2015 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠨ ᠳᠤ ᠬᠦᠷᠦᠭᠰᠡᠳ ᠤᠨ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠬᠠᠮᠤᠭ ᠳᠣᠣᠷ᠎ᠠ ᠬᠢᠵᠠᠭᠠᠷᠯᠠᠬᠤ ᠬᠤᠪᠢ ᠶᠢ ᠨᠢᠭᠡᠨᠲᠡ ᠲᠣᠭᠲᠠᠪᠠ᠂ | ᠡᠯᠰᠡᠬᠦ ᠠᠵᠢᠯ 12 ᠳ᠋ᠤᠭᠠᠷ ᠰᠠᠷ᠎ᠠ ᠶᠢᠨ 14 ᠤ ᠡᠳᠦᠷ ᠠᠴᠠ ᠡᠬᠢᠯᠡᠨ 22 ᠤᠨ ᠡᠳᠦᠷ ᠪᠣᠯᠲᠠᠯ᠎ᠠ ᠶᠠᠪᠤᠭᠳᠠᠨ᠎ᠠ᠃ | ᠰᠢᠯᠭᠠᠭᠤᠯᠤᠭᠰᠠᠳ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ | ᠰᠦᠯᠵᠢᠶ᠎ᠡ ᠶᠢᠨ ︽2015 ᠣᠨ ᠤ ᠨᠠᠰᠤᠨ ᠳᠤ ᠬᠦᠷᠦᠭᠰᠡᠳ ᠤᠨ ᠡᠷᠡᠮᠡᠯᠵᠡᠯ ᠲᠠᠭᠯᠠᠬᠤ ᠲᠤᠰᠬᠠᠢ ᠪᠤᠯᠤᠩ︾ ᠳᠤ | ᠭᠠᠷᠴᠤ᠂ ᠰᠤᠷᠤᠭᠴᠢ ᠡᠯᠰᠡᠬᠦ ᠲᠥᠯᠥᠪᠯᠡᠭᠡ ᠪᠠ ᠡᠯᠰᠡᠬᠦ ᠨᠡᠶᠢᠲᠡᠯᠡᠯ ᠢ ᠦᠵᠡᠵᠦ᠂ ︽2015 ᠣᠨ ᠤ ᠨᠠᠰᠤᠨ ᠳᠤ | ᠬᠦᠷᠦᠭᠰᠡᠳ ᠤᠨ ᠡᠷᠡᠮᠡᠯᠵᠡᠯ ᠲᠠᠭᠯᠠᠬᠤ ᠰᠢᠰᠲ᠋ᠧᠮ︾ ᠳᠤ ᠭᠠᠷᠴᠤ ᠡᠷᠡᠮᠡᠯᠵᠡᠯ ᠢᠶᠠᠨ ᠲᠠᠭᠯᠠᠭᠠᠷᠠᠢ᠂ ᠡᠯᠰᠡᠬᠦ ᠲᠣᠬᠢᠶᠠᠯ | ᠢ ᠠᠯᠳᠠᠬᠤ ᠠᠴᠠ ᠪᠣᠯᠭᠤᠮᠵᠢᠯᠠᠭᠠᠷᠠᠢ᠃ | ᠲᠠᠨᠢᠯᠴᠠᠭᠤᠯᠤᠭᠰᠠᠨ ᠢᠶᠠᠷ᠂ ᠨᠠᠰᠤᠨ ᠳᠤ ᠬᠦᠷᠦᠭᠰᠡᠳ ᠤᠨ ᠲᠤᠰᠬᠠᠢ ᠮᠡᠷᠭᠡᠵᠢᠯ ᠤᠨ ᠠᠩᠭᠢ ᠠᠴᠠ ᠵᠢᠩᠬᠢᠨᠢ | ᠠᠩᠭᠢ ᠳᠤ ᠰᠢᠯᠵᠢᠬᠦ᠄ ᠬᠢᠲᠠᠳ ᠢᠶᠠᠷ ᠬᠢᠴᠢᠶᠡᠯᠯᠡᠬᠦ ᠤᠳᠬ᠎ᠠ ᠵᠣᠬᠢᠶᠠᠯ ᠲᠡᠦᠬᠡ᠂ ᠬᠢᠲᠠᠳ ᠡᠮᠨᠡᠯᠭᠡ ᠶᠢᠨ ᠲᠥᠷᠥᠯ᠂ | ᠬᠠᠤᠯᠢ ᠶᠢᠨ ᠲᠥᠷᠥᠯ ᠨᠢ 170 ᠬᠤᠪᠢ︔ ᠤᠷᠠᠯᠢᠭ ᠤᠨ ᠲᠥᠷᠥᠯ᠂ ᠲᠣᠭᠠᠨ ᠤ ᠲᠥᠷᠥᠯ᠂ ᠠᠵᠤ ᠠᠬᠤᠢ ᠶᠢᠨ | ᠬᠠᠮᠢᠶᠠᠷᠤᠯᠲᠠ ᠶᠢᠨ ᠲᠥᠷᠥᠯ ᠨᠢ 115 ᠬᠤᠪᠢ︔ ᠰᠤᠷᠭᠠᠨ ᠬᠥᠮᠥᠵᠢᠯ ᠤᠨ ᠲᠥᠷᠥᠯ᠂ ᠲᠠᠷᠢᠶᠠᠯᠠᠩ ᠤᠨ | ᠤᠬᠠᠭᠠᠨ ᠤ ᠲᠥᠷᠥᠯ᠂ ᠠᠨᠠᠭᠠᠬᠤ ᠤᠬᠠᠭᠠᠨ ᠤ ᠲᠥᠷᠥᠯ ᠨᠢ 140 ᠬᠤᠪᠢ ᠪᠣᠯᠣᠨ᠎ᠠ᠃ ᠮᠣᠩᠭᠤᠯ ᠢᠶᠠᠷ | ᠬᠢᠴᠢᠶᠡᠯᠯᠡᠬᠦ ᠤᠳᠬ᠎ᠠ ᠵᠣᠬᠢᠶᠠᠯ ᠲᠡᠦᠬᠡ᠂ ᠬᠢᠲᠠᠳ ᠡᠮᠨᠡᠯᠭᠡ ᠶᠢᠨ ᠲᠥᠷᠥᠯ ᠨᠢ 174 ᠬᠤᠪᠢ︔ ᠬᠠᠤᠯᠢ ᠶᠢᠨ | ᠲᠥᠷᠥᠯ ᠨᠢ 210 ᠬᠤᠪᠢ ᠪᠣᠯᠣᠨ᠎ᠠ᠃ ᠥᠨᠳᠥᠷ ᠳᠤᠮᠳᠠᠳᠤ ᠰᠤᠷᠭᠠᠭᠤᠯᠢ ᠠᠴᠠ ᠵᠢᠩᠬᠢᠨᠢ ᠠᠩᠭᠢ ᠳᠤ ᠳᠠᠪᠰᠢᠬᠤ᠄ | ᠬᠢᠲᠠᠳ ᠢᠶᠠᠷ ᠬᠢᠴᠢᠶᠡᠯᠯᠡᠬᠦ ᠬᠠᠮᠤᠭ ᠳᠣᠣᠷ᠎ᠠ ᠬᠢᠵᠠᠭᠠᠷᠯᠠᠬᠤ ᠬᠤᠪᠢ ᠨᠢ ᠤᠳᠬ᠎ᠠ ᠵᠣᠬᠢᠶᠠᠯ ᠲᠡᠦᠬᠡ ᠶᠢᠨ ᠲᠥᠷᠥᠯ᠂ | ᠲᠣᠭᠠᠨ ᠤ ᠲᠥᠷᠥᠯ ᠨᠢ 140 ᠬᠤᠪᠢ︔ ᠤᠷᠠᠯᠢᠭ ᠤᠨ ᠲᠥᠷᠥᠯ᠂ ᠲᠠᠮᠢᠷ ᠤᠨ ᠲᠥᠷᠥᠯ ᠨᠢ 120 ᠬᠤᠪᠢ | ᠪᠣᠯᠣᠨ᠎ᠠ᠃ ᠮᠣᠩᠭᠤᠯ ᠢᠶᠠᠷ ᠬᠢᠴᠢᠶᠡᠯᠯᠡᠬᠦ ᠬᠠᠮᠤᠭ ᠳᠣᠣᠷ᠎ᠠ ᠬᠢᠵᠠᠭᠠᠷᠯᠠᠬᠤ ᠬᠤᠪᠢ ᠨᠢ ᠤᠳᠬ᠎ᠠ ᠵᠣᠬᠢᠶᠠᠯ | ᠲᠡᠦᠬᠡ ᠶᠢᠨ ᠲᠥᠷᠥᠯ 234 ᠬᠤᠪᠢ︔ ᠲᠣᠭᠠᠨ ᠤ ᠲᠥᠷᠥᠯ ᠨᠢ 195 ᠬᠤᠪᠢ ᠪᠣᠯᠣᠨ᠎ᠠ᠃ | ᠥᠨᠳᠥᠷ ᠳᠤᠮᠳᠠᠳᠤ ᠰᠤᠷᠭᠠᠭᠤᠯᠢ ᠠᠴᠠ ᠲᠤᠰᠬᠠᠢ ᠮᠡᠷᠭᠡᠵᠢᠯ ᠤᠨ ᠠᠩᠭᠢ ᠳᠤ ᠳᠠᠪᠰᠢᠬᠤ᠂ ᠥᠨᠳᠥᠷ | ᠳᠤᠮᠳᠠᠳᠤ ᠰᠤᠷᠭᠠᠭᠤᠯᠢ ᠠᠴᠠ ᠵᠢᠩᠬᠢᠨᠢ ᠠᠩᠭᠢ ᠳᠤ ᠳᠠᠪᠰᠢᠬᠤ᠂ ᠲᠤᠰᠬᠠᠢ ᠮᠡᠷᠭᠡᠵᠢᠯ ᠤᠨ ᠠᠩᠭᠢ ᠠᠴᠠ ᠵᠢᠩᠬᠢᠨᠢ | ᠠᠩᠭᠢ ᠳᠤ ᠳᠠᠪᠰᠢᠬᠤ ᠮᠣᠩᠭᠤᠯ ᠢᠶᠠᠷ ᠰᠢᠯᠭᠠᠭᠤᠯᠤᠭᠰᠠᠳ ᠬᠡᠷᠪᠡ ᠬᠢᠲᠠᠳ ᠢᠶᠠᠷ ᠬᠢᠴᠢᠶᠡᠯᠯᠡᠬᠦ ᠢᠵᠢᠯ | ᠰᠤᠷᠤᠯᠭ᠎ᠠ ᠶᠢᠨ ᠨᠠᠮᠲᠠᠷ ᠤᠨ ᠳᠠᠪᠬᠤᠷᠭ᠎ᠠ ᠂ ᠢᠵᠢᠯ ᠨᠢᠭᠡᠨ ᠬᠢᠴᠢᠶᠡᠯ ᠲᠥᠷᠥᠯ ᠤᠨ ᠬᠢᠵᠠᠭᠠᠷᠯᠠᠬᠤ ᠬᠤᠪᠢ ᠳᠤ | ᠬᠦᠷᠦᠭᠰᠡᠨ ᠪᠠᠶᠢᠪᠠᠯ᠂ ᠬᠢᠲᠠᠳ ᠢᠶᠠᠷ ᠬᠢᠴᠢᠶᠡᠯᠯᠡᠬᠦ ᠰᠤᠷᠤᠯᠭ᠎ᠠ ᠶᠢᠨ ᠨᠠᠮᠲᠠᠷ ᠤᠨ ᠳᠠᠪᠬᠤᠷᠭ᠎ᠠ ᠂ ᠬᠢᠴᠢᠶᠡᠯ | ᠲᠥᠷᠥᠯ ᠤᠨ ᠮᠡᠷᠭᠡᠵᠢᠯ ᠳᠤ ᠬᠠᠪᠰᠤᠷᠭᠠᠨ ᠮᠡᠳᠡᠭᠦᠯᠵᠦ ᠪᠣᠯᠣᠨ᠎ᠠ᠃ |