2016 ᠣᠨ ᠤ ᠳᠡᠭᠡᠳᠦ ᠰᠤᠷᠭᠠᠭᠤᠯᠢ ᠶᠢᠨ ᠡᠯᠰᠡᠬᠦ ᠰᠢᠯᠭᠠᠯᠲᠠ ᠶᠢᠨ ᠪᠡᠶ᠎ᠡ ᠶᠢᠨ ᠲᠠᠮᠢᠷ ᠤᠨ ᠡᠯᠰᠡᠬᠦ ᠲᠦᠷᠦ ᠶᠢᠨ ᠪᠤᠳᠤᠯᠭ᠎ᠠ ᠳᠤ 5 ᠬᠤᠪᠢᠷᠠᠯᠲᠠ ᠭᠠᠷᠪᠠ
ᠨᠡᠶᠢᠲᠡᠯᠡᠭᠰᠡᠨ ᠴᠠᠭ᠄
2015/12/24
      ᠮᠠᠨ ᠤ ᠣᠷᠣᠨ ᠤ 2016 ᠣᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ᠂ ᠵᠡᠪᠰᠡᠭ ᠤᠨ ᠡᠷᠳᠡᠮ ᠪᠣᠯᠤᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠰᠤᠷᠤᠭᠴᠢ ᠡᠯᠰᠡᠬᠦ ︵ᠪᠡᠶ᠎ᠡ ᠶᠢᠨ ᠲᠠᠮᠢᠷ ᠤᠨ ᠳᠠᠩ ᠡᠯᠰᠡᠯᠲᠡ ᠭᠡᠵᠦ ᠲᠣᠪᠴᠢᠯᠠᠨ᠎ᠠ︶ ᠲᠦᠷᠦ ᠶᠢᠨ ᠪᠤᠳᠤᠯᠭ᠎ᠠ ᠳᠤ 5 ᠰᠢᠨ᠎ᠡ ᠬᠤᠪᠢᠷᠠᠯᠲᠠ ᠭᠠᠷᠪᠠ᠃      ᠡᠳᠡᠭᠡᠷ ᠬᠤᠪᠢᠷᠠᠯᠲᠠ ᠳᠤ ᠳ᠋ᠠᠯᠢᠶᠠᠨ ᠤ ᠪᠠᠶᠢᠭᠠᠯᠢ ᠶᠢᠨ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ᠂ ᠬᠤᠨᠠᠨ ᠮᠤᠵᠢ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠪᠠᠷᠠᠭᠤᠨ ᠡᠮᠦᠨᠡᠲᠦ ᠶᠢᠨ ᠦᠨᠳᠦᠰᠦᠲᠡᠨ ᠤ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ᠵᠡᠷᠭᠡ ᠰᠤᠷᠤᠭᠴᠢ ᠡᠯᠰᠡᠬᠦ 4 ᠶᠡᠭᠡ ᠰᠤᠷᠭᠠᠭᠤᠯᠢ ᠶᠢ ᠨᠡᠮᠡᠭᠳᠡᠭᠦᠯᠦᠨ᠎ᠡ︔ ᠰᠢᠯᠭᠠᠭᠤᠯᠤᠭᠴᠢᠳ ᠰᠤᠷᠤᠭᠴᠢ ᠡᠯᠰᠡᠬᠦ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠲᠣᠪᠴᠢ ᠳᠦᠷᠢᠮ ᠳᠤ ᠨᠡᠶᠢᠲᠡᠯᠡᠭᠰᠡᠨ ᠲᠤᠰᠬᠠᠶ ᠮᠡᠷᠭᠡᠵᠢᠯ ᠤᠨ ᠰᠢᠯᠭᠠᠯᠲᠠ ᠶᠢᠨ ᠴᠠᠭ ᠢ ᠦᠨᠳᠦᠰᠦᠯᠡᠨ᠂ ᠰᠤᠷᠤᠭᠴᠢ ᠡᠯᠰᠡᠬᠦ 2 ᠯᠠ ᠰᠤᠷᠭᠠᠭᠤᠯᠢ ᠶᠢ ᠵᠣᠬᠢᠰᠲᠠᠢ ᠪᠠᠷ ᠰᠣᠩᠭᠤᠨ ᠨᠡᠷ᠎ᠡ ᠮᠡᠳᠡᠭᠦᠯᠬᠦ ᠪᠥᠭᠡᠳ ᠡᠷᠡᠮᠡᠯᠵᠡᠯ ᠤᠨ ᠳᠡᠰ ᠳᠠᠷᠠᠭᠠᠯᠠᠯ ᠢᠶᠠᠨ ᠰᠠᠶᠢᠳᠤᠷ ᠲᠣᠭᠲᠠᠭᠠᠨ᠎ᠠ᠂ ᠰᠤᠷᠤᠭᠴᠢ ᠡᠯᠰᠡᠬᠦ ᠶᠡᠭᠡ ᠳᠡᠭᠡᠳᠦ ᠰᠤᠷᠭᠠᠭᠤᠯᠢ ᠲᠠᠭᠯᠠᠨ ᠮᠡᠳᠡᠭᠦᠯᠦᠭᠰᠡᠨ ᠡᠷᠡᠮᠡᠯᠵᠡᠯ ᠤᠨ ᠳᠡᠰ ᠳᠠᠷᠠᠭ᠎ᠠ ᠶᠢ ᠦᠨᠳᠦᠰᠦᠯᠡᠨ ᠡᠯᠰᠡᠨ᠎ᠡ︔ ᠭᠤᠯᠪ ᠪᠥᠮᠪᠦᠭᠡ᠂ ᠤᠰᠤᠨ ᠳᠤ ᠬᠠᠷᠠᠶᠢᠬᠤ᠂ ᠰᠡᠯᠢᠭᠦᠷ ᠲᠤᠯᠤᠮ ᠣᠩᠭᠤᠴᠠ᠂ ᠤᠷᠤᠯᠳᠤᠭᠠᠨ ᠤ ᠵᠠᠪᠢ᠂ ᠮᠢᠭᠮᠠᠨ ᠰᠢᠲᠠᠷ᠎ᠠ᠂ ᠣᠯᠠᠨ ᠤᠯᠤᠰ ᠤᠨ ᠰᠢᠲᠠᠷ᠎ᠠ ᠵᠡᠷᠭᠡ ᠲᠥᠷᠥᠯ ᠵᠦᠢᠯ ᠢ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠱᠠᠭᠠᠷᠳᠠᠯᠭ᠎ᠠ ᠶᠣᠰᠣᠭᠠᠷ ᠨᠢᠭᠡᠳᠦᠯᠲᠡᠶ ᠵᠣᠬᠢᠶᠠᠨ ᠪᠠᠶᠢᠭᠤᠯᠵᠤ ᠰᠢᠯᠭᠠᠨ᠎ᠠ︔ ᠰᠣᠶᠣᠯ ᠤᠨ ᠬᠢᠴᠢᠶᠡᠯ ᠤᠨ ᠬᠢᠷᠢ ᠪᠦᠲᠦᠮᠵᠢ ᠶᠢᠨ ᠬᠠᠮᠤᠭ ᠳᠣᠣᠷ᠎ᠠ ᠡᠯᠰᠡᠬᠦ ᠬᠢᠵᠠᠭᠠᠷᠯᠠᠬᠤ ᠬᠤᠪᠢ ᠨᠢ ᠶᠡᠷᠦᠩᠬᠡᠢ ᠬᠤᠪᠢ ︵ᠪᠦᠷᠢᠨ ᠬᠤᠪᠢ 600 ᠬᠤᠪᠢ︶᠎ ᠶᠢᠨ 30 %᠎ ᠠᠴᠠ ᠳᠣᠣᠷ᠎ᠠ ᠪᠠᠶᠢᠵᠤ ᠪᠣᠯᠬᠤ ᠦᠭᠡᠢ᠂ ᠡᠨᠡ ᠬᠦ ᠰᠠᠭᠤᠷᠢᠨ ᠳᠡᠭᠡᠷ᠎ᠡ᠂ ᠡᠯ᠎ᠡ ᠰᠤᠷᠤᠭᠴᠢ ᠡᠯᠰᠡᠬᠦ ᠶᠡᠭᠡ ᠳᠡᠭᠡᠳᠦ ᠰᠤᠷᠭᠠᠭᠤᠯᠢ ᠪᠣᠳᠠᠲᠤ ᠪᠠᠶᠢᠳᠠᠯ ᠢᠶᠠᠨ ᠦᠨᠳᠦᠰᠦᠯᠡᠵᠦ ᠪᠠᠶᠢᠭᠠᠳ ᠲᠤᠰ ᠰᠤᠷᠭᠠᠭᠤᠯᠢ ᠶᠢᠨ ᠰᠣᠶᠣᠯ ᠤᠨ ᠬᠢᠷᠢ ᠪᠦᠲᠦᠮᠵᠢ ᠪᠣᠯᠤᠨ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠬᠢᠷᠢ ᠪᠦᠲᠦᠮᠵᠢ ᠶᠢᠨ ᠡᠯᠰᠡᠬᠦ ᠲᠦᠷᠢᠮ ᠢ ᠶᠡᠷᠦᠩᠬᠡᠶᠢᠯᠡᠨ ᠲᠣᠭᠲᠠᠭᠠᠵᠤ᠂ ᠲᠥᠷᠥᠯ ᠬᠤᠪᠢᠶᠠᠨ ᠰᠢᠯᠭᠠᠭᠤᠯᠤᠭᠴᠢ ᠶᠢᠨ ᠲᠠᠭᠯᠠᠨ ᠮᠡᠳᠡᠭᠦᠯᠦᠭᠰᠡᠨ ᠡᠷᠡᠮᠡᠯᠵᠡᠯ ᠤᠨ ᠳᠡᠰ ᠳᠠᠷᠠᠭᠠᠯᠠᠯ ᠢᠶᠠᠷ ᠰᠢᠯᠢᠳᠡᠭ ᠢ ᠨᠢ ᠰᠣᠩᠭᠤᠵᠤ ᠡᠯᠰᠡᠨ᠎ᠡ︔ ᠨᠢᠭᠡᠳᠦᠭᠡᠷ ᠳᠡᠰ ᠤᠨ ᠲᠠᠮᠢᠷᠴᠢᠨ᠂ ᠠᠪᠤᠷᠭᠤ ᠳᠡᠰ ᠤᠨ ᠲᠠᠮᠢᠷᠴᠢᠨ ᠤ ᠬᠤᠪᠢ ᠨᠡᠮᠡᠬᠦ ᠲᠥᠷᠥ ᠶᠢᠨ ᠪᠣᠳᠣᠯᠭ᠎ᠠ ᠶᠢ ᠬᠦᠴᠦᠨ ᠦᠭᠡᠢ ᠪᠣᠯᠭᠠᠵᠤ᠂ ᠨᠢᠭᠡᠳᠦᠭᠡᠷ ᠳᠡᠰ ᠤᠨ ᠲᠠᠮᠢᠷᠴᠢᠨ ᠢ ᠰᠤᠷᠭᠠᠭᠤᠯᠢ ᠶᠢᠨ ᠰᠣᠶᠣᠯ ᠤᠨ ᠬᠢᠵᠠᠭᠠᠷᠯᠠᠬᠤ ᠱᠤᠭᠤᠮ ᠠᠴᠠ 30 ᠬᠤᠪᠢ ᠪᠠᠭᠤᠷᠠᠭᠤᠯᠤᠨ ᠡᠯᠰᠡᠬᠦ ᠪᠠ ᠠᠪᠤᠷᠭᠤ ᠳᠡᠰ ᠤᠨ ᠲᠠᠮᠢᠷᠴᠢᠨ ᠢ ᠰᠤᠷᠭᠠᠭᠤᠯᠢ ᠶᠢᠨ ᠰᠣᠶᠣᠯ ᠤᠨ ᠬᠢᠵᠠᠭᠠᠷᠯᠠᠬᠤ ᠱᠤᠭᠤᠮ ᠠᠴᠠ 50 ᠬᠤᠪᠢ ᠪᠠᠭᠤᠷᠠᠭᠤᠯᠤᠨ ᠡᠯᠰᠡᠬᠦ ᠪᠠᠷ ᠥᠭᠡᠷᠡᠴᠢᠯᠡᠵᠦ ᠪᠣᠯᠬᠤ ᠵᠡᠷᠭᠡ ᠪᠠᠭᠲᠠᠨ᠎ᠠ᠃      ᠣᠶᠢᠯᠠᠭᠠᠭᠰᠠᠨ ᠢᠶᠠᠷ᠂ 2016 ᠣᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ᠂ ᠵᠡᠪᠰᠡᠭ ᠤᠨ ᠡᠷᠳᠡᠮ ᠪᠣᠯᠤᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠰᠤᠷᠤᠭᠴᠢ ᠡᠯᠰᠡᠬᠦ ᠡᠪᠦᠯ ᠤᠨ ᠤᠯᠠᠷᠢᠯ ᠤᠨ ᠲᠥᠷᠥᠯ ᠳᠤ 2016 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ 1 ᠳ᠋ᠦ᠋ᠭᠡᠷ ᠰᠠᠷ᠎ᠠ ᠶᠢᠨ15᠎ ᠤ ᠡᠳᠦᠷ ᠪᠣᠯᠲᠠᠯ᠎ᠠ ᠨᠡᠷ᠎ᠡ ᠮᠡᠳᠡᠭᠦᠯᠦᠨ᠎ᠡ︔ ᠪᠤᠰᠤᠳ ᠲᠥᠷᠥᠯ ᠳᠤ 2016 ᠣᠨ ᠤ 3 ᠳ᠋ᠤᠭᠠᠷ ᠰᠠᠷ᠎ᠠ ᠶᠢᠨ 1᠎ ᠤ ᠡᠳᠦᠷ ᠠᠴᠠ 3 ᠳ᠋ᠤᠭᠠᠷ ᠰᠠᠷ᠎ᠠ ᠶᠢᠨ 15᠎ ᠤ ᠡᠳᠦᠷ ᠪᠣᠯᠲᠠᠯ᠎ᠠ ᠨᠡᠷ᠎ᠡ ᠮᠡᠳᠡᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号