ᠦᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠶᠢ ᠠᠷᠪᠢᠲᠠᠢ ᠡᠷᠴᠢᠮᠲᠡᠢ ᠬᠡᠷᠡᠭᠯᠡᠬᠦ ᠶᠢ ᠲᠤᠰᠬᠠᠶᠢᠯᠠᠨ ᠬᠢᠨᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠰᠠᠨᠠᠯ ᠢ ᠨᠠᠶᠢᠳᠠᠪᠤᠷᠢᠵᠢᠭᠤᠯᠬᠤ ᠠᠵᠢᠯ ᠤᠨ ᠬᠡᠷᠡᠭᠵᠢᠭᠦᠯᠬᠦ ᠲᠦᠰᠦᠯ ᠢ ᠳᠠᠷᠤᠮᠠᠯᠯᠠᠨ ᠶᠠᠪᠤᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2015/12/29
              ᠥᠪᠥᠷ ᠵᠠᠰᠠᠭ ᠠᠯᠪᠠᠨ ᠥᠰᠥᠭ ﹇2015﹈ 110 ᠳ᠋ᠤᠭᠠᠷ ᠲᠤᠭᠠᠳᠤ                             2015 ᠣᠨ ᠤ 7 ᠳ᠋ᠤᠭᠠᠷ ᠰᠠᠷ᠎ᠠ ᠶᠢᠨ 2 ᠤᠨ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ ᠡᠯ᠎ᠡ ᠬᠤᠯᠪᠤᠭᠳᠠᠯ ᠪᠦᠬᠦᠢ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄      ︽ᠦᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠶᠢ ᠠᠷᠪᠢᠲᠠᠢ ᠡᠷᠴᠢᠮᠲᠡᠢ ᠬᠡᠷᠡᠭᠯᠡᠬᠦ ᠶᠢ ᠲᠤᠰᠬᠠᠶᠢᠯᠠᠨ ᠬᠢᠨᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠰᠠᠨᠠᠯ ᠢ ᠨᠠᠶᠢᠳᠠᠪᠤᠷᠢᠵᠢᠭᠤᠯᠬᠤ ᠠᠵᠢᠯ ᠤᠨ ᠬᠡᠷᠡᠭᠵᠢᠭᠦᠯᠬᠦ ᠲᠦᠰᠦᠯ︾ ᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃      ᠦᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠶᠢ ᠠᠷᠪᠢᠲᠠᠢ ᠡᠷᠴᠢᠮᠲᠡᠢ ᠬᠡᠷᠡᠭᠯᠡᠬᠦ ᠶᠢ ᠲᠤᠰᠬᠠᠶᠢᠯᠠᠨ ᠬᠢᠨᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠰᠠᠨᠠᠯ ᠢ ᠨᠠᠶᠢᠳᠠᠪᠤᠷᠢᠵᠢᠭᠤᠯᠬᠤ ᠠᠵᠢᠯ ᠤᠨ ᠬᠡᠷᠡᠭᠵᠢᠭᠦᠯᠬᠦ ᠲᠦᠰᠦᠯ      2014 ᠣᠨ ᠤ 10 ᠳ᠋ᠤᠭᠠᠷ ᠰᠠᠷ᠎ᠠ ᠠᠴᠠ ᠡᠬᠢᠯᠡᠨ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠦᠨ ᠠᠴᠠ ᠪᠦᠬᠦ ᠤᠯᠤᠰ ᠤᠨ ᠬᠡᠪᠴᠢᠶᠡᠨ ᠳᠤ ᠵᠥᠪᠰᠢᠶᠡᠷᠡᠭᠡᠳ ᠦᠯᠦ ᠬᠠᠩᠭᠠᠭᠰᠠᠨ ᠪᠠ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢ ᠢᠯᠭᠠᠷᠠᠭᠤᠯᠬᠤ ᠪᠠᠷ ᠭᠤᠣᠯ ᠠᠭᠤᠯᠭ᠎ᠠ ᠪᠣᠯᠭᠠᠭᠰᠠᠨ ᠭᠠᠵᠠᠷ ᠰᠢᠷᠤᠢ ᠶᠢ ᠠᠷᠪᠢᠲᠠᠢ ᠡᠷᠴᠢᠮᠲᠡᠢ ᠬᠡᠷᠡᠭᠯᠡᠬᠦ ᠶᠢ ᠲᠤᠰᠬᠠᠶᠢᠯᠠᠨ ᠬᠢᠨᠠᠨ ᠪᠠᠶᠢᠴᠠᠭᠠᠬᠤ ᠠᠵᠢᠯ ᠢ ᠦᠷᠨᠢᠭᠦᠯᠪᠡ᠃ ᠤᠯᠤᠰ ᠤᠨ ᠭᠠᠵᠠᠷ ᠰᠢᠷᠤᠢ ᠶᠢ ᠬᠢᠨᠠᠨ ᠪᠠᠶᠢᠴᠠᠭᠠᠬᠤ ᠪᠡᠭᠡᠵᠢᠩ ᠤᠨ ᠲᠣᠪᠴᠢᠶ᠎ᠠ ᠠᠴᠠ ᠮᠠᠨ ᠤ ᠣᠷᠣᠨ ᠤ 2009 ᠣᠨ ᠠᠴᠠ 2013 ᠣᠨ ᠪᠣᠯᠲᠠᠯᠠᠬᠢ ᠵᠥᠪᠰᠢᠶᠡᠷᠡᠭᠡᠳ ᠦᠯᠦ ᠬᠠᠩᠭᠠᠭᠰᠠᠨ ᠪᠠ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢᠨ ᠪᠠᠶᠢᠳᠠᠯ ᠳᠤ ᠬᠢᠨᠠᠨ ᠪᠠᠶᠢᠴᠠᠭᠠᠯᠲᠠ ᠬᠢᠵᠦ᠂ ︽ᠤᠯᠤᠰ ᠤᠨ ᠭᠠᠵᠠᠷ ᠰᠢᠷᠤᠢ ᠶᠢ ᠬᠢᠨᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠰᠠᠨᠠᠯ ᠤᠨ ᠪᠢᠴᠢᠭ︾ ︵ᠪᠡᠭᠡᠵᠢᠩ ﹇2015﹈ 4 ᠳ᠋ᠤᠭᠡᠷ ᠲᠣᠭᠠᠲᠤ᠂ ᠶᠡᠷᠦᠩᠬᠡᠢ 113 ᠳ᠋ᠤᠭᠠᠷ ᠲᠣᠭᠠᠲᠤ᠂ ᠲᠤᠷᠤᠬᠰᠢ ︽ᠴᠡᠭᠴᠡᠯᠡᠨ ᠰᠠᠶᠢᠵᠢᠷᠠᠭᠤᠯᠬᠤ ᠰᠠᠨᠠᠯ ᠤᠨ ᠪᠢᠴᠢᠭ︾ ᠭᠡᠵᠦ ᠲᠣᠪᠴᠢᠯᠠᠨ᠎ᠠ︶ ᠭᠠᠷᠭᠠᠵᠤ᠂ ᠮᠠᠨ ᠤ ᠣᠷᠣᠨ ᠳᠤ ᠣᠷᠤᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠵᠤ᠂ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠪᠠ᠃ ᠤᠯᠤᠰ ᠤᠨ ᠭᠠᠵᠠᠷ ᠰᠢᠷᠤᠢ ᠶᠢ ᠠᠷᠪᠢᠲᠠᠢ ᠡᠷᠴᠢᠮᠲᠡᠢ ᠬᠡᠷᠡᠭᠯᠡᠬᠦ ᠶᠢ ᠲᠤᠰᠬᠠᠶᠢᠯᠠᠨ ᠬᠢᠨᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠰᠠᠨᠠᠯ ᠢ ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠢ ᠰᠠᠶᠢᠲᠤᠷ ᠬᠢᠬᠦ ᠶᠢᠨ ᠲᠤᠰᠠᠳᠠ᠂ ᠲᠤᠰ ᠲᠦᠰᠦᠯ ᠢ ᠣᠨᠴᠤᠭᠤᠶᠢᠯᠠᠨ ᠲᠣᠭᠲᠠᠭᠠᠪᠠ᠃      ᠨᠢᠭᠡ᠂ ᠵᠢᠯᠤᠭᠤᠳᠬᠤ ᠦᠵᠡᠯ ᠰᠠᠨᠠᠭ᠎ᠠ      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠢ ᠠᠷᠪᠢᠲᠠᠢ ᠡᠷᠴᠢᠮᠲᠡᠢ ᠠᠰᠢᠭᠯᠠᠬᠤ ᠲᠣᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠨ᠎ᠡ ᠱᠠᠭᠠᠷᠳᠠᠯᠭ᠎ᠠ ᠶᠤᠰᠤᠭᠠᠷ᠂ ︽ᠰᠢᠨ᠎ᠡ ᠬᠡᠪ ᠪᠠᠶᠢᠳᠠᠯ︾ ᠤᠨ ᠳᠣᠣᠷᠠᠬᠢ ᠤᠯᠤᠰ ᠤᠨ ᠭᠠᠵᠠᠷ ᠰᠢᠷᠤᠢ ᠡᠬᠢ ᠪᠠᠶᠠᠯᠢᠭ ᠢ ᠠᠷᠪᠢᠲᠠᠢ ᠡᠷᠴᠢᠮᠲᠡᠢ ᠠᠰᠢᠭᠯᠠᠬᠤ ᠠᠵᠢᠯ ᠢ ᠬᠠᠤᠯᠢ ᠪᠠᠷ ᠵᠠᠰᠠᠬᠤ ᠵᠣᠷᠢᠭ ᠰᠠᠨᠠᠭ᠎ᠠ ᠪᠠᠷ ᠲᠦᠯᠬᠢᠨ ᠠᠬᠢᠭᠤᠯᠵᠤ᠂ ᠭᠠᠵᠠᠷ ᠰᠢᠷᠣᠢ ᠬᠠᠩᠭᠠᠬᠤ ᠨᠣᠷᠮ᠎ᠠ ᠶᠢ ᠳᠡᠭᠡᠭᠰᠢᠯᠡᠭᠦᠯᠬᠦ᠂ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢ ᠰᠢᠢᠳᠪᠦᠷᠢᠯᠡᠵᠦ ᠪᠦᠲᠦᠮᠵᠢᠲᠡᠢ ᠠᠰᠢᠭᠯᠠᠬᠤ ᠪᠠᠷ ᠭᠠᠷᠳᠠᠴᠠ ᠪᠣᠯᠭᠠᠵᠤ᠂ ︽ᠡᠭᠦᠷᠭᠡ ᠬᠠᠷᠢᠭᠤᠴᠠᠯᠭ᠎ᠠ ᠪᠠᠨ ᠰᠢᠳᠤᠷᠭᠤ ᠪᠠᠷ ᠭᠦᠢᠴᠡᠳᠭᠡᠨ ᠤᠯᠤᠰ ᠤᠨ ᠭᠠᠵᠠᠷ ᠰᠢᠷᠤᠢ ᠡᠬᠢ ᠪᠠᠶᠠᠯᠢᠭ ᠢ ᠬᠠᠮᠠᠭᠠᠯᠠᠵᠤ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠢ ᠠᠷᠪᠢᠲᠠᠢ ᠡᠷᠴᠢᠮᠲᠡᠢ ᠠᠰᠢᠭᠯᠠᠨ᠂ ᠣᠯᠠᠨ ᠲᠦᠮᠡᠨ ᠤ ᠡᠷᠬᠡ ᠠᠰᠢᠭ ᠢ ᠣᠶᠣᠨ ᠴᠢᠳᠠᠯ ᠢᠶᠠᠨ ᠰᠢᠪᠬᠠᠨ ᠬᠠᠮᠠᠭᠠᠯᠠᠬᠤ︾ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠠᠵᠢᠯ ᠤᠨ ᠰᠢᠨ᠎ᠡ ᠪᠠᠶᠢᠷᠢ ᠲᠣᠭᠲᠠᠭᠠᠯᠲᠠ ᠶᠢᠨ ᠲᠣᠭᠤᠷᠢᠨ ᠳᠤ ᠡᠬᠢ ᠪᠠᠶᠠᠯᠢᠭ ᠢ ᠠᠷᠪᠢᠲᠠᠢ ᠡᠷᠴᠢᠮᠲᠡᠢ ᠠᠰᠢᠭᠯᠠᠬᠤ ᠳᠦᠷᠢᠮ ᠤᠨ ᠲᠣᠭᠲᠠᠭᠠᠯ ᠢ ᠦᠨᠡᠨᠬᠦ ᠨᠠᠶᠢᠳᠠᠪᠤᠷᠢᠵᠢᠭᠤᠯᠬᠤ ᠪᠠ ᠡᠬᠢ ᠪᠠᠶᠠᠯᠢᠭ ᠢ ᠠᠷᠪᠢᠲᠠᠢ ᠡᠷᠴᠢᠮᠳᠠᠢ ᠠᠰᠢᠭᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠦᠯᠬᠢᠨ ᠠᠬᠢᠭᠤᠯᠵᠤ᠂ ᠠᠵᠢᠯ ᠤᠨ ᠪᠠᠶᠢᠭᠤᠯᠤᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠠᠵᠠᠷ ᠰᠢᠷᠤᠢ ᠶᠢ ᠠᠷᠪᠢᠲᠠᠢ ᠡᠷᠴᠢᠮᠲᠡᠢ ᠬᠡᠷᠡᠭᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠡᠬᠢ ᠪᠠᠶᠠᠯᠢᠭ ᠤᠨ ᠲᠡᠭᠦᠯᠳᠡᠷ ᠪᠠᠲᠤᠯᠠᠭ᠎ᠠ ᠶᠢ ᠬᠠᠩᠭᠠᠨ᠎ᠠ᠃     ᠬᠤᠶᠠᠷ᠂ ᠬᠠᠷᠠᠯᠲᠠ ᠶᠢᠨ ᠡᠭᠦᠷᠭᠡ      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠦᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠨ᠂ ︽ᠴᠡᠭᠴᠡᠯᠡᠨ ᠰᠠᠶᠢᠵᠢᠷᠠᠭᠤᠯᠬᠤ ᠰᠠᠨᠠᠯ ᠤᠨ ᠪᠢᠴᠢᠭ︾ ᠤᠨ ᠱᠠᠭᠠᠷᠳᠠᠯᠭ᠎ᠠ ᠶᠤᠰᠤᠭᠠᠷ᠂ ᠠᠰᠠᠭᠤᠳᠠᠯ ᠤᠨ ᠪᠣᠢ ᠪᠣᠯᠣᠭᠰᠠᠨ ᠰᠢᠯᠲᠠᠭᠠᠨ ᠢ ᠵᠠᠳᠠᠯᠵᠤ᠂ ᠲᠦᠷᠦᠯ ᠬᠤᠪᠢᠶᠠᠨ ᠵᠢᠭᠰᠠᠭᠠᠵᠤ᠂ ᠨᠢᠭᠡ ᠬᠡᠷᠡᠭ ᠲᠤ ᠨᠢᠭᠡ ᠪᠣᠳᠣᠯᠭ᠎ᠠ ᠠᠪᠴᠤ᠂ ᠣᠯᠠᠨ ᠠᠷᠭ᠎ᠠ ᠪᠠᠷᠢᠯ ᠢ ᠬᠠᠮᠲᠤ ᠳᠤᠨᠢ ᠬᠡᠷᠡᠭᠯᠡᠨ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠲᠣᠭᠲᠠᠭᠰᠠᠨ ᠬᠤᠭᠤᠴᠠᠭ᠎ᠠ ᠶᠤᠰᠤᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠨᠢᠭᠡᠨᠲᠡ ᠢᠯᠭᠠᠷᠠᠭᠤᠯᠤᠨ ᠪᠠᠶᠢᠴᠠᠭᠠᠭᠰᠠᠨ 2009 ᠣᠨ ᠠᠴᠠ 2013 ᠣᠨ ᠪᠣᠯᠲᠠᠯᠠᠬᠢ ᠵᠥᠪᠰᠢᠶᠡᠷᠡᠭᠡᠳ ᠦᠯᠦ ᠬᠠᠩᠭᠠᠭᠰᠠᠨ ᠭᠠᠵᠠᠷ ᠰᠢᠷᠤᠢ ᠳᠤ ᠭᠠᠵᠠᠷ ᠰᠢᠷᠤᠢ ᠬᠠᠩᠭᠠᠬᠤ ᠭᠠᠷᠳᠠᠮ ᠢ ᠳᠠᠷᠦ᠋ᠢᠬᠠᠨ ᠬᠠᠤᠯᠢ ᠲᠣᠭᠲᠠᠭᠠᠯ ᠶᠤᠰᠤᠭᠠᠷ ᠭᠦᠢᠴᠡᠳᠭᠡᠬᠦ ᠶᠢᠨ ᠬᠠᠮᠲᠤ᠂ ᠦᠷ᠎ᠡ ᠳ᠋ᠦᠩ ᠢ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠦᠨ ᠤ ᠭᠠᠵᠠᠷ ᠰᠢᠷᠤᠢ ᠶᠢᠨ ᠵᠠᠬ᠎ᠠ ᠳᠡᠯᠭᠡᠭᠦᠷ ᠤᠨ ᠬᠦᠳᠡᠯᠦᠩᠭᠦᠢ ᠪᠠᠶᠢᠳᠠᠯ ᠢ ᠬᠢᠨᠠᠨ ᠰᠢᠯᠭᠠᠬᠤ ᠪᠠ ᠬᠢᠨᠠᠨ ᠬᠠᠮᠢᠶᠠᠷᠬᠤ ᠰᠢᠰᠲ᠋ᠧᠮ ᠳᠤ ᠲᠡᠮᠲᠡᠭᠯᠡᠨ ᠣᠷᠤᠭᠤᠯᠤᠨ᠎ᠠ︔ ᠨᠢᠭᠡᠨᠲᠡ ᠢᠯᠭᠠᠷᠠᠭᠤᠯᠤᠨ ᠪᠠᠶᠢᠴᠠᠭᠠᠭᠰᠠᠨ 2009 ᠣᠨ ᠠᠴᠠ 2013 ᠣᠨ ᠪᠣᠯᠲᠠᠯᠠᠬᠢ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢ ᠳᠠᠷᠦ᠋ᠢᠬᠠᠨ ᠬᠠᠤᠯᠢ ᠲᠣᠭᠲᠠᠭᠠᠯ ᠶᠤᠰᠤᠭᠠᠷ ᠰᠢᠢᠳᠪᠦᠷᠢᠯᠡᠨ ᠠᠰᠢᠭᠯᠠᠵᠤ᠂ ᠦᠯᠡᠳᠡᠭᠡᠯ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢ ᠠᠯᠬᠤᠮ ᠠᠯᠬᠤᠮ ᠢᠶᠠᠷ ᠡᠵᠡᠮᠰᠢᠨ ᠰᠢᠢᠳᠪᠦᠷᠢᠯᠡᠵᠦ᠂ ᠰᠢᠢᠳᠪᠦᠷᠢᠯᠡᠭᠰᠡᠨ ᠨᠢ ᠪᠣᠲᠠᠲᠠᠢ ᠪᠢᠰᠢ᠂ ᠮᠡᠳᠡᠭᠡ ᠵᠠᠩᠭᠢ ᠨᠢ ᠢᠯᠡ ᠪᠤᠰᠤ ᠪᠣᠶᠣ ᠲᠦᠢᠯᠪᠦᠷᠢᠲᠡᠢ ᠪᠢᠰᠢ᠂ ᠰᠢᠢᠳᠪᠦᠷᠢᠯᠡᠭᠰᠡᠨ ᠳᠡᠰ ᠳᠠᠷᠠᠭᠠᠯᠠᠯ ᠨᠢ ᠲᠡᠭᠦᠯᠳᠡᠷ ᠪᠤᠰᠤ ᠪᠣᠶᠣ ᠴᠢᠩᠭ᠎ᠠ ᠪᠤᠰᠤ ᠵᠡᠷᠭᠡ ᠦᠢᠯᠡ ᠠᠵᠢᠯᠯᠠᠭ᠎ᠠ ᠶᠢ ᠵᠠᠯᠠᠷᠠᠭᠤᠯᠤᠨ᠎ᠠ︔ 2014 ᠣᠨ ᠳᠤ ᠭᠠᠵᠠᠷ ᠰᠢᠷᠤᠢ ᠶᠢ ᠬᠢᠨᠠᠨ ᠪᠠᠶᠢᠴᠠᠭᠠᠵᠤ᠂ ᠬᠢᠨᠠᠨ ᠪᠤᠳᠤᠬᠤ ᠳᠤ ᠢᠯᠡᠷᠡᠭᠦᠯᠦᠭᠰᠡᠨ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠬᠢᠨᠠᠮᠠᠭᠠᠢ ᠴᠡᠭᠴᠡᠯᠡᠨ ᠰᠠᠶᠢᠵᠢᠷᠠᠭᠤᠯᠤᠨ᠎ᠠ︔ ᠨᠢᠭᠡᠨᠲᠡ ᠢᠯᠡᠷᠡᠭᠦᠯᠦᠭᠰᠡᠨ ᠣᠳᠣ ᠶᠢᠨ ᠬᠡᠷᠡᠭᠵᠢᠭᠦᠯᠵᠦ ᠪᠠᠶᠢᠭ᠎ᠠ ᠭᠠᠵᠠᠷ ᠰᠢᠷᠤᠢ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠯᠤᠭ᠎ᠠ ᠦᠯᠦ ᠨᠡᠶᠢᠴᠡᠬᠦ ᠪᠢᠴᠢᠭ ᠮᠠᠲ᠋ᠧᠷᠢᠶᠠᠯ ᠢ ᠪᠠᠷᠢᠨ ᠵᠠᠰᠠᠵᠤ ᠬᠦᠴᠦᠨ ᠦᠭᠡᠢ ᠪᠣᠯᠭᠠᠬᠤ ᠠᠵᠢᠯ ᠢ ᠬᠤᠭᠤᠴᠠᠭ᠎ᠠ ᠬᠢᠵᠠᠭᠠᠷᠯᠠᠨ ᠰᠠᠶᠢᠲᠤᠷ ᠬᠢᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠪᠠᠷ ᠳᠠᠮᠵᠢᠵᠤ ᠳᠦᠷᠢᠮ ᠲᠣᠭᠲᠠᠭᠠᠯ ᠪᠠᠶᠢᠭᠤᠯᠵᠤ᠂ ᠭᠠᠵᠠᠷ ᠰᠢᠷᠤᠢ ᠶᠢ ᠠᠷᠪᠢᠲᠠᠢ ᠡᠷᠴᠢᠮᠲᠡᠢ ᠬᠡᠷᠡᠭᠯᠡᠬᠦ ᠶᠢᠨ ᠬᠠᠮᠤᠭ ᠤᠨ ᠴᠢᠩᠭ᠎ᠠ ᠳᠦᠷᠢᠮ ᠢ ᠪᠠᠶᠢᠭᠤᠯᠤᠨ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠥᠪᠰᠢᠶᠡᠷᠡᠭᠰᠡᠨ ᠤ ᠲᠠᠷᠠᠭᠠᠬᠢ ᠬᠢᠨᠠᠨ ᠬᠠᠮᠢᠶᠠᠷᠬᠤ ᠪᠠᠨ ᠴᠢᠩᠭᠠᠳᠬᠠᠨ᠂ ᠭᠠᠵᠠᠷ ᠰᠢᠷᠤᠢ ᠶᠢ ᠠᠷᠪᠢᠲᠠᠢ ᠡᠷᠴᠢᠮᠲᠡᠢ ᠠᠰᠢᠭᠯᠠᠬᠤ ᠬᠢᠷᠢ ᠬᠡᠮᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠵᠠᠷ ᠰᠢᠷᠤᠢ ᠶᠢ ᠠᠰᠢᠭᠯᠠᠬᠤ ᠠᠷᠭ᠎ᠠ ᠮᠠᠶ᠋ᠢᠭ ᠢ ᠬᠤᠪᠢᠷᠠᠭᠤᠯᠬᠤ ᠪᠠᠷ ᠠᠵᠤ ᠠᠬᠤᠢ ᠶᠢ ᠬᠥᠭᠵᠢᠭᠦᠯᠬᠦ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃      ᠭᠤᠷᠪᠠ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ      ︵ᠨᠢᠭᠡ︶ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠥᠪᠰᠢᠶᠡᠷᠡᠭᠡᠳ ᠦᠯᠦ ᠬᠠᠩᠭᠠᠭᠰᠠᠨ ᠭᠠᠵᠠᠷ ᠰᠢᠷᠤᠢ ᠶᠢᠨ ᠪᠠᠶᠢᠳᠠᠯ ᠤᠨ ᠬᠤᠷᠢᠶᠠᠩᠭᠤᠢ ᠬᠦᠰᠦᠨᠦᠭᠲᠦ︾᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢᠨ ᠪᠠᠶᠢᠳᠠᠯ ᠤᠨ ᠨᠠᠷᠢᠨ ᠬᠦᠰᠦᠨᠦᠭᠲᠦ︾᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠭᠠᠵᠠᠷ ᠰᠢᠷᠤᠢ ᠶᠢ ᠬᠢᠨᠠᠨ ᠪᠠᠶᠢᠴᠠᠭᠠᠵᠤ᠂ ᠬᠢᠨᠠᠨ ᠪᠤᠳᠤᠬᠤ ᠳᠤ ᠢᠯᠡᠷᠡᠭᠦᠯᠦᠭᠰᠡᠨ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢᠨ ᠨᠡᠶᠢᠲᠡᠯᠢᠭ ᠬᠡᠷᠡᠭ ᠤᠨ ᠵᠢᠱᠢᠶ᠎ᠡ︾ ᠯᠦᠭᠡ ᠬᠠᠷᠢᠴᠠᠭᠤᠯᠤᠨ᠂ ᠭᠠᠵᠠᠷ ᠰᠢᠷᠤᠢ ᠬᠠᠩᠭᠠᠬᠤ ᠭᠤᠣᠯ ᠴᠣᠭᠴᠠ ᠶᠢ ᠢᠯᠭᠠᠵᠤ᠂ ᠲᠤᠰ ᠭᠠᠵᠠᠷ ᠣᠷᠤᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠬᠢᠨᠠᠮᠠᠭᠠᠢ ᠵᠢᠭᠰᠠᠭᠠᠨ ᠭᠠᠷᠭᠠᠵᠤ᠂ ᠬᠡᠰᠡᠭᠮᠡᠯ ᠭᠠᠵᠠᠷ᠂ ᠬᠡᠰᠡᠭ ᠭᠠᠵᠠᠷ ᠪᠣᠶᠣ ᠪᠦᠯᠦᠭ ᠤᠳᠠᠭ᠎ᠠ ᠶᠤᠰᠤᠭᠠᠷ ᠭᠤᠷᠪᠠᠨ ᠲᠦᠷᠦᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠷᠢᠨ ᠬᠦᠰᠦᠨᠦᠭᠲᠦ ᠶᠢ ᠪᠣᠢ ᠪᠣᠯᠭᠠᠵᠤ᠂ ᠬᠡᠰᠡᠭᠯᠡᠯ ᠭᠠᠵᠠᠷ᠂ ᠬᠡᠰᠡᠭ ᠭᠠᠵᠠᠷ ᠪᠣᠶᠣ ᠪᠦᠯᠦᠭ ᠤᠳᠠᠭ᠎ᠠ ᠶᠤᠰᠤᠭᠠᠷ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠠ ᠶᠢ ᠨᠢᠭᠡᠳ ᠨᠢᠭᠡ ᠪᠠᠷ ᠲᠤᠰ ᠲᠤᠰ ᠳᠤᠷᠠᠳᠴᠤ᠂ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭᠠᠨ ᠤ ᠬᠦᠰᠦᠨᠦᠭᠲᠦ ᠶᠢ ᠵᠢᠭᠰᠠᠭᠠᠬᠤ ᠶᠢᠨ ᠬᠠᠮᠲᠤ᠂ ᠠᠰᠠᠭᠤᠳᠠᠯ ᠤᠨ ᠪᠣᠢ ᠪᠣᠯᠣᠭᠰᠠᠨ ᠰᠢᠯᠲᠠᠭᠠᠨ᠂ ᠴᠡᠭᠴᠡᠯᠡᠨ ᠰᠠᠶᠢᠵᠢᠷᠠᠭᠤᠯᠬᠤ ᠪᠠᠷ ᠲᠦᠯᠦᠪᠯᠡᠵᠦ ᠪᠠᠶᠢᠭ᠎ᠠ ᠠᠷᠭ᠎ᠠ ᠬᠡᠮᠵᠢᠶ᠎ᠡ ᠶᠢᠨ ᠵᠦᠷᠢᠶᠡᠳᠦ ᠴᠢᠨᠠᠷ ᠢ ᠦᠨᠳᠦᠰᠦᠯᠡᠨ᠂ ᠠᠰᠠᠭᠤᠳᠠᠯ ᠤᠨ ᠡᠬᠡ ᠳᠠᠩᠰᠠ ᠶᠢ ᠲᠦᠷᠦᠯ ᠬᠤᠪᠢᠶᠠᠨ ᠵᠢᠭᠰᠠᠭᠠᠨ ᠪᠠᠶᠢᠭᠤᠯᠵᠤ᠂ ᠳᠠᠩᠰᠠ ᠯᠤᠭ᠎ᠠ ᠬᠤᠯᠪᠤᠨ ᠬᠢᠨᠠᠨ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠢ᠃ ︵ᠬᠤᠶᠠᠷ︶ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠪᠠᠨ ︽ᠴᠡᠭᠴᠡᠯᠡᠨ ᠰᠠᠶᠢᠵᠢᠷᠠᠭᠤᠯᠬᠤ ᠰᠠᠨᠠᠯ ᠤᠨ ᠪᠢᠴᠢᠭ︾ ᠲᠠᠬᠢ ᠦᠯᠢᠭᠡᠷ ᠬᠦᠰᠦᠨᠦᠭᠲᠦ ︵︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠥᠪᠰᠢᠶᠡᠷᠡᠭᠡᠳ ᠦᠯᠦ ᠬᠠᠩᠭᠠᠭᠰᠠᠨ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠤᠷᠢᠶᠠᠩᠭᠤᠢ ᠬᠦᠰᠦᠨᠦᠭᠲᠦ ︾᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠨᠠᠷᠢᠨ ᠬᠦᠰᠦᠨᠦᠭᠲᠦ︾᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠭᠠᠵᠠᠷ ᠰᠢᠷᠤᠢ ᠶᠢ ᠬᠢᠨᠠᠨ ᠪᠠᠶᠢᠴᠠᠭᠠᠵᠤ᠂ ᠬᠢᠨᠠᠨ ᠪᠤᠳᠤᠬᠤ ᠳᠤ ᠢᠯᠡᠷᠡᠭᠦᠯᠦᠭᠰᠡᠨ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠦᠰᠦᠨᠦᠭᠲᠦ︾︶ ᠪᠠᠷ ᠯᠠᠪᠯᠠᠯᠲᠠ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠦᠰᠦᠨᠦᠭᠲᠦ ᠶᠢ ᠵᠣᠬᠢᠶᠠᠵᠤ᠂ ᠬᠡᠰᠡᠭᠯᠡᠯ ᠭᠠᠵᠠᠷ᠂ ᠬᠡᠰᠡᠭ ᠭᠠᠵᠠᠷ ᠪᠣᠶᠣ ᠪᠦᠯᠦᠭ ᠤᠳᠠᠭ᠎ᠠ ᠶᠤᠰᠤᠭᠠᠷ ᠴᠡᠭᠴᠡᠯᠡᠨ ᠰᠠᠶᠢᠵᠢᠷᠠᠭᠤᠯᠵᠤ ᠬᠡᠷᠡᠭᠵᠢᠭᠦᠯᠦᠭᠰᠡᠨ ᠪᠠᠶᠢᠳᠠᠯ ᠢ ᠴᠠᠭ ᠲᠣᠬᠠᠢ ᠳᠤᠨᠢ ᠲᠡᠮᠲᠡᠭᠯᠡᠨ ᠣᠷᠤᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠠᠶᠢᠳᠠᠯ ᠢ ᠴᠠᠭ ᠲᠣᠬᠠᠢ ᠳᠤᠨᠢ᠂ ᠵᠥᠪ ᠣᠨᠣᠪᠴᠢᠲᠠᠢ ᠲᠡᠬᠡᠭᠰᠢ ᠪᠠᠨ ᠮᠡᠳᠡᠭᠦᠯᠬᠦ ᠳᠤ ᠰᠠᠭᠤᠷᠢ ᠲᠠᠯᠪᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠦᠯᠢᠭᠡᠷ ᠬᠦᠰᠦᠨᠦᠭᠲᠦ ᠶᠢᠨ ᠨᠢᠭᠡᠴᠡ᠂ ᠬᠦᠰᠦᠨᠦᠭᠳᠤ ᠶᠢᠨ ᠲᠡᠷᠢᠭᠦᠨ ᠳᠠᠬᠢ ᠣᠣᠯ ᠤᠨ ᠪᠦᠷᠢᠳᠭᠡᠭᠰᠡᠨ ᠲᠦᠷᠦᠯ ᠵᠦᠢᠯ ᠤᠨ ᠨᠡᠷᠡᠶᠢᠳᠦᠯ ᠵᠢᠴᠢ ᠳᠡᠰ ᠳᠠᠷᠠᠭ᠎ᠠ ᠶᠢ ᠬᠤᠪᠢᠷᠠᠭᠤᠯᠵᠤ ᠪᠣᠯᠬᠤ ᠦᠭᠡᠢ᠃      ︵ᠭᠤᠷᠪᠠ︶ ᠵᠥᠪᠰᠢᠶᠡᠷᠡᠭᠡᠳ ᠦᠯᠦ ᠬᠠᠩᠭᠠᠭᠰᠠᠨ ᠪᠠ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢ ᠲᠦᠷᠦᠯ ᠬᠤᠪᠢᠶᠠᠨ ᠰᠢᠢᠳᠪᠦᠷᠢᠯᠡᠬᠦ ᠬᠡᠷᠡᠭᠲᠡᠢ᠃      1.ᠵᠥᠪᠰᠢᠶᠡᠷᠡᠭᠡᠳ ᠦᠯᠦ ᠬᠠᠩᠭᠠᠭᠰᠠᠨ ᠭᠠᠵᠠᠷ ᠰᠢᠷᠤᠢ᠃      ︵1︶ ︽ᠭᠠᠵᠠᠷ ᠰᠢᠷᠤᠢ ᠬᠡᠷᠡᠭᠯᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠵᠥᠪᠰᠢᠶᠡᠷᠡᠭᠡᠳ ᠦᠯᠦ ᠬᠠᠩᠭᠠᠭᠰᠠᠨ ᠭᠠᠵᠠᠷ ᠰᠢᠷᠤᠢ ᠶᠢ ᠠᠰᠢᠭᠯᠠᠬᠤ ᠶᠢ ᠬᠠᠤᠯᠢ ᠶᠤᠰᠤᠭᠠᠷ ᠠᠬᠢᠭᠤᠯᠬᠤ ᠲᠣᠬᠠᠢ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠦᠨ ᠤ ᠮᠡᠳᠡᠭᠳᠡᠯ︾ ︵ᠤᠯᠤᠰ ᠭᠠᠵᠠᠷ ᠡᠬᠢ ᠲᠠᠷᠬᠠᠭᠠᠭᠰᠠᠨ ﹇2011﹈ 74 ᠳ᠋ᠤᠭᠡᠷ ᠲᠣᠭᠠᠲᠤ︶᠂ ︽ᠵᠥᠪᠰᠢᠶᠡᠷᠡᠭᠡᠳ ᠦᠯᠦ ᠬᠠᠩᠭᠠᠭᠰᠠᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠣᠷᠣᠨ ᠪᠠᠶᠢᠷᠢ ᠶᠢ ᠲᠣᠬᠢᠷᠠᠭᠤᠯᠬᠤ ᠬᠤᠯᠪᠤᠭᠳᠠᠯ ᠪᠦᠬᠦᠢ ᠠᠰᠠᠭᠤᠳᠠᠯ ᠤᠨ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ ᠤᠨ ᠮᠡᠳᠡᠭᠳᠡᠯ︾ ︵ᠦᠪᠦᠷ ᠤᠯᠤᠰ ᠭᠠᠵᠠᠷ ᠡᠬᠢ ᠲᠠᠷᠬᠠᠭᠠᠭᠰᠠᠨ ﹇2011﹈ 57 ᠳ᠋ᠤᠭᠠᠷ ᠲᠣᠭᠠᠲᠤ︶ ᠤᠨ ᠱᠠᠭᠠᠷᠳᠠᠯᠭ᠎ᠠ ᠳᠤ ᠨᠡᠶᠢᠴᠡᠵᠦ᠂ ᠲᠣᠬᠢᠷᠠᠭᠤᠯᠤᠨ ᠠᠰᠢᠭᠯᠠᠬᠤ ᠳᠤ ᠬᠤᠯᠪᠣᠭᠳᠠᠬᠰᠠᠨ ᠦᠪᠡᠷᠲᠡᠭᠡᠨ ᠵᠠᠰᠠᠬᠤ ᠣᠷᠣᠨ ᠢᠶᠠᠷ ᠵᠥᠪᠰᠢᠶᠡᠷᠡᠭᠦᠯᠬᠦ ᠴᠢᠬᠤᠯᠠᠲᠠᠢ ᠪᠠᠶᠢᠪᠠᠯ ᠬᠠᠮᠢᠶ᠎ᠠ ᠪᠦᠬᠦᠢ ᠰᠠᠯᠠᠭ᠎ᠠ ᠮᠦᠴᠢᠷ ᠤᠳ ︽ᠰᠠᠭᠠᠳ ᠦᠭᠡᠢ ᠨᠡᠪᠲᠡᠷᠡᠬᠦᠯᠬᠦ︾ ᠠᠷᠭ᠎ᠠ ᠮᠠᠶ᠋ᠢᠭ ᠢᠶᠠᠷ ᠬᠠᠮᠢᠶ᠎ᠠ ᠪᠦᠬᠦᠢ ᠭᠠᠷᠳᠠᠮ ᠢ ᠭᠦᠢᠴᠡᠳᠭᠡᠵᠦ᠂ ᠭᠠᠵᠠᠷ ᠰᠢᠷᠤᠢ ᠶᠢᠨ ᠬᠠᠩᠭᠠᠯᠭ᠎ᠠ ᠶᠢ ᠠᠬᠢᠭᠤᠯᠬᠤ ᠬᠡᠷᠡᠭᠲᠡᠢ᠃      ᠲᠣᠬᠢᠷᠠᠭᠤᠯᠤᠨ ᠠᠰᠢᠭᠯᠠᠬᠤ ᠳᠠᠭᠠᠨ ᠭᠠᠵᠠᠷ ᠰᠢᠷᠤᠢ ᠠᠰᠢᠭᠯᠠᠬᠤ ᠶᠡᠷᠦᠩᠬᠡᠢ ᠲᠦᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠣᠷᠣᠨ ᠵᠠᠢ᠂ ᠬᠡᠪᠴᠢᠶ᠎ᠡ ᠶᠢ ᠲᠣᠬᠢᠷᠠᠭᠤᠯᠬᠤ ᠲᠠᠢ ᠤᠶᠠᠯᠳᠤᠭᠤᠯᠤᠨ ᠨᠢᠭᠡᠲᠦᠯᠲᠡᠢ ᠲᠦᠯᠦᠪᠯᠡᠵᠦ ᠪᠣᠯᠣᠨ᠎ᠠ᠃ ᠬᠡᠷᠡᠭᠯᠡᠬᠦ ᠭᠠᠵᠠᠷ ᠢ ᠵᠥᠪᠰᠢᠶᠡᠷᠡᠬᠦ ᠳᠤ ᠲᠣᠬᠠᠢ ᠶᠢᠨ ᠦᠶ᠎ᠡ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠢ ᠰᠢᠯᠵᠢᠭᠦᠯᠦᠨ ᠬᠡᠷᠡᠭᠯᠡᠬᠦ ᠭᠦᠢᠴᠡᠳᠭᠡᠯ ᠲᠤᠭ᠎ᠠ ᠶᠢᠨ ᠬᠢᠵᠠᠭᠠᠷᠯᠠᠯ ᠠᠴᠠ ᠪᠣᠯᠵᠤ᠂ ᠡᠯ᠎ᠡ ᠲᠦᠷᠦᠯ ᠵᠦᠢᠯ ᠤᠨ ᠡᠵᠡᠯᠡᠭᠡᠳ ᠠᠰᠢᠭᠯᠠᠭᠠᠳᠤᠢ ᠭᠠᠵᠠᠷ ᠪᠣᠶᠣ ᠬᠠᠮᠲᠤ ᠨᠡᠶᠢᠲᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠤᠢ ᠶᠢᠨ ᠲᠠᠲᠠᠪᠤᠷᠢᠯᠠᠭᠰᠠᠨ ᠬᠡᠰᠡᠭ ᠢ ᠯᠡ ᠮᠡᠳᠡᠭᠦᠯᠦᠨ ᠵᠥᠪᠰᠢᠶᠡᠷᠡᠭᠦᠯᠵᠦ᠂ ᠲᠠᠷᠢᠶᠠᠯᠠᠩ ᠳᠤ ᠬᠡᠷᠡᠭᠯᠡᠬᠦ ᠭᠠᠵᠠᠷ ᠰᠢᠷᠤᠢ ᠶᠢ ᠰᠢᠯᠵᠢᠭᠦᠯᠦᠨ ᠬᠡᠷᠡᠭᠯᠡᠬᠦ ᠦᠯᠡᠳᠡᠭᠰᠡᠨ ᠬᠡᠰᠡᠭ ᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠲᠦᠪᠯᠡᠷᠡᠭᠦᠯᠦᠨ ᠢᠯᠭᠠᠷᠠᠭᠤᠯᠵᠤ ᠮᠡᠳᠡᠭᠦᠯᠦᠨ ᠵᠥᠪᠰᠢᠶᠡᠷᠡᠭᠦᠯᠬᠦ ᠬᠡᠷᠡᠭᠳᠡᠢ᠂ ᠦᠪᠡᠷᠲᠡᠭᠡᠨ ᠵᠠᠰᠠᠬᠤ ᠣᠷᠣᠨ ᠠᠴᠠ ᠲᠠᠷᠢᠶᠠᠯᠠᠩ ᠳᠤ ᠬᠡᠷᠡᠭᠯᠡᠬᠦ ᠭᠠᠵᠠᠷ ᠰᠢᠷᠤᠢ ᠶᠢ ᠰᠢᠯᠵᠢᠭᠦᠯᠦᠨ ᠬᠡᠷᠡᠭᠯᠡᠬᠦ ᠭᠦᠢᠴᠡᠳᠭᠡᠯ ᠲᠤᠭ᠎ᠠ ᠶᠢ ᠤᠷᠢᠳᠠᠪᠠᠷ ᠲᠣᠬᠢᠷᠠᠭᠤᠯᠵᠤ᠂ ᠵᠥᠪᠰᠢᠶᠡᠷᠡᠭᠡᠳ ᠦᠯᠦ ᠬᠠᠩᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃      ︵2︶ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠥᠪ ᠬᠤᠲᠠ ᠶᠢᠨ ᠬᠡᠷᠡᠭᠯᠡᠬᠦ ᠭᠠᠵᠠᠷ ᠰᠢᠷᠤᠢ ᠶᠢᠨ ᠬᠡᠪᠴᠢᠶ᠎ᠡ ᠶᠢ ᠵᠥᠪᠰᠢᠶᠡᠷᠡᠭᠰᠡᠨ ᠤ ᠳᠠᠷᠠᠭ᠎ᠠ᠂ ᠲᠦᠷᠦᠯ ᠵᠦᠢᠯ ᠢ ᠬᠡᠷᠡᠭᠵᠢᠭᠦᠯᠬᠦ ᠠᠴᠠ ᠡᠮᠦᠨ᠎ᠡ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠳᠤ ᠬᠡᠷᠡᠭᠵᠢᠭᠦᠯᠬᠦ ᠲᠦᠰᠦᠯ ᠢ ᠮᠡᠳᠡᠭᠦᠯᠦᠨ ᠵᠥᠪᠰᠢᠶᠡᠷᠡᠭᠦᠯᠬᠦ ᠴᠢᠬᠤᠯᠠᠲᠠᠢ᠂ ᠬᠤᠶᠠᠷ ᠡᠲᠡᠭᠡᠳ ᠤᠨ ᠨᠢᠭᠡᠲᠦᠯ ᠦᠭᠡᠢ ᠦᠯᠡᠳᠡᠭᠰᠡᠨ ᠵᠥᠪᠰᠢᠶᠡᠷᠡᠭᠡᠳ ᠦᠯᠦ ᠬᠠᠩᠭᠠᠭᠰᠠᠨ ᠠᠰᠠᠭᠤᠳᠠᠯ ᠢ ᠵᠥᠪᠰᠢᠶᠡᠷᠡᠭᠦᠯᠦᠭᠰᠡᠨ ᠬᠡᠷᠡᠭᠵᠢᠭᠦᠯᠬᠦ ᠲᠦᠰᠦᠯ ᠶᠤᠰᠤᠭᠠᠷ ᠭᠠᠵᠠᠷ ᠰᠢᠷᠤᠢ ᠬᠠᠩᠭᠠᠵᠤ ᠪᠣᠯᠣᠨ᠎ᠠ︔ ᠲᠤᠰ ᠤᠳᠠᠭᠠᠨ ᠤ ᠴᠡᠭᠴᠡᠯᠡᠨ ᠰᠠᠶᠢᠵᠢᠷᠠᠭᠤᠯᠬᠤ ᠳᠤᠮᠳᠠ᠂ ᠬᠦᠬᠡᠬᠤᠲᠠ᠂ ᠪᠣᠭᠤᠳᠤ ᠬᠤᠲᠠ ᠶᠢᠨ ᠲᠤᠰ ᠱᠠᠲᠤᠨ ᠤ ᠬᠢᠨ ᠲᠦᠷᠦᠯ ᠵᠦᠢᠯ ᠢᠶᠠᠨ ᠬᠡᠷᠡᠭᠵᠢᠭᠦᠯᠬᠦ ᠠᠴᠠ ᠡᠮᠦᠨ᠎ᠡ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠳᠤ ᠮᠡᠳᠡᠭᠦᠯᠦᠨ ᠵᠥᠪᠰᠢᠶᠡᠷᠡᠭᠦᠯᠬᠦ ᠴᠢᠬᠤᠯᠠᠲᠠᠢ ᠬᠡᠷᠡᠭᠵᠢᠭᠦᠯᠬᠦ ᠲᠦᠰᠦᠯ ᠤᠨ ᠬᠡᠪᠴᠢᠶ᠎ᠡ ᠪᠠᠷ ᠬᠤᠪᠢᠶᠠᠷᠢ ᠲᠤᠭ᠎ᠠ ᠪᠣᠯᠭᠠᠵᠤ᠂ ᠭᠠᠵᠠᠷ ᠰᠢᠷᠤᠢ ᠬᠠᠩᠭᠠᠬᠤ ᠨᠤᠷᠮ᠎ᠠ ᠶᠢᠨ ᠭᠦᠢᠴᠡᠳᠭᠡᠯ ᠲᠤᠭ᠎ᠠ ᠶᠢ ᠠᠰᠲᠠᠭᠠᠨ ᠪᠤᠳᠤᠵᠤ᠂ ᠴᠡᠭᠴᠡᠯᠡᠨ ᠰᠠᠶᠢᠵᠢᠷᠠᠭᠤᠯᠬᠤ ᠮᠡᠳᠡᠭᠦᠯᠦᠯᠲᠡ ᠳᠡᠭᠡᠨ ᠲᠤᠰᠬᠠᠨ ᠲᠠᠶᠢᠯᠪᠤᠷᠢᠯᠠᠵᠤ ᠪᠣᠯᠣᠨ᠎ᠠ᠃ ᠭᠠᠵᠠᠷ ᠰᠢᠷᠤᠢ ᠲᠠᠲᠠᠪᠤᠷᠢᠯᠠᠨ ᠰᠢᠯᠵᠢᠭᠦᠯᠦᠨ ᠬᠡᠷᠡᠭᠯᠡᠬᠦ ᠶᠢ ᠬᠢᠨᠠᠨ ᠵᠥᠪᠰᠢᠶᠡᠷᠡᠭᠰᠡᠨ ᠵᠥᠪᠰᠢᠶᠡᠷᠡᠯ ᠤᠨ ᠪᠢᠴᠢᠭ ᠮᠠᠲ᠋ᠧᠷᠢᠶᠠᠯ ᠨᠢ ᠬᠦᠴᠦᠨ ᠦᠭᠡᠢ ᠪᠣᠯᠤᠭᠰᠠᠨ᠂ ᠲᠣᠬᠢᠷᠠᠭᠤᠯᠤᠨ ᠠᠰᠢᠭᠯᠠᠬᠤ ᠪᠠᠷ ᠵᠥᠪᠰᠢᠶᠡᠷᠡᠭᠰᠡᠨ ᠲᠠᠯᠠᠪᠠᠢ ᠨᠢ ᠬᠡᠷᠡᠭᠯᠡᠬᠦ ᠭᠠᠵᠠᠷ ᠰᠢᠷᠤᠢ ᠶᠢ ᠬᠢᠨᠠᠨ ᠵᠥᠪᠰᠢᠶᠡᠷᠡᠵᠦ ᠪᠦᠷᠢᠳᠭᠡᠨ ᠳᠠᠩᠰᠠᠯᠠᠬᠤ ᠰᠢᠰᠲ᠋ᠧᠮ ᠳᠤ ᠳᠠᠪᠳᠠᠵᠤ ᠪᠤᠳᠤᠭᠰᠠᠨ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ᠲᠥᠪ ᠬᠤᠲᠠ ︵ᠬᠦᠬᠡᠬᠤᠲᠠ᠂ ᠪᠣᠭᠤᠳᠤ ᠬᠤᠲᠠ︶ ᠶᠢᠨ ᠬᠡᠷᠡᠭᠯᠡᠬᠦ ᠭᠠᠵᠠᠷ ᠰᠢᠷᠤᠢ ᠶᠢᠨ ᠬᠡᠪᠴᠢᠶᠡᠨ ᠳᠤᠲᠤᠷ᠎ᠠ ᠨᠢᠭᠡᠨᠲᠡ ᠬᠡᠷᠡᠭᠵᠢᠭᠦᠯᠬᠦ ᠶᠢᠨ ᠠᠷᠭ᠎ᠠ ᠦᠭᠡᠢ ᠪᠣᠯᠣᠭᠰᠠᠨ ᠪᠠᠶᠢᠪᠠᠯ᠂ ᠴᠡᠭᠴᠡᠯᠡᠨ ᠰᠠᠶᠢᠵᠢᠷᠠᠭᠤᠯᠬᠤ ᠳᠤᠮᠳᠠᠬᠢ ᠣᠨᠴᠤᠭᠤᠢ ᠪᠠᠶᠢᠳᠠᠯ ᠢᠶᠠᠷ ᠢᠯᠭᠠᠷᠠᠭᠤᠯᠤᠨ ᠪᠠᠶᠢᠴᠠᠭᠠᠵᠤ ᠬᠤᠷᠢᠶᠠᠩᠭᠤᠶᠢᠯᠠᠭᠠᠳ᠂ ᠦᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ ᠠᠴᠠ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠦᠨ ᠯᠤᠭ᠎ᠠ ᠴᠠᠭ ᠲᠤᠨᠢ ᠲᠣᠬᠢᠷᠠᠭᠤᠯᠤᠨ ᠵᠣᠬᠢᠴᠠᠭᠤᠯᠵᠤ ᠪᠠᠶᠢᠭᠠᠳ ᠬᠡᠷᠡᠭᠯᠡᠬᠦ ᠭᠠᠵᠠᠷ ᠰᠢᠷᠤᠢ ᠶᠢ ᠬᠢᠨᠠᠨ ᠵᠥᠪᠰᠢᠶᠡᠷᠡᠵᠦ ᠪᠦᠷᠢᠳᠭᠡᠨ ᠳᠠᠩᠰᠠᠯᠠᠬᠤ ᠰᠢᠰᠲ᠋ᠧᠮ ᠳᠣᠲᠤᠷ᠎ᠠ ᠠᠴᠠ ᠲᠣᠬᠢᠷᠠᠭᠤᠯᠤᠨ ᠬᠠᠰᠤᠬᠤ ᠬᠡᠷᠡᠭᠲᠡᠢ᠃      ︵3︶ ᠡᠨᠧᠷᠬᠢ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠠᠭᠤᠷᠬᠠᠢ᠂ ᠴᠡᠷᠢᠭ ᠤᠨ ᠶᠠᠪᠤᠳᠠᠯ ᠤᠨ ᠪᠡᠯᠡᠳᠭᠡᠮᠵᠢ ᠵᠡᠷᠭᠡ ᠲᠤᠰᠠᠭᠠᠷ ᠭᠠᠵᠠᠷ ᠰᠢᠷᠤᠢ ᠰᠤᠩᠭᠤᠬᠤ ᠲᠦᠷᠦᠯ ᠵᠦᠢᠯ ᠨᠢ ᠬᠡᠷᠡᠭᠯᠡᠬᠦ ᠭᠠᠵᠠᠷ ᠰᠢᠷᠤᠢ ᠰᠢᠯᠵᠢᠭᠦᠯᠦᠨ ᠥᠭᠬᠦ ᠭᠠᠷᠴᠠᠭ ᠲᠤ ᠨᠡᠶᠢᠴᠡᠪᠡᠯ᠂ ᠬᠤᠲᠠ ᠶᠢᠨ ᠣᠯᠠᠨ ᠨᠡᠶᠢᠲᠡ ᠶᠢᠨ ᠵᠠᠮ᠂ ᠣᠯᠠᠨ ᠨᠡᠶᠢᠲᠡ ᠶᠢᠨ ᠵᠥᠯᠭᠡ ᠭᠠᠵᠠᠷ᠂ ᠪᠤᠷᠤᠭᠠᠨ ᠤ ᠤᠰᠤ ᠪᠣᠬᠢᠷ ᠤᠰᠤ ᠭᠠᠳᠠᠭᠰᠢᠯᠠᠭᠤᠯᠬᠤ ᠬᠤᠭᠤᠯᠠᠢ ᠭᠤᠤᠷᠰᠤ ᠶᠢᠨ ᠵᠠᠮ᠂ ᠣᠯᠠᠨ ᠨᠡᠶᠢᠲᠡ ᠶᠢᠨ ᠰᠡᠯᠡᠭᠦᠴᠡᠯ ᠤᠨ ᠲᠠᠯᠠᠪᠠᠢ ᠵᠡᠷᠭᠡ ᠰᠠᠭᠤᠷᠢ᠂ ᠨᠡᠶᠢᠲᠡ ᠶᠢᠨ ᠬᠡᠷᠡᠭᠯᠡᠭᠡᠨ ᠤ ᠪᠡᠯᠡᠳᠭᠡᠮᠵᠢ ᠳᠤ ᠬᠡᠷᠡᠭᠯᠡᠬᠦ ᠭᠠᠵᠠᠷ ᠰᠢᠷᠤᠢ᠂ ᠵᠠᠮ ᠬᠠᠷᠢᠯᠴᠠᠭᠠᠨ ᠤ ᠨᠣᠭᠤᠭᠠᠷᠠᠭᠤᠯᠤᠯᠲᠠ ᠶᠢᠨ ᠪᠦᠰᠡ᠂ ᠠᠮᠦᠷ ᠲᠥᠪᠰᠢᠨ ᠤ ᠵᠠᠢ ᠵᠡᠷᠭᠡ ᠣᠷᠣᠯᠠᠨ ᠲᠠᠲᠠᠪᠤᠷᠢᠯᠠᠬᠤ ᠭᠠᠵᠠᠷ ᠰᠢᠷᠤᠢ ᠵᠢᠴᠢ ᠤᠳᠤᠬᠠᠨ ᠳᠤ ᠠᠰᠢᠭᠯᠠᠵᠤ ᠳᠡᠶᠢᠯᠬᠦ ᠦᠭᠡᠢ ᠵᠠᠬ᠎ᠠ ᠬᠦᠪᠡᠭᠡ ᠶᠢᠨ ᠭᠠᠵᠠᠷ ᠲᠤ ︽ᠵᠥᠪᠰᠢᠶᠡᠷᠡᠭᠡᠳ ᠦᠯᠦ ᠬᠠᠩᠭᠠᠭᠰᠠᠨ ᠭᠠᠵᠠᠷ ᠰᠢᠷᠤᠢ ᠶᠢ ᠴᠢᠯᠦᠭᠡᠲᠡᠢ ᠭᠦᠢᠯᠭᠡᠭᠡᠨ ᠠᠰᠢᠭᠯᠠᠬᠤ ᠶᠢ ᠰᠢᠢᠳᠪᠦᠷᠢᠯᠡᠬᠦ ᠠᠵᠢᠯ ᠤᠨ ᠳᠤᠮᠳᠠᠬᠢ ᠬᠠᠮᠢᠶ᠎ᠠ ᠪᠦᠬᠦᠢ ᠠᠰᠠᠭᠤᠳᠠᠯ ᠤᠨ ᠲᠣᠬᠠᠢ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠦᠨ ᠤ ᠠᠯᠪᠠᠨ ᠲᠢᠩᠬᠢᠮ ᠤᠨ ᠬᠠᠷᠢᠭᠤ ᠵᠠᠬᠢᠳᠠᠯ︾ ︵ᠤᠯᠤᠰ ᠰᠢᠷᠤᠢ ᠡᠬᠢ ᠲᠢᠩᠬᠢᠮ ᠵᠠᠬᠢᠳᠠᠯ ﹇2012﹈ 183 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠭᠠᠵᠠᠷ ᠰᠢᠷᠤᠢ ᠬᠠᠩᠭᠠᠬᠤ ᠭᠠᠷᠳᠠᠮ ᠢ ᠲᠦᠷᠭᠡᠳᠭᠡᠨ ᠭᠦᠢᠴᠡᠳᠭᠡᠬᠦ ᠬᠡᠷᠡᠭᠲᠡᠢ᠃ ᠬᠤᠲᠠ ᠶᠢᠨ ᠣᠯᠠᠨ ᠨᠡᠶᠢᠲᠡ ᠶᠢᠨ ᠵᠠᠮ᠂ ᠣᠯᠠᠨ ᠨᠡᠶᠢᠲᠡ ᠶᠢᠨ ᠵᠥᠯᠭᠡ ᠭᠠᠵᠠᠷ᠂ ᠪᠤᠷᠤᠭᠠᠨ ᠤ ᠤᠰᠤ ᠪᠣᠬᠢᠷ ᠤᠰᠤ ᠭᠠᠳᠠᠭᠰᠢᠯᠠᠭᠤᠯᠬᠤ ᠬᠤᠭᠤᠯᠠᠢ ᠭᠤᠤᠷᠰᠤ ᠶᠢᠨ ᠵᠠᠮ᠂ ᠣᠯᠠᠨ ᠨᠡᠶᠢᠲᠡ ᠶᠢᠨ ᠰᠡᠯᠡᠭᠦᠴᠡᠯ ᠤᠨ ᠲᠠᠯᠠᠪᠠᠢ ᠵᠡᠷᠭᠡ ᠰᠠᠭᠤᠷᠢ᠂ ᠨᠡᠶᠢᠲᠡ ᠶᠢᠨ ᠬᠡᠷᠡᠭᠯᠡᠭᠡᠨ ᠤ ᠪᠡᠯᠡᠳᠭᠡᠮᠵᠢ ᠳᠤ ᠬᠡᠷᠡᠭᠯᠡᠬᠦ ᠭᠠᠵᠠᠷ ᠰᠢᠷᠤᠢ᠂ ᠵᠠᠮ ᠤᠨ ᠨᠣᠭᠤᠭᠠᠷᠠᠭᠤᠯᠤᠯᠲᠠ ᠶᠢᠨ ᠪᠦᠰᠡ᠂ ᠠᠮᠦᠷ ᠲᠥᠪᠰᠢᠨ ᠤ ᠵᠠᠢ ᠵᠡᠷᠭᠡ ᠣᠷᠣᠯᠠᠨ ᠲᠠᠲᠠᠪᠤᠷᠢᠯᠠᠬᠤ ᠭᠠᠵᠠᠷ ᠰᠢᠷᠤᠢ ᠵᠢᠴᠢ ᠤᠳᠤᠬᠠᠨ ᠳᠤ ᠠᠰᠢᠭᠯᠠᠵᠤ ᠳᠡᠶᠢᠯᠬᠦ ᠦᠭᠡᠢ ᠵᠠᠬ᠎ᠠ ᠬᠦᠪᠡᠭᠡ ᠶᠢᠨ ᠭᠠᠵᠠᠷ ᠤᠨ ᠰᠢᠯᠵᠢᠭᠦᠯᠦᠨ ᠥᠭᠬᠦ ᠭᠠᠷᠳᠠᠮ ᠢ ᠭᠦᠢᠴᠡᠳᠭᠡᠬᠦ ᠳᠡᠭᠡᠨ᠂ ᠲᠦᠷᠦᠯ ᠵᠦᠢᠯ ᠲᠣᠭᠲᠠᠭᠠᠭᠰᠠᠨ ᠪᠢᠴᠢᠭ ᠮᠠᠲ᠋ᠧᠷᠢᠶᠠᠯ ᠢ ᠲᠣᠭᠲᠠᠭᠠᠯ ᠶᠤᠰᠤᠭᠠᠷ ᠣᠯᠵᠤ ᠲᠡᠶᠢᠯᠬᠦ ᠦᠭᠡᠢ ᠪᠣᠯ᠂ ᠨᠢᠭᠡᠨᠲᠡ ᠲᠦᠷᠦᠯ ᠵᠦᠢᠯ ᠲᠣᠭᠲᠠᠭᠠᠭᠰᠠᠨ ᠢᠶᠠᠷ ᠭᠦᠢᠴᠡᠳᠭᠡᠵᠦ ᠪᠣᠯᠣᠨ᠎ᠠ︔ ᠰᠢᠯᠵᠢᠭᠦᠯᠦᠨ ᠥᠭᠬᠦ ᠲᠣᠭᠲᠠᠭᠠᠯ ᠤᠨ ᠪᠢᠴᠢᠭ ᠲᠤ ᠰᠢᠯᠵᠢᠭᠦᠯᠦᠨ ᠥᠭᠬᠦ ᠭᠠᠵᠠᠷ ᠰᠢᠷᠤᠢ ᠶᠢᠨ ᠬᠡᠷᠡᠭᠯᠡᠬᠦ ᠡᠷᠬᠡ ᠶᠢᠨ ᠦᠨ᠎ᠡ ᠶᠢᠨ ᠵᠤᠭᠤᠰ ᠢ ᠦᠯᠦ ᠬᠤᠷᠢᠶᠠᠬᠤ ᠪᠠᠷ ᠲᠤᠳᠤᠷᠬᠠᠶᠢᠯᠠᠭᠰᠠᠨ ᠪᠣᠯ᠂ ᠬᠠᠤᠯᠢ ᠳᠤ ᠲᠣᠭᠲᠠᠭᠠᠭᠰᠠᠨ ᠭᠠᠵᠠᠷ ᠰᠢᠷᠤᠢ ᠶᠢᠨ ᠬᠡᠷᠡᠭᠴᠡᠭᠡ ᠶᠢᠨ ᠬᠠᠮᠢᠶᠠᠷᠤᠨ ᠬᠠᠮᠠᠭᠠᠯᠠᠬᠤ ᠡᠷᠬᠡ ᠶᠢ ᠨᠢᠭᠡᠴᠡ ᠠᠴᠠ ᠣᠷᠣᠯᠠᠨ ᠬᠡᠷᠡᠭᠵᠢᠭᠦᠯᠤᠨ᠎ᠠ᠂ ᠰᠢᠯᠵᠢᠭᠦᠯᠦᠨ ᠥᠭᠬᠦ ᠭᠠᠵᠠᠷ ᠰᠢᠷᠤᠢ ᠶᠢ ᠰᠢᠢᠳᠪᠦᠷᠢᠯᠡᠬᠦ ᠡᠷᠬᠡ ᠦᠭᠡᠢ ᠪᠦᠭᠡᠳ ᠴᠢᠬᠤᠯᠠ ᠲᠠᠢ ᠦᠶ᠎ᠡ ᠳᠤ ᠵᠠᠰᠠᠭ ᠤᠨ ᠣᠷᠳᠣᠨ ᠠᠴᠠ ᠰᠢᠯᠵᠢᠭᠦᠯᠦᠨ ᠥᠭᠬᠦ ᠭᠠᠵᠠᠷ ᠰᠢᠷᠤᠢ ᠶᠢᠨ ᠬᠡᠷᠡᠭᠯᠡᠬᠦ ᠡᠷᠬᠡ ᠵᠡᠷᠭᠡ ᠵᠦᠢᠯᠡᠰ ᠢ ᠦᠨ᠎ᠡ ᠲᠦᠯᠦᠪᠦᠷᠢ ᠦᠭᠡᠢ᠂ ᠨᠦᠬᠦᠴᠡᠯ ᠦᠭᠡᠢ ᠪᠠᠷ ᠪᠤᠴᠠᠭᠠᠨ ᠠᠪᠴᠤ ᠪᠣᠯᠣᠨ᠎ᠠ᠃      ︵4︶ ᠬᠤᠲᠠ ᠶᠢᠨ ᠲᠦᠯᠦᠪᠵᠢᠭᠦᠯᠭᠡ ᠶᠢ ᠲᠣᠬᠢᠷᠠᠭᠤᠯᠬᠤ᠂ ᠭᠠᠵᠠᠷ ᠰᠢᠷᠤᠢ ᠬᠠᠩᠭᠠᠬᠤ ᠲᠦᠯᠦᠪᠵᠢᠭᠦᠯᠭᠡ ᠶᠢᠨ ᠲᠣᠬᠢᠷᠠᠭᠤᠯᠤᠭᠰᠠᠨ ᠨᠦᠬᠦᠴᠡᠯ ᠢ ᠬᠤᠪᠢᠷᠠᠭᠤᠯᠬᠤ ᠵᠡᠷᠭᠡ ᠰᠢᠯᠲᠠᠭᠠᠨ ᠠᠴᠠ ᠪᠣᠯᠵᠤ ᠪᠣᠢ ᠪᠣᠯᠣᠭᠰᠠᠨ ᠵᠥᠪᠰᠢᠶᠡᠷᠡᠭᠡᠳ ᠦᠯᠦ ᠬᠠᠩᠭᠠᠭᠰᠠᠨ ᠭᠠᠵᠠᠷ ᠰᠢᠷᠤᠢ ᠶᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠤᠨ ᠨᠤᠭᠤᠳ ᠬᠤᠲᠠ ᠶᠢᠨ ᠲᠥᠯᠦᠪᠵᠢᠭᠦᠯᠭᠡ ᠶᠢᠨ ᠰᠠᠯᠠᠭ᠎ᠠ ᠮᠦᠴᠢᠷ ᠢ ᠰᠢᠮᠳᠠᠭᠤᠯᠤᠨ ᠲᠦᠯᠦᠪᠵᠢᠭᠦᠯᠭᠡ ᠶᠢᠨ ᠨᠦᠬᠦᠴᠡᠯ ᠢ ᠲᠦᠷᠭᠡᠳᠭᠡᠨ ᠲᠣᠬᠢᠷᠠᠭᠤᠯᠵᠤ᠂ ᠵᠥᠪᠰᠢᠶᠡᠷᠡᠭᠡᠳ ᠦᠯᠦ ᠬᠠᠩᠭᠠᠭᠰᠠᠨ ᠭᠠᠵᠠᠷ ᠰᠢᠷᠤᠢ ᠶᠢᠨ ᠠᠰᠠᠭᠤᠳᠠᠯ ᠤᠨ ᠬᠠᠷᠰᠢ ᠰᠠᠭᠠᠳ ᠢ ᠠᠷᠢᠯᠭᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ 2015 ᠣᠨ ᠤ 9 ᠳ᠋ᠤᠭᠡᠷ ᠰᠠᠷ᠎ᠠ ᠶᠢᠨ 30 ᠤ ᠡᠳᠦᠷ ᠠᠴᠠ ᠡᠮᠦᠨ᠎ᠡ᠂ ᠬᠤᠲᠠ ᠶᠢᠨ ᠲᠦᠯᠦᠪᠵᠢᠭᠦᠯᠭᠡ ᠶᠢᠨ ᠰᠠᠯᠠᠭ᠎ᠠ ᠮᠦᠴᠢᠷ ᠤᠳ ᠰᠢᠨ᠎ᠡ ᠪᠠᠷ ᠵᠥᠪᠰᠢᠶᠡᠷᠡᠨ ᠬᠡᠷᠡᠭᠵᠢᠭᠦᠯᠬᠦ ᠬᠤᠲᠠ ᠶᠢᠨ ᠲᠦᠯᠦᠪᠵᠢᠭᠦᠯᠭᠡ᠂ ᠬᠢᠵᠠᠭᠠᠷᠯᠠᠬᠤ ᠴᠢᠨᠠᠷᠲᠠᠢ ᠨᠠᠷᠢᠨ ᠨᠢᠭᠲᠠ ᠲᠦᠯᠦᠪᠵᠢᠭᠦᠯᠭᠡ ᠶᠤᠰᠤᠭᠠᠷ ᠭᠠᠵᠠᠷ ᠰᠢᠷᠤᠢ ᠬᠠᠩᠭᠠᠬᠤ ᠲᠦᠯᠦᠪᠵᠢᠭᠦᠯᠭᠡ ᠳᠤ ᠲᠣᠬᠢᠷᠠᠭᠤᠯᠬᠤ ᠨᠦᠬᠦᠴᠡᠯ ᠢ ᠳᠤᠷᠠᠳᠴᠤ ᠳᠡᠶᠢᠯᠬᠦ ᠦᠭᠡᠢ ᠪᠣᠶᠣ ᠲᠦᠯᠦᠪᠵᠢᠭᠦᠯᠭᠡ ᠳᠤ ᠲᠣᠬᠢᠷᠠᠭᠤᠯᠤᠭᠰᠠᠨ ᠨᠦᠬᠦᠴᠡᠯ ᠢ ᠬᠤᠪᠢᠷᠠᠭᠤᠯᠬᠤ ᠲᠣᠭᠲᠠᠭᠠᠯ ᠭᠠᠷᠭᠠᠬᠰᠠᠨ ᠪᠠᠶᠢᠪᠠᠯ᠂ ᠡᠷᠬᠡᠪᠰᠢ ᠣᠳᠣ ᠶᠢᠨ ᠬᠡᠷᠡᠭᠵᠢᠭᠦᠯᠵᠦ ᠪᠠᠶᠢᠭ᠎ᠠ ᠲᠦᠯᠦᠪᠵᠢᠭᠦᠯᠭᠡ ᠶᠤᠰᠤᠭᠠᠷ ᠲᠦᠯᠦᠪᠵᠢᠭᠦᠯᠭᠡ ᠳᠤ ᠲᠣᠬᠢᠷᠠᠭᠤᠯᠬᠤ ᠨᠦᠬᠦᠴᠡᠯ ᠢ ᠳᠤᠷᠠᠳᠬᠤ ᠬᠡᠷᠡᠭᠲᠡᠢ᠃      ︵5︶ ᠴᠡᠭᠴᠡᠯᠡᠨ ᠰᠠᠶᠢᠵᠢᠷᠠᠭᠤᠯᠬᠤ ᠬᠡᠪᠴᠢᠶᠡᠨ ᠳᠠᠬᠢ ᠵᠥᠪᠰᠢᠶᠡᠷᠡᠭᠡᠳ ᠦᠯᠦ ᠬᠠᠩᠭᠠᠭᠰᠠᠨ ᠭᠡᠪᠡᠴᠦ ᠬᠠᠩᠭᠠᠭᠰᠠᠨ ᠦᠭᠡᠢ ᠪᠠᠶᠢᠲᠠᠯ᠎ᠠ ᠤᠷᠢᠳᠠᠪᠠᠷ ᠬᠡᠷᠡᠭᠯᠡᠭᠰᠡᠨ ᠭᠠᠵᠠᠷ ᠰᠢᠷᠤᠢ ᠪᠣᠯᠣᠨ ᠠᠵᠤ ᠦᠢᠯᠡᠳᠪᠦᠷᠢ ᠶᠢᠨ ᠬᠡᠷᠡᠭᠯᠡᠭᠰᠡᠨ ᠭᠠᠵᠠᠷ ᠲᠤ ᠭᠠᠵᠠᠷ ᠰᠢᠷᠤᠢ ᠬᠡᠷᠡᠭᠯᠡᠬᠦ ᠲᠠᠯ᠎ᠠ ᠶᠢ ᠰᠢᠮᠳᠠᠭᠤᠯᠤᠨ ᠢᠳᠡᠪᠬᠢᠲᠡᠢ ᠬᠠᠮᠵᠢᠯᠴᠠᠭᠤᠯᠵᠤ᠂ 2015 ᠣᠨ ᠤ 11 ᠳ᠋ᠤᠭᠡᠷ ᠰᠠᠷ᠎ᠠ ᠶᠢᠨ 30 ᠤ ᠡᠳᠦᠷ ᠠᠴᠠ ᠡᠮᠦᠨ᠎ᠡ ᠭᠠᠵᠠᠷ ᠰᠢᠷᠤᠢ ᠬᠠᠩᠭᠠᠬᠤ ᠭᠠᠷᠳᠠᠮ ᠢ ᠬᠠᠤᠯᠢ ᠶᠣᠰᠤᠭᠠᠷ ᠨᠦᠬᠦᠵᠦ ᠭᠦᠢᠴᠡᠳᠭᠡᠨ᠂ ᠬᠤᠭᠤᠴᠠᠭ᠎ᠠ ᠨᠢ ᠬᠡᠲᠦᠷᠡᠲᠡᠯ᠎ᠡ ᠭᠦᠢᠴᠡᠳᠭᠡᠭᠰᠡᠨ ᠦᠭᠡᠢ ᠪᠠᠶᠢᠪᠠᠯ ᠬᠠᠤᠯᠢ ᠠᠴᠠ ᠵᠦᠷᠢᠴᠡᠨ ᠭᠠᠵᠠᠷ ᠰᠢᠷᠤᠢ ᠬᠡᠷᠡᠭᠯᠡᠭᠰᠡᠨ ᠢᠶᠠᠷ ᠰᠢᠢᠳᠪᠦᠷᠢᠯᠡᠨ᠎ᠡ᠃ ᠭᠠᠵᠠᠷ ᠰᠢᠷᠤᠢ ᠲᠠᠲᠠᠪᠤᠷᠢᠯᠠᠨ ᠨᠤᠷᠠᠭᠠᠵᠤ ᠨᠡᠭᠦᠯᠭᠡᠭᠰᠡᠨ ᠪᠣᠶᠣ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠰᠢᠷᠤᠢ ᠶᠢ ᠳᠠᠬᠢᠵᠤ ᠨᠡᠭᠡᠭᠡᠨ ᠠᠰᠢᠭᠯᠠᠵᠤ ᠨᠤᠷᠠᠭᠠᠨ ᠨᠡᠭᠦᠯᠭᠡᠵᠦ ᠲᠥᠪᠬᠢᠨᠡᠭᠦᠯᠦᠭᠰᠡᠨ ᠨᠢ ᠨᠢᠭᠡᠨᠲᠡ 80% ᠠᠴᠠ ᠳᠡᠭᠡᠭᠰᠢᠬᠢ ᠶᠢ ᠪᠡᠶᠡᠯᠡᠭᠦᠯᠦᠭᠰᠡᠨ ᠬᠡᠰᠡᠭᠮᠡᠯ ᠭᠠᠵᠠᠷ ᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠤᠨ ᠢᠶᠠᠷ ᠰᠤᠳᠤᠯᠤᠨ ᠵᠥᠪᠰᠢᠶᠡᠷᠡᠭᠦᠯᠦᠭᠡᠳ᠂ ᠭᠠᠵᠠᠷ ᠰᠢᠷᠣᠢ ᠬᠠᠩᠭᠠᠬᠤ ᠭᠠᠷᠳᠠᠮ ᠢ ᠬᠤᠭᠤᠴᠠᠭ᠎ᠠ ᠬᠤᠪᠢᠶᠠᠨ ᠭᠦᠢᠴᠡᠳᠭᠡᠵᠦ᠂ ᠨᠢᠭᠡᠨᠲᠡ ᠪᠡᠯᠡᠨ ᠭᠠᠵᠠᠷ ᠪᠣᠶᠣ ᠲᠢᠭᠯᠡᠮᠡᠯ ᠭᠠᠵᠠᠷ ᠪᠣᠯᠣᠭᠰᠠᠨ ᠬᠡᠰᠡᠭ ᠢ ᠤᠷᠢᠳᠠᠪᠠᠷ ᠬᠠᠩᠭᠠᠵᠤ᠂ ᠪᠤᠰᠤᠳ ᠬᠡᠰᠡᠭ ᠨᠢ ᠪᠡᠯᠡᠨ ᠭᠠᠵᠠᠷ ᠪᠣᠶᠣ ᠲᠢᠭᠯᠡᠮᠡᠯ ᠭᠠᠵᠠᠷ ᠤᠨ ᠨᠦᠬᠦᠴᠡᠯ ᠳᠤ ᠬᠦᠷᠦᠭᠰᠡᠨ ᠤ ᠳᠠᠷᠠᠭ᠎ᠠ᠂ ᠡᠮᠦᠨᠡᠬᠢ ᠬᠤᠭᠤᠴᠠᠭᠠᠨ ᠳᠤ ᠬᠤᠳᠠᠯᠳᠤᠭᠰᠠᠨ ᠬᠡᠰᠡᠭ ᠭᠠᠵᠠᠷ ᠰᠢᠷᠤᠢ ᠶᠢᠨ ᠵᠣᠬᠢᠬᠤ ᠬᠡᠷᠡᠭᠴᠡᠭᠡ ᠶᠢᠨ ᠠᠷᠠᠯᠵᠢᠶᠠᠯᠠᠬᠤ ᠦᠨ᠎ᠡ ᠠᠴᠠ ᠳᠣᠣᠷ᠎ᠠ ᠪᠠᠶᠢᠯᠭᠠᠬᠤ ᠦᠭᠡᠢ ᠪᠠᠷ ᠵᠦᠪᠳᠡᠯᠴᠡᠭᠡᠷ ᠤᠨ ᠠᠷᠭ᠎ᠠ ᠮᠠᠶ᠋ᠢᠭ ᠢ ᠬᠡᠷᠡᠭᠯᠡᠵᠦ ᠬᠢᠮᠳᠠ ᠪᠠᠷ ᠬᠤᠳᠠᠯᠳᠤᠵᠤ ᠪᠣᠯᠣᠨ᠎ᠠ᠃ ᠲᠣᠭᠲᠠᠭᠠᠯ ᠶᠤᠰᠤᠭᠠᠷ ᠬᠡᠰᠡᠭᠯᠡᠵᠦ ᠪᠣᠯᠬᠤ ᠬᠡᠰᠡᠭᠯᠡᠯ ᠭᠠᠵᠠᠷ ᠡᠭᠦᠨ ᠳᠤ ᠪᠠᠭᠲᠠᠬᠤ ᠦᠭᠡᠢ᠃ ᠣᠯᠠᠨ ᠲᠦᠮᠡᠨ ᠤ ᠬᠠᠤᠯᠢ ᠶᠣᠰᠤᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠣᠷᠢᠳᠠᠯ ᠳᠣᠣᠷ᠎ᠠ᠂ ᠨᠤᠷᠠᠭᠠᠵᠤ ᠨᠡᠭᠦᠯᠭᠡᠬᠦ ᠠᠵᠢᠯ ᠢ ᠮᠠᠭᠤ ᠰᠠᠨᠠᠭᠠᠯᠠᠵᠤ ᠬᠠᠷᠰᠢᠯᠠᠬᠤ ᠣᠨᠴᠠ ᠵᠠᠷᠢᠮ ᠬᠡᠷᠡᠭ ᠢ ᠢᠳᠡᠪᠬᠢᠲᠡᠢ ᠠᠷᠭ᠎ᠠ ᠬᠡᠮᠵᠢᠶ᠎ᠠ ᠠᠪᠴᠤ ᠪᠠᠶᠢᠭᠠᠳ ᠬᠠᠤᠯᠢ ᠶᠤᠰᠤᠭᠠᠷ ᠰᠢᠢᠳᠪᠦᠷᠢᠯᠡᠬᠦ ᠬᠡᠷᠡᠭᠲᠡᠢ᠃      ︵6︶ ᠵᠠᠰᠠᠭ ᠤᠨ ᠣᠷᠳᠤᠨ ᠠᠮᠠᠯᠳᠠᠭᠰᠠᠨ ᠪᠣᠯᠪᠠᠴᠤ ᠭᠠᠵᠠᠷ ᠰᠢᠷᠤᠢ ᠬᠠᠩᠭᠠᠵᠤ ᠳᠡᠶᠢᠯᠬᠦ ᠦᠭᠡᠢ ᠪᠣᠯᠣᠭᠰᠠᠨ ᠦᠯᠡᠳᠡᠭᠳᠡᠯ ᠠᠰᠠᠭᠤᠳᠠᠯ ᠳᠤ᠂ ᠵᠠᠰᠠᠭ ᠤᠨ ᠣᠷᠳᠤᠨ ᠤ ᠠᠮᠠᠯᠠᠯᠲᠠ ᠨᠢ ᠲᠣᠬᠠᠢ ᠶᠢᠨ ᠦᠶ᠎ᠡ ᠶᠢᠨ ᠤᠯᠤᠰ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠭᠰᠡᠨ᠂ ᠭᠠᠵᠠᠷ ᠰᠢᠷᠤᠢ ᠬᠡᠷᠡᠭᠯᠡᠬᠦ ᠲᠠᠯ᠎ᠠ ᠨᠢ ᠭᠠᠵᠠᠷ ᠰᠢᠷᠤᠢ ᠶᠢᠨ ᠬᠠᠤᠯᠢ ᠲᠣᠭᠲᠠᠭᠠᠯ ᠠᠴᠠ ᠵᠦᠷᠢᠴᠡᠭᠰᠡᠨ ᠠᠰᠠᠭᠤᠳᠠᠯ ᠦᠭᠡᠢ ᠪᠣᠯ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢᠶᠠᠷ ᠰᠤᠳᠤᠯᠤᠭᠤᠯᠤᠨ ᠰᠠᠨᠠᠭᠤᠯᠭ᠎ᠠ ᠳᠤᠷᠠᠳᠤᠭᠤᠯᠵᠤ᠂ ᠠᠳᠠᠯᠢ ᠱᠠᠲᠤᠨ ᠤ ᠵᠠᠰᠠᠭ ᠤᠨ ᠣᠷᠳᠤᠨ ᠤ ᠤᠳᠤᠷᠢᠳᠬᠤ ᠪᠠᠭ ᠠᠴᠠ ᠬᠠᠮᠲᠤ ᠪᠠᠷ ᠠᠮᠠᠯᠠᠯᠲᠠ ᠶᠢᠨ ᠵᠦᠪᠳᠡᠯᠴᠡᠭᠡᠷ ᠢᠶᠠᠨ ᠭᠦᠢᠴᠡᠳᠭᠡᠬᠦ ᠪᠣᠶᠣ ᠬᠡᠰᠡᠭ ᠢ ᠨᠢ ᠭᠦᠢᠴᠡᠳᠭᠡᠬᠦ ᠶᠢ ᠵᠥᠪᠰᠢᠶᠡᠷᠡᠬᠦ ᠪᠠᠷ ᠲᠣᠭᠲᠠᠭᠠᠭᠰᠠᠨ ᠪᠠᠶᠢᠪᠠᠯ᠂ ᠠᠮᠠᠯᠠᠯᠲᠠ ᠶᠤᠰᠤᠭᠠᠷ ᠲᠣᠬᠠᠢ ᠶᠢᠨ ᠦᠶ᠎ᠡ ᠶᠢᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠢᠶᠠᠷ ᠭᠠᠵᠠᠷ ᠰᠢᠷᠤᠢ ᠬᠠᠩᠭᠠᠬᠤ ᠭᠠᠷᠳᠠᠮ ᠢ ᠨᠦᠬᠦᠵᠦ ᠭᠦᠢᠴᠡᠳᠭᠡᠵᠦ ᠪᠣᠯᠣᠨ᠎ᠠ᠃ ᠲᠣᠬᠠᠢ ᠶᠢᠨ ᠦᠶ᠎ᠡ ᠶᠢᠨ ᠲᠣᠭᠲᠠᠭᠠᠯ ᠳᠤ ᠨᠡᠶᠢᠴᠡᠬᠦ ᠦᠭᠡᠢ ᠪᠠᠶᠢᠪᠠᠯ᠂ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠭᠰᠡᠨ ᠤ ᠳᠠᠷᠠᠭ᠎ᠠ ᠭᠠᠵᠠᠷ ᠰᠢᠷᠤᠢ ᠬᠠᠩᠭᠠᠬᠤ ᠭᠠᠷᠳᠠᠮ ᠢ ᠭᠦᠢᠴᠡᠳᠭᠡᠬᠦ ᠬᠡᠷᠡᠭᠲᠡᠢ᠃      ︵7︶ ᠰᠢᠨ᠎ᠡ ᠪᠠᠷ ᠪᠣᠢ ᠪᠣᠯᠬᠤ ᠵᠥᠪᠰᠢᠶᠡᠷᠡᠭᠡᠳ ᠦᠯᠦ ᠬᠠᠩᠭᠠᠭᠰᠠᠨ ᠭᠠᠵᠠᠷ ᠰᠢᠷᠤᠢ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠲᠠᠷᠢᠶᠠᠯᠠᠩ ᠳᠤ ᠬᠡᠷᠡᠭᠯᠡᠬᠦ ᠭᠠᠵᠠᠷ ᠰᠢᠷᠤᠢ ᠶᠢ ᠰᠢᠯᠵᠢᠭᠦᠯᠦᠨ ᠬᠡᠷᠡᠭᠯᠡᠬᠦ ᠶᠢ ᠵᠥᠪᠰᠢᠶᠡᠷᠡᠭᠰᠡᠨ ᠤ ᠳᠠᠷᠠᠭ᠎ᠠ᠂ 2 ᠵᠢᠯ ᠳᠤ ᠭᠠᠵᠠᠷ ᠰᠢᠷᠤᠢ ᠲᠠᠲᠠᠪᠤᠷᠢᠯᠠᠬᠤ ᠪᠣᠶᠣ ᠭᠠᠵᠠᠷ ᠰᠢᠷᠤᠢ ᠬᠡᠷᠡᠭᠯᠡᠬᠦ ᠪᠣᠲᠠᠲᠠᠢ ᠠᠵᠢᠯᠯᠠᠭ᠎ᠠ ᠶᠢ ᠶᠠᠪᠤᠭᠳᠠᠭᠤᠯᠤᠭᠰᠠᠨ ᠦᠭᠡᠢ ᠪᠣᠯ᠂ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠨᠢ ᠠᠶᠠᠨᠳᠠᠭᠠᠨ ᠬᠦᠴᠦᠨ ᠦᠭᠡᠢ ᠪᠣᠯᠵᠤ᠂ ᠲᠠᠷᠢᠶᠠᠯᠠᠬᠤ ᠨᠦᠬᠦᠴᠡᠯ ᠢ ᠪᠦᠷᠢᠯᠳᠦᠭᠦᠯᠦᠭᠰᠡᠨ ᠭᠠᠵᠠᠷ ᠰᠢᠷᠤᠢ ᠶᠢ ᠤᠤᠯ ᠤᠨ ᠭᠠᠵᠠᠷ ᠰᠢᠷᠤᠢ ᠶᠢᠨ ᠬᠡᠷᠡᠭᠯᠡᠭᠴᠢ ᠳᠤ ᠲᠤᠰᠢᠶᠠᠨ ᠥᠭᠴᠦ ᠦᠷᠭᠦᠯᠵᠢᠯᠡᠨ ᠲᠠᠷᠢᠭᠤᠯᠤᠨ᠎ᠠ᠂ ᠲᠣᠬᠠᠢ ᠶᠢᠨ ᠭᠠᠵᠠᠷ ᠤᠨ ᠵᠠᠰᠠᠭ ᠤᠨ ᠣᠷᠳᠤᠨ ᠠᠴᠠ ᠵᠣᠬᠢᠶᠠᠨ ᠪᠠᠶᠢᠭᠤᠯᠤᠨ ᠲᠠᠷᠢᠭᠰᠠᠨ ᠴᠦ ᠪᠣᠯᠣᠨ᠎ᠠ᠃      2.ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ᠃      ︵1︶ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠤᠨ ᠨᠤᠭᠤᠳ ᠪᠣᠯ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢ ᠰᠢᠢᠳᠪᠦᠷᠢᠯᠡᠬᠦ ᠬᠠᠷᠢᠭᠤᠴᠠᠯᠭ᠎ᠠ ᠶᠢᠨ ᠭᠤᠣᠯ ᠴᠣᠭᠴᠠ ᠪᠣᠯᠣᠨ᠎ᠠ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠰᠠᠯᠠᠭ᠎ᠠ ᠮᠦᠴᠢᠷ ᠪᠣᠯ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢ ᠪᠠᠶᠢᠴᠠᠭᠠᠵᠤ᠂ ᠮᠠᠭᠠᠳᠯᠠᠨ ᠲᠣᠭᠲᠠᠭᠠᠬᠤ ᠬᠠᠷᠢᠭᠤᠴᠠᠯᠭ᠎ᠠ ᠶᠢᠨ ᠭᠤᠣᠯ ᠴᠣᠭᠴᠠ ᠪᠣᠯᠣᠨ᠎ᠠ᠃ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠤᠨ ᠨᠤᠭᠤᠳ ᠰᠠᠯᠠᠭ᠎ᠠ ᠮᠦᠴᠢᠷ ᠤᠳ ᠤᠨ ᠵᠦᠪᠳᠡᠯᠴᠡᠨ ᠵᠣᠬᠢᠴᠠᠭᠤᠯᠬᠤ ᠲᠣᠭᠲᠠᠴᠠ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠵᠤ᠂ ᠰᠤᠯᠠ ᠬᠠᠶᠠᠭᠳᠠᠵᠤ ᠪᠠᠶᠢᠬᠤ ᠠᠳᠠᠯᠢ ᠪᠤᠰᠤ ᠰᠢᠯᠲᠠᠭᠠᠨ ᠳᠤ ᠴᠢᠭᠯᠡᠭᠦᠯᠦᠨ᠂ ︽ᠬᠡᠪᠴᠢᠶ᠎ᠡ ᠶᠢ ᠨᠢ ᠬᠢᠵᠠᠭᠠᠷᠯᠠᠨ᠂ ᠰᠢᠯᠲᠠᠭᠠᠨ ᠢ ᠨᠢ ᠢᠯᠭᠠᠵᠤ᠂ ᠲᠦᠷᠦᠯ ᠬᠤᠪᠢᠶᠠᠨ ᠰᠢᠢᠳᠪᠦᠷᠢᠯᠡᠵᠦ᠂ ᠬᠡᠷᠡᠭᠯᠡᠬᠦ ᠶᠢ ᠲᠡᠷᠢᠭᠦᠨ ᠳᠤ ᠲᠠᠯᠪᠢᠬᠤ︾ ᠵᠠᠷᠴᠢᠮ ᠶᠤᠰᠤᠭᠠᠷ᠂ ᠭᠠᠵᠠᠷ ᠰᠢᠷᠤᠢ ᠠᠰᠢᠭᠯᠠᠬᠤ ᠬᠦᠳᠡᠯᠦᠩᠭᠦᠢ ᠪᠠᠶᠢᠳᠠᠯ ᠢ ᠲᠤᠭᠤᠷᠢᠨ ᠪᠠᠶᠢᠴᠠᠭᠠᠬᠤ᠂ ᠭᠠᠵᠠᠷ ᠰᠢᠷᠤᠢ ᠶᠢᠨ ᠬᠠᠤᠯᠢ ᠬᠡᠷᠡᠭᠵᠢᠭᠦᠯᠬᠦ ᠬᠦᠳᠡᠯᠦᠩᠭᠦᠢ ᠪᠠᠶᠢᠳᠠᠯ ᠢ ᠲᠣᠭᠤᠷᠢᠨ ᠪᠠᠶᠢᠴᠠᠭᠠᠬᠤ ᠠᠵᠢᠯ ᠲᠠᠢ ᠤᠶᠠᠯᠳᠤᠭᠤᠯᠤᠨ᠂ ᠪᠣᠲᠠᠲᠠᠢ ᠰᠢᠢᠳᠪᠦᠷᠢᠯᠡᠬᠦ ᠲᠦᠰᠦᠯ ᠤᠨ ᠰᠢᠨ᠎ᠡ ᠶᠢ ᠢᠳᠡᠪᠬᠢᠲᠡᠢ ᠡᠭᠦᠳᠴᠦ᠂ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠳᠤ ᠪᠦᠲᠦᠭᠡᠨ ᠪᠠᠶᠢᠭᠤᠯᠬᠤ ᠬᠤᠭᠤᠴᠠᠭ᠎ᠠ ᠶᠢ ᠤᠷᠲᠤᠳᠬᠠᠬᠤ᠂ ᠲᠦᠷ ᠴᠠᠭ ᠤᠨ ᠬᠡᠷᠡᠭᠯᠡᠯᠲᠡ ᠶᠢ ᠲᠣᠬᠢᠷᠠᠭᠤᠯᠬᠤ᠂ ᠵᠦᠪᠳᠡᠯᠴᠡᠨ ᠬᠤᠷᠢᠶᠠᠵᠤ ᠨᠦᠬᠡᠴᠡᠯᠡᠬᠦ᠂ ᠰᠤᠯᠠ ᠬᠠᠶᠠᠭᠳᠠᠭᠰᠠᠨ ᠵᠠᠷᠤᠳᠠᠯ ᠬᠤᠷᠢᠶᠠᠬᠤ᠂ ᠬᠡᠰᠡᠭ ᠪᠣᠶᠣ ᠪᠦᠬᠦ ᠭᠠᠵᠠᠷ ᠰᠢᠷᠤᠢ ᠶᠢᠨ ᠬᠡᠷᠡᠭᠯᠡᠬᠦ ᠡᠷᠬᠡ ᠶᠢ ᠵᠦᠪᠳᠡᠯᠴᠡᠨ ᠬᠤᠷᠢᠶᠠᠨ ᠠᠪᠬᠤ᠂ ᠦᠨ᠎ᠡ ᠲᠦᠯᠦᠪᠦᠷᠢ ᠦᠭᠡᠢ ᠬᠤᠷᠢᠶᠠᠨ ᠠᠪᠬᠤ᠂ ᠣᠳᠣ ᠶᠢᠨ ᠪᠠᠶᠢᠭ᠎ᠠ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢ ᠬᠡᠷᠡᠭᠴᠡᠭᠡ ᠶᠢ ᠨᠢ ᠬᠤᠪᠢᠷᠠᠭᠤᠯᠤᠨ ᠠᠰᠢᠭᠯᠠᠬᠤ ᠶᠢ ᠵᠣᠷᠢᠬᠵᠢᠭᠤᠯᠬᠤ ᠵᠡᠷᠭᠡ ᠠᠷᠭ᠎ᠠ ᠮᠠᠶ᠋ᠢᠭ ᠢ ᠬᠡᠷᠡᠭᠯᠡᠵᠦ ᠪᠠᠶᠢᠭᠠᠳ ᠰᠢᠢᠳᠪᠦᠷᠢᠯᠡᠬᠦ ᠠᠬᠢᠴᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢ ᠰᠢᠢᠳᠪᠦᠷᠢᠯᠡᠬᠦ ᠶᠠᠪᠤᠴᠠ ᠳᠤᠮᠳᠠᠬᠢ ︽ᠡᠰᠡ ᠦᠢᠯᠡᠳᠭᠦᠢ︾ ᠪᠠᠶᠢᠭ᠎ᠠ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠤᠨ ᠯᠤᠭ᠎ᠠ ᠴᠢᠩᠭ᠎ᠠ ᠪᠠᠷ ᠬᠠᠷᠢᠭᠤᠴᠠᠯᠭ᠎ᠠ ᠬᠡᠯᠡᠯᠴᠡᠬᠦ ᠬᠡᠷᠡᠭᠲᠡᠢ᠃      ︵2︶ ᠵᠠᠰᠠᠭ ᠤᠨ ᠣᠷᠳᠤᠨ ᠤ ᠰᠢᠯᠲᠠᠭᠠᠨ ᠠᠴᠠ ᠪᠣᠯᠵᠤ ᠰᠤᠯᠠ ᠬᠠᠶᠠᠭᠳᠠᠭᠰᠠᠨ ᠪᠠᠶᠢᠪᠠᠯ᠂ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠴᠢᠩᠭ᠎ᠠ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠪᠢᠴᠢᠭᠯᠡᠭᠰᠡᠨ ᠭᠡᠷᠡᠴᠢ ᠭᠠᠷᠭᠠᠵᠤ᠂ ᠵᠠᠰᠠᠭ ᠤᠨ ᠣᠷᠳᠤᠨ ᠤ ᠰᠢᠯᠲᠠᠭᠠᠨ ᠢ ᠠᠷᠢᠯᠭᠠᠭᠰᠠᠨ ᠤ ᠳᠠᠷᠠᠭ᠎ᠠ᠂ ᠨᠦᠬᠦᠪᠦᠷᠢ ᠭᠡᠷ᠎ᠡ ᠲᠣᠭᠲᠠᠭᠠᠵᠤ᠂ ᠪᠠᠷᠢᠯᠭ᠎ᠠ ᠳᠠᠭᠤᠰᠬᠤ ᠬᠤᠭᠤᠴᠠᠭ᠎ᠠ ᠶᠢ ᠳᠠᠬᠢᠵᠤ ᠪᠣᠯᠵᠣᠨ ᠲᠣᠭᠲᠠᠭᠠᠬᠤ ᠬᠡᠷᠡᠭᠲᠡᠢ᠃      ᠬᠤᠲᠠ ᠶᠢᠨ ᠲᠦᠯᠦᠪᠵᠢᠭᠦᠯᠭᠡ ᠶᠢ ᠲᠣᠬᠢᠷᠠᠭᠤᠯᠬᠤ᠂ ᠭᠠᠵᠠᠷ ᠰᠢᠷᠤᠢ ᠬᠠᠩᠭᠠᠬᠤ ᠲᠦᠯᠦᠪᠵᠢᠭᠦᠯᠭᠡ ᠳᠤ ᠲᠣᠬᠢᠷᠠᠭᠤᠯᠤᠭᠰᠠᠨ ᠨᠦᠬᠦᠴᠡᠯ ᠢ ᠬᠤᠪᠢᠷᠠᠭᠤᠯᠬᠤ ᠪᠠᠷ ᠲᠦᠯᠦᠪᠯᠡᠵᠦ ᠪᠠᠶᠢᠭ᠎ᠠ ᠵᠡᠷᠭᠡ ᠰᠢᠯᠲᠠᠭᠠᠨ ᠠᠴᠠ ᠪᠣᠯᠣᠭᠰᠠᠨ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢ ᠪᠤᠯ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠤᠨ ᠨᠤᠭᠤᠳ ᠬᠤᠲᠠ ᠶᠢᠨ ᠲᠦᠯᠦᠪᠵᠢᠭᠦᠯᠭᠡ ᠶᠢᠨ ᠰᠠᠯᠠᠭ᠎ᠠ ᠮᠦᠴᠢᠷ ᠢ ᠰᠢᠮᠳᠠᠭᠤᠯᠤᠨ ᠲᠦᠯᠦᠪᠵᠢᠭᠦᠯᠭᠡ ᠶᠢᠨ ᠨᠦᠬᠦᠴᠡᠯ ᠢ ᠲᠦᠷᠭᠡᠳᠭᠡᠨ ᠲᠣᠭᠲᠠᠭᠠᠵᠤ᠂ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠬᠠᠷᠰᠢ ᠰᠠᠭᠠᠳ ᠢ ᠠᠷᠢᠯᠭᠠᠬᠤ ᠬᠡᠷᠡᠭᠲᠡᠢ᠃ 2015 ᠣᠨ ᠤ 9 ᠳ᠋ᠤᠭᠡᠷ ᠰᠠᠷ᠎ᠠ ᠶᠢᠨ 30 ᠤ ᠡᠳᠦᠷ ᠠᠴᠠ ᠡᠮᠦᠨ᠎ᠡ᠂ ᠬᠤᠲᠠ ᠶᠢᠨ ᠲᠦᠯᠦᠪᠵᠢᠭᠦᠯᠭᠡ ᠶᠢᠨ ᠰᠠᠯᠠᠭ᠎ᠠ ᠮᠦᠴᠢᠷ ᠤᠳ ᠰᠢᠨ᠎ᠡ ᠪᠠᠷ ᠵᠥᠪᠰᠢᠶᠡᠷᠡᠨ ᠬᠡᠷᠡᠭᠵᠢᠭᠦᠯᠬᠦ ᠬᠤᠲᠠ ᠶᠢᠨ ᠲᠦᠯᠦᠪᠵᠢᠭᠦᠯᠭᠡ᠂ ᠬᠢᠵᠠᠭᠠᠷᠯᠠᠬᠤ ᠴᠢᠨᠠᠷᠲᠠᠢ ᠨᠠᠷᠢᠨ ᠨᠢᠭᠲᠠ ᠲᠦᠯᠦᠪᠵᠢᠭᠦᠯᠭᠡ ᠶᠤᠰᠤᠭᠠᠷ ᠭᠠᠵᠠᠷ ᠰᠢᠷᠤᠢ ᠬᠠᠩᠭᠠᠬᠤ ᠲᠦᠯᠦᠪᠵᠢᠭᠦᠯᠭᠡ ᠳᠤ ᠲᠣᠬᠢᠷᠠᠭᠤᠯᠬᠤ ᠨᠦᠬᠦᠴᠡᠯ ᠢ ᠳᠤᠷᠠᠳᠴᠤ ᠳᠡᠶᠢᠯᠬᠦ ᠦᠭᠡᠢ᠂ ᠡᠰᠡᠭᠦᠯ᠎ᠡ ᠲᠦᠯᠦᠪᠵᠢᠭᠦᠯᠭᠡ ᠳᠤ ᠲᠣᠬᠢᠷᠠᠭᠤᠯᠤᠭᠰᠠᠨ ᠨᠦᠬᠦᠴᠡᠯ ᠢ ᠬᠤᠪᠢᠷᠠᠭᠤᠯᠬᠤ ᠲᠣᠭᠲᠠᠭᠠᠯ ᠭᠠᠷᠭᠠᠬᠰᠠᠨ ᠪᠠᠶᠢᠪᠠᠯ᠂ ᠡᠷᠬᠡᠪᠰᠢ ᠣᠳᠣ ᠶᠢᠨ ᠬᠡᠷᠡᠭᠵᠢᠭᠦᠯᠵᠦ ᠪᠠᠶᠢᠭ᠎ᠠ ᠲᠦᠯᠦᠪᠵᠢᠭᠦᠯᠭᠡ ᠶᠤᠰᠤᠭᠠᠷ ᠲᠦᠯᠦᠪᠵᠢᠭᠦᠯᠭᠡ ᠳᠤ ᠲᠣᠬᠢᠷᠠᠭᠤᠯᠬᠤ ᠨᠦᠬᠦᠴᠡᠯ ᠢ ᠳᠤᠷᠠᠳᠬᠤ ᠬᠡᠷᠡᠭᠲᠡᠢ᠃      ︵3︶ ᠠᠵᠤ ᠠᠬᠤᠶᠢᠯᠠᠯ ᠤᠨ ᠰᠢᠯᠲᠠᠭᠠᠨ ᠠᠴᠠ ᠪᠣᠯᠵᠤ᠂ ᠪᠦᠬᠦᠯᠢ 2 ᠵᠢᠯ ᠠᠵᠢᠯ ᠡᠬᠢᠯᠡᠭᠦᠯᠵᠦ ᠨᠡᠭᠡᠭᠡᠨ ᠠᠰᠢᠭᠯᠠᠭᠰᠠᠨ ᠦᠭᠡᠢ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢ ᠭᠠᠵᠠᠷ ᠰᠢᠷᠤᠢ ᠬᠡᠷᠡᠭᠯᠡᠬᠦ ᠲᠠᠯ᠎ᠠ ᠨᠢ ᠵᠠᠰᠠᠭ ᠤᠨ ᠣᠷᠳᠤᠨ ᠳᠤ ᠠᠮᠠᠯᠳᠠᠭᠰᠠᠨ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠪᠠᠷ ᠮᠠᠭᠠᠳᠯᠠᠨ ᠲᠣᠭᠲᠠᠭᠠᠭᠰᠠᠨ ᠠᠴᠠ ᠡᠬᠢᠯᠡᠨ 1 ᠵᠢᠯ ᠤᠨ ᠳᠤᠲᠤᠷ᠎ᠠ ᠠᠵᠢᠯ ᠡᠬᠢᠯᠡᠭᠦᠯᠵᠦ ᠪᠦᠲᠦᠭᠡᠨ ᠪᠠᠶᠢᠭᠤᠯᠤᠭᠰᠠᠨ ᠪᠣᠯ ᠣᠷᠣᠨ ᠨᠤᠲᠤᠭ ᠤᠨ ᠵᠠᠰᠠᠭ ᠤᠨ ᠣᠷᠳᠤᠨ ︽ᠬᠡᠷᠡᠭᠯᠡᠬᠦ ᠶᠢ ᠲᠡᠷᠢᠭᠦᠨ ᠳᠤ ᠲᠠᠯᠪᠢᠬᠤ︾ ᠵᠠᠷᠴᠢᠮ ᠶᠤᠰᠤᠭᠠᠷ ᠭᠠᠵᠠᠷ ᠰᠢᠷᠤᠢ ᠶᠢ ᠲᠦᠷ ᠬᠤᠷᠢᠶᠠᠨ ᠠᠪᠬᠤ ᠦᠭᠡᠢ ᠪᠠᠶᠢᠵᠤ ᠪᠣᠯᠣᠨ᠎ᠠ᠂ ᠬᠤᠭᠤᠴᠠᠭ᠎ᠠ ᠨᠢ ᠬᠡᠲᠦᠷᠡᠲᠡᠯ᠎ᠡ ᠠᠮᠠᠯᠠᠯᠲᠠ ᠪᠠᠨ ᠭᠦᠢᠴᠡᠳᠭᠡᠭᠰᠡᠨ ᠦᠭᠡᠢ ᠪᠣᠯ᠂ ᠣᠷᠣᠨ ᠨᠤᠲᠤᠭ ᠤᠨ ᠵᠠᠰᠠᠭ ᠤᠨ ᠣᠷᠳᠤᠨ ᠠᠴᠠ ᠭᠠᠵᠠᠷ ᠰᠢᠷᠤᠢ ᠶᠢ ᠦᠨ᠎ᠡ ᠲᠦᠯᠦᠪᠦᠷᠢ ᠦᠭᠡᠢ ᠪᠠᠷ ᠬᠤᠷᠢᠶᠠᠨ ᠠᠪᠤᠨ᠎ᠠ᠃ ᠠᠵᠤ ᠠᠬᠤᠶᠢᠯᠠᠯ ᠤᠨ ᠰᠢᠯᠲᠠᠭᠠᠨ ᠠᠴᠠ ᠪᠣᠯᠣᠭᠰᠠᠨ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢ ᠦᠷᠭᠦᠯᠵᠢᠯᠡᠨ ᠨᠡᠬᠡᠬᠡᠨ ᠠᠰᠢᠭᠯᠠᠵᠤ ᠪᠦᠲᠦᠭᠡᠨ ᠪᠠᠶᠢᠭᠤᠯᠬᠤ ᠴᠢᠳᠠᠯ ᠦᠭᠡᠢ ᠪᠣᠯ᠂ ᠬᠤᠷᠰᠢᠨ ᠠᠵᠢᠯᠯᠠᠵᠤ ᠨᠡᠭᠡᠭᠡᠨ ᠠᠰᠢᠭᠯᠠᠬᠤ ᠵᠡᠷᠭᠡ ᠠᠷᠭ᠎ᠠ ᠮᠠᠶ᠋ᠢᠭ ᠢᠶᠠᠷ ᠰᠢᠢᠳᠪᠦᠷᠢᠯᠡᠵᠦ ᠪᠣᠯᠣᠨ᠎ᠠ᠃      ︵4︶ ᠬᠠᠤᠯᠢ ᠴᠠᠭᠠᠵᠠ ᠶᠢᠨ ᠪᠠᠶᠢᠴᠠᠭᠠᠨ ᠪᠢᠲᠡᠭᠦᠮᠵᠢᠯᠡᠭᠰᠡᠨ ᠠᠴᠠ ᠪᠣᠯᠵᠤ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢ ᠰᠢᠢᠳᠪᠦᠷᠢᠯᠡᠬᠦ ᠶᠢᠨ ᠠᠷᠭ᠎ᠠ ᠦᠭᠡᠢ ᠪᠣᠯᠣᠭᠰᠠᠨ ᠪᠣᠯ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠤᠨ ᠨᠤᠭᠤᠳ ᠠᠴᠠ ᠬᠠᠤᠯᠢ ᠴᠠᠭᠠᠵᠠ ᠶᠢᠨ ᠪᠠᠶᠢᠭᠤᠯᠭ᠎ᠠ ᠯᠤᠭ᠎ᠠ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠵᠤ᠂ ᠬᠠᠤᠯᠢ ᠴᠠᠭᠠᠵᠠ ᠶᠢᠨ ᠳᠡᠰ ᠳᠠᠷᠠᠭᠠᠯᠠᠯ ᠢ ᠲᠦᠷᠭᠡᠳᠭᠡᠨ ᠭᠦᠢᠴᠡᠳᠭᠡᠵᠦ᠂ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢ ᠰᠢᠢᠳᠪᠦᠷᠢᠯᠡᠬᠦ ᠳᠡᠰ ᠳᠠᠷᠠᠭᠠᠯᠠᠯ ᠢ ᠳᠠᠷᠦ᠋ᠢᠬᠠᠨ ᠡᠬᠢᠯᠡᠭᠦᠯᠬᠦ ᠬᠡᠷᠡᠭᠲᠡᠢ᠃      ︵5︶ 2013 ᠣᠨ ᠤ 8 ᠳ᠋ᠤᠭᠠᠷ ᠰᠠᠷ᠎ᠠ ᠳᠤ ᠣᠷᠳᠤᠰ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠨᠡᠶᠢᠳᠡᠯᠡᠭᠰᠡᠨ ︽ᠲᠠᠸᠠᠷ ᠤᠨ ᠭᠡᠷ ᠪᠠᠶᠢᠰᠢᠩ ᠢ ᠨᠡᠭᠡᠭᠡᠨ ᠬᠥᠭᠵᠢᠭᠦᠯᠬᠦ ᠶᠢ ᠴᠢᠩᠭ᠎ᠠ ᠬᠢᠵᠠᠭᠠᠷᠯᠠᠬᠤ ᠬᠠᠮᠢᠶ᠎ᠠ ᠪᠦᠬᠦᠢ ᠵᠦᠢᠯᠡᠰ ᠤᠨ ᠲᠣᠬᠠᠢ ᠲᠣᠪᠴᠢ︾ ᠶᠢᠨ ᠳᠠᠷᠠᠭ᠎ᠠ ᠪᠣᠢ ᠪᠣᠯᠣᠭᠰᠠᠨ ᠵᠥᠪᠰᠢᠶᠡᠷᠡᠭᠡᠳ ᠦᠯᠦ ᠬᠠᠩᠭᠠᠭᠰᠠᠨ᠂ ᠰᠤᠯᠠ ᠬᠠᠶᠠᠵᠤ ᠨᠡᠭᠡᠭᠡᠨ ᠠᠰᠢᠭᠯᠠᠬᠤ ᠪᠠᠷ ᠲᠦᠯᠦᠪᠯᠡᠵᠦ ᠪᠠᠶᠢᠭ᠎ᠠ ᠭᠡᠷ ᠪᠠᠶᠢᠰᠢᠩ ᠭᠠᠵᠠᠷ ᠬᠦᠷᠦᠩᠬᠡ ᠳᠤ ᠬᠡᠷᠡᠭᠯᠡᠬᠦ ᠭᠠᠵᠠᠷ ᠰᠢᠷᠤᠢ ᠶᠢ ᠪᠤᠯ ᠲᠣᠬᠢᠷᠠᠭᠤᠯᠤᠨ ᠠᠰᠢᠭᠯᠠᠬᠤ ᠲᠥᠷᠥ ᠶᠢᠨ ᠪᠣᠳᠣᠯᠭ᠎ᠠ ︵ᠬᠡᠷᠡᠭᠴᠡᠭᠡ᠂ ᠣᠷᠣᠨ ᠵᠠᠢ ᠶᠢ ᠵᠡᠷᠭᠡ ᠪᠠᠷ ᠲᠣᠬᠢᠷᠠᠭᠤᠯᠬᠤ︶ ᠳᠤ ᠢᠳᠡᠪᠬᠢᠲᠡᠢ ᠲᠦᠰᠢᠭᠯᠡᠨ ᠬᠡᠪᠴᠢᠶ᠎ᠡ ᠶᠢ ᠨᠢ ᠡᠵᠡᠮᠰᠢᠬᠦ ᠬᠡᠷᠡᠭᠲᠡᠢ᠃ ᠲᠣᠬᠢᠷᠠᠭᠤᠯᠬᠤ ᠳᠤ ᠪᠡᠷᠬᠡ ᠲᠠᠢ ᠪᠠᠶᠢᠪᠠᠯ᠂ ᠵᠠᠰᠠᠭ ᠤᠨ ᠣᠷᠳᠤᠨ ᠤ ᠲᠤᠰ ᠭᠠᠵᠠᠷ ᠣᠷᠣᠨ ᠤ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠲᠥᠭᠰᠢᠭᠦᠷᠢ ᠶᠢᠨ ᠲᠣᠬᠢᠷᠠᠭᠤᠯᠤᠨ ᠡᠵᠡᠮᠰᠢᠵᠦ ᠲᠠᠯᠪᠢᠬᠤ ᠴᠢᠬᠤᠯᠠ ᠠᠷᠭ᠎ᠠ ᠬᠡᠮᠵᠢᠶ᠎ᠠ ᠪᠠᠷ ᠦᠵᠡᠵᠦ ᠪᠣᠯᠣᠨ᠎ᠠ᠃      ︵6︶ ᠭᠠᠵᠠᠷ ᠰᠢᠷᠤᠢ ᠶᠢ ᠠᠷᠪᠢᠲᠠᠢ ᠡᠷᠴᠢᠮᠲᠡᠢ ᠬᠡᠷᠡᠭᠯᠡᠬᠦ ᠲᠥᠷᠥ ᠶᠢᠨ ᠪᠣᠳᠣᠯᠭ᠎ᠠ ᠶᠢ ᠴᠢᠩᠭᠠᠳᠬᠠᠬᠤ ᠬᠡᠷᠡᠭᠲᠡᠢ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠤᠢ ᠶᠢᠨ ᠨᠡᠮᠡᠭᠳᠡᠯ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠦᠯᠡᠳᠡᠭᠡᠯ ᠬᠡᠮᠵᠢᠶ᠎ᠡ ᠶᠢ ᠢᠳᠡᠪᠬᠢᠲᠡᠢ ᠪᠠᠷ ᠴᠢᠯᠦᠭᠡᠲᠡᠢ ᠭᠦᠢᠯᠭᠡᠭᠡᠵᠦ᠂ ᠰᠢᠨ᠎ᠡ ᠪᠠᠷ ᠡᠬᠢᠯᠡᠭᠦᠯᠬᠦ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠣᠳᠣ ᠶᠢᠨ ᠪᠠᠶᠢᠭ᠎ᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠤᠢ ᠪᠣᠯᠣᠨ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢ ᠤᠷᠢᠳᠠᠪᠠᠷ ᠠᠰᠢᠭᠯᠠᠵᠤ᠂ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠵᠡᠷᠭᠡ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠰᠢᠷᠤᠢ ᠶᠢ ᠴᠢᠯᠦᠭᠡᠲᠡᠢ ᠭᠦᠢᠯᠭᠡᠭᠡᠬᠦ ᠶᠢ ᠵᠣᠷᠢᠬᠵᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠬᠡᠷᠡᠭᠲᠡᠢ᠃      ︵7︶ ᠭᠠᠵᠠᠷ ᠰᠢᠷᠤᠢ ᠠᠰᠢᠭᠯᠠᠭᠰᠠᠨ ᠬᠦᠳᠡᠯᠦᠩᠭᠦᠢ ᠬᠢᠨᠠᠨ ᠰᠢᠯᠭᠠᠬᠤ ᠪᠠ ᠭᠠᠵᠠᠷ ᠰᠢᠷᠤᠢ ᠠᠰᠢᠭᠯᠠᠭᠰᠠᠨ ᠬᠦᠳᠡᠯᠦᠩᠭᠦᠢ ᠲᠣᠭᠤᠷᠢᠨ ᠪᠠᠶᠢᠴᠠᠭᠠᠬᠤ ᠵᠡᠷᠭᠡ ᠤᠳᠣ ᠦᠶ᠎ᠡ ᠶᠢᠨ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠵᠦ᠂ ᠭᠠᠵᠠᠷ ᠰᠢᠷᠤᠢ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠴᠢᠳᠠᠪᠤᠷᠢ ᠶᠢᠨ ᠪᠠᠶᠢᠭᠤᠯᠤᠯᠲᠠ ᠪᠠ ᠦᠨᠳᠦᠰᠦᠨ ᠱᠠᠲᠤᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠬᠤᠰᠢᠭᠤ ᠰᠢᠶᠠᠨ ︵ᠬᠤᠲᠠ ᠂ ᠲᠣᠭᠤᠷᠢᠭ︶ ᠤ ᠠᠷᠠᠳ ᠤᠨ ᠵᠠᠰᠠᠭ ᠤᠨ ᠣᠷᠳᠤᠨ ᠨᠤᠭᠤᠳ ᠦᠨᠳᠦᠰᠦᠨ ᠱᠠᠲᠤᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠬᠠᠮᠢᠶᠠᠷᠤᠯᠲᠠ ᠶᠢᠨ ᠭᠠᠵᠠᠷ ᠤᠨ ᠪᠠᠶᠢᠭᠤᠯᠤᠮᠵᠢ᠂ ᠣᠷᠣᠨ ᠲᠤᠭ᠎ᠠ᠂ ᠵᠠᠷᠤᠳᠠᠯ᠂ ᠮᠡᠳᠡᠭᠡ ᠵᠠᠩᠭᠢ ᠶᠢᠨ ᠰᠦᠯᠵᠢᠶ᠎ᠡ ᠶᠢ ᠪᠣᠲᠠᠲᠠᠶᠢᠵᠢᠭᠤᠯᠬᠤ ᠶᠢ ᠪᠠᠲᠤᠯᠠᠵᠤ᠂ ᠦᠨᠳᠦᠰᠦᠨ ᠱᠠᠲᠤᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠤᠢ ᠶᠢ ᠵᠥᠪᠰᠢᠶᠡᠷᠡᠭᠰᠡᠨ ᠤ ᠳᠠᠷᠠᠭᠠᠬᠢ ᠬᠦᠳᠡᠯᠦᠩᠭᠦᠢ ᠲᠣᠭᠤᠷᠢᠨ ᠪᠠᠶᠢᠴᠠᠭᠠᠬᠤ ᠪᠠ ᠬᠡᠪᠰᠢᠭᠦᠯᠦᠨ ᠬᠢᠨᠠᠨ ᠬᠠᠮᠢᠶᠠᠷᠬᠤ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠢ᠃      ︵ᠳᠥᠷᠪᠡ︶ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠤᠨ ᠨᠤᠭᠤᠳ ᠭᠠᠵᠠᠷ ᠰᠢᠷᠤᠢ ᠶᠢᠨ ᠬᠠᠮᠢᠶᠠᠷᠤᠯᠲᠠ ᠵᠢᠴᠢ ᠣᠳᠣ ᠶᠢᠨ ᠬᠡᠷᠡᠭᠵᠢᠭᠦᠯᠵᠦ ᠪᠠᠶᠢᠭ᠎ᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠵᠦᠷᠢᠴᠡᠭᠰᠡᠨ ᠪᠢᠴᠢᠭ ᠮᠠᠲ᠋ᠧᠷᠢᠶᠠᠯ ᠢᠶᠠᠨ ᠲᠦᠷᠭᠡᠳᠭᠡᠨ ᠢᠯᠭᠠᠷᠠᠭᠤᠯᠬᠤ ᠶᠢᠨ ᠬᠠᠮᠲᠤ᠂ ᠬᠠᠮᠢᠶ᠎ᠠ ᠪᠦᠬᠦᠢ ᠪᠠᠶᠢᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠮᠡᠳᠡᠭᠦᠯᠦᠯᠲᠡ ᠳᠤ ᠣᠷᠤᠭᠤᠯᠬᠤ ᠬᠡᠷᠡᠭᠲᠡᠢ᠃      ︵ᠲᠠᠪᠤ︶ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠲᠤᠤᠷᠠᠳᠤ ᠱᠠᠳᠤᠨ ᠠᠴᠠ ᠳᠡᠭᠡᠳᠤ ᠱᠠᠲᠤ ᠳᠠᠷᠠᠭᠠᠯᠠᠨ ᠬᠤᠷᠢᠶᠠᠩᠭᠤᠶᠢᠯᠠᠨ ᠮᠡᠳᠡᠭᠦᠯᠬᠦ ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠵᠠᠬᠢᠷᠭᠠᠨ ᠤ ᠣᠷᠣᠨ ᠤ ᠲᠦᠯᠦᠭᠡᠯᠡᠬᠦ ᠲᠡᠮᠲᠡᠭ ᠦᠭᠡᠢ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠨᠢ ᠭᠠᠵᠠᠷ ᠰᠢᠷᠤᠢ ᠬᠠᠩᠭᠠᠬᠤ ᠭᠤᠣᠯ ᠴᠣᠭᠴᠠ ᠪᠣᠯᠣᠭᠰᠠᠨ ᠪᠣᠯ᠂ ᠪᠣᠲᠠᠲᠠᠢ ᠬᠠᠮᠢᠶᠠᠷᠴᠤ ᠪᠠᠶᠢᠭ᠎ᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠤᠢ ᠬᠠᠩᠭᠠᠬᠤ ᠬᠡᠪᠴᠢᠶᠡᠨ ᠳᠣᠲᠤᠷᠠᠬᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠰᠠᠭᠠᠷ ᠪᠦᠷᠢᠳᠭᠡᠭᠰᠡᠨ ᠤ ᠳᠠᠷᠠᠭ᠎ᠠ᠂ ᠰᠠᠭᠤᠭ᠎ᠠ ᠬᠤᠰᠢᠭᠤ ᠰᠢᠶᠠᠨ ᠤ ᠱᠠᠲᠤ ᠪᠣᠶᠣ ᠬᠤᠲᠠ ᠶᠢᠨ ᠱᠠᠲᠤᠨ ᠤ ᠵᠠᠰᠠᠭ ᠵᠠᠬᠢᠷᠭᠠᠨ ᠤ ᠣᠷᠣᠨ ᠤ ᠬᠤᠷᠢᠶᠠᠩᠭᠤᠶᠢᠯᠠᠯ ᠳᠤ ᠣᠷᠤᠭᠤᠯᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠳᠤ ᠮᠡᠳᠡᠭᠦᠯᠬᠦ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠡᠯ᠎ᠡ ᠠᠶᠢᠮᠠᠭ ᠬᠤᠲᠠ ᠠᠴᠠ ᠬᠤᠷᠢᠶᠠᠩᠭᠤᠶᠢᠯᠠᠭᠰᠠᠨ ᠤ ᠳᠠᠷᠠᠭ᠎ᠠ ᠮᠡᠳᠡᠭᠦᠯᠦᠨ ᠬᠦᠷᠭᠡᠨ᠎ᠡ᠃ ᠤᠯᠤᠰ ᠤᠨ ᠭᠠᠵᠠᠷ ᠰᠢᠷᠤᠢ ᠶᠢ ᠬᠢᠨᠠᠨ ᠪᠠᠶᠢᠴᠠᠭᠠᠬᠤ ᠪᠡᠭᠡᠵᠢᠩ ᠤᠨ ᠲᠣᠪᠴᠢᠶ᠎ᠠ ᠳᠤ ᠮᠡᠳᠡᠭᠦᠯᠬᠦ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠦᠪᠡᠷᠲᠡᠭᠡᠨ ᠵᠠᠰᠬᠠᠤ ᠣᠷᠣᠨ ᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠬᠤᠷᠢᠶᠠᠩᠭᠤᠶᠢᠯᠠᠨ ᠳᠡᠭᠡᠭᠰᠢ ᠮᠡᠳᠡᠭᠦᠯᠦᠨ᠎ᠡ᠃ ᠬᠤᠷᠢᠶᠠᠩᠭᠤᠶᠢᠯᠠᠨ ᠳᠡᠭᠡᠭᠰᠢ ᠮᠡᠳᠡᠭᠦᠯᠬᠦ ᠠᠭᠤᠯᠭ᠎ᠠ ᠨᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠮᠡᠳᠡᠭᠦᠯᠦᠯᠲᠡ ᠪᠠᠶᠢᠵᠦ᠂ ᠳᠠᠭᠠᠯᠳᠤᠭᠤᠯᠤᠯ ᠨᠢ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠥᠪᠰᠢᠶᠡᠷᠡᠭᠡᠳ ᠦᠯᠦ ᠬᠠᠩᠭᠠᠭᠰᠠᠨ ᠭᠠᠵᠠᠷ ᠰᠢᠷᠤᠢ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠤᠷᠢᠶᠠᠩᠭᠤᠢ ᠬᠦᠰᠦᠨᠦᠭᠲᠦ︾᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠤᠷᠢᠶᠠᠩᠭᠤᠢ ᠬᠦᠰᠦᠨᠦᠭᠲᠦ︾᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠨᠠᠷᠢᠨ ᠬᠦᠰᠦᠨᠦᠭᠲᠦ︾᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠭᠠᠵᠠᠷ ᠰᠢᠷᠤᠢ ᠶᠢ ᠰᠢᠮᠳᠠᠭᠤᠯᠤᠨ ᠪᠠᠶᠢᠴᠠᠭᠠᠵᠤ᠂ ᠬᠢᠨᠠᠨ ᠪᠤᠳᠤᠬᠤ ᠳᠤ ᠢᠯᠡᠷᠡᠭᠦᠯᠦᠭᠰᠡᠨ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠦᠰᠦᠨᠦᠭᠲᠦ︾ ᠪᠤᠯᠤᠨ᠎ᠠ᠃ ᠳᠠᠭᠠᠯᠳᠤᠭᠤᠯᠤᠯ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠨᠠᠷᠢᠨ ᠬᠦᠰᠦᠨᠦᠭᠲᠦ︾ ᠶᠢ ᠡᠯᠧᠺᠲᠷᠣᠨ ᠪᠢᠴᠢᠭᠯᠡᠯ ᠢᠶᠠᠷ ᠳᠡᠭᠡᠭᠰᠢ ᠮᠡᠳᠡᠭᠦᠯᠬᠦ ᠶᠢᠨ ᠬᠠᠮᠲᠤ᠂ ᠪᠠᠶᠢᠳᠠᠯ ᠤᠨ ᠮᠡᠳᠡᠭᠦᠯᠦᠯᠲᠡ ᠳᠤ ︽ᠡᠯᠧᠺᠲᠷᠣᠨ ᠪᠢᠴᠢᠭᠯᠡᠯ ᠳᠤ ᠦᠵᠡᠭᠡᠷᠡᠢ︾ ᠭᠡᠵᠦ ᠲᠡᠮᠲᠡᠭᠯᠡᠨ ᠲᠤᠳᠤᠷᠬᠠᠶᠢᠯᠠᠬᠤ ᠬᠡᠷᠡᠭᠲᠡᠢ᠃     ᠳᠥᠷᠪᠠ᠂ ᠠᠬᠢᠴᠠ ᠶᠢᠨ ᠲᠣᠬᠢᠷᠠᠭᠤᠯᠤᠯᠲᠠ      ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠭᠤᠷᠪᠠᠨ ᠴᠠᠭ ᠬᠤᠭᠤᠴᠠᠭ᠎ᠠ ᠬᠤᠪᠢᠶᠠᠨ ᠬᠦᠳᠡᠯᠦᠩᠭᠦᠢ ᠪᠠᠷ ᠪᠦᠷᠢᠳᠭᠡᠨ ᠬᠤᠷᠢᠶᠠᠩᠭᠤᠶᠢᠯᠠᠵᠤ ᠳᠡᠭᠡᠭᠰᠢ ᠮᠡᠳᠡᠭᠦᠯᠬᠦ ᠶᠢ ᠬᠡᠷᠡᠭᠵᠢᠭᠦᠯᠵᠦ᠂ ᠪᠦᠷᠢᠳᠭᠡᠬᠦ ᠪᠠᠷ ᠲᠣᠭᠲᠠᠭᠰᠠᠨ ᠴᠠᠭ ᠨᠢ ᠲᠤᠰ ᠲᠤᠰ 2015 ᠣᠨ ᠤ 6 ᠳ᠋ᠤᠭᠠᠷ ᠰᠠᠷ᠎ᠠ ᠶᠢᠨ 30 ᠤ ᠡᠳᠦᠷ᠂ 9 ᠳ᠋ᠤᠭᠡᠷ ᠰᠠᠷ᠎ᠠ ᠶᠢᠨ 30 ᠤ ᠡᠳᠦᠷ᠂ 11 ᠳ᠋ᠤᠭᠡᠷ ᠰᠠᠷ᠎ᠠ ᠶᠢᠨ 30 ᠤ ᠡᠳᠦᠷ ᠪᠤᠯᠤᠨ᠎ᠠ᠂ ᠠᠶᠢᠮᠠᠭ ᠬᠤᠲᠠ ᠶᠢᠨ ᠬᠢᠨ ᠦᠪᠡᠷᠲᠡᠭᠡᠨ ᠵᠠᠰᠠᠬᠤ ᠣᠷᠣᠨ ᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠬᠦ ᠬᠢᠵᠠᠭᠠᠷᠯᠠᠭᠰᠠᠨ ᠴᠠᠭ ᠬᠤᠭᠤᠴᠠᠭ᠎ᠠ ᠨᠢ ᠲᠤᠰ ᠲᠤᠰ ᠪᠦᠷᠢᠳᠭᠡᠭᠰᠡᠨ ᠴᠠᠭ ᠬᠤᠭᠤᠴᠠᠭ᠎ᠠ ᠠᠴᠠ ᠬᠤᠶᠢᠰᠢᠬᠢ 6 ᠡᠳᠦᠷ ᠤᠨ ᠲᠤᠳᠤᠷ᠎ᠠ ᠪᠠᠶᠢᠬᠤ ᠬᠡᠷᠡᠭᠳᠡᠢ᠃ ᠦᠪᠡᠷᠲᠡᠭᠡᠨ ᠵᠠᠰᠠᠬᠤ ᠣᠷᠣᠨ ᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠢᠨ ᠤᠯᠤᠰ ᠤᠨ ᠭᠠᠵᠠᠷ ᠰᠢᠷᠤᠢ ᠶᠢ ᠬᠢᠨᠠᠨ ᠪᠠᠶᠢᠴᠠᠭᠠᠬᠤ ᠪᠡᠭᠡᠵᠢᠩ ᠤᠨ ᠲᠣᠪᠴᠢᠶ᠎ᠠ ᠳᠤ ᠮᠡᠳᠡᠭᠦᠯᠬᠦ ᠬᠢᠵᠠᠭᠠᠷᠯᠠᠭᠰᠠᠨ ᠴᠠᠭ ᠬᠤᠭᠤᠴᠠᠭ᠎ᠠ ᠨᠢ ᠡᠯ᠎ᠡ ᠪᠦᠷᠢᠳᠭᠡᠭᠰᠡᠨ ᠴᠠᠭ ᠬᠤᠭᠤᠴᠠᠭ᠎ᠠ ᠠᠴᠠ ᠬᠤᠶᠢᠰᠢᠬᠢ 10 ᠡᠳᠦᠷ ᠤᠨ ᠳᠤᠲᠤᠷ᠎ᠠ ᠪᠠᠶᠢᠬᠤ ᠬᠡᠷᠡᠭᠳᠡᠢ᠃ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠴᠠᠭ ᠬᠤᠭᠤᠴᠠᠭ᠎ᠠ ᠨᠢ ᠲᠤᠯᠲᠠᠯ᠎ᠠ ᠮᠡᠳᠡᠭᠦᠯᠦᠭᠰᠡᠨ ᠦᠭᠡᠢ ᠪᠣᠶᠣ ᠳᠡᠭᠡᠭᠰᠢ ᠮᠡᠳᠡᠭᠦᠯᠦᠭᠰᠡᠨ ᠪᠠᠶᠢᠳᠠᠯ ᠨᠢ ᠠᠯᠳᠠᠭ᠎ᠠ ᠪᠤᠷᠤᠭᠤ ᠣᠷᠤᠰᠢᠵᠤ ᠦᠪᠡᠷᠲᠡᠭᠡᠨ ᠵᠠᠰᠠᠬᠤ ᠣᠷᠣᠨ ᠤ ᠬᠤᠷᠢᠶᠠᠩᠭᠤᠶᠢᠯᠠᠨ ᠳᠡᠭᠡᠭᠰᠢ ᠮᠡᠳᠡᠭᠦᠯᠬᠦ ᠶᠢ ᠨᠦᠯᠦᠭᠡᠯᠡᠭᠰᠡᠨ ᠪᠠᠶᠢᠪᠠᠯ᠂ ᠦᠪᠡᠷᠲᠡᠭᠡᠨ ᠵᠠᠰᠠᠬᠤ ᠣᠷᠣᠨ ᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠴᠠᠭ ᠬᠤᠭᠤᠴᠠᠭ᠎ᠠ ᠶᠢ ᠨᠢ ᠬᠤᠶᠢᠰᠢᠯᠠᠭᠤᠯᠤᠨ ᠬᠦᠯᠢᠶᠡᠬᠦ ᠦᠭᠡᠢ ᠪᠦᠭᠡᠳ ᠤᠯᠤᠰ ᠤᠨ ᠭᠠᠵᠠᠷ ᠰᠢᠷᠤᠢ ᠶᠢ ᠬᠢᠨᠠᠨ ᠪᠠᠶᠢᠴᠠᠭᠠᠬᠤ ᠪᠡᠭᠡᠵᠢᠩ ᠤᠨ ᠲᠣᠪᠴᠢᠶ᠎ᠠ ᠳᠤ ᠦᠨᠡᠨ ᠮᠦᠨ ᠢᠶᠠᠷ ᠨᠢ ᠬᠤᠷᠢᠶᠠᠩᠭᠤᠶᠢᠯᠠᠨ ᠮᠡᠳᠡᠭᠦᠯᠬᠦ ᠶᠢᠨ ᠬᠠᠮᠲᠤ᠂ ᠬᠤᠯᠪᠤᠭᠳᠠᠯ ᠪᠦᠬᠦᠢ ᠪᠠᠶᠢᠳᠠᠯ ᠢ ᠳᠠᠩᠰᠠᠨ ᠳᠤ ᠲᠡᠮᠲᠡᠭᠯᠡᠨ ᠦᠯᠡᠳᠡᠭᠡᠵᠦ᠂ ᠪᠦᠬᠦ ᠣᠷᠣᠨ ᠳᠤ ᠮᠡᠳᠡᠭᠡᠯᠡᠨ ᠰᠢᠭᠦᠮᠵᠢᠯᠡᠬᠦ ᠠᠭᠤᠯᠭ᠎ᠠ ᠪᠣᠯᠭᠠᠨ᠎ᠠ᠃      2015 ᠣᠨ ᠤ 7 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ᠂ ᠦᠪᠡᠷᠲᠡᠭᠡᠨ ᠵᠠᠰᠠᠬᠤ ᠣᠷᠣᠨ ᠠᠴᠠ ᠦᠪᠡᠷᠲᠡᠭᠡᠨ ᠵᠠᠰᠠᠬᠤ ᠣᠷᠣᠨ ᠤ ᠴᠡᠭᠴᠡᠯᠡᠨ ᠰᠠᠶᠢᠵᠢᠷᠠᠭᠤᠯᠬᠤ ᠶᠢ ᠵᠣᠬᠢᠶᠠᠨ ᠪᠠᠶᠢᠭᠤᠯᠤᠨ ᠤᠳᠤᠷᠢᠳᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠦᠰᠦᠯ ᠢ ᠲᠣᠭᠲᠠᠭᠠᠬᠤ ᠪᠠ ᠳᠠᠷᠤᠮᠠᠯᠯᠠᠨ ᠶᠠᠪᠤᠭᠤᠯᠬᠤ᠂ ᠪᠦᠬᠦ ᠣᠷᠣᠨ ᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠠᠶᠢᠴᠢᠯᠠᠨ ᠪᠠᠶᠢᠷᠢᠯᠠᠭᠤᠯᠬᠤ ᠲᠧᠯᠸᠢᠰ ᠳ᠋ᠢᠶᠠᠩᠬᠤᠸᠠ ᠶᠢᠨ ᠬᠤᠷᠠᠯ ᠢ ᠬᠤᠷᠠᠯᠳᠤᠭᠤᠯᠬᠤ ᠵᠡᠷᠭᠡ ᠠᠵᠢᠯ ᠢ ᠪᠡᠶᠡᠯᠡᠭᠦᠯᠬᠦ ᠬᠡᠷᠡᠭᠲᠡᠢ᠃ 7 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ᠂ ᠦᠪᠡᠷᠲᠡᠭᠡᠨ ᠵᠠᠰᠠᠬᠤ ᠣᠷᠣᠨ ᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠨᠢ ᠠᠶᠢᠮᠠᠭ ᠬᠤᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ ᠶᠢᠨ ᠬᠤᠷᠠᠯ ᠢ ᠬᠤᠷᠠᠯᠳᠤᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠷᠢᠯᠠᠭᠤᠯᠬᠤ᠂ ᠡᠬᠢᠯᠡᠭᠦᠯᠬᠦ᠂ ᠦᠷᠨᠢᠭᠦᠯᠬᠦ ᠳᠤᠮᠳᠠᠬᠢ ᠠᠰᠠᠭᠤᠳᠠᠯ ᠢ ᠰᠤᠯᠢᠯᠴᠠᠵᠤ᠂ ᠶᠠᠷᠢᠯᠴᠠᠵᠤ᠂ ᠰᠤᠳᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠶᠢᠳᠠᠪᠤᠷᠢᠵᠢᠭᠤᠯᠬᠤ ᠪᠠᠨ ᠲᠦᠷᠭᠡᠳᠭᠡᠨ ᠠᠬᠢᠭᠤᠯᠬᠤ ᠬᠡᠷᠡᠭᠲᠡᠢ᠃ 8 ᠳ᠋ᠤᠭᠠᠷ ᠰᠠᠷ᠎ᠠ ᠶᠢᠨ ᠳᠤᠮᠳᠠᠴᠢ ᠪᠠ ᠰᠡᠭᠦᠯᠴᠢ ᠪᠠᠷ᠂ ᠦᠪᠡᠷᠲᠡᠭᠡᠨ ᠵᠠᠰᠠᠬᠤ ᠣᠷᠣᠨ ᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠨᠢ ᠬᠢᠨᠠᠨ ᠪᠠᠶᠢᠴᠠᠭᠠᠬᠤ ᠳᠤᠭᠤᠶᠢᠯᠠᠩ ᠤᠳ ᠢ ᠵᠣᠬᠢᠶᠠᠨ ᠪᠠᠶᠢᠭᠤᠯᠤᠨ ᠡᠯ᠎ᠡ ᠭᠠᠵᠠᠷ ᠲᠤ ᠬᠦᠷᠴᠦ ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠣᠶᠢᠯᠠᠭᠠᠨ᠂ ᠴᠡᠭᠴᠡᠯᠡᠨ ᠰᠠᠶᠢᠵᠢᠷᠠᠭᠤᠯᠬᠤ ᠠᠵᠢᠯ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠵᠦ ᠪᠤᠲᠠᠲᠠᠶᠢᠵᠢᠭᠤᠯᠬᠤ ᠶᠢ ᠰᠢᠮᠳᠠᠭᠤᠯᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠨᠢ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠪᠦᠬᠦ ᠣᠷᠣᠨ ᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠠᠶᠢᠳᠠᠯ ᠤᠨ ᠬᠤᠯᠪᠣᠭᠳᠠᠯ ᠪᠦᠬᠦᠢ ᠮᠡᠳᠡᠭᠦᠯᠦᠯᠲᠡ ᠶᠢ ᠱᠠᠲᠤ ᠬᠤᠪᠢᠶᠠᠨ ᠰᠤᠨᠤᠰᠴᠤ᠂ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠠᠭ ᠲᠣᠬᠠᠢ ᠳᠤᠨᠢ ᠲᠣᠬᠢᠷᠠᠭᠤᠯᠵᠤ᠂ 11 ᠳ᠋ᠤᠭᠡᠷ ᠰᠠᠷ᠎ᠠ ᠶᠢᠨ 30 ᠤ ᠡᠳᠦᠷ ᠠᠴᠠ ᠡᠮᠦᠨ᠎ᠡ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠬᠦ ᠬᠡᠷᠡᠭᠲᠡᠢ᠃     ᠲᠠᠪᠤ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠨᠢ ᠵᠠᠰᠠᠭ ᠤᠨ ᠣᠷᠳᠤᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠦᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ ᠤᠨ ᠳᠠᠷᠤᠭ᠎ᠠ ᠪᠠᠷ ᠳᠡᠳ᠋ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠬᠥᠭᠵᠢᠭᠦᠯᠦᠯᠲᠡ ᠦᠭᠡᠷᠡᠴᠢᠯᠡᠯᠲᠡ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠠᠵᠤ ᠠᠬᠤᠢ ᠪᠠ ᠮᠡᠳᠡᠭᠡ ᠵᠠᠩᠬᠢᠵᠢᠯᠲᠠ᠂ ᠬᠢᠨᠠᠨ ᠪᠤᠳᠤᠬᠤ ᠵᠡᠷᠭᠡ ᠰᠠᠯᠠᠭ᠎ᠠ ᠮᠦᠴᠢᠷ ᠤᠳ ᠢᠶᠠᠷ ᠪᠦᠷᠢᠯᠳᠦᠭᠦᠨ ᠨᠢᠭᠡᠴᠡ ᠪᠣᠯᠭᠠᠭᠰᠠᠨ ᠦᠪᠡᠷᠲᠡᠭᠡᠨ ᠵᠠᠰᠠᠬᠤ ᠣᠷᠣᠨ ᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠦᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ ᠳᠤ ᠪᠠᠶᠢᠷᠢᠯᠠᠭᠤᠯᠤᠨ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠪᠠᠰᠠ ᠵᠣᠬᠢᠴᠠᠩᠭᠤᠢ ᠪᠠᠷ ᠵᠣᠬᠢᠶᠠᠨ ᠪᠠᠶᠢᠭᠤᠯᠤᠨ ᠤᠳᠤᠷᠢᠳᠬᠤ ᠪᠠᠶᠢᠭᠤᠯᠤᠮᠵᠢ ᠶᠢ ᠪᠠᠶᠢᠭᠤᠯᠵᠤ᠂ ᠲᠤᠰ ᠭᠠᠵᠠᠷ ᠣᠷᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠲᠤᠭ᠎ᠠ ᠬᠡᠮᠵᠢᠶ᠎ᠡ᠂ ᠴᠡᠭᠴᠡᠯᠡᠨ ᠰᠠᠶᠢᠵᠢᠷᠠᠭᠤᠯᠬᠤ ᠬᠦᠴᠢᠷᠳᠡᠯ ᠤᠨ ᠬᠡᠮᠵᠢᠶ᠎ᠡ᠂ ᠪᠣᠢ ᠪᠣᠯᠣᠭᠰᠠᠨ ᠰᠢᠯᠲᠠᠭᠠᠨ ᠤ ᠲᠦᠷᠦᠯ ᠬᠡᠯᠪᠡᠷᠢ ᠶᠢ ᠭᠦᠢᠴᠡᠳ ᠰᠤᠳᠤᠯᠤᠨ ᠵᠠᠳᠠᠯᠤᠭᠰᠠᠨ ᠰᠠᠭᠤᠷᠢᠨ ᠳᠡᠭᠡᠷ᠎ᠡ᠂ ᠴᠡᠭᠴᠡᠯᠡᠨ ᠰᠠᠶᠢᠵᠢᠷᠠᠭᠤᠯᠬᠤ ᠲᠦᠰᠦᠯ ᠢ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠤᠨ ᠰᠢᠯᠲᠠᠭᠠᠨ ᠤ ᠠᠳᠠᠯᠢ ᠪᠤᠰᠤ ᠶᠢ ᠦᠵᠡᠵᠦ ᠪᠠᠶᠢᠭᠠᠳ᠂ ᠨᠢᠭᠡ ᠪᠣᠶᠣ ᠬᠡᠳᠦᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠦᠮᠦᠰ ᠢᠶᠠᠷ ᠪᠦᠷᠢᠯᠳᠦᠭᠰᠡᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠭᠤᠶᠢᠯᠠᠩ ᠢ ᠵᠣᠬᠢᠶᠠᠨ ᠪᠠᠶᠢᠭᠤᠯᠵᠤ᠂ ᠪᠦᠯᠦᠭ ᠤᠳᠠᠭ᠎ᠠ ᠪᠣᠶᠣ ᠬᠡᠰᠡᠭᠯᠡᠯ ᠭᠠᠵᠠᠷ ᠤᠨ ᠠᠰᠠᠭᠤᠳᠠᠯ ᠢ ᠨᠢᠭᠡᠳ ᠨᠢᠭᠡ ᠪᠠᠷ ᠴᠡᠭᠴᠡᠯᠡᠨ ᠰᠠᠶᠢᠵᠢᠷᠠᠭᠤᠯᠬᠤ ᠶᠢ ᠠᠵᠢᠯ ᠬᠤᠪᠢᠶᠠᠷᠢᠯᠠᠨ ᠬᠠᠷᠢᠭᠤᠴᠠᠨ᠎ᠠ ᠃ ᠡᠯ᠎ᠡ ᠠᠶᠢᠮᠠᠭ ᠬᠤᠲᠠ ᠨᠤᠭᠤᠳ 2015 ᠣᠨ ᠤ 7 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ ᠲᠤᠰ ᠭᠠᠵᠠᠷ ᠣᠷᠣᠨ ᠤ ᠡᠯ᠎ᠡ ᠱᠠᠲᠤᠨ ᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠵᠢᠴᠢ ᠠᠯᠪᠠᠨ ᠭᠡᠷ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠭᠤᠶᠢᠯᠠᠩ ᠤᠨ ᠨᠡᠷᠡᠰ ᠪᠣᠯᠣᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠦᠰᠦᠯ ᠤᠨ ᠴᠠᠭᠠᠰᠤᠲᠤ ᠪᠢᠴᠢᠭ ᠮᠠᠲ᠋ᠧᠷᠢᠶᠠᠯ ᠵᠢᠴᠢ ᠡᠯᠧᠺᠲᠷᠣᠨ ᠪᠢᠴᠢᠭᠯᠡᠯ ᠢ ᠬᠠᠮᠲᠤ ᠳᠤᠨᠢ ᠦᠪᠡᠷᠲᠡᠭᠡᠨ ᠵᠠᠰᠠᠬᠤ ᠣᠷᠣᠨ ᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠬᠦ ᠬᠡᠷᠡᠭᠲᠡᠢ᠃      ︵ᠬᠤᠶᠠᠷ︶ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠦᠪᠡᠷᠲᠡᠭᠡᠨ ᠵᠠᠰᠠᠬᠤ ᠣᠷᠣᠨ ᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠲᠦᠯᠲᠡᠢ ᠪᠠᠶᠢᠷᠢᠯᠠᠭᠤᠯᠤᠯᠲᠠ ᠪᠠ ᠲᠤᠰ ᠭᠠᠵᠠᠷ ᠣᠷᠣᠨ ᠤ ᠠᠵᠢᠯ ᠤᠨ ᠲᠦᠰᠦᠯ ᠤᠨ ᠪᠤᠲᠠᠲᠠᠢ ᠲᠣᠬᠢᠷᠠᠭᠤᠯᠤᠯᠲᠠ ᠶᠤᠰᠤᠭᠠᠷ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠴᠡᠭᠴᠡᠯᠡᠨ ᠰᠠᠶᠢᠵᠢᠷᠠᠭᠤᠯᠬᠤ ᠳᠤᠮᠳᠠ ᠲᠤᠯᠭᠠᠷᠠᠭᠰᠠᠨ ᠠᠰᠠᠭᠤᠳᠠᠯ ᠢ ᠬᠢᠨᠠᠮᠠᠭᠠᠢ ᠡᠮᠬᠢᠳᠭᠡᠨ ᠵᠠᠳᠠᠯᠬᠤ ᠪᠠ ᠰᠢᠢᠳᠪᠦᠷᠢᠯᠡᠵᠦ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠣᠲᠠᠲᠠᠶᠢᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠴᠠ ᠶᠤᠰᠤᠭᠠᠷ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠠᠵᠢᠯ ᠳᠤ ᠣᠯᠠᠨ ᠲᠦᠮᠡᠨ ᠤ ᠰᠠᠨᠠᠯ ᠢ ᠭᠦᠢᠴᠡᠳ ᠰᠤᠨᠤᠰᠴᠤ᠂ ᠨᠡᠶᠢᠭᠡᠮ ᠪᠠ ᠣᠯᠠᠨ ᠲᠦᠮᠡᠨ ᠤ ᠬᠢᠨᠠᠯᠲᠠ ᠶᠢ ᠬᠦᠯᠢᠶᠡᠬᠦ ᠬᠡᠷᠡᠭᠲᠡᠢ᠃      ︵ᠭᠤᠷᠪᠠ︶ ᠵᠢᠯᠤᠭᠤᠳᠤᠨ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠮᠳᠠ ᠲᠤᠯᠭᠠᠷᠠᠭᠰᠠᠨ ᠵᠢᠭᠠᠪᠤᠷᠢ ᠠᠪᠬᠤ ᠴᠢᠬᠤᠯᠠᠲᠠᠢ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠬᠦᠴᠢᠷᠳᠡᠯ ᠢ ᠲᠣᠬᠠᠶᠢᠯᠠᠭᠰᠠᠨ ᠠᠵᠢᠯ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠬᠠᠷᠢᠶᠠᠯᠠᠯ ᠶᠤᠰᠤᠭᠠᠷ᠂ ᠦᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠴᠠᠭ ᠲᠣᠬᠠᠢ ᠳᠤᠨᠢ᠂ ᠲᠤᠳᠣᠷᠬᠠᠢ ᠬᠠᠷᠢᠭᠤᠯᠲᠠ ᠥᠭᠭᠦᠯᠬᠦ ᠪᠠᠷ ᠭᠤᠶᠤᠴᠢᠯᠠᠵᠤ ᠪᠣᠯᠣᠨ᠎ᠠ᠃ ᠪᠢᠴᠢᠭᠯᠡᠭᠰᠡᠨ ᠵᠢᠭᠠᠪᠤᠷᠢ ᠠᠪᠤᠭᠰᠠᠨ ᠪᠠᠶᠢᠪᠠᠯ᠂ ᠦᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠪᠢᠴᠢᠭ ᠮᠠᠲ᠋ᠧᠷᠢᠶᠠᠯ ᠢ ᠣᠯᠣᠭᠰᠠᠨ ᠡᠳᠦᠷ ᠠᠴᠠ ᠡᠬᠢᠯᠡᠨ 5 ᠠᠵᠢᠯ ᠤᠨ ᠡᠳᠦᠷ ᠲᠤᠳᠤᠷ᠎ᠠ ᠬᠠᠷᠢᠭᠤᠯᠲᠠ ᠥᠭᠬᠦ ᠬᠡᠷᠡᠭᠲᠡᠢ︔ ᠤᠯᠤᠰ ᠤᠨ ᠶᠠᠮᠦᠨ ᠵᠦᠪᠯᠡᠯ ᠠᠴᠠ ᠵᠢᠭᠠᠪᠤᠷᠢ ᠠᠪᠬᠤ ᠴᠢᠬᠤᠯᠠᠲᠠᠢ ᠪᠣᠯ᠂ ᠦᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠪᠢᠴᠢᠭ ᠮᠠᠲ᠋ᠧᠷᠢᠶᠠᠯ ᠢ ᠣᠯᠣᠭᠰᠠᠨ ᠡᠳᠦᠷ ᠠᠴᠠ ᠡᠬᠢᠯᠡᠨ 5 ᠠᠵᠢᠯ ᠤᠨ ᠡᠳᠦᠷ ᠲᠤᠳᠤᠷ᠎ᠠ ᠵᠢᠭᠠᠪᠤᠷᠢ ᠠᠪᠬᠤ ᠪᠢᠴᠢᠭ ᠮᠠᠲ᠋ᠧᠷᠢᠶᠠᠯ ᠢ ᠣᠯᠠᠮᠵᠢᠯᠠᠨ ᠮᠡᠳᠡᠭᠦᠯᠬᠦ ᠬᠡᠷᠡᠭᠲᠡᠢ᠃ ᠲᠤᠳᠤᠷᠬᠠᠢ ᠬᠠᠷᠢᠭᠤᠯᠲᠠ ᠥᠭᠭᠦᠭᠰᠡᠨ ᠦᠭᠡᠢ ᠪᠦᠭᠡᠳ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠬᠤ ᠶᠢ ᠨᠦᠯᠦᠭᠡᠯᠡᠭᠰᠡᠨ ᠪᠠᠶᠢᠪᠠᠯ᠂ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠴᠡᠭᠴᠡᠯᠡᠨ ᠰᠠᠶᠢᠵᠢᠷᠠᠭᠤᠯᠬᠤ ᠶᠢ ᠦᠯᠦ ᠪᠤᠲᠠᠲᠠᠶᠢᠵᠢᠭᠤᠯᠤᠭᠰᠠᠨ ᠵᠣᠬᠢᠬᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠤᠯᠤᠰ ᠤᠨ ᠲᠤᠰᠬᠠᠶᠢᠯᠠᠨ ᠰᠢᠮᠳᠠᠭᠤᠯᠤᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠵᠥᠪᠰᠢᠶᠡᠷᠡᠭᠡᠳ ᠦᠯᠦ ᠬᠠᠩᠭᠠᠭᠰᠠᠨ᠂ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢᠨ ᠬᠡᠪᠴᠢᠶ᠎ᠡ ᠪᠠᠷ ᠨᠡᠯᠢᠶᠡᠳ ᠶᠡᠭᠡ ᠪᠠᠶᠢᠬᠤ ᠣᠷᠳᠤᠰ᠂ ᠬᠦᠬᠡᠬᠤᠲᠠ᠂ ᠤᠯᠠᠭᠠᠠᠬᠠᠳᠠ᠂ ᠪᠤᠭᠤᠳᠤ ᠨᠢ᠂ ᠠᠷᠠᠳ ᠤᠨ ᠠᠮᠢᠳᠤᠷᠠᠯ ᠢ ᠪᠠᠲᠤᠯᠠᠬᠤ᠂ ᠰᠠᠭᠤᠷᠢ ᠪᠡᠯᠡᠳᠭᠡᠮᠵᠢ ᠶᠢ ᠪᠦᠲᠦᠭᠡᠨ ᠪᠠᠶᠢᠭᠤᠯᠬᠤ᠂ ᠤᠯᠤᠰ ᠪᠠ ᠦᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠬᠤ ᠲᠦᠷᠦᠯ ᠵᠦᠢᠯ ᠳᠤ ᠬᠡᠷᠡᠭᠯᠡᠬᠦ ᠭᠠᠵᠠᠷ ᠰᠢᠷᠤᠢ ᠠᠴᠠ ᠭᠠᠳᠠᠨ᠎ᠠ ᠂ 2014 ᠣᠨ ᠤ ᠦᠪᠡᠷᠲᠡᠭᠡᠨ ᠵᠠᠰᠠᠬᠤ ᠣᠷᠣᠨ ᠤ ᠲᠤᠰ ᠭᠠᠵᠠᠷ ᠣᠷᠣᠨ ᠳᠤ ᠬᠡᠪ ᠤᠨ ᠪᠠᠭᠤᠯᠭᠠᠬᠤ ᠭᠠᠵᠠᠷ ᠰᠢᠷᠤᠢ ᠠᠰᠢᠭᠯᠠᠬᠤ ᠲᠦᠯᠦᠪᠯᠡᠭᠡ ᠶᠢᠨ ᠭᠦᠢᠴᠡᠳᠭᠡᠯ ᠲᠤᠭ᠎ᠠ ᠶᠢᠨ ᠬᠡᠪᠴᠢᠶ᠎ᠡ ᠠᠴᠠ 30% ᠶᠢ ᠬᠠᠰᠤᠭᠰᠠᠨ ᠤ ᠳᠠᠷᠠᠭ᠎ᠠ 2015 ᠣᠨ ᠤ ᠭᠦᠢᠴᠡᠳᠭᠡᠯ ᠲᠤᠭ᠎ᠠ ᠶᠢ ᠪᠠᠭᠤᠯᠭᠠᠵᠤ᠂ ᠲᠡᠳᠡᠬᠡᠷ ᠬᠤᠲᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠤᠢ ᠶᠢᠨ ᠬᠡᠪᠴᠢᠶ᠎ᠡ ᠶᠢ ᠡᠵᠡᠮᠰᠢᠬᠦ ᠶᠢ ᠠᠬᠢᠭᠤᠯᠤᠨ᠂ ᠵᠥᠪᠰᠢᠶᠡᠷᠡᠭᠡᠳ ᠦᠯᠦ ᠬᠠᠩᠭᠠᠭᠰᠠᠨ᠂ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢ ᠬᠢᠨᠠᠨ ᠰᠢᠯᠭᠠᠵᠤ ᠬᠢᠨᠠᠨ ᠬᠠᠮᠢᠶᠠᠷᠴᠤ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠵᠢᠱᠢᠭᠰᠡᠨ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠦᠨᠳᠦᠰᠦᠨ ᠳᠡᠭᠡᠨ ᠪᠡᠶᠡᠯᠡᠭᠦᠯᠬᠦ ᠦᠶᠡᠰ᠂ ᠤᠯᠤᠰ ᠤᠨ ᠭᠠᠵᠠᠷ ᠰᠢᠷᠤᠢ ᠶᠢ ᠬᠢᠨᠠᠨ ᠪᠠᠶᠢᠴᠠᠭᠠᠬᠤ ᠦᠷ᠎ᠡ ᠳ᠋ᠦᠩ ᠨᠢ ᠦᠨᠳᠦᠰᠦᠨ ᠱᠠᠭᠠᠷᠳᠠᠯᠭ᠎ᠠ ᠳᠤ ᠦᠯᠦ ᠬᠦᠷᠦᠭᠰᠡᠨ ᠪᠠᠶᠢᠪᠠᠯ᠂ ᠡᠰᠡᠭᠦᠯ᠎ᠡ 2009 ᠣᠨ ᠠᠴᠠ 2013 ᠣᠨ ᠪᠤᠯᠳᠠᠯᠠᠬᠢ ᠭᠠᠵᠠᠷ ᠰᠢᠷᠤᠢ ᠬᠠᠩᠭᠠᠬᠤ ᠨᠣᠷᠮ᠎ᠠ ᠨᠢ ᠮᠦᠨ 60% ᠳᠤ ᠬᠦᠷᠦᠭᠡᠳᠦᠢ ᠪᠣᠶᠣ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢ ᠰᠢᠢᠳᠪᠦᠷᠢᠯᠡᠬᠦ ᠶᠢᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠬᠠᠭᠠᠰ ᠢ ᠪᠡᠶᠡᠯᠡᠭᠦᠯᠦᠭᠡᠳᠦᠢ᠂ ᠡᠰᠡᠭᠦᠯ᠎ᠡ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢ ᠰᠢᠢᠳᠪᠦᠷᠢᠯᠡᠬᠦ ᠨᠡᠶᠢᠲᠡᠯᠢᠭ ᠬᠡᠷᠡᠭ ᠤᠨ ᠵᠢᠱᠢᠶ᠎ᠡ ᠶᠢ ᠰᠢᠢᠳᠪᠦᠷᠢᠯᠡᠬᠦ ᠪᠠᠨ ᠪᠤᠲᠠᠲᠠᠶᠢᠵᠢᠭᠤᠯᠤᠭᠰᠠᠨ ᠦᠭᠡᠢ ᠭᠠᠵᠠᠷ ᠣᠷᠣᠨ ᠳᠤ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠶᠢ ᠨᠢ ᠣᠷᠲᠤᠳᠬᠠᠬᠤ ᠪᠣᠶᠣ ᠬᠤᠶᠢᠰᠢᠯᠠᠭᠤᠯᠬᠤ ᠠᠷᠭ᠎ᠠ ᠬᠡᠮᠵᠢᠶ᠎ᠠ ᠠᠪᠴᠤ᠂ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠶᠢ ᠣᠷᠲᠤᠳᠬᠠᠭᠰᠠᠨ ᠪᠣᠶᠣ ᠬᠤᠶᠢᠰᠢᠯᠠᠭᠤᠯᠤᠭᠰᠠᠨ ᠬᠤᠭᠤᠴᠠᠭᠠᠨ ᠳᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠤᠢ ᠶᠢ ᠬᠢᠨᠠᠨ ᠵᠥᠪᠰᠢᠶᠡᠷᠡᠬᠦ ᠪᠠᠨ ᠲᠦᠷ ᠵᠣᠭᠰᠣᠭᠠᠨ᠎ᠠ᠃ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠵᠥᠪᠰᠢᠶᠡᠷᠡᠭᠡᠳ ᠦᠯᠦ ᠬᠠᠩᠭᠠᠭᠰᠠᠨ᠂ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢᠨ ᠠᠰᠠᠭᠤᠳᠠᠯ ᠨᠢ ᠮᠦᠨ ᠳᠤᠪᠤᠶᠢᠮ᠎ᠠ ᠭᠠᠵᠠᠷ ᠣᠷᠣᠨ ᠢ ᠦᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠵᠤ ᠬᠢᠨᠠᠯᠲᠠ ᠲᠠᠯᠪᠢᠬᠤ ᠭᠤᠣᠯᠳᠠᠯᠭ᠎ᠠ ᠳᠤ ᠵᠢᠭᠰᠠᠭᠠᠨ ᠣᠷᠤᠭᠤᠯᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠨᠢ ᠡᠯ᠎ᠡ ᠭᠠᠵᠠᠷ ᠣᠷᠣᠨ ᠤ ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠠᠵᠢᠯ ᠢ ᠤᠳᠤᠷᠢᠳᠬᠤ ᠡᠷᠴᠢ ᠨᠢ ᠴᠢᠩᠭ᠎ᠠ ᠪᠤᠰᠤ᠂ ᠬᠦᠯᠢᠶᠡᠨ ᠠᠵᠢᠭᠯᠠᠬᠤ᠂ ᠠᠬᠢᠴᠠ ᠨᠢ ᠤᠳᠠᠭᠠᠨ᠂ ᠴᠡᠭᠴᠡᠯᠡᠨ ᠰᠠᠶᠢᠵᠢᠷᠠᠭᠤᠯᠬᠤ ᠠᠵᠢᠯ ᠨᠢ ᠬᠠᠰᠢ ᠶᠠᠰᠢ ᠪᠠᠶᠢᠬᠤ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠮᠡᠳᠡᠭᠦᠯᠦᠯᠲᠡ ᠵᠢᠴᠢ ᠮᠡᠳᠡᠭᠦᠯᠬᠦ ᠬᠦᠰᠦᠨᠦᠭᠲᠦ ᠶᠢ ᠮᠡᠳᠡᠭᠦᠯᠦᠭᠰᠡᠨ ᠨᠢ ᠴᠠᠭ ᠲᠠᠭᠠᠨ ᠪᠢᠰᠢ ᠪᠣᠶᠣ ᠠᠯᠳᠠᠭ᠎ᠠ ᠪᠤᠷᠤᠭᠤ ᠨᠢ ᠨᠡᠯᠢᠶᠡᠳ ᠤᠯᠠᠨ ᠠᠶᠢᠮᠠᠭ ᠬᠤᠲᠠ ᠶᠢ ᠪᠦᠬᠦ ᠣᠷᠣᠨ ᠳᠤ ᠮᠡᠳᠡᠭᠡᠯᠡᠨ ᠰᠢᠭᠦᠮᠵᠢᠯᠡᠵᠦ᠂ ᠴᠢᠬᠤᠯᠠᠲᠠᠢ ᠦᠶ᠎ᠡ ᠳᠤ ᠭᠤᠣᠯᠳᠠᠯᠭ᠎ᠠ ᠲᠠᠢ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠪᠣᠯᠵᠣᠨ ᠶᠠᠷᠢᠯᠴᠠᠬᠤ ᠪᠠ ᠰᠡᠷᠡᠮᠵᠢᠯᠡᠭᠦᠯᠦᠨ ᠶᠠᠷᠢᠯᠴᠠᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠪᠠ ᠬᠠᠷᠢᠭᠤᠴᠠᠯᠭ᠎ᠠ ᠲᠠᠢ ᠬᠦᠮᠦᠰ ᠠᠴᠠ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠢ᠃      ︵ᠳᠥᠷᠪᠡ︶ ᠳᠦᠷᠢᠮ ᠲᠣᠭᠲᠠᠭᠠᠯ ᠲᠣᠭᠲᠠᠭᠠᠬᠤ ᠠᠵᠢᠯ ᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠠᠮᠵᠢᠯᠲᠠ ᠲᠠᠢ ᠲᠣᠷᠰᠢᠯᠭ᠎ᠠ ᠪᠠ ᠠᠵᠢᠯᠯᠠᠬᠤ ᠠᠷᠭ᠎ᠠ ᠪᠠᠨ ᠴᠠᠭ ᠲᠣᠬᠠᠢ ᠳᠤᠨᠢ ᠳ᠋ᠦᠩᠨᠡᠵᠦ᠂ ᠬᠠᠮᠢᠶ᠎ᠠ ᠪᠦᠬᠦᠢ ᠳᠦᠬᠦᠷᠵᠢᠭᠦᠯᠬᠦ ᠳᠦᠷᠢᠮ ᠪᠠ ᠬᠠᠮᠢᠶᠠᠷᠬᠤ ᠠᠷᠭ᠎ᠠ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠭᠦᠯᠵᠦ᠂ ᠭᠠᠵᠠᠷ ᠰᠢᠷᠤᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠤᠯ ᠪᠠ ᠭᠠᠵᠠᠷ ᠰᠢᠷᠤᠢ ᠶᠢᠨ ᠬᠠᠤᠯᠢ ᠴᠠᠭᠠᠵᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠭᠠᠵᠠᠷ ᠰᠢᠷᠤᠢ ᠶᠢ ᠠᠷᠪᠢᠲᠠᠢ ᠡᠷᠴᠢᠮᠲᠡᠢ ᠠᠰᠢᠭᠯᠠᠬᠤ ᠠᠵᠢᠯ ᠢ ᠢᠳᠡᠪᠬᠢᠲᠡᠢ ᠲᠦᠯᠬᠢᠨ ᠠᠬᠢᠭᠤᠯᠵᠤ᠂ ᠭᠠᠵᠠᠷ ᠰᠢᠷᠤᠢ ᠶᠢ ᠠᠷᠪᠢᠲᠠᠢ ᠡᠷᠴᠢᠮᠲᠡᠢ ᠠᠰᠢᠭᠯᠠᠬᠤ ᠴᠢᠳᠠᠪᠤᠷᠢ ᠪᠣᠯᠣᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃      ︵ᠲᠠᠪᠤ︶ ᠤᠬᠠᠭᠤᠯᠭ᠎ᠠ ᠶᠠᠷᠢᠶ᠎ᠠ ᠬᠡᠯᠡᠯᠴᠡᠭᠡᠨ ᠢ ᠬᠦᠲᠦᠯᠦᠨ ᠵᠢᠯᠤᠭᠤᠳᠬᠤ ᠪᠠᠨ ᠴᠢᠩᠭᠠᠳᠬᠠᠬᠤ ᠬᠡᠷᠡᠭᠲᠡᠢ᠃ ᠣᠷᠣᠨ ᠨᠣᠲᠤᠭ ᠤᠨ ᠡᠯ᠎ᠡ ᠱᠠᠲᠤᠨ ᠤ ᠵᠠᠰᠠᠭ ᠤᠨ ᠣᠷᠳᠤᠨ ᠪᠣᠯᠣᠨ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ᠂ ᠰᠦᠯᠵᠢᠶ᠎ᠡ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠨ᠂ ᠭᠠᠵᠠᠷ ᠰᠢᠷᠤᠢ ᠶᠢ ᠠᠷᠪᠢᠲᠠᠢ ᠡᠷᠴᠢᠮᠲᠡᠢ ᠠᠰᠢᠭᠯᠠᠬᠤ ᠪᠠᠷ ᠤᠬᠠᠭᠤᠯᠭ᠎ᠠ ᠶᠢᠨ ᠠᠵᠢᠯ ᠤᠨ ᠭᠤᠣᠯᠳᠠᠯᠭ᠎ᠠ ᠪᠣᠯᠭᠠᠵᠤ᠂ ᠭᠠᠵᠠᠷ ᠰᠢᠷᠤᠢ ᠬᠠᠩᠭᠠᠬᠤ ᠨᠣᠷᠮ᠎ᠠ ᠶᠢ ᠳᠡᠭᠡᠭᠰᠢᠯᠡᠭᠦᠯᠦᠭᠰᠡᠨ᠂ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠶᠢ ᠰᠢᠢᠳᠪᠦᠷᠢᠯᠡᠬᠦ ᠪᠠ ᠭᠦᠢᠴᠡᠳ ᠠᠰᠢᠭᠯᠠᠭᠰᠠᠨ ᠭᠠᠵᠠᠷ ᠰᠢᠷᠤᠢ ᠶᠢ ᠠᠷᠪᠢᠲᠠᠢ ᠡᠷᠴᠢᠮᠲᠡᠢ ᠠᠰᠢᠭᠯᠠᠭᠰᠠᠨ ᠨᠡᠶᠢᠲᠡᠯᠢᠭ ᠠᠵᠢᠯᠯᠠᠬᠤ ᠠᠷᠭ᠎ᠠ ᠪᠠᠷᠢᠯ ᠢ ᠥᠷᠭᠡᠨ ᠢᠶᠠᠷ ᠤᠬᠠᠭᠤᠯᠵᠤ᠂ ᠪᠦᠬᠦ ᠠᠷᠠᠳ ᠤᠨ ᠤᠯᠤᠰ ᠤᠨ ᠭᠠᠵᠠᠷ ᠰᠢᠷᠤᠢ ᠡᠬᠢ ᠪᠠᠶᠠᠯᠢᠭ ᠢ ᠠᠷᠪᠢᠲᠠᠢ ᠡᠷᠴᠢᠮᠲᠡᠢ ᠠᠰᠢᠭᠯᠠᠬᠤ ᠦᠵᠡᠯ ᠤᠬᠠᠮᠰᠠᠷ ᠢ ᠴᠢᠩᠭᠠᠳᠬᠠᠨ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠢ ᠠᠷᠪᠢᠲᠠᠢ ᠡᠷᠴᠢᠮᠲᠡᠢ ᠠᠰᠢᠭᠯᠠᠬᠤ ᠨᠡᠶᠢᠭᠡᠮ ᠤᠨ ᠬᠠᠮᠲᠤ ᠶᠢᠨ ᠲᠠᠨᠢᠯᠲᠠ ᠶᠢ ᠲᠦᠪᠯᠡᠷᠡᠭᠦᠯᠵᠦ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠬᠠᠮᠢᠶᠠᠷᠤᠯᠲᠠ ᠶᠢᠨ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号