ᠯᠢ ᠵᠢᠶᠠ᠄ ︽13.5︾᠎ ᠶᠢᠨ ᠲᠦᠯᠤᠪᠵᠢᠬᠦᠯᠬᠡ ᠶᠢ ᠪᠦᠬᠦ ᠲᠠᠯ᠎ᠠ ᠪᠠᠷ ᠭᠡᠷᠡᠭᠵᠢᠬᠦᠯᠬᠦ ᠶᠢ ᠬᠠᠮᠠᠭᠠᠯᠠᠨ ᠪᠠᠳᠤᠯᠠᠬᠤ ᠭᠡᠷᠡᠭᠳᠠᠢ
ᠨᠡᠶᠢᠲᠡᠯᠡᠭᠰᠡᠨ ᠴᠠᠭ᠄
2015/12/3
     12 ᠳ᠋ᠤᠭᠠᠷ ᠰᠠᠷ᠎ᠠ ᠶᠢᠨ 2᠎ ᠤᠨ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠯᠤᠰ ᠲᠦᠷᠤ ᠬᠠᠤᠯᠢ ᠴᠠᠭᠠᠵᠠ ᠶᠢᠨ ᠬᠤᠷᠢᠶ᠎ᠠ ᠲᠤᠰᠬᠠᠢ ᠰᠡᠳᠤᠪᠳᠤ ᠰᠤᠳᠤᠯᠤᠨ ᠶᠠᠷᠢᠯᠴᠠᠬᠤ ᠬᠤᠷᠠᠯ ᠬᠢᠵᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠶᠢᠰᠤᠳᠤᠭᠡᠷ ᠬᠤᠭᠤᠴᠠᠭᠠᠨ ᠤ ᠠᠷᠪᠠᠨ ᠲᠦᠷᠪᠡᠳᠤᠬᠡᠷ ᠤᠳᠠᠭ᠎ᠠ ᠶᠢᠨ ᠪᠦᠬᠦ ᠬᠡᠰᠢᠬᠦᠳ ᠤᠨ ᠬᠤᠷᠠᠯ ᠤᠨ ᠵᠤᠷᠢᠬ ᠰᠠᠨᠠᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ ᠪᠦᠬᠡᠳ ᠤᠯᠤᠰ ᠲᠦᠷᠤ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠵᠢᠶᠠ ᠬᠤᠷᠠᠯ ᠡᠷᠬᠢᠯᠡᠭᠰᠡᠨ ᠪᠦᠬᠡᠳ ᠶᠠᠷᠢᠶ᠎ᠠ ᠲᠠᠯᠪᠢᠵᠤ᠂ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠪᠦᠬᠦ ᠬᠡᠰᠢᠬᠦᠳ ᠤᠨ ᠬᠤᠷᠠᠯ ᠤᠨ ᠵᠤᠷᠢᠬ ᠰᠠᠨᠠᠭ᠎ᠠ ᠪᠤᠯᠤᠨ ᠸᠠᠩ ᠵᠢᠶᠦ᠋ᠨ ᠱᠦᠵᠢ ᠶᠢᠨ ᠴᠢᠬᠤᠯᠠ ᠶᠠᠷᠢᠶᠠᠨ ᠤ ᠵᠤᠷᠢᠬ ᠰᠠᠨᠠᠭᠠᠨ ᠳᠠᠭᠡᠷ᠎ᠠ ᠦᠨᠡᠨᠬᠦ ᠨᠢᠬᠡᠳᠭᠡᠵᠤ᠂ ᠰᠠᠨᠠᠭᠠᠴᠢᠯᠠᠭ᠎ᠠ ᠠᠴᠠ ᠪᠠᠨ ᠬᠢᠵᠤ᠂ ᠢᠳᠡᠪᠬᠢᠳᠠᠢ ᠤᠷᠤᠬᠰᠢᠯᠠᠨ ᠲᠠᠪᠰᠢᠵᠤ᠂ ︽13.5︾᠎ ᠶᠢᠨ ᠲᠦᠯᠤᠪᠵᠢᠬᠦᠯᠬᠡ ᠶᠢ ᠪᠦᠬᠦ ᠲᠠᠯ᠎ᠠ ᠪᠠᠷ ᠭᠡᠷᠡᠭᠵᠢᠬᠦᠯᠬᠦ ᠶᠢ ᠬᠠᠮᠠᠭᠠᠯᠠᠨ ᠪᠠᠳᠤᠯᠠᠬᠤ ᠭᠡᠷᠡᠭᠳᠠᠢ ᠬᠡᠵᠤ ᠴᠢᠬᠤᠯᠠᠴᠢᠯᠠᠪᠠ᠃      ᠯᠢ ᠵᠢᠶᠠ ᠵᠢᠭᠠᠵᠦ ᠭᠠᠷᠭᠠᠬᠰᠠᠠ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠪᠦᠬᠦ ᠬᠡᠰᠢᠭᠦᠳ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠬᠤ ᠪᠣᠯ ᠣᠳᠣᠬᠠᠨ ᠤ ᠪᠦᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠴᠢᠬᠤᠯᠠ ᠨᠢᠭᠡᠨ ᠤᠯᠤᠰ ᠲᠥᠷᠥ ᠶᠢᠨ ᠡᠭᠦᠷᠭᠡ ᠪᠣᠯᠣᠨ᠎ᠠ᠃ ᠪᠦᠬᠦ ᠤᠷᠤᠨ ᠤ ᠡᠯ᠎ᠠ ᠱᠠᠳᠤᠨ ᠤ ᠤᠯᠤᠰ ᠲᠦᠷᠤ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠢᠨ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ᠨᠠᠷᠢᠨ ᠨᠢᠭᠲᠠ ᠪᠠᠶᠢᠷᠢᠯᠠᠭᠤᠯᠵᠤ᠂  ᠤᠯᠤᠰ ᠲᠦᠷᠤ ᠬᠠᠤᠯᠢ ᠴᠠᠭᠠᠵᠠ ᠶᠢᠨ ᠠᠵᠢᠯ ᠤᠨ ᠪᠤᠳᠠᠳᠠᠢ ᠲᠠᠢ ᠨᠢᠬᠳᠠ ᠤᠶᠠᠯᠳᠤᠭᠤᠯᠵᠤ᠂ ᠦᠷᠬᠡᠨ ᠤᠯᠠᠨ ᠤᠯᠤᠰ ᠲᠦᠷᠤ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢ ᠵᠤᠬᠢᠶᠠᠨ ᠪᠠᠶᠢᠭᠤᠯᠵᠤ ᠦᠷᠬᠡᠨ ᠢᠶᠠᠷ ᠰᠤᠷᠤᠯᠴᠠᠬᠤ ᠪᠠ ᠬᠦᠨᠵᠡᠬᠡᠢ ᠰᠤᠷᠤᠯᠴᠠᠬᠤ ᠲᠡᠭᠡᠷ᠎ᠠ ᠬᠦᠴᠤ ᠪᠠᠨ ᠲᠠᠯᠪᠢᠵᠤ᠂ ᠰᠤᠷᠤᠯᠴᠠᠯᠭ᠎ᠠ ᠶᠢ ᠲᠠᠰᠤᠷᠠᠯᠳᠠ ᠦᠬᠡᠢ ᠬᠦᠨᠵᠡᠬᠡᠶᠢᠷᠡᠬᠦᠯᠬᠦ ᠭᠡᠷᠡᠭᠳᠠᠢ᠃ ᠭᠤᠣᠯ ᠳᠤᠭᠤᠶᠢᠯᠠᠩ ᠢᠶᠠᠷ ᠰᠤᠷᠤᠯᠴᠠᠬᠤ᠂ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ᠂ ᠲᠥᠪᠯᠡᠷᠡᠭᠦᠯᠦᠨ ᠪᠣᠯᠪᠠᠰᠤᠷᠠᠭᠤᠯᠬᠤ ᠵᠡᠷᠭᠡ ᠬᠡᠯᠪᠡᠷᠢ ᠶᠢ ᠤᠯᠠᠮ ᠨᠢᠭᠡ ᠠᠯᠬᠤᠮ ᠠᠪᠴᠤ᠂ ᠵᠣᠷᠢᠭ ᠰᠠᠨᠠᠭᠠᠨ ᠤ ᠮᠥᠨ ᠴᠢᠨᠠᠷ ᠢ ᠣᠶᠢᠯᠠᠭᠠᠵᠤ᠂ ᠦᠨᠡᠨ ᠶᠣᠰᠣ ᠶᠢᠨ ᠴᠢᠬᠤᠯᠠ ᠠᠭᠤᠯᠭ᠎ᠠ ᠶᠢ ᠡᠵᠡᠮᠰᠢᠵᠦ᠂ ︽13.5︾᠎ ᠶᠢᠨ ᠬᠤᠭᠤᠴᠠᠭᠠᠨ ᠤ ᠮᠠᠨ ᠤ ᠣᠷᠣᠨ ᠤ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ᠂ ᠶᠡᠷᠦᠩᠬᠡᠶ ᠰᠡᠳᠬᠢᠴᠡ᠂ ᠬᠠᠷᠠᠯᠲᠠ ᠣᠨᠣᠯᠵᠢᠬᠤᠨ᠂ ᠴᠢᠬᠤᠯᠠ ᠶᠡᠭᠡ ᠠᠷᠭ᠎ᠠ ᠬᠡᠮᠵᠢᠶ᠎ᠡ ᠶᠢ ᠣᠨᠣᠪᠴᠢᠲᠠᠶ ᠡᠵᠡᠮᠰᠢᠵᠦ᠂ ︽13.5︾᠎ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠡᠭᠦᠷᠭᠡ ᠶᠢ ᠣᠨᠣᠪᠴᠢᠲᠠᠶ ᠡᠵᠡᠮᠰᠢᠵᠦ  ᠂ ᠰᠤᠷᠤᠯᠴᠠᠬᠤ ᠣᠶᠢᠯᠠᠭᠠᠬᠤ ᠨᠡᠪᠲᠡᠷᠡᠬᠦ ᠶᠢ ᠦᠨᠡᠨ ᠬᠦ ᠪᠡᠶᠡᠯᠡᠭᠦᠯᠵᠦ᠂ ᠨᠡᠪᠳᠡᠷᠡᠳᠡᠯ᠎ᠠ ᠣᠶᠢᠯᠭᠠᠵᠤ᠂ ᠲᠠᠷᠢᠬᠢ ᠲᠣᠯᠣᠭᠠᠢ ᠳᠠᠭᠠᠨ ᠰᠠᠭᠤᠭᠳᠠᠭᠤᠯᠤᠨ᠂ ᠰᠣᠷᠣᠭᠰᠠᠨ ᠢᠶᠠᠨ ᠬᠡᠷᠡᠭᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ ᠭᠡᠵᠡᠢ᠃      ᠯᠢ ᠵᠢᠶᠠ ᠴᠢᠬᠤᠯᠠᠴᠢᠯᠠᠭᠰᠠᠨ ᠨᠢ᠂ ᠪᠦᠬᠦ ᠬᠡᠰᠢᠬᠦᠳ ᠤᠨ ᠬᠤᠷᠠᠯ ᠤᠨ ᠵᠤᠷᠢᠬ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠵᠤ᠂ ᠰᠢᠨ᠎ᠠ ᠴᠠᠬ ᠦᠶ᠎ᠠ ᠶᠢᠨ ᠤᠯᠤᠰ ᠲᠦᠷᠤ ᠬᠠᠤᠯᠢ ᠴᠠᠭᠠᠵᠠ ᠶᠢᠨ ᠠᠵᠢᠯ ᠢ ᠰᠠᠶᠢᠳᠤᠷ ᠬᠢᠬᠦ ᠤᠯᠤᠰ ᠲᠦᠷᠤ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠲᠡᠭᠡᠭᠰᠢᠯᠡᠬᠦᠯᠬᠦ ᠭᠡᠷᠡᠭᠳᠠᠢ᠃ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠪᠠᠷ ᠭᠤᠤᠯᠳᠠᠭᠤᠯᠵᠤ᠂ ᠶᠠᠷᠤᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠦᠷᠬ ᠰᠠᠨᠠᠭ᠎ᠠ ᠪᠤᠯᠤᠨ ᠦᠪᠤᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠰᠢᠨ᠎ᠠ ᠶᠢ ᠡᠬᠦᠳᠬᠦ᠂ ᠵᠤᠬᠢᠴᠠᠩᠭᠤᠢ᠂ ᠪᠤᠬᠢᠷᠳᠤᠯ ᠦᠬᠡᠢ᠂ ᠨᠡᠬᠡᠬᠡᠯᠳᠡᠳᠤ᠂ ᠬᠠᠮᠳᠤᠪᠡᠷ ᠡᠳ᠋ᠯᠡᠬᠦ︾ ᠲᠠᠪᠤᠨ ᠶᠡᠭᠡ ᠬᠦᠭᠵᠢᠯᠳᠠ ᠶᠢᠨ ᠣᠨᠣᠯᠵᠢᠬᠤᠨ ᠢ ᠴᠢᠩᠭ᠎ᠠ ᠪᠠᠷᠢᠮᠳᠠᠯᠠᠵᠤ᠂ ᠤᠯᠤᠰ ᠲᠦᠷᠤ ᠬᠠᠤᠯᠢ ᠴᠠᠭᠠᠵᠠ ᠶᠢᠨ ᠠᠵᠢᠯ ᠤᠨ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠯᠡᠬᠦ ᠱᠠᠳᠤᠨ ᠳᠠᠬᠢ ᠡᠬᠦᠷᠬᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠡᠵᠡᠮᠰᠢᠵᠦ᠂ ᠤᠳᠤᠬᠠᠨ ᠤ ᠪᠠᠶᠢᠳᠠᠯ ᠳᠤ ᠰᠠᠭᠤᠷᠢᠯᠠᠵᠤ᠂ ᠤᠳᠤᠬᠠᠨ ᠤ ᠡᠯ᠎ᠠ ᠵᠦᠢᠯ ᠤᠨ ᠠᠵᠢᠯ ᠢᠶᠠᠨ ᠯᠠᠪᠳᠠᠭᠤᠨ ᠪᠠᠳᠤᠳᠠᠢ ᠰᠠᠶᠢᠳᠤᠷ ᠬᠢᠬᠦ ᠪᠠᠷ ᠪᠠᠷᠠᠬᠤ ᠦᠬᠡᠢ᠂ ᠠᠯᠤᠰ ᠬᠡᠳᠤ ᠶᠢ ᠵᠤᠷᠢᠵᠤ᠂ ᠬᠤᠶᠢᠰᠢᠳᠠ ᠶᠢᠨ ᠨᠢᠭᠡᠨ ᠬᠤᠭᠤᠴᠠᠭᠠᠨ ᠤ ᠤᠯᠤᠰ ᠲᠦᠷᠤ ᠬᠠᠤᠯᠢ ᠴᠠᠭᠠᠵᠠ ᠶᠢᠨ ᠠᠵᠢᠯ ᠢ ᠨᠠᠷᠢᠨ ᠨᠢᠬᠳᠠ ᠲᠦᠯᠤᠪᠵᠢᠬᠦᠯᠬᠦ ᠭᠡᠷᠡᠭᠳᠠᠢ ᠬᠡᠵᠠᠢ᠃      ᠯᠢ ᠵᠢᠶᠠ ᠱᠠᠭᠠᠷᠳᠠᠭᠰᠠᠨ ᠨᠢ᠂ ᠪᠦᠬᠦ ᠤᠷᠤᠨ ᠤ ᠤᠯᠤᠰ ᠲᠦᠷᠤ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠭᠤᠤᠯ ᠠᠵᠢᠯ ᠤᠨ ᠲᠤᠭᠤᠷᠢᠨ ᠳᠤ᠂ ᠶᠡᠭᠡ ᠲᠠᠯ᠎ᠠ ᠶᠢᠨ ᠤᠬᠠᠮᠰᠠᠷ ᠢ ᠪᠠᠳᠤ ᠪᠠᠬᠢ ᠪᠤᠢ ᠪᠤᠯᠭᠠᠵᠤ᠂ ᠤᠯᠤᠰ ᠲᠦᠷᠤ ᠬᠠᠤᠯᠢ ᠴᠠᠭᠠᠵᠠ ᠶᠢᠨ ᠠᠵᠢᠯ ᠤᠨ ᠠᠵᠤ ᠠᠬᠤᠢ ᠨᠡᠶᠢᠬᠡᠮ ᠤᠨ ᠬᠦᠭᠵᠢᠯᠳᠠ ᠳᠤ ᠦᠢᠯᠡᠴᠢᠯᠡᠭᠦ ᠪᠡ ᠪᠠᠳᠤᠯᠠᠬᠤ ᠲᠤᠰᠤᠯᠲᠠ ᠶᠢᠨ ᠴᠢᠭ᠋ ᠢᠶᠠᠨ ᠤᠨᠤᠪᠴᠢᠲᠠᠢ ᠡᠷᠢᠨ ᠤᠯᠵᠤ᠂ ᠡᠯ᠎ᠠ ᠵᠦᠢᠯ ᠤᠨ ᠠᠰᠢᠬ ᠲᠤᠰᠠ ᠶᠢᠨ ᠬᠠᠷᠢᠴᠠᠭ᠎ᠠ ᠶᠢ ᠬᠠᠤᠯᠢ ᠶᠤᠰᠤᠭᠠᠷ ᠵᠤᠬᠢᠴᠠᠭᠤᠯᠤᠨ ᠰᠢᠢᠳᠪᠤᠷᠢᠯᠡᠬᠦ ᠶᠢ ᠪᠠᠷᠢᠮᠲᠠᠯᠠᠵᠤ᠂ ᠠᠵᠤ ᠠᠬᠤᠢ ᠨᠡᠶᠢᠬᠡᠮ ᠤᠨ ᠬᠦᠭᠵᠢᠯᠳᠠ ᠪᠦᠬᠦ ᠲᠠᠯ᠎ᠠ ᠪᠠᠷ ᠬᠠᠤᠯᠢ ᠪᠠᠷ ᠵᠠᠰᠠᠬᠤ ᠵᠠᠮ ᠳᠤ ᠤᠷᠤᠬᠤ ᠶᠢ ᠠᠬᠢᠭᠤᠯᠬᠤ ᠭᠡᠷᠡᠭᠳᠠᠢ᠃ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠤᠯᠠᠨ ᠲᠦᠮᠡᠨ ᠳᠤ ᠦᠢᠯᠡᠴᠢᠯᠡᠬᠦ ᠭᠠᠷᠳᠠᠬᠤ ᠴᠢᠭ᠋ ᠢᠶᠠᠨ ᠣᠨᠣᠪᠴᠢᠲᠠᠶ ᠪᠠᠷ ᠣᠯᠵᠤ᠂ ᠬᠠᠤᠯᠢ ᠶᠢ ᠲᠥᠪ ᠭᠤᠣᠯᠴᠢ ᠪᠠᠷ ᠶᠠᠪᠤᠭᠤᠯᠬᠤ ᠶᠢ ᠨᠥᠯᠥᠭᠡᠯᠡᠬᠦ᠂ ᠬᠠᠤᠯᠢ ᠴᠠᠭᠠᠵᠠ ᠶᠢᠨ ᠴᠢᠳᠠᠪᠤᠷᠢ ᠶᠢ ᠬᠢᠵᠠᠭᠠᠷᠯᠠᠵᠤ ᠪᠠᠶᠢᠭ᠎ᠠ ᠭᠦᠨ ᠳᠠᠪᠬᠤᠷᠭ᠎ᠠ ᠶᠢᠨ ᠠᠰᠠᠭᠤᠳᠠᠯ ᠤᠨ ᠰᠢᠢᠳᠪᠦᠷᠢᠯᠡᠬᠦ ᠶᠢ ᠳᠦᠯᠬᠢᠨ ᠠᠬᠢᠭᠤᠯᠵᠤ᠂ ᠨᠡᠶᠢᠭᠡᠮ ᠤᠨ ᠠᠮᠤᠷ ᠢ ᠬᠠᠮᠠᠭᠠᠯᠠᠬᠤ ᠭᠤᠣᠯᠳᠠᠯᠭ᠎ᠠ ᠲᠠᠢ ᠠᠰᠠᠭᠤᠳᠠᠯ ᠲᠦᠪᠡᠭᠲᠡᠶ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠤ ᠠᠶᠤᠯᠭᠦᠶ ᠰᠡᠳᠬᠢᠯᠭᠡ ᠪᠠ ᠬᠠᠨᠤᠮᠵᠢᠲᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠠᠮᠤᠭᠤᠯᠠᠩ ᠲᠠᠶᠢᠪᠤᠩ ᠥᠪᠥᠷ ᠮᠣᠩᠭᠤᠯ᠂ ᠬᠠᠤᠯᠢ ᠪᠠᠷ ᠵᠠᠰᠠᠬᠤ ᠥᠪᠥᠷ ᠮᠣᠩᠭᠤᠯ ᠪᠣᠯᠤᠨ ᠠᠵᠢᠯ ᠳᠠᠭᠠᠨ ᠴᠠᠭᠠᠷᠠᠭᠰᠠᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠪᠠᠶᠢᠯᠭᠠᠬᠤ ᠬᠠᠯᠬᠠᠪᠴᠢ ᠶᠢ ᠪᠠᠲᠤ ᠪᠠᠬᠢ ᠪᠠᠶᠢᠭᠤᠯᠵᠤ᠂ ︽13.5︾᠎ ᠶᠢᠨ ᠲᠥᠯᠥᠪᠵᠢᠭᠦᠯᠭᠡ ᠶᠢᠨ ᠤᠷᠤᠭᠰᠢᠲᠠᠶ ᠬᠡᠷᠡᠭᠵᠢᠭᠦᠯᠦᠭᠳᠡᠬᠦ ᠳᠤ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ᠂ ᠲᠥᠪ ᠭᠤᠣᠯᠴᠢ ᠰᠢᠳᠤᠷᠭᠤ ᠶᠣᠰᠣᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠪᠠ ᠴᠢᠨᠠᠷ ᠰᠠᠶᠢᠲᠠᠶ ᠪᠥᠭᠡᠳ ᠥᠨᠳᠥᠷ ᠪᠦᠲᠦᠮᠵᠢᠲᠡᠶ ᠦᠢᠯᠡᠴᠢᠯᠡᠭᠡ ᠶᠢᠨ ᠣᠷᠴᠢᠨ ᠲᠣᠭᠤᠷᠢᠨ ᠢ ᠪᠠᠶᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠡᠨᠡᠬᠦ ᠦᠵᠡᠮᠵᠢ ᠶᠢᠨ ᠣᠷᠣᠨ ᠪᠦᠰᠡ ᠪᠠᠨ ᠨᠡᠩ ᠦᠵᠡᠰᠬᠦᠯᠡᠩ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号