᠭᠤᠳᠤᠯᠭ᠎ᠠ ᠶᠢᠨ ᠦᠨ᠎ᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭᠰᠠᠨ ᠡᠵᠡᠩᠨᠡᠯᠲᠡ ᠶᠢᠨ ᠦᠢᠯᠡᠴᠢᠯᠡᠭᠡᠨ ᠤ ᠴᠢᠨᠠᠷᠲᠠᠢ ᠰᠦᠢᠳᠭᠡᠯ ᠬᠤᠷᠢᠶᠠᠬᠤ ᠲᠦᠷᠦᠯ ᠢ ᠴᠢᠯᠦᠭᠡᠲᠡᠢ ᠲᠠᠯᠪᠢᠪᠠ᠃ ᠮᠠᠨ ᠤ ᠤᠷᠤᠨ ᠤ ᠵᠠᠬ᠎ᠠ ᠳᠡᠯᠭᠡᠭᠦᠷ ᠤᠨ ᠠᠵᠤ ᠠᠬᠤᠢ ᠶᠢᠨ ᠬᠦᠭᠵᠢᠯᠲᠡ ᠶᠢ ᠳᠠᠭᠠᠯᠳᠤᠨ᠂ ᠡᠳᠡᠭᠡᠷ ᠦᠢᠯᠡᠴᠢᠯᠡᠭᠡᠨ ᠢ ᠬᠢᠵᠦ ᠪᠠᠶᠢᠭ᠎ᠠ ᠠᠵᠤ ᠠᠬᠤᠶᠢᠯᠠᠯ ᠪᠠ ᠪᠠᠶᠢᠭᠤᠯᠤᠮᠵᠢ ᠵᠣᠬᠢᠶᠠᠨ ᠪᠠᠶᠢᠭᠤᠯᠤᠯᠲᠠ ᠲᠠᠰᠤᠷᠠᠯᠲᠠ ᠦᠭᠡᠢ ᠦᠷᠭᠡᠳᠴᠦ᠂ ᠬᠡᠷᠡᠭᠯᠡᠭᠴᠢᠳ ᠤᠨ ᠦᠢᠯᠡᠴᠢᠯᠡᠭᠦᠯᠬᠦ ᠪᠠᠷ ᠨᠠᠶᠢᠳᠠᠬᠤ ᠬᠡᠷᠡᠭᠴᠡᠭᠡ ᠶᠢ ᠶᠡᠷᠦᠩᠬᠡᠢ ᠳᠡᠭᠡᠨ ᠬᠠᠩᠭᠠᠵᠤ ᠳᠡᠶᠢᠯᠬᠦ ᠪᠣᠯᠵᠤ᠂ ᠵᠠᠬ᠎ᠠ ᠳᠡᠯᠭᠡᠭᠦᠷ ᠤᠨ ᠦᠷᠢᠰᠦᠯᠳᠦᠭᠡᠨ ᠴᠦ ᠨᠡᠯᠢᠶᠡᠳ ᠭᠦᠢᠴᠡᠳ ᠪᠣᠯᠵᠤ᠂ ᠬᠤᠶᠠᠷ ᠲᠠᠯ᠎ᠠ ᠪᠠᠷ ᠢᠶᠠᠨ ᠵᠦᠪᠳᠡᠯᠴᠡᠨ ᠰᠦᠢᠳᠭᠡᠯ ᠬᠤᠷᠢᠶᠠᠬᠤ ᠨᠦᠭᠦᠴᠡᠯ ᠢ ᠪᠦᠷᠢᠯᠳᠦᠭᠦᠯᠵᠡᠢ᠃      ᠸᠠᠩ ᠶᠢᠨ ᠪᠣᠥ᠄ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠭᠡᠯ ᠬᠤᠷᠢᠶᠠᠬᠤ ᠲᠦᠷᠥᠯ ᠵᠦᠢᠯ ᠢ ᠢᠯᠭᠠᠷᠠᠭᠤᠯᠬᠤ ᠳᠤ ᠠᠪᠤᠭᠰᠠᠨ ᠮᠠᠨ ᠤ ᠤᠷᠤᠨ ᠤ ᠠᠷᠭ᠎ᠠ ᠬᠡᠮᠵᠢᠶ᠎ᠡ ᠪᠣᠯ᠄      ︵ᠨᠢᠭᠡ︶ ᠵᠢᠵᠢᠭ ᠪᠢᠴᠢᠯ ᠠᠵᠤ ᠠᠬᠤᠶᠢᠯᠠᠯ ᠤᠨ ᠳᠠᠷᠤᠭᠠᠰᠤ ᠶᠢ ᠬᠦᠩᠭᠡᠷᠡᠭᠦᠯᠬᠦ ᠲᠥᠷᠦ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠪᠠ᠃      ︽ᠨᠢᠭᠡ ᠪᠦᠯᠦᠭ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠭᠡᠯ ᠬᠤᠷᠢᠶᠠᠬᠤ ᠶᠢ ᠬᠦᠴᠦᠨ ᠦᠭᠡᠢ ᠪᠣᠯᠭᠠᠬᠤ᠂ ᠵᠣᠭᠰᠤᠭᠠᠬᠤ᠂ ᠬᠡᠯᠲᠦᠷᠢᠭᠦᠯᠬᠦ ᠲᠤᠬᠠᠢ ᠡᠳ᠋ ᠤᠨ ᠵᠠᠰᠠᠭ ᠤᠨ ᠶᠠᠮᠤᠨ᠂ ᠤᠯᠤᠰ ᠤᠨ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠤᠨ ᠮᠡᠳᠡᠭᠳᠡᠯ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠭᠡᠯ ᠬᠤᠷᠢᠶᠠᠬᠤ ᠲᠦᠷᠦᠯ ᠵᠦᠢᠯ ᠤᠨ 12 ᠲᠦᠷᠥᠯ ᠢ ᠬᠦᠴᠦᠨ ᠦᠭᠡᠢ ᠪᠣᠯᠭᠠᠬᠤ ᠪᠣᠶᠤ ᠲᠦᠷ ᠵᠣᠭᠰᠤᠭᠠᠵᠤ᠂ ᠵᠢᠵᠢᠭ ᠪᠢᠴᠢᠯ ᠠᠵᠤ ᠠᠬᠤᠶᠢᠯᠠᠯ ᠠᠴᠠ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠭᠡᠯ ᠬᠤᠷᠢᠶᠠᠬᠤ 42 ᠲᠦᠷᠦᠯ ᠢ ᠬᠡᠯᠲᠦᠷᠢᠭᠦᠯᠵᠦ᠂ ᠵᠢᠯ ᠪᠦᠷᠢ ᠵᠢᠵᠢᠭ ᠪᠢᠴᠢᠯ ᠠᠵᠤ ᠠᠬᠤᠶᠢᠯᠠᠯ ᠳᠤ 4 ᠳ᠋ᠦᠩᠰᠢᠭᠤᠷ ᠲᠦᠭᠦᠷᠢᠭ ᠤᠨ ᠳᠠᠷᠤᠭᠠᠰᠤ ᠶᠢ ᠬᠦᠩᠭᠡᠷᠡᠭᠦᠯᠵᠦ ᠥᠭᠪᠡ᠃      ︵ᠬᠤᠶᠠᠷ︶ ᠠᠵᠤ ᠠᠬᠤᠶᠢᠯᠠᠯ ᠳᠤ ᠬᠤᠯᠪᠤᠭᠳᠠᠬᠤ 5 ᠲᠦᠷᠦᠯ ᠤᠨ ᠰᠦᠢᠳᠭᠡᠯ ᠬᠤᠷᠢᠶᠠᠬᠤ ᠶᠢ ᠬᠦᠴᠦᠨ ᠦᠭᠡᠢ ᠪᠣᠯᠭᠠᠪᠠ᠃      ︽ᠪᠦᠬᠦ ᠤᠷᠤᠨ ᠤ ᠠᠵᠤ ᠠᠬᠤᠶᠢᠯᠠᠯ ᠳᠤ ᠬᠤᠯᠪᠤᠭᠳᠠᠬᠤ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠭᠡᠯ ᠬᠤᠷᠢᠶᠠᠬᠤ ᠪᠠ ᠵᠠᠰᠠᠭ ᠤᠨ ᠤᠷᠳᠤᠨ ᠤ ᠰᠠᠭᠤᠷᠢ ᠮᠦᠩᠭᠦ ᠶᠢᠨ ᠭᠠᠷᠴᠠᠭ ᠤᠨ ᠨᠠᠷᠢᠨ ᠳᠠᠩᠰᠠ ︾ ᠶᠢ ᠲᠣᠭᠲᠠᠭᠠᠬᠤ ᠲᠠᠢ ᠤᠶᠠᠯᠳᠤᠭᠤᠯᠵᠤ᠂ ᠠᠵᠤ ᠠᠬᠤᠶᠢᠯᠠᠯ ᠳᠤ ᠬᠤᠯᠪᠤᠭᠳᠠᠬᠤ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ 5 ᠲᠦᠷᠦᠯ ᠤᠨ ᠰᠦᠢᠳᠭᠡᠯ ᠬᠤᠷᠢᠶᠠᠬᠤ ᠶᠢ ᠬᠦᠴᠦᠨ ᠦᠭᠡᠢ ᠪᠣᠯᠭᠠᠬᠤ ᠪᠠᠷ ᠨᠡᠶᠢᠲᠡᠯᠡᠭᠡᠳ ᠂ ᠠᠵᠤ ᠠᠬᠤᠶᠢᠯᠠᠯ ᠤᠨ ᠳᠠᠷᠤᠭᠠᠰᠤ ᠶᠢ ᠪᠠᠷᠤᠭ 10 ᠳ᠋ᠦᠩᠰᠢᠭᠤᠷ ᠲᠦᠭᠦᠷᠢᠭ ᠬᠦᠩᠭᠡᠷᠡᠭᠦᠯᠪᠡ᠃      ︵ᠭᠤᠷᠪᠠ︶ ᠨᠢᠭᠡ ᠪᠦᠯᠦᠭ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠭᠡᠯ ᠬᠤᠷᠢᠶᠠᠬᠤ ᠲᠦᠷᠦᠯ ᠵᠦᠢᠯ ᠪᠠ ᠪᠠᠷᠢᠮᠵᠢᠶ᠎ᠠ ᠶᠢ ᠬᠦᠴᠦᠨ ᠦᠭᠡᠢ ᠪᠣᠯᠭᠠᠭᠰᠠᠨ ᠪᠠ ᠪᠠᠭᠤᠷᠠᠭᠤᠯᠪᠠ᠃      ︽ᠦᠪᠡᠷᠲᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠰᠦᠢᠳᠭᠡᠯ ᠬᠤᠷᠢᠶᠠᠬᠤ ᠲᠦᠷᠦᠯ ᠵᠦᠢᠯ ᠤᠨ ᠭᠠᠷᠴᠠᠭ ᠤᠨ ᠨᠠᠷᠢᠨ ᠳᠠᠩᠰᠠ︾ ᠶᠢ ᠲᠣᠭᠲᠠᠭᠠᠬᠤ ᠲᠠᠢ ᠤᠶᠠᠯᠳᠤᠭᠤᠯᠤᠨ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ 52 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠳᠤ ᠬᠢᠨᠠᠨ ᠵᠦᠪᠯᠡᠭᠰᠡᠨ ᠱᠠᠭᠠᠷᠳᠠᠯᠭ᠎ᠠ ᠶᠣᠰᠤᠠᠭᠷ᠂ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ᠂ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠤᠶᠢᠷ᠎ᠠ ᠳᠤ ᠠᠵᠤ ᠠᠬᠤᠶᠢᠯᠠᠯ ᠳᠤ ᠬᠤᠯᠪᠤᠭᠳᠠᠬᠤ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ 18 ᠲᠦᠷᠦᠯ ᠤᠨ ᠰᠦᠢᠳᠭᠡᠯ ᠬᠤᠷᠢᠶᠠᠬᠤ ᠶᠢ ᠬᠦᠴᠦᠨ ᠦᠭᠡᠢ ᠪᠣᠯᠭᠠᠬᠤ ᠶᠢ ᠨᠡᠶᠢᠲᠡᠯᠡᠬᠦ ᠪᠠᠷ ᠪᠡᠯᠡᠳᠭᠡᠵᠦ᠂ 6 ᠲᠦᠷᠦᠯ ᠤᠨ ᠰᠦᠢᠳᠭᠡᠯ ᠬᠤᠷᠢᠶᠠᠬᠤ ᠪᠠᠷᠢᠮᠵᠢᠶ᠎ᠠ ᠶᠢ ᠪᠠᠭᠤᠷᠠᠭᠤᠯᠤᠨ᠂ ᠠᠵᠤ ᠠᠬᠤᠶᠢᠯᠠᠯ ᠤᠨ ᠳᠠᠷᠤᠭᠠᠰᠤ ᠶᠢ ᠪᠠᠷᠤᠭ 2 ᠳ᠋ᠦᠩᠰᠢᠭᠤᠷ ᠲᠦᠭᠦᠷᠢᠭ ᠬᠦᠩᠭᠡᠷᠡᠭᠦᠯᠬᠦ ᠪᠠᠷ ᠪᠠᠶᠢᠨ᠎ᠠ᠃      ᠸᠠᠩ ᠶᠢᠨ ᠪᠣᠣ᠄ ᠡᠵᠡᠩᠨᠡᠯᠲᠡ ᠶᠢᠨ ᠴᠢᠨᠠᠷᠲᠠᠶ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠ ᠦᠨ᠎ᠡ ᠬᠠᠩᠰᠢ ᠪᠠᠭᠤᠷᠠᠭᠤᠯᠬᠤ ᠶᠢ ᠢᠯᠭᠠᠷᠠᠭᠤᠯᠬᠤ ᠳᠤ ᠴᠢᠭᠯᠡᠭᠦᠯᠦᠨ᠂ ᠮᠠᠨ ᠤ ᠣᠷᠣᠨ ᠡᠶᠢᠮᠦ ᠬᠡᠳᠦᠨ ᠵᠦᠢᠯ ᠤᠨ ᠪᠤᠲᠠᠲᠠᠢ ᠠᠵᠢᠯ ᠢ ᠬᠢᠭᠰᠡᠨ ᠪᠠᠶᠢᠨ᠎ᠠ᠄      ︵ᠨᠢᠭᠡ︶ ᠠᠶᠤᠩᠭ᠎ᠠ ᠰᠡᠷᠭᠡᠶᠢᠯᠡᠬᠦ ᠮᠡᠷᠭᠡᠵᠢᠯ ᠤᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠠ ᠶᠢ ᠪᠠᠭᠤᠷᠠᠭᠤᠯᠪᠠ      2015 ᠣᠨ ᠤ 4 ᠳ᠋ᠦ᠋ᠭᠡᠷ ᠰᠠᠷ᠎ᠠ ᠳᠤ᠂ ᠮᠠᠨ ᠤ ᠤᠷᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠩᠭ᠎ᠠ ᠰᠡᠷᠭᠡᠶᠢᠯᠡᠬᠦ ᠮᠡᠷᠭᠡᠵᠢᠯ ᠤᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠢᠨᠠᠨ ᠲᠣᠭᠲᠠᠭᠠᠬᠤ ᠲᠤᠬᠠᠶ ᠬᠠᠷᠢᠭᠤ ᠵᠠᠬᠢᠳᠠᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠵᠠᠷᠤᠳᠠᠯ ᠵᠠᠬᠢᠳᠠᠯ ﹇2015﹈ 118 ᠳ᠋ᠤᠭᠠᠷ ᠲᠤᠭᠠᠲᠤ︶ ᠶᠢ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ ᠤ ᠠᠶᠤᠩᠭ᠎ᠠ ᠰᠡᠷᠭᠡᠶᠢᠯᠡᠬᠦ ᠮᠡᠷᠭᠡᠵᠢᠯ ᠤᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠠ ᠶᠢ ᠤᠤᠯ ᠪᠠᠷᠢᠮᠵᠢᠶ᠎ᠠ ᠠᠴᠠ 20 % ᠪᠠᠷ ᠪᠠᠭᠤᠷᠠᠭᠤᠯᠵᠤ᠂ ᠤᠨᠴᠠᠭᠠᠶᠢᠯᠠᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠬᠤᠪᠢᠶᠠᠷᠢ ᠶᠢᠨ ᠳᠤᠲᠤᠷᠠᠬᠢ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠠᠶᠤᠩᠭ᠎ᠠ ᠠᠴᠠ ᠰᠡᠷᠭᠡᠶᠢᠯᠡᠬᠦ ᠲᠤᠨᠤᠭ ᠲᠥᠬᠦᠭᠡᠷᠦᠮᠵᠢ ᠶᠢᠨ ᠪᠠᠷᠢᠯᠭ᠎ᠠ ︵ᠪᠦᠷᠢᠳᠦᠯ︶ ᠶᠢᠨ ᠠᠶᠤᠩᠭ᠎ᠠ ᠰᠡᠷᠭᠡᠶᠢᠯᠡᠬᠦ ᠰᠢᠯᠭᠠᠨ ᠪᠠᠶᠢᠴᠠᠭᠠᠬᠤ ᠵᠠᠷᠤᠳᠠᠯ ᠢ ᠤᠤᠯ ᠤᠨ ᠪᠠᠷᠢᠮᠵᠢᠶ᠎ᠠ ᠪᠠᠷ ᠪᠠᠶᠢᠴᠠᠭᠠᠨ ᠬᠡᠮᠵᠢᠬᠦ ᠴᠢᠭ᠋ ᠨᠢᠭᠡᠪᠦᠷᠢ ᠠᠴᠠ 250 ᠲᠥᠭᠦᠷᠢᠭ ᠬᠤᠷᠢᠶᠠᠵᠤ ᠪᠠᠶᠢᠭᠰᠠᠨ ᠢ 150 ᠲᠥᠭᠦᠷᠢᠭ ᠬᠤᠷᠢᠶᠠᠬᠤ ᠪᠤᠯᠭᠠᠨ ᠪᠠᠭᠤᠷᠠᠭᠤᠯᠵᠤ᠂ ᠪᠠᠭᠤᠷᠠᠯᠲᠠ ᠶᠢᠨ ᠬᠡᠮᠵᠢᠶ᠎ᠡ ᠨᠢ 40% ᠲᠤ ᠬᠦᠷᠴᠦ᠂ ᠠᠵᠤ ᠠᠬᠤᠶᠢᠯᠠᠯ ᠳᠤ ᠵᠢᠯ ᠪᠦᠷᠢ 0.24 ᠳ᠋ᠦᠩᠰᠢᠭᠤᠷ ᠲᠥᠭᠦᠷᠢᠭ ᠤᠨ ᠳᠠᠷᠤᠭᠠᠰᠤ ᠶᠢ ᠬᠦᠩᠭᠡᠷᠡᠭᠦᠯᠵᠦ ᠦᠭᠪᠡ᠃      ︵ᠬᠤᠶᠠᠷ︶ ᠴᠠᠬᠢᠯᠭᠠᠨ ᠤ ᠦᠨ᠎ᠡ ᠶᠢ ᠪᠠᠭᠤᠷᠠᠭᠤᠯᠵᠤ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠦᠨ᠎ᠡ ᠬᠠᠩᠰᠢ ᠶᠢᠨ ᠬᠠᠷᠠᠭᠠᠯᠵᠠᠯ ᠦᠵᠡᠭᠦᠯᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠪᠡ      ᠴᠠᠬᠢᠯᠭᠠᠨ ᠤ ᠦᠨ᠎ᠡ ᠶᠢ ᠲᠣᠬᠢᠷᠠᠭᠤᠯᠬᠤ᠂ ᠴᠠᠬᠢᠯᠭᠠᠨ ᠬᠦᠷᠭᠡᠬᠦ ᠲᠤᠬᠢᠷᠠᠭᠤᠯᠬᠤ ᠦᠨ᠎ᠡ ᠶᠢᠨ ᠥᠭᠡᠷᠡᠴᠢᠯᠡᠯᠲᠡ ᠶᠢᠨ ᠵᠡᠷᠭᠡ ᠪᠠᠷ ᠴᠡᠪᠡᠷ ᠠᠰᠢᠭ ᠤᠯᠭᠤᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠳᠠᠷᠤᠭᠠᠰᠤ ᠶᠢ ᠵᠢᠯ ᠳᠤ ᠪᠠᠷᠤᠭ 60.2 ᠳ᠋ᠦᠩᠰᠢᠭᠤᠷ ᠲᠥᠭᠦᠷᠢᠭ ᠬᠦᠩᠭᠡᠷᠡᠭᠦᠯᠪᠡ᠂ ᠡᠭᠦᠨ ᠳᠤ᠄ ᠨᠢᠭᠡ ᠳᠤ ᠨᠡᠭᠦᠷᠡᠰᠦ ᠴᠠᠬᠢᠯᠭᠠᠨ ᠤ ᠬᠠᠮᠲᠤᠷᠠᠨ ᠬᠥᠳᠡᠯᠦᠯᠴᠡᠬᠦ  ᠲᠤᠭᠲᠠᠴᠠ ᠪᠠᠷ ᠳᠠᠮᠵᠢᠭᠤᠯᠤᠨ ᠠᠵᠤ ᠠᠬᠤᠶᠢᠯᠠᠯ ᠤᠨ ᠬᠡᠷᠡᠭᠯᠡᠬᠦ ᠴᠠᠬᠢᠯᠭᠠᠨ ᠤ ᠥᠪᠡᠷ ᠤᠨ ᠦᠷᠳᠡᠭ ᠢ ᠵᠢᠯ ᠳᠤ 6.91 ᠳ᠋ᠦᠩᠰᠢᠭᠤᠷ ᠲᠥᠭᠦᠷᠢᠭ ᠬᠦᠩᠭᠡᠷᠡᠭᠦᠯᠪᠡ᠃ ᠬᠤᠶᠠᠷ ᠲᠤ ᠠᠵᠤ ᠠᠬᠤᠶᠢᠯᠠᠯ ᠤᠨ ᠦᠪᠡᠷ ᠤᠨ ᠴᠠᠬᠢᠯᠭᠠᠨ ᠦᠢᠯᠡᠳᠪᠦᠷᠢ ᠶᠢᠨ ᠰᠢᠰᠲ᠋ᠧᠮ ᠤᠨ ᠪᠡᠯᠡᠳᠬᠡᠯ ᠵᠠᠷᠤᠳᠠᠯ ᠲᠠᠲᠠᠪᠤᠷᠢᠯᠠᠬᠤ ᠪᠠᠷᠢᠮᠵᠢᠶ᠎ᠠ ᠶᠢ ᠪᠠᠭᠤᠷᠠᠭᠤᠯᠵᠤ᠂ ᠳᠤᠮᠳᠠᠴᠢ ᠪᠠᠷ 40% ᠪᠠᠷ ᠪᠠᠭᠤᠷᠠᠭᠤᠯᠵᠤ᠂ ᠵᠢᠱᠢᠯᠲᠡ ᠪᠠᠷ ᠠᠵᠤ ᠠᠬᠤᠶᠢᠯᠠᠯ ᠤᠨ ᠳᠠᠷᠤᠭᠠᠰᠤ ᠶᠢ ᠵᠢᠯ ᠳᠤ 4.6 ᠳ᠋ᠦᠩᠰᠢᠭᠤᠷ ᠲᠥᠭᠦᠷᠢᠭ ᠬᠦᠩᠭᠡᠷᠡᠭᠦᠯᠪᠡ᠃ ᠭᠤᠷᠪᠠ ᠳᠤ ᠴᠠᠬᠢᠯᠭᠠᠨ ᠬᠦᠷᠭᠡᠬᠦ ᠪᠠ ᠲᠤᠬᠢᠷᠠᠭᠤᠯᠬᠤ ᠦᠨ᠎ᠡ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ ᠠᠵᠤ ᠠᠬᠤᠶᠢᠯᠠᠯ ᠤᠨ ᠬᠡᠷᠡᠭᠯᠡᠬᠦ ᠴᠠᠬᠢᠯᠭᠠᠨ ᠤ ᠥᠪᠡᠷ ᠤᠨ ᠦᠷᠳᠡᠭ ᠢ 25.9 ᠳ᠋ᠦᠩᠰᠢᠭᠤᠷ ᠲᠥᠭᠦᠷᠢᠭ ᠣᠷᠴᠢᠮ ᠪᠠᠭᠤᠷᠠᠭᠤᠯᠪᠠ᠃ ᠲᠦᠷᠪᠡ ᠳᠤ᠂ ᠵᠢᠱᠢᠯᠲᠡ ᠪᠠᠷ 2015 ᠣᠨ ᠳᠤ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠲᠣᠣᠷ ᠤᠨ ᠴᠠᠬᠢᠯᠭᠠᠨ ᠬᠦᠴᠦᠨ ᠤ ᠣᠯᠠᠨ ᠲᠠᠯᠠᠲᠤ ᠠᠷᠠᠯᠵᠢᠶᠠᠨ ᠤ ᠴᠠᠬᠢᠯᠭᠠᠨ ᠬᠡᠮᠵᠢᠶ᠎ᠡ 450 ᠳ᠋ᠦᠩᠰᠢᠭᠤᠷ ᠺᠢᠯᠣᠸᠠᠲ ᠴᠠᠭ ᠪᠤᠯᠬᠤ ᠦᠶ᠎ᠡ᠂ ᠠᠵᠤ ᠠᠬᠤᠶᠢᠯᠠᠯ ᠤᠨ ᠬᠡᠷᠡᠭᠯᠡᠬᠦ ᠴᠠᠬᠢᠯᠭᠠᠨ ᠤ ᠥᠪᠡᠷ ᠤᠨ ᠦᠷᠳᠡᠭ ᠢ 11.7 ᠳ᠋ᠦᠩᠰᠢᠭᠤᠷ ᠲᠥᠭᠦᠷᠢᠭ ᠪᠠᠭᠤᠷᠠᠭᠤᠯᠬᠤ ᠪᠣᠯᠤᠨ᠎ᠠ᠃ ᠲᠠᠪᠤ ᠳᠤ᠂ 2015 ᠣᠨ ᠤ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠤᠷᠤᠨ ᠤ ᠴᠠᠬᠢᠯᠭᠠᠨ ᠬᠦᠴᠦᠨ ᠬᠡᠷᠡᠭᠯᠡᠭᠴᠢ ᠬᠢᠭᠡᠳ ᠴᠠᠬᠢᠯᠭᠠᠨ ᠭᠠᠷᠭᠠᠬᠤ ᠠᠵᠤ ᠠᠬᠤᠶᠢᠯᠠᠯ ᠯᠤᠭ᠎ᠠ ᠶᠢᠨ ᠰᠢᠭᠤᠳ ᠠᠷᠠᠯᠵᠢᠶᠠᠨ ᠤ ᠠᠵᠢᠯ᠂ ᠴᠠᠬᠢᠯᠭᠠᠨ ᠤ ᠬᠡᠮᠵᠢᠶ᠎ᠡ 75 ᠳ᠋ᠦᠩᠰᠢᠭᠤᠷ ᠺᠢᠯᠣᠸᠠᠲ ᠴᠠᠭ ᠪᠤᠯᠬᠤ ᠦᠶ᠎ᠡ᠂ ᠠᠵᠤ ᠠᠬᠤᠶᠢᠯᠠᠯ ᠤᠨ ᠬᠡᠷᠡᠭᠯᠡᠬᠦ ᠴᠠᠬᠢᠯᠭᠠᠨ ᠤ ᠥᠪᠡᠷ ᠤᠨ ᠦᠷᠳᠡᠭ ᠢ 7.5 ᠳ᠋ᠦᠩᠰᠢᠭᠤᠷ ᠲᠥᠭᠦᠷᠢᠭ ᠪᠠᠭᠤᠷᠠᠭᠤᠯᠪᠠ᠃ ᠵᠢᠷᠭᠤᠭ᠎ᠠ ᠳᠤ ᠦᠢᠯᠡᠳᠪᠦᠷᠢᠯᠡᠯ ᠨᠢ ᠵᠤᠭᠰᠤᠭᠰᠠᠨ᠂ ᠬᠠᠭᠠᠰ ᠵᠣᠭᠰᠣᠭᠰᠠᠨ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠳᠤ᠂ ᠦᠨᠳᠦᠰᠦᠨ ᠴᠠᠬᠢᠯᠭᠠᠨ ᠤ ᠰᠦᠢᠳᠬᠡᠯ ᠢ ᠵᠢᠯ ᠪᠦᠷᠢ ᠪᠠᠷᠤᠭ 2.9 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠪᠡ᠃ ᠲᠤᠯᠤᠭ᠎ᠠ ᠳᠤ ᠥᠪᠡᠷᠲᠡᠭᠡᠨ ᠵᠠᠰᠠᠬᠤ ᠣᠷᠣᠨ ᠤ ᠲᠡᠳᠬᠦᠨ ᠳᠡᠮᠵᠢᠬᠦ ᠡᠭᠦᠯᠡᠨ ᠪᠣᠳᠣᠯᠳᠠ᠂ ᠭᠡᠷᠡᠯ ᠸᠣᠯᠲ ᠤᠨ ᠠᠵᠤ ᠦᠢᠯᠡᠰ ᠵᠡᠷᠭᠡ ᠳᠤ ᠺᠢᠯᠤᠸᠠᠲ ᠴᠠᠭ ᠪᠦᠷᠢ ᠳᠤ 0.38 ᠲᠥᠭᠦᠷᠢᠭ ᠤᠨ ᠬᠠᠷᠠᠭᠠᠯᠵᠠᠯᠲᠤ ᠴᠠᠬᠢᠯᠭᠠᠨ ᠤ ᠦᠨ᠎ᠡ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠬᠡᠷᠡᠭᠯᠡᠬᠦ ᠴᠠᠬᠢᠯᠭᠠᠨ ᠤ ᠥᠪᠡᠷ ᠤᠨ ᠦᠷᠳᠡᠭ ᠢ ᠵᠢᠯ ᠳᠤ 0.56 ᠳ᠋ᠦᠩᠰᠢᠭᠤᠷ ᠲᠥᠭᠦᠷᠢᠭ ᠣᠷᠴᠢᠮ ᠬᠦᠩᠭᠡᠷᠡᠭᠦᠯᠪᠡ᠃ ᠡᠭᠦᠨ ᠠᠴᠠ ᠭᠠᠳᠠᠨ᠎ᠠ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠦᠨ᠎ᠡ ᠬᠠᠩᠰᠢ ᠶᠢ ᠲᠣᠬᠢᠷᠠᠭᠤᠯᠬᠤ ᠳᠤ ᠴᠠᠭᠴᠢ ᠴᠤᠩᠬᠤ ᠶᠢ ᠡᠵᠡᠮᠰᠢᠬᠦ ᠪᠠ ᠪᠠᠶᠢᠭᠠᠯᠢ ᠶᠢᠨ ᠰᠢᠲᠠᠮᠠᠬᠠᠶ ᠬᠡᠢ ᠶᠢᠨ ᠦᠨ᠎ᠡ ᠬᠠᠩᠰᠢ ᠶᠢᠨ ᠬᠠᠷᠠᠭᠠᠯᠵᠠᠯ ᠦᠵᠡᠭᠦᠯᠬᠦ ᠶᠢ ᠬᠡᠷᠡᠭᠵᠢᠭᠦᠯᠬᠦ ᠪᠠᠷ ᠳᠠᠮᠵᠢᠨ᠂ ᠠᠵᠤ ᠠᠬᠤᠶᠢᠯᠠᠯ ᠳᠤ ᠥᠪᠡᠷ ᠤᠨ ᠥᠷᠲᠡᠭ ᠢ ᠨᠢ 22.5 ᠳ᠋ᠦᠩᠰᠢᠭᠤᠷ ᠲᠥᠭᠦᠷᠢᠭ ᠠᠷᠪᠢᠯᠠᠵᠤ ᠦᠭᠪᠡ᠃ ᠠᠵᠤ ᠠᠬᠤᠶ ᠶᠢᠨ ᠪᠠᠭᠤᠷᠠᠬᠤ ᠳᠠᠷᠤᠯᠲᠠ ᠨᠡᠯᠢᠶᠡᠳ ᠶᠡᠭᠡ ᠪᠠᠶᠢᠳᠠᠯ ᠳᠣᠣᠷ᠎ᠠ᠂ ᠦᠨ᠎ᠡ ᠬᠠᠩᠰᠢ ᠶᠢᠨ ᠲᠠᠯ᠎ᠠ ᠶᠢᠨ ᠠᠵᠢᠯ ᠨᠢ ᠮᠠᠨ ᠤ ᠣᠷᠣᠨ ᠤ ᠲᠣᠭᠲᠠᠭᠤᠨ ᠨᠡᠮᠡᠭᠳᠡᠯ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠵᠡᠢ᠃        ︵ᠭᠤᠷᠪᠠ︶ ᠨᠢᠭᠡ ᠪᠦᠯᠦᠭ ᠡᠵᠡᠩᠨᠡᠯᠲᠡ ᠶᠢᠨ ᠴᠢᠨᠠᠷᠲᠠᠶ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠ ᠪᠠᠷᠢᠮᠵᠢᠶ᠎ᠠ ᠶᠢ ᠬᠦᠴᠦᠨ ᠦᠭᠡᠢ ᠪᠤᠯᠭᠠᠭᠰᠠᠨ ᠪᠠ ᠪᠠᠭᠤᠷᠠᠭᠤᠯᠪᠠ      ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠲᠥᠷᠥ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠭᠤᠴᠢ ᠦᠢᠯᠡᠴᠢᠯᠭᠡ ᠶᠢ ᠢᠯᠭᠠᠷᠠᠭᠤᠯᠤᠨ ᠵᠢᠷᠤᠮᠵᠢᠭᠤᠯᠬᠤ ᠲᠤᠬᠠᠶ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2015﹈ 31ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ︽ᠵᠠᠰᠠᠭ ᠤᠨ ᠣᠷᠳᠣᠨ ᠤ ᠦᠨ᠎ᠡ ᠲᠤᠭᠲᠠᠭᠠᠭᠰᠠᠨ ᠠᠵᠤ ᠠᠬᠤᠶᠢᠯᠠᠯ ᠳᠤ ᠬᠤᠯᠪᠣᠭᠳᠠᠬᠤ ᠡᠵᠡᠩᠨᠡᠯᠲᠡ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠲᠥᠷᠥᠯ ᠵᠦᠢᠯ ᠤᠨ ᠭᠠᠷᠴᠠᠭ ᠤᠨ ᠨᠠᠷᠢᠨ ᠳᠠᠩᠰᠠ︾ ᠶᠢ ᠲᠤᠭᠲᠠᠭᠠᠬᠤ ᠲᠠᠢ ᠤᠶᠠᠯᠳᠠᠭᠤᠯᠤᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠵᠤ ᠠᠬᠤᠶᠢᠯᠠᠯ ᠳᠤ ᠬᠤᠯᠪᠣᠭᠳᠠᠭᠰᠠᠨ ᠡᠵᠡᠩᠨᠡᠯᠲᠡ ᠦᠢᠯᠡᠴᠢᠯᠡᠭᠡ ᠶᠢᠨ ᠴᠢᠨᠠᠷᠲᠠᠶ ᠰᠦᠢᠳᠬᠡᠯ ᠬᠤᠷᠢᠶᠠᠬᠤ ᠲᠥᠷᠥᠯ ᠵᠦᠢᠯ ᠤᠨ13 ᠲᠦᠷᠦᠯ ᠵᠦᠢᠯ ᠢ ᠬᠦᠴᠦᠨ ᠦᠭᠡᠶ ᠪᠤᠯᠭᠠᠬᠤ᠂ 4 ᠲᠦᠷᠦᠯ ᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠪᠠᠭᠤᠷᠠᠭᠤᠯᠬᠤ ᠪᠠᠷ ᠨᠡᠶᠢᠲᠡᠯᠡᠭᠡᠳ᠂ ᠵᠢᠱᠢᠯᠲᠡ ᠪᠠᠷ ᠠᠵᠤ ᠠᠬᠤᠶᠢᠯᠠᠯ ᠤᠨ ᠳᠠᠷᠤᠭᠠᠰᠤ ᠶᠢ ᠵᠢᠯ ᠳᠤ1. 5 ᠳ᠋ᠦᠩᠰᠢᠭᠤᠷ ᠲᠥᠭᠦᠷᠢᠭ ᠬᠦᠩᠭᠡᠷᠡᠭᠦᠯᠪᠡ᠃      ᠳᠡᠭᠡᠷᠡᠬᠢ ᠠᠷᠭ᠎ᠠ ᠬᠡᠮᠵᠢᠶ᠎ᠡ ᠨᠦᠭᠦᠳ ᠢᠶᠠᠷ ᠳᠠᠮᠵᠢᠭᠤᠯᠤᠨ ᠮᠠᠨ ᠤ ᠣᠷᠣᠨ ᠤ ᠵᠢᠱᠢᠯᠲᠡ ᠪᠠᠷ ᠠᠵᠤ ᠠᠬᠤᠶᠢᠯᠠᠯ ᠤᠨ ᠳᠠᠷᠤᠭᠠᠰᠤ ᠶᠢ ᠵᠢᠯ ᠳᠤ ᠨᠡᠶᠢᠳᠡ 78 ᠳ᠋ᠦᠩᠰᠢᠭᠤᠷ ᠲᠦᠬᠦᠷᠢᠭ ᠤᠷᠴᠢᠮ ᠬᠦᠩᠭᠡᠷᠡᠭᠦᠯᠪᠡ᠃      ᠬᠥᠲᠥᠯᠥᠭᠴᠢ᠄ ᠲᠠᠨ ᠤ ᠲᠠᠨᠢᠯᠴᠠᠭᠤᠯᠤᠭᠰᠠᠨ ᠢᠶᠠᠷ ᠳᠠᠮᠵᠢᠨ᠂ ᠪᠢᠳᠡ ᠮᠠᠨ ᠤ ᠣᠷᠣᠨ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠪᠠᠲᠤᠯᠠᠬᠤ ᠲᠠᠯ᠎ᠠ ᠪᠠᠷ ᠡᠶᠢᠮᠦ ᠤᠯᠠᠨ ᠴᠢᠬᠤᠯᠠ ᠠᠵᠢᠯ ᠬᠢᠭᠰᠡᠨ ᠢ ᠮᠡᠳᠡᠯ᠎ᠡ᠃ ᠸᠠᠩ ᠡᠷᠬᠢᠯᠡᠭᠴᠢ ᠮᠠᠨ ᠤ ᠰᠤᠷᠪᠤᠯᠵᠢᠯᠠᠭ᠎ᠠ ᠶᠠᠷᠢᠯᠴᠠᠭ᠎ᠠ ᠶᠢᠨ ᠪᠤᠯᠤᠩ ᠳᠤ ᠰᠠᠭᠠᠲᠤᠭᠰᠠᠨ ᠳᠤ ᠲᠤᠶᠢᠯ ᠢᠶᠠᠷ ᠲᠠᠯᠠᠷᠬᠠᠵᠤ ᠪᠠᠢᠨ᠎ᠠ᠂ ᠮᠦᠨᠴᠦ ᠰᠦᠯᠵᠢᠶᠡᠨ ᠤ ᠨᠠᠶᠢᠵᠠ ᠨᠠᠷ ᠤᠨ ᠬᠦᠯᠢᠶᠡᠨ ᠠᠪᠴᠤ ᠦᠵᠡᠭᠰᠡᠨ ᠳᠤ ᠮᠠᠰᠢ ᠲᠠᠯᠠᠷᠬᠠᠵᠤ ᠪᠠᠢᠨ᠎ᠠ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠳᠠᠷᠠᠭᠠᠴᠢ ᠶᠢᠨ ᠬᠤᠭᠤᠴᠠᠭᠠᠨ ᠳᠤ ᠵᠣᠯᠭᠠᠶ᠎ᠠ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号