ᠪᠦᠬᠦ ᠣᠷᠣᠨ ᠤ ᠠᠲᠠᠷ ᠬᠠᠭᠠᠯᠪᠤᠷᠢᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2015/12/24
     ︽ᠠᠲᠠᠷ ᠬᠠᠭᠠᠯᠪᠤᠷᠢᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠪᠠ ᠪᠦᠬᠦ ᠤᠯᠤᠰ ᠤᠨ ᠠᠲᠠᠷ ᠬᠠᠭᠠᠯᠪᠤᠷᠢᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠲᠧᠯᠸᠢᠰ ᠳ᠋ᠢᠶᠠᠩᠬᠤᠸᠠ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ ᠂ 12 ᠳ᠋ᠤᠭᠠᠷ ᠰᠠᠷ᠎ᠠ ᠶᠢᠨ 21᠎ ᠤ ᠡᠳᠦᠷ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠲᠠᠷᠢᠶᠠᠯᠠᠩ ᠤᠨ ᠬᠠᠮᠢᠶᠠᠷᠤᠯᠲᠠ ᠶᠢᠨ ᠲᠣᠪᠴᠢᠶ᠎ᠠ ᠨᠢ ᠪᠦᠬᠦ ᠣᠷᠣᠨ ᠤ ᠠᠲᠠᠷ ᠬᠠᠭᠠᠯᠪᠤᠷᠢᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠯᠪᠠᠨ ᠭᠡᠷ᠂ ᠡᠯ᠎ᠡ ᠠᠶᠢᠮᠠᠭ ᠬᠤᠳᠠ ᠶᠢᠨ ᠠᠳᠠᠷ ᠬᠠᠭᠠᠯᠪᠤᠷᠢᠯᠠᠯᠲᠠ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠥᠯᠥᠨ ᠪᠤᠶᠢᠷ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠬᠠᠷᠢᠭᠤᠴᠠᠯᠭᠠᠲᠠᠨ ᠬᠢᠭᠡᠳ ᠭᠤᠣᠯᠳᠠᠯᠭ᠎ᠠ ᠲᠠᠢ ᠲᠠᠷᠢᠶᠠᠯᠠᠩ ᠮᠠᠯᠵᠢᠯ ᠤᠨ ᠲᠠᠯᠠᠪᠠᠢ ᠶᠢᠨ ᠲᠥᠯᠥᠭᠡᠯᠡᠭᠴᠢᠳ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ ᠡᠯ᠎ᠡ ᠬᠠᠭᠠᠯᠪᠤᠷᠢᠯᠠᠯᠲᠠ ᠶᠢᠨ ᠣᠷᠣᠨ ᠤ ᠠᠲᠠᠷ ᠬᠠᠭᠠᠯᠪᠤᠷᠢᠯᠠᠯᠲᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠪᠠᠶᠢᠬᠤ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠮᠠᠨ ᠤ ᠣᠷᠣᠨ ᠤ ᠠᠲᠠᠷ ᠬᠠᠭᠠᠯᠪᠤᠷᠢᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠥᠭᠵᠢᠯᠲᠡ ᠶᠢᠨ ᠰᠡᠳᠬᠢᠮᠵᠢ ᠶᠢ ᠭᠦᠨᠵᠡᠭᠡᠶ ᠰᠢᠨᠵᠢᠯᠡᠨ ᠰᠤᠳᠤᠯᠪᠠ᠃ ᠬᠤᠷᠠᠯ ᠳᠡᠭᠡᠷ᠎ᠡ᠂ ᠲᠢᠩᠬᠢᠮ ᠤᠨ ᠳᠡᠳ᠋ ᠳᠠᠷᠤᠭ᠎ᠠ ᠸᠠᠩ ᠭᠦᠸᠧ ᠯᠢᠨ ᠠᠲᠠᠷ ᠬᠠᠭᠠᠯᠪᠤᠷᠢᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢ ᠭᠦᠨᠵᠡᠭᠡᠶᠢᠷᠡᠭᠦᠯᠬᠦ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠴᠠᠶ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号