ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠥᠭᠡᠷᠡᠴᠢᠯᠡᠯᠲᠡ ᠶᠢᠨ ᠠᠷᠪᠠᠨ ᠠᠰᠠᠭᠤᠯᠲᠠ
ᠨᠡᠶᠢᠲᠡᠯᠡᠭᠰᠡᠨ ᠴᠠᠭ᠄
2015/12/25
     12 ᠳ᠋ᠤᠭᠠᠷ ᠰᠠᠷ᠎ᠠ ᠶᠢᠨ 18᠎ ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠭᠠᠵᠠᠷ ᠤᠨ ᠳᠡᠳ᠋ ᠪᠠᠶᠢᠴᠠᠭᠠᠨ ᠰᠤᠳᠤᠯᠤᠭᠴᠢ ᠶᠣᠣ ᠰᠢᠶᠤᠤ ᠳ᠋ᠦᠩ ᠢ ᠰᠤᠷᠪᠤᠯᠵᠢᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠠᠷᠭ᠎ᠠ︾᠎ ᠶᠢᠨ ᠬᠠᠮᠢᠶ᠎ᠠ ᠪᠦᠭᠦᠢ ᠠᠭᠤᠯᠭ᠎ᠠ ᠶᠢ ᠤᠯᠠᠮ ᠨᠢᠭᠡ ᠠᠯᠬᠤᠮ  ᠣᠶᠢᠯᠠᠭᠠᠪᠠ᠃      ᠰᠤᠷᠪᠤᠯᠵᠢᠯᠠᠭᠴᠢ᠄ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠦᠯᠲᠡ ᠨᠢ ᠮᠠᠨ ᠤ ᠣᠷᠣᠨ ᠤ ᠶᠠᠮᠠᠷ ᠶᠠᠮᠠᠷ ᠨᠢᠭᠡᠴᠡ ᠎ ᠲᠠᠢ ᠬᠤᠯᠪᠣᠭᠳᠠᠬᠤ ᠪᠤᠢ︖      ᠶᠣᠣ ᠰᠢᠶᠤᠤ ᠳ᠋ᠦᠩ᠄ ᠠᠯᠪᠠᠲᠠᠨ ᠤ ᠬᠠᠤᠯᠢ ᠪᠠᠷ ᠬᠠᠮᠢᠶᠠᠷᠴᠤ ᠪᠠᠶᠢᠭ᠎ᠠ ᠨᠢᠭᠡᠴᠡ᠂ ᠠᠯᠪᠠᠳᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠪᠠᠶᠢᠭᠤᠯᠭ᠎ᠠ ︵ᠨᠢᠭᠡᠴᠡ︶᠂ ᠲᠥᠷᠥᠯ ᠬᠤᠪᠢᠶᠠᠨ ᠥᠭᠡᠷᠡᠴᠢᠯᠡᠯᠲᠡ ᠬᠢᠭᠰᠡᠨ ᠤ ᠳᠠᠷᠠᠭᠠᠬᠢ ᠨᠡᠶᠢᠲᠡ ᠶᠢᠨ ᠠᠰᠠᠷᠠᠮᠵᠢ ᠶᠢᠨ ᠨᠢᠭᠡ᠂ ᠬᠤᠶᠠᠳᠤᠭᠠᠷ ᠲᠦᠷᠦᠯ ᠢᠶᠠᠷ ᠲᠣᠭᠲᠠᠭᠠᠭᠳᠠᠭᠰᠠᠨ ᠠᠵᠢᠯ ᠦᠢᠯᠡᠰ ᠤᠨ ᠨᠢᠭᠡᠴᠡ ᠵᠢᠴᠢ ᠣᠷᠣᠨ ᠲᠣᠭᠠᠨ ᠳᠠᠬᠢ ᠬᠥᠮᠦᠰ ᠲᠤ ᠬᠤᠯᠪᠣᠭᠳᠠᠨ᠎ᠠ ᠃ ᠣᠳᠣᠬᠠᠨ ᠳᠤ ᠦᠢᠯᠡᠳᠪᠦᠷᠢᠯᠡᠯ ᠡᠵᠡᠩᠨᠡᠯᠲᠡ ᠶᠢᠨ ᠲᠥᠷᠥᠯ ᠢᠶᠠᠷ ᠬᠤᠪᠢᠶᠠᠭᠳᠠᠭᠰᠠᠨ ᠪᠣᠯᠪᠠᠴᠤ ᠬᠠᠷᠠᠬᠠᠨ ᠠᠵᠤ ᠠᠬᠤᠶᠢᠯᠠᠯ ᠪᠣᠯᠭᠠᠨ ᠬᠤᠪᠢᠷᠠᠭᠤᠯᠵᠤ ᠳᠦᠷᠢᠮ ᠢᠶᠠᠨ ᠥᠭᠡᠷᠡᠴᠢᠯᠡᠭᠡᠳᠦᠢ ᠠᠵᠢᠯ ᠦᠢᠯᠡᠰ ᠤᠨ ᠨᠢᠭᠡᠴᠡ ᠶᠢᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠦᠭᠡᠢ ᠶᠢ ᠨᠢ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠲᠦᠷ ᠣᠷᠣᠯᠴᠠᠭᠤᠯᠵᠤ᠂ ᠳᠡᠳᠡᠨ ᠢ ᠠᠵᠤ ᠠᠬᠤᠶᠢᠯᠠᠯ ᠪᠣᠯᠭᠠᠨ ᠬᠤᠪᠢᠷᠠᠭᠤᠯᠵᠤ ᠳᠦᠷᠢᠮ ᠢ ᠨᠢ ᠥᠭᠡᠷᠡᠴᠢᠯᠡᠭᠰᠡᠨ ᠤ ᠳᠠᠷᠠᠭ᠎ᠠ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠤᠨ ᠬᠡᠪᠴᠢᠶᠡᠨ ᠳᠤ ᠣᠷᠣᠭᠤᠯᠵᠤ ᠪᠣᠯᠤᠨ᠎ᠠ᠃      ᠰᠤᠷᠪᠤᠯᠵᠢᠯᠠᠭᠴᠢ᠄ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠣᠷᠣᠨ ᠲᠣᠭᠠᠨ ᠠᠴᠠ ᠭᠠᠳᠠᠨᠠᠬᠢ ᠬᠦᠮᠦᠰ ᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠬᠡᠷᠬᠢᠨ ᠣᠷᠣᠭᠤᠯᠬᠤ ᠪᠤᠢ︖      ᠶᠣᠣ ᠰᠢᠶᠤᠤ ᠳ᠋ᠦᠩ᠄ ᠤᠯᠤᠰ ᠤᠨ ᠲᠣᠭᠲᠠᠭᠠᠯ ᠢᠶᠠᠷ ᠪᠠᠶᠢᠭᠤᠯᠭ᠎ᠠ ᠠᠵᠢᠯ ᠦᠢᠯᠡᠰ ᠤᠨ  ᠨᠢᠭᠡᠴᠡ ᠶᠢᠨ ᠣᠷᠣᠨ ᠲᠣᠭᠠᠨ ᠤ ᠪᠤᠰᠤ ᠬᠥᠮᠦᠰ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠨ᠎ᠠ᠃ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠠᠴᠠ ᠠᠪᠴᠤ ᠦᠵᠡᠪᠡᠯ᠂ ᠪᠠᠶᠢᠭᠤᠯᠭ᠎ᠠ ᠠᠵᠢᠯ ᠦᠢᠯᠡᠰ ᠤᠨ  ᠨᠢᠭᠡᠴᠡ ᠶᠢᠨ ᠣᠷᠣᠨ ᠲᠣᠭᠠᠨ ᠠᠴᠠ ᠭᠠᠳᠠᠨᠠᠬᠢ ᠣᠯᠠᠩᠬᠢ ᠬᠥᠮᠦᠰ ᠨᠢᠭᠡᠨᠲᠡ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠪᠠ᠂ ᠡᠳᠡᠭᠡᠷ ᠬᠥᠮᠦᠰ ᠲᠣᠭᠲᠠᠭᠠᠯ ᠶᠣᠰᠣᠭᠠᠷ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠦᠷᠭᠦᠯᠵᠢᠯᠡᠨ ᠣᠷᠣᠯᠴᠠᠨ᠎ᠠ︔ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠦᠭᠡᠶ ᠶᠢ ᠨᠢ ᠥᠪᠡᠷᠲᠡᠭᠡᠨ ᠵᠠᠰᠠᠬᠤ ᠣᠷᠣᠨ ᠠᠴᠠ ᠰᠦᠢᠳᠬᠡᠯ ᠨᠥᠬᠦᠵᠦ ᠲᠤᠰᠢᠶᠠᠯᠭᠠᠬᠤ ᠵᠡᠷᠭᠡ ᠲᠥᠷᠥ ᠶᠢᠨ ᠪᠣᠳᠣᠯᠭ᠎ᠠ ᠲᠣᠭᠲᠠᠭᠠᠨ ᠲᠡᠳᠡᠨ ᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠭᠤᠯᠵᠤ᠂ ᠣᠷᠣᠨ ᠲᠣᠭᠠᠨ ᠠᠴᠠ ᠭᠠᠳᠠᠨᠠᠬᠢ ᠬᠥᠮᠦᠰ ᠤᠨ ᠠᠵᠢᠯ ᠠᠴᠠ ᠪᠠᠨ ᠠᠮᠠᠷᠠᠭᠰᠠᠨ ᠤ ᠳᠠᠷᠠᠭᠠᠬᠢ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠡᠷᠬᠡ ᠠᠰᠢᠭ ᠢ ᠦᠨᠡᠨ ᠬᠦ  ᠪᠠᠲᠤᠯᠠᠨ᠎ᠠ᠃      ᠰᠤᠷᠪᠤᠯᠵᠢᠯᠠᠭᠴᠢ᠄ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠴᠠᠯᠢᠩ ᠳᠤ ᠠᠯᠢ ᠬᠡᠳᠦᠨ ᠵᠦᠢᠯᠡᠰ  ᠪᠠᠭᠲᠠᠬᠤ ᠪᠤᠶ︖      ᠶᠣᠣ ᠰᠢᠶᠤᠤ ᠳ᠋ᠦᠩ᠄ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ  ᠰᠦᠢᠳᠬᠡᠯ ᠲᠤᠰᠢᠶᠠᠬᠤ ᠴᠠᠯᠢᠩ ᠤᠨ ᠵᠦᠢᠯᠡᠰ ᠲᠤ᠄ ᠦᠨᠳᠦᠰᠦᠨ ᠴᠠᠯᠢᠩ᠂ ᠤᠯᠤᠰ ᠤᠨ ᠨᠢᠭᠡᠳᠦᠯᠲᠡᠶ ᠲᠣᠭᠲᠠᠭᠠᠭᠰᠠᠨ ᠨᠡᠮᠡᠭᠦᠷᠢ ᠮᠥᠩᠭᠦ ᠨᠥᠬᠦᠪᠥᠷᠢ ᠮᠥᠩᠭᠦ ︵ᠬᠠᠲᠠᠭᠤᠵᠢᠯᠲᠠᠶ ᠬᠢᠵᠠᠭᠠᠷ ᠣᠷᠣᠨ ᠤ  ᠨᠡᠮᠡᠭᠦᠷᠢ ᠮᠥᠩᠭᠦ ᠪᠣᠯᠤᠨ ᠤᠯᠤᠰ ᠎ ᠤᠨ ᠨᠢᠭᠡᠳᠦᠯᠲᠡᠶ ᠲᠣᠭᠲᠠᠭᠠᠭᠰᠠᠨ ᠤᠤᠯ ᠤᠨ ᠠᠵᠢᠯ ᠠᠴᠠ ᠪᠠᠨ ᠠᠮᠠᠷᠠᠭᠰᠠᠨ ᠮᠥᠩᠭᠦ ᠶᠢ ᠪᠤᠳᠤᠵᠤ ᠥᠭᠬᠦ ᠰᠠᠭᠤᠷᠢ ᠲᠣᠭᠠᠨ ᠳᠤ ᠣᠷᠣᠭᠤᠯᠤᠭᠰᠠᠨ ᠵᠦᠢᠯᠡᠰ ᠪᠠᠭᠲᠠᠨ᠎ᠠ︶᠂  ᠳᠦᠷᠢᠮᠵᠢᠭᠦᠯᠦᠭᠰᠡᠨ ᠤ ᠳᠠᠷᠠᠭᠠᠬᠢ ᠨᠡᠮᠡᠭᠦᠷᠢ ᠮᠥᠩᠭᠦ ᠨᠥᠬᠦᠪᠥᠷᠢ ᠮᠥᠩᠭᠦ ︵ᠭᠠᠵᠠᠷ ᠣᠷᠣᠨ ᠤ ᠨᠡᠮᠡᠯᠲᠡ ᠨᠡᠮᠡᠭᠦᠷᠢ ᠮᠥᠩᠭᠦ︶᠂ ᠵᠢᠯ ᠤᠨ ᠡᠴᠦᠰ ᠤᠨ ᠨᠢᠭᠡ ᠯᠡ ᠤᠳᠠᠭᠠᠨ ᠤ ᠱᠠᠩᠨᠠᠯ ᠤᠨ ᠮᠥᠩᠭᠦ ᠪᠠᠭᠲᠠᠨ᠎ᠠ︔ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠰᠦᠢᠳᠬᠡᠯ ᠲᠤᠰᠢᠶᠠᠬᠤ ᠴᠠᠯᠢᠩ ᠤᠨ ᠵᠦᠢᠯᠡᠰ ᠲᠤ᠄ ᠦᠨᠳᠦᠰᠦᠨ ᠴᠠᠯᠢᠩ᠂ ᠤᠯᠤᠰ ᠤᠨ ᠨᠢᠭᠡᠳᠦᠯᠲᠡᠶ ᠲᠣᠭᠲᠠᠭᠠᠭᠰᠠᠨ ᠨᠡᠮᠡᠭᠦᠷᠢ ᠮᠥᠩᠭᠦ ᠨᠥᠬᠦᠪᠥᠷᠢ ᠮᠥᠩᠭᠦ ︵ᠬᠠᠲᠠᠭᠤᠵᠢᠯᠲᠠᠶ ᠬᠢᠵᠠᠭᠠᠷ ᠣᠷᠣᠨ ᠤ ᠨᠡᠮᠡᠭᠦᠷᠢ ᠮᠥᠩᠭᠦ ᠪᠣᠯᠤᠨ ᠤᠯᠤᠰ ᠎ ᠤᠨ ᠨᠢᠭᠡᠳᠦᠯᠲᠡᠶ ᠲᠣᠭᠲᠠᠭᠠᠭᠰᠠᠨ ᠤᠤᠯ ᠤᠨ ᠠᠵᠢᠯ ᠠᠴᠠ ᠪᠠᠨ ᠠᠮᠠᠷᠠᠭᠰᠠᠨ ᠮᠥᠩᠭᠦ ᠶᠢ ᠪᠤᠳᠤᠵᠤ ᠥᠭᠬᠦ ᠰᠠᠭᠤᠷᠢ ᠲᠣᠭᠠᠨ ᠳᠤ ᠣᠷᠣᠭᠤᠯᠤᠭᠰᠠᠨ ᠵᠦᠢᠯᠡᠰ ᠪᠠᠭᠲᠠᠨ᠎ᠠ︶᠂ ᠠᠮᠵᠢᠯᠲᠠ ᠪᠦᠲᠦᠮᠵᠢ ᠶᠢᠨ ᠴᠠᠯᠢᠩ ᠪᠠᠭᠲᠠᠨ᠎ᠠ᠃      ᠰᠤᠷᠪᠤᠯᠵᠢᠯᠠᠭᠴᠢ᠄ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠬᠠᠷᠢᠴᠠᠯ ᠢ ᠬᠡᠷᠬᠢᠨ ᠲᠣᠭᠲᠠᠭᠠᠭᠰᠠᠨ ᠪᠤᠢ︖      ᠶᠣᠣ ᠰᠢᠶᠤᠤ ᠳ᠋ᠦᠩ᠄ ᠠᠵᠢᠯᠲᠠᠨ ᠠᠵᠢᠯᠴᠢᠨ ᠲᠤᠰ ᠬᠥᠮᠦᠨ ᠤ ᠰᠦᠢᠳᠬᠡᠯ ᠲᠤᠰᠢᠶᠠᠬᠤ ᠰᠠᠭᠤᠷᠢ ᠲᠣᠭᠠᠨ ᠤ 8%᠎ ᠪᠠᠷ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠵᠤ᠂ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠳᠤ ᠪᠤᠳᠤᠵᠤ ᠣᠷᠣᠭᠤᠯᠤᠨ᠎ᠠ︔  ᠨᠢᠭᠡᠴᠡ ᠨᠢ ᠨᠢᠭᠡᠴᠡ ᠶᠢᠨ ᠰᠦᠢᠳᠬᠡᠯ ᠲᠤᠰᠢᠶᠠᠬᠤ ᠰᠠᠭᠤᠷᠢ ᠲᠣᠭᠠᠨ ᠤ 20%᠎ ᠪᠠᠷ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠵᠤ᠂ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠳᠤ ᠲᠡᠮᠳᠡᠭᠯᠡᠵᠦ ᠣᠷᠣᠭᠤᠯᠤᠨ᠎ᠠ᠃  ᠰᠤᠷᠪᠤᠯᠵᠢᠯᠠᠭᠴᠢ᠄ ᠥᠭᠡᠷᠡᠴᠢᠯᠡᠯᠲᠡ ᠶᠢᠨ ᠲᠠᠷᠠᠭ᠎ᠠ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠨᠢ ᠠᠯᠢ ᠬᠡᠳᠦᠨ ᠵᠦᠢᠯ ᠢᠶᠠᠷ ᠪᠦᠷᠢᠯᠳᠦᠬᠦ ᠪᠤᠢ︖      ᠶᠣᠣ ᠰᠢᠶᠤᠤ ᠳ᠋ᠦᠩ᠄ ᠬᠤᠶᠠᠷ ᠬᠡᠰᠡᠭ ᠪᠠᠭᠲᠠᠨ᠎ᠠ᠂ ᠨᠢᠭᠡ ᠳᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ᠂ ᠲᠤᠬᠠᠶᠢᠯᠠᠪᠠᠯ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ︔ ᠬᠤᠶᠠᠷ ᠲᠤ ᠠᠵᠢᠯ ᠮᠡᠷᠭᠡᠵᠢᠯ ᠤᠨ ᠣᠨ ᠤ ᠮᠥᠩᠭᠦ ᠶᠢᠨ ᠬᠠᠷᠠᠭᠠᠯᠵᠠᠯ ᠪᠣᠯᠣᠨ᠎ᠠ ᠃      ᠰᠤᠷᠪᠤᠯᠵᠢᠯᠠᠭᠴᠢ᠄ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠦᠩᠭᠦ ᠶᠢ ᠬᠡᠷᠬᠢᠨ ᠪᠣᠳᠤᠵᠤ ᠣᠯᠭᠤᠬᠤ ᠪᠣᠢ︖      ᠶᠣᠣ ᠰᠢᠶᠤᠤ ᠳ᠋ᠦᠩ᠄ ᠤᠯᠤᠰ ᠠᠴᠠ ᠲᠣᠭᠲᠠᠭᠠᠭᠰᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠳᠤ ᠦᠭᠡᠷᠡᠴᠢᠯᠡᠯᠲᠡ ᠬᠢᠭᠰᠡᠨ ᠤ ᠳᠠᠷᠠᠭ᠎ᠠ ︽ᠠᠬᠠᠮᠠᠳ ᠬᠦᠮᠦᠨ ᠳᠤ ᠬᠠᠭᠤᠴᠢᠨ ᠠᠷᠭ᠎ᠠ᠂ ᠰᠢᠨ᠎ᠡ ᠬᠦᠮᠦᠨ ᠳᠤ ᠰᠢᠨ᠎ᠡ ᠳᠦᠷᠢᠮ᠂ ᠢᠳᠡᠷ ᠬᠦᠮᠦᠰ ᠢ ᠠᠯᠬᠤᠮ ᠠᠯᠬᠤᠮ ᠢᠶᠠᠷ ᠰᠢᠯᠵᠢᠭᠦᠯᠬᠦ︾ ᠠᠷᠭ᠎ᠠ ᠮᠠᠶ᠋ᠢᠭ ᠢ ᠬᠡᠷᠡᠭᠵᠢᠭᠦᠯᠵᠦ᠂ ᠦᠭᠡᠷᠡᠴᠢᠯᠡᠯᠲᠡ ᠠᠴᠠ ᠡᠮᠦᠨ᠎ᠡ ᠨᠢᠭᠡᠨᠲᠡ ᠠᠵᠢᠯ ᠠᠴᠠ ᠪᠠᠨ ᠠᠮᠠᠷᠠᠭᠰᠠᠨ ︽ᠠᠬᠠᠮᠠᠳ ᠬᠦᠮᠦᠨ︾᠎ ᠳᠤ᠂ ᠤᠤᠯ ᠤᠨ ᠬᠠᠷᠠᠭᠠᠯᠵᠠᠯ ᠢ ᠨᠢ ᠬᠤᠪᠢᠷᠠᠭᠤᠯᠬᠤ ᠦᠭᠡᠢ ᠬᠡᠪ ᠢᠶᠠᠷ ᠪᠠᠶᠢᠯᠭᠠᠬᠤ ᠪᠦᠭᠡᠳ ᠡᠭᠦᠨ ᠠᠴᠠ ᠬᠤᠶᠢᠰᠢ ᠶᠢᠨ ᠬᠠᠷᠠᠭᠠᠯᠵᠠᠯ ᠤᠨ ᠲᠣᠬᠢᠷᠠᠭᠤᠯᠤᠯᠲᠠ ᠳᠤ ᠣᠷᠤᠯᠴᠠᠨ᠎ᠠ︔ ᠦᠭᠡᠷᠡᠴᠢᠯᠡᠯᠲᠡ ᠬᠢᠭᠰᠡᠨ ᠤ ᠳᠠᠷᠠᠭ᠎ᠠ ᠠᠵᠢᠯᠯᠠᠭᠰᠠᠨ ︽ᠰᠢᠨ᠎ᠡ ᠬᠦᠮᠦᠨ︾᠎ ᠳᠤ᠂ ᠠᠵᠢᠯ ᠠᠴᠠ ᠎ ᠪᠠᠨ ᠠᠮᠠᠷᠠᠭᠰᠠᠨ ᠤ ᠳᠠᠷᠠᠭᠠᠬᠢ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠦᠩᠭᠦ ᠨᠢ ᠬᠤᠶᠠᠷ ᠬᠡᠰᠡᠭ ᠢᠶᠠᠷ ᠪᠦᠷᠢᠯᠳᠦᠨ᠎ᠡ᠄ ᠨᠢᠭᠡ ᠳᠤ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠦᠩᠭᠦ᠂ ᠠᠵᠢᠯ ᠤᠨ ᠪᠠᠶᠢᠷᠢᠨ ᠳᠠᠭᠠᠨ ᠪᠠᠶᠢᠭ᠎ᠠ ᠳᠤᠮᠳᠠᠴᠢ ᠴᠠᠯᠢᠩ ᠪᠠ ᠬᠤᠪᠢ ᠬᠥᠮᠦᠨ ᠤ ᠰᠦᠢᠳᠭᠡᠯ ᠲᠤᠰᠢᠶᠠᠬᠤ ᠴᠠᠯᠢᠩ ᠤᠨ ᠳᠤᠮᠳᠠᠴᠢ ᠬᠡᠮᠵᠢᠭᠳᠡᠯ ᠢᠶᠠᠷ ᠰᠠᠭᠤᠷᠢ ᠲᠤᠭ᠎ᠠ ᠪᠣᠯᠭᠠᠨ᠂ ᠨᠢᠭᠡ ᠵᠢᠯ ᠤᠨ ᠰᠦᠢᠳᠬᠡᠯ ᠢ 1%᠎ ᠪᠠᠷ ᠪᠤᠳᠤᠵᠤ ᠣᠯᠭᠤᠨ᠎ᠠ᠃ ᠥᠭᠡᠷ᠎ᠡ ᠪᠠᠷ ᠬᠡᠯᠡᠪᠡᠯ ᠰᠦᠢᠳᠭᠡᠯ ᠲᠤᠰᠢᠶᠠᠭᠰᠠᠨ ᠵᠢᠯ ᠨᠢ ᠬᠡᠳᠦᠢ ᠤᠷᠲᠤ ᠪᠣᠯ ᠬᠠᠷᠠᠭᠠᠯᠵᠠᠯ ᠤᠨ ᠬᠢᠷᠢ ᠲᠥᠪᠰᠢᠨ ᠨᠢ ᠲᠡᠳᠦᠢ ᠦᠨᠳᠦᠷ ᠪᠣᠯᠤᠨ᠎ᠠ᠃ ᠬᠤᠶᠠᠷ ᠲᠤ ᠬᠤᠪᠢ ᠬᠦᠮᠦᠨ ᠤ ᠳᠠᠩᠰᠠᠨ ᠡᠷᠦᠬᠡ ᠳᠠᠬᠢ ᠨᠠᠰᠤᠵᠢᠯ ᠤᠨ ᠠᠰᠠᠷᠠᠮᠵᠢ ᠶᠢᠨ ᠮᠦᠩᠭᠦ᠂ ᠥᠩᠭᠡᠷᠡᠭᠰᠡᠨ ᠵᠢᠯ ᠤᠳ ᠤᠨ ᠬᠤᠪᠢ ᠬᠦᠮᠦᠨ ᠤ ᠰᠦᠢᠳᠬᠡᠯ ᠲᠤᠰᠢᠶᠠᠭᠰᠠᠨ ᠪᠦᠬᠦ ᠡᠬᠡ ᠬᠦᠦ ᠮᠦᠩᠭᠦ ᠶᠢ ᠪᠣᠳᠣᠨ ᠣᠯᠭᠤᠬᠤ ᠪᠠᠷ ᠲᠣᠭᠲᠠᠭᠠᠭᠰᠠᠨ ᠰᠠᠷ᠎ᠠ ᠶᠢᠨ ᠲᠤᠭ᠎ᠠ ᠪᠠᠷ ᠬᠤᠪᠢᠶᠠᠨ᠎ᠠ᠂ ᠦᠭᠡᠷ᠎ᠠ ᠪᠠᠷ ᠬᠡᠯᠡᠪᠡᠯ ᠰᠦᠢᠳᠭᠡᠯ ᠲᠤᠰᠢᠶᠠᠭᠰᠠᠨ ᠨᠢ ᠬᠡᠳᠦᠢ ᠠᠷᠪᠢᠨ ᠪᠣᠯ ᠬᠠᠷᠠᠭᠠᠯᠵᠠᠯ ᠤᠨ ᠬᠢᠷᠢ ᠲᠥᠪᠰᠢᠨ ᠨᠢ ᠲᠡᠳᠦᠢ ᠦᠨᠳᠦᠷ ᠪᠣᠯᠤᠨ᠎ᠠ᠃ ᠦᠭᠡᠷᠡᠴᠢᠯᠡᠯᠲᠡ ᠬᠢᠬᠦ ᠠᠴᠠ ᠡᠮᠦᠨ᠎ᠡ ᠠᠵᠢᠯ ᠳᠤ ᠣᠷᠤᠯᠴᠠᠨ᠂ ᠦᠭᠡᠷᠡᠴᠢᠯᠡᠯᠲᠡ ᠬᠢᠭᠰᠡᠨ ᠤ ᠳᠠᠷᠠᠭ᠎ᠠ ᠠᠵᠢᠯ ᠠᠴᠠ ᠎ ᠪᠠᠨ ᠠᠮᠠᠷᠠᠭᠰᠠᠨ ︽ᠢᠳᠡᠷ ᠬᠦᠮᠦᠰ︾᠎ ᠲᠤ᠂ ᠳᠡᠭᠡᠷ᠎ᠡ ᠳᠤᠷᠠᠳᠤᠭᠰᠠᠨ ᠨᠠᠰᠤᠵᠢᠯ ᠤᠨ ᠰᠠᠭᠤᠷᠢ ᠠᠰᠠᠷᠠᠮᠵᠢ ᠶᠢᠨ ᠮᠦᠩᠭᠦ᠂ ᠳᠠᠩᠰᠠᠨ ᠡᠷᠦᠬᠡ ᠳᠠᠬᠢ ᠨᠠᠰᠤᠵᠢᠯ ᠤᠨ ᠠᠰᠠᠷᠠᠮᠵᠢ ᠶᠢᠨ ᠮᠦᠩᠭᠦ ᠠᠴᠠ ᠭᠠᠳᠠᠨ᠎ᠠ ᠪᠠᠰᠠ ᠰᠢᠯᠵᠢᠯᠲᠡ ᠶᠢᠨ ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠮᠦᠩᠭᠦ ᠣᠯᠭᠤᠨ᠎ᠠ᠃      ᠰᠤᠷᠪᠤᠯᠵᠢᠯᠠᠭᠴᠢ᠄ ᠦᠭᠡᠷᠡᠴᠢᠯᠡᠯᠲᠡ ᠶᠢᠨ ᠳᠠᠷᠠᠭ᠎ᠠ᠂ ᠠᠵᠢᠯ ᠠᠴᠠ ᠪᠠᠨ ᠠᠮᠠᠷᠠᠭᠰᠠᠨ ᠠᠵᠢᠯᠲᠠᠳ ᠤᠨ ᠨᠠᠰᠤᠵᠢᠯ ᠤᠨ ᠠᠰᠠᠷᠠᠮᠵᠢ ᠶᠢᠨ ᠮᠦᠩᠭᠦ ᠶᠢᠨ ᠲᠣᠬᠢᠷᠠᠭᠤᠯᠤᠯᠲᠠ ᠨᠢ ᠠᠵᠢᠯ ᠳᠤ ᠪᠠᠶᠢᠭ᠎ᠠ ᠠᠵᠢᠯᠲᠠᠳ ᠤᠨ ᠴᠠᠯᠢᠩ ᠤᠨ ᠲᠣᠬᠢᠷᠠᠭᠤᠯᠤᠯᠲᠠ ᠲᠠᠢ ᠬᠤᠯᠪᠤᠨ᠎ᠠ ᠤᠤ ᠦᠭᠡᠢ ᠦᠦ︖      ᠶᠣᠣ ᠰᠢᠶᠤᠤ ᠳ᠋ᠦᠩ᠄ ᠤᠯᠤᠰ ᠤᠨ ᠲᠣᠭᠲᠠᠭᠠᠯ ᠶᠣᠰᠤᠭᠠᠷ᠂ ᠦᠭᠡᠷᠡᠴᠢᠯᠡᠯᠲᠡ ᠶᠢᠨ ᠳᠠᠷᠠᠭ᠎ᠠ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠨ ᠠᠮᠠᠷᠠᠭᠰᠠᠨ ᠠᠵᠢᠯᠲᠠᠳ ᠤᠨ ᠨᠠᠰᠤᠵᠢᠯ ᠤᠨ ᠠᠰᠠᠷᠠᠮᠵᠢ ᠶᠢᠨ ᠮᠦᠩᠭᠦ ᠶᠢᠨ ᠲᠣᠬᠢᠷᠠᠭᠤᠯᠤᠯᠲᠠ ᠨᠢ ᠠᠵᠢᠯ ᠳᠤ ᠪᠠᠶᠢᠭ᠎ᠠ ᠠᠵᠢᠯᠲᠠᠨ ᠤ ᠴᠠᠯᠢᠩ ᠤᠨ ᠲᠣᠬᠢᠷᠠᠭᠤᠯᠤᠯᠲᠠ ᠲᠠᠢ ᠳᠠᠬᠢᠨ ᠬᠤᠯᠪᠤᠭᠳᠠᠭᠤᠯᠬᠤ ᠦᠭᠡᠢ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠠᠵᠢᠯᠲᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠦᠩᠭᠦ ᠶᠢᠨ ᠲᠣᠬᠢᠷᠠᠭᠤᠯᠤᠯᠲᠠ ᠲᠠᠢ ᠨᠢᠭᠡᠳᠦᠯᠲᠡᠶ ᠲᠥᠯᠥᠪᠯᠡᠨ ᠪᠣᠳᠤᠯᠬᠢᠯᠠᠬᠤ ᠪᠣᠯᠤᠨ᠎ᠠ᠃      ᠰᠤᠷᠪᠤᠯᠵᠢᠯᠠᠭᠴᠢ᠄ ᠶᠠᠭᠤ ᠶᠢ ᠠᠵᠢᠯ ᠮᠡᠷᠭᠡᠵᠢᠯ ᠤᠨ ᠣᠨ ᠤ ᠮᠥᠩᠭᠦ ᠭᠡᠬᠦ ᠪᠣᠢ︖ ᠠᠵᠢᠯ ᠮᠡᠷᠭᠡᠵᠢᠯ ᠤᠨ ᠣᠨ ᠤ ᠮᠥᠩᠭᠦ ᠶᠢᠨ ᠬᠠᠮᠢᠶᠠᠷᠤᠯᠲᠠ ᠪᠠ ᠪᠡᠯᠡ ᠮᠥᠩᠭᠦ ᠴᠤᠭᠯᠠᠭᠤᠯᠬᠤ ᠳᠤ ᠶᠠᠮᠠᠷ ᠬᠡᠯᠪᠡᠷᠢ ᠠᠪᠬᠤ ᠪᠣᠢ︖      ᠶᠣᠣ ᠰᠢᠶᠤᠤ ᠳ᠋ᠦᠩ᠄ ᠠᠵᠢᠯ ᠮᠡᠷᠭᠡᠵᠢᠯ ᠤᠨ ᠣᠨ ᠤ ᠮᠥᠩᠭᠦ ᠪᠣᠯ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠤᠯᠤᠰ ᠤᠨ ᠲᠣᠭᠲᠠᠭᠠᠯ ᠶᠣᠰᠤᠭᠠᠷ ᠠᠵᠢᠯᠲᠠᠳ ᠲᠤ ᠪᠠᠶᠢᠭᠤᠯᠤᠭᠰᠠᠨ ᠨᠦᠬᠦᠪᠦᠷᠢ ᠨᠠᠰᠤᠵᠢᠯ ᠤᠨ ᠠᠰᠠᠷᠠᠮᠵᠢ ᠶᠢᠨ ᠮᠦᠩᠭᠦ ᠶᠢᠨ ᠳᠠᠭᠠᠳᠬᠠᠯ ᠪᠣᠯᠤᠨ᠎ᠠ᠃ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠦᠩᠭᠦ ᠳᠤ ᠦᠭᠡᠷᠡᠴᠢᠯᠡᠯᠲᠡ ᠬᠢᠬᠦ ᠶᠢᠨ ᠬᠠᠮᠲᠤ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠠᠴᠠ ᠦᠭᠡᠷᠡᠴᠢᠯᠡᠯᠲᠡ ᠶᠢᠨ ᠬᠦᠷᠢᠶᠡᠨ ᠳᠣᠲᠤᠷᠠᠬᠢ ᠠᠵᠢᠯᠲᠠᠨ ᠳᠤ ᠠᠵᠢᠯ ᠮᠡᠷᠭᠡᠵᠢᠯ ᠤᠨ ᠣᠨ ᠤ ᠮᠦᠩᠭᠦ ᠶᠢ ᠪᠠᠶᠢᠭᠤᠯᠵᠤ ᠦᠭᠬᠦ ᠬᠡᠷᠡᠭᠲᠡᠢ᠃ ᠪᠡᠯᠡ ᠮᠦᠩᠭᠦ ᠶᠢᠨ ᠢᠷᠡᠯᠲᠡ ᠨᠢ ᠬᠤᠶᠠᠷ ᠬᠡᠰᠡᠭ ᠢᠶᠠᠷ ᠪᠦᠷᠢᠯᠳᠦᠨ᠎ᠡ᠂ ᠨᠢᠭᠡᠴᠡ ᠠᠴᠠ ᠴᠠᠯᠢᠩ ᠤᠨ ᠶᠡᠷᠦᠩᠬᠡᠢ ᠲᠣᠭᠠᠨ ᠤ 8%᠎ ᠢᠶᠠᠷ ᠰᠦᠢᠳᠭᠡᠯ ᠲᠤᠰᠢᠶᠠᠵᠤ᠂ ᠬᠤᠪᠢ ᠬᠦᠮᠦᠨ ᠰᠦᠢᠳᠭᠡᠯ ᠲᠤᠰᠢᠶᠠᠬᠤ ᠴᠠᠯᠢᠩ ᠤᠨ 4%᠎ ᠪᠠᠷ ᠰᠦᠢᠳᠭᠡᠯ ᠲᠤᠰᠢᠶᠠᠵᠤ᠂ ᠬᠤᠪᠢ ᠬᠦᠮᠦᠨ ᠤ ᠳᠠᠩᠰᠠᠨ ᠡᠷᠦᠬᠡ ᠳᠤ ᠣᠷᠤᠭᠤᠯᠵᠤ ᠬᠠᠮᠢᠶᠠᠷᠤᠨ᠎ᠠ᠃     ᠰᠤᠷᠪᠤᠯᠵᠢᠯᠠᠭᠴᠢ᠄ ᠠᠵᠢᠯ ᠮᠡᠷᠭᠡᠵᠢᠯ ᠤᠨ ᠣᠨ ᠤ ᠮᠦᠩᠭᠦ ᠶᠢᠨ ᠬᠠᠷᠠᠭᠠᠯᠵᠠᠯ ᠢ ᠬᠡᠷᠬᠢᠨ ᠲᠣᠭᠲᠠᠭᠠᠭᠰᠠᠨ ᠪᠣᠢ︖       ᠶᠣᠣ ᠰᠢᠶᠤᠤ ᠳ᠋ᠦᠩ᠄ ᠠᠵᠢᠯᠲᠠᠨ ᠤᠯᠤᠰ ᠠᠴᠠ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠦᠭᠦᠴᠡᠯ ᠎ ᠳᠤ ᠬᠦᠷᠦᠭᠰᠡᠨ ᠪᠦᠭᠡᠳ ᠠᠵᠢᠯ ᠠᠴᠠ ᠪᠠᠨ ᠠᠮᠠᠷᠠᠬᠤ ᠭᠠᠷᠳᠠᠮ ᠢᠶᠠᠨ ᠬᠠᠣᠯᠢ ᠶᠣᠰᠤᠭᠠᠷ ᠭᠦᠢᠴᠡᠳᠬᠡᠭᠰᠡᠨ ᠤ ᠳᠠᠷᠠᠭ᠎ᠠ᠂ ᠲᠤᠰ ᠬᠦᠮᠦᠨ ᠨᠢ ᠠᠵᠢᠯ ᠮᠡᠷᠭᠡᠵᠢᠯ ᠤᠨ ᠣᠨ ᠤ ᠮᠦᠩᠭᠦ ᠶᠢᠨ ᠬᠠᠷᠠᠭᠠᠯᠵᠠᠯ ᠢ ᠰᠠᠷ᠎ᠠ ᠪᠦᠷᠢ ᠠᠪᠬᠤ ᠠᠷᠭ᠎ᠠ ᠮᠠᠶ᠋ᠢᠭ ᠢᠶᠠᠨ ᠰᠤᠩᠭᠤᠨ᠎ᠠ᠃ ᠬᠤᠳᠠᠯᠳᠤᠭᠠᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠦᠢᠯᠡᠳᠭᠦᠨ ᠢ ᠬᠤᠳᠠᠯᠳᠤᠨ ᠠᠪᠬᠤ ᠳᠤ ᠨᠢᠭᠡ ᠯᠠ ᠳᠣᠣᠷ᠎ᠠ ᠬᠡᠷᠡᠭᠯᠡᠵᠤ ᠪᠣᠯᠤᠨ᠎ᠠ᠂ ᠳᠠᠭᠠᠳᠬᠠᠯ ᠤᠨ ᠭᠡᠷ᠎ᠡ ᠪᠠᠨ ᠦᠨᠳᠦᠰᠦᠯᠡᠨ ᠬᠠᠷᠠᠭᠠᠯᠵᠠᠯ ᠠᠪᠬᠤ ᠪᠦᠭᠡᠳ ᠬᠠᠮᠢᠶ᠎ᠠ ᠪᠦᠬᠦᠢ ᠵᠠᠯᠭᠠᠮᠵᠢᠯᠠᠬᠤ ᠡᠷᠬᠡ ᠶᠢ ᠡᠳ᠋ᠯᠡᠬᠦ ᠪᠣᠯᠤᠨ᠎ᠠ︔ ᠪᠠᠰᠠ ᠲᠤᠰ ᠬᠦᠮᠦᠨ ᠤ ᠠᠵᠢᠯ ᠠᠴᠠ ᠪᠠᠨ ᠠᠮᠠᠷᠠᠬᠤ ᠦᠶ᠎ᠡ ᠶᠢᠨ ᠬᠢ ᠲᠠᠢ ᠲᠣᠬᠢᠷᠠᠯᠴᠠᠬᠤ ᠰᠠᠷ᠎ᠠ ᠶᠢᠨ ᠲᠤᠭ᠎ᠠ ᠶᠣᠰᠤᠭᠠᠷ ᠠᠵᠢᠯ ᠮᠡᠷᠭᠡᠵᠢᠯ ᠤᠨ ᠣᠨ ᠤ ᠮᠦᠩᠭᠦ ᠪᠠᠨ ᠰᠠᠷ᠎ᠠ ᠶᠢᠨ ᠬᠠᠷᠠᠭᠠᠯᠵᠠᠯ ᠤᠨ ᠪᠠᠷᠢᠮᠵᠢᠶ᠎ᠠ ᠶᠣᠰᠤᠭᠠᠷ ᠪᠦᠬᠦᠨ ᠢ ᠪᠣᠳᠤᠵᠤ ᠠᠪᠬᠤ ᠶᠢ ᠰᠣᠩᠭᠤᠵᠤ ᠪᠣᠯᠤᠨ᠎ᠠ᠃ ᠡᠭᠦᠨ ᠤ ᠬᠠᠮᠲᠤ ᠠᠵᠢᠯ ᠮᠡᠷᠭᠡᠵᠢᠯ ᠤᠨ ᠣᠨ ᠤ ᠮᠦᠩᠭᠦ ᠶᠢᠨ ᠬᠤᠪᠢ ᠬᠦᠮᠦᠨ ᠤ ᠳᠠᠩᠰᠠᠨ ᠡᠷᠦᠬᠡ ᠶᠢᠨ ᠦᠯᠡᠳᠡᠪᠦᠷᠢ ᠮᠦᠩᠭᠦ ᠶᠢ ᠵᠠᠯᠭᠠᠮᠵᠢᠯᠠᠬᠤ ᠡᠷᠬᠡ ᠲᠠᠢ᠃      ᠰᠤᠷᠪᠤᠯᠵᠢᠯᠠᠭᠴᠢ᠄ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠠᠵᠢᠯ ᠰᠢᠯᠵᠢᠬᠦ ᠦᠶ᠎ᠡ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠢᠴᠠᠭ᠎ᠠ ᠪᠠᠨ ᠬᠡᠷᠬᠢᠨ ᠰᠢᠯᠵᠢᠭᠦᠯᠬᠦ ᠪᠣᠢ︖      ᠶᠣᠣ ᠰᠢᠶᠤᠤ ᠳ᠋ᠦᠩ᠄ ᠰᠢᠯᠵᠢᠯᠲᠡ ᠨᠢ ᠬᠤᠶᠠᠷ ᠵᠦᠢᠯ ᠤᠨ ᠪᠠᠶᠢᠳᠠᠯ ᠲᠠᠢ᠂ ᠨᠢᠭᠡ ᠵᠦᠢᠯ ᠨᠢ ᠳᠠᠭᠠᠳᠬᠠᠯ ᠎ ᠳᠤ ᠣᠷᠤᠯᠴᠠᠭᠰᠠᠨ ᠬᠦᠮᠦᠨ ᠦᠪᠡᠷᠲᠡᠭᠡᠨ ᠵᠠᠰᠠᠬᠤ ᠤᠷᠤᠨ ᠤ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠳᠣᠲᠤᠷ᠎ᠠ ᠰᠢᠯᠵᠢᠪᠡᠯ᠂ ᠵᠦᠪᠬᠡᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠵᠠᠯᠭᠠᠭᠤᠯᠵᠤ᠂ ᠰᠠᠭᠤᠷᠢ ᠮᠦᠩᠭᠦ ᠶᠢ ᠨᠢ ᠰᠢᠯᠵᠢᠭᠦᠯᠬᠦ ᠦᠭᠡᠢ᠃ ᠨᠦᠭᠦᠭᠡ ᠵᠦᠢᠯ ᠨᠢ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠮᠤᠵᠢ ᠤᠷᠤᠨ ᠠᠯᠤᠰᠯᠠᠨ ᠰᠢᠯᠵᠢᠬᠦ᠂ ᠡᠰᠡᠪᠡᠯ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠬᠢᠭᠡᠳ ᠠᠵᠤ ᠠᠬᠤᠶᠢᠯᠠᠯ ᠤᠨ ᠬᠤᠭᠤᠷᠤᠨᠳᠤ ᠰᠢᠯᠵᠢᠪᠡᠯ᠂ ᠬᠤᠪᠢ ᠬᠦᠮᠦᠨ ᠤ ᠳᠠᠩᠰᠠᠨ ᠡᠷᠦᠬᠡ ᠳᠤ ᠬᠠᠳᠠᠭᠠᠯᠠᠭᠰᠠᠨ ᠪᠦᠬᠦ ᠵᠣᠭᠤᠰ ᠢ ᠰᠢᠯᠵᠢᠭᠦᠯᠬᠦ ᠪᠦᠭᠡᠳ ᠪᠠᠰᠠ ᠬᠡᠰᠡᠭ ᠰᠠᠭᠤᠷᠢ ᠮᠦᠩᠭᠦ ᠶᠢ ᠰᠢᠯᠵᠢᠭᠦᠯᠦᠨ᠎ᠡ᠃ ᠭᠡᠪᠡᠴᠦ ᠠᠯᠢ ᠨᠢᠭᠡ ᠵᠦᠢᠯ ᠤᠨ ᠰᠢᠯᠵᠢᠯᠲᠡ ᠨᠢ ᠴᠦ ᠭᠡᠳ᠂ ᠠᠵᠢᠯᠲᠠᠨ ᠰᠢᠯᠵᠢᠬᠦ ᠶᠢᠨ ᠡᠮᠦᠨ᠎ᠡ ᠬᠤᠶᠢᠨᠠᠬᠢ ᠰᠦᠢᠳᠭᠡᠯ ᠲᠤᠰᠢᠶᠠᠭᠰᠠᠨ ᠵᠢᠯ ᠬᠤᠭᠤᠴᠠᠭ᠎ᠠ ︵ᠰᠦᠢᠳᠬᠡᠯ ᠲᠤᠰᠢᠶᠠᠬᠤ ᠵᠢᠯ ᠬᠤᠭᠤᠴᠠᠭ᠎ᠠ ᠪᠠᠷ ᠦᠵᠡᠬᠦ ᠶᠢ ᠪᠠᠭᠲᠠᠭᠠᠨ᠎ᠠ︶᠎ ᠶᠢ ᠨᠢ ᠪᠦᠷ ᠦᠷᠭᠦᠯᠵᠢᠯᠡᠨ ᠪᠣᠳᠤᠨ᠎ᠠ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ