ᠥᠪᠥᠷ ᠮᠣᠩᠭᠤᠯ ᠬᠡᠦᠬᠡᠳ ᠤᠨ ᠪᠧᠨ᠋ᠽᠧᠨ᠋ᠲᠤ ᠫᠷᠤᠫᠠ ᠺᠧᠲ᠋ᠤᠨ ᠰᠢᠭᠡᠰᠦᠨ ᠡᠪᠡᠳᠴᠢᠨ ᠵᠡᠷᠭᠡ ᠡᠪᠡᠳᠴᠢᠨ ᠡᠮᠭᠡᠭ ᠢ ᠲᠣᠭᠲᠠᠭᠰᠠᠨ ᠴᠢᠭ᠋ ᠲᠤ ᠠᠪᠤᠷᠠᠨ ᠵᠠᠰᠠᠬᠤ ᠪᠠᠶᠢᠭᠤᠯᠤᠮᠵᠢ ᠶᠢ ᠲᠤᠲᠤᠷᠬᠠᠶᠢᠯᠠᠪᠠ
ᠨᠡᠶᠢᠲᠡᠯᠡᠭᠰᠡᠨ ᠴᠠᠭ᠄
2015/12/28
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠠᠵᠢᠯ ᠤᠨ  ᠵᠦᠪᠯᠡᠯ ᠪᠥᠬᠦ ᠣᠷᠣᠨ ᠤ ᠬᠡᠪᠴᠢᠶᠡᠨ ᠳᠤ ᠬᠡᠦᠬᠡᠳ ᠤᠨ ᠪᠧᠨ᠋ᠽᠧᠨ᠋ᠲᠤ ᠫᠷᠤᠫᠠ ᠺᠧᠲ᠋ᠤᠨ ᠰᠢᠭᠡᠰᠦᠨ ᠡᠪᠡᠳᠴᠢᠨ᠂ ᠰᠢᠭᠡᠰᠦᠨ ᠰᠦᠪᠡ ᠬᠠᠭᠠᠷᠠᠭᠰᠠᠨ᠂ ᠬᠥᠩᠭᠡᠵᠢᠭᠦᠯᠬᠦ ᠰᠠᠯᠠᠭᠠᠨ ᠤ ᠬᠦᠨᠳᠦ ᠡᠪᠡᠳᠴᠢᠨ ᠤ ᠪᠠᠴᠢᠮ ᠠᠪᠤᠷᠠᠯᠲᠠ ᠶᠢ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠪᠴᠢᠶ᠎ᠡ ᠳᠤ ᠣᠷᠣᠭᠤᠯᠵᠤ᠂ ᠲᠡᠷᠡᠴᠢᠯᠡᠨ ᠠᠷᠬᠠᠭ ᠴᠢᠨᠠᠷᠲᠤ ᠮᠥᠬᠦᠯᠢᠭ ᠡᠰᠲᠦ ᠴᠢᠰᠤ ᠴᠠᠶᠢᠬᠤ ᠡᠪᠡᠳᠴᠢᠨ ᠢ ᠡᠮᠨᠡᠨ ᠵᠠᠰᠠᠬᠤ ᠵᠠᠷᠴᠢᠮ ᠳᠤ ᠲᠤᠬᠢᠷᠠᠭᠤᠯᠤᠯᠳᠠ ᠬᠢᠪᠡ᠃ ᠥᠪᠥᠷ ᠮᠣᠩᠭᠤᠯ ᠤᠨ ᠡᠬᠡ ᠨᠢᠯᠬᠠᠰ ᠤᠨ ᠡᠷᠡᠬᠦᠯ ᠮᠡᠨᠳᠦ ᠶᠢᠨ ᠡᠮᠨᠡᠯᠭᠡ ᠶᠢᠨ ᠬᠤᠷᠢᠶ᠎ᠠ ᠨᠢ ᠬᠡᠦᠬᠡᠳ ᠤᠨ ᠪᠧᠨ᠋ᠽᠧᠨ᠋ᠲᠤ ᠫᠷᠤᠫᠠ ᠺᠧᠲ᠋ᠤᠨ ᠰᠢᠭᠡᠰᠦᠨ ᠡᠪᠡᠳᠴᠢᠨ᠂ ᠰᠢᠭᠡᠰᠦᠨ ᠰᠦᠪᠡ ᠨᠢ ᠬᠠᠭᠠᠷᠠᠭᠰᠠᠨ᠂ ᠬᠥᠩᠭᠡᠵᠢᠭᠦᠯᠬᠦ ᠰᠠᠯᠠᠭᠠᠨ ᠤ ᠬᠦᠨᠳᠦ ᠡᠪᠡᠳᠴᠢᠨ ᠢ ᠪᠠᠴᠢᠮ ᠠᠪᠤᠷᠠᠬᠤ ᠡᠮᠴᠢᠯᠡᠭᠡᠨ ᠤ ᠪᠠᠶᠢᠭᠤᠯᠤᠮᠵᠢ ᠪᠠᠷ ᠲᠤᠭᠲᠠᠭᠠᠭᠳᠠᠪᠠ᠃      ᠲᠦᠷᠦ ᠶᠢᠨ ᠪᠤᠳᠤᠯᠭ᠎ᠠ ᠳᠤ ᠲᠤᠭᠲᠠᠭᠠᠭᠰᠠᠨ ᠨᠢ᠂ ᠰᠢᠨ᠎ᠡ ᠪᠠᠷ ᠨᠡᠮᠡᠭᠰᠡᠨ ᠪᠠ ᠲᠤᠬᠢᠷᠠᠭᠤᠯᠤᠭᠰᠠᠨ ᠬᠦᠨᠳᠦ ᠡᠪᠡᠳᠴᠢᠨ ᠤ ᠡᠮᠴᠢᠯᠡᠭᠡᠨ ᠤ ᠪᠠᠲᠤᠯᠠᠭ᠎ᠠ ᠬᠦᠷᠲᠡᠭᠰᠡᠳ ᠨᠢ᠄ ᠥᠪᠡᠷᠲᠡᠭᠡᠨ ᠵᠠᠰᠠᠬᠤ ᠣᠷᠣᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠳᠥᠷᠪᠡᠨ ᠤᠰᠤᠲᠥ᠋ᠷᠥᠭᠴᠢᠲᠦ ᠠᠮᠢᠳᠤ ᠪᠣᠳᠠᠰ ᠤᠨ ᠫᠲ᠋ᠧᠷᠢᠨ ︵BH4︶ ᠳᠤᠲᠠᠮᠠᠭ ᠬᠡᠦᠬᠡᠳ᠂ 0~14 ᠨᠠᠰᠤᠨ ᠤ ᠰᠢᠭᠡᠰᠦᠨ ᠰᠦᠪᠡ ᠨᠢ ᠬᠠᠭᠠᠷᠠᠭᠰᠠᠨ ᠬᠡᠦᠬᠡᠳ᠂ ᠬᠥᠩᠭᠡᠵᠢᠭᠦᠯᠬᠦ ᠰᠠᠯᠠᠭᠠᠨ ᠤ ᠬᠦᠨᠳᠦ ᠡᠪᠡᠳᠴᠢᠨ ᠤ ᠪᠠᠴᠢᠮ ᠠᠪᠤᠷᠠᠭᠳᠠᠭᠰᠠᠳ᠂ ᠠᠷᠬᠠᠭ ᠴᠢᠨᠠᠷᠲᠤ ᠮᠥᠬᠦᠯᠢᠭ ᠡᠰᠲᠦ ᠴᠢᠰᠤ ᠴᠠᠶᠢᠬᠤ ᠡᠪᠡᠳᠴᠢᠨ ᠳᠤ ᠨᠡᠷᠪᠡᠭᠳᠡᠭᠰᠡᠳ ᠢ ᠪᠠᠭᠲᠠᠭᠠᠭᠰᠠᠨ 0~14 ᠨᠠᠰᠤᠨ ᠤ ᠪᠧᠨ᠋ᠽᠧᠨ᠋ᠲᠤ ᠫᠷᠤᠫᠠ ᠺᠧᠲ᠋ᠤᠨ ᠰᠢᠭᠡᠰᠦᠨ ᠡᠪᠡᠳᠴᠢᠨ ︵PKU︶᠎ ᠳᠤ ᠨᠡᠷᠪᠡᠭᠳᠡᠭᠰᠡᠨ ᠬᠡᠦᠬᠡᠳ ᠤᠳ ᠪᠤᠯᠤᠨ᠎ᠠ᠃ ᠡᠪᠡᠳᠴᠢᠨ ᠳᠤ ᠨᠡᠷᠪᠡᠭᠳᠡᠭᠰᠡᠨ ᠬᠡᠦᠬᠡᠳ ᠤᠨ ᠲᠣᠭᠲᠠᠭᠠᠯ ᠳᠤ ᠨᠡᠶᠢᠴᠡᠬᠦ ᠡᠮ ᠡᠮᠨᠡᠯᠭᠡ ᠶᠢᠨ ᠵᠠᠷᠤᠳᠠᠯ ᠳᠤ ᠴᠢᠭᠯᠡᠬᠦᠯᠦᠨ᠂ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠰᠠᠭᠤᠷᠢ ᠮᠥᠩᠭᠦ ᠠᠴᠠ 80%᠎ ᠶᠢ ᠡᠬᠦᠷᠭᠡᠯᠡᠵᠤ᠂ ᠦᠯᠡᠳᠡᠭᠰᠡᠨ 20%᠎ ᠶᠢᠨ ᠵᠠᠷᠤᠳᠠᠯ ᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠠᠪᠤᠷᠠᠨ  ᠲᠤᠰᠠᠯᠠᠯᠲᠠ ᠭᠤᠶᠤᠴᠢᠯᠠᠵᠤ ᠪᠣᠯᠤᠨ᠎ᠠ᠃ ᠡᠭᠦᠨ ᠳᠤ ᠪᠧᠨ᠋ᠽᠧᠨ᠋ᠲᠤ ᠫᠷᠤᠫᠠ ᠺᠧᠲ᠋ᠤᠨ ᠰᠢᠭᠡᠰᠦᠨ ᠡᠪᠡᠳᠴᠢᠨ ᠳᠤ ᠨᠡᠷᠪᠡᠭᠳᠡᠭᠰᠡᠨ ᠬᠡᠦᠬᠡᠳ ᠤᠨ ᠣᠨ ᠤ ᠬᠤᠪᠢ ᠬᠥᠮᠦᠨ ᠤ ᠲᠥᠯᠥᠪᠦᠷᠢ ᠶᠢ 0~3 ᠨᠠᠰᠤᠨ ᠤ ᠬᠡᠤᠭᠡᠳ ᠲᠤ 2.5 ᠲᠦᠮᠡᠨ ᠲᠥᠭᠦᠷᠢᠭ ᠠᠴᠠ  ᠬᠡᠲᠦᠷᠡᠭᠦᠯᠬᠦ ᠦᠭᠡᠢ᠂ 3~6 ᠨᠠᠰᠤᠨ ᠤ ᠬᠡᠤᠭᠡᠳ ᠲᠤ 2 ᠲᠦᠮᠡᠨ ᠲᠥᠭᠦᠷᠢᠭ ᠠᠴᠠ ᠬᠡᠲᠦᠷᠡᠬᠦᠯᠬᠦ ᠤᠢᠭᠡᠢ᠂ 6~14 ᠨᠠᠰᠤᠨ ᠤ ᠬᠡᠤᠭᠡᠳ ᠲᠤ 1.5 ᠲᠦᠮᠡᠨ ᠲᠥᠭᠦᠷᠢᠭ ᠠᠴᠠ ᠬᠡᠲᠦᠷᠡᠬᠦᠯᠬᠦ ᠦᠭᠡᠢ ᠬᠡᠮᠵᠢᠶᠡᠨ ᠳᠤ ᠬᠢᠵᠠᠭᠠᠷᠯᠠᠨ᠎ᠠ︔ ᠰᠢᠭᠡᠰᠦᠨ ᠰᠦᠪᠡ ᠬᠠᠭᠠᠷᠠᠭᠰᠠᠨ ᠬᠡᠦᠬᠡᠳ ᠪᠦᠷᠢ ᠶᠢᠨ ᠡᠮᠨᠡᠯᠭᠡ ᠶᠢᠨ ᠵᠠᠷᠤᠳᠠᠯ ᠢ ᠬᠠᠮᠤᠭ ᠥᠨᠳᠥᠷ ᠳᠤ ᠪᠠᠨ 1.5 ᠲᠦᠮᠡᠨ ᠲᠥᠭᠦᠷᠢᠭ ᠢᠶᠠᠷ ᠬᠢᠵᠠᠭᠠᠷᠯᠠᠨ᠎ᠠ︔ ᠵᠢᠷᠮᠦᠰᠦᠨ ᠡᠮᠡᠭᠲᠠᠢ ᠶᠢᠨ ᠬᠦᠨᠳᠦ ᠡᠪᠡᠳᠴᠢᠨ ᠢ ᠪᠠᠴᠢᠮ ᠠᠪᠤᠷᠠᠨ ᠡᠮᠴᠢᠯᠡᠬᠦ ᠴᠢᠬᠤᠯᠠ ᠲᠠᠢ ᠪᠤᠯ᠂ ᠬᠥᠩᠭᠡᠵᠢᠬᠦ ᠠᠴᠠ ᠬᠥᠩᠭᠡᠵᠢᠭᠰᠡᠨ ᠤ ᠳᠠᠷᠠᠭ᠎ᠠ ᠬᠦᠷᠲᠡᠯᠡᠬᠢ 42 ᠡᠳᠦᠷ ᠤᠨ  ᠪᠠᠴᠢᠮ ᠠᠪᠤᠷᠠᠵᠤ ᠡᠮᠨᠡᠭᠦᠯᠦᠭᠰᠡᠨ ᠱᠠᠲᠤᠨ ᠤ ᠡᠮ ᠡᠮᠨᠡᠯᠭᠡ ᠶᠢᠨ ᠵᠠᠷᠤᠳᠠᠯ ᠢ ᠬᠦᠨᠳᠦ ᠶᠡᠭᠡ ᠡᠪᠡᠳᠴᠢᠨ ᠡᠮᠭᠡᠭ ᠤᠨ ᠡᠮᠴᠢᠯᠡᠭᠡ ᠶᠢ ᠪᠠᠲᠤᠯᠠᠬᠤ ᠬᠡᠪᠴᠢᠶ᠎ᠡ ᠳᠤ ᠤᠷᠤᠭᠤᠯᠵᠤ᠂ ᠣᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠶᠢᠨ ᠲᠠᠩᠰᠠ ᠲᠠᠶᠢᠯᠬᠤ ᠳᠤ 10 ᠲᠦᠮᠡᠨ ᠲᠥᠭᠦᠷᠢᠭ ᠢᠶᠠᠷ ᠬᠢᠵᠠᠭᠠᠷᠯᠠᠨ᠎ᠠ ᠬᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号