ᠥᠪᠥᠷ ᠮᠣᠩᠭᠤᠯ ᠤᠨ 2016 ᠣᠨ ᠤ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠨᠡᠷ᠎ᠡ | ᠮᠡᠳᠡᠭᠦᠯᠬᠦ ᠠᠵᠢᠯ ᠥᠨᠥᠳᠦᠷ ᠠᠴᠠ ᠡᠬᠢᠯᠡᠨ ᠤᠷᠢᠳᠴᠢᠯᠠᠨ ᠨᠡᠷ᠎ᠡ ᠮᠡᠳᠡᠭᠦᠯᠵᠤ ᠪᠤᠢ᠃ ᠡᠨᠡ ᠵᠢᠯ ᠥᠪᠥᠷ | ᠮᠣᠩᠭᠤᠯ ᠤᠨ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠠᠵᠢᠯ ᠤᠨ ᠲᠣᠭᠲᠠᠭᠠᠯ ᠠᠴᠠ | ᠵᠥᠷᠢᠴᠡᠭᠰᠡᠨ ᠥᠢᠯᠡ ᠠᠵᠢᠯᠯᠠᠭ᠎ᠠ ᠶᠢ ᠴᠢᠩᠭ᠎ᠠ ᠪᠠᠷ ᠪᠠᠶᠢᠴᠠᠭᠠᠨ ᠰᠢᠢᠳᠪᠦᠷᠢᠯᠡᠵᠤ᠂ ︽ᠳᠡᠭᠡᠳᠦ ᠰᠤᠷᠭᠠᠭᠤᠯᠢ ᠳᠤ | ᠰᠢᠯᠭᠠᠭᠤᠯᠬᠤ ᠪᠠᠷ ᠪᠤᠰᠤᠳ ᠭᠠᠵᠠᠷ ᠠᠴᠠ ᠨᠡᠭᠦᠵᠤ ᠢᠷᠡᠭᠰᠡᠨ ᠰᠢᠯᠭᠠᠭᠤᠯᠤᠭᠰᠠᠳ︾ ᠢ ᠴᠠᠭᠠᠵᠠᠯᠠᠬᠤ ᠵᠠᠷᠯᠢᠭ ᠢ | ᠴᠢᠩᠭ᠎ᠠ ᠰᠠᠬᠢᠬᠤ ᠠᠴᠠ ᠭᠠᠳᠠᠨ᠎ᠠ᠂ ᠪᠠᠰᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ︽ᠡᠰᠡ | ᠦᠢᠯᠡᠳᠬᠦᠢ︾ ᠦᠢᠯᠡ ᠠᠵᠢᠯᠯᠠᠭ᠎ᠠ ᠶᠢ ᠴᠢᠩᠭ᠎ᠠ ᠪᠠᠷ ᠰᠢᠳᠭᠡᠨ᠎ᠡ᠃ | ᠥᠪᠥᠷ ᠮᠣᠩᠭᠤᠯ ︽ᠳᠡᠭᠡᠳᠦ ᠰᠤᠷᠭᠠᠭᠤᠯᠢ ᠳᠤ ᠰᠢᠯᠭᠠᠭᠤᠯᠬᠤ ᠪᠠᠷ ᠪᠤᠰᠤᠳ ᠭᠠᠵᠠᠷ ᠠᠴᠠ ᠨᠡᠬᠦᠵᠤ | ᠢᠷᠡᠭᠰᠡᠨ ᠰᠢᠯᠭᠠᠭᠤᠯᠤᠭᠰᠠᠳ︾ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠰᠢᠯᠭᠠᠭᠤᠯᠤᠭᠰᠠᠳ ᠬᠡᠷᠪᠡ ᠬᠤᠳᠠᠯ ᠬᠠᠭᠤᠷᠮᠠᠭ ᠨᠡᠷ᠎ᠡ ᠮᠡᠳᠡᠭᠦᠯᠬᠦ ᠮᠡᠳᠡᠭᠡ ᠵᠠᠩᠭᠢ ᠬᠠᠨᠭ᠍ᠭᠠᠭᠰᠠᠨ᠂ ᠬᠠᠭᠤᠷᠮᠠᠭ ᠨᠡᠷ᠎ᠡ | ᠮᠡᠳᠡᠭᠦᠯᠬᠦ ᠮᠠᠲ᠋ᠧᠷᠢᠶᠠᠯ ᠢᠶᠠᠷ ᠨᠡᠷ᠎ᠡ ᠮᠡᠳᠡᠭᠦᠯᠬᠦ ᠬᠢᠷᠢ ᠬᠡᠮ ᠤᠯᠤᠭᠰᠠᠨ᠂ ᠳᠡᠭᠡᠲᠤ ᠰᠤᠷᠭᠠᠭᠤᠯᠢ ᠳᠤ ᠰᠢᠯᠭᠠᠭᠤᠯᠬᠤ | ᠪᠠᠷ ᠪᠤᠰᠤᠳ ᠭᠠᠵᠠᠷ ᠠᠴᠠ ᠨᠡᠭᠦᠵᠤ ᠢᠷᠡᠭᠰᠡᠨ ᠢ ᠨᠢ ᠪᠠᠶᠢᠴᠠᠭᠠᠨ ᠤᠯᠤᠭᠰᠠᠨ ᠪᠠᠶᠢᠪᠠᠯ᠂ ᠰᠢᠯᠭᠠᠯᠲᠠ ᠠᠴᠠ ᠡᠮᠦᠨ᠎ᠡ | ᠪᠠᠶᠢᠴᠠᠭᠠᠨ ᠤᠯᠤᠭᠰᠠᠨ ᠪᠤᠯ ᠨᠡᠷ᠎ᠡ ᠮᠡᠳᠡᠭᠦᠯᠬᠦ ᠬᠢᠷᠢ ᠬᠡᠮ ᠪᠤᠯᠤᠨ ᠰᠢᠯᠭᠠᠯᠲᠠ ᠶᠢᠨ ᠬᠢᠷᠢ ᠬᠡᠮ ᠢ ᠨᠢ ᠬᠦᠴᠦᠨ | ᠤᠢᠭᠡᠢ ᠪᠣᠯᠭᠠᠵᠤ᠂ ᠰᠢᠯᠭᠠᠯᠲᠠ ᠶᠢᠨ ᠳᠠᠷᠠᠭ᠎ᠠ ᠪᠠᠶᠢᠴᠠᠭᠠᠨ ᠤᠯᠤᠭᠰᠠᠨ ᠪᠤᠯ ᠳᠡᠭᠡᠳᠦ ᠰᠤᠷᠭᠠᠭᠤᠯᠢ ᠳᠤ | ᠰᠢᠯᠭᠠᠭᠤᠯᠤᠭᠰᠠᠨ ᠬᠢᠷᠢ ᠪᠦᠲᠦᠮᠵᠢ ᠪᠤᠯᠤᠨ ᠡᠯᠰᠡᠭᠳᠡᠬᠦ ᠬᠢᠷᠢ ᠬᠡᠮ ᠢ ᠨᠢ ᠬᠦᠴᠦᠨ ᠤᠢᠭᠡᠢ ᠪᠣᠯᠭᠠᠵᠤ᠂ | ᠡᠯᠰᠡᠭᠳᠡᠭᠰᠡᠨ ᠤ ᠲᠠᠷᠠᠭ᠎ᠠ ᠪᠠᠶᠢᠴᠠᠭᠠᠨ ᠤᠯᠤᠭᠰᠠᠨ ᠪᠤᠯ ᠰᠤᠷᠭᠠᠭᠤᠯᠢ ᠳᠤ ᠣᠷᠣᠬᠤ ᠬᠢᠷᠢ ᠬᠡᠮ ᠢ ᠨᠢ ᠬᠦᠴᠦᠨ | ᠤᠢᠭᠡᠢ ᠪᠣᠯᠭᠠᠵᠤ᠂ ᠨᠢᠭᠡᠨᠲᠡ ᠰᠤᠷᠭᠠᠭᠤᠯᠢ ᠳᠤ ᠤᠷᠤᠭᠰᠠᠨ ᠪᠤᠯ ᠰᠤᠷᠤᠯᠭ᠎ᠠ ᠶᠢᠨ ᠨᠠᠮᠲᠠᠷ ᠢ ᠨᠢ ᠬᠦᠴᠦᠨ ᠦᠭᠡᠢ | ᠪᠤᠯᠭᠠᠨ᠎ᠠ᠃ ᠡᠯ᠎ᠡ ᠳᠤᠮᠳᠠᠳᠤ ᠰᠤᠷᠭᠠᠭᠤᠯᠢ ᠰᠢᠯᠭᠠᠭᠤᠯᠤᠭᠰᠠᠳ ᠤᠨ ᠨᠡᠷ᠎ᠡ ᠮᠡᠳᠡᠭᠦᠯᠬᠦ ᠪᠤᠯᠪᠠᠰᠤᠷᠠᠭᠤᠯᠤᠯ ᠪᠤᠯᠤᠨ | ᠦᠢᠯᠡᠴᠢᠯᠡᠭᠡ ᠶᠢᠨ ᠠᠵᠢᠯ ᠢ ᠰᠠᠶᠢᠲᠤᠷ ᠬᠢᠵᠤ᠂ ᠲᠤᠰ ᠰᠤᠷᠭᠠᠭᠤᠯᠢ ᠳᠤ ᠰᠤᠷᠤᠯᠴᠠᠵᠤ ᠪᠠᠶᠢᠭᠰᠠᠨ ᠰᠤᠷᠤᠭᠴᠢ ᠲᠤᠰ | ᠰᠤᠷᠭᠠᠭᠤᠯᠢ ᠳᠤ ᠨᠡᠷ᠎ᠡ ᠮᠡᠳᠡᠭᠦᠯᠬᠦ ᠭᠠᠷᠳᠠᠮ ᠢ ᠬᠦᠢᠴᠡᠳᠬᠡᠬᠦ ᠦᠬᠡᠢ ᠪᠤᠶᠤ ᠰᠢᠯᠭᠠᠭᠤᠯᠤᠭᠰᠠᠳ ᠲᠤ ᠰᠦᠯᠵᠢᠶᠡᠨ | ᠳᠡᠭᠡᠷ᠎ᠡ ᠨᠡᠷ᠎ᠡ ᠮᠡᠳᠡᠭᠦᠯᠬᠦ ᠲᠠᠯᠠᠪᠤᠷ ᠪᠤᠯᠤᠨ ᠬᠠᠮᠢᠶ᠎ᠠ ᠪᠦᠬᠦᠢ ᠪᠤᠯᠪᠠᠰᠤᠷᠠᠭᠤᠯᠤᠯ ᠢ ᠨᠦᠬᠦᠴᠡᠯ ᠦᠭᠡᠢ ᠪᠠᠷ ᠬᠠᠨᠭ᠍ᠭᠠᠵᠤ | ᠦᠭᠭᠦᠭᠰᠡᠨ ᠦᠭᠡᠢ ᠳᠤᠮᠳᠠᠲᠤ ᠰᠤᠷᠭᠠᠭᠤᠯᠢ ᠶᠢᠨ ᠵᠠᠬᠢᠷᠤᠯ ᠢ ᠪᠦᠬᠦ ᠣᠷᠣᠨ ᠳᠤ ᠵᠠᠷᠯᠠᠨ ᠰᠢᠭᠦᠮᠵᠢᠯᠡᠨ᠎ᠡ᠃ |