ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠭ᠎ᠠ ᠶᠢᠨ ᠶᠠᠮᠤᠨ ᠣᠶᠢᠷ᠎ᠠ ᠶᠢᠨ ᠡᠳᠦᠷ ᠲᠤ ︽ᠦᠨᠳᠦᠰᠦᠨ | ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠢᠭ᠋ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠡᠯᠡᠯᠴᠡᠭᠡᠷ ᠤᠨ | ᠬᠠᠮᠢᠶᠠᠷᠤᠯᠲᠠ ᠶᠢᠨ ᠲᠤᠬᠠᠶ ᠵᠢᠯᠣᠭᠤᠳᠬᠤ ᠰᠠᠨᠠᠯ︾ ︵ᠬᠥᠮᠦᠨ ᠨᠡᠶᠢᠭᠡᠮ ᠶᠠᠮᠤᠨ ᠲᠠᠷᠬᠠᠭᠠᠭᠰᠠᠨ ﹇2015﹈ 98 | ᠳ᠋ᠤᠭᠠᠷ ᠲᠣᠭᠠᠲᠤ᠂ ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠪᠤᠢ ᠪᠥᠬᠦᠢ | ᠨᠢᠭᠡᠳᠦᠯᠲᠡᠶ ᠲᠥᠯᠥᠪᠯᠡᠬᠦ ᠭᠠᠵᠠᠷ ᠣᠷᠣᠨ ᠨᠤᠭᠤᠳ 2015 ᠣᠨ ᠤ ᠵᠢᠯ ᠤᠨ ᠡᠴᠦᠰ ᠠᠴᠠ ᠡᠮᠦᠨ᠎ᠡ ᠨᠡᠶᠢᠭᠡᠮ ᠤᠨ | ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠡᠷᠡᠭᠵᠢᠭᠦᠯᠦᠭᠰᠡᠨ ᠲᠣᠭᠲᠠᠭᠰᠠᠨ ᠴᠢᠬ ᠤᠨ | ᠡᠮᠨᠡᠯᠭᠡ ᠶᠢᠨ ᠬᠤᠷᠢᠶ᠎ᠠ ᠪᠣᠯᠣᠨ ᠲᠣᠭᠲᠠᠭᠰᠠᠨ ᠴᠢᠭ᠋ ᠤᠨ ᠡᠮ ᠤᠨ ᠳᠡᠯᠭᠡᠭᠦᠷ ᠤᠨ ᠬᠢᠷᠢ ᠬᠡᠮ ᠢ ᠬᠢᠨᠠᠨ ᠪᠠᠶᠢᠴᠠᠭᠠᠬᠤ | ᠵᠦᠢᠯᠡᠰ ᠢ ᠪᠦᠬᠦ ᠲᠠᠯ᠎ᠠ ᠪᠠᠷ ᠬᠦᠴᠦᠨ ᠦᠭᠡᠢ ᠪᠣᠯᠭᠠᠵᠤ᠂ ᠨᠡᠶᠢᠭᠡᠮ ᠤᠨ ᠳᠠᠭᠠᠳᠬᠠᠯ ᠢ ᠡᠷᠬᠢᠯᠡᠨ ᠭᠦᠢᠴᠡᠳᠬᠡᠬᠦ | ᠪᠠᠶᠢᠭᠤᠯᠤᠮᠵᠢ ᠪᠣᠯᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠡᠯᠡᠯᠴᠡᠭᠡᠷ ᠤᠨ ᠬᠠᠮᠢᠶᠠᠷᠤᠯᠲᠠ ᠶᠢ ᠢᠵᠢᠯ | ᠠᠯᠬᠤᠮ ᠢᠶᠠᠷ ᠲᠡᠭᠦᠯᠳᠡᠷᠵᠢᠭᠦᠯᠦᠨ᠂ ᠬᠠᠮᠢᠶᠠᠷᠤᠯᠲᠠ ᠦᠢᠯᠡᠴᠢᠯᠡᠭᠡ ᠶᠢᠨ ᠬᠢᠷᠢ ᠬᠡᠮᠵᠢᠶ᠎ᠡ ᠪᠣᠯᠣᠨ ᠰᠠᠭᠤᠷᠢ ᠮᠥᠩᠭᠦ | ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠱᠠᠭᠠᠷᠳᠠᠪᠠ᠃ | ︽ᠰᠠᠨᠠᠯ︾ ᠳᠤ᠂ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠬᠥᠮᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠭ᠎ᠠ ᠶᠢᠨ ᠰᠠᠯᠠᠭ᠎ᠠ ᠮᠥᠴᠢᠷ ᠤᠳ ᠲᠣᠭᠲᠠᠭᠰᠠᠨ ᠴᠢᠭ᠋ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠨᠥᠬᠦᠴᠡᠯ ᠢ | ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠢᠯᠡ ᠪᠣᠯᠭᠠᠬᠤ ᠬᠡᠷᠡᠭᠲᠡᠶ᠃ ᠬᠠᠤᠯᠢ ᠶᠣᠰᠣᠭᠠᠷ ᠪᠠᠶᠢᠭᠤᠯᠤᠭᠳᠠᠭᠰᠠᠨ ᠡᠯ᠎ᠡ | ᠲᠥᠷᠥᠯ ᠤᠨ ᠡᠮ ᠡᠮᠨᠡᠯᠭᠡ ᠶᠢᠨ ᠪᠠᠶᠢᠭᠤᠯᠤᠮᠵᠢ ᠨᠢ ᠲᠡᠭᠦᠨ ᠤ ᠶᠠᠮᠠᠷ ᠨᠢᠭᠡᠨ ᠲᠡᠰ ᠤᠨ ᠢᠯᠭᠠᠯ᠂ ᠳᠦᠷᠦᠯ ᠵᠦᠢᠯ | ᠪᠣᠯᠣᠨ ᠥᠮᠴᠢᠯᠡᠯ ᠤᠨ ᠰᠢᠨᠵᠢ ᠴᠢᠨᠠᠷ ᠲᠠᠢ ᠪᠠᠶᠢᠯ᠎ᠠ ᠭᠡᠳ ᠴᠥᠮ ᠨᠥᠬᠦᠴᠡᠯ ᠶᠣᠰᠤᠭᠠᠷ ᠰᠠᠶᠢᠨ ᠳᠤᠷ᠎ᠠ ᠠᠴᠠ ᠪᠠᠨ | ᠨᠡᠶᠢᠭᠡᠮ ᠤᠨ ᠳᠠᠭᠠᠳᠬᠠᠯ ᠤᠨ ᠡᠷᠬᠢᠯᠡᠨ ᠭᠦᠢᠴᠡᠳᠬᠡᠬᠦ ᠪᠠᠶᠢᠭᠤᠯᠤᠮᠵᠢ ᠳᠤ ᠭᠤᠶᠣᠴᠢᠯᠠᠨ ᠡᠮ ᠡᠮᠨᠡᠯᠭᠡ ᠶᠢᠨ | ᠲᠣᠭᠲᠠᠭᠰᠠᠨ ᠴᠢᠭ᠋ ᠤᠨ ᠪᠠᠶᠢᠭᠤᠯᠤᠮᠵᠢ ᠪᠣᠯᠵᠤ ᠪᠣᠯᠣᠨ᠎ᠠ᠃ ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠳᠠᠬᠢᠵᠤ ᠤᠷᠢᠳᠴᠢᠯᠠᠨ ᠬᠢᠨᠠᠨ ᠵᠦᠪᠰᠢᠶᠡᠷᠡᠬᠦ ᠦᠭᠡᠢ᠃ ᠡᠷᠬᠢᠯᠡᠨ ᠭᠦᠢᠴᠡᠳᠬᠡᠬᠦ | ᠪᠠᠶᠢᠭᠤᠯᠤᠮᠵᠢ ᠨᠤᠭᠤᠳ ᠢᠯᠡ ᠲᠣᠳᠣ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ᠂ ᠭᠤᠷᠪᠠᠳᠠᠬᠢ ᠡᠲᠡᠭᠡᠳ ᠠᠴᠠ | ᠦᠨᠡᠯᠡᠯᠲᠡ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠦᠨᠡᠯᠡᠨ ᠵᠢᠱᠢᠯᠲᠡ ᠬᠢᠬᠦ ᠶᠢ ᠰᠦᠪᠡᠭᠴᠢᠯᠡᠵᠦ᠂ | ᠦᠢᠯᠡᠴᠢᠯᠡᠭᠡᠨ ᠤ ᠶᠠᠰᠤ ᠴᠢᠨᠠᠷ ᠢᠶᠠᠷ ᠰᠠᠶᠢᠨ᠂ ᠦᠨ᠎ᠡ ᠬᠠᠩᠰᠢ ᠨᠢ ᠵᠦᠢ ᠵᠣᠬᠢᠰᠲᠠᠶ᠂ ᠬᠠᠮᠢᠶᠠᠷᠤᠯᠲᠠ ᠨᠢ | ᠵᠢᠷᠤᠮᠵᠢᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢ ᠰᠣᠩᠭᠤᠵᠤ ᠦᠢᠯᠡᠴᠢᠯᠡᠭᠡᠨ ᠤ ᠵᠥᠪᠯᠡᠯᠴᠡᠭᠡᠷ ᠬᠡᠯᠡᠯᠴᠡᠨ | ᠲᠣᠭᠲᠠᠬᠤ ᠬᠡᠷᠡᠭᠲᠡᠢ ᠭᠡᠵᠦ ᠲᠣᠳᠣᠷᠬᠠᠶᠢᠯᠠᠪᠠ᠃ ᠡᠭᠦᠨ ᠤ ᠬᠠᠮᠲᠤ᠂ ︽ᠰᠠᠨᠠᠯ︾ ᠳᠤ ᠪᠠᠰᠠ ᠦᠢᠯᠡᠴᠢᠯᠡᠭᠡᠨ ᠤ | ᠬᠡᠯᠡᠯᠴᠡᠭᠡᠷ ᠢ ᠲᠡᠭᠦᠯᠳᠡᠷᠵᠢᠭᠦᠯᠵᠦ᠂ ᠦᠢᠯᠡᠴᠢᠯᠡᠭᠡ ᠬᠦᠷᠲᠡᠭᠡᠬᠦ ᠬᠥᠮᠦᠰ᠂ ᠦᠢᠯᠡᠴᠢᠯᠡᠭᠡᠨ ᠤ ᠬᠡᠪᠴᠢᠶ᠎ᠡ᠂ | ᠦᠢᠯᠡᠴᠢᠯᠡᠭᠡᠨ ᠤ ᠠᠭᠤᠯᠭ᠎ᠠ᠂ ᠦᠢᠯᠡᠴᠢᠯᠡᠭᠡᠨ ᠤ ᠶᠠᠰᠤ ᠴᠢᠨᠠᠷ᠂ ᠵᠠᠷᠤᠳᠠᠯ ᠢ ᠳ᠋ᠦᠩᠨᠡᠨ ᠪᠤᠳᠤᠬᠤ᠂ ᠭᠡᠷ᠎ᠡ | ᠵᠥᠷᠢᠴᠡᠭᠰᠡᠨ ᠢ ᠰᠢᠢᠳᠪᠦᠷᠢᠯᠡᠬᠦ ᠵᠡᠷᠭᠡ ᠦᠨᠳᠦᠰᠦᠨ ᠠᠭᠤᠯᠭ᠎ᠠ ᠶᠢ ᠲᠣᠳᠣᠷᠬᠠᠶᠢᠯᠠᠬᠤ ᠠᠴᠠ ᠭᠠᠳᠠᠨ᠎ᠠ ᠪᠠᠰᠠ | ᠡᠷᠬᠢᠯᠡᠨ ᠭᠦᠢᠴᠡᠳᠬᠡᠬᠦ ᠪᠠᠶᠢᠭᠤᠯᠤᠮᠵᠢ ᠪᠣᠯᠣᠨ ᠲᠣᠭᠲᠠᠭᠰᠠᠨ ᠴᠢᠭ᠋ ᠤᠨ ᠡᠮ ᠡᠮᠨᠡᠯᠭᠡ ᠶᠢᠨ ᠪᠠᠶᠢᠭᠤᠯᠤᠮᠵᠢ ᠨᠤᠭᠤᠳ | ᠦᠢᠯᠡᠴᠢᠯᠡᠭᠡᠨ ᠤ ᠬᠡᠯᠡᠯᠴᠡᠭᠡᠷ ᠢ ᠴᠢᠩᠭ᠎ᠠ ᠭᠦᠢᠴᠡᠳᠬᠡᠵᠦ᠂ ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠬᠢᠨᠠᠨ ᠬᠠᠮᠢᠶᠠᠷᠤᠯᠲᠠ ᠪᠠᠨ ᠴᠢᠩᠭᠠᠳᠬᠠᠬᠤ ᠶᠢᠨ ᠬᠠᠮᠲᠤ ᠬᠢᠨᠠᠯᠲᠠ | ᠲᠠᠯᠪᠢᠬᠤ ᠠᠷᠭ᠎ᠠ ᠵᠠᠮ ᠢᠶᠠᠨ ᠥᠷᠭᠡᠳᠬᠡᠨ᠂ ᠬᠢᠨᠠᠯᠲᠠ ᠲᠠᠯᠪᠢᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ | ᠨᠡᠶᠢᠭᠡᠮ ᠤᠨ ᠡᠯ᠎ᠡ ᠡᠲᠡᠭᠡᠳ ᠤᠨ ᠬᠢᠨ ᠢ ᠡᠮ ᠡᠮᠨᠡᠯᠭᠡ ᠶᠢᠨ ᠳᠠᠭᠠᠳᠬᠠᠯ ᠤᠨ ᠬᠢᠨᠠᠯᠲᠠ ᠲᠠᠯᠪᠢᠬᠤ ᠳᠤ ᠳᠠᠶᠢᠴᠢᠯᠠᠨ | ᠣᠷᠣᠯᠴᠠᠭᠤᠯᠬᠤ ᠶᠢ ᠱᠠᠭᠠᠷᠳᠠᠪᠠ᠃ | ᠣᠶᠢᠯᠠᠭᠠᠭᠰᠠᠨ ᠢᠶᠠᠷ᠂ ᠣᠳᠣᠬᠠᠨ ᠳᠤ ᠪᠦᠬᠦ ᠤᠯᠤᠰ ᠤᠨ ᠬᠤᠲᠠ ᠪᠠᠯᠭᠠᠰᠤᠨ ᠤ ᠦᠨᠳᠦᠰᠦᠨ ᠡᠮ | ᠡᠮᠨᠡᠯᠭᠡ ᠶᠢᠨ ᠲᠣᠭᠲᠠᠭᠰᠠᠨ ᠴᠢᠭ᠋ ᠤᠨ ᠡᠮ ᠡᠮᠨᠡᠯᠭᠡ ᠶᠢᠨ ᠪᠠᠶᠢᠭᠤᠯᠤᠮᠵᠢ ᠨᠢ ᠨᠢᠭᠡᠨᠲᠡ 30 ᠲᠥᠮᠡᠨ ᠡᠷᠦᠬᠡ ᠶᠢ | ᠳᠠᠪᠠᠵᠤ᠂ ᠳᠠᠭᠠᠳᠬᠠᠯ ᠳᠤ ᠣᠷᠣᠯᠴᠠᠭᠰᠠᠨ ᠬᠥᠮᠦᠰ ᠤᠨ ᠡᠮᠨᠡᠭᠦᠯᠬᠦ᠂ ᠡᠮ ᠤᠨ ᠵᠦᠢᠯ ᠢ ᠬᠤᠳᠠᠯᠳᠤᠨ ᠠᠪᠬᠤ | ᠬᠡᠷᠡᠭᠴᠡᠭᠡ ᠶᠢ ᠦᠨᠳᠦᠰᠦᠨ ᠳᠡᠭᠡᠨ ᠬᠠᠩᠭᠠᠵᠤ ᠳᠡᠶᠢᠯᠪᠡ᠃ ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠨ ᠬᠡᠷᠡᠭᠵᠢᠭᠦᠯᠦᠭᠰᠡᠨ ︽ᠬᠤᠶᠠᠷ ᠢ ᠲᠣᠭᠲᠠᠭᠠᠬᠤ︾ ᠬᠢᠷᠢ ᠬᠡᠮ ᠤᠨ ᠬᠢᠨᠠᠨ ᠪᠠᠶᠢᠴᠠᠭᠠᠯᠲᠠ ᠶᠢ | ᠬᠦᠴᠦᠨ ᠦᠭᠡᠶ ᠪᠣᠯᠭᠠᠵᠤ᠂ ᠲᠣᠭᠲᠠᠭᠰᠠᠨ ᠴᠢᠭ᠋ ᠤᠨ ᠡᠮ ᠡᠮᠨᠡᠯᠭᠡ ᠶᠢᠨ ᠪᠠᠶᠢᠭᠤᠯᠤᠮᠵᠢ ᠶᠢ ᠲᠣᠭᠲᠠᠭᠠᠬᠤ | ᠵᠠᠩᠭᠢᠯᠠᠭ᠎ᠠ ᠶᠢ ᠳᠥᠭᠦᠮᠴᠢᠯᠡᠬᠦ ᠨᠢ ᠦᠢᠯᠡᠴᠢᠯᠡᠭᠡᠨ ᠤ ᠶᠠᠰᠤ ᠴᠢᠨᠠᠷ ᠢᠶᠠᠷ ᠰᠠᠶᠢᠨ᠂ ᠦᠨ᠎ᠡ ᠬᠠᠩᠰᠢ ᠨᠢ ᠵᠦᠢ | ᠵᠣᠬᠢᠰᠲᠠᠶ᠂ ᠬᠠᠮᠢᠶᠠᠷᠤᠯᠲᠠ ᠨᠢ ᠵᠢᠷᠤᠮᠵᠢᠭᠰᠠᠨ ᠨᠡᠩ ᠣᠯᠠᠨ ᠡᠮ ᠡᠮᠨᠡᠯᠭᠡ ᠶᠢᠨ ᠪᠠᠶᠢᠭᠤᠯᠤᠮᠵᠢ ᠶᠢ ᠡᠮ ᠡᠮᠨᠡᠯᠭᠡ ᠶᠢᠨ | ᠳᠠᠭᠠᠳᠬᠠᠯ ᠤᠨ ᠬᠡᠯᠡᠯᠴᠡᠭᠡᠷ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠳᠤ ᠣᠷᠤᠭᠤᠯᠵᠤ᠂ ᠥᠷᠭᠡᠨ ᠤᠯᠠᠨ | ᠳᠠᠭᠠᠳᠬᠠᠯ ᠳᠤ ᠣᠷᠣᠯᠴᠠᠭᠰᠠᠳ ᠡᠮ ᠡᠮᠨᠡᠯᠭᠡ ᠡᠷᠡᠭᠦᠯ ᠬᠠᠮᠠᠭᠠᠯᠠᠯ ᠤᠨ ᠨᠡᠩ ᠴᠢᠨᠠᠷ ᠰᠠᠶᠢᠲᠠᠶ᠂ ᠳᠥᠭᠦᠮ ᠳᠥᠲᠡ | ᠦᠢᠯᠡᠴᠢᠯᠡᠭᠡ ᠬᠦᠷᠲᠡᠬᠦ ᠳᠤ ᠠᠰᠢᠭᠲᠠᠢ ᠪᠣᠯᠣᠨ᠎ᠠ᠃ | | |