ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ | ᠤᠯᠬᠤ ᠳᠤ ᠬᠦᠴᠢᠷᠲᠡᠶ ᠬᠥᠮᠦᠰ ᠢ ᠦᠨᠡᠮᠰᠢᠬᠦ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ | 2016 ᠤᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠶᠠᠪᠤᠭᠤᠯᠵᠤ᠂ ᠬᠠᠤᠯᠢ ᠪᠠᠷ ᠲᠣᠭᠲᠠᠭᠰᠠᠨ | ᠬᠥᠳᠡᠯᠮᠦᠷᠢᠯᠡᠬᠦ ᠨᠠᠰᠤᠨ ᠳᠤ ᠪᠠᠶᠢᠬᠤ᠂ ᠬᠥᠳᠡᠯᠮᠦᠷᠢᠯᠡᠬᠦ ᠴᠢᠳᠠᠪᠤᠷᠢ ᠲᠠᠢ ᠪᠥᠭᠡᠳ ᠠᠵᠢᠯ ᠤᠯᠬᠤ ᠬᠦᠰᠡᠯ ᠡᠷᠡᠮᠡᠯᠵᠡᠯ | ᠲᠠᠢ ᠮᠦᠷᠲᠡᠭᠡᠨ ᠨᠢᠭᠡᠨᠲᠡ ᠠᠵᠢᠯ ᠠᠯᠳᠠᠭᠰᠠᠨ ᠢᠶᠠᠷ ᠳᠠᠩᠰᠠᠯᠠᠭᠤᠯᠤᠭᠰᠠᠨ ᠠᠵᠢᠯ ᠤᠯᠬᠤ ᠳᠤ ᠬᠦᠴᠢᠷᠲᠡᠶ 7 | ᠲᠥᠷᠥᠯ ᠤᠨ ᠬᠥᠮᠦᠰ ᠬᠤᠯᠪᠣᠭᠳᠠᠯ ᠪᠦᠬᠦᠢ ᠲᠤᠰᠠᠯᠠᠮᠵᠢ ᠤᠯᠬᠤ ᠪᠣᠯᠤᠨ᠎ᠠ᠃ | ᠣᠶᠢᠯᠠᠭᠠᠭᠰᠠᠨ ᠢᠶᠠᠷ᠂ 2008 ᠣᠨ ᠳᠤ᠂ ᠥᠪᠡᠷᠲᠡᠭᠡᠨ ᠵᠠᠰᠠᠬᠤ ᠣᠷᠣᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠵᠢᠯ ᠤᠯᠬᠤ ᠳᠤ ᠬᠦᠴᠢᠷᠲᠡᠶ ᠬᠥᠮᠦᠰ ᠢ ᠦᠨᠡᠮᠰᠢᠬᠦ ᠠᠷᠭ᠎ᠠ︾ ᠶᠢ ᠨᠡᠶᠢᠲᠡᠯᠡᠵᠤ᠂ | ᠠᠵᠢᠯ ᠤᠯᠬᠤ ᠳᠤ ᠬᠦᠴᠢᠷᠲᠡᠶ ᠬᠥᠮᠦᠰ ᠢ ᠦᠨᠡᠮᠰᠢᠬᠦ ᠪᠠᠷᠢᠮᠵᠢᠶ᠎ᠠ᠂ ᠵᠢᠷᠤᠮ ᠪᠣᠯᠤᠨ ᠬᠠᠮᠢᠶᠠᠷᠤᠯᠲᠠ ᠶᠢ | ᠲᠤᠲᠤᠷᠬᠠᠶᠢᠯᠠᠪᠠ᠃ ᠡᠨᠡ ᠤᠳᠠᠭ᠎ᠠ ᠰᠢᠨ᠎ᠡ ᠪᠠᠷ ᠦᠨᠡᠮᠰᠢᠨ ᠲᠣᠭᠲᠠᠭᠠᠭᠰᠠᠨ ︽ᠠᠷᠭ᠎ᠠ︾ ᠶᠢᠨ ᠳᠤᠲᠤᠷᠡᠬᠢ 7 | ᠲᠥᠷᠥᠯ ᠤᠨ ᠬᠠᠮᠢᠶ᠎ᠠ ᠪᠦᠬᠦᠢ ᠲᠤᠰᠠᠯᠠᠮᠵᠢ ᠣᠯᠵᠤ ᠪᠣᠯᠬᠤ ᠠᠵᠢᠯ ᠤᠯᠬᠤ ᠳᠤ ᠬᠦᠴᠢᠷᠲᠡᠶ ᠬᠥᠮᠦᠰ ᠲᠤ ᠬᠤᠲᠠ | ᠪᠠᠯᠭᠠᠰᠤᠨ ᠤ ᠳᠠᠩᠰᠠᠯᠠᠭᠤᠯᠤᠭᠰᠠᠨ ︽4050︾ ᠨᠠᠰᠨ ᠤ ᠠᠵᠢᠯ ᠠᠯᠳᠠᠭᠰᠠᠳ ︵ᠡᠮᠡᠭᠲᠡᠶ ᠪᠦᠬᠦᠯᠢ 40 ᠨᠠᠰᠤ᠂ | ᠡᠷᠡᠭᠲᠡᠶ ᠪᠦᠬᠦᠯᠢ 50 ᠨᠠᠰᠤ︶︔ ︽ᠵᠡᠮᠳᠡᠭᠴᠤᠳ ᠤᠨ ᠦᠨᠡᠮᠯᠡᠯ︾ ᠲᠠᠢ ᠪᠥᠭᠡᠳ ᠬᠥᠳᠡᠯᠮᠦᠷᠢᠯᠡᠬᠦ | ᠴᠢᠳᠠᠪᠤᠷᠢ ᠲᠠᠢ᠂ ᠠᠵᠢᠯ ᠤᠯᠬᠤ ᠬᠦᠰᠡᠯ ᠲᠠᠢ ᠬᠤᠲᠠ ᠪᠠᠯᠭᠠᠰᠤ ᠳᠤ ᠪᠠᠶᠢᠭ᠎ᠠ ᠵᠡᠮᠳᠡᠭᠴᠦᠳ︔ ᠭᠤᠶᠤᠴᠢᠯᠠᠨ | ᠮᠡᠳᠡᠭᠦᠯᠦᠭᠡᠳ ᠨᠤᠲᠠᠯᠠᠭᠰᠠᠨ ᠬᠤᠲᠠ ᠪᠠᠯᠭᠠᠰᠤ ᠶᠢᠨ ᠠᠵᠢᠯ ᠣᠯᠤᠭᠰᠠᠨ ᠬᠥᠮᠦᠨ ᠦᠭᠡᠢ ᠭᠡᠷ ᠪᠦᠯᠢ ᠶᠢᠨ | ᠪᠦᠷᠢᠯᠳᠦᠬᠦᠨ︔ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠬᠠᠷᠠᠭᠠᠯᠵᠠᠯ ᠤᠨ ᠬᠤᠭᠤᠴᠠᠭᠠᠨ ᠳᠤ ᠬᠢ ᠡᠮᠡᠭᠲᠡᠶ ᠪᠦᠬᠦᠯᠢ 35 ᠨᠠᠰᠤ ᠲᠠᠢ᠂ ᠡᠷᠡᠭᠲᠡᠶ ᠪᠦᠬᠦᠯᠢ | 45 ᠨᠠᠰᠤᠨ ᠲᠠᠢ ᠬᠤᠳᠠ ᠪᠠᠯᠭᠠᠰᠤᠨ ᠤ ᠠᠵᠢᠯ ᠠᠯᠳᠠᠭᠰᠠᠳ︔ ᠬᠤᠲᠠ ᠪᠠᠯᠭᠠᠰᠤ ᠶᠢᠨ ᠲᠥᠯᠥᠪᠵᠢᠭᠦᠯᠭᠡ ᠶᠢᠨ | ᠲᠤᠭᠤᠷᠢᠭ ᠲᠠᠬᠢ ᠭᠠᠵᠠᠷ ᠰᠢᠷᠣᠶ ᠪᠠᠨ ᠪᠦᠷᠢᠮᠦᠰᠦᠨ ᠠᠯᠳᠠᠭᠰᠠᠨ ᠪᠥᠭᠡᠳ ᠡᠮᠡᠭᠲᠡᠶ ᠪᠦᠬᠦᠯᠢ 40 ᠨᠠᠰᠤ ᠲᠠᠢ᠂ | ᠡᠷᠡᠭᠲᠡᠶ ᠪᠦᠬᠦᠯᠢ 50 ᠨᠠᠰᠤ ᠲᠠᠢ ᠭᠠᠵᠠᠷ ᠰᠢᠷᠣᠶ ᠪᠠᠨ ᠠᠯᠳᠠᠭᠰᠠᠳ︔ ᠦᠷᠭᠦᠯᠵᠢᠯᠡᠨ ᠠᠵᠢᠯ ᠠᠯᠳᠠᠭᠠᠳ ᠨᠢᠭᠡ | ᠵᠢᠯ ᠠᠴᠠ ᠳᠡᠭᠡᠭᠰᠢ ᠪᠣᠯᠤᠭᠰᠠᠨ ᠡᠮᠡᠭᠲᠡᠶ ᠪᠦᠬᠦᠯᠢ 35 ᠨᠠᠰᠤ ᠲᠠᠢ᠂ ᠡᠷᠡᠭᠲᠡᠶ ᠪᠦᠬᠦᠯᠢ 45 ᠨᠠᠰᠤ ᠲᠠᠢ᠂ ᠤᠯᠠᠨ | ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠠᠴᠠ ᠠᠵᠢᠯ ᠮᠡᠷᠭᠡᠵᠢᠯ ᠲᠠᠨᠢᠯᠴᠠᠭᠤᠯᠬᠤ | ᠦᠢᠯᠡᠴᠢᠯᠡᠭᠡ ᠶᠢ ᠬᠠᠨᠭ᠍ᠭᠠᠭᠠᠳ 3 ᠤᠳᠠᠭ᠎ᠠ ᠠᠴᠠ ᠳᠡᠭᠡᠭᠰᠢ ᠪᠤᠯᠤᠭᠰᠠᠨ᠂ ᠬᠤᠪᠢ ᠬᠥᠮᠦᠨ ᠤ ᠰᠢᠯᠲᠠᠭᠠᠨ ᠠᠴᠠ | ᠪᠢᠰᠢ ᠪᠦᠭᠡᠳ ᠠᠵᠢᠯ ᠤᠯᠵᠤ ᠳᠡᠶᠢᠯᠦᠭᠰᠡᠨ ᠦᠭᠡᠢ ᠬᠤᠲᠠ ᠪᠠᠯᠭᠠᠰᠤ ᠶᠢᠨ ᠠᠵᠢᠯ ᠠᠯᠳᠠᠭᠰᠠᠳ︔ ᠥᠪᠥᠷ | ᠮᠣᠩᠭᠤᠯ ᠤᠨ ᠡᠷᠦᠬᠡ ᠠᠮᠠ ᠲᠠᠢ᠂ ᠰᠤᠷᠭᠠᠭᠤᠯᠢ ᠲᠡᠭᠦᠰᠦᠭᠡᠳ 3 ᠵᠢᠯ ᠠᠴᠠ ᠳᠡᠭᠡᠭᠰᠢ ᠪᠤᠯᠤᠭᠰᠠᠨ ᠪᠤᠯᠪᠠᠴᠤ ᠮᠥᠨ | ᠯᠡ ᠠᠵᠢᠯ ᠣᠯᠤᠭᠠᠳᠤᠶ ᠮᠣᠩᠭᠤᠯ ᠬᠡᠯᠡ ᠪᠠᠷ ᠰᠣᠷᠣᠭᠰᠠᠨ ᠳᠡᠭᠡᠳᠦ ᠰᠤᠷᠭᠠᠭᠤᠯᠢ ᠲᠡᠭᠦᠰᠦᠭᠰᠡᠳ ᠪᠣᠯᠤᠨ ᠶᠠᠳᠠᠭᠤ | ᠬᠦᠴᠢᠷᠳᠡᠯᠲᠡᠶ ᠭᠡᠷ ᠪᠦᠯᠢ ᠶᠢᠨ ᠳᠡᠭᠡᠳᠦ ᠰᠤᠷᠭᠠᠭᠤᠯᠢ ᠲᠡᠭᠦᠰᠦᠭᠰᠡᠳ ᠪᠠᠭᠲᠠᠨ᠎ᠠ᠃ | ᠡᠨᠡ ᠤᠳᠠᠭ᠎ᠠ ᠶᠢᠨ ᠨᠡᠶᠢᠲᠡᠯᠡᠭᠰᠡᠨ ︽ᠠᠷᠭ᠎ᠠ︾ ᠳᠤ ᠲᠤᠲᠤᠷᠬᠠᠢ ᠱᠠᠭᠠᠷᠳᠠᠭᠰᠠᠨ ᠨᠢ ᠠᠵᠢᠯ ᠤᠯᠬᠤ ᠳᠤ | ᠬᠦᠴᠢᠷᠲᠡᠶ ᠬᠥᠮᠦᠰ ᠢ ᠪᠤᠴᠠᠭᠠᠵᠤ ᠭᠠᠷᠭᠠᠬᠤ ᠲᠣᠭᠲᠠᠴᠠ ᠶᠢ ᠪᠠᠶᠢᠭᠤᠯᠤᠨ᠂ ᠬᠥᠳᠡᠯᠦᠩᠭᠦᠶ ᠬᠠᠮᠢᠶᠠᠷᠤᠯᠲᠠ ᠶᠢ | ᠬᠡᠷᠡᠭᠵᠢᠭᠦᠯᠬᠦ ᠬᠡᠷᠡᠭᠲᠡᠶ ᠭᠡᠪᠡ᠃ ᠡᠨᠡ ᠨᠢ ᠳᠠᠷᠤᠶ ᠨᠢᠭᠡᠨᠲᠡ ᠦᠨᠡᠮᠰᠢᠨ ᠲᠣᠭᠲᠠᠭᠠᠭᠰᠠᠨ ᠠᠵᠢᠯ ᠤᠯᠬᠤ ᠳᠤ | ᠬᠦᠴᠢᠷᠲᠡᠶ ᠬᠥᠮᠦᠰ ᠲᠤ ᠬᠡᠷᠪᠡ ᠳᠣᠣᠷᠠᠬᠢ 7 ᠵᠦᠢᠯ ᠤᠨ ᠪᠠᠶᠢᠳᠠᠯ ᠤᠨ ᠨᠢᠭᠡ ᠨᠢ ᠪᠠᠶᠢᠪᠠᠯ᠂ ᠳᠠᠬᠢᠨ ᠠᠵᠢᠯ | ᠤᠯᠬᠤ ᠳᠤ ᠬᠦᠴᠢᠷᠲᠡᠶ ᠬᠥᠮᠦᠰ ᠤᠨ ᠬᠡᠪᠴᠢᠶ᠎ᠡ ᠳᠤ ᠣᠷᠣᠭᠤᠯᠬᠤ ᠦᠭᠡᠢ ᠮᠦᠷᠲᠡᠭᠡᠨ ᠥᠪᠡᠷᠲᠡᠭᠡᠨ ᠵᠠᠰᠠᠭ | ᠣᠷᠣᠨ ᠤ ᠠᠵᠢᠯ ᠣᠯᠭᠤᠬᠤ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠤᠪᠢᠶᠠᠷᠢ ᠰᠢᠰᠲ᠋ᠧᠮ ᠳᠤ ᠬᠠᠮᠢᠶ᠎ᠠ ᠪᠦᠬᠦᠢ | ᠪᠠᠶᠢᠳᠠᠯ ᠢ ᠨᠢ ᠲᠡᠮᠳᠡᠭᠯᠡᠨ᠂ ᠲᠡᠭᠦᠨ ᠤ ᠠᠵᠢᠯ ᠤᠯᠬᠤ ᠳᠤ ᠬᠦᠴᠢᠷᠲᠡᠶ ᠬᠥᠮᠦᠰ ᠢᠶᠠᠷ ᠦᠨᠡᠮᠰᠢᠭᠳᠡᠭᠰᠡᠨ ᠢ ᠨᠢ | ᠬᠦᠴᠦᠨ ᠤᠢᠭᠡᠢ ᠪᠤᠯᠭᠠᠨ᠎ᠠ᠃ ᠪᠣᠳᠠᠲᠠᠶ ᠪᠠᠷ ᠬᠡᠯᠡᠪᠡᠯ᠄ ᠰᠤᠷᠭᠠᠭᠤᠯᠢ ᠳᠤ ᠤᠷᠤᠭᠰᠠᠨ᠂ ᠴᠡᠷᠢᠭ ᠤᠨ ᠠᠯᠪᠠ | ᠬᠠᠭᠠᠭᠰᠠᠨ᠂ ᠨᠠᠰᠤ ᠪᠠᠷᠠᠭᠰᠠᠨ᠂ ᠬᠢᠯᠢ ᠶᠢᠨ ᠭᠠᠳᠠᠨ᠎ᠠ ᠨᠡᠭᠦᠨ ᠰᠠᠭᠤᠷᠢᠰᠢᠭᠰᠠᠨ︔ ᠡᠷᠡᠭᠦᠦ ᠪᠠᠷ ᠰᠢᠳᠭᠡᠭᠳᠡᠭᠡᠳ | ᠭᠢᠨᠳᠠᠨ ᠳᠤ ᠬᠤᠷᠢᠭᠳᠠᠭᠰᠠᠨ︔ ᠠᠵᠢᠯ ᠤᠯᠬᠤ ᠬᠡᠷᠡᠭᠴᠡᠭᠡ ᠨᠢ ᠳᠠᠭᠤᠰᠤᠭᠰᠠᠨ ᠪᠤᠶᠤ ᠤᠯᠠᠨ ᠨᠡᠶᠢᠲᠡ ᠶᠢᠨ ᠠᠵᠢᠯ | ᠣᠯᠭᠤᠬᠤ ᠦᠢᠯᠡᠴᠢᠯᠡᠭᠡ ᠶᠢ ᠬᠦᠯᠢᠶᠡᠠ ᠠᠪᠬᠤ ᠶᠢ 3 ᠤᠳᠠᠭ᠎ᠠ ᠠᠴᠠ ᠳᠡᠭᠡᠭᠰᠢ ᠲᠡᠪᠴᠢᠭᠰᠡᠨ︔ ᠠᠵᠢᠯ ᠠᠯᠳᠠᠭᠰᠠᠨ | ᠲᠠᠩᠰᠠᠯᠠᠯᠳᠠ ᠬᠢᠯᠭᠡᠭᠰᠡᠨ ᠡᠳᠦᠷ ᠠᠴᠠ ᠡᠬᠢᠯᠡᠨ 3 ᠰᠠᠷ᠎ᠠ ᠶᠢᠨ ᠳᠣᠲᠣᠷ᠎ᠠ ᠳᠠᠩᠰᠠᠯᠠᠯᠲᠠ ᠶᠢᠨ ᠪᠠᠶᠢᠭᠤᠯᠤᠮᠵᠢ ᠯᠤᠭ᠎ᠠ | ᠬᠠᠷᠢᠯᠴᠠᠭᠰᠠᠨ ᠦᠭᠡᠢ᠃ ᠨᠢᠭᠡᠨᠲᠡ ᠦᠨᠳᠦᠰᠦᠨ ᠨᠠᠰᠤᠵᠢᠯ ᠤᠨ ᠳᠠᠭᠠᠳᠬᠠᠯ ᠤᠨ ᠬᠠᠷᠠᠭᠠᠯᠵᠠᠯ ᠤᠯᠤᠭᠰᠠᠨ ᠪᠤᠶᠤ | ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠪᠠᠭᠤᠵᠤ ᠠᠮᠠᠷᠠᠬᠤ ᠨᠠᠰᠤᠨ ᠳᠤ ᠬᠦᠷᠦᠭᠰᠡᠳ︔ ᠠᠵᠢᠯ ᠤᠯᠭᠤᠬᠤ | ᠲᠤᠰᠠᠯᠠᠮᠵᠢ ᠶᠢᠨ ᠲᠦᠷᠦ ᠶᠢᠨ ᠪᠤᠳᠤᠯᠭ᠎ᠠ ᠶᠢ ᠬᠦᠷᠳᠡᠬᠦ ᠬᠤᠭᠤᠴᠠᠭ᠎ᠠ ᠨᠢ ᠳᠦᠭᠦᠷᠦᠭᠰᠡᠨ︔ ᠠᠵᠢᠯ ᠤᠯᠬᠤ ᠳᠤ | ᠬᠦᠴᠢᠷᠲᠡᠶ ᠬᠥᠮᠦᠰ ᠢᠶᠠᠷ ᠲᠤᠭᠲᠠᠭᠠᠭᠳᠠᠵᠤ ᠪᠣᠯᠬᠤ ᠦᠭᠡᠢ ᠪᠤᠰᠤᠳ ᠪᠠᠶᠢᠳᠠᠯ ᠲᠠᠢ ᠪᠠᠶᠢᠪᠠᠯ᠃ |