12 ᠳ᠋ᠤᠭᠠᠷ ᠰᠠᠷ᠎ᠠ ᠶᠢᠨ 18 ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠭᠠᠵᠠᠷ ᠤᠨ ᠳᠡᠳ᠋ ᠪᠠᠶᠢᠴᠠᠭᠠᠨ ᠰᠤᠳᠤᠯᠤᠭᠴᠢ ᠶᠣᠣ ᠰᠢᠶᠤᠤ ᠳ᠋ᠦᠩ ᠢ ᠰᠤᠷᠪᠤᠯᠵᠢᠯᠠᠵᠤ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠠᠷᠭ᠎ᠠ︾ ᠶᠢᠨ | ᠬᠠᠮᠢᠶ᠎ᠠ ᠪᠦᠭᠦᠢ ᠠᠭᠤᠯᠭ᠎ᠠ ᠶᠢ ᠤᠯᠠᠮ ᠨᠢᠭᠡ ᠠᠯᠬᠤᠮ ᠣᠶᠢᠯᠠᠭᠠᠪᠠ᠃ | ᠰᠤᠷᠪᠤᠯᠵᠢᠯᠠᠭᠴᠢ᠄ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠦᠯᠲᠡ ᠨᠢ ᠮᠠᠨ ᠤ ᠣᠷᠣᠨ ᠤ ᠶᠠᠮᠠᠷ ᠶᠠᠮᠠᠷ ᠨᠢᠭᠡᠴᠡ | ᠲᠠᠢ ᠬᠤᠯᠪᠣᠭᠳᠠᠬᠤ ᠪᠤᠢ︖ | ᠶᠣᠣ ᠰᠢᠶᠤᠤ ᠳ᠋ᠦᠩ᠄ ᠠᠯᠪᠠᠲᠠᠨ ᠤ ᠬᠠᠤᠯᠢ ᠪᠠᠷ ᠬᠠᠮᠢᠶᠠᠷᠴᠤ ᠪᠠᠶᠢᠭ᠎ᠠ ᠨᠢᠭᠡᠴᠡ᠂ ᠠᠯᠪᠠᠳᠠᠨ ᠤ ᠬᠠᠤᠯᠢ ᠪᠠᠷ | ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠪᠠᠶᠢᠭᠤᠯᠭ᠎ᠠ ︵ᠨᠢᠭᠡᠴᠡ︶᠂ ᠲᠥᠷᠥᠯ ᠬᠤᠪᠢᠶᠠᠨ ᠥᠭᠡᠷᠡᠴᠢᠯᠡᠯᠲᠡ | ᠬᠢᠭᠰᠡᠨ ᠤ ᠳᠠᠷᠠᠭᠠᠬᠢ ᠨᠡᠶᠢᠲᠡ ᠶᠢᠨ ᠠᠰᠠᠷᠠᠮᠵᠢ ᠶᠢᠨ ᠨᠢᠭᠡ᠂ ᠬᠤᠶᠠᠳᠤᠭᠠᠷ ᠲᠦᠷᠦᠯ ᠢᠶᠠᠷ ᠲᠣᠭᠲᠠᠭᠠᠭᠳᠠᠭᠰᠠᠨ | ᠠᠵᠢᠯ ᠦᠢᠯᠡᠰ ᠤᠨ ᠨᠢᠭᠡᠴᠡ ᠵᠢᠴᠢ ᠣᠷᠣᠨ ᠲᠣᠭᠠᠨ ᠳᠠᠬᠢ ᠬᠥᠮᠦᠰ ᠲᠤ ᠬᠤᠯᠪᠣᠭᠳᠠᠨ᠎ᠠ ᠃ ᠣᠳᠣᠬᠠᠨ ᠳᠤ | ᠦᠢᠯᠡᠳᠪᠦᠷᠢᠯᠡᠯ ᠡᠵᠡᠩᠨᠡᠯᠲᠡ ᠶᠢᠨ ᠲᠥᠷᠥᠯ ᠢᠶᠠᠷ ᠬᠤᠪᠢᠶᠠᠭᠳᠠᠭᠰᠠᠨ ᠪᠣᠯᠪᠠᠴᠤ ᠬᠠᠷᠠᠬᠠᠨ ᠠᠵᠤ ᠠᠬᠤᠶᠢᠯᠠᠯ ᠪᠣᠯᠭᠠᠨ | ᠬᠤᠪᠢᠷᠠᠭᠤᠯᠵᠤ ᠳᠦᠷᠢᠮ ᠢᠶᠠᠨ ᠥᠭᠡᠷᠡᠴᠢᠯᠡᠭᠡᠳᠦᠢ ᠠᠵᠢᠯ ᠦᠢᠯᠡᠰ ᠤᠨ ᠨᠢᠭᠡᠴᠡ ᠶᠢᠨ ᠠᠵᠤ ᠠᠬᠤᠶᠢᠯᠠᠯ ᠤᠨ | ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠦᠭᠡᠢ ᠶᠢ ᠨᠢ | ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠲᠦᠷ | ᠣᠷᠣᠯᠴᠠᠭᠤᠯᠵᠤ᠂ ᠳᠡᠳᠡᠨ ᠢ ᠠᠵᠤ ᠠᠬᠤᠶᠢᠯᠠᠯ ᠪᠣᠯᠭᠠᠨ ᠬᠤᠪᠢᠷᠠᠭᠤᠯᠵᠤ ᠳᠦᠷᠢᠮ ᠢ ᠨᠢ ᠥᠭᠡᠷᠡᠴᠢᠯᠡᠭᠰᠡᠨ ᠤ | ᠳᠠᠷᠠᠭ᠎ᠠ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ | ᠨᠠᠰᠤᠵᠢᠯ ᠤᠨ ᠦᠨᠳᠦᠰᠦᠨ ᠳᠠᠭᠠᠳᠬᠠᠯ ᠤᠨ ᠬᠡᠪᠴᠢᠶᠡᠨ ᠳᠤ ᠣᠷᠣᠭᠤᠯᠵᠤ ᠪᠣᠯᠤᠨ᠎ᠠ᠃ | ᠰᠤᠷᠪᠤᠯᠵᠢᠯᠠᠭᠴᠢ᠄ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠣᠷᠣᠨ ᠲᠣᠭᠠᠨ ᠠᠴᠠ ᠭᠠᠳᠠᠨᠠᠬᠢ | ᠬᠦᠮᠦᠰ ᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠬᠡᠷᠬᠢᠨ | ᠣᠷᠣᠭᠤᠯᠬᠤ ᠪᠤᠢ︖ | ᠶᠣᠣ ᠰᠢᠶᠤᠤ ᠳ᠋ᠦᠩ᠄ ᠤᠯᠤᠰ ᠤᠨ ᠲᠣᠭᠲᠠᠭᠠᠯ ᠢᠶᠠᠷ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ | ᠣᠷᠣᠨ ᠲᠣᠭᠠᠨ ᠤ ᠪᠤᠰᠤ ᠬᠥᠮᠦᠰ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠳᠤ ᠣᠷᠣᠯᠴᠠᠨ᠎ᠠ᠃ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠠᠴᠠ ᠠᠪᠴᠤ | ᠦᠵᠡᠪᠡᠯ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠣᠷᠣᠨ ᠲᠣᠭᠠᠨ ᠠᠴᠠ ᠭᠠᠳᠠᠨᠠᠬᠢ ᠣᠯᠠᠩᠬᠢ ᠬᠥᠮᠦᠰ | ᠨᠢᠭᠡᠨᠲᠡ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ | ᠣᠷᠣᠯᠴᠠᠪᠠ᠂ ᠡᠳᠡᠭᠡᠷ ᠬᠥᠮᠦᠰ ᠲᠣᠭᠲᠠᠭᠠᠯ ᠶᠣᠰᠣᠭᠠᠷ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠦᠷᠭᠦᠯᠵᠢᠯᠡᠨ ᠣᠷᠣᠯᠴᠠᠨ᠎ᠠ︔ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠦᠭᠡᠶ ᠶᠢ ᠨᠢ ᠥᠪᠡᠷᠲᠡᠭᠡᠨ ᠵᠠᠰᠠᠬᠤ | ᠣᠷᠣᠨ ᠠᠴᠠ ᠰᠦᠢᠳᠬᠡᠯ ᠨᠥᠬᠦᠵᠦ ᠲᠤᠰᠢᠶᠠᠯᠭᠠᠬᠤ ᠵᠡᠷᠭᠡ ᠲᠥᠷᠥ ᠶᠢᠨ ᠪᠣᠳᠣᠯᠭ᠎ᠠ ᠲᠣᠭᠲᠠᠭᠠᠨ ᠲᠡᠳᠡᠨ ᠢ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠭᠤᠯᠵᠤ᠂ ᠣᠷᠣᠨ | ᠲᠣᠭᠠᠨ ᠠᠴᠠ ᠭᠠᠳᠠᠨᠠᠬᠢ ᠬᠥᠮᠦᠰ ᠤᠨ ᠠᠵᠢᠯ ᠠᠴᠠ ᠪᠠᠨ ᠠᠮᠠᠷᠠᠭᠰᠠᠨ ᠤ ᠳᠠᠷᠠᠭᠠᠬᠢ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠡᠷᠬᠡ ᠠᠰᠢᠭ ᠢ ᠦᠨᠡᠨ ᠬᠦ ᠪᠠᠲᠤᠯᠠᠨ᠎ᠠ᠃ | ᠰᠤᠷᠪᠤᠯᠵᠢᠯᠠᠭᠴᠢ᠄ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠤᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠴᠠᠯᠢᠩ ᠳᠤ ᠠᠯᠢ ᠬᠡᠳᠦᠨ ᠵᠦᠢᠯᠡᠰ ᠪᠠᠭᠲᠠᠬᠤ ᠪᠤᠶ︖ | ᠶᠣᠣ ᠰᠢᠶᠤᠤ ᠳ᠋ᠦᠩ᠄ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠰᠦᠢᠳᠬᠡᠯ | ᠲᠤᠰᠢᠶᠠᠬᠤ ᠴᠠᠯᠢᠩ ᠤᠨ ᠵᠦᠢᠯᠡᠰ ᠲᠤ᠄ ᠦᠨᠳᠦᠰᠦᠨ ᠴᠠᠯᠢᠩ᠂ ᠤᠯᠤᠰ ᠤᠨ ᠨᠢᠭᠡᠳᠦᠯᠲᠡᠶ ᠲᠣᠭᠲᠠᠭᠠᠭᠰᠠᠨ | ᠨᠡᠮᠡᠭᠦᠷᠢ ᠮᠥᠩᠭᠦ ᠨᠥᠬᠦᠪᠥᠷᠢ ᠮᠥᠩᠭᠦ ︵ᠬᠠᠲᠠᠭᠤᠵᠢᠯᠲᠠᠶ ᠬᠢᠵᠠᠭᠠᠷ ᠣᠷᠣᠨ ᠤ ᠨᠡᠮᠡᠭᠦᠷᠢ ᠮᠥᠩᠭᠦ ᠪᠣᠯᠤᠨ ᠤᠯᠤᠰ | ᠤᠨ ᠨᠢᠭᠡᠳᠦᠯᠲᠡᠶ ᠲᠣᠭᠲᠠᠭᠠᠭᠰᠠᠨ ᠤᠤᠯ ᠤᠨ ᠠᠵᠢᠯ ᠠᠴᠠ ᠪᠠᠨ ᠠᠮᠠᠷᠠᠭᠰᠠᠨ ᠮᠥᠩᠭᠦ ᠶᠢ ᠪᠤᠳᠤᠵᠤ ᠥᠭᠬᠦ ᠰᠠᠭᠤᠷᠢ | ᠲᠣᠭᠠᠨ ᠳᠤ ᠣᠷᠣᠭᠤᠯᠤᠭᠰᠠᠨ ᠵᠦᠢᠯᠡᠰ ᠪᠠᠭᠲᠠᠨ᠎ᠠ︶᠂ ᠳᠦᠷᠢᠮᠵᠢᠭᠦᠯᠦᠭᠰᠡᠨ ᠤ ᠳᠠᠷᠠᠭᠠᠬᠢ ᠨᠡᠮᠡᠭᠦᠷᠢ ᠮᠥᠩᠭᠦ | ᠨᠥᠬᠦᠪᠥᠷᠢ ᠮᠥᠩᠭᠦ ︵ᠭᠠᠵᠠᠷ ᠣᠷᠣᠨ ᠤ ᠨᠡᠮᠡᠯᠲᠡ ᠨᠡᠮᠡᠭᠦᠷᠢ ᠮᠥᠩᠭᠦ︶᠂ ᠵᠢᠯ ᠤᠨ ᠡᠴᠦᠰ ᠤᠨ ᠨᠢᠭᠡ ᠯᠡ | ᠤᠳᠠᠭᠠᠨ ᠤ ᠱᠠᠩᠨᠠᠯ ᠤᠨ ᠮᠥᠩᠭᠦ ᠪᠠᠭᠲᠠᠨ᠎ᠠ︔ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠰᠦᠢᠳᠬᠡᠯ | ᠲᠤᠰᠢᠶᠠᠬᠤ ᠴᠠᠯᠢᠩ ᠤᠨ ᠵᠦᠢᠯᠡᠰ ᠲᠤ᠄ ᠦᠨᠳᠦᠰᠦᠨ ᠴᠠᠯᠢᠩ᠂ ᠤᠯᠤᠰ ᠤᠨ ᠨᠢᠭᠡᠳᠦᠯᠲᠡᠶ ᠲᠣᠭᠲᠠᠭᠠᠭᠰᠠᠨ | ᠨᠡᠮᠡᠭᠦᠷᠢ ᠮᠥᠩᠭᠦ ᠨᠥᠬᠦᠪᠥᠷᠢ ᠮᠥᠩᠭᠦ ︵ᠬᠠᠲᠠᠭᠤᠵᠢᠯᠲᠠᠶ ᠬᠢᠵᠠᠭᠠᠷ ᠣᠷᠣᠨ ᠤ ᠨᠡᠮᠡᠭᠦᠷᠢ ᠮᠥᠩᠭᠦ ᠪᠣᠯᠤᠨ ᠤᠯᠤᠰ | ᠤᠨ ᠨᠢᠭᠡᠳᠦᠯᠲᠡᠶ ᠲᠣᠭᠲᠠᠭᠠᠭᠰᠠᠨ ᠤᠤᠯ ᠤᠨ ᠠᠵᠢᠯ ᠠᠴᠠ ᠪᠠᠨ ᠠᠮᠠᠷᠠᠭᠰᠠᠨ ᠮᠥᠩᠭᠦ ᠶᠢ ᠪᠤᠳᠤᠵᠤ ᠥᠭᠬᠦ ᠰᠠᠭᠤᠷᠢ | ᠲᠣᠭᠠᠨ ᠳᠤ ᠣᠷᠣᠭᠤᠯᠤᠭᠰᠠᠨ ᠵᠦᠢᠯᠡᠰ ᠪᠠᠭᠲᠠᠨ᠎ᠠ︶᠂ ᠠᠮᠵᠢᠯᠲᠠ ᠪᠦᠲᠦᠮᠵᠢ ᠶᠢᠨ ᠴᠠᠯᠢᠩ ᠪᠠᠭᠲᠠᠨ᠎ᠠ᠃ | ᠰᠤᠷᠪᠤᠯᠵᠢᠯᠠᠭᠴᠢ᠄ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠰᠦᠢᠳᠬᠡᠯ ᠲᠤᠰᠢᠶᠠᠬᠤ ᠬᠠᠷᠢᠴᠠᠯ ᠢ ᠬᠡᠷᠬᠢᠨ ᠲᠣᠭᠲᠠᠭᠠᠭᠰᠠᠨ ᠪᠤᠢ︖ | ᠶᠣᠣ ᠰᠢᠶᠤᠤ ᠳ᠋ᠦᠩ᠄ ᠠᠵᠢᠯᠲᠠᠨ ᠠᠵᠢᠯᠴᠢᠨ ᠲᠤᠰ ᠬᠥᠮᠦᠨ ᠤ ᠰᠦᠢᠳᠬᠡᠯ ᠲᠤᠰᠢᠶᠠᠬᠤ ᠰᠠᠭᠤᠷᠢ | ᠲᠣᠭᠠᠨ ᠤ 8% ᠪᠠᠷ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠵᠤ᠂ ᠠᠵᠢᠯᠲᠠᠨ | ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠳᠤ ᠪᠤᠳᠤᠵᠤ | ᠣᠷᠣᠭᠤᠯᠤᠨ᠎ᠠ︔ ᠨᠢᠭᠡᠴᠡ ᠨᠢ ᠨᠢᠭᠡᠴᠡ ᠶᠢᠨ ᠰᠦᠢᠳᠬᠡᠯ ᠲᠤᠰᠢᠶᠠᠬᠤ ᠰᠠᠭᠤᠷᠢ ᠲᠣᠭᠠᠨ ᠤ 20% ᠪᠠᠷ | ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠵᠤ᠂ ᠨᠢᠭᠡᠳᠦᠯᠲᠡᠶ ᠲᠥᠯᠥᠪᠯᠡᠬᠦ ᠰᠠᠭᠤᠷᠢ | ᠮᠥᠩᠭᠦ ᠳᠤ ᠲᠡᠮᠳᠡᠭᠯᠡᠵᠦ ᠣᠷᠣᠭᠤᠯᠤᠨ᠎ᠠ᠃ | ᠰᠤᠷᠪᠤᠯᠵᠢᠯᠠᠭᠴᠢ᠄ ᠥᠭᠡᠷᠡᠴᠢᠯᠡᠯᠲᠡ ᠶᠢᠨ ᠲᠠᠷᠠᠭ᠎ᠠ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠨᠢ ᠠᠯᠢ ᠬᠡᠳᠦᠨ ᠵᠦᠢᠯ ᠢᠶᠠᠷ ᠪᠦᠷᠢᠯᠳᠦᠬᠦ ᠪᠤᠢ︖ | ᠶᠣᠣ ᠰᠢᠶᠤᠤ ᠳ᠋ᠦᠩ᠄ ᠬᠤᠶᠠᠷ ᠬᠡᠰᠡᠭ ᠪᠠᠭᠲᠠᠨ᠎ᠠ᠂ ᠨᠢᠭᠡ ᠳᠤ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠬᠠᠷᠠᠭᠠᠯᠵᠠᠯ᠂ ᠲᠤᠬᠠᠶᠢᠯᠠᠪᠠᠯ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ︔ ᠬᠤᠶᠠᠷ ᠲᠤ | ᠠᠵᠢᠯ ᠮᠡᠷᠭᠡᠵᠢᠯ ᠤᠨ ᠣᠨ ᠤ ᠮᠥᠩᠭᠦ ᠶᠢᠨ ᠬᠠᠷᠠᠭᠠᠯᠵᠠᠯ ᠪᠣᠯᠣᠨ᠎ᠠ ᠃ | ᠰᠤᠷᠪᠤᠯᠵᠢᠯᠠᠭᠴᠢ᠄ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠦᠩᠭᠦ ᠶᠢ ᠬᠡᠷᠬᠢᠨ ᠪᠣᠳᠤᠵᠤ ᠣᠯᠭᠤᠬᠤ | ᠪᠣᠢ︖ | ᠶᠣᠣ ᠰᠢᠶᠤᠤ ᠳ᠋ᠦᠩ᠄ ᠤᠯᠤᠰ ᠠᠴᠠ ᠲᠣᠭᠲᠠᠭᠠᠭᠰᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠳᠤ ᠦᠭᠡᠷᠡᠴᠢᠯᠡᠯᠲᠡ ᠬᠢᠭᠰᠡᠨ ᠤ ᠳᠠᠷᠠᠭ᠎ᠠ ︽ᠠᠬᠠᠮᠠᠳ | ᠬᠦᠮᠦᠨ ᠳᠤ ᠬᠠᠭᠤᠴᠢᠨ ᠠᠷᠭ᠎ᠠ᠂ ᠰᠢᠨ᠎ᠡ ᠬᠦᠮᠦᠨ ᠳᠤ ᠰᠢᠨ᠎ᠡ ᠳᠦᠷᠢᠮ᠂ ᠢᠳᠡᠷ ᠬᠦᠮᠦᠰ ᠢ ᠠᠯᠬᠤᠮ | ᠠᠯᠬᠤᠮ ᠢᠶᠠᠷ ᠰᠢᠯᠵᠢᠭᠦᠯᠬᠦ︾ ᠠᠷᠭ᠎ᠠ ᠮᠠᠶ᠋ᠢᠭ ᠢ ᠬᠡᠷᠡᠭᠵᠢᠭᠦᠯᠵᠦ᠂ ᠦᠭᠡᠷᠡᠴᠢᠯᠡᠯᠲᠡ ᠠᠴᠠ ᠡᠮᠦᠨ᠎ᠡ ᠨᠢᠭᠡᠨᠲᠡ | ᠠᠵᠢᠯ ᠠᠴᠠ ᠪᠠᠨ ᠠᠮᠠᠷᠠᠭᠰᠠᠨ ︽ᠠᠬᠠᠮᠠᠳ ᠬᠦᠮᠦᠨ︾ ᠳᠤ᠂ ᠤᠤᠯ ᠤᠨ ᠬᠠᠷᠠᠭᠠᠯᠵᠠᠯ ᠢ ᠨᠢ ᠬᠤᠪᠢᠷᠠᠭᠤᠯᠬᠤ | ᠦᠭᠡᠢ ᠬᠡᠪ ᠢᠶᠠᠷ ᠪᠠᠶᠢᠯᠭᠠᠬᠤ ᠪᠦᠭᠡᠳ ᠡᠭᠦᠨ ᠠᠴᠠ ᠬᠤᠶᠢᠰᠢ ᠶᠢᠨ ᠬᠠᠷᠠᠭᠠᠯᠵᠠᠯ ᠤᠨ ᠲᠣᠬᠢᠷᠠᠭᠤᠯᠤᠯᠲᠠ ᠳᠤ | ᠣᠷᠤᠯᠴᠠᠨ᠎ᠠ︔ ᠦᠭᠡᠷᠡᠴᠢᠯᠡᠯᠲᠡ ᠬᠢᠭᠰᠡᠨ ᠤ ᠳᠠᠷᠠᠭ᠎ᠠ ᠠᠵᠢᠯᠯᠠᠭᠰᠠᠨ ︽ᠰᠢᠨ᠎ᠡ ᠬᠦᠮᠦᠨ︾ ᠳᠤ᠂ ᠠᠵᠢᠯ ᠠᠴᠠ | ᠪᠠᠨ ᠠᠮᠠᠷᠠᠭᠰᠠᠨ ᠤ ᠳᠠᠷᠠᠭᠠᠬᠢ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠦᠩᠭᠦ ᠨᠢ ᠬᠤᠶᠠᠷ ᠬᠡᠰᠡᠭ ᠢᠶᠠᠷ | ᠪᠦᠷᠢᠯᠳᠦᠨ᠎ᠡ᠄ ᠨᠢᠭᠡ ᠳᠤ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠦᠩᠭᠦ᠂ ᠠᠵᠢᠯ ᠤᠨ ᠪᠠᠶᠢᠷᠢᠨ ᠳᠠᠭᠠᠨ | ᠪᠠᠶᠢᠭ᠎ᠠ ᠳᠤᠮᠳᠠᠴᠢ ᠴᠠᠯᠢᠩ ᠪᠠ ᠬᠤᠪᠢ ᠬᠥᠮᠦᠨ ᠤ ᠰᠦᠢᠳᠭᠡᠯ ᠲᠤᠰᠢᠶᠠᠬᠤ ᠴᠠᠯᠢᠩ ᠤᠨ ᠳᠤᠮᠳᠠᠴᠢ ᠬᠡᠮᠵᠢᠭᠳᠡᠯ ᠢᠶᠠᠷ | ᠰᠠᠭᠤᠷᠢ ᠲᠤᠭ᠎ᠠ ᠪᠣᠯᠭᠠᠨ᠂ ᠨᠢᠭᠡ ᠵᠢᠯ ᠤᠨ ᠰᠦᠢᠳᠬᠡᠯ ᠢ 1% ᠪᠠᠷ ᠪᠤᠳᠤᠵᠤ ᠣᠯᠭᠤᠨ᠎ᠠ᠃ ᠥᠭᠡᠷ᠎ᠡ ᠪᠠᠷ ᠬᠡᠯᠡᠪᠡᠯ | ᠰᠦᠢᠳᠭᠡᠯ ᠲᠤᠰᠢᠶᠠᠭᠰᠠᠨ ᠵᠢᠯ ᠨᠢ ᠬᠡᠳᠦᠢ ᠤᠷᠲᠤ ᠪᠣᠯ ᠬᠠᠷᠠᠭᠠᠯᠵᠠᠯ ᠤᠨ ᠬᠢᠷᠢ ᠲᠥᠪᠰᠢᠨ ᠨᠢ ᠲᠡᠳᠦᠢ ᠦᠨᠳᠦᠷ | ᠪᠣᠯᠤᠨ᠎ᠠ᠃ ᠬᠤᠶᠠᠷ ᠲᠤ ᠬᠤᠪᠢ ᠬᠦᠮᠦᠨ ᠤ ᠳᠠᠩᠰᠠᠨ ᠡᠷᠦᠬᠡ ᠳᠠᠬᠢ ᠨᠠᠰᠤᠵᠢᠯ ᠤᠨ ᠠᠰᠠᠷᠠᠮᠵᠢ ᠶᠢᠨ ᠮᠦᠩᠭᠦ᠂ | ᠥᠩᠭᠡᠷᠡᠭᠰᠡᠨ ᠵᠢᠯ ᠤᠳ ᠤᠨ ᠬᠤᠪᠢ ᠬᠦᠮᠦᠨ ᠤ ᠰᠦᠢᠳᠬᠡᠯ ᠲᠤᠰᠢᠶᠠᠭᠰᠠᠨ ᠪᠦᠬᠦ ᠡᠬᠡ ᠬᠦᠦ ᠮᠦᠩᠭᠦ ᠶᠢ ᠪᠣᠳᠣᠨ | ᠣᠯᠭᠤᠬᠤ ᠪᠠᠷ ᠲᠣᠭᠲᠠᠭᠠᠭᠰᠠᠨ ᠰᠠᠷ᠎ᠠ ᠶᠢᠨ ᠲᠤᠭ᠎ᠠ ᠪᠠᠷ ᠬᠤᠪᠢᠶᠠᠨ᠎ᠠ᠂ ᠦᠭᠡᠷ᠎ᠠ ᠪᠠᠷ ᠬᠡᠯᠡᠪᠡᠯ ᠰᠦᠢᠳᠭᠡᠯ | ᠲᠤᠰᠢᠶᠠᠭᠰᠠᠨ ᠨᠢ ᠬᠡᠳᠦᠢ ᠠᠷᠪᠢᠨ ᠪᠣᠯ ᠬᠠᠷᠠᠭᠠᠯᠵᠠᠯ ᠤᠨ ᠬᠢᠷᠢ ᠲᠥᠪᠰᠢᠨ ᠨᠢ ᠲᠡᠳᠦᠢ ᠦᠨᠳᠦᠷ ᠪᠣᠯᠤᠨ᠎ᠠ᠃ | ᠦᠭᠡᠷᠡᠴᠢᠯᠡᠯᠲᠡ ᠬᠢᠬᠦ ᠠᠴᠠ ᠡᠮᠦᠨ᠎ᠡ ᠠᠵᠢᠯ ᠳᠤ ᠣᠷᠤᠯᠴᠠᠨ᠂ ᠦᠭᠡᠷᠡᠴᠢᠯᠡᠯᠲᠡ ᠬᠢᠭᠰᠡᠨ ᠤ ᠳᠠᠷᠠᠭ᠎ᠠ ᠠᠵᠢᠯ ᠠᠴᠠ | ᠪᠠᠨ ᠠᠮᠠᠷᠠᠭᠰᠠᠨ ︽ᠢᠳᠡᠷ ᠬᠦᠮᠦᠰ︾ ᠲᠤ᠂ ᠳᠡᠭᠡᠷ᠎ᠡ ᠳᠤᠷᠠᠳᠤᠭᠰᠠᠨ ᠨᠠᠰᠤᠵᠢᠯ ᠤᠨ ᠰᠠᠭᠤᠷᠢ ᠠᠰᠠᠷᠠᠮᠵᠢ ᠶᠢᠨ | ᠮᠦᠩᠭᠦ᠂ ᠳᠠᠩᠰᠠᠨ ᠡᠷᠦᠬᠡ ᠳᠠᠬᠢ ᠨᠠᠰᠤᠵᠢᠯ ᠤᠨ ᠠᠰᠠᠷᠠᠮᠵᠢ ᠶᠢᠨ ᠮᠦᠩᠭᠦ ᠠᠴᠠ ᠭᠠᠳᠠᠨ᠎ᠠ ᠪᠠᠰᠠ ᠰᠢᠯᠵᠢᠯᠲᠡ ᠶᠢᠨ | ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠮᠦᠩᠭᠦ ᠣᠯᠭᠤᠨ᠎ᠠ᠃ | ᠰᠤᠷᠪᠤᠯᠵᠢᠯᠠᠭᠴᠢ᠄ ᠦᠭᠡᠷᠡᠴᠢᠯᠡᠯᠲᠡ ᠶᠢᠨ ᠳᠠᠷᠠᠭ᠎ᠠ᠂ ᠠᠵᠢᠯ ᠠᠴᠠ ᠪᠠᠨ ᠠᠮᠠᠷᠠᠭᠰᠠᠨ ᠠᠵᠢᠯᠲᠠᠳ ᠤᠨ | ᠨᠠᠰᠤᠵᠢᠯ ᠤᠨ ᠠᠰᠠᠷᠠᠮᠵᠢ ᠶᠢᠨ ᠮᠦᠩᠭᠦ ᠶᠢᠨ ᠲᠣᠬᠢᠷᠠᠭᠤᠯᠤᠯᠲᠠ ᠨᠢ ᠠᠵᠢᠯ ᠳᠤ ᠪᠠᠶᠢᠭ᠎ᠠ ᠠᠵᠢᠯᠲᠠᠳ ᠤᠨ ᠴᠠᠯᠢᠩ ᠤᠨ | ᠲᠣᠬᠢᠷᠠᠭᠤᠯᠤᠯᠲᠠ ᠲᠠᠢ ᠬᠤᠯᠪᠤᠨ᠎ᠠ ᠤᠤ ᠦᠭᠡᠢ ᠦᠦ︖ | ᠶᠣᠣ ᠰᠢᠶᠤᠤ ᠳ᠋ᠦᠩ᠄ ᠤᠯᠤᠰ ᠤᠨ ᠲᠣᠭᠲᠠᠭᠠᠯ ᠶᠣᠰᠤᠭᠠᠷ᠂ ᠦᠭᠡᠷᠡᠴᠢᠯᠡᠯᠲᠡ ᠶᠢᠨ ᠳᠠᠷᠠᠭ᠎ᠠ ᠪᠠᠶᠢᠭᠤᠯᠭ᠎ᠠ | ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠨ ᠠᠮᠠᠷᠠᠭᠰᠠᠨ ᠠᠵᠢᠯᠲᠠᠳ ᠤᠨ ᠨᠠᠰᠤᠵᠢᠯ ᠤᠨ ᠠᠰᠠᠷᠠᠮᠵᠢ ᠶᠢᠨ | ᠮᠦᠩᠭᠦ ᠶᠢᠨ ᠲᠣᠬᠢᠷᠠᠭᠤᠯᠤᠯᠲᠠ ᠨᠢ ᠠᠵᠢᠯ ᠳᠤ ᠪᠠᠶᠢᠭ᠎ᠠ ᠠᠵᠢᠯᠲᠠᠨ ᠤ ᠴᠠᠯᠢᠩ ᠤᠨ ᠲᠣᠬᠢᠷᠠᠭᠤᠯᠤᠯᠲᠠ ᠲᠠᠢ ᠳᠠᠬᠢᠨ | ᠬᠤᠯᠪᠤᠭᠳᠠᠭᠤᠯᠬᠤ ᠦᠭᠡᠢ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠠᠵᠢᠯᠲᠠᠳ ᠤᠨ ᠨᠠᠰᠤᠵᠢᠯ ᠤᠨ | ᠦᠨᠳᠦᠰᠦᠨ ᠠᠰᠠᠷᠠᠮᠵᠢ ᠶᠢᠨ ᠮᠦᠩᠭᠦ ᠶᠢᠨ ᠲᠣᠬᠢᠷᠠᠭᠤᠯᠤᠯᠲᠠ ᠲᠠᠢ ᠨᠢᠭᠡᠳᠦᠯᠲᠡᠶ ᠲᠥᠯᠥᠪᠯᠡᠨ ᠪᠣᠳᠤᠯᠬᠢᠯᠠᠬᠤ | ᠪᠣᠯᠤᠨ᠎ᠠ᠃ | ᠰᠤᠷᠪᠤᠯᠵᠢᠯᠠᠭᠴᠢ᠄ ᠶᠠᠭᠤ ᠶᠢ ᠠᠵᠢᠯ ᠮᠡᠷᠭᠡᠵᠢᠯ ᠤᠨ ᠣᠨ ᠤ ᠮᠥᠩᠭᠦ ᠭᠡᠬᠦ ᠪᠣᠢ︖ ᠠᠵᠢᠯ ᠮᠡᠷᠭᠡᠵᠢᠯ ᠤᠨ | ᠣᠨ ᠤ ᠮᠥᠩᠭᠦ ᠶᠢᠨ ᠬᠠᠮᠢᠶᠠᠷᠤᠯᠲᠠ ᠪᠠ ᠪᠡᠯᠡ ᠮᠥᠩᠭᠦ ᠴᠤᠭᠯᠠᠭᠤᠯᠬᠤ ᠳᠤ ᠶᠠᠮᠠᠷ ᠬᠡᠯᠪᠡᠷᠢ ᠠᠪᠬᠤ ᠪᠣᠢ︖ | ᠶᠣᠣ ᠰᠢᠶᠤᠤ ᠳ᠋ᠦᠩ᠄ ᠠᠵᠢᠯ ᠮᠡᠷᠭᠡᠵᠢᠯ ᠤᠨ ᠣᠨ ᠤ ᠮᠥᠩᠭᠦ ᠪᠣᠯ ᠪᠠᠶᠢᠭᠤᠯᠭ᠎ᠠ ᠠᠵᠢᠯ ᠦᠢᠯᠡᠰ ᠤᠨ | ᠨᠢᠭᠡᠴᠡ ᠤᠯᠤᠰ ᠤᠨ ᠲᠣᠭᠲᠠᠭᠠᠯ ᠶᠣᠰᠤᠭᠠᠷ ᠠᠵᠢᠯᠲᠠᠳ ᠲᠤ ᠪᠠᠶᠢᠭᠤᠯᠤᠭᠰᠠᠨ ᠨᠦᠬᠦᠪᠦᠷᠢ ᠨᠠᠰᠤᠵᠢᠯ ᠤᠨ | ᠠᠰᠠᠷᠠᠮᠵᠢ ᠶᠢᠨ ᠮᠦᠩᠭᠦ ᠶᠢᠨ ᠳᠠᠭᠠᠳᠬᠠᠯ ᠪᠣᠯᠤᠨ᠎ᠠ᠃ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠦᠩᠭᠦ ᠳᠤ | ᠦᠭᠡᠷᠡᠴᠢᠯᠡᠯᠲᠡ ᠬᠢᠬᠦ ᠶᠢᠨ ᠬᠠᠮᠲᠤ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠠᠴᠠ ᠦᠭᠡᠷᠡᠴᠢᠯᠡᠯᠲᠡ ᠶᠢᠨ | ᠬᠦᠷᠢᠶᠡᠨ ᠳᠣᠲᠤᠷᠠᠬᠢ ᠠᠵᠢᠯᠲᠠᠨ ᠳᠤ ᠠᠵᠢᠯ ᠮᠡᠷᠭᠡᠵᠢᠯ ᠤᠨ ᠣᠨ ᠤ ᠮᠦᠩᠭᠦ ᠶᠢ ᠪᠠᠶᠢᠭᠤᠯᠵᠤ ᠦᠭᠬᠦ ᠬᠡᠷᠡᠭᠲᠡᠢ᠃ | ᠪᠡᠯᠡ ᠮᠦᠩᠭᠦ ᠶᠢᠨ ᠢᠷᠡᠯᠲᠡ ᠨᠢ ᠬᠤᠶᠠᠷ ᠬᠡᠰᠡᠭ ᠢᠶᠠᠷ ᠪᠦᠷᠢᠯᠳᠦᠨ᠎ᠡ᠂ ᠨᠢᠭᠡᠴᠡ ᠠᠴᠠ ᠴᠠᠯᠢᠩ ᠤᠨ ᠶᠡᠷᠦᠩᠬᠡᠢ | ᠲᠣᠭᠠᠨ ᠤ 8% ᠢᠶᠠᠷ ᠰᠦᠢᠳᠭᠡᠯ ᠲᠤᠰᠢᠶᠠᠵᠤ᠂ ᠬᠤᠪᠢ ᠬᠦᠮᠦᠨ ᠰᠦᠢᠳᠭᠡᠯ ᠲᠤᠰᠢᠶᠠᠬᠤ ᠴᠠᠯᠢᠩ ᠤᠨ 4% ᠪᠠᠷ | ᠰᠦᠢᠳᠭᠡᠯ ᠲᠤᠰᠢᠶᠠᠵᠤ᠂ ᠬᠤᠪᠢ ᠬᠦᠮᠦᠨ ᠤ ᠳᠠᠩᠰᠠᠨ ᠡᠷᠦᠬᠡ ᠳᠤ ᠣᠷᠤᠭᠤᠯᠵᠤ ᠬᠠᠮᠢᠶᠠᠷᠤᠨ᠎ᠠ᠃ | ᠰᠤᠷᠪᠤᠯᠵᠢᠯᠠᠭᠴᠢ᠄ ᠠᠵᠢᠯ ᠮᠡᠷᠭᠡᠵᠢᠯ ᠤᠨ ᠣᠨ ᠤ ᠮᠦᠩᠭᠦ ᠶᠢᠨ ᠬᠠᠷᠠᠭᠠᠯᠵᠠᠯ ᠢ ᠬᠡᠷᠬᠢᠨ ᠲᠣᠭᠲᠠᠭᠠᠭᠰᠠᠨ ᠪᠣᠢ︖ | ᠶᠣᠣ ᠰᠢᠶᠤᠤ ᠳ᠋ᠦᠩ᠄ ᠠᠵᠢᠯᠲᠠᠨ ᠤᠯᠤᠰ ᠠᠴᠠ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠦᠭᠦᠴᠡᠯ | ᠳᠤ ᠬᠦᠷᠦᠭᠰᠡᠨ ᠪᠦᠭᠡᠳ ᠠᠵᠢᠯ ᠠᠴᠠ ᠪᠠᠨ ᠠᠮᠠᠷᠠᠬᠤ ᠭᠠᠷᠳᠠᠮ ᠢᠶᠠᠨ ᠬᠠᠣᠯᠢ ᠶᠣᠰᠤᠭᠠᠷ ᠭᠦᠢᠴᠡᠳᠬᠡᠭᠰᠡᠨ ᠤ | ᠳᠠᠷᠠᠭ᠎ᠠ᠂ ᠲᠤᠰ ᠬᠦᠮᠦᠨ ᠨᠢ ᠠᠵᠢᠯ ᠮᠡᠷᠭᠡᠵᠢᠯ ᠤᠨ ᠣᠨ ᠤ ᠮᠦᠩᠭᠦ ᠶᠢᠨ ᠬᠠᠷᠠᠭᠠᠯᠵᠠᠯ ᠢ ᠰᠠᠷ᠎ᠠ ᠪᠦᠷᠢ ᠠᠪᠬᠤ | ᠠᠷᠭ᠎ᠠ ᠮᠠᠶ᠋ᠢᠭ ᠢᠶᠠᠨ ᠰᠤᠩᠭᠤᠨ᠎ᠠ᠃ ᠬᠤᠳᠠᠯᠳᠤᠭᠠᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠦᠢᠯᠡᠳᠭᠦᠨ ᠢ ᠬᠤᠳᠠᠯᠳᠤᠨ ᠠᠪᠬᠤ ᠳᠤ ᠨᠢᠭᠡ ᠯᠠ ᠳᠣᠣᠷ᠎ᠠ ᠬᠡᠷᠡᠭᠯᠡᠵᠤ ᠪᠣᠯᠤᠨ᠎ᠠ᠂ ᠳᠠᠭᠠᠳᠬᠠᠯ ᠤᠨ ᠭᠡᠷ᠎ᠡ ᠪᠠᠨ | ᠦᠨᠳᠦᠰᠦᠯᠡᠨ ᠬᠠᠷᠠᠭᠠᠯᠵᠠᠯ ᠠᠪᠬᠤ ᠪᠦᠭᠡᠳ ᠬᠠᠮᠢᠶ᠎ᠠ ᠪᠦᠬᠦᠢ ᠵᠠᠯᠭᠠᠮᠵᠢᠯᠠᠬᠤ ᠡᠷᠬᠡ ᠶᠢ ᠡᠳ᠋ᠯᠡᠬᠦ ᠪᠣᠯᠤᠨ᠎ᠠ︔ ᠪᠠᠰᠠ | ᠲᠤᠰ ᠬᠦᠮᠦᠨ ᠤ ᠠᠵᠢᠯ ᠠᠴᠠ ᠪᠠᠨ ᠠᠮᠠᠷᠠᠬᠤ ᠦᠶ᠎ᠡ ᠶᠢᠨ ᠬᠢ ᠲᠠᠢ ᠲᠣᠬᠢᠷᠠᠯᠴᠠᠬᠤ ᠰᠠᠷ᠎ᠠ ᠶᠢᠨ ᠲᠤᠭ᠎ᠠ ᠶᠣᠰᠤᠭᠠᠷ | ᠠᠵᠢᠯ ᠮᠡᠷᠭᠡᠵᠢᠯ ᠤᠨ ᠣᠨ ᠤ ᠮᠦᠩᠭᠦ ᠪᠠᠨ ᠰᠠᠷ᠎ᠠ ᠶᠢᠨ ᠬᠠᠷᠠᠭᠠᠯᠵᠠᠯ ᠤᠨ ᠪᠠᠷᠢᠮᠵᠢᠶ᠎ᠠ ᠶᠣᠰᠤᠭᠠᠷ ᠪᠦᠬᠦᠨ ᠢ ᠪᠣᠳᠤᠵᠤ | ᠠᠪᠬᠤ ᠶᠢ ᠰᠣᠩᠭᠤᠵᠤ ᠪᠣᠯᠤᠨ᠎ᠠ᠃ ᠡᠭᠦᠨ ᠤ ᠬᠠᠮᠲᠤ ᠠᠵᠢᠯ ᠮᠡᠷᠭᠡᠵᠢᠯ ᠤᠨ ᠣᠨ ᠤ ᠮᠦᠩᠭᠦ ᠶᠢᠨ ᠬᠤᠪᠢ | ᠬᠦᠮᠦᠨ ᠤ ᠳᠠᠩᠰᠠᠨ ᠡᠷᠦᠬᠡ ᠶᠢᠨ ᠦᠯᠡᠳᠡᠪᠦᠷᠢ ᠮᠦᠩᠭᠦ ᠶᠢ ᠵᠠᠯᠭᠠᠮᠵᠢᠯᠠᠬᠤ ᠡᠷᠬᠡ ᠲᠠᠢ᠃ | ᠰᠤᠷᠪᠤᠯᠵᠢᠯᠠᠭᠴᠢ᠄ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠠᠵᠢᠯ ᠰᠢᠯᠵᠢᠬᠦ ᠦᠶ᠎ᠡ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠢᠴᠠᠭ᠎ᠠ ᠪᠠᠨ ᠬᠡᠷᠬᠢᠨ ᠰᠢᠯᠵᠢᠭᠦᠯᠬᠦ ᠪᠣᠢ︖ | ᠶᠣᠣ ᠰᠢᠶᠤᠤ ᠳ᠋ᠦᠩ᠄ ᠰᠢᠯᠵᠢᠯᠲᠡ ᠨᠢ ᠬᠤᠶᠠᠷ ᠵᠦᠢᠯ ᠤᠨ ᠪᠠᠶᠢᠳᠠᠯ ᠲᠠᠢ᠂ ᠨᠢᠭᠡ ᠵᠦᠢᠯ ᠨᠢ ᠳᠠᠭᠠᠳᠬᠠᠯ | ᠳᠤ ᠣᠷᠤᠯᠴᠠᠭᠰᠠᠨ ᠬᠦᠮᠦᠨ ᠦᠪᠡᠷᠲᠡᠭᠡᠨ ᠵᠠᠰᠠᠬᠤ ᠤᠷᠤᠨ ᠤ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ | ᠳᠣᠲᠤᠷ᠎ᠠ ᠰᠢᠯᠵᠢᠪᠡᠯ᠂ ᠵᠦᠪᠬᠡᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ | ᠵᠠᠯᠭᠠᠭᠤᠯᠵᠤ᠂ ᠰᠠᠭᠤᠷᠢ ᠮᠦᠩᠭᠦ ᠶᠢ ᠨᠢ ᠰᠢᠯᠵᠢᠭᠦᠯᠬᠦ ᠦᠭᠡᠢ᠃ ᠨᠦᠭᠦᠭᠡ ᠵᠦᠢᠯ ᠨᠢ ᠪᠠᠶᠢᠭᠤᠯᠭ᠎ᠠ ᠠᠵᠢᠯ | ᠦᠢᠯᠡᠰ ᠤᠨ ᠨᠢᠭᠡᠴᠡ ᠶᠢᠨ ᠠᠵᠢᠯᠲᠠᠨ ᠮᠤᠵᠢ ᠤᠷᠤᠨ ᠠᠯᠤᠰᠯᠠᠨ ᠰᠢᠯᠵᠢᠬᠦ᠂ ᠡᠰᠡᠪᠡᠯ ᠪᠠᠶᠢᠭᠤᠯᠭ᠎ᠠ ᠠᠵᠢᠯ | ᠦᠢᠯᠡᠰ ᠤᠨ ᠨᠢᠭᠡᠴᠡ ᠬᠢᠭᠡᠳ ᠠᠵᠤ ᠠᠬᠤᠶᠢᠯᠠᠯ ᠤᠨ ᠬᠤᠭᠤᠷᠤᠨᠳᠤ ᠰᠢᠯᠵᠢᠪᠡᠯ᠂ ᠬᠤᠪᠢ ᠬᠦᠮᠦᠨ ᠤ ᠳᠠᠩᠰᠠᠨ | ᠡᠷᠦᠬᠡ ᠳᠤ ᠬᠠᠳᠠᠭᠠᠯᠠᠭᠰᠠᠨ ᠪᠦᠬᠦ ᠵᠣᠭᠤᠰ ᠢ ᠰᠢᠯᠵᠢᠭᠦᠯᠬᠦ ᠪᠦᠭᠡᠳ ᠪᠠᠰᠠ ᠬᠡᠰᠡᠭ ᠰᠠᠭᠤᠷᠢ ᠮᠦᠩᠭᠦ ᠶᠢ | ᠰᠢᠯᠵᠢᠭᠦᠯᠦᠨ᠎ᠡ᠃ ᠭᠡᠪᠡᠴᠦ ᠠᠯᠢ ᠨᠢᠭᠡ ᠵᠦᠢᠯ ᠤᠨ ᠰᠢᠯᠵᠢᠯᠲᠡ ᠨᠢ ᠴᠦ ᠭᠡᠳ᠂ ᠠᠵᠢᠯᠲᠠᠨ ᠰᠢᠯᠵᠢᠬᠦ ᠶᠢᠨ ᠡᠮᠦᠨ᠎ᠡ | ᠬᠤᠶᠢᠨᠠᠬᠢ ᠰᠦᠢᠳᠭᠡᠯ ᠲᠤᠰᠢᠶᠠᠭᠰᠠᠨ ᠵᠢᠯ ᠬᠤᠭᠤᠴᠠᠭ᠎ᠠ ︵ᠰᠦᠢᠳᠬᠡᠯ ᠲᠤᠰᠢᠶᠠᠬᠤ ᠵᠢᠯ ᠬᠤᠭᠤᠴᠠᠭ᠎ᠠ ᠪᠠᠷ | ᠦᠵᠡᠬᠦ ᠶᠢ ᠪᠠᠭᠲᠠᠭᠠᠨ᠎ᠠ︶ ᠶᠢ ᠨᠢ ᠪᠦᠷ ᠦᠷᠭᠦᠯᠵᠢᠯᠡᠨ ᠪᠣᠳᠤᠨ᠎ᠠ᠃ |