11 ᠳ᠋ᠦ᠋ᠭᠡᠷ ᠰᠠᠷ᠎ᠠ ᠳᠤ ᠥᠪᠥᠷ ᠮᠣᠩᠭᠤᠯ ᠤᠨ CPI ᠠᠳᠠᠯᠢ ᠬᠤᠭᠤᠴᠠᠭᠠᠨ ᠤ ᠬᠢ ᠠᠴᠠ 1.5%᠎ ᠪᠠᠷ ᠥᠰᠦᠭᠰᠡᠨ ᠪᠠᠶᠢᠨ᠎ᠠ
ᠨᠡᠶᠢᠲᠡᠯᠡᠭᠰᠡᠨ ᠴᠠᠭ᠄
2015/12/30
     11 ᠳ᠋ᠦ᠋ᠭᠡᠷ ᠰᠠᠷ᠎ᠠ ᠳᠤ᠂ ᠮᠠᠨ ᠤ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠢᠯᠡᠳᠬᠡᠭᠴᠢ ᠲᠤᠭ᠎ᠠ ︵CPI︶ ᠠᠳᠠᠯᠢ ᠬᠤᠭᠤᠴᠠᠭᠠᠨ ᠤ ᠬᠢ ᠠᠴᠠ 1.5% ᠦᠰᠴᠦ᠂ 31 ᠮᠤᠵᠢ ᠤᠷᠤᠨ ᠤ 15 ᠳ᠋ᠤᠭᠠᠷ ᠲᠤ ᠵᠢᠭᠰᠠᠭᠠᠭᠳᠠᠪᠠ᠃ ᠲᠠᠨᠢᠯᠴᠠᠭᠤᠯᠤᠭᠰᠠᠨ ᠢᠶᠠᠷ᠂ 11 ᠳ᠋ᠦ᠋ᠭᠡᠷ ᠰᠠᠷ᠎ᠠ ᠶᠢᠨ ᠰᠡᠭᠦᠯᠴᠢ ᠪᠠᠷ᠂ ᠮᠠᠨ ᠤ ᠣᠷᠣᠨ ᠶᠡᠭᠡ ᠬᠡᠪᠴᠢᠶᠡᠨ ᠤ ᠪᠣᠷᠣᠭᠠᠨ ᠴᠠᠰᠤᠲᠠᠢ ᠠᠭᠤᠷ ᠠᠮᠢᠰᠬᠤᠯ ᠳᠤ ᠨᠦᠯᠦᠭᠡᠯᠡᠭᠳᠡᠵᠦ᠂ ᠵᠠᠬ᠎ᠠ ᠳᠡᠯᠭᠡᠭᠦᠷ ᠤᠨ ᠰᠢᠯᠵᠢᠭᠦᠯᠦᠨ ᠲᠡᠭᠡᠭᠡᠪᠦᠷᠢᠯᠡᠬᠦ ᠰᠠᠭᠠᠳ ᠭᠠᠷᠴᠤ᠂ ᠪᠦᠬᠦ ᠣᠷᠣᠨ ᠤ ᠢᠳᠡᠰᠢᠨ ᠨᠣᠭᠤᠭ᠎ᠠ ᠶᠢᠨ ᠦᠨ᠎ᠡ ᠦᠰᠦᠯᠲᠡ ᠶᠢ ᠲᠦᠷᠭᠡᠳᠪᠡ᠃ 11 ᠳ᠋ᠦ᠋ᠭᠡᠷ ᠰᠠᠷ᠎ᠠ ᠳᠤ᠂ ᠪᠦᠬᠦ ᠣᠷᠣᠨ ᠤ ᠢᠳᠡᠰᠢᠨ ᠨᠣᠭᠤᠭ᠎ᠠ ᠶᠢᠨ ᠦᠨ᠎ᠡ ᠠᠳᠠᠯᠢ ᠬᠤᠭᠤᠴᠠᠭᠠᠨ ᠤ ᠬᠢ ᠠᠴᠠ 12.4%᠎ ᠪᠠᠷ ᠥᠰᠴᠦ᠂ ᠢᠯᠠᠩᠭᠤᠶ᠎ᠠ ᠰᠠᠷ᠎ᠠ ᠶᠢᠨ ᠰᠡᠭᠦᠯᠴᠢ ᠪᠠᠷ᠂ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢ ᠬᠢᠨᠠᠨ ᠬᠡᠮᠵᠢᠬᠦ ᠲᠥᠪ ᠤᠨ ᠬᠢᠨᠠᠨ ᠬᠡᠮᠵᠢᠭᠰᠡᠨ 15 ᠵᠦᠢᠯ ᠤᠨ ᠢᠳᠡᠰᠢᠨ ᠨᠣᠭᠤᠭ᠎ᠠ ᠶᠢᠨ ᠳᠤᠲᠤᠷ᠎ᠠ 13᠎ ᠨᠢ ᠥᠰᠴᠦ 2᠎ ᠨᠢ ᠪᠠᠭᠤᠷᠠᠪᠠ᠂ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠨᠢ 2.82 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 12.8% ᠦᠰᠪᠡ᠃ ᠶᠡᠷᠦᠩᠬᠡᠶ ᠳᠤᠨᠢ ᠠᠪᠴᠤ ᠦᠵᠡᠪᠡᠯ᠂ ᠡᠨᠡ ᠵᠢᠯ ᠮᠠᠨ ᠤ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠥᠰᠥᠯᠲᠡ ᠲᠤᠭᠲᠠᠭᠤᠨ ᠪᠠᠶᠢᠬᠤ ᠶᠢ ᠪᠠᠲᠤᠯᠠᠵᠤ᠂ ᠲᠦᠷᠦᠭᠦᠦ 11 ᠰᠠᠷ᠎ᠠ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ 1.1%᠎ ᠪᠠᠷ ᠥᠰᠴᠦ᠂ ᠲᠦᠷᠦᠭᠦᠦ 10 ᠰᠠᠷ᠎ᠠ ᠨᠢ ᠠᠳᠠᠯᠢ ᠬᠤᠭᠤᠴᠠᠭᠠᠨ ᠤ ᠬᠢ ᠲᠠᠢ ᠲᠡᠩᠴᠡᠭᠦᠦ ᠪᠠᠶᠢᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号