ᠥᠪᠥᠷ ᠮᠣᠩᠭᠤᠯ 3740.4 ᠲᠦᠮᠡᠨ ᠲᠥᠭᠦᠷᠢᠭ ᠤᠨ ᠪᠡᠯᠡ ᠣᠷᠣᠭᠤᠯᠤᠨ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠳᠠᠰᠤᠭ ᠲᠤ 4037 ᠰᠠᠭᠤᠷᠢ ᠡᠷᠡᠭᠦᠯ ᠴᠢᠬᠢᠷᠠᠭ ᠢ ᠨᠢᠭᠡ ᠴᠤᠭᠴᠠᠵᠢᠭᠤᠯᠤᠭᠰᠠᠨ ᠮᠠᠰᠢᠨ ᠲᠤᠬᠢᠷᠠᠭᠤᠯᠪᠠ
ᠨᠡᠶᠢᠲᠡᠯᠡᠭᠰᠡᠨ ᠴᠠᠭ᠄
2015/12/28
     ᠡᠮ ᠡᠮᠨᠡᠯᠭᠡ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠲᠦᠯᠬᠢᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠲᠣᠣᠷ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠭᠠᠴᠠᠭ᠎ᠠ ᠲᠣᠰᠬᠤᠨ ᠤ ᠪᠠᠷᠢᠮᠵᠢᠶᠠᠵᠢᠭᠤᠯᠤᠭᠰᠠᠨ ᠡᠷᠡᠭᠦᠯ ᠬᠠᠮᠠᠭᠠᠯᠠᠯ ᠤᠨ ᠲᠠᠰᠤᠭ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠦᠯᠦᠭᠡ᠃ ᠮᠠᠨ ᠤ ᠣᠷᠣᠨ 3740.4 ᠲᠦᠮᠡᠨ ᠲᠥᠭᠦᠷᠢᠭ ᠤᠨ ᠪᠡᠯᠡ ᠤᠷᠤᠭᠤᠯᠵᠤ᠂ 2016 ᠤᠨ ᠤ 3 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠣᠬᠢᠷᠠᠭᠤᠯᠬᠤ ᠨᠥᠬᠦᠴᠡᠯ ᠳᠤ ᠨᠡᠶᠢᠴᠡᠬᠦ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ 4037 ᠰᠠᠭᠤᠷᠢ ᠡᠷᠡᠭᠦᠯ ᠴᠢᠬᠢᠷᠠᠭ ᠢ ᠨᠢᠭᠡ ᠴᠤᠭᠴᠠᠵᠢᠭᠤᠯᠤᠭᠰᠠᠨ ᠮᠠᠰᠢᠨ ᠢ ᠪᠦᠯᠦᠭ ᠬᠤᠪᠢᠶᠠᠨ ᠠᠯᠬᠤᠮ ᠳᠠᠷᠠᠭᠠᠯᠠᠨ ᠲᠤᠬᠢᠷᠠᠭᠤᠯᠤᠨ᠎ᠠ᠃      ᠡᠷᠡᠭᠦᠯ ᠴᠢᠬᠢᠷᠠᠭ ᠢ ᠨᠢᠭᠡ ᠴᠤᠭᠴᠠᠵᠢᠭᠤᠯᠤᠭᠰᠠᠨ ᠮᠠᠰᠢᠨ ᠪᠤᠯ ᠰᠠᠭᠤᠭᠠᠯᠢ ᠠᠷᠠᠳ ᠤᠨ ᠵᠢᠷᠦᠬᠡᠨ ᠴᠠᠬᠢᠯᠭᠠᠨ ᠵᠢᠷᠤᠭ᠂ ᠵᠢᠷᠦᠬᠡᠨ ᠳᠠᠪᠲᠠᠮᠵᠢ᠂ ᠴᠢᠰᠤᠨ ᠰᠢᠬᠢᠷ᠂ ᠴᠢᠰᠤᠨ ᠳᠠᠷᠤᠯᠲᠠ᠂ ᠴᠢᠰᠤᠨ ᠤ ᠬᠦᠴᠢᠯᠲᠥ᠋ᠷᠥᠭᠴᠢ ᠶᠢᠨ ᠬᠠᠨᠤᠴᠠ᠂ ᠰᠢᠭᠡᠰᠦᠨ ᠤ ᠡᠩ ᠤᠨ ᠪᠠᠶᠢᠴᠠᠭᠠᠯᠲᠠ᠂ ᠪᠡᠶ᠎ᠡ ᠶᠢᠨ ᠳᠤᠯᠠᠭᠠᠨ ᠵᠡᠷᠭᠡ ᠡᠷᠡᠭᠦᠯ ᠴᠢᠭᠢᠷᠠᠭ ᠤᠨ ᠭᠦᠢᠴᠡᠳᠬᠡᠬᠦ ᠲᠤᠭ᠎ᠠ ᠶᠢ ᠲᠡᠷᠡ ᠳᠤᠤᠷ᠎ᠠ ᠨᠢ ᠰᠢᠯᠭᠠᠨ ᠬᠡᠮᠵᠢᠵᠦ᠂ ᠤᠳᠤ ᠦᠶ᠎ᠡ ᠶᠢᠨ ᠺᠣᠮᠫᠢᠦ᠋ᠲ᠋ᠧᠷ ᠬᠢᠭᠡᠳ ᠲᠣᠣᠷ ᠰᠦᠯᠵᠢᠶᠡᠨ ᠤ ᠮᠡᠷᠭᠡᠵᠢᠯ ᠳᠤ ᠲᠦᠰᠢᠭᠯᠡᠨ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠷᠡᠭᠦᠯ ᠮᠡᠨᠳᠤ ᠶᠢᠨ ᠳᠠᠩᠰᠠ ᠡᠪᠬᠡᠮᠡᠯ ᠬᠠᠮᠢᠶᠠᠷᠬᠤ ᠰᠢᠰᠲ᠋ᠧᠮ᠂ ᠣᠷᠣᠨ ᠪᠦᠰᠡ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢᠨ ᠡᠭᠦᠯᠡᠨ ᠲᠠᠪᠴᠠᠩ ᠬᠢᠭᠡᠳ ᠵᠢᠷᠦᠬᠡᠨ ᠴᠠᠬᠢᠯᠭᠠᠨ ᠣᠨᠣᠰᠢᠯᠠᠬᠤ ᠰᠢᠰᠲ᠋ᠧᠮ ᠤᠨ ᠠᠯᠤᠰ ᠵᠤᠯᠭᠠᠭᠤᠯᠤᠯᠲᠠ ᠎ ᠶᠢ ᠪᠡᠶᠡᠯᠡᠭᠦᠯᠵᠦ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠰᠠᠭᠤᠭᠠᠯᠢ ᠠᠷᠠᠳ ᠤᠨ ᠡᠷᠡᠭᠦᠯ ᠮᠡᠨᠳᠤ ᠶᠢᠨ ᠡᠯᠧᠺᠲᠷᠤᠨ ᠳᠠᠩᠰᠠ ᠡᠪᠬᠡᠮᠡᠯ ᠤᠨ ᠮᠡᠳᠡᠭᠡ ᠵᠠᠩᠭᠢᠵᠢᠭᠤᠯᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠪᠣᠯᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠨᠡ ᠤᠳᠠᠭ᠎ᠠ ᠪᠥᠬᠦ ᠣᠷᠣᠨ ᠤ ᠭᠠᠴᠠᠭ᠎ᠠ ᠲᠣᠰᠬᠤᠨ ᠤ ᠪᠠᠷᠢᠮᠵᠢᠶᠠᠵᠢᠭᠤᠯᠤᠯᠲᠠ ᠶᠢᠨ ᠡᠷᠡᠭᠦᠯ ᠬᠠᠮᠠᠭᠠᠯᠠᠯ ᠤᠨ ᠲᠠᠰᠤᠭ ᠲᠤ ᠡᠷᠡᠭᠦᠯ ᠴᠢᠬᠢᠷᠠᠭ ᠢ ᠨᠢᠭᠡ ᠴᠤᠭᠴᠠᠵᠢᠭᠤᠯᠤᠭᠰᠠᠨ ᠮᠠᠰᠢᠨ ᠤ ᠰᠢᠰᠲ᠋ᠧᠮ ᠲᠤᠬᠢᠷᠠᠭᠤᠯᠵᠤ᠂ ᠵᠠᠷᠴᠢᠮ ᠤᠨ ᠲᠠᠯ᠎ᠠ ᠪᠠᠷ ᠭᠠᠴᠠᠭ᠎ᠠ ᠲᠣᠰᠬᠤᠨ ᠤ ᠪᠦᠬᠦᠯᠢ 60 ᠨᠠᠰᠤᠨ ᠠᠴᠠ ᠳᠣᠷᠣᠭᠰᠢᠬᠢ ᠡᠮᠴᠢ ᠲᠠᠢ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠲᠤᠬᠢᠷᠠᠭᠤᠯᠤᠨ᠎ᠠ︔ ᠠᠵᠢᠯ ᠡᠷᠬᠢᠯᠡᠬᠦ ︵ᠲᠤᠰᠠᠯᠠᠬᠤ︶ ᠡᠮᠴᠢ ᠪᠦᠬᠦᠢ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠎ ᠲᠤ ᠤᠷᠢᠳᠠᠪᠠᠷ ᠲᠤᠬᠢᠷᠠᠭᠤᠯᠤᠨ᠎ᠠ︔ ᠠᠳᠠᠯᠢ ᠨᠠᠰᠤ ᠪᠠ ᠰᠤᠷᠤᠯᠭ᠎ᠠ ᠶᠢᠨ ᠨᠠᠮᠲᠠᠷ ᠲᠠᠢ ᠨᠥᠬᠦᠴᠡᠯ ᠳᠣᠣᠷ᠎ᠠ᠂ ᠭᠠᠴᠠᠭ᠎ᠠ ᠲᠣᠰᠬᠤᠨ ᠤ ᠡᠮᠴᠢ ᠶᠢᠨ ᠠᠵᠢᠯᠯᠠᠭᠰᠠᠨ ᠵᠢᠯ ᠬᠤᠭᠤᠴᠠᠭ᠎ᠠ ᠨᠢ ᠨᠡᠯᠢᠶᠡᠳ ᠤᠷᠲᠤ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠲᠤ ᠤᠷᠢᠳᠠᠪᠠᠷ ᠲᠤᠬᠢᠷᠠᠭᠤᠯᠤᠨ᠎ᠠ᠃ ᠲᠤᠬᠢᠷᠠᠭᠤᠯᠬᠤ ᠶᠠᠪᠤᠴᠠ ᠳᠣᠣᠷᠠᠬᠢ ᠭᠤᠷᠪᠠᠨ ᠵᠠᠷᠴᠢᠮ ᠢ ᠪᠠᠷᠢᠮᠲᠠᠯᠠᠨ᠎ᠠ᠄ ᠠᠯᠬᠤᠮ ᠠᠯᠬᠤᠮ ᠢᠶᠠᠷ ᠬᠠᠮᠤᠷᠠᠭᠤᠯᠬᠤ᠂ ᠪᠦᠬᠦ ᠲᠠᠯ᠎ᠠ ᠪᠠᠷ ᠬᠡᠷᠡᠭᠯᠡᠬᠦ ᠵᠠᠷᠴᠢᠮ ᠢ ᠪᠠᠷᠢᠮᠲᠠᠯᠠᠨ᠎ᠠ︔ ᠨᠥᠬᠦᠴᠡᠯ ᠪᠦᠷᠢᠯᠳᠦᠭᠰᠡᠨ ᠪᠠᠶᠢᠪᠠᠯ᠂ ᠤᠷᠢᠳᠠᠪᠠᠷ ᠲᠣᠬᠢᠷᠠᠭᠤᠯᠬᠤ ᠵᠠᠷᠴᠢᠮ ᠢ ᠪᠠᠷᠢᠮᠲᠠᠯᠠᠨ᠎ᠠ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠢᠰᠲ᠋ᠧᠮ᠂ ᠣᠷᠣᠨ ᠪᠦᠰᠡ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢᠨ ᠡᠭᠦᠯᠡᠨ ᠲᠠᠪᠴᠠᠩ ᠬᠢᠭᠡᠳ ᠵᠢᠷᠦᠬᠡᠨ ᠴᠠᠬᠢᠯᠭᠠᠨ ᠤ ᠠᠯᠤᠰ ᠣᠨᠣᠰᠢᠯᠠᠬᠤ ᠰᠢᠰᠲ᠋ᠧᠮ ᠬᠠᠷᠢᠯᠴᠠᠨ ᠬᠤᠯᠪᠣᠯᠳᠤᠵᠤ ᠬᠠᠷᠢᠯᠴᠠᠨ ᠨᠡᠪᠲᠡᠷᠡᠯᠴᠡᠬᠦ ᠵᠠᠷᠴᠢᠮ ᠢ ᠪᠠᠷᠢᠮᠲᠠᠯᠠᠨ᠎ᠠ︔ ᠨᠢᠭᠡᠳᠦᠯᠲᠡᠶ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ᠂ ᠬᠥᠳᠡᠭᠡ ᠲᠣᠰᠬᠤᠨ ᠤ ᠭᠡᠷ᠎ᠡ ᠲᠣᠭᠲᠠᠭᠰᠠᠨ ᠦᠢᠯᠡᠴᠢᠯᠡᠬᠦ ᠵᠠᠷᠴᠢᠮ ᠢ ᠪᠠᠷᠢᠮᠲᠠᠯᠠᠨ᠎ᠠ᠃      ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠠᠵᠢᠯ ᠤᠨ ᠵᠦᠪᠯᠡᠯ ᠨᠢᠭᠡᠨᠲᠡ ᠥᠪᠥᠷ ᠮᠣᠩᠭᠤᠯ ᠤᠨ ᠡᠷᠡᠭᠦᠯ ᠴᠢᠬᠢᠷᠠᠭ ᠢ ᠨᠢᠭᠡ ᠴᠤᠭᠴᠠᠵᠢᠭᠤᠯᠤᠭᠰᠠᠨ ᠮᠠᠰᠢᠨ ᠤ ᠲᠥᠷᠥᠯ ᠵᠦᠢᠯ ᠢ ᠬᠡᠷᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠲᠣᠭᠲᠠᠭᠠᠯ ᠪᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠶᠢ ᠲᠦᠷᠭᠡᠳᠬᠡᠵᠦ᠂ ᠲᠥᠷᠥᠯ ᠵᠦᠢᠯ ᠤᠨ ᠰᠢᠯᠭᠠᠨ ᠠᠪᠬᠤ ᠦᠨᠡᠯᠡᠨ ᠵᠢᠱᠢᠬᠦ ᠶᠢ ᠰᠠᠶᠢᠲᠤᠷ ᠬᠢᠵᠦ᠂ ᠲᠦᠷᠦᠯ ᠵᠦᠢᠯ ᠤᠨ ᠲᠡᠭᠦᠰ ᠠᠮᠵᠢᠯᠲᠠ ᠲᠠᠢ ᠪᠡᠶᠡᠯᠡᠭᠳᠡᠵᠦ᠂ ᠡᠷᠲᠡᠬᠡᠨ ᠠᠷᠠᠳ ᠲᠦᠮᠡᠨ ᠤ ᠠᠵᠠ ᠵᠢᠷᠭᠠᠯ ᠬᠦᠷᠲᠡᠭᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号