ᠥᠪᠥᠷ ᠮᠣᠩᠭᠤᠯ ᠪᠠ ᠨᠢᠩᠰᠢᠶᠠ ᠬᠥᠷᠰᠢ ᠵᠡᠷᠭᠡᠯᠡᠳᠡᠭᠡ ᠭᠠᠵᠠᠷ ᠣᠷᠣᠨ ᠤ ᠣᠷᠴᠢᠨ ᠲᠣᠭᠤᠷᠢᠨ ᠤ ᠪᠣᠬᠢᠷᠳᠣᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢ ᠪᠠᠶᠢᠭᠤᠯᠪᠠ
ᠨᠡᠶᠢᠲᠡᠯᠡᠭᠰᠡᠨ ᠴᠠᠭ᠄
2015/12/28
     ᠲᠦᠷᠦᠭᠦᠦ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠪᠣᠯᠣᠨ ᠨᠢᠩᠰᠢᠶᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠢᠷᠭᠠᠢ ᠳᠤ ᠣᠷᠴᠢᠨ ᠲᠤᠭᠤᠷᠢᠨ ᠢ ᠬᠠᠮᠠᠭᠠᠯᠠᠬᠤ ᠬᠠᠮᠲᠤᠷᠠᠯᠴᠠᠭᠠᠨ ᠤ ᠰᠠᠨᠠᠭᠤᠯᠤᠮᠵᠢ ᠳᠤ ᠭᠠᠷ ᠤᠨ ᠦᠰᠦᠭ ᠵᠢᠷᠤᠵᠤ᠂ ᠥᠪᠥᠷ ᠮᠣᠩᠭᠤᠯ ᠤᠨ ᠣᠷᠳᠣᠰ ᠬᠤᠲᠠ᠂ ᠦᠬᠠᠢ ᠬᠤᠲᠠ᠂ ᠠᠯᠠᠱᠠ ᠠᠶᠢᠮᠠᠭ ᠪᠠ ᠨᠢᠩᠰᠢᠶᠠ ᠶᠢᠨ ᠢᠷᠭᠠᠢ᠂ ᠱᠢ ᠽᠦᠢ ᠱᠠᠨ ᠬᠤᠲᠠ᠂ ᠵᠦᠩᠸᠧᠢ ᠬᠤᠲᠠ ᠣᠷᠴᠢᠨ ᠲᠣᠭᠤᠷᠢᠨ ᠤ ᠪᠣᠬᠢᠷᠳᠣᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢ ᠪᠠᠶᠢᠭᠤᠯᠵᠤ᠂ ᠬᠤᠶᠠᠷ ᠲᠠᠯ᠎ᠠ ᠶᠢᠨ ᠣᠷᠴᠢᠨ ᠲᠣᠭᠤᠷᠢᠨ ᠢ ᠬᠠᠮᠠᠭᠠᠯᠠᠬᠤ ᠠᠵᠢᠯ ᠤᠨ ᠲᠤᠷᠰᠢᠯᠭ᠎ᠠ ᠪᠠ ᠬᠠᠮᠢᠶ᠎ᠠ ᠪᠦᠬᠦᠢ ᠮᠡᠳᠡᠭᠡ ᠵᠠᠩᠭᠢ ᠶᠢ ᠬᠠᠮᠲᠤᠪᠠᠷ ᠡᠳ᠋ᠯᠡᠵᠦ᠂ ᠣᠷᠣᠨ ᠪᠦᠰᠡ ᠶᠢᠨ ᠣᠷᠴᠢᠨ ᠲᠣᠭᠤᠷᠢᠨ ᠤ ᠠᠮᠢ ᠠᠬᠤᠢ ᠶᠢᠨ ᠠᠮᠤᠷ ᠲᠦᠪᠰᠢᠨ ᠢ ᠬᠠᠮᠲᠤᠪᠠᠷ ᠰᠠᠬᠢᠨ ᠬᠠᠮᠠᠭᠠᠯᠠᠬᠤ ᠪᠠᠷ ᠪᠣᠢ᠃      ᠣᠶᠢᠯᠭᠠᠭᠰᠠᠨ ᠢᠶᠠᠷ᠂ ᠬᠤᠶᠠᠷ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠣᠷᠴᠢᠨ ᠲᠣᠭᠤᠷᠢᠨ ᠢ ᠬᠠᠮᠠᠭᠠᠯᠠᠬᠤ ᠳᠦᠷᠢᠮ ᠢ ᠨᠢᠬᠡᠲᠦᠭᠦᠯᠵᠦ᠂ ᠣᠷᠴᠢᠨ ᠲᠣᠭᠤᠷᠢᠨ ᠢ ᠬᠠᠮᠠᠭᠠᠯᠠᠬᠤ ᠪᠠᠷᠢᠮᠵᠢᠶ᠎ᠠ ᠶᠢ ᠨᠢᠬᠡᠲᠦᠭᠦᠯᠵᠦ᠂ ᠣᠷᠴᠢᠨ ᠲᠣᠭᠤᠷᠢᠨ ᠢ ᠬᠠᠮᠠᠭᠠᠯᠠᠬᠤ ᠲᠥᠯᠥᠪᠯᠡᠭᠡ ᠶᠢ ᠨᠢᠬᠡᠲᠦᠭᠦᠯᠵᠦ᠂ ᠬᠢᠨᠠᠨ ᠬᠡᠮᠵᠢᠯᠲᠡ ᠶᠢ ᠨᠢᠭᠡᠳᠦᠯᠲᠡᠢ ᠵᠢᠷᠤᠮᠵᠢᠭᠤᠯᠵᠤ᠂ ᠣᠷᠴᠢᠨ ᠲᠣᠭᠤᠷᠢᠨ ᠢ ᠬᠠᠮᠠᠭᠠᠯᠠᠬᠤ ᠮᠡᠳᠡᠭᠡ ᠵᠠᠩᠭᠢ ᠶᠢ ᠨᠢᠭᠡᠳᠦᠯᠲᠡᠢ ᠨᠡᠶᠢᠲᠡᠯᠡᠵᠦ᠂ ᠤᠯᠤᠰ ᠤᠨ ᠪᠣᠬᠢᠷᠳᠣᠯ ᠪᠤᠳᠠᠰ ᠢ ᠭᠠᠳᠠᠭᠰᠢᠯᠠᠭᠤᠯᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠣᠷᠣᠨ ᠪᠦᠰᠡ ᠶᠢᠨ ᠠᠭᠠᠷ ᠮᠠᠨᠳᠤᠯ᠂ ᠤᠰᠤ᠂ ᠭᠠᠵᠠᠷ ᠰᠢᠷᠣᠢ ᠵᠡᠷᠭᠡ ᠣᠷᠴᠢᠨ ᠲᠣᠭᠤᠷᠢᠨ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠥᠷᠭᠡᠨ ᠭᠦᠨᠵᠡᠭᠡᠢ ᠰᠣᠯᠢᠯᠴᠠᠭ᠎ᠠ ᠥᠷᠨᠢᠭᠦᠯᠦᠨ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠬᠠᠮᠲᠤᠷᠠᠯᠴᠠᠭ᠎ᠠ ᠶᠢ ᠪᠠᠶᠢᠭᠤᠯᠬᠤ ᠪᠠᠷ ᠰᠢᠢᠳᠴᠦ᠂ ᠬᠢᠨᠠᠨ ᠬᠡᠮᠵᠢᠯᠲᠡ ᠶᠢ ᠨᠢᠬᠡᠲᠦᠭᠦᠯᠵᠦ᠂ ᠣᠷᠴᠢᠨ ᠲᠣᠭᠤᠷᠢᠨ ᠢ ᠬᠠᠮᠠᠭᠠᠯᠠᠬᠤ ᠪᠠᠷᠢᠮᠵᠢᠶ᠎ᠠ ᠶᠢ ᠨᠢᠬᠡᠲᠦᠭᠦᠯᠵᠦ᠂ ᠣᠷᠴᠢᠨ ᠲᠣᠭᠤᠷᠢᠨ ᠢ ᠬᠠᠮᠠᠭᠠᠯᠠᠬᠤ ᠲᠥᠯᠥᠪᠯᠡᠭᠡ ᠶᠢ ᠨᠢᠬᠡᠲᠦᠭᠦᠯᠵᠦ᠂ ᠴᠢᠬᠤᠯᠠ ᠪᠣᠬᠢᠷᠳᠣᠯ ᠪᠤᠳᠠᠰ ᠭᠠᠳᠠᠭᠰᠢᠯᠠᠭᠤᠯᠬᠤ ᠶᠢ ᠪᠠᠭᠠᠰᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠦᠯᠲᠡ ᠶᠢ ᠬᠤᠯᠪᠣᠭᠠᠯᠠᠨ ᠪᠠᠶᠢᠴᠠᠭᠠᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ 8 ᠲᠠᠯ᠎ᠠ ᠶᠢᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠬᠤᠶᠠᠷ ᠭᠠᠵᠠᠷ ᠤᠨ ᠣᠷᠴᠢᠨ ᠲᠣᠭᠤᠷᠢᠨ ᠤ ᠲᠢᠩᠬᠢᠮ ᠤᠨ ᠳᠠᠷᠤᠭ᠎ᠠ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠡᠯ᠎ᠡ ᠬᠠᠮᠢᠶ᠎ᠠ ᠪᠦᠬᠦᠢ ᠭᠠᠵᠠᠷ ᠭᠡᠷ᠂ ᠰᠢᠭᠤᠳ ᠬᠠᠷᠢᠶ᠎ᠠ ᠪᠠᠶᠢᠭᠤᠯᠭ᠎ᠠ ᠪᠠ ᠡᠯ᠎ᠡ ᠠᠶᠢᠮᠠᠭ ᠬᠤᠲᠠ ᠶᠢᠨ ᠣᠷᠴᠢᠨ ᠲᠣᠭᠤᠷᠢᠨ ᠢ ᠬᠠᠮᠠᠭᠠᠯᠠᠬᠤ ᠲᠣᠪᠴᠢᠶ᠎ᠠ᠂ ᠠᠵᠤ ᠦᠢᠯᠡᠳᠪᠦᠷᠢᠯᠡᠯ ᠤᠨ ᠣᠷᠣᠨ ᠲᠣᠭᠤᠷᠢᠭ ᠤᠨ ᠬᠠᠷᠢᠭᠤᠴᠠᠯᠭᠠᠲᠠᠨ ᠭᠡᠰᠢᠭᠦᠨ ᠪᠣᠯᠣᠭᠰᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠳᠤᠷᠢᠳᠬᠤ ᠳᠤᠭᠤᠶᠢᠯᠠᠩ᠂ ᠬᠤᠯᠪᠣᠭᠠᠲᠤ ᠬᠤᠷᠠᠯᠳᠤᠭᠠᠨ ᠤ ᠳᠦᠷᠢᠮ ᠢ ᠪᠠᠶᠢᠭᠤᠯᠵᠤ᠂ ᠵᠢᠯ ᠪᠦᠷᠢ ᠨᠢᠭᠡ ᠤᠳᠠᠭ᠎ᠠ ᠬᠤᠷᠠᠯᠳᠤᠵᠤ᠂ ᠠᠵᠢᠯ ᠤᠨ ᠠᠬᠢᠯᠲᠠ ᠶᠢ ᠨᠡᠶᠢᠲᠡᠯᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠪᠣᠯᠣᠨ᠎ᠠ᠃      ᠡᠭᠦᠨ ᠠᠴᠠ ᠭᠠᠳᠠᠨ᠎ᠠ᠂ ᠬᠤᠶᠠᠷ ᠭᠠᠵᠠᠷ ᠤᠨ ᠣᠷᠴᠢᠨ ᠲᠣᠭᠤᠷᠢᠨ ᠢ ᠬᠠᠮᠠᠭᠠᠯᠠᠬᠤ ᠰᠠᠯᠠᠭ᠎ᠠ ᠮᠥᠴᠢᠷ ᠠᠴᠠ ᠮᠤᠵᠢ ᠶᠢᠨ ᠳᠡᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠠᠵᠢᠯ ᠤᠨ ᠬᠠᠮᠲᠤᠷᠠᠭᠰᠠᠨ ᠳᠤᠭᠤᠶᠢᠯᠠᠩ ᠢ ᠪᠠᠶᠢᠭᠤᠯᠬᠤ ᠪᠠᠷ ᠪᠣᠯᠵᠤ᠂ ᠣᠷᠴᠢᠨ ᠲᠣᠭᠤᠷᠢᠨ ᠢ ᠬᠠᠮᠠᠭᠠᠯᠠᠬᠤ ᠲᠢᠩᠬᠢᠮ ᠤᠨ ᠳᠡᠳ᠋ ᠳᠠᠷᠤᠭ᠎ᠠ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠭᠡᠰᠢᠭᠦᠳ ᠨᠢ ᠬᠤᠶᠠᠷ ᠭᠠᠵᠠᠷ ᠤᠨ ᠮᠤᠵᠢ ᠶᠢᠨ ᠳᠡᠰ ᠤᠨ ᠣᠷᠴᠢᠨ ᠲᠤᠭᠤᠷᠢᠨ ᠤ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠪᠠ ᠬᠥᠷᠰᠢ ᠵᠡᠷᠭᠡᠯᠡᠳᠡᠭᠡ ᠭᠠᠵᠠᠷ ᠣᠷᠣᠨ ᠤ ᠠᠶᠢᠮᠠᠭ ᠬᠤᠲᠠ ᠶᠢᠨ ᠣᠷᠴᠢᠨ ᠲᠣᠭᠤᠷᠢᠨ ᠤ ᠲᠣᠪᠴᠢᠶ᠎ᠠ ᠪᠠ ᠠᠵᠤ ᠦᠢᠯᠡᠳᠪᠦᠷᠢ ᠶᠢᠨ ᠲᠣᠭᠤᠷᠢᠭ ᠤᠨ ᠬᠠᠷᠢᠭᠤᠴᠠᠯᠭᠠᠲᠠᠨ ᠢᠶᠠᠷ ᠪᠦᠷᠢᠯᠳᠦᠨ᠎ᠡ᠂ ᠬᠠᠭᠠᠰ ᠵᠢᠯ ᠳᠤ ᠨᠢᠭᠡ ᠤᠳᠠᠭ᠎ᠠ ᠬᠤᠯᠪᠣᠭᠠᠲᠤ ᠬᠤᠷᠠᠯ ᠬᠤᠷᠠᠯᠳᠤᠭᠤᠯᠵᠤ᠂ ᠣᠨᠴᠠᠭᠠᠢ ᠪᠠᠶᠢᠳᠠᠯ ᠳᠣᠣᠷ᠎ᠠ ᠶᠠᠮᠠᠷ ᠨᠢᠭᠡᠨ ᠶᠠᠪᠤᠳᠠᠯ ᠤᠨ ᠲᠤᠬᠠᠢ ᠲᠦᠷ ᠴᠠᠭ ᠤᠨ ᠬᠤᠯᠪᠣᠭᠠᠲᠤ ᠬᠤᠷᠠᠯ ᠬᠤᠷᠠᠯᠳᠤᠭᠤᠯᠵᠤ᠂ ᠭᠠᠵᠠᠷ ᠣᠷᠣᠨ ᠠᠯᠤᠰᠯᠠᠨ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠨᠢᠭᠡᠲᠦᠯᠲᠡᠢ ᠬᠥᠳᠡᠯᠦᠯᠴᠡᠵᠦ᠂ ᠬᠠᠮᠲᠤᠪᠠᠷ ᠴᠣᠬᠢᠯᠲᠠ ᠥᠭᠴᠦ᠂ ᠣᠷᠣᠨ ᠪᠦᠰᠡ ᠶᠢᠨ ᠴᠢᠨᠠᠷᠲᠠᠢ ᠥᠨᠳᠥᠷ ᠳᠠᠷᠤᠯᠲᠠᠲᠤ ᠪᠠᠶᠢᠳᠠᠯ ᠢ ᠪᠤᠢ ᠪᠣᠯᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号