ᠡᠨᠡ ᠵᠢᠯ ᠤᠨ ᠲᠦᠷᠦᠭᠦᠦ 11 ᠰᠠᠷ᠎ᠠ ᠳᠤ᠂ ᠥᠪᠥᠷ ᠮᠣᠩᠭᠤᠯ ᠤᠨ ᠡᠳ᠋ ᠤᠨ ᠵᠠᠰᠠᠭ ᠤᠨ | ᠣᠷᠣᠯᠭ᠎ᠠ ᠲᠣᠭᠲᠠᠭᠤᠨ ᠢᠶᠠᠷ ᠨᠡᠮᠡᠭᠳᠡᠬᠦ ᠶᠢ ᠪᠠᠷᠢᠮᠲᠠᠯᠠᠪᠠ᠃ ᠲᠦᠷᠦᠭᠦᠦ 11 ᠰᠠᠷ᠎ᠠ ᠳᠤ᠂ ᠪᠦᠬᠦ ᠣᠷᠣᠨ ᠤ ᠡᠩ ᠤᠨ | ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ 1709.01 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠵᠢᠯ ᠤᠨ ᠲᠥᠰᠥᠪ ᠤᠨ 87.5% ᠶᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 100 ᠳ᠋ᠦᠩᠰᠢᠭᠤᠷ ᠲᠥᠭᠦᠷᠢᠭ ᠴᠡᠪᠡᠷ ᠨᠡᠮᠡᠭᠳᠡᠵᠡᠢ︔ ᠠᠳᠠᠯᠢ ᠬᠤᠭᠤᠴᠠᠭᠠᠨ ᠤ | ᠬᠢ ᠠᠴᠠ 6.2% ᠪᠠᠷ ᠨᠡᠮᠡᠭᠳᠡᠵᠦ᠂ ᠵᠢᠱᠢᠭᠰᠡᠨ ᠨᠡᠮᠡᠭᠳᠡᠯ ᠤᠨ ᠬᠤᠷᠳᠤᠴᠠ ᠠᠴᠠ 0.2 ᠵᠠᠭᠤᠨ ᠤ ᠴᠡᠭ ᠳᠡᠭᠡᠭᠦᠷ | ᠪᠣᠯᠵᠠᠢ᠃ | ᠢᠷᠡᠯᠲᠡ ᠠᠴᠠ ᠦᠵᠡᠪᠡᠯ᠂ ᠭᠠᠶᠢᠯᠢ ᠶᠢᠨ ᠣᠷᠣᠯᠭ᠎ᠠ ᠪᠠ ᠭᠠᠶᠢᠯᠢ ᠶᠢᠨ ᠪᠤᠰᠤ ᠣᠷᠣᠯᠭ᠎ᠠ ᠶᠢᠨ ᠨᠡᠮᠡᠭᠳᠡᠯ ᠨᠡᠩ | ᠲᠡᠩᠴᠡᠭᠦᠷᠢᠰᠢᠬᠦ ᠬᠠᠨᠳᠤᠯᠭ᠎ᠠ ᠲᠠᠢ ᠪᠣᠯᠵᠤ᠂ ᠭᠠᠶᠢᠯᠢ ᠶᠢᠨ ᠪᠤᠰᠤ ᠣᠷᠣᠯᠭ᠎ᠠ 547.59 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ 6.8% ᠪᠠᠷ ᠨᠡᠮᠡᠭᠳᠡᠵᠡᠢ︔ ᠭᠠᠶᠢᠯᠢ ᠶᠢᠨ ᠣᠷᠣᠯᠭ᠎ᠠ 1161.41 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ 6% ᠪᠠᠷ ᠨᠡᠮᠡᠭᠳᠡᠵᠦ᠂ ᠭᠠᠶᠢᠯᠢ ᠶᠢᠨ ᠪᠤᠰᠤ ᠣᠷᠣᠯᠭ᠎ᠠ ᠶᠢᠨ ᠨᠡᠮᠡᠭᠳᠡᠯ ᠤᠨ | ᠬᠤᠷᠳᠤᠴᠠ ᠲᠠᠢ 0.8 ᠵᠠᠭᠤᠨ ᠤ ᠴᠡᠭ ᠵᠥᠷᠢᠵᠦ ᠪᠣᠢ᠃ ᠵᠠᠷᠤᠯᠭ᠎ᠠ ᠠᠴᠠ ᠦᠵᠡᠪᠡᠯ᠂ ᠮᠠᠨ ᠤ ᠣᠷᠣᠨ ᠤ ᠡᠳ᠋ ᠤᠨ | ᠵᠠᠰᠠᠭ ᠤᠨ ᠵᠠᠷᠤᠯᠭ᠎ᠠ ᠶᠢᠨ ᠨᠡᠮᠡᠭᠳᠡᠯ ᠳᠡᠭᠡᠳᠦ ᠬᠡᠮᠵᠢᠶ᠎ᠡ ᠪᠠᠷ ᠲᠣᠭᠲᠠᠪᠤᠷᠢᠵᠢᠬᠤ ᠬᠠᠨᠳᠤᠰᠢ ᠲᠠᠢ ᠪᠠᠶᠢᠵᠤ᠂ ᠲᠦᠷᠦᠭᠦᠦ | 11 ᠰᠠᠷ᠎ᠠ ᠳᠤ᠂ ᠪᠦᠬᠦ ᠣᠷᠣᠨ ᠤ ᠡᠩ ᠤᠨ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ | ᠵᠠᠷᠤᠯᠭ᠎ᠠ 3785.44 ᠳ᠋ᠦᠩᠰᠢᠭᠤᠷ ᠲᠥᠭᠦᠷᠢᠭ ᠲᠤ ᠬᠦᠷᠴᠦ᠂ 21% ᠪᠠᠷ ᠨᠡᠮᠡᠭᠳᠡᠵᠡᠢ᠃ ᠡᠭᠦᠨ ᠳᠤ᠂ 8 | ᠲᠥᠷᠥᠯ ᠤᠨ ᠴᠢᠬᠤᠯᠠ ᠵᠠᠷᠤᠯᠭ᠎ᠠ ︵ᠡᠩ ᠤᠨ ᠤᠯᠠᠨ ᠨᠡᠶᠢᠲᠡ ᠶᠢᠨ ᠦᠢᠯᠡᠴᠢᠯᠡᠭᠡ᠂ ᠤᠯᠠᠨ ᠨᠡᠶᠢᠲᠡ ᠶᠢᠨ ᠠᠮᠤᠷ | ᠲᠦᠪᠰᠢᠨ᠂ ᠰᠤᠷᠭᠠᠨ ᠬᠥᠮᠥᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠨᠡᠶᠢᠭᠡᠮ ᠤᠨ ᠪᠠᠲᠤᠯᠠᠭ᠎ᠠ ᠪᠠ ᠠᠵᠢᠯ | ᠣᠯᠭᠤᠯᠲᠠ᠂ ᠡᠮ ᠡᠮᠨᠡᠯᠭᠡ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ᠂ ᠡᠨᠧᠷᠭᠢ ᠠᠷᠪᠢᠯᠠᠵᠤ ᠣᠷᠴᠢᠨ | ᠲᠤᠭᠤᠷᠢᠨ ᠢ ᠬᠠᠮᠠᠭᠠᠯᠠᠬᠤ᠂ ᠬᠤᠲᠠ ᠬᠥᠳᠡᠭᠡ ᠨᠡᠶᠢᠭᠡᠮ ᠲᠣᠭᠤᠷᠢᠭ ᠢ ᠪᠠᠭᠲᠠᠭᠠᠨ᠎ᠠ︶ 2422.83 ᠳ᠋ᠦᠩᠰᠢᠭᠤᠷ | ᠲᠥᠭᠦᠷᠢᠭ ᠲᠤ ᠬᠦᠷᠴᠦ᠂ 20.2% ᠢᠶᠠᠷ ᠨᠡᠮᠡᠭᠳᠡᠵᠡᠢ᠃ ᠡᠭᠦᠨ ᠠᠴᠠ ᠭᠠᠳᠠᠨ᠎ᠠ᠂ ᠴᠢᠬᠤᠯᠠ ᠵᠠᠷᠤᠳᠠᠯ ᠤᠨ | ᠲᠥᠷᠥᠯ ᠳᠤ ᠪᠠᠰᠠ ᠳᠣᠷᠣᠭᠰᠢ ᠪᠠᠭᠤᠯᠭᠠᠭᠰᠠᠨ ᠬᠤᠶᠠᠳᠤᠭᠠᠷ ᠪᠦᠯᠦᠭ ᠤᠨ ᠳᠣᠣᠷ᠎ᠠ ᠪᠠᠲᠤᠯᠠᠭᠠᠲᠤ ᠨᠥᠬᠦᠪᠦᠷᠢ ᠶᠢᠨ | ᠪᠡᠯᠡ ᠮᠥᠩᠭᠦ ᠶᠢ ᠪᠠᠭᠲᠠᠭᠠᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠭᠠᠲᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢᠨ ᠨᠥᠬᠦᠪᠦᠷᠢ ᠪᠡᠯᠡ ᠮᠥᠩᠭᠦ ᠶᠢ ᠴᠠᠭ ᠳᠠᠷᠤᠢ ᠳᠤᠨᠢ ᠲᠤᠭ᠎ᠠ ᠶᠣᠰᠣᠭᠠᠷ ᠳᠣᠣᠷ᠎ᠠ | ᠪᠠᠲᠤᠯᠠᠭᠠᠲᠤ ᠬᠥᠮᠥᠰ ᠤᠨ ᠭᠠᠷ ᠲᠤ ᠣᠷᠣᠭᠤᠯᠬᠤ ᠶᠢ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ | ᠣᠷᠣᠨ ᠣᠶᠢᠷ᠎ᠠ ᠶᠢᠨ ᠬᠤᠭᠤᠴᠠᠭ᠎ᠠ ᠳᠤ ᠬᠤᠶᠠᠳᠤᠭᠠᠷ ᠪᠦᠯᠦᠭ ᠤᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠶᠢᠨ ᠪᠡᠯᠡ ᠮᠥᠩᠭᠦ ᠶᠢ 2.86 ᠳ᠋ᠦᠩᠰᠢᠭᠤᠷ ᠲᠥᠭᠦᠷᠢᠭ ᠳᠣᠷᠣᠭᠰᠢ ᠪᠠᠭᠤᠯᠭᠠᠪᠠ᠃ ᠤᠳᠤᠬᠠᠨ | ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ 2015 ᠣᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠡᠯᠡ ᠮᠥᠩᠭᠦ ᠶᠢ 36.63 ᠳ᠋ᠦᠩᠰᠢᠭᠤᠷ ᠲᠥᠭᠦᠷᠢᠭ | ᠳᠤᠷᠤᠭᠰᠢ ᠪᠠᠭᠤᠯᠭᠠᠵᠦ᠂190 ᠲᠦᠮᠡ ᠰᠢᠬᠠᠮ ᠬᠤᠲᠠ ᠬᠥᠳᠡᠭᠡ ᠶᠢᠨ ᠳᠣᠣᠷ᠎ᠠ ᠪᠠᠲᠤᠯᠠᠭᠠᠲᠤ ᠬᠥᠮᠥᠰ ᠠᠰᠢᠭ | ᠬᠦᠷᠲᠡᠪᠡ᠃ |