ᠣᠷᠴᠢᠮᠬᠠᠨ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ 11ᠳ᠋ᠦ᠋ᠭᠡᠷ ᠰᠠᠷ᠎ᠠ ᠶᠢᠨ | ᠰᠡᠭᠦᠯᠴᠢ ᠶᠢᠨ FY-3B/VIRR ᠴᠠᠭ ᠠᠭᠤᠷ ᠤᠨ ᠳᠠᠭᠠᠭᠤᠯᠢ ᠤᠳᠤᠨ ᠤ ᠠᠯᠤᠰ ᠡᠵᠡᠮᠰᠢᠯ ᠤᠨ ᠬᠢᠨᠠᠨ | ᠬᠡᠮᠵᠢᠯᠲᠡ ᠶᠢᠨ ᠮᠠᠲ᠋ᠧᠷᠢᠶᠠᠯ ᠢ ᠠᠰᠢᠭᠯᠠᠵᠤ᠂ ᠭᠠᠵᠠᠷ ᠳᠡᠭᠡᠷᠡᠬᠢ ᠬᠢᠨᠠᠨ ᠬᠡᠮᠵᠢᠯᠲᠡ ᠶᠢᠨ ᠮᠡᠳᠡᠭᠡ ᠵᠠᠩᠭᠢ ᠲᠠᠢ | ᠤᠶᠠᠯᠳᠤᠭᠤᠯᠤᠨ᠂ ᠥᠪᠥᠷ ᠮᠣᠩᠭᠤᠯ ᠤᠨ ᠪᠦᠬᠦ ᠣᠷᠣᠨ ᠤ ᠴᠠᠰᠤ ᠬᠤᠷᠠᠭᠰᠠᠨ ᠪᠦᠷᠬᠦᠴᠡ ᠪᠤᠯᠤᠨ ᠬᠤᠷᠠᠮᠳᠤᠭᠰᠠᠨ | ᠴᠠᠰᠤᠨ ᠤ ᠭᠦᠨ ᠲᠠᠷᠬᠠᠯᠲᠠ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠯᠲᠠ ᠬᠢᠪᠡ᠃ ᠬᠢᠨᠠᠨ ᠬᠡᠮᠵᠢᠭᠰᠡᠨ ᠦᠷ᠎ᠡ | ᠳ᠋ᠦᠩ ᠠᠴᠠ ᠦᠵᠡᠪᠡᠯ᠂ ᠣᠳᠣᠬᠠᠨ ᠳᠤ ᠮᠠᠨ ᠤ ᠣᠷᠣᠨ ᠤ ᠳᠤᠮᠳᠠ᠂ ᠵᠡᠭᠦᠨ ᠬᠡᠰᠡᠭ ᠤᠨ ᠶᠡᠬᠡᠩᠬᠢ ᠭᠠᠵᠠᠷ | ᠣᠷᠣᠨ ᠢ ᠪᠦᠷ ᠴᠠᠰᠤ ᠪᠦᠷᠬᠦᠵᠦ᠂ ᠡᠭᠦᠨ ᠳᠤ ᠬᠥᠯᠥᠨ ᠪᠤᠶᠢᠷ ᠬᠤᠳᠠ ᠶᠢᠨ ᠪᠠᠷᠠᠭᠤᠨ ᠡᠮᠦᠨᠡᠲᠦ ᠬᠡᠰᠡᠭ᠂ ᠬᠢᠩᠭᠠᠨ | ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠳᠠ᠂ ᠰᠢᠯᠢ ᠶᠢᠨ ᠭᠤᠣᠯ ᠠᠶᠢᠮᠠᠭ᠂ ᠤᠯᠠᠭᠠᠨᠴᠠᠪ ᠬᠤᠲᠠ᠂ | ᠪᠤᠭᠤᠲᠤ ᠬᠤᠳᠠ᠂ ᠬᠥᠬᠡᠬᠤᠲᠠ ᠪᠤᠯᠤᠨ ᠪᠠᠶᠠᠨᠨᠠᠭᠤᠷ ᠠᠶᠢᠮᠠᠭ ᠤᠨ ᠵᠡᠭᠦᠨ ᠬᠡᠰᠡᠭ ᠤᠨ ᠭᠠᠵᠠᠷ ᠣᠷᠣᠨ ᠢᠶᠠᠷ ᠴᠠᠰᠤ | ᠪᠦᠷᠬᠦᠵᠦ᠂ ᠲᠠᠯᠠᠪᠠᠶ ᠨᠢ ᠪᠠᠷᠤᠭ 50.16 ᠲᠦᠮᠡᠨ ᠲᠡᠭᠰᠢ ᠳᠦᠷᠪᠡᠯᠵᠢᠨ ᠺᠢᠯᠤᠮᠧᠲᠷ ᠲᠤ ᠬᠦᠷᠴᠦ᠂ ᠪᠠᠷᠤᠭ | ᠪᠥᠬᠦ ᠣᠷᠣᠨ ᠤ ᠶᠡᠷᠦᠩᠬᠡᠶ ᠲᠠᠯᠠᠪᠠᠢ ᠶᠢᠨ42.5% ᠶᠢ ᠡᠵᠡᠯᠡᠵᠡᠢ᠂ ᠬᠠᠮᠤᠭ ᠭᠦᠨ ᠴᠠᠰᠤ ᠬᠤᠷᠠᠭᠰᠠᠨ ᠭᠠᠵᠠᠷ | ᠭᠡᠪᠡᠯ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤ ᠳᠤ19 ᠰᠡᠨᠲ᠋ᠢᠮᠧᠲᠷ ᠴᠠᠰᠤ ᠬᠤᠷᠠᠵᠡᠢ᠃ |