ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ | ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠢᠨᠠᠨ ᠬᠡᠮᠵᠢᠯᠲᠡ ᠶᠢᠨ ᠰᠢᠰᠲ᠋ᠧᠮ ᠤᠨ ᠲᠤᠭ᠎ᠠ | ᠪᠠᠷᠢᠮᠲᠠ ᠠᠴᠠ ᠦᠵᠡᠪᠡᠯ᠂ ᠳᠡᠭᠡᠷ᠎ᠡ ᠭᠠᠷᠠᠭ ᠲᠤ ᠥᠪᠡᠷᠲᠡᠭᠡᠨ ᠵᠠᠰᠠᠬᠤ ᠣᠷᠣᠨ ᠤ ᠠᠮᠢᠳᠤᠷᠠᠯ ᠤᠨ ᠴᠢᠬᠤᠯᠠ | ᠬᠡᠷᠡᠭᠴᠡᠭᠡᠨ ᠤ ᠵᠦᠢᠯ ᠤᠨ ᠦᠨ᠎ᠡ ᠬᠠᠨᠭ᠍ᠰᠢ ᠨᠢ ᠪᠠᠭ᠎ᠠ ᠬᠡᠯᠪᠡᠯᠵᠡᠵᠤ᠂ ᠠᠮᠤ ᠲᠤᠰᠤ ᠢᠳᠡᠰᠢᠨ ᠨᠣᠭᠤᠭ᠎ᠠ ᠶᠢᠨ ᠦᠨ᠎ᠡ | ᠦᠰᠴᠦ᠂ ᠮᠢᠬ᠎ᠠ ᠥᠨᠳᠡᠭᠡ ᠶᠢᠨ ᠵᠦᠢᠯ ᠤᠨ ᠦᠨ᠎ᠡ ᠪᠠᠭᠤᠷᠠᠪᠠ᠃ ᠳᠡᠭᠡᠷ᠎ᠡ ᠭᠠᠷᠠᠭ ᠲᠤ ᠥᠪᠡᠷᠲᠡᠭᠡᠨ ᠵᠠᠰᠠᠬᠤ | ᠣᠷᠣᠨ ᠤ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠨᠢ ᠬᠦᠢᠴᠡᠳ ᠪᠠᠶᠢᠵᠤ᠂ ᠦᠨ᠎ᠡ ᠬᠠᠩᠰᠢᠨ ᠳᠤ | ᠵᠢᠭᠠᠬᠠᠨ ᠲᠣᠬᠢᠷᠠᠭᠤᠯᠤᠯᠲᠠ ᠬᠢᠵᠤ᠂ ᠠᠮᠤ ᠪᠤᠳᠠᠭᠠᠨ ᠤ ᠵᠢᠵᠢᠭᠯᠡᠨ ᠬᠤᠳᠠᠯᠳᠤᠬᠤ ᠳᠤᠮᠳᠠᠴᠢ ᠦᠨ᠎ᠡ 5.89 | ᠲᠥᠭᠦᠷᠢᠭ / ᠺᠢᠯᠣᠭ᠍ᠷᠠᠮ ᠪᠠᠶᠢᠵᠤ᠂ ᠳᠡᠭᠡᠷ᠎ᠡ ᠰᠠᠷ᠎ᠠ ᠶᠢᠨ ᠬᠢ ᠠᠴᠠ 0.34% ᠪᠠᠷ ᠦᠰᠪᠡ︔ ᠢᠳᠡᠰᠢᠨ ᠲᠤᠰᠤ | ᠵᠢᠵᠢᠭᠯᠡᠨ ᠬᠤᠳᠠᠯᠳᠤᠬᠤ ᠳᠤᠮᠳᠠᠴᠢ ᠦᠨ᠎ᠡ 16.7 ᠲᠥᠭᠦᠷᠢᠭ / ᠺᠢᠯᠣᠭ᠍ᠷᠠᠮ ᠪᠠᠶᠢᠵᠤ᠂ ᠳᠡᠭᠡᠷ᠎ᠡ | ᠰᠠᠷ᠎ᠠ ᠶᠢᠨ ᠬᠢ ᠠᠴᠠ 8.37% ᠪᠠᠷ ᠦᠰᠪᠡ︔ ᠵᠢᠱᠢᠯᠲᠡ ᠪᠠᠷ ᠣᠬᠤᠷ ᠬᠤᠭᠤᠴᠠᠭᠠᠨ ᠤ ᠳᠣᠲᠣᠷ᠎ᠠ ᠠᠮᠤ | ᠲᠤᠰᠤ ᠶᠢᠨ ᠵᠠᠬ᠎ᠠ ᠳᠡᠯᠭᠡᠭᠦᠷ ᠤᠨ ᠦᠨ᠎ᠡ ᠲᠤᠭᠲᠠᠪᠤᠷᠢᠲᠠᠢ ᠪᠠᠶᠢᠬᠤ ᠪᠠᠷ ᠭᠤᠤᠯᠯᠠᠨ᠎ᠠ᠃ ᠣᠶᠢᠷ᠎ᠠ ᠶᠢᠨ | ᠬᠤᠭᠤᠴᠠᠭᠠᠨ ᠳᠤ ᠤᠷᠤᠨ ᠨᠤᠲᠤᠭ ᠤᠨ ᠭᠠᠭ᠋ᠠᠶ ᠶᠢᠨ ᠮᠢᠬ᠎ᠠ ᠵᠠᠬ᠎ᠠ ᠳᠡᠯᠭᠡᠭᠦᠷ ᠲᠤ ᠭᠠᠷᠴᠤ᠂ ᠦᠬᠡᠷ ᠬᠤᠨᠢ | ᠪᠣᠷᠣᠯᠠᠭᠤᠯᠬᠤ ᠬᠡᠮᠵᠢᠶ᠎ᠡ ᠨᠡᠮᠡᠭᠳᠡᠵᠦ᠂ ᠦᠨ᠎ᠡ ᠨᠢ ᠵᠢᠭᠠᠬᠠᠨ ᠪᠠᠭᠤᠷᠠᠵᠤ᠂ ᠵᠢᠵᠢᠭᠯᠡᠨ ᠬᠤᠳᠠᠯᠳᠤᠬᠤ ᠳᠤᠮᠳᠠᠴᠢ | ᠦᠨ᠎ᠡ 39.74 ᠲᠥᠭᠦᠷᠢᠭ / ᠺᠢᠯᠣᠭ᠍ᠷᠠᠮ ᠪᠠᠶᠢᠵᠤ᠂ ᠳᠡᠭᠡᠷ᠎ᠡ ᠰᠠᠷ᠎ᠠ ᠶᠢᠨ ᠬᠢ ᠠᠴᠠ 9.08% ᠪᠠᠷ ᠪᠠᠭᠤᠷᠠᠪᠠ︔ | ᠵᠢᠱᠢᠯᠲᠡ ᠪᠠᠷ ᠰᠢᠨ᠎ᠡ ᠵᠢᠯ ᠤᠨ ᠪᠠᠶᠠᠷ ᠤᠨ ᠡᠳᠦᠷ ᠤᠨ ᠨᠦᠯᠦᠭᠡᠯᠡᠯ ᠠᠴᠠ ᠪᠤᠯᠵᠤ᠂ ᠮᠢᠬᠠᠨ ᠤ ᠵᠦᠢᠯ ᠤᠨ ᠦᠨ᠎ᠡ | ᠬᠠᠩᠰᠢ ᠶᠢᠨ ᠪᠠᠭᠤᠷᠠᠯᠲᠠ ᠤᠳᠠᠭᠠᠰᠢᠷᠠᠬᠤ ᠪᠤᠶᠤ ᠲᠣᠭᠲᠠᠪᠤᠷᠢᠵᠢᠨ ᠳᠠᠬᠢᠵᠤ ᠳᠡᠭᠡᠭᠰᠢᠯᠡᠬᠦ ᠪᠣᠯᠤᠯᠴᠠᠭ᠎ᠠ ᠲᠠᠢ ᠶᠤᠮ᠃ | ᠲᠦᠷᠦᠭᠦᠴᠢ ᠶᠢᠨ ᠬᠤᠭᠤᠴᠠᠭᠠᠨ ᠤ ᠨᠡᠮᠡᠨ ᠲᠡᠵᠢᠭᠡᠭᠰᠡᠨ ᠲᠠᠬᠢᠶ᠎ᠠ ᠨᠤᠭᠤᠳ ᠥᠨᠳᠡᠭᠡᠯᠡᠬᠦ ᠣᠷᠭᠢᠯ ᠳᠤ ᠬᠦᠷᠴᠦ᠂ | ᠲᠠᠬᠢᠶᠠᠨ ᠥᠨᠳᠡᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠦᠢᠴᠡᠳ ᠪᠠᠶᠢᠵᠤ᠂ ᠦᠨ᠎ᠡ ᠬᠠᠩᠰᠢ ᠨᠢ ᠪᠠᠭᠤᠷᠠᠵᠤ᠂ | ᠵᠢᠵᠢᠭᠯᠡᠨ ᠬᠤᠳᠠᠯᠳᠤᠬᠤ ᠦᠨ᠎ᠡ 9.02 ᠲᠥᠭᠦᠷᠢᠭ / ᠺᠢᠯᠣᠭ᠍ᠷᠠᠮ ᠪᠠᠶᠢᠵᠤ᠂ ᠳᠡᠭᠡᠷ᠎ᠡ ᠰᠠᠷ᠎ᠠ ᠶᠢᠨ ᠬᠢ ᠠᠴᠠ | 3.01% ᠪᠠᠷ ᠪᠠᠭᠤᠷᠠᠪᠠ᠃ ᠢᠳᠡᠰᠢᠨ ᠨᠣᠭᠤᠭ᠎ᠠ ᠶᠢᠨ ᠦᠨ᠎ᠡ ᠦᠰᠬᠦ ᠪᠠᠶᠢᠳᠠᠯ ᠲᠠᠢ᠂ ᠵᠢᠵᠢᠭᠯᠡᠨ ᠬᠤᠳᠠᠯᠳᠤᠬᠤ | ᠳᠤᠮᠳᠠᠴᠢ ᠦᠨ᠎ᠡ 6.03 ᠲᠥᠭᠦᠷᠢᠭ / ᠺᠢᠯᠣᠭ᠍ᠷᠠᠮ ᠪᠠᠶᠢᠵᠤ᠂ ᠳᠡᠭᠡᠷ᠎ᠡ ᠰᠠᠷ᠎ᠠ ᠶᠢᠨ ᠬᠢ ᠠᠴᠠ 12.71% ᠪᠠᠷ | ᠦᠰᠪᠡ︔ ᠵᠢᠱᠢᠯᠲᠡ ᠪᠠᠷ ᠰᠡᠭᠦᠯᠴᠢ ᠶᠢᠨ ᠦᠶ᠎ᠡ ᠳᠤ ᠦᠰᠬᠦ ᠪᠠᠷ ᠭᠤᠤᠯᠯᠠᠨ᠎ᠠ᠃ ᠵᠢᠮᠢᠰ ᠤᠨ ᠲᠡᠭᠡᠭᠡᠪᠦᠷᠢ ᠶᠢᠨ | ᠥᠪᠡᠷ ᠤᠨ ᠦᠷᠲᠡᠭ ᠵᠢᠴᠢ ᠬᠠᠳᠠᠭᠠᠯᠠᠬᠤ ᠬᠤᠭᠤᠴᠠᠭ᠎ᠠ ᠶᠢᠨ ᠬᠢᠵᠠᠭᠠᠷᠯᠠᠯ ᠵᠡᠷᠭᠡ ᠬᠦᠴᠦᠨ ᠵᠦᠢᠯ ᠤᠨ | ᠨᠥᠯᠥᠭᠡ ᠠᠴᠠ ᠪᠤᠯᠵᠦ᠂ ᠵᠢᠮᠢᠰ ᠤᠨ ᠵᠢᠵᠢᠭᠯᠡᠨ ᠬᠤᠳᠠᠯᠳᠤᠬᠤ ᠦᠨ᠎ᠡ ᠬᠠᠨᠭ᠍ᠰᠢ ᠨᠢ ᠲᠤᠰ ᠲᠤᠰ ᠲᠠᠭᠠᠨ ᠥᠰᠴᠦ | ᠪᠠᠭᠤᠷᠠᠬᠤ ᠪᠤᠯᠤᠨ᠎ᠠ᠃ |