ᠦᠪᠡᠷᠳᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠶᠠᠷᠢᠯᠴᠠᠬᠤ ᠬᠤᠷᠠᠯ ᠬᠢᠵᠦ  ᠦᠪᠡᠷᠳᠡᠭᠡᠨ ᠵᠠᠰᠠᠬᠤ ᠤᠷᠤᠨ ᠤ ︽13.5︾᠎ ᠶᠢᠨ ᠬᠦᠭᠵᠢᠯᠳᠡ ᠶᠢᠨ ᠲᠦᠯᠦᠪᠵᠢᠭᠦᠯᠭᠡ ᠶᠢᠨ ᠬᠦᠳᠦᠯᠪᠦᠷᠢ ᠶᠢᠨ ᠲᠤᠬᠠᠢ ᠰᠠᠨᠠᠯ ᠬᠤᠷᠢᠶᠠᠪᠠ  ᠪᠠᠭᠠᠳᠤᠷ ᠬᠤᠷᠠᠯ ᠡᠷᠬᠢᠯᠡᠵᠦ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2015/12/29
     12 ᠳ᠋ᠤᠭᠠᠷ ᠰᠠᠷ᠎ᠠ ᠶᠢᠨ 28᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠠᠭᠠᠳᠤᠷ ᠦᠪᠡᠷᠳᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠨᠠᠮ ᠪᠦᠯᠦᠭ ᠤᠨ ᠪᠤᠰᠦ ᠨᠡᠷᠡᠳᠦ ᠬᠦᠮᠦᠰ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠠᠷᠠᠳ ᠤᠨ ᠪᠦᠯᠬᠦᠮ᠂ ᠲᠤᠰᠬᠠᠢ ᠮᠡᠷᠭᠡᠵᠢᠯᠳᠡᠨ ᠡᠷᠳᠡᠮᠳᠡᠨ ᠪᠤᠯᠤᠨ ᠤᠯᠠᠨ ᠲᠦᠮᠡᠨ ᠤ ᠲᠦᠯᠦᠭᠡᠯᠡᠭᠴᠢᠳ ᠠᠴᠠ ︽ᠦᠪᠡᠷᠳᠡᠭᠡᠨ ᠵᠠᠰᠠᠬᠤ ᠤᠷᠤᠨ ᠤ ᠤᠯᠤᠰ ᠠᠷᠠᠳ ᠤᠨ ᠠᠵᠦ ᠠᠬᠤᠢ ᠪᠤᠯᠤᠨ ᠨᠡᠶᠢᠭᠡᠮ ᠤᠨ ᠬᠦᠭᠵᠢᠯᠳᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ ᠶᠢᠨ ᠬᠦᠳᠦᠯᠪᠦᠷᠢ ︵ᠰᠠᠨᠠᠯ ᠬᠤᠷᠢᠶᠠᠬᠤ ᠨᠤᠤᠷᠠᠬ︶︾᠎ ᠶᠢᠨ ᠲᠤᠬᠠᠢ ᠰᠠᠨᠠᠯ ᠰᠠᠨᠠᠭᠤᠯᠭ᠎ᠠ ᠬᠤᠷᠢᠶᠠᠪᠠ᠃      ᠶᠠᠷᠢᠯᠴᠠᠬᠤ ᠬᠤᠷᠠᠯ ᠲᠡᠭᠡᠷ᠎ᠠ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠬᠦᠯᠡᠭᠴᠢ᠂ ᠠᠷᠠᠳᠴᠢᠯᠠᠬᠰᠠᠠ ᠬᠤᠯᠪᠤᠭᠠᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠷᠢᠶ᠎ᠠ ᠶᠢᠨ ᠡᠷᠬᠢᠯᠡᠭᠴᠢ ᠭᠡᠰᠢᠬᠦᠨ ᠳ᠋ᠥᠡᠭ ᠾᠧᠩ ᠢᠤᠢ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠬᠦᠯᠡᠭᠴᠢ᠂ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠷᠢᠶ᠎ᠠ ᠶᠢᠨ ᠡᠷᠬᠢᠯᠡᠭᠴᠢ ᠭᠡᠰᠢᠬᠦᠨ ᠵᠧᠩ ᠹᠦ᠋ ᠲᠢᠶᠠᠨ᠂ ᠦᠪᠡᠷᠳᠡᠭᠡᠨ ᠵᠠᠰᠠᠬᠤ ᠤᠷᠤᠨ ᠤ ᠭᠤᠮᠢᠨᠳᠠᠩ ᠤᠨ ᠬᠤᠪᠢᠰᠬᠠᠯᠳᠦ ᠬᠤᠷᠢᠶ᠎ᠠ᠂ ᠠᠷᠠᠳᠴᠢᠯᠠᠯ ᠢᠶᠠᠷ ᠤᠯᠤᠰ ᠪᠠᠶᠢᠭᠤᠯᠬᠤ ᠬᠤᠷᠠᠯ᠂ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ᠂ ︽93︾ ᠨᠡᠶᠢᠭᠡᠮᠯᠢᠭ᠂ ᠨᠠᠮ ᠪᠦᠯᠦᠭ ᠤᠨ ᠪᠤᠰᠦ ᠨᠡᠷᠡᠳᠦ ᠬᠦᠮᠦᠰ ᠵᠢᠴᠢ ᠦᠪᠡᠷᠳᠡᠭᠡᠨ ᠵᠠᠰᠠᠬᠤ ᠤᠷᠤᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ᠂ ᠦᠪᠡᠷᠳᠡᠭᠡᠨ ᠵᠠᠰᠠᠬᠤ ᠤᠷᠤᠨ ᠤ ᠠᠵᠢᠯᠴᠢᠨ ᠤ ᠶᠡᠷᠦᠩᠭᠡᠢ ᠡᠪᠯᠡᠯ᠂ ᠡᠪᠯᠡᠯ ᠤᠨ ᠬᠤᠷᠢᠶ᠎ᠠ᠂ ᠡᠮᠡᠭᠳᠠᠶᠢᠴᠤᠳ ᠤᠨ ᠬᠤᠯᠪᠤᠭ᠎ᠠ ᠶᠢᠨ ᠬᠠᠷᠢᠭᠤᠴᠠᠯᠭᠠᠳᠠᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠲᠤᠰᠬᠠᠢ ᠮᠡᠷᠭᠡᠵᠢᠯᠳᠡᠨ ᠡᠷᠳᠡᠮᠳᠡᠨ ᠤ ᠲᠦᠯᠦᠭᠡᠯᠡᠭᠴᠢ ᠵᠢᠴᠢ ᠤᠯᠠᠨ ᠲᠦᠮᠡᠨ ᠤ ᠬᠡᠰᠡᠭ ᠲᠦᠯᠦᠭᠡᠯᠡᠭᠴᠢᠳ ᠤᠷᠢᠳ ᠬᠤᠵᠢᠳ ᠶᠠᠷᠢᠶ᠎ᠠ ᠲᠠᠯᠪᠢᠵᠦ᠂ ᠤᠯᠠᠨ ᠢᠶᠠᠷ ᠢᠶᠠᠨ ︽ᠲᠦᠯᠦᠪᠵᠢᠭᠦᠯᠭᠡ ᠶᠢᠨ ᠬᠦᠳᠦᠯᠪᠦᠷᠢ︾᠎ ᠶᠢ ᠭᠦᠢᠴᠡᠳ ᠨᠤᠳᠠᠯᠠᠬᠰᠠᠠ ᠪᠦᠭᠡᠳ ᠮᠠᠰᠢ ᠤᠯᠠᠨ ᠬᠠᠨᠳᠤᠯᠭᠠᠳᠦ ᠴᠢᠨᠠᠷᠳᠠᠢ ᠰᠠᠨᠠᠯ ᠰᠠᠨᠠᠭᠤᠯᠭ᠎ᠠ ᠲᠤᠷᠠᠳᠴᠠᠢ᠃      ᠤᠯᠠᠨ ᠤ ᠶᠠᠷᠢᠶ᠎ᠠ ᠶᠢ ᠨᠠᠷᠢᠨ ᠰᠤᠨᠤᠰᠤᠬᠰᠠᠠ ᠤ ᠲᠠᠷᠠᠭ᠎ᠠ ᠪᠠᠭᠠᠳᠤᠷ ᠶᠠᠷᠢᠶ᠎ᠠ ᠲᠠᠯᠪᠢᠵᠠᠢ᠃ ᠲᠡᠷᠡ᠂ ᠤᠯᠠᠨ ᠤ ᠲᠤᠷᠠᠳᠤᠬᠰᠠᠠ ᠰᠠᠨᠠᠯ ᠰᠠᠨᠠᠭᠤᠯᠭ᠎ᠠ ᠨᠢ ︽ᠲᠦᠯᠦᠪᠵᠢᠭᠦᠯᠭᠡ ᠶᠢᠨ ᠬᠦᠳᠦᠯᠪᠦᠷᠢ︾᠎ ᠶᠢ ᠪᠦᠷᠢᠨᠰᠢᠭᠦᠯᠬᠦ ᠳᠤ ᠮᠠᠰᠢ ᠶᠡᠭᠡ ᠬᠠᠪᠰᠤᠷᠤᠯᠭ᠎ᠠ ᠪᠣᠯᠬᠤ ᠪᠥᠭᠡᠳ ᠵᠠᠰᠠᠬ ᠤᠨ ᠤᠷᠳᠤᠨ ᠤ ᠠᠵᠢᠯ ᠢ ᠰᠠᠶᠢᠳᠤᠷ ᠬᠢᠬᠦ ᠳᠤ ᠴᠤ ᠲᠤᠩ ᠠᠰᠢᠬᠳᠠᠢ ᠪᠣᠯᠬᠤᠷ᠂ ᠦᠪᠡᠷᠳᠡᠭᠡᠨ ᠵᠠᠰᠬᠠᠤ ᠤᠷᠤᠨ ᠤ ᠵᠠᠰᠠᠬ ᠤᠨ ᠤᠷᠳᠤᠨ ᠬᠢᠨᠠᠮᠠᠭᠠᠢ ᠰᠤᠳᠤᠯᠤᠨ ᠰᠢᠩᠭᠡᠭᠡᠨ ᠠᠪᠴᠦ᠂ ︽ᠲᠦᠯᠦᠪᠵᠢᠭᠦᠯᠭᠡ ᠶᠢᠨ ᠬᠦᠳᠦᠯᠪᠦᠷᠢ︾᠎ ᠶᠢ ᠤᠯᠠᠮ ᠴᠢᠨᠠᠬᠰᠢᠳᠠ ᠪᠦᠷᠢᠨᠰᠢᠭᠦᠯᠦᠨ᠎ᠠ ᠭᠡᠵᠦ ᠢᠯᠡᠳᠭᠡᠪᠡ᠃ ᠪᠠᠭᠠᠳᠤᠷ᠂ ᠡᠯ᠎ᠠ ᠠᠷᠠᠳᠴᠢᠯᠠᠬᠰᠠᠠ ᠨᠠᠮ ᠪᠦᠯᠦᠭ᠂ ᠨᠠᠮ ᠪᠦᠯᠦᠭ ᠤᠨ ᠪᠤᠰᠦ ᠨᠡᠷᠡᠳᠦ ᠬᠦᠮᠦᠰ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠲᠤᠰᠬᠠᠢ ᠮᠡᠷᠭᠡᠵᠢᠯᠳᠡᠨ ᠡᠷᠳᠡᠮᠳᠡᠳ ᠵᠡᠷᠭᠡ ᠬᠥᠮᠦᠰ ᠤᠶᠤᠨ ᠤᠬᠠᠭᠠᠨ ᠨᠢᠭᠲᠠᠷᠠᠯ ᠎ ᠲᠠᠢ᠂ ᠬᠠᠷᠢᠯᠴᠠᠭ᠎ᠠ ᠬᠤᠯᠪᠤᠭ᠎ᠠ ᠦᠷᠭᠡᠨ ᠲᠡᠯᠭᠡᠷ ᠦᠪᠡᠷᠮᠢᠴᠠ ᠲᠠᠪᠠᠭᠤᠯᠢᠬ ᠲᠠᠯ᠎ᠠ ᠲᠠᠢ ᠶᠤᠮ᠂ ᠬᠦᠰᠡᠬᠦ ᠨᠢ ᠣᠯᠠᠨ ᠢᠶᠠᠷ ᠢᠶᠠᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠭᠤᠤᠯ ᠠᠵᠢᠯ ᠤᠨ ᠲᠣᠭᠤᠷᠢᠨ ᠳᠤ᠂ ᠬᠦᠬᠦᠷᠭᠡ ᠬᠤᠯᠪᠤᠭᠠᠰᠦ ᠶᠢᠨ ᠦᠢᠯᠡᠳᠦᠯ ᠢᠶᠠᠨ ᠤᠯᠠᠮ ᠪᠠᠳᠠᠷᠠᠭᠤᠯᠵᠦ᠂ ᠢᠳᠡᠪᠬᠢᠳᠠᠢ ᠠᠷᠭ᠎ᠠ ᠤᠬᠠᠭᠠᠨ ᠭᠠᠷᠭᠠᠨ ᠦᠭᠴᠦ᠂ ᠦᠨᠡᠨ ᠮᠡᠳᠡᠯᠭᠡ ᠨᠡᠪᠲᠡᠷᠬᠡᠢ ᠦᠵᠡᠯᠳᠡ ᠪᠠᠨ ᠢᠯᠡᠬᠦᠭᠡᠨ ᠲᠤᠷᠠᠳᠤᠭᠠᠷᠠᠢ ᠭᠡᠪᠡ ᠃ ᠦᠪᠡᠷᠳᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠡᠯ᠎ᠠ ᠠᠷᠠᠳᠴᠢᠯᠠᠬᠰᠠᠠ ᠨᠠᠮ ᠪᠦᠯᠦᠭ᠂ ᠨᠠᠮ ᠪᠦᠯᠦᠭ ᠤᠨ ᠪᠤᠰᠦ ᠨᠡᠷᠡᠳᠦ ᠬᠦᠮᠦᠰ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠤᠯᠤᠨ ᠠᠷᠠᠳ ᠤᠨ ᠪᠦᠯᠬᠦᠮ ᠤᠨ ᠠᠵᠢᠯ ᠢ ᠣᠯᠠᠮ ᠨᠢᠭᠡ ᠠᠯᠬᠤᠮ ᠲᠡᠮᠵᠢᠵᠦ᠂ ᠨᠢᠭᠡ ᠯᠠ ᠵᠦᠭ ᠲᠤ ᠪᠣᠳᠣᠵᠣ᠂ ᠨᠢᠭᠡ ᠯᠠ ᠵᠦᠭ ᠲᠤ ᠴᠢᠷᠮᠠᠶᠢᠬᠤ ᠰᠠᠶᠢᠨ ᠰᠠᠶᠢᠬᠠᠨ ᠣᠷᠴᠢᠨ ᠨᠥᠬᠦᠴᠡᠯ ᠢ ᠢᠳᠡᠪᠬᠢᠲᠡᠢ ᠪᠣᠢ ᠪᠣᠯᠭᠠᠵᠤ᠂ ᠡᠯ᠎ᠡ ᠲᠠᠯ᠎ᠠ ᠶᠢᠨ ᠣᠢ ᠪᠢᠯᠢᠭ ᠬᠦᠴᠦᠨ ᠴᠢᠳᠠᠯ ᠢ ᠲᠥᠪᠯᠡᠷᠡᠭᠦᠯᠦᠨ᠂ ᠦᠪᠡᠷᠳᠡᠭᠡᠨ ᠵᠠᠰᠠᠬᠤ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠳᠡ ᠶᠢ ᠨᠡᠩ ᠰᠠᠶᠢᠳᠤᠷ ᠠᠬᠢᠭᠤᠯᠤᠨ᠎ᠠ ᠭᠡᠵᠦ ᠴᠢᠬᠤᠯᠠᠴᠢᠯᠠᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠹᠦ᠋ ᠲᠠᠢ ᠽᠧᠩ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ ᠵᠤᠤ ᠵᠦᠩ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠬᠦᠯᠡᠭᠴᠢ ᠶᠠᠩ ᠴᠧᠩ ᠸᠠᠩ ᠶᠠᠷᠢᠯᠴᠠᠬᠤ ᠬᠤᠷᠠᠯ ᠳᠤ ᠤᠷᠤᠯᠴᠠᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号