ᠦᠪᠦᠷ ᠮᠤᠩᠭᠤᠯ ᠬᠡᠳᠦ ᠲᠤᠮᠤ ᠬᠡᠯᠪᠡᠷᠢ ᠶᠢᠨ ᠪᠠᠯ ᠴᠢᠯᠠᠭᠤᠨ ᠠᠭᠤᠷᠬᠠᠢ ᠶᠢ ᠢᠯᠡᠷᠡᠭᠦᠯᠪᠡ ᠪᠦᠬᠦ ᠳᠡᠯᠡᠬᠡᠢ ᠶᠢᠨ ᠮᠠᠯᠲᠠᠵᠤ ᠪᠤᠯᠠᠬᠤᠶᠢᠴᠠ ᠬᠠᠳᠠᠭᠠᠯᠠᠭᠳᠠᠴᠠ ᠶᠢᠨ 7.3% ᠰᠢᠬᠠᠮ ᠢ ᠡᠵᠡᠯᠡᠨ᠎ᠡ
ᠨᠡᠶᠢᠲᠡᠯᠡᠭᠰᠡᠨ ᠴᠠᠭ᠄
2015/12/3
     12 ᠳ᠋ᠦ᠋ᠭᠡᠷ ᠰᠠᠷ᠎ᠠ ᠶᠢᠨ 2᠎ ᠤᠨ ᠡᠳᠦᠷ ᠰᠤᠷᠪᠤᠯᠵᠢᠯᠠᠭᠴᠢ ᠥᠪᠥᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠤᠨ ᠭᠠᠵᠠᠷ ᠰᠢᠷᠣᠶ ᠶᠢᠨ ᠡᠬᠡ ᠪᠠᠶᠠᠯᠢᠭ ᠤᠨ ᠲᠢᠩᠬᠢᠮ ᠠᠴᠠ ᠣᠯᠵᠤ ᠮᠡᠳᠡᠭᠰᠡᠨ ᠢᠶᠠᠷ᠂ ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ ᠶᠢᠨ ᠬᠥᠮᠦᠰ ᠣᠶᠢᠷ᠎ᠠ ᠳᠤ ᠥᠪᠥᠷ ᠮᠣᠩᠭᠤᠯ ᠤᠨ ᠠᠯᠠᠱᠠ ᠠᠶᠢᠮᠠᠭ ᠶᠢᠨ ᠬᠢᠵᠠᠭᠠᠷ ᠳᠤᠲᠤᠷ᠎ᠠ ᠨᠢᠭᠡ ᠬᠡᠳᠦ ᠲᠣᠮᠣ ᠬᠡᠯᠪᠡᠷᠢ ᠶᠢᠨ ᠬᠠᠶᠢᠷᠰᠤᠯᠢᠭ ᠪᠠᠯ ᠴᠢᠯᠠᠭᠤᠨ ᠠᠭᠤᠷᠬᠠᠢ ᠶᠢ ᠢᠯᠡᠷᠡᠭᠦᠯᠵᠦ᠂ ᠣᠳᠣᠬᠠᠨ ᠳᠤ ᠨᠢᠭᠡᠨᠲᠡ ᠬᠠᠶᠢᠨ ᠲᠤᠳᠤᠯᠠᠭᠰᠠᠨ ᠪᠠᠯ ᠴᠢᠯᠠᠭᠤᠨ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠨᠢ 1.3 ᠳ᠋ᠦᠩᠰᠢᠭᠤᠷ ᠲᠣᠨ᠂ ᠪᠠᠷᠤᠭ ᠪᠦᠬᠦ ᠪᠥᠮᠪᠥᠷᠴᠡᠭ ᠤᠨ ᠮᠠᠯᠲᠠᠵᠤ ᠪᠣᠯᠬᠤᠶᠢᠴᠠ ᠬᠠᠳᠠᠭᠠᠯᠠᠭᠳᠠᠴᠠ ᠶᠢᠨ 7.3%᠎ ᠶᠢ ᠡᠵᠡᠯᠡᠵᠦ᠂ ᠳᠤᠮᠳᠠᠴᠢ ᠴᠢᠨᠠᠷ ᠳᠡᠰ ᠨᠢ 5.45% ᠪᠠᠶᠢᠨ᠎ᠠ᠃  ᠲᠠᠨᠢᠯᠴᠠᠭᠤᠯᠤᠭᠰᠠᠨ ᠢᠶᠠᠷ᠂ ᠡᠶᠢᠮᠦ ᠥᠨᠳᠥᠷ ᠴᠢᠨᠠᠷᠲᠠᠢ᠂ ᠬᠡᠳᠦ ᠲᠤᠮᠤ ᠬᠡᠪᠴᠢᠶᠡᠨ ᠤ ᠪᠠᠯ ᠴᠢᠯᠠᠭᠤᠨ ᠤ ᠠᠭᠤᠷᠬᠠᠶ ᠶᠢᠨ ᠪᠤᠯᠠᠭᠳᠠᠴᠠ ᠤᠯᠤᠰ ᠤᠨ ᠳᠣᠲᠣᠭᠠᠳᠤ ᠳᠤ ᠬᠤᠪᠣᠷ ᠲᠣᠬᠢᠶᠠᠯᠳᠤᠬᠤ ᠶᠤᠮ᠃      ᠥᠪᠥᠷ ᠮᠣᠩᠭᠤᠯ ᠤᠨ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠢᠩᠬᠢᠮ ᠤᠨ ᠬᠠᠮᠢᠶ᠎ᠠ ᠪᠦᠬᠦᠢ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠪᠠᠯ ᠴᠢᠯᠠᠭᠤᠨ ᠤ ᠦᠷᠳᠡᠭ ᠨᠢ ᠪᠠᠯ ᠴᠢᠯᠠᠭᠤᠨ ᠤ ᠬᠠᠶᠢᠷᠠᠰᠤ ᠶᠢᠨ ᠶᠡᠭᠡ ᠪᠠᠭ᠎ᠠ ᠳᠡᠭᠡᠷ᠎ᠡ ᠢᠯᠡᠷᠡᠨ᠎ᠡ᠂ ᠬᠠᠶᠢᠷᠰᠤ ᠨᠢ ᠬᠡᠳᠦᠶ ᠶᠡᠭᠡ ᠪᠣᠯ᠂ ᠦᠷᠳᠡᠭ ᠨᠢ ᠲᠡᠳᠦᠶ ᠶᠡᠭᠡ ᠪᠣᠯᠤᠨ᠎ᠠ᠃ ᠶᠡᠭᠡ ᠬᠠᠶᠢᠷᠰᠤᠯᠢᠭ ᠪᠠᠯ ᠴᠢᠯᠠᠭᠤ ᠪᠣᠯ ᠳᠡᠭᠡᠳᠦ ᠲᠡᠰ ᠤᠨ ᠨᠠᠷᠢᠯᠢᠭ ᠰᠡᠯᠪᠢᠭᠡᠰᠦ ᠦᠢᠯᠡᠳᠪᠦᠷᠢᠯᠡᠬᠦ ᠶᠢᠨ ᠰᠠᠭᠤᠷᠢ ᠴᠢᠨᠠᠷᠲᠠᠢ ᠲᠦᠭᠦᠬᠡᠶ ᠡᠳ᠋ ᠪᠤᠯᠤᠨ᠎ᠠ᠂ ᠭᠡᠪᠡᠴᠦ ᠪᠦᠬᠦ ᠳᠡᠯᠡᠬᠡᠶ ᠳᠤ ᠨᠢᠭᠡᠨᠲᠡ ᠢᠯᠡᠷᠡᠭᠦᠯᠦᠭᠰᠡᠨ ᠶᠡᠭᠡ ᠬᠠᠶᠢᠷᠰᠤᠯᠢᠭ ᠪᠠᠯ ᠴᠢᠯᠠᠭᠤᠨ ᠤ ᠡᠷᠦᠳᠡᠰᠦᠨ ᠤ ᠬᠡᠮᠵᠢᠶ᠎ᠡ ᠲᠡᠶᠢᠮᠦ ᠠᠷᠪᠢᠨ ᠪᠢᠰᠢ ᠶᠤᠮ᠃      ᠠᠮᠧᠷᠢᠺᠠ ᠶᠢᠨ ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ ᠶᠢᠨ ᠲᠣᠪᠴᠢᠶᠠᠨ ᠤ 2013 ᠣᠨ ᠤ ᠮᠡᠳᠡᠭᠦᠯᠦᠯᠲᠡ ᠳᠤ ᠢᠯᠡᠷᠡᠭᠰᠡᠨ ᠢᠶᠠᠷ᠂ ᠪᠦᠬᠦ ᠪᠥᠮᠪᠥᠷᠴᠡᠭ ᠤᠨ ᠶᠡᠭᠡ ᠬᠠᠶᠢᠷᠰᠤᠯᠢᠭ ᠪᠠᠯ ᠴᠢᠯᠠᠭᠤᠨ ᠡᠷᠦᠳᠡᠰᠦᠨ ᠤ ᠬᠡᠮᠵᠢᠶ᠎ᠡ ᠨᠢᠭᠡᠨᠲᠡ 500 ᠲᠦᠮᠡᠨ ᠲᠣᠨ ᠬᠦᠷᠬᠦ ᠦᠭᠡᠢ ᠪᠤᠯᠵᠠᠢ᠃ ᠡᠨᠡ ᠤᠳᠠᠭᠠᠨ ᠤ ᠢᠯᠡᠷᠡᠭᠦᠯᠦᠭᠰᠡᠨ ᠠᠯᠠᠱᠠ ᠵᠡᠭᠦᠨ ᠬᠤᠰᠢᠭᠤᠨ ᠤ ᠴᠠᠭᠠᠨ‌ᠮᠤᠬᠤᠷ ᠤᠨ ᠪᠠᠯ ᠴᠢᠯᠠᠭᠤᠨ ᠠᠭᠤᠷᠬᠠᠶ ᠶᠢᠨ ᠣᠷᠣᠨ ᠤ ᠶᠡᠭᠡ ᠬᠠᠶᠢᠷᠰᠤᠯᠢᠭ ᠪᠠᠯ ᠴᠢᠯᠠᠭᠤᠨ ᠤ ᠡᠷᠦᠳᠡᠰᠦᠨ ᠬᠡᠮᠵᠢᠶ᠎ᠡ 703 ᠲᠦᠮᠡᠨ ᠲᠣᠨ  ᠬᠦᠷᠪᠡ᠃      ᠲᠤᠬᠠᠶᠢᠯᠠᠭᠰᠠᠨ ᠠᠵᠢᠯ ᠤᠨ ᠬᠥᠮᠦᠰ ᠤᠨ ᠬᠡᠯᠡᠬᠦ ᠪᠠᠷ᠂ ᠡᠶᠢᠮᠦ ᠥᠨᠳᠥᠷ ᠬᠠᠷᠢᠴᠠᠯ ᠲᠠᠢ ᠶᠡᠭᠡ ᠬᠠᠶᠢᠷᠰᠤᠯᠢᠭ ᠪᠠᠯ ᠴᠢᠯᠠᠭᠤ ᠪᠦᠬᠦ ᠳᠡᠯᠡᠬᠡᠶ ᠳᠤ ᠴᠤ ᠬᠤᠪᠤᠷ ᠶᠤᠮ᠂ ᠡᠨᠡ ᠨᠢ ᠮᠠᠨ ᠤ ᠤᠯᠤᠰ ᠤᠨ ᠶᠡᠭᠡ ᠬᠠᠶᠢᠷᠰᠤᠯᠢᠭ ᠪᠠᠯ ᠴᠢᠯᠠᠭᠤᠨ ᠡᠬᠢ ᠪᠠᠶᠠᠯᠢᠭ ᠬᠦᠷᠦᠯᠴᠡᠬᠦ ᠥᠭᠡᠢ ᠪᠠᠶᠢᠬᠤ ᠶᠢ ᠨᠦᠬᠦᠪᠦᠷᠢᠯᠡᠪᠡ᠃ ᠡᠭᠦᠨ ᠤ ᠬᠠᠮᠲᠤ᠂ ᠠᠳᠡᠬᠢ ᠠᠭᠤᠷᠬᠠᠶ ᠶᠢᠨ ᠪᠤᠯᠠᠭᠳᠠᠴᠠ ᠨᠢ ᠪᠦᠬᠦ ᠪᠦᠮᠪᠦᠷᠴᠡᠭ ᠤᠨ ᠪᠠᠯ ᠴᠢᠯᠠᠭᠤᠨ ᠤ ᠪᠦᠬᠦ ᠠᠵᠤ ᠦᠢᠯᠡᠰ ᠢ ᠬᠡᠯᠬᠢᠶᠡᠵᠢᠭᠦᠯᠦᠨ ᠭᠦᠨᠵᠡᠭᠡᠶ ᠪᠤᠯᠪᠠᠰᠤᠷᠠᠭᠤᠯᠵᠤ ᠪᠤᠯᠬᠤ ᠴᠦᠭᠡᠨ ᠲᠤᠭᠠᠨ ᠤ ᠪᠠᠯ ᠴᠢᠯᠠᠭᠤᠨ ᠡᠬᠢ ᠪᠠᠶᠠᠯᠢᠭ ᠪᠤᠯᠬᠤ ᠪᠦᠭᠡᠳ᠂ ᠪᠠᠰᠠ ᠬᠦᠳᠡᠷ ᠢ ᠰᠤᠩᠭᠤᠬᠤ ᠳᠤ ᠠᠮᠠᠷᠬᠠᠨ᠂ ᠪᠦᠬᠦᠨ ᠢ ᠨᠢ ᠵᠠᠳᠠᠭᠠᠶ ᠮᠠᠯᠲᠠᠵᠤ ᠪᠤᠯᠬᠤ ᠪᠠ᠂ ᠨᠡᠭᠡᠭᠡᠨ ᠮᠠᠯᠲᠠᠬᠤ ᠮᠡᠷᠭᠡᠵᠢᠯ ᠤᠨ ᠨᠥᠬᠦᠴᠡᠯ ᠤᠨ ᠱᠠᠭᠠᠷᠳᠠᠯᠭ᠎ᠠ ᠨᠡᠯᠢᠶᠡᠳ ᠳᠥᠭᠦᠮᠬᠡᠨ᠂ ᠡᠭᠦᠨ ᠤ ᠳᠡᠭᠡᠷ᠎ᠡ ᠵᠠᠮ ᠬᠠᠷᠢᠯᠴᠠᠭ᠎ᠠ ᠨᠡᠯᠢᠶᠡᠳ ᠳᠥᠭᠦᠮ᠂ ᠨᠡᠭᠡᠭᠡᠨ ᠬᠦᠭᠵᠢᠭᠦᠯᠬᠦ ᠯᠤᠲᠤ ᠶᠡᠭᠡ ᠦᠨ᠎ᠡ ᠴᠡᠨ᠎ᠡ ᠲᠠᠢ ᠪᠠᠶᠢᠨ᠎ᠠ᠃      ᠠᠭᠤᠷᠬᠠᠶ ᠶᠢᠨ ᠣᠷᠣᠨ ᠤ ᠲᠦᠷᠦᠯ ᠵᠦᠢᠯ ᠤᠨ ᠬᠠᠷᠢᠭᠤᠴᠠᠯᠭᠠᠲᠠᠨ ᠯᠢᠦ ᠺᠠᠶ ᠶᠢᠨ ᠲᠠᠨᠢᠯᠴᠠᠭᠤᠯᠤᠭᠰᠠᠨ ᠢᠶᠠᠷ᠂ ᠡᠨᠡᠬᠦ ᠠᠭᠤᠷᠬᠠᠶ ᠶᠢ ᠵᠢᠯ ᠳᠤ ᠪᠠᠯ ᠴᠢᠯᠠᠭᠤᠨ ᠤ ᠳᠡᠭᠳᠡᠭᠡᠨ ᠰᠢᠯᠢᠬᠦ ᠴᠡᠪᠡᠷ ᠬᠦᠳᠡᠷ ᠢ 16 ᠲᠦᠮᠡᠨ ᠲᠣᠨ ᠦᠢᠯᠡᠳᠪᠦᠷᠢᠯᠡᠵᠦ᠂  28 ᠵᠢᠯ ᠦᠢᠯᠡᠴᠢᠯᠡᠬᠦ ᠪᠠᠷ ᠵᠢᠷᠤᠭᠯᠠᠨ ᠲᠦᠯᠦᠪᠯᠡᠵᠦ᠂ ᠲᠠᠯᠠᠯᠲᠠ ᠪᠠᠯ ᠴᠢᠯᠠᠭᠤ᠂ ᠵᠥᠭᠡᠯᠡᠨ ᠪᠠᠯ ᠴᠢᠯᠠᠭᠤ᠂ ᠪᠥᠮᠪᠥᠭᠡᠯᠢᠭ ᠪᠠᠯ ᠴᠢᠯᠠᠭᠤ᠂ ᠯᠢᠲ᠋ᠢ ᠢᠶᠣᠨ ᠴᠠᠬᠢᠯᠭᠠᠨ ᠴᠡᠨᠡᠭ ᠤᠨ ᠪᠢᠯᠢᠭ ᠲᠦᠢᠯ ᠤᠨ ᠮᠠᠲ᠋ᠧᠷᠢᠶᠠᠯ᠂ ᠹᠯᠣᠷᠲᠤ ᠪᠠᠯ ᠴᠢᠯᠠᠭᠤ᠂ ᠴᠦᠮ᠎ᠡ ᠶᠢᠨ ᠪᠠᠯ ᠴᠢᠯᠠᠭᠤ ᠵᠡᠷᠭᠡ ᠨᠠᠷᠢᠯᠢᠭ ᠪᠣᠯᠪᠠᠰᠤᠷᠠᠭᠤᠯᠬᠤ ᠦᠢᠯᠡᠳᠬᠦᠨ ᠢ ᠦᠢᠯᠡᠳᠪᠦᠷᠢᠯᠡᠬᠦ ᠪᠠᠷ ᠵᠢᠷᠤᠭᠯᠠᠨ ᠲᠦᠯᠦᠪᠯᠡᠵᠦ᠂ ᠵᠢᠱᠢᠬᠦ ᠳᠤ ᠦᠢᠯᠡᠳᠬᠦᠨ ᠤ ᠪᠦᠬᠦ ᠦᠷᠳᠡᠭ ᠨᠢ 7000 ᠭᠠᠷᠤᠶ ᠳ᠋ᠦᠩᠰᠢᠭᠤᠷ ᠲᠥᠭᠦᠷᠢᠭ ᠲᠤ ᠬᠦᠷᠬᠦ ᠪᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号