ᠦᠪᠦᠷ ᠮᠣᠩᠭᠤᠯ ᠤᠨ ᠬᠡᠰᠡᠭ ᠲᠠᠬᠢ ᠬᠠᠲᠤᠨ ᠭᠤᠣᠯ 481 ᠺᠢᠯᠤᠮᠧᠲᠷ ᠤᠷᠲᠤ ᠬᠥᠯᠳᠡᠪᠡ
ᠨᠡᠶᠢᠲᠡᠯᠡᠭᠰᠡᠨ ᠴᠠᠭ᠄
2015/12/25
      ᠦᠪᠦᠷ ᠮᠣᠩᠭᠤᠯ ᠤᠨ ᠬᠡᠰᠡᠭ ᠲᠠᠬᠢ ᠬᠠᠲᠤᠨ ᠭᠤᠣᠯ 11 ᠳ᠋ᠦ᠋ᠭᠡᠷ ᠰᠠᠷ᠎ᠠ ᠶᠢᠨ 25᠎ ᠤ ᠡᠳᠦᠷ ᠠᠴᠠ ᠡᠬᠢᠯᠡᠨ ᠰᠦᠩ ᠬᠠᠯᠢᠶ᠎ᠠ ᠤᠷᠤᠰᠴᠤ᠂ ᠬᠠᠲᠤᠨ ᠭᠤᠣᠯ 2015 —2016 ᠣᠨ ᠤ ᠰᠦᠩ ᠤᠨ ᠬᠤᠭᠤᠴᠠᠭᠠᠨ ᠎ ᠳᠤ ᠣᠷᠤᠭᠰᠠᠨ ᠢ ᠬᠠᠷᠠᠭᠤᠯᠪᠠ᠃ 12 ᠳ᠋ᠤᠭᠠᠷ ᠰᠠᠷ᠎ᠠ ᠶᠢᠨ 23᠎ ᠤ ᠡᠳᠦᠷ ᠤᠨ 10 ᠴᠠᠭ ᠪᠣᠯᠬᠤ ᠳᠤ᠂ ᠨᠡᠶᠢᠲᠡ 481 ᠺᠢᠯᠤᠮᠧᠲᠷ ᠤᠷᠲᠤ ᠬᠥᠯᠳᠡᠵᠦ᠂ ᠬᠥᠯᠳᠡᠬᠦ ᠤᠷᠲᠤ ᠶᠢᠨ ᠬᠡᠮᠵᠢᠶ᠎ᠡ ᠶᠢᠨ ᠬᠠᠭᠠᠰ ᠢ ᠳᠠᠪᠠᠭᠰᠠᠨ ᠪᠠᠶᠢᠨ᠎ᠠ᠃ ᠬᠦᠢᠲᠡᠨ ᠠᠭᠤᠷ ᠠᠮᠢᠰᠬᠤᠯ ᠤᠨ ᠨᠦᠯᠦᠭᠡ ᠪᠠᠷ᠂ 12 ᠳ᠋ᠤᠭᠠᠷ ᠰᠠᠷ᠎ᠠ ᠶᠢᠨ ᠡᠬᠢᠨ ᠪᠠᠷ᠂ ᠬᠠᠲᠤᠨ ᠭᠤᠣᠯ ᠳᠠᠭᠠᠤ ᠭᠠᠵᠠᠷ ᠤᠷᠤᠨ ᠤ ᠳᠤᠯᠠᠭᠠᠨ ᠤ ᠬᠡᠮᠵᠢᠶ᠎ᠡ ᠳᠣᠷᠤᠭᠰᠢᠯᠠᠨ᠂ ᠬᠦᠬᠡᠬᠤᠲᠠ ᠶᠢᠨ ᠴᠢᠩ ᠱᠦᠢ ᠾᠧ ᠰᠢᠶᠠᠨ ᠤ ᠯᠠᠮᠡ ᠶᠢᠨ ᠲᠤᠨᠬᠤᠢ ᠶᠢᠨ ᠵᠠᠰᠠᠮᠠᠯ ᠵᠠᠮ ᠤᠨ ᠶᠡᠭᠡ ᠬᠦᠭᠦᠷᠭᠡ ᠶᠢᠨ ᠳᠡᠭᠡᠳᠦ ᠲᠣᠣᠷᠠᠳᠣ ᠤᠷᠤᠰᠬᠠᠯ ᠤᠨ ᠰᠦᠩ ᠬᠠᠯᠢᠶ᠎ᠠ ᠶᠢᠨ ᠨᠢᠭᠲᠠᠴᠠ ᠶᠢᠨ ᠬᠡᠮᠵᠢᠶ᠎ᠡ ᠶᠡᠬᠡᠳᠪᠡ᠃ 12 ᠳ᠋ᠤᠭᠠᠷ ᠰᠠᠷ᠎ᠠ ᠶᠢᠨ 9᠎ ᠤ ᠡᠳᠦᠷ ᠤᠨ 10 ᠴᠠᠭ ᠪᠣᠯᠬᠤ ᠎ ᠳᠤ᠂ ᠬᠠᠲᠤᠨ ᠭᠤᠣᠯ ᠤᠨ ᠹᠧᠩ ᠵᠦᠨ ᠲᠡᠮᠦᠷ ᠵᠠᠮ ᠤᠨ ᠳᠣᠣᠷ᠎ᠠ ᠤᠷᠤᠰᠬᠠᠯ ᠠᠩᠬ᠎ᠠ ᠬᠥᠯᠳᠡᠪᠡ᠃ ᠡᠭᠦᠨ ᠤ ᠲᠤᠯᠠᠳᠠ᠂ 12 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠦᠪᠡᠷᠲᠡᠭᠡᠨ ᠵᠠᠰᠠᠬᠤ ᠤᠷᠤᠨ ᠤ ᠦᠶᠡᠷ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠭᠡᠷ ᠠᠵᠢᠯᠯᠠᠬᠤ ᠳᠤᠭᠤᠶᠢᠯᠠᠩ ᠲᠣᠮᠢᠯᠠᠵᠤ᠂ ᠦᠪᠡᠷᠲᠡᠭᠡᠨ ᠵᠠᠰᠠᠬᠤ ᠤᠷᠤᠨ ᠤ ᠤᠰᠤᠨ ᠶᠠᠪᠤᠳᠠᠯ ᠤᠨ ᠬᠢᠨᠠᠨ ᠪᠠᠶᠢᠴᠠᠭᠠᠬᠤ ᠶᠡᠷᠦᠩᠬᠡᠢ ᠠᠩᠭᠢ ᠲᠠᠢ ᠬᠠᠮᠲᠤᠷᠠᠨ᠂ ᠬᠠᠲᠤᠨ ᠭᠤᠣᠯ ᠤᠨ ᠬᠤᠶᠠᠷ ᠡᠷᠭᠢ ᠳᠠᠭᠠᠤ ᠰᠦᠩ ᠬᠠᠯᠢᠶ᠎ᠠ ᠶᠢ ᠰᠡᠷᠭᠡᠶᠢᠯᠡᠬᠦ ᠪᠡᠯᠡᠳᠭᠡᠯ ᠵᠢᠴᠢ ᠭᠤᠣᠯ ᠤᠨ ᠤᠷᠤᠰᠬᠠᠯ ᠵᠠᠮ ᠤᠨ ᠰᠠᠭᠠᠳ ᠢ ᠴᠡᠪᠡᠷᠯᠡᠬᠦ ᠵᠡᠷᠭᠡ ᠠᠵᠢᠯ ᠤᠨ ᠪᠠᠶᠢᠳᠠᠯ ᠳᠤ ᠪᠠᠶᠢᠴᠠᠭᠠᠯᠲᠠ ᠬᠢᠪᠡ᠃ ᠡᠭᠦᠨ ᠤ ᠬᠠᠮᠲᠤ᠂ ᠦᠪᠡᠷᠲᠡᠭᠡᠨ ᠵᠠᠰᠠᠬᠤ ᠤᠷᠤᠨ ᠤ ᠦᠶᠡᠷ ᠰᠡᠷᠭᠡᠶᠢᠯᠡᠬᠦ ᠠᠯᠪᠠᠨ ᠭᠡᠷ ᠮᠡᠳᠡᠭᠳᠡᠯ ᠭᠠᠷᠭᠠᠵᠤ᠂ ᠬᠠᠲᠤᠨ ᠭᠤᠣᠯ ᠳᠠᠭᠠᠤ ᠡᠯ᠎ᠡ ᠭᠠᠵᠠᠷ ᠤᠷᠤᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠢ ᠳᠠᠬᠢᠨ ᠪᠠᠶᠢᠴᠠᠭᠠᠵᠦ᠂ ᠳᠠᠬᠢᠨ ᠪᠠᠶᠢᠷᠢᠯᠠᠭᠤᠯᠵᠦ᠂ ᠳᠠᠬᠢᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ ᠦᠪᠡᠷᠲᠡᠭᠡᠨ ᠵᠠᠰᠠᠬᠤ ᠤᠷᠤᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠱᠠᠭᠠᠷᠳᠠᠭᠰᠠᠨ ᠨᠢ᠂ ᠢᠯᠠᠩᠭᠤᠶ᠎ᠠ ᠰᠦᠩ ᠬᠠᠯᠢᠶ᠎ᠠ ᠶᠢ ᠰᠡᠷᠭᠡᠶᠢᠯᠡᠬᠦ ᠬᠠᠷᠢᠭᠤᠴᠠᠯᠭ᠎ᠠ ᠶᠢ ᠴᠢᠨᠠᠭᠰᠢᠳᠠ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠬᠠᠷᠢᠭᠤᠴᠠᠯᠭ᠎ᠠ ᠡᠭᠦᠷᠭᠡᠯᠡᠭᠴᠢᠳ ᠳᠠᠷᠤᠶᠢᠬᠠᠨ ᠠᠵᠢᠯ ᠤᠨ ᠪᠠᠶᠢᠷᠢᠨ ᠳᠠᠭᠠᠨ ᠭᠠᠷᠴᠤ᠂ ᠤᠷᠢᠳᠴᠢᠯᠠᠨ ᠵᠢᠯᠤᠭᠤᠳᠬᠤ ᠬᠡᠷᠡᠭᠲᠡᠢ︔ ᠭᠤᠣᠯ ᠤᠨ ᠤᠷᠤᠰᠬᠠᠯ ᠵᠠᠮ ᠤᠨ ᠬᠠᠮᠢᠶᠠᠷᠤᠯᠲᠠ ᠶᠢ ᠴᠢᠩᠭᠠᠳᠬᠠᠵᠤ᠂ ᠪᠡᠯᠡᠳᠬᠡᠯ ᠲᠦᠰᠦᠯ ᠤᠨ ᠱᠠᠭᠠᠷᠳᠠᠯᠭ᠎ᠠ ᠶᠣᠰᠤᠭᠠᠷ ᠬᠥᠪᠥᠮᠡᠯ ᠬᠦᠭᠦᠷᠭᠡ ᠵᠡᠷᠭᠡ ᠰᠦᠩ ᠬᠠᠯᠢᠶ᠎ᠠ ᠶᠢᠨ ᠬᠠᠷᠰᠢ ᠰᠠᠭᠠᠳ ᠢ ᠴᠠᠭ ᠲᠤᠬᠠᠢ ᠳᠤᠨᠢ ᠠᠷᠢᠯᠭᠠᠵᠤ᠂ ᠭᠤᠣᠯ ᠤᠨ ᠤᠷᠤᠰᠬᠠᠯ ᠵᠠᠮ ᠤᠨ ᠳᠣᠲᠤᠷ᠎ᠠ ᠪᠠᠷᠢᠵᠤ ᠪᠠᠶᠢᠭ᠎ᠠ ᠬᠦᠭᠦᠷᠭᠡ ᠵᠡᠷᠭᠡ ᠪᠠᠷᠢᠯᠭ᠎ᠠ ᠳᠠᠬᠢ ᠬᠠᠮᠢᠶᠠᠷᠤᠯᠲᠠ ᠪᠠᠨ ᠴᠢᠩᠭᠠᠳᠬᠠᠵᠤ᠂ ᠭᠤᠣᠯ ᠤᠨ ᠤᠷᠤᠰᠬᠠᠯ ᠤᠨ ᠰᠦᠩ ᠬᠠᠯᠢᠶ᠎ᠠ ᠶᠢ ᠰᠠᠭᠠᠳ ᠦᠭᠡᠢ ᠪᠠᠶᠢᠯᠭᠠᠬᠤ ᠶᠢ ᠪᠠᠲᠤᠯᠠᠬᠤ ᠬᠡᠷᠡᠭᠲᠡᠢ︔ ᠰᠦᠩ ᠤᠨ ᠪᠠᠶᠢᠳᠠᠯ ᠪᠠ ᠪᠠᠷᠢᠯᠭ᠎ᠠ ᠶᠢᠨ ᠠᠵᠢᠯ ᠤᠨ ᠪᠠᠶᠢᠳᠠᠯ ᠤᠨ ᠬᠦᠭᠵᠢᠯᠲᠡ ᠬᠤᠪᠢᠷᠠᠯᠲᠠ ᠶᠢ ᠨᠢᠮᠪᠠᠢ ᠠᠩᠬᠠᠷᠴᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠤᠷᠢᠳᠴᠢᠯᠠᠨ ᠮᠡᠳᠡᠭᠦᠯᠬᠦ ᠠᠵᠢᠯ ᠢ ᠴᠢᠩᠭᠠᠳᠬᠠᠨ᠂ ᠲᠣᠭᠤᠷᠢᠨ ᠪᠠᠶᠢᠴᠠᠭᠠᠬᠤ᠂ ᠵᠢᠵᠢᠭᠦᠷᠯᠡᠨ ᠰᠠᠬᠢᠬᠤ ᠪᠠ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ︔ ᠰᠦᠩ ᠢ ᠰᠡᠷᠭᠡᠶᠢᠯᠡᠬᠦ ᠠᠶᠤᠯ ᠠᠴᠠ ᠠᠪᠤᠷᠠᠬᠤ ᠡᠳ᠋ ᠪᠠᠷᠠᠭ᠎ᠠ ᠪᠠᠨ ᠭᠦᠢᠴᠡᠳ ᠪᠡᠯᠡᠳᠬᠡᠵᠦ᠂ ᠠᠶᠤᠯᠲᠤ ᠪᠠᠶᠢᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠬᠦᠴᠦᠨ ᠢ ᠵᠣᠬᠢᠶᠠᠨ ᠪᠠᠶᠢᠭᠤᠯᠤᠨ ᠰᠢᠢᠳᠪᠦᠷᠢᠯᠡᠬᠦ ᠪᠦᠭᠡᠳ ᠰᠦᠩ ᠤᠨ ᠪᠠᠶᠢᠳᠠᠯ ᠤᠨ ᠮᠡᠳᠡᠭᠡ ᠵᠠᠩᠬᠢ ᠶᠢ ᠳᠡᠭᠡᠭᠰᠢ ᠮᠡᠳᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ ᠭᠡᠪᠡ᠃ ᠣᠳᠣᠬᠠᠨ ᠳᠤ᠂ ᠡᠯ᠎ᠡ ᠭᠠᠵᠠᠷ ᠭᠤᠣᠯ ᠬᠥᠯᠳᠡᠭᠰᠡᠨ ᠬᠤᠭᠤᠴᠠᠭᠠᠨ ᠳᠠᠬᠢ ᠡᠯ᠎ᠡ ᠵᠦᠢᠯ ᠤᠨ ᠰᠡᠷᠭᠡᠶᠢᠯᠡᠯᠲᠡ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠵᠤ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号