12 ᠳ᠋ᠤᠭᠠᠷ ᠰᠠᠷ᠎ᠠ ᠶᠢᠨ ᠳᠤᠮᠳᠠᠴᠢ ᠪᠠᠷ ᠬᠢ ᠥᠪᠥᠷ ᠮᠣᠩᠭᠤᠯ ᠤᠨ ᠠᠮᠢ ᠠᠬᠤᠶ ᠪᠣᠯᠣᠨ ᠤᠢ ᠰᠢᠭᠤᠶ ᠶᠢᠨ ᠴᠠᠭ ᠠᠭᠤᠷ ᠤᠨ ᠨᠥᠬᠦᠴᠡᠯ ᠤᠨ ᠮᠡᠳᠡᠭᠡ ᠵᠠᠩᠭᠢ
ᠨᠡᠶᠢᠲᠡᠯᠡᠭᠰᠡᠨ ᠴᠠᠭ᠄
2015/12/28
     12 ᠳ᠋ᠤᠭᠠᠷ ᠰᠠᠷ᠎ᠠ ᠶᠢᠨ ᠳᠤᠮᠳᠠᠴᠢ ᠪᠠᠷ ᠬᠢ ᠥᠪᠥᠷ ᠮᠣᠩᠭᠤᠯ ᠤᠨ ᠠᠮᠢ ᠠᠬᠤᠶ ᠪᠣᠯᠣᠨ ᠤᠢ ᠰᠢᠭᠤᠶ ᠶᠢᠨ ᠴᠠᠭ ᠠᠭᠤᠷ ᠤᠨ ᠨᠥᠬᠦᠴᠡᠯ ᠤᠨ ᠮᠡᠳᠡᠭᠡ ᠵᠠᠩᠭᠢ      12 ᠳ᠋ᠤᠭᠠᠷ ᠰᠠᠷ᠎ᠠ ᠶᠢᠨ ᠳᠤᠮᠳᠠᠴᠢ ᠪᠠᠷ᠂ ᠮᠠᠨ ᠤ ᠣᠷᠣᠨ ᠤ ᠠᠮᠢ ᠠᠬᠤᠶ ᠪᠣᠯᠣᠨ ᠤᠢ ᠰᠢᠭᠤᠶ ᠶᠢ ᠨᠥᠯᠦᠭᠡᠯᠡᠬᠦ ᠭᠤᠣᠯ ᠴᠠᠭ ᠠᠭᠤᠷ ᠤᠨ ᠡᠯᠧᠮᠧᠨ᠋ᠲ ᠪᠣᠯ ᠣᠨᠴᠠᠭᠠᠢ ᠬᠠᠮᠤᠭ ᠤᠨ ᠳᠣᠣᠷ᠎ᠠ ᠠᠭᠠᠷ ᠤᠨ ᠳᠤᠯᠠᠭᠠᠨ᠂ ᠴᠠᠰᠤ ᠣᠷᠣᠬᠤ ᠬᠡᠮᠵᠢᠶ᠎ᠡ᠂ ᠠᠭᠠᠷ ᠤᠨ ᠬᠠᠷᠢᠴᠠᠩᠭᠤᠶ ᠴᠢᠬᠢᠭ ᠪᠣᠯᠣᠨ ᠬᠠᠮᠤᠭ ᠤᠨ ᠶᠡᠭᠡ ᠰᠠᠯᠬᠢᠨ ᠤ ᠬᠤᠷᠳᠤᠴᠠ ᠵᠡᠷᠭᠡ ᠪᠣᠯᠣᠨ᠎ᠠ᠃      ᠠᠷᠪᠠᠨ ᠬᠤᠨᠤᠭ ᠤᠨ ᠣᠨᠴᠠᠭᠠᠢ ᠬᠠᠮᠤᠭ ᠤᠨ ᠳᠣᠣᠷ᠎ᠠ ᠠᠭᠠᠷ ᠤᠨ ᠳᠤᠯᠠᠭᠠᠨ ᠨᠢ -34.7 ~ -13 ℃᠎ ᠲᠤ ᠲᠥᠪᠯᠡᠷᠡᠵᠦ᠂ ᠡᠭᠦᠨ ᠤ ᠳᠣᠲᠣᠷ᠎ᠠ ᠬᠥᠯᠥᠨ ᠪᠤᠶᠢᠷ ᠬᠤᠲᠠ ᠶᠢᠨ ᠶᠡᠬᠡᠩᠬᠢ ᠬᠡᠰᠡᠭ᠂ ᠬᠢᠩᠭᠠᠨ ᠠᠶᠢᠮᠠᠭ ᠤᠨ ᠬᠡᠰᠡᠭ ᠭᠠᠵᠠᠷ᠂ ᠰᠢᠯᠢ ᠶᠢᠨ ᠭᠤᠣᠯ ᠠᠶᠢᠮᠠᠭ ᠤᠨ ᠬᠤᠶᠢᠲᠤ ᠪᠡᠶ᠎ᠡ ᠳᠤ -24 ℃᠎ ᠠᠴᠠ ᠳᠤᠷᠤᠭᠰᠢ ᠪᠠᠶᠢᠪᠠ︔ ᠠᠷᠪᠠᠨ ᠬᠤᠨᠤᠭ ᠤᠨ ᠴᠠᠰᠤ ᠣᠷᠣᠬᠤ ᠬᠡᠮᠵᠢᠶ᠎ᠡ ᠶᠢ ᠥᠩᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠪᠠᠯ᠂ ᠪᠦᠬᠦ ᠣᠷᠣᠨ ᠤ ᠶᠡᠬᠡᠩᠬᠢ ᠬᠡᠰᠡᠭ ᠲᠤ 0.1 ~ 6.2 ᠮᠢᠯᠢᠮᠧᠲᠷ ᠢᠯᠡᠭᠦᠦ ᠰᠢᠭ ᠪᠠᠶᠢᠵᠤ᠂ ᠵᠥᠪᠬᠡᠨ ᠲᠦᠩᠯᠢᠶᠣᠤ ᠶᠢᠨ ᠡᠮᠦᠨᠡᠲᠦ ᠪᠡᠶ᠎ᠡ᠂ ᠤᠯᠠᠭᠠᠨᠬᠠᠳᠠ ᠶᠢᠨ ᠳᠤᠮᠳᠠᠳᠤ ᠡᠮᠦᠨᠡᠲᠦ ᠪᠡᠶ᠎ᠡ᠂ ᠪᠤᠭᠤᠲᠤ ᠶᠢᠨ ᠪᠠᠷᠠᠭᠤᠨ ᠪᠡᠶ᠎ᠡ᠂ ᠪᠠᠶᠠᠨᠨᠠᠭᠤᠷ ᠬᠤᠲᠠ ᠶᠢᠨ ᠶᠡᠬᠡᠩᠬᠢ ᠬᠡᠰᠡᠭ ᠲᠤ 0.1 ~ 0.5 ᠮᠢᠯᠢᠮᠧᠲᠷ ᠪᠠᠭ᠎ᠠ ᠰᠢᠭ ᠪᠠᠶᠢᠪᠠ ︔ ᠠᠷᠪᠠᠨ ᠬᠤᠨᠤᠭ ᠤᠨ ᠳᠤᠮᠳᠠᠴᠢ ᠠᠭᠠᠷ ᠤᠨ ᠬᠠᠷᠢᠴᠠᠩᠭᠤᠶ ᠴᠢᠬᠢᠭ ᠢ ᠥᠩᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠪᠠᠯ᠂ ᠪᠦᠬᠦ ᠣᠷᠣᠨ ᠳᠤ ᠨᠡᠶᠢᠳᠡᠮ 1%~28% ᠥᠨᠳᠥᠷ ᠰᠢᠭ ᠪᠠᠶᠢᠨ᠎ᠠ᠂ ᠡᠭᠦᠨ ᠳᠤ ᠲᠦᠩᠯᠢᠶᠣᠤ ᠬᠤᠲᠠ ᠶᠢᠨ ᠶᠡᠬᠡᠩᠬᠢ ᠬᠡᠰᠡᠭ᠂ ᠣᠷᠳᠣᠰ ᠬᠤᠲᠠ ᠶᠢᠨ ᠶᠡᠬᠡᠩᠬᠢ ᠬᠡᠰᠡᠭ ᠪᠣᠯᠣᠨ ᠠᠯᠠᠱᠠ ᠠᠶᠢᠮᠠᠭ ᠤᠨ ᠬᠡᠰᠡᠭ ᠭᠠᠵᠠᠷ ᠲᠤ ᠴᠦᠮ 10%᠎ ᠠᠴᠠ ᠳᠡᠭᠡᠭᠦᠷ ᠪᠠᠶᠢᠪᠠ︔ ᠠᠷᠪᠠᠨ ᠬᠤᠨᠤᠭ ᠤᠨ ᠳᠣᠲᠣᠷ᠎ᠠ ᠬᠠᠮᠤᠭ ᠤᠨ ᠶᠡᠭᠡ ᠰᠠᠯᠬᠢᠨ ᠤ ᠬᠤᠷᠳᠤᠴᠠ ᠨᠢ ᠪᠦᠬᠦ ᠣᠷᠣᠨ ᠤ ᠶᠡᠬᠡᠩᠬᠢ ᠬᠡᠰᠡᠭ ᠭᠠᠵᠠᠷ ᠣᠷᠣᠨ ᠳᠤ ᠨᠢᠭᠡᠲᠦᠯᠲᠡᠢ 4 ~ 5 ᠳᠡᠰ ᠲᠤ ᠬᠦᠷᠴᠦ᠂ ᠣᠨᠴᠠ ᠵᠠᠷᠢᠮ ᠭᠠᠵᠠᠷ ᠣᠷᠣᠨ ᠳᠤ 6~7 ᠳᠡᠰ ᠬᠦᠷᠪᠡ᠃      ᠲᠤᠰ ᠠᠷᠪᠠᠨ ᠬᠤᠨᠤᠭ ᠲᠤ᠂ ᠮᠠᠨ ᠤ ᠣᠷᠣᠨ ᠤ ᠶᠡᠬᠡᠩᠬᠢ ᠬᠡᠰᠡᠭ ᠭᠠᠵᠠᠷ ᠣᠷᠣᠨ ᠤ ᠠᠭᠠᠷ ᠤᠨ ᠳᠤᠯᠠᠭᠠᠨ ᠥᠨᠳᠥᠷ ᠰᠢᠭ ᠪᠠᠶᠢᠵᠤ᠂ ᠴᠠᠰᠤ ᠣᠷᠣᠭᠰᠠᠨ ᠬᠡᠮᠵᠢᠶ᠎ᠡ ᠨᠡᠯᠢᠶᠡᠳ ᠶᠡᠭᠡ᠂ ᠠᠭᠠᠷ ᠤᠨ ᠬᠠᠷᠢᠴᠠᠩᠭᠤᠶ ᠴᠢᠬᠢᠭ ᠥᠨᠳᠥᠷ᠂ ᠰᠠᠯᠬᠢᠨ ᠤ ᠬᠤᠷᠳᠤᠴᠠ ᠨᠡᠯᠢᠶᠡᠳ ᠪᠠᠭ᠎ᠠ᠂ ᠤᠨᠢᠶᠠᠷ ᠮᠠᠨᠠᠨ ᠰᠠᠷᠨᠢᠬᠤ ᠪᠠ ᠠᠭᠠᠷ ᠤᠨ ᠲᠤᠯᠠᠭᠠᠨ ᠤ ᠶᠠᠰᠤ ᠴᠢᠨᠠᠷ ᠢ ᠰᠠᠶᠢᠵᠢᠷᠠᠭᠤᠯᠬᠤ ᠳᠤ ᠠᠰᠢᠭ ᠦᠭᠡᠢ ᠪᠠᠶᠢᠪᠠ᠃ ᠠᠷᠪᠠᠨ ᠬᠤᠨᠤᠭ ᠤᠨ ᠳᠣᠲᠣᠷ᠎ᠠ ᠨᠢᠭᠡ ᠤᠳᠠᠭ᠎ᠠ ᠨᠡᠯᠢᠶᠡᠳ ᠬᠦᠴᠦᠲᠡᠶ ᠬᠦᠢᠲᠡᠨ ᠠᠭᠠᠷ ᠤᠨ ᠶᠠᠪᠤᠴᠠ ᠢᠯᠡᠷᠡᠵᠦ᠂ ᠳᠤᠯᠠᠭᠠᠨ ᠤ ᠬᠡᠮᠵᠢᠶ᠎ᠡ ᠳᠣᠷᠣᠭᠰᠢᠯᠠᠵᠤ ᠴᠠᠰᠤ ᠣᠷᠣᠭᠰᠠᠨ ᠨᠢ ᠮᠠᠯᠵᠢᠬᠤ ᠣᠷᠣᠨ ᠤ ᠮᠠᠯ ᠰᠦᠷᠦᠭ ᠤᠨ ᠠᠮᠤᠷ ᠲᠦᠪᠰᠢᠨ ᠡᠪᠦᠯᠵᠢᠬᠦ ᠪᠠ ᠲᠠᠷᠢᠶᠠᠯᠠᠩ ᠤᠨ ᠲᠤᠮᠤ ᠬᠦᠯᠡᠮᠵᠢ ᠳᠣᠲᠣᠷᠠᠬᠢ ᠲᠠᠷᠢᠮᠠᠯ ᠤᠨ ᠤᠷᠭᠤᠴᠠ ᠳᠤ ᠨᠡᠯᠢᠶᠡᠳ ᠠᠰᠢᠭ ᠦᠭᠡᠢ ᠶᠤᠮ᠃      ᠵᠢᠱᠢᠯᠲᠡ ᠪᠠᠷ 12 ᠳ᠋ᠤᠭᠠᠷ ᠰᠠᠷ᠎ᠠ ᠶᠢᠨ ᠬᠤᠷᠢᠳ ᠢᠶᠠᠷ᠂ ᠮᠠᠨ ᠤ ᠣᠷᠣᠨ ᠳᠤ ᠬᠤᠶᠠᠷ ᠤᠳᠠᠭ᠎ᠠ ᠳᠤᠯᠠᠭᠠᠨ ᠤ ᠬᠡᠮᠵᠢᠶ᠎ᠡ ᠳᠣᠷᠣᠭᠰᠢᠯᠠᠬᠤ ᠪᠠ ᠴᠠᠰᠤ ᠣᠷᠣᠬᠤ ᠴᠠᠭ ᠠᠭᠠᠷ ᠢᠯᠡᠷᠡᠵᠦ᠂ 23᠎ ᠤ ᠡᠳᠦᠷ ᠠᠴᠠ 24᠎ ᠤ ᠡᠳᠦᠷ ᠪᠣᠯᠲᠠᠯ᠎ᠠ᠂ ᠵᠡᠭᠦᠨ ᠬᠤᠶᠢᠲᠤ ᠣᠷᠣᠨ ᠤ ᠬᠡᠰᠡᠭ ᠭᠠᠵᠠᠷ ᠲᠤ ᠪᠠᠭ᠎ᠠ ᠴᠠᠰᠤ ᠲᠠᠢ᠂ ᠳᠤᠮᠳᠠ ᠵᠡᠭᠦᠨ ᠪᠡᠶ᠎ᠡ ᠶᠢᠨ ᠭᠠᠵᠠᠷ ᠣᠷᠣᠨ ᠤ ᠠᠭᠠᠷ ᠤᠨ ᠳᠤᠯᠠᠭᠠᠨ ᠤ ᠬᠡᠮᠵᠢᠶ᠎ᠡ 6᠎ ᠠᠴᠠ 8 ᠭᠷᠠᠳᠥ᠋ᠰ ᠳᠤᠷᠤᠭᠰᠢᠯᠠᠨ᠎ᠠ︔ ᠠᠷᠪᠠᠨ ᠬᠤᠨᠤᠭ ᠤᠨ ᠰᠡᠭᠦᠯᠴᠢ ᠪᠠᠷ᠂ ᠳᠤᠮᠳᠠ ᠪᠡᠶ᠎ᠡ ᠶᠢᠨ ᠭᠠᠵᠠᠷ ᠣᠷᠣᠨ ᠤ ᠡᠮᠦᠨ᠎ᠡ ᠬᠡᠰᠡᠭ ᠪᠣᠯᠤᠨ ᠵᠡᠭᠦᠨ ᠬᠡᠰᠡᠭ ᠤᠨ ᠭᠠᠵᠠᠷ ᠣᠷᠣᠨ ᠢᠶᠠᠷ ᠪᠠᠭ᠎ᠠ ᠴᠠᠰᠤ ᠲᠠᠢ᠂ ᠳᠤᠮᠳᠠ ᠪᠠᠷᠠᠭᠤᠨ ᠪᠡᠶ᠎ᠡ ᠵᠢᠴᠢ ᠵᠡᠭᠦᠨ ᠡᠮᠦᠨᠡᠲᠦ ᠪᠡᠶ᠎ᠡ ᠶᠢᠨ ᠭᠠᠵᠠᠷ ᠣᠷᠣᠨ ᠤ ᠠᠭᠠᠷ ᠤᠨ ᠳᠤᠯᠠᠭᠠᠨ ᠤ ᠬᠡᠮᠵᠢᠶ᠎ᠡ 6᠎ ᠠᠴᠠ 8 ᠭᠷᠠᠳᠥ᠋ᠰ ᠳᠤᠷᠤᠭᠰᠢᠯᠠᠨ᠎ᠠ᠃ ᠠᠭᠠᠷ ᠤᠨ ᠳᠤᠯᠠᠭᠠᠨ ᠳᠣᠷᠣᠭᠰᠢᠯᠠᠵᠤ ᠴᠠᠰᠤ ᠣᠷᠣᠬᠤ ᠴᠠᠭ ᠠᠭᠠᠷ ᠢ ᠰᠠᠶᠢᠲᠤᠷ ᠠᠩᠬᠠᠷᠴᠤ᠂ ᠲᠦᠭᠦᠭᠡᠷᠤᠮᠵᠢᠲᠤ ᠲᠠᠷᠢᠶᠠᠯᠠᠩ ᠨᠢ ᠲᠦᠭᠦᠭᠡᠷᠤᠮᠵᠢᠲᠤ ᠲᠤᠮᠤ ᠬᠥᠯᠡᠮᠵᠢ ᠶᠢᠨ ᠬᠦᠢᠲᠡᠨ ᠢ ᠰᠡᠷᠭᠡᠶᠢᠯᠡᠨ ᠳᠤᠯᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠳᠤᠯᠠᠭᠠᠨ ᠤ ᠬᠡᠮᠵᠢᠶ᠎ᠡ ᠴᠢᠬᠢᠭ ᠤᠨ ᠬᠡᠮᠵᠢᠶ᠎ᠡ ᠶᠢ ᠵᠣᠬᠢᠰᠲᠠᠶ ᠲᠣᠬᠢᠷᠠᠭᠤᠯᠤᠨ᠂ ᠬᠥᠯᠳᠡᠬᠦ ᠬᠥᠨᠥᠭᠡᠯ ᠭᠠᠷᠬᠤ ᠶᠢ ᠰᠡᠷᠭᠡᠶᠢᠯᠡᠬᠦ ᠶᠢ ᠰᠠᠨᠠᠭᠤᠯᠪᠠ︔ ᠮᠠᠯᠵᠢᠬᠤ ᠣᠷᠣᠨ ᠨᠢ ᠴᠠᠭ ᠠᠭᠠᠷ ᠤᠨ ᠪᠠᠶᠢᠳᠠᠯ ᠢ ᠦᠨᠳᠦᠰᠦᠯᠡᠨ ᠬᠠᠰᠢᠶ᠎ᠠ ᠰᠠᠷᠠᠪᠴᠢ ᠪᠠᠨ ᠪᠠᠬᠢᠯᠡᠨ ᠰᠡᠯᠪᠢᠬᠦ ᠵᠢᠴᠢ ᠡᠬᠡ ᠲᠥᠯ ᠤᠨ ᠬᠦᠢᠲᠡᠨ ᠢ ᠰᠡᠷᠭᠡᠶᠢᠯᠡᠨ ᠳᠤᠯᠠᠭᠠᠯᠠᠬᠤ ᠠᠵᠢᠯ ᠢ ᠴᠠᠭ ᠲᠤᠬᠠᠶ ᠳᠤᠨᠢ ᠬᠢᠬᠦ ᠬᠡᠷᠡᠭᠲᠡᠢ︔ ᠡᠪᠦᠯ ᠤᠨ ᠤᠯᠠᠷᠢᠯ ᠤᠨ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ᠂ ᠬᠤᠳᠠ ᠶᠢᠨ ᠠᠷᠠᠳ ᠭᠠᠳᠠᠭᠰᠢ ᠭᠠᠷᠬᠤ ᠳᠤ ᠪᠠᠨ ᠵᠣᠬᠢᠰᠲᠠᠶ ᠪᠠᠷ ᠬᠤᠪᠴᠠᠰᠤ ᠨᠡᠮᠡᠵᠦ ᠡᠮᠦᠰᠬᠦ ᠶᠢ ᠰᠠᠨᠠᠭᠤᠯᠵᠤ᠂ ᠲᠠᠭᠰᠢᠭᠤᠷ ᠵᠢᠴᠢ ᠠᠮᠢᠰᠬᠤᠯ ᠤᠨ ᠬᠥᠨᠳᠡᠢ ᠶᠢᠨ ᠡᠪᠡᠳᠴᠢᠨ ᠡᠮᠭᠡᠭ ᠡᠭᠦᠰᠬᠦ ᠶᠢ ᠰᠡᠷᠭᠡᠶᠢᠯᠡᠬᠦ ᠬᠡᠷᠡᠭᠲᠡᠢ ᠭᠡᠪᠡ︔ ᠬᠠᠮᠢᠶ᠎ᠡ ᠪᠦᠬᠦᠢ ᠰᠠᠯᠠᠭ᠎ᠠ ᠮᠥᠴᠢᠷ ᠤᠳ ᠵᠠᠮ ᠤᠨ ᠴᠠᠰᠤ ᠮᠥᠰᠥ ᠶᠢ ᠴᠠᠭ ᠳᠠᠷᠤᠶ ᠳᠤᠨᠢ ᠴᠡᠪᠡᠷᠯᠡᠨ ᠠᠷᠢᠯᠭᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ᠂ ᠰᠠᠭᠠᠳ ᠦᠭᠡᠢ ᠪᠠᠶᠢᠯᠭᠠᠬᠤ ᠶᠢ ᠦᠨᠡᠨ ᠬᠦ ᠪᠠᠲᠤᠯᠠᠬᠤ ᠶᠢ ᠰᠠᠨᠠᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号