ᠮᠠᠨ ᠤ ᠣᠷᠣᠨ ᠤ ᠡᠯᠧᠺᠲᠷᠤᠨ ᠵᠠᠰᠠᠭ ᠤᠨ ᠶᠠᠪᠤᠳᠠᠯ ︽ᠡᠭᠦᠯᠡᠨ ᠴᠠᠭ ᠦᠶ᠎ᠡ︾ ᠎ ᠳᠤ ᠤᠷᠤᠪᠠ
ᠨᠡᠶᠢᠲᠡᠯᠡᠭᠰᠡᠨ ᠴᠠᠭ᠄
2015/12/24
     ᠥᠪᠡᠷᠲᠡᠭᠡᠨ ᠵᠠᠰᠠᠬᠤ ᠣᠷᠣᠨ ᠤ ᠡᠯᠧᠺᠲᠷᠤᠨ ᠵᠠᠰᠠᠭ ᠤᠨ ᠶᠠᠪᠤᠳᠠᠯ ᠨᠢᠭᠡᠨᠲᠡ ︽ᠡᠭᠦᠯᠡᠨ ᠴᠠᠭ ᠦᠶ᠎ᠡ︾ ᠎ ᠳᠤ ᠤᠷᠤᠵᠤ᠂ ᠥᠪᠡᠷᠲᠡᠭᠡᠨ ᠵᠠᠰᠠᠬᠤ ᠣᠷᠣᠨ ᠤ ᠡᠯᠧᠺᠲᠷᠤᠨ ᠵᠠᠰᠠᠭ ᠤᠨ ᠶᠠᠪᠤᠳᠠᠯ ᠤᠨ ᠡᠭᠦᠯᠡᠨ ᠲᠥᠪ1639 ᠵᠦᠢᠯ ᠤᠨ ᠳᠥᠷᠪᠡᠳᠦᠭᠡᠷ ᠳᠡᠰ ᠤᠨ ᠲᠤᠬᠠᠶᠢᠯᠠᠭᠰᠠᠨ ᠠᠵᠢᠯ ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠡᠯᠧᠺᠲᠷᠤᠨ ᠵᠠᠰᠠᠭ ᠤᠨ ᠶᠠᠪᠤᠳᠠᠯ ᠤᠨ ᠡᠷᠴᠢᠮᠵᠢᠭᠦᠯᠦᠭᠰᠡᠨ ᠪᠠᠶᠢᠭᠤᠯᠤᠯᠲᠠ ᠨᠢ ᠪᠦᠬᠦ ᠤᠯᠤᠰ ᠤᠨ ᠲᠡᠷᠢᠭᠦᠨ ᠡᠩᠨᠡᠭᠡᠨ ᠳᠤ ᠤᠷᠤᠪᠠ᠃ ᠶᠠᠷᠢᠶᠠᠨ ᠤ ᠲᠠᠪᠴᠠᠩ ᠤᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠪᠠ ᠮᠡᠳᠡᠭᠡ ᠵᠠᠩᠭᠢᠴᠢᠯᠲᠠ ᠶᠢᠨ ᠵᠥᠪᠯᠡᠯ᠂ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ ᠬᠢᠭᠡᠳ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠥᠭᠡᠯᠡᠨ ᠲᠤᠨᠤᠭ ᠰᠤᠳᠤᠯᠬᠤ ᠭᠠᠵᠠᠷ ᠤᠨ ᠤᠳᠤᠷᠢᠳᠤᠯᠭ᠎ᠠ ᠪᠠ ᠲᠤᠰᠬᠠᠶ ᠮᠡᠷᠭᠡᠵᠢᠯᠲᠡᠳ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ︾᠎ ᠤᠨ ᠠᠭᠤᠯᠤᠭᠳᠠᠬᠤᠨ᠂ ᠲᠥᠰᠦᠯ ᠪᠠ ᠮᠠᠨ ᠤ ᠣᠷᠣᠨ ᠲᠤ ᠰᠠᠭᠤᠷᠰᠢᠬᠤ ᠠᠴᠢ ᠬᠤᠯᠪᠣᠭᠳᠠᠯ ᠢ ᠲᠠᠶᠢᠯᠪᠤᠷᠢᠯᠠᠭᠰᠠᠨ ᠤ ᠬᠠᠮᠲᠤ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ ᠠᠴᠠ ᠪᠦᠬᠦ ᠤᠯᠤᠰ ᠤᠨ ᠡᠯ᠎ᠡ ᠭᠠᠵᠠᠷ ᠲᠤ ᠵᠠᠰᠠᠭ ᠤᠨ ᠣᠷᠳᠣᠨ ᠳᠤ ᠪᠤᠰᠬᠠᠵᠤ ᠥᠭᠭᠦᠭᠰᠡᠨ ︽ᠵᠠᠰᠠᠭ ᠤᠨ ᠶᠠᠪᠤᠳᠠᠯ ᠤᠨ ᠡᠭᠦᠯᠡᠨ ᠪᠣᠳᠣᠯᠲᠠ︾ ᠲᠠᠪᠴᠠᠩ ᠳᠤ ᠭᠦᠨᠵᠡᠭᠡᠶ ᠰᠤᠳᠤᠯᠤᠯᠲᠠ ᠬᠢᠵᠡᠢ᠃ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠪᠠᠰᠠ ᠪᠦᠬᠦ ᠣᠷᠣᠨ ᠤ 12 ᠠᠶᠢᠮᠠᠭ ᠬᠤᠳᠠ ᠵᠢᠴᠢ ᠲᠦᠯᠦᠪᠯᠡᠭᠡ ᠳᠤ ᠠᠰᠳᠠᠭᠠᠨ ᠵᠢᠭᠰᠭᠠᠭᠰᠠᠨ 2 ᠬᠤᠳᠠ ᠶᠢᠨ ᠠᠵᠤ ᠠᠬᠤᠶ ᠪᠠ ᠮᠡᠳᠡᠭᠡ ᠵᠠᠩᠭᠢᠴᠢᠯᠲᠠ ᠶᠢᠨ ᠵᠥᠪᠯᠡᠯ ᠲᠠᠢ ︽ᠵᠠᠰᠠᠭ ᠤᠨ ᠶᠠᠪᠤᠳᠠᠯ ᠤᠨ ᠡᠭᠦᠯᠡᠨ ᠪᠣᠳᠣᠯᠲᠠ︾᠂ ︽ᠤᠶᠤᠨᠴᠢ ᠬᠤᠳᠠ︾᠎ ᠶᠢ ᠬᠠᠮᠲᠤᠪᠠᠷ ᠪᠠᠶᠢᠭᠤᠯᠬᠤ ᠵᠦᠪᠯᠡᠯᠴᠡᠭᠡᠷ ᠳᠡᠭᠡᠷ᠎ᠡ ᠭᠠᠷ ᠤᠨ ᠦᠰᠦᠭ ᠵᠢᠷᠤᠪᠠ᠃ ᠵᠦᠪᠯᠡᠯᠴᠡᠭᠡᠷ ᠢ ᠦᠨᠳᠦᠰᠦᠯᠡᠪᠡᠯ᠂ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠨᠢ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠣᠰᠣᠭᠠᠷ᠂ ᠠᠽᠢᠶ᠎ᠠ ᠲᠢᠪ ᠤᠨ ᠬᠠᠮᠤᠭ ᠤᠨ ᠲᠣᠮᠣ ᠡᠭᠦᠯᠡᠨ ᠪᠤᠳᠤᠯᠳᠠ ᠶᠢᠨ ᠮᠡᠳᠡᠭᠡ ᠵᠠᠩᠭᠢ ᠶᠢᠨ ᠬᠦᠷᠢᠶᠡᠯᠡᠩ ᠤᠨ ᠳᠤᠲᠤᠭᠠᠳᠤᠬᠢ ᠴᠢᠨᠠᠷ ᠰᠠᠶᠢᠲᠠᠶ᠂ ᠡᠯᠪᠡᠭ ᠪᠠᠶᠠᠯᠢᠭ ᠡᠭᠦᠯᠡᠨ ᠪᠤᠳᠤᠯᠳᠠ ᠶᠢᠨ ᠡᠬᠢ ᠪᠠᠶᠠᠯᠢᠭ ᠢᠶᠠᠷ ᠳᠠᠮᠵᠢᠭᠤᠯᠤᠨ᠂ ᠵᠠᠰᠠᠭ ᠤᠨ ᠶᠠᠪᠤᠳᠠᠯ ᠤᠨ ᠡᠭᠦᠯᠡᠨ ᠪᠣᠳᠣᠯᠲᠠ ᠳᠤ ᠠᠩᠭᠢ ᠪᠦᠯᠬᠦᠮ ᠪᠠᠶᠢᠭᠤᠯᠬᠤ ᠲᠠᠢ ᠤᠶᠠᠯᠳᠠᠭᠤᠯᠵᠤ᠂ ᠪᠥᠬᠦ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠡᠭᠦᠯᠡᠨ ᠪᠤᠳᠤᠯᠳᠠ ᠶᠢᠨ ᠵᠠᠭᠪᠤᠷ ᠳᠤᠤᠷᠠᠬᠢ ᠡᠯᠧᠺᠲᠷᠤᠨ ᠵᠠᠰᠠᠭ ᠤᠨ ᠶᠠᠪᠤᠳᠠᠯ ᠤᠨ ᠡᠭᠦᠯᠡᠨ ᠲᠥᠯᠥᠪᠵᠢᠭᠦᠯᠭᠡ ᠪᠠ ᠬᠡᠷᠡᠭᠵᠢᠭᠦᠯᠦᠯᠲᠡ ᠶᠢ ᠰᠠᠶᠢᠲᠤᠷ ᠬᠢᠵᠦ᠂ ᠡᠭᠦᠨ ᠤ ᠤᠯᠠᠮ ᠢᠶᠠᠷ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠶᠢ ᠪᠦᠲᠦᠮᠵᠢᠲᠡᠶ ᠵᠢᠯᠤᠭᠤᠳᠬᠤ ᠪᠠ ᠵᠠᠰᠠᠭ ᠤᠨ ᠣᠷᠳᠣᠨ ᠤ ᠨᠡᠶᠢᠲᠡ ᠶᠢᠨ ᠢᠲᠡᠭᠡᠭᠦᠯᠬᠦ ᠬᠦᠴᠦᠨ ᠢ ᠳᠡᠭᠡᠭᠰᠢᠯᠡᠭᠦᠯᠵᠦ᠂ ᠬᠠᠮᠤᠭ ᠡᠴᠦᠰ ᠲᠤ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠲᠥᠪᠯᠡᠷᠡᠭᠦᠯᠦᠨ ᠬᠠᠮᠢᠶᠠᠷᠬᠤ᠂ ᠰᠠᠯᠠᠭ᠎ᠠ ᠮᠥᠴᠢᠷ ᠠᠯᠤᠰᠯᠠᠨ ᠬᠠᠮᠲᠤ ᠪᠠᠷ ᠡᠳ᠋ᠯᠡᠬᠦ ᠪᠠ ᠶᠡᠭᠡ ᠲᠤᠭ᠎ᠠ ᠪᠠᠷᠢᠮᠲᠠ ᠬᠡᠷᠡᠭᠯᠡᠬᠦ ᠶᠢ ᠪᠡᠶᠡᠯᠡᠭᠦᠯᠬᠦ ᠪᠤᠯᠤᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号