ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠶᠢᠨ ᠡᠨᠡ ᠵᠢᠯ | ᠦᠷᠨᠢᠭᠦᠯᠦᠭᠰᠡᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠷᠡᠭᠦᠦ ᠶᠢᠨ ᠲᠦᠷ ᠬᠤᠷᠢᠯᠲᠠ ᠬᠢᠭᠰᠡᠨ ᠤ | ᠳᠠᠷᠠᠭ᠎ᠠ ᠪᠠᠷᠢᠪᠴᠢᠯᠠᠬᠤ ᠪᠠᠷ ᠮᠡᠳᠡᠭᠦᠯᠦᠭᠰᠡᠨ ᠦᠭᠡᠢ ᠬᠡᠷᠡᠭ ᠢ ᠲᠤᠰᠬᠠᠢ ᠪᠠᠶᠢᠴᠠᠭᠠᠬᠤ ᠠᠵᠢᠯᠯᠠᠭ᠎ᠠ ᠵᠣᠬᠢᠬᠤ ᠦᠷ᠎ᠡ | ᠪᠦᠲᠦᠮᠵᠢ ᠣᠯᠵᠠᠶ᠂ ᠡᠷᠡᠭᠦᠦ ᠶᠢᠨ ᠲᠦᠷ ᠬᠤᠷᠢᠯᠲᠠ ᠬᠢᠭᠰᠡᠨ ᠤ ᠳᠠᠷᠠᠭ᠎ᠠ ᠪᠠᠷᠢᠪᠴᠢᠯᠠᠬᠤ ᠪᠠᠷ ᠮᠡᠳᠡᠭᠦᠯᠦᠭᠰᠡᠨ | ᠦᠭᠡᠢ ᠬᠡᠷᠡᠭ ᠲᠤ ᠤᠷᠤᠰᠢᠵᠤ ᠪᠠᠶᠢᠭᠰᠠᠨ13158 ᠠᠰᠠᠭᠤᠳᠠᠯ ᠢ ᠢᠯᠡᠷᠡᠭᠦᠯᠵᠦ᠂ ᠪᠠᠷᠢᠪᠴᠢᠯᠠᠬᠤ ᠶᠢ | ᠵᠥᠪᠰᠢᠶᠡᠷᠡᠭᠦᠯᠬᠦ ᠪᠠᠷ ᠳᠡᠪᠰᠢᠭᠦᠯᠦᠭᠰᠡᠨ ᠬᠡᠷᠡᠭ ᠲᠤ 7180 ᠠᠰᠠᠭᠤᠳᠠᠯ ᠣᠷᠣᠰᠢᠵᠤ ᠪᠠᠶᠢᠬᠤ ᠶᠢ ᠤᠯᠵᠤ ᠮᠡᠳᠡᠪᠡ᠃ | ᠣᠶᠢᠯᠠᠭᠠᠭᠰᠠᠨ ᠢᠶᠠᠷ᠂ ᠨᠢᠳᠤᠨᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ | ᠬᠤᠷᠢᠶ᠎ᠠ ᠨᠢ ᠳᠣᠲᠣᠭᠠᠳᠤ ᠶᠢ ᠬᠠᠮᠠᠭᠠᠯᠠᠬᠤ ᠲᠢᠩᠬᠢᠮ ᠲᠠᠢ ᠬᠠᠮᠲᠤᠷᠠᠵᠤ ᠪᠠᠷᠢᠪᠴᠢᠯᠠᠬᠤ ᠶᠢ ᠵᠥᠪᠰᠢᠶᠡᠷᠡᠭᠦᠯᠬᠦ ᠪᠠᠷ | ᠳᠡᠪᠰᠢᠭᠦᠯᠦᠭᠰᠡᠨ ᠬᠡᠷᠡᠭ ᠢ ᠰᠤᠭᠤᠴᠢᠨ ᠦᠨᠡᠯᠡᠨ ᠵᠢᠱᠢᠯᠲᠡ ᠬᠢᠵᠦ᠂ ᠨᠡᠯᠢᠶᠡᠳ ᠰᠠᠶᠢᠨ ᠦᠷ᠎ᠡ ᠪᠦᠲᠦᠮᠵᠢ | ᠣᠯᠤᠭᠰᠠᠨ ᠪᠠᠶᠢᠨ᠎ᠠ᠃ ᠡᠨᠡ ᠬᠦ ᠰᠠᠭᠤᠷᠢᠨ ᠳᠡᠭᠡᠷ᠎ᠡ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ ᠪᠠᠰᠠ ᠬᠠᠮᠲᠤᠷᠠᠨ | ︽ᠪᠦᠬᠦ ᠣᠷᠣᠨ ᠤ ᠪᠠᠷᠢᠪᠴᠢᠯᠠᠬᠤ ᠶᠢ ᠵᠥᠪᠰᠢᠶᠡᠷᠡᠭᠦᠯᠬᠦ ᠪᠠᠷ ᠳᠡᠪᠰᠢᠭᠦᠯᠦᠭᠰᠡᠨ ᠬᠡᠷᠡᠭ ᠢ ᠰᠤᠭᠤᠴᠠᠨ ᠦᠨᠡᠯᠡᠨ | ᠵᠢᠱᠢᠬᠦ ᠠᠵᠢᠯ ᠤᠨ ᠲᠥᠰᠦᠯ︾ ᠪᠣᠯᠤᠨ ︽ᠪᠦᠬᠦ ᠣᠷᠣᠨ ᠤ ᠡᠷᠡᠭᠦᠦ ᠶᠢᠨ ᠲᠦᠷ ᠬᠤᠷᠢᠯᠲᠠ ᠬᠢᠭᠰᠡᠨ ᠤ ᠳᠠᠷᠠᠭ᠎ᠠ | ᠪᠠᠷᠢᠪᠴᠢᠯᠠᠬᠤ ᠪᠠᠷ ᠮᠡᠳᠡᠭᠦᠯᠦᠭᠰᠡᠨᠦᠭᠡᠢ ᠬᠡᠷᠡᠭ ᠢ ᠲᠤᠰᠬᠠᠶ ᠪᠠᠶᠢᠴᠠᠭᠠᠬᠤ ᠠᠵᠢᠯ ᠤᠨ ᠲᠥᠰᠦᠯ︾ ᠢ ᠳᠠᠷᠤᠮᠠᠯᠯᠠᠨ | ᠲᠠᠷᠬᠠᠭᠠᠪᠠ᠃ ᠡᠭᠦᠨ ᠳᠤ᠂ ᠪᠠᠷᠢᠪᠴᠢᠯᠠᠬᠤ ᠶᠢ ᠵᠥᠪᠰᠢᠶᠡᠷᠡᠭᠦᠯᠬᠦ ᠪᠠᠷ ᠳᠡᠪᠰᠢᠭᠦᠯᠦᠭᠰᠡᠨ ᠬᠡᠷᠡᠭ᠂ ᠬᠡᠷᠡᠭ ᠪᠤᠯᠭᠠᠭᠰᠠᠨ᠂ | ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠭᠰᠠᠨ ᠵᠡᠷᠭᠡ 6 ᠶᠡᠭᠡ ᠲᠥᠷᠥᠯ ᠤᠨ 60 ᠰᠠᠯᠪᠤᠷᠢ ᠲᠦᠷᠦᠯ ᠵᠦᠢᠯ ᠢ | ᠦᠨᠡᠯᠡᠨ ᠪᠠᠶᠢᠴᠠᠭᠠᠪᠠ︔ ᠡᠷᠡᠭᠦᠦ ᠶᠢᠨ ᠲᠦᠷ ᠬᠤᠷᠢᠯᠲᠠ ᠬᠢᠭᠰᠡᠨ ᠤ ᠳᠠᠷᠠᠭ᠎ᠠ ᠪᠠᠷᠢᠪᠴᠢᠯᠠᠬᠤ ᠪᠠᠷ ᠮᠡᠳᠡᠭᠦᠯᠦᠭᠰᠡᠨ | ᠤᠢᠭᠡᠢ ᠬᠡᠷᠡᠭ ᠤᠨ ᠬᠡᠷᠡᠭ ᠰᠢᠢᠳᠪᠦᠷᠢᠯᠡᠭᠰᠡᠨ ᠶᠠᠰᠤ ᠴᠢᠨᠠᠷ᠂ ᠬᠠᠤᠯᠢ ᠬᠡᠷᠡᠭᠵᠢᠭᠦᠯᠬᠦ ᠶᠢ ᠳᠦᠷᠢᠮᠵᠢᠭᠦᠯᠬᠦ ᠲᠠᠯ᠎ᠠ ᠶᠢᠨ | 96 ᠰᠠᠯᠪᠤᠷᠢ ᠲᠦᠷᠦᠯ ᠵᠦᠢᠯ ᠢ ᠪᠠᠶᠢᠴᠠᠭᠠᠵᠤ᠂ ᠪᠠᠶᠢᠴᠠᠭᠠᠬᠤ ᠠᠭᠤᠯᠭ᠎ᠠ ᠨᠢᠭᠡᠪᠦᠷᠢ ᠶᠢ ᠬᠠᠤᠯᠢ ᠴᠠᠭᠠᠵᠠ ᠶᠢᠨ | ᠪᠢᠴᠢᠭ ᠬᠠᠷ᠎ᠠ᠂ ᠤᠳᠠᠭ᠎ᠠ ᠪᠦᠷᠢ ᠶᠢᠨ ᠪᠠᠶᠢᠴᠠᠭᠠᠨ ᠠᠰᠠᠭᠤᠯᠲᠠ ᠯᠠᠪᠯᠠᠨ ᠠᠰᠠᠭᠤᠯᠲᠠ ᠬᠦᠷᠲᠡᠯ᠎ᠡ ᠨᠠᠷᠢᠯᠢᠭᠵᠢᠭᠤᠯᠵᠤ᠂ | ᠲᠤᠷᠰᠢᠨ ᠪᠠᠶᠢᠴᠠᠭᠠᠬᠤ ᠠᠵᠢᠯᠯᠠᠭ᠎ᠠ ᠶᠢᠨ ᠡᠯ᠎ᠡ ᠵᠠᠩᠭᠢᠯᠠᠭ᠎ᠠ ᠶᠢ ᠬᠠᠮᠤᠷᠠᠭᠤᠯᠪᠠ᠃ | ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ | ᠳᠣᠲᠣᠭᠠᠳᠤ ᠶᠢ ᠬᠠᠮᠠᠭᠠᠯᠠᠬᠤ ᠲᠢᠩᠬᠢᠮ ᠲᠠᠢ ᠬᠠᠮᠲᠤᠷᠠᠨ ᠦᠨᠡᠯᠡᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ | ᠬᠢᠩᠭᠠᠨ ᠠᠶᠢᠮᠠᠭ᠂ ᠬᠥᠯᠥᠨ ᠪᠤᠶᠢᠷ ᠬᠤᠳᠠ ᠶᠢᠨ 6 ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠪᠠᠷᠢᠪᠴᠢᠯᠠᠬᠤ ᠶᠢ ᠵᠥᠪᠰᠢᠶᠡᠷᠡᠭᠦᠯᠬᠦ ᠪᠠᠷ ᠳᠡᠪᠰᠢᠭᠦᠯᠦᠭᠰᠡᠨ ᠪᠠ ᠡᠷᠡᠭᠦᠦ ᠶᠢᠨ ᠲᠦᠷ ᠬᠤᠷᠢᠯᠲᠠ ᠬᠢᠭᠰᠡᠨ ᠤ ᠳᠠᠷᠠᠭ᠎ᠠ | ᠪᠠᠷᠢᠪᠴᠢᠯᠠᠬᠤ ᠪᠠᠷ ᠮᠡᠳᠡᠭᠦᠯᠦᠭᠰᠡᠨ ᠦᠭᠡᠢ 871 ᠬᠡᠷᠡᠭ ᠢ ᠦᠨᠡᠯᠡᠨ ᠪᠠᠶᠢᠴᠠᠭᠠᠪᠠ᠂ ᠬᠡᠷᠡᠭ ᠭᠠᠷᠤᠭᠰᠠᠨ ᠬᠡᠷᠡᠭ | ᠢᠯᠡᠷᠡᠭᠦᠯᠦᠭᠰᠡᠨ ᠬᠡᠷᠡᠭ ᠪᠤᠯᠭᠠᠭᠰᠠᠨ᠂ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠭᠰᠠᠨ᠂ ᠪᠠᠶᠢᠴᠠᠭᠠᠨ ᠠᠰᠠᠭᠤᠵᠤ | ᠯᠠᠪᠯᠠᠨ ᠠᠰᠠᠭᠤᠭᠰᠠᠨ᠂ ᠲᠤᠷᠰᠢᠨ ᠪᠠᠶᠢᠴᠠᠭᠠᠵᠤ ᠭᠡᠷᠡᠴᠢ ᠠᠪᠤᠭᠰᠠᠨ᠂ ᠪᠢᠴᠢᠭ ᠬᠠᠷ᠎ᠠ ᠵᠤᠬᠢᠶᠡᠭ᠌ᠰᠠᠨ᠂ ᠬᠡᠷᠡᠭ | ᠰᠢᠢᠳᠬᠡᠭᠰᠡᠨ ᠶᠠᠰᠤ ᠴᠢᠨᠠᠷ ᠵᠡᠷᠭᠡ 6 ᠲᠠᠯ᠎ᠠ ᠪᠠᠷ ᠭᠤᠤᠯᠲᠠᠯᠭ᠎ᠠ ᠪᠤᠯᠭᠠᠵᠤ ᠵᠦᠢᠯ ᠳᠠᠷᠠᠭᠠᠯᠠᠨ ᠬᠤᠪᠢ ᠤᠯᠭᠤᠪᠠ᠃ | ᠦᠨᠡᠯᠡᠨ ᠪᠠᠶᠢᠴᠠᠭᠠᠭᠰᠠᠨ ᠢᠶᠠᠷ᠂ ᠡᠷᠡᠭᠦᠦ ᠶᠢᠨ ᠲᠦᠷ ᠬᠤᠷᠢᠯᠲᠠ ᠬᠢᠭᠰᠡᠨ ᠤ ᠳᠠᠷᠠᠭ᠎ᠠ ᠪᠠᠷᠢᠪᠴᠢᠯᠠᠬᠤ ᠪᠠᠷ | ᠮᠡᠳᠡᠭᠦᠯᠦᠭᠰᠡᠨ ᠦᠭᠡᠢ ᠬᠡᠷᠡᠭ ᠲᠤ ᠣᠷᠣᠰᠢᠵᠤ ᠪᠠᠶᠢᠭᠰᠠᠨ13158 ᠠᠰᠠᠭᠤᠳᠠᠯ ᠢ ᠢᠯᠡᠷᠡᠭᠦᠯᠵᠦ᠂ | ᠪᠠᠷᠢᠪᠴᠢᠯᠠᠬᠤ ᠶᠢ ᠵᠥᠪᠰᠢᠶᠡᠷᠡᠭᠦᠯᠬᠦ ᠪᠠᠷ ᠳᠡᠪᠰᠢᠭᠦᠯᠦᠭᠰᠡᠨ ᠬᠡᠷᠡᠭ ᠲᠤ ᠣᠷᠣᠰᠢᠵᠤ ᠪᠠᠶᠢᠭᠰᠠᠨ 7180 | ᠠᠰᠠᠭᠤᠳᠠᠯ ᠢ ᠢᠯᠡᠷᠡᠭᠦᠯᠦᠭᠰᠡᠨ ᠪᠠᠶᠢᠨ᠎ᠠ᠃ | ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠠᠶᠢᠴᠠᠭᠠᠬᠤ ᠬᠤᠷᠢᠶ᠎ᠠ ᠠᠴᠠ ᠡᠪᠬᠡᠮᠡᠯ ᠢ ᠳᠠᠬᠢᠨ ᠨᠢᠭᠡ ᠤᠳᠠᠭ᠎ᠠ ᠰᠢᠯᠵᠢᠭᠦᠯᠵᠦ ᠠᠪᠴᠢᠷᠠᠨ ᠬᠢᠨᠠᠨ ᠪᠠᠶᠢᠴᠠᠭᠠᠵᠤ᠂ | ᠬᠢᠨᠠᠯᠲᠠ ᠶᠢᠨ ᠰᠠᠨᠠᠯ ᠢᠶᠠᠨ ᠳᠤᠷᠠᠳᠬᠤ ᠬᠡᠷᠡᠭᠲᠡᠢ ᠭᠡᠵᠦ ᠬᠠᠮᠢᠶ᠎ᠠ ᠪᠦᠭᠦᠢ ᠪᠠᠶᠢᠴᠠᠭᠠᠬᠤ ᠪᠠᠶᠢᠭᠤᠯᠭ᠎ᠠ ᠶᠢ | ᠱᠠᠭᠠᠷᠳᠠᠭᠰᠠᠨ ᠪᠠᠶᠢᠨ᠎ᠠ᠃ ᠣᠳᠣᠬᠠᠨ ᠳᠤ᠂ ᠬᠢᠩᠭᠠᠨ ᠠᠶᠢᠮᠠᠭ ᠤᠨ ᠪᠠᠶᠢᠴᠠᠭᠠᠬᠤ ᠪᠠᠶᠢᠭᠤᠯᠭ᠎ᠠ ᠨᠢᠭᠡᠨᠲᠡ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ 4 ᠬᠤᠪᠢ ᠪᠠᠶᠢᠴᠠᠭᠠᠬᠤ ᠰᠠᠨᠠᠭᠤᠯᠭ᠎ᠠ ᠭᠠᠷᠭᠠᠵᠤ᠂ 3 ᠬᠤᠪᠢ | ᠬᠠᠤᠯᠢ ᠵᠥᠷᠢᠴᠡᠭᠰᠡᠨ ᠢ ᠵᠠᠯᠠᠷᠠᠭᠤᠯᠬᠤ ᠮᠡᠳᠡᠭᠳᠡᠯ ᠤᠨ ᠪᠢᠴᠢᠭ ᠦᠭᠴᠡᠢ︔ ᠬᠥᠯᠥᠨ ᠪᠤᠶᠢᠷ ᠬᠤᠳᠠ ᠶᠢᠨ | ᠪᠠᠶᠢᠴᠠᠭᠠᠬᠤ ᠪᠠᠶᠢᠭᠤᠯᠭ᠎ᠠ 4 ᠬᠤᠪᠢ ᠪᠠᠶᠢᠴᠠᠭᠠᠬᠤ ᠰᠠᠨᠠᠭᠤᠯᠭ᠎ᠠ ᠪᠢᠴᠢᠭ ᠢᠶᠠᠷ ᠳᠤᠷᠠᠳᠴᠤ᠂ 2 ᠬᠤᠪᠢ ᠬᠠᠤᠯᠢ | ᠵᠥᠷᠢᠴᠡᠭᠰᠡᠨ ᠢ ᠵᠠᠯᠠᠷᠠᠭᠤᠯᠬᠤ ᠮᠡᠳᠡᠭᠳᠡᠯ ᠤᠨ ᠪᠢᠴᠢᠭ ᠦᠭᠴᠡᠢ᠂ ᠬᠢᠨᠠᠯᠲᠠ ᠲᠠᠯᠪᠢᠵᠤ1 ᠬᠡᠷᠡᠭ ᠢ ᠪᠤᠴᠠᠭᠠᠯᠭᠠᠨ᠂ | ᠪᠠᠷᠢᠪᠴᠢᠯᠠᠭᠰᠠᠨ ᠦᠭᠡᠢ ᠤᠷᠬᠢᠭᠳᠠᠭᠤᠯᠤᠭᠰᠠᠨ 1 ᠬᠥᠮᠦᠨ ᠢ ᠨᠡᠬᠡᠮᠵᠢᠯᠡᠨ ᠪᠠᠷᠢᠪᠴᠢᠯᠠᠭᠰᠠᠨ ᠪᠠᠶᠢᠨ᠎ᠠ᠃ | ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠪᠠᠰᠠ ᠦᠨᠡᠯᠡᠨ ᠪᠠᠶᠢᠴᠠᠭᠠᠬᠤ | ᠳᠤᠮᠳᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠳᠦᠷᠢᠮ ᠤᠨ ᠰᠠᠯᠠᠭ᠎ᠠ ᠮᠥᠴᠢᠷ ᠤᠨ ᠡᠭᠦᠷᠭᠡ | ᠴᠢᠳᠠᠪᠤᠷᠢ ᠪᠠᠨ ᠰᠤᠯᠠᠷᠠᠭᠤᠯᠵᠤ᠂ ᠪᠠᠷᠢᠪᠴᠢᠯᠠᠬᠤ ᠪᠠᠷ ᠳᠡᠪᠰᠢᠭᠦᠯᠬᠦ ᠶᠤᠰᠤᠲᠠᠢ ᠪᠠᠶᠢᠳᠠᠯ᠎ᠠ ᠪᠠᠷᠢᠪᠴᠢᠯᠠᠬᠤ ᠪᠠᠷ | ᠳᠡᠪᠰᠢᠭᠦᠯᠦᠭᠰᠡᠨ ᠦᠭᠡᠢ᠂ ᠬᠡᠷᠡᠭ ᠢ ᠳᠤᠷ᠎ᠠ ᠪᠠᠷ ᠢᠶᠠᠨ ᠪᠤᠴᠠᠭᠠᠭᠰᠠᠨ ᠵᠡᠷᠭᠡ ᠠᠰᠠᠭᠤᠳᠠᠯ ᠢ ᠢᠯᠡᠷᠡᠭᠦᠯᠵᠦ᠂ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠳᠤ ᠪᠠᠶᠢᠴᠠᠭᠠᠬᠤ ᠰᠠᠨᠠᠭᠤᠯᠭ᠎ᠠ | ᠭᠠᠷᠭᠠᠭᠰᠠᠨ ᠪᠠᠶᠢᠨ᠎ᠠ᠃ ᠣᠳᠣᠬᠠᠨ ᠳᠤ᠂ ᠬᠤᠶᠠᠷ ᠰᠠᠯᠠᠭ᠎ᠠ ᠮᠥᠴᠢᠷ ᠨᠢᠭᠡᠨᠲᠡ ᠬᠠᠮᠲᠤᠷᠠᠨ ᠪᠢᠴᠢᠭ ᠮᠠᠲ᠋ᠧᠷᠢᠶᠠᠯ | ᠶᠠᠪᠤᠭᠤᠯᠵᠤ᠂ ᠰᠤᠭᠤᠴᠢᠨ ᠦᠨᠡᠯᠡᠨ ᠵᠢᠱᠢᠬᠦ ᠠᠵᠢᠯ ᠢ ᠪᠠᠶᠢᠩᠭᠤᠵᠢᠭᠤᠯᠵᠤ᠂ ᠳᠤᠰ ᠣᠷᠣᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠵᠢᠷᠤᠮᠵᠢᠭᠤᠯᠬᠤ ᠪᠠᠶᠢᠭᠤᠯᠤᠯᠲᠠ ᠳᠤ ᠠᠰᠢᠭᠲᠠᠶ ᠲᠤᠷᠰᠢᠯᠭ᠎ᠠ ᠬᠠᠩᠭᠠᠵᠤ ᠦᠭᠭᠦᠨ᠎ᠡ | ᠭᠡᠵᠦ ᠪᠤᠢ᠃ |