12 ᠳ᠋ᠤᠭᠠᠷ ᠰᠠᠷ᠎ᠠ ᠶᠢᠨ 3 ᠤ ᠡᠳᠦᠷ ᠪᠠ 12 ᠳ᠋ᠤᠭᠠᠷ ᠰᠠᠷ᠎ᠠ ᠶᠢᠨ 7 ᠤ ᠡᠳᠦᠷ ︽︿ᠥᠪᠥᠷ | ᠮᠣᠩᠭᠤᠯ ᠤᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠳᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠠᠷᠭ᠎ᠠ﹀ ᠶᠢ ᠲᠣᠭᠲᠠᠭᠠᠬᠤ︾ ᠪᠠ ︽ᠥᠪᠥᠷ ᠮᠣᠩᠭᠤᠯ᠄ ᠠᠵᠢᠯ | ᠮᠡᠷᠭᠡᠵᠢᠯ ᠤᠨ ᠣᠨ ᠤ ᠮᠥᠩᠭᠦ ᠶᠢ ᠨᠢᠭᠡᠴᠡ 8% ᠪᠠᠷ ᠲᠤᠰᠢᠶᠠᠵᠤ ᠬᠤᠪᠢ ᠬᠥᠮᠥᠨ 4% ᠪᠠᠷ ᠲᠤᠰᠢᠶᠠᠬᠤ | ᠪᠣᠯᠣᠨ᠎ᠠ︾ ᠭᠡᠰᠡᠨ ᠢ ᠨᠡᠶᠢᠲᠡᠯᠡᠵᠦ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠤᠨ ᠲᠣᠲᠣᠷ᠎ᠠ | ᠴᠢᠩᠭ᠎ᠠ ᠰᠦᠷᠬᠡᠢ ᠲᠤᠰᠬᠠᠯ ᠭᠠᠷᠪᠠ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠤᠨ ᠡᠳᠡᠭᠡᠷ | ᠠᠰᠠᠭᠤᠳᠠᠯ ᠳᠤ ᠬᠠᠨᠳᠤᠭᠤᠯᠤᠨ᠂ 12 ᠰᠠᠷ᠎ᠠ ᠶᠢᠨ 18 ᠤ ᠡᠳᠦᠷ ᠥᠪᠥᠷ ᠮᠣᠩᠭᠤᠯ ᠤᠨ ᠬᠥᠮᠥᠨ ᠤ ᠬᠦᠴᠦᠨ ᠤ | ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠰᠣᠨᠢᠨ ᠮᠡᠳᠡᠭᠡ ᠵᠠᠭᠤᠴᠢᠯᠠᠭᠤᠷ ᠤᠨ ᠪᠠᠶᠢᠳᠠᠯ ᠢᠶᠠᠨ | ᠮᠡᠳᠡᠯᠴᠡᠬᠦ ᠬᠤᠷᠠᠯ ᠬᠤᠷᠠᠯᠳᠤᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠤᠨ ᠠᠵᠢᠯᠲᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ | ᠲᠥᠷᠥ ᠶᠢᠨ ᠪᠣᠳᠣᠯᠭ᠎ᠠ ᠶᠢ ᠰᠣᠨᠢᠨ ᠮᠡᠳᠡᠭᠡ ᠵᠠᠭᠤᠴᠢᠯᠠᠭᠤᠷ ᠲᠤ ᠲᠠᠨᠢᠯᠴᠠᠭᠤᠯᠵᠤ᠂ ᠪᠠᠶᠢᠭᠤᠯᠭ᠎ᠠ | ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠤᠨ ᠠᠩᠬᠠᠷᠴᠤ ᠪᠠᠶᠢᠭ᠎ᠠ ᠠᠰᠠᠭᠤᠯᠲᠠ ᠶᠢ ᠬᠠᠷᠢᠭᠤᠯᠪᠠ᠃ | ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠡ ᠶᠢ ᠵᠡᠷᠭᠡᠪᠡᠷ ᠥᠭᠡᠷᠡᠴᠢᠯᠡᠨ᠎ᠡ | 12 ᠳ᠋ᠤᠭᠠᠷ ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠪᠦᠬᠦ ᠣᠷᠣᠨ ᠤ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠳ᠋ᠢᠶᠠᠩᠬᠤᠸᠠ ᠲᠧᠯᠸᠢᠰ ᠬᠤᠷᠠᠯ | ᠬᠤᠷᠠᠯᠳᠤᠭᠤᠯᠵᠤ᠂ ᠥᠭᠡᠷᠡᠴᠢᠯᠡᠬᠦ ᠡᠭᠦᠷᠭᠡ ᠳᠤ ᠲᠤᠰᠬᠠᠢ ᠰᠡᠳᠦᠪ ᠤᠨ ᠪᠠᠶᠢᠷᠢᠯᠠᠭᠤᠯᠤᠯᠲᠠ ᠬᠢᠪᠡ᠃ ᠪᠦᠬᠦ | ᠵᠠᠭᠤᠴᠢᠯᠠᠭᠤᠷ ᠤᠨ ᠰᠤᠷᠪᠤᠯᠵᠢᠯᠠᠭᠴᠢᠳ ᠤᠨ ᠣᠶᠢᠯᠭᠠᠭᠰᠠᠨ ᠢᠶᠠᠷ᠂ ᠲᠣᠰ ᠤᠳᠠᠭᠠᠨ ᠤ ᠥᠭᠡᠷᠡᠴᠢᠯᠡᠯᠲᠡ ᠨᠢ | ᠨᠡᠶᠢᠭᠡᠮ ᠤᠨ ᠪᠤᠰᠤᠳ ᠬᠦᠮᠦᠰ ᠤᠨ ᠠᠰᠢᠭ ᠲᠤᠰᠠ ᠶᠢ ᠬᠥᠨᠳᠡᠵᠦ᠂ ᠬᠤᠯᠪᠣᠭᠳᠠᠬᠤ ᠬᠦᠷᠢᠶ᠎ᠡ ᠬᠡᠪᠴᠢᠶ᠎ᠡ ᠨᠢ | ᠥᠷᠭᠡᠨ᠂ ᠨᠡᠶᠢᠭᠡᠮ ᠤᠨ ᠠᠩᠬᠠᠷᠤᠯ ᠢ ᠶᠡᠬᠡᠪᠡᠷ ᠲᠠᠲᠠᠵᠤ᠂ ᠥᠪᠥᠷ ᠮᠣᠩᠭᠤᠯ ᠤᠨ140 ᠲᠦᠮᠡ ᠭᠠᠷᠤᠢ ᠪᠠᠶᠢᠭᠤᠯᠭ᠎ᠠ | ᠠᠵᠢᠯ ᠦᠢᠯᠡᠰ ᠤᠨ ᠨᠢᠭᠡᠴᠡ ᠶᠢᠨ ᠬᠥᠮᠥᠰ ᠤᠨ ᠰᠡᠳᠬᠢᠯ ᠲᠠᠯᠪᠢᠵᠤ ᠪᠠᠶᠢᠭ᠎ᠠ ᠵᠦᠢᠯ ᠢ ᠬᠡᠷᠬᠢᠨ | ᠥᠭᠡᠷᠡᠴᠢᠯᠡᠬᠦ ᠠᠰᠠᠭᠤᠳᠠᠯ ᠪᠣᠯᠣᠭᠰᠠᠨ ᠪᠠᠶᠢᠨ᠎ᠠ᠃ 11 ᠳ᠋ᠦ᠋ᠭᠡᠷ ᠰᠠᠷ᠎ᠠ ᠶᠢᠨ 17 ᠤ ᠡᠳᠦᠷ᠂ ︽ᠪᠠᠶᠢᠭᠤᠯᠭ᠎ᠠ ᠠᠵᠢᠯ | ᠦᠢᠯᠡᠰ ᠤᠨ ᠨᠢᠭᠡᠴᠡ ᠶᠢᠨ ᠠᠵᠢᠯᠲᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ | ᠥᠭᠡᠷᠡᠴᠢᠯᠡᠯᠲᠡ ᠶᠢᠨ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠠᠵᠢᠯ ᠦᠢᠯᠡᠰ ᠤᠨ ᠠᠵᠢᠯᠲᠠᠳ ᠤᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠠᠷᠭ᠎ᠠ︾ ᠶᠢ ᠵᠢᠩᠬᠢᠨᠢ ᠪᠠᠷ | ᠨᠡᠶᠢᠲᠡᠯᠡᠪᠡ᠃ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠤᠨ ᠨᠡᠶᠢᠭᠡᠮ ᠤᠨ ᠪᠠᠲᠤᠯᠠᠭ᠎ᠠ ᠶᠢᠨ ᠭᠠᠵᠠᠷ ᠤᠨ ᠳᠠᠷᠤᠭ᠎ᠠ ᠹᠧᠩ ᠶᠢᠦ ᠺᠤᠸᠠᠨ ᠢᠯᠡᠳᠬᠡᠭᠰᠡᠨ ᠨᠢ᠂ ᠥᠪᠥᠷ | ᠮᠣᠩᠭᠤᠯ ᠤᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠥᠭᠡᠷᠡᠴᠢᠯᠡᠯᠲᠡ ᠶᠢ 2014 ᠣᠨ ᠳᠤ ᠳᠠᠷᠤᠢ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠵᠦ᠂ ᠪᠦᠬᠦ | ᠣᠷᠣᠨ ᠤ ᠬᠡᠪᠴᠢᠶᠡᠨ ᠳᠤ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠵᠢᠴᠢ ᠠᠵᠢᠯ ᠠᠴᠠ ᠪᠠᠨ | ᠠᠮᠠᠷᠠᠭᠰᠠᠨ ᠬᠥᠮᠥᠰ ᠤᠨ ᠦᠨᠳᠦᠰᠦᠨ ᠮᠡᠳᠡᠭᠡ ᠵᠠᠩᠭᠢ ᠶᠢ ᠠᠪᠴᠤ᠂ ᠪᠤᠢ ᠪᠦᠬᠦᠢ ᠮᠡᠳᠡᠭᠡ ᠵᠠᠩᠭᠢ ᠪᠠᠷ ᠪᠠᠶᠢᠭᠤᠯᠭ᠎ᠠ | ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠥᠭᠡᠷᠡᠴᠢᠯᠡᠯᠲᠡ ᠶᠢᠨ | ᠲᠥᠷᠥ ᠶᠢᠨ ᠪᠣᠳᠣᠯᠭ᠎ᠠ ᠳᠤ ᠵᠢᠱᠢᠨ ᠪᠣᠳᠣᠯᠲᠠ ᠬᠢᠭᠰᠡᠨ ᠪᠠᠶᠢᠨ᠎ᠠ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠥᠭᠡᠷᠡᠴᠢᠯᠡᠯᠲᠡ ᠬᠢᠭᠰᠡᠨ ᠤ ᠳᠠᠷᠠᠭ᠎ᠠ᠂ ᠬᠤᠯᠪᠣᠭᠳᠠᠭᠰᠠᠨ ᠪᠣᠳᠠᠲᠠᠢ | ᠠᠰᠠᠭᠤᠳᠠᠯ ᠳᠤ ᠬᠦᠴᠦᠨ ᠢᠶᠠᠨ ᠵᠣᠬᠢᠶᠠᠨ ᠪᠠᠶᠢᠭᠤᠯᠤᠨ ᠠᠩᠬᠠᠨ ᠤ ᠰᠤᠳᠤᠯᠤᠯᠲᠠ ᠬᠢᠪᠡ᠃ ᠲᠤᠰ ᠤᠳᠠᠭᠠᠨ ᠤ | ᠥᠪᠥᠷ ᠮᠣᠩᠭᠤᠯ ᠤᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠤᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠥᠭᠡᠷᠡᠴᠢᠯᠡᠯᠲᠡ ᠨᠢ ᠣᠳᠣ ᠶᠢᠨ ᠬᠡᠷᠡᠭᠵᠢᠭᠦᠯᠵᠦ ᠪᠠᠶᠢᠭ᠎ᠠ ᠪᠠᠶᠢᠭᠤᠯᠭ᠎ᠠ ᠠᠵᠢᠯ | ᠦᠢᠯᠡᠰ ᠤᠨ ᠨᠢᠭᠡᠴᠡ ᠶᠢᠨ ᠠᠵᠢᠯᠲᠠᠳ ᠤᠨ ᠠᠵᠢᠯ ᠠᠴᠠ ᠪᠠᠨ ᠠᠮᠠᠷᠠᠬᠤ ᠳᠦᠷᠢᠮ ᠳᠤ ᠥᠭᠡᠷᠡᠴᠢᠯᠡᠯᠲᠡ ᠬᠢᠵᠦ᠂ | ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠪᠡᠶ᠎ᠡ ᠪᠠᠨ ᠳᠠᠭᠠᠭᠠᠬᠤ ᠠᠴᠠ ᠭᠠᠳᠠᠨ᠎ᠠ ᠪᠠᠰᠠ᠂ ᠪᠡᠯᠡ ᠮᠥᠩᠭᠦᠨ ᠤ | ᠢᠷᠡᠯᠲᠡ ᠨᠢ ᠤᠯᠠᠨ᠂ ᠪᠠᠲᠤᠯᠠᠬᠤ ᠠᠷᠭ᠎ᠠ ᠬᠡᠯᠪᠡᠷᠢ ᠨᠢ ᠤᠯᠠᠨ᠂ ᠬᠠᠮᠢᠶᠠᠷᠤᠯᠲᠠ ᠨᠢ ᠨᠡᠶᠢᠭᠡᠮᠵᠢᠭᠰᠡᠨ ᠦᠢᠯᠡᠴᠢᠯᠡᠭᠡ | ᠲᠠᠢ ᠨᠠᠰᠤᠵᠢᠯ ᠤᠨ ᠳᠠᠭᠠᠳᠬᠠᠯ ᠤᠨ ᠰᠢᠰᠲ᠋ᠧᠮ ᠢ ᠠᠭᠠᠵᠢᠮ ᠢᠶᠠᠷ ᠪᠠᠶᠢᠭᠤᠯᠬᠤ ᠪᠣᠯᠣᠨ᠎ᠠ᠃ | ᠲᠣᠰ ᠣᠳᠠᠭᠠᠨ ᠤ ᠥᠭᠡᠷᠡᠴᠢᠯᠡᠯᠲᠡ ᠶᠢᠨ ᠰᠡᠳᠬᠢᠴᠡ ᠳᠤ ᠶᠠᠭᠤ ᠶᠠᠭᠤ ᠶᠢ ᠵᠢᠷᠤᠮᠯᠠᠨ ᠮᠥᠷᠳᠡᠭᠰᠡᠨ ᠪᠣᠢ︖ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠤᠨ ᠨᠠᠰᠤᠵᠢᠯ ᠤᠨ ᠠᠰᠠᠷᠠᠮᠵᠢ ᠶᠢᠨ ᠭᠠᠵᠠᠷ ᠤᠨ ᠳᠡᠳ᠋ ᠲᠣᠭᠤᠷᠢᠨ ᠪᠠᠶᠢᠴᠠᠭᠠᠭᠴᠢ ᠶᠤᠤ | ᠰᠢᠶᠤᠤ ᠳ᠋ᠦᠩ ᠢᠯᠡᠳᠬᠡᠭᠰᠡᠨ ᠨᠢ᠂ ᠲᠤᠰ ᠤᠳᠠᠭᠠᠨ ᠤ ᠥᠪᠥᠷ ᠮᠣᠩᠭᠤᠯ ᠤᠨ ᠪᠠᠶᠢᠭᠤᠯᠭ᠎ᠠ ᠠᠵᠢᠯ ᠦᠢᠯᠡᠰ ᠤᠨ | ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠥᠭᠡᠷᠡᠴᠢᠯᠡᠯᠲᠡ ᠶᠢᠨ ᠦᠨᠳᠦᠰᠦᠨ ᠰᠡᠳᠬᠢᠴᠡ ᠪᠣᠯ | ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠪᠠ ᠠᠵᠤ ᠠᠬᠤᠶᠢᠯᠠᠯ ᠵᠡᠷᠭᠡ ᠬᠤᠲᠠ ᠪᠠᠯᠭᠠᠰᠤ ᠶᠢᠨ ᠠᠵᠢᠯᠯᠠᠵᠤ ᠪᠠᠶᠢᠭ᠎ᠠ | ᠬᠥᠮᠥᠰ ᠲᠤ ᠨᠡᠶᠢᠭᠡᠮ ᠠᠴᠠ ᠨᠢᠭᠡᠳᠦᠯᠲᠡᠢ ᠲᠥᠯᠥᠪᠯᠡᠬᠦ ᠪᠠ ᠬᠤᠪᠢ ᠬᠥᠮᠥᠨ ᠤ ᠳᠠᠩᠰᠠ ᠡᠷᠦᠬᠡ ᠶᠢ | ᠤᠶᠠᠯᠳᠤᠭᠤᠯᠤᠭᠰᠠᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠢ | ᠨᠢᠭᠡᠳᠦᠯᠲᠡᠢ ᠬᠡᠷᠡᠭᠵᠢᠭᠦᠯᠵᠦ᠂ ᠨᠢᠭᠡᠴᠡ ᠪᠠ ᠬᠤᠪᠢ ᠬᠥᠮᠥᠨ ᠰᠦᠢᠳᠬᠡᠯ ᠲᠤᠰᠢᠶᠠᠬᠤ ᠶᠢ ᠬᠡᠷᠡᠭᠵᠢᠭᠦᠯᠵᠦ᠂ ᠢᠯᠡᠭᠦᠦ | ᠲᠤᠰᠢᠶᠠᠪᠠᠯ ᠢᠯᠡᠭᠦᠦ ᠣᠯᠬᠤ ᠵᠠᠷᠴᠢᠮ ᠢᠶᠠᠷ ᠠᠵᠢᠯ ᠠᠴᠠ ᠪᠠᠨ ᠠᠮᠠᠷᠠᠭᠰᠠᠨ ᠰᠦᠢᠳᠬᠡᠯ ᠢ ᠪᠣᠳᠣᠬᠤ ᠠᠷᠭ᠎ᠠ ᠶᠢ | ᠥᠭᠡᠷᠡᠴᠢᠯᠡᠨ᠎ᠡ᠃ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠡ ᠶᠢ ᠵᠡᠷᠭᠡᠪᠡᠷ ᠥᠭᠡᠷᠡᠴᠢᠯᠡᠵᠦ᠂ ᠭᠠᠭᠴᠠ ᠬᠦ | ᠠᠵᠢᠯ ᠦᠢᠯᠡᠰ ᠤᠨ ᠨᠢᠭᠡᠴᠡ ᠶᠢ ᠥᠭᠡᠷᠡᠴᠢᠯᠡᠬᠦ ᠠᠴᠠ ᠪᠣᠯᠵᠤ ᠡᠭᠦᠰᠬᠦ ᠠᠳᠠᠯᠢᠳᠬᠠᠯ ᠠᠴᠠ ᠵᠠᠶᠢᠯᠠᠰᠬᠢᠨ᠎ᠠ᠃ ᠠᠵᠢᠯ | ᠮᠡᠷᠭᠡᠵᠢᠯ ᠤᠨ ᠣᠨ ᠤ ᠮᠥᠩᠭᠦ ᠪᠣᠯᠣᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ | ᠵᠡᠷᠭᠡᠪᠡᠷ ᠪᠠᠶᠢᠭᠤᠯᠵᠤ᠂ ᠡᠯ᠎ᠡ ᠳᠠᠪᠬᠤᠷᠭ᠎ᠠ ᠶᠢᠨ ᠪᠠᠲᠤᠯᠠᠭ᠎ᠠ ᠶᠢᠨ ᠰᠢᠰᠲ᠋ᠧᠮ ᠢ ᠪᠦᠷᠢᠯᠳᠦᠭᠦᠯᠵᠦ᠂ ᠨᠠᠰᠤᠵᠢᠯ ᠤᠨ | ᠠᠰᠠᠷᠠᠮᠵᠢ ᠶᠢᠨ ᠬᠠᠷᠠᠭᠠᠯᠵᠠᠯ ᠤᠨ ᠪᠦᠲᠦᠴᠡ ᠶᠢ ᠰᠢᠯᠢᠳᠡᠭᠵᠢᠭᠦᠯᠬᠦ ᠶᠢᠨ ᠬᠠᠮᠲᠤ ᠬᠠᠷᠠᠭᠠᠯᠵᠠᠯ ᠤᠨ ᠬᠢᠷᠢ ᠲᠦᠪᠰᠢᠨ | ᠶᠡᠷᠦᠩᠬᠡᠢ ᠳᠡᠭᠡᠨ ᠳᠣᠷᠣᠭᠰᠢᠯᠠᠬᠤ ᠦᠭᠡᠢ ᠪᠠᠶᠢᠬᠤ ᠶᠢ ᠪᠠᠷᠢᠮᠲᠠᠯᠠᠪᠠ᠃ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠪᠠ ᠴᠠᠯᠢᠩ ᠤᠨ ᠳᠦᠷᠢᠮ ᠢ ᠬᠠᠮᠲᠤᠪᠠᠷ ᠲᠡᠭᠦᠯᠳᠡᠷᠵᠢᠭᠦᠯᠵᠦ᠂ | ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠨ ᠠᠮᠠᠷᠠᠭᠰᠠᠳ ᠤᠨ ᠬᠠᠷᠠᠭᠠᠯᠵᠠᠯ ᠢ ᠪᠣᠳᠣᠵᠤ ᠥᠭᠬᠦ | ᠠᠷᠭ᠎ᠠ ᠳᠤ ᠢᠯᠡᠭᠦᠦ ᠲᠤᠰᠢᠶᠠᠪᠠᠯ ᠢᠯᠡᠭᠦᠦ ᠣᠯᠬᠤ᠂ ᠤᠷᠲᠤ ᠬᠤᠭᠤᠴᠠᠭ᠎ᠠ ᠪᠠᠷ ᠲᠤᠰᠢᠶᠠᠪᠠᠯ ᠢᠯᠡᠭᠦᠦ ᠣᠯᠬᠤ | ᠠᠷᠭ᠎ᠠ ᠶᠢ ᠲᠣᠪᠣᠶᠢᠮ᠎ᠠ ᠢᠯᠡᠷᠡᠭᠦᠯᠦᠨ᠎ᠡ᠂ ᠬᠤᠶᠢᠰᠢᠲᠠ ᠬᠠᠷᠠᠭᠠᠯᠵᠠᠯ ᠢ ᠲᠣᠬᠢᠷᠠᠭᠤᠯᠬᠤ ᠳᠠᠭᠠᠨ ᠠᠳᠠᠯᠢ ᠳᠡᠰ ᠤᠨ | ᠠᠵᠢᠯᠲᠠᠳ ᠠᠵᠢᠯᠴᠢᠨ ᠤ ᠴᠠᠯᠢᠩ ᠤᠨ ᠥᠰᠥᠯᠲᠡ ᠲᠠᠢ ᠰᠢᠭᠤᠳ ᠬᠤᠯᠪᠣᠭᠠᠯᠠᠬᠤ ᠪᠢᠰᠢ ᠬᠠᠷᠢᠨ ᠠᠵᠤ ᠠᠬᠤᠢ ᠶᠢᠨ | ᠬᠥᠭᠵᠢᠯᠲᠡ᠂ ᠡᠳ᠋ ᠪᠠᠷᠠᠭᠠᠠ ᠤ ᠦᠨ᠎ᠡ ᠶᠢᠨ ᠬᠢᠷᠢ ᠲᠦᠪᠰᠢᠨ᠂ ᠴᠠᠯᠢᠩ ᠤᠨ ᠦᠰᠦᠯᠲᠡ ᠵᠡᠷᠭᠡ ᠡᠯᠧᠮᠧᠨ᠋ᠲ ᠢ | ᠶᠡᠷᠦᠩᠬᠡᠶᠢᠯᠡᠨ ᠪᠣᠳᠣᠯᠬᠢᠯᠠᠵᠤ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠢ ᠨᠢᠭᠡᠳᠦᠯᠲᠡᠢ | ᠲᠥᠯᠥᠪᠵᠢᠭᠦᠯᠦᠨ ᠲᠣᠬᠢᠷᠠᠭᠤᠯᠵᠤ᠂ ᠳᠠᠬᠢᠨ ᠬᠤᠪᠢᠶᠠᠷᠢᠯᠠᠬᠤ ᠳᠤ ᠨᠡᠩ ᠡᠷᠬᠡ ᠲᠡᠭᠰᠢ ᠪᠠᠶᠢᠬᠤ ᠵᠠᠷᠴᠢᠮ ᠢ | ᠢᠯᠡᠷᠡᠭᠦᠯᠬᠦ ᠪᠣᠯᠣᠨ᠎ᠠ᠃ ᠥᠭᠡᠷᠡᠴᠢᠯᠡᠯᠲᠡ ᠶᠢ ᠪᠦᠬᠦ ᠤᠯᠤᠰ ᠤᠨ ᠬᠡᠪᠴᠢᠶᠡᠨ ᠳᠤ ᠵᠡᠷᠭᠡᠪᠡᠷ ᠬᠡᠷᠡᠭᠵᠢᠭᠦᠯᠵᠦ᠂ ᠬᠡᠰᠡᠭ | ᠭᠠᠵᠠᠷ ᠤᠨ ᠲᠤᠷᠰᠢᠯᠲᠠ ᠶᠢᠨ ᠴᠢᠭ᠋ ᠭᠠᠷᠭᠠᠬᠤ ᠦᠭᠡᠢ᠂ ᠭᠠᠵᠠᠷ ᠣᠷᠣᠨ ᠤ ᠬᠤᠭᠤᠷᠣᠨᠳᠤ ᠬᠤᠶᠢᠨ᠎ᠠ ᠡᠮᠦᠨ᠎ᠡ | ᠥᠭᠡᠷᠡᠴᠢᠯᠡᠬᠦ ᠠᠴᠠ ᠪᠣᠯᠵᠤ ᠵᠥᠷᠢᠴᠡᠯ ᠭᠠᠷᠬᠤ ᠠᠴᠠ ᠵᠠᠶᠢᠯᠠᠰᠬᠢᠨ᠎ᠠ᠃ | ᠥᠭᠡᠷᠡᠴᠢᠯᠡᠯᠲᠡ ᠠᠴᠠ ᠬᠤᠶᠢᠰᠢ ᠤᠷᠤᠯᠠᠨ ᠰᠠᠭᠤᠯᠭᠠᠵᠤ ᠣᠷᠣᠯᠠᠨ ᠲᠤᠰᠢᠶᠠᠬᠤ ᠨᠠᠰᠤᠵᠢᠯ ᠤᠨ ᠳᠠᠭᠠᠳᠬᠠᠯ ᠤᠨ | ᠰᠦᠢᠳᠬᠡᠯ 300 ᠭᠠᠷᠤᠢ ᠲᠥᠭᠦᠷᠢᠭ ᠪᠤᠯᠤᠨ᠎ᠠ | ᠨᠠᠰᠤᠵᠢᠯ ᠤᠨ ᠳᠠᠭᠠᠳᠬᠠᠯ ᠤᠨ ᠠᠵᠢᠯ ᠢ ᠤᠳᠠᠭᠠᠨ ᠵᠢᠯ ᠬᠢᠭᠰᠡᠨ ᠹᠧᠩ ᠶᠢᠤ ᠺᠤᠸᠠᠨ ᠤ ᠦᠵᠡᠬᠦ ᠪᠠᠷ᠂ | ᠲᠤᠰ ᠤᠳᠠᠭᠠᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠳᠠᠷᠠᠭᠠᠬᠢ ᠪᠦᠳᠦᠭᠦᠪᠴᠢ ᠪᠦᠲᠦᠴᠡ᠂ ᠠᠵᠤ ᠠᠬᠤᠶᠢᠯᠠᠯ ᠤᠨ | ᠤᠳᠤ ᠶᠢᠨ ᠬᠡᠷᠡᠭᠵᠢᠭᠦᠯᠵᠦ ᠪᠠᠶᠢᠭ᠎ᠠ ᠨᠠᠰᠤᠵᠢᠯ ᠤᠨ ᠳᠠᠭᠠᠳᠬᠠᠯ ᠤᠨ ᠳᠦᠷᠢᠮ ᠲᠠᠢ ᠠᠳᠠᠯᠢ ᠪᠠᠶᠢᠵᠤ᠂ ᠲᠤᠰᠢᠶᠠᠬᠤ | ᠰᠦᠢᠳᠬᠡᠯ ᠤᠨ ᠨᠤᠷᠮ᠎ᠠ᠂ ᠪᠤᠳᠤᠵᠤ ᠥᠭᠬᠦ ᠠᠷᠭ᠎ᠠ᠂ ᠰᠢᠯᠵᠢᠭᠦᠯᠵᠦ ᠵᠠᠯᠭᠠᠯᠳᠤᠭᠤᠯᠬᠤ ᠠᠷᠭ᠎ᠠ ᠵᠡᠷᠭᠡ ᠨᠢ᠂ ᠴᠥᠮ | ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠡᠪ ᠵᠠᠭᠪᠤᠷ ᠢ ᠲᠡᠷᠡ ᠬᠡᠪ ᠢᠶᠠᠷ ᠨᠢ | ᠨᠡᠭᠦᠯᠭᠡᠨ ᠬᠡᠷᠡᠭᠯᠡᠵᠡᠢ᠃ | ᠲᠣᠭᠲᠠᠭᠠᠯ ᠶᠣᠰᠣᠭᠠᠷ᠂ ᠠᠵᠢᠯᠲᠠᠨ ᠠᠵᠢᠯᠴᠢᠨ ᠲᠤᠰ ᠬᠥᠮᠦᠨ ᠤ ᠰᠦᠢᠳᠬᠡᠯ ᠲᠤᠰᠢᠶᠠᠬᠤ ᠰᠠᠭᠤᠷᠢ | ᠲᠣᠭᠠᠨ ᠤ 8% ᠪᠠᠷ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠵᠤ᠂ ᠠᠵᠢᠯᠲᠠᠨ | ᠠᠵᠢᠯᠴᠢᠨ ᠤ ᠨᠠᠰᠤᠵᠢᠯ ᠤᠨ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠳᠤ ᠪᠤᠳᠤᠵᠤ ᠤᠷᠤᠭᠤᠯᠤᠨ᠎ᠠ︔ | ᠨᠢᠭᠡᠴᠡ ᠨᠢ ᠨᠢᠭᠡᠴᠡ ᠶᠢᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠤᠰᠤᠭᠠᠷ 20% ᠶᠢᠨ ᠦᠨᠳᠦᠰᠦᠨ | ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠵᠤ᠂ ᠨᠢᠭᠡᠳᠦᠯᠲᠡᠶ ᠲᠥᠯᠥᠪᠯᠡᠬᠦ ᠰᠠᠭᠤᠷᠢ ᠮᠦᠩᠭᠦ ᠳᠤ ᠪᠤᠳᠤᠵᠤ | ᠤᠷᠤᠭᠤᠯᠤᠨ᠎ᠠ᠃ ᠡᠭᠦᠨ ᠠᠴᠠ ᠭᠠᠳᠠᠨ᠎ᠠ᠂ ᠦᠨᠳᠦᠰᠦᠨ ᠨᠠᠰᠤᠵᠢᠯ ᠤᠨ ᠳᠠᠭᠠᠳᠬᠠᠯ ᠤᠨ ᠲᠦᠷᠢᠮ ᠢ ᠦᠭᠡᠷᠴᠢᠯᠡᠬᠦ | ᠶᠢᠨ ᠬᠠᠮᠲᠤ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠨᠢ ᠥᠭᠡᠷᠡᠴᠢᠯᠡᠯᠲᠡ ᠬᠢᠬᠦ ᠬᠡᠪᠴᠢᠶᠡᠨ | ᠳᠣᠲᠣᠷᠠᠬᠢ ᠬᠦᠮᠦᠰ ᠲᠤ ᠠᠵᠢᠯ ᠮᠡᠷᠭᠡᠵᠢᠯ ᠤᠨ ᠤᠨ ᠤ ᠮᠥᠩᠭᠦ ᠪᠠᠶᠢᠭᠤᠯᠤᠨ ᠦᠭᠴᠦ᠂ ᠪᠡᠯᠡ ᠮᠥᠩᠭᠦᠨ ᠤ | ᠢᠷᠡᠯᠲᠡ ᠶᠢ ᠬᠤᠶᠠᠷ ᠬᠡᠰᠡᠭ ᠢᠶᠠᠷ ᠪᠦᠷᠢᠯᠳᠦᠭᠦᠯᠵᠦ᠂ ᠨᠢᠭᠡᠴᠡ ᠨᠢ ᠴᠠᠯᠢᠩ ᠤᠨ ᠪᠦᠬᠦ ᠲᠣᠭᠠᠨ ᠤ 8% ᠪᠠᠷ | ᠰᠦᠢᠳᠬᠡᠯ ᠲᠤᠰᠢᠶᠠᠵᠤ᠂ ᠬᠤᠪᠢ ᠬᠥᠮᠦᠨ ᠴᠠᠯᠢᠩ ᠤᠨ ᠢᠶᠠᠨ 4% ᠪᠠᠷ ᠰᠦᠢᠳᠬᠡᠯ ᠲᠤᠰᠢᠶᠠᠨ᠎ᠠ᠃ ᠡᠭᠦᠨ ᠤ | ᠲᠤᠬᠠᠶ᠂ ᠹᠧᠩ ᠶᠢᠤ ᠺᠤᠸᠠᠨ ᠢᠯᠡᠳᠬᠡᠭᠰᠡᠨ ᠨᠢ᠂ ᠨᠢᠳᠤᠨᠤᠨ ᠪᠥᠬᠦ ᠣᠷᠣᠨ ᠤ ᠠᠵᠢᠯ ᠤᠨ ᠪᠠᠶᠢᠷᠢ ᠲᠤ ᠪᠠᠶᠢᠭ᠎ᠠ | ᠠᠵᠢᠯᠲᠠᠨ ᠠᠵᠢᠯᠴᠢᠨ ᠤ ᠰᠠᠷ᠎ᠠ ᠶᠢᠨ ᠳᠤᠮᠳᠠᠴᠢ ᠴᠠᠯᠢᠩ ᠤᠨ ᠬᠢᠷᠢ ᠬᠡᠮᠵᠢᠶ᠎ᠡ 4538 ᠲᠥᠭᠦᠷᠢᠭ ︵ᠪᠠᠶᠢᠭᠤᠯᠭ᠎ᠠ | ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ ᠤ ᠳᠤᠮᠳᠠᠴᠢ ᠴᠠᠯᠢᠩ ᠤᠨ ᠬᠡᠮᠵᠢᠶ᠎ᠡ ᠪᠠᠭ᠋ᠠᠨ ᠥᠨᠳᠥᠷ︶ | ᠪᠠᠷ ᠵᠢᠱᠢᠶ᠎ᠡ ᠪᠣᠯᠭᠠᠵᠤ᠂ ᠠᠵᠢᠯᠲᠠᠨ ᠠᠵᠢᠯᠴᠢᠨ ᠲᠤᠰ ᠬᠥᠮᠦᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠠ | ᠠᠵᠢᠯ ᠮᠡᠷᠭᠡᠵᠢᠯ ᠤᠨ ᠤᠨ ᠤ ᠮᠥᠩᠭᠦ ᠶᠢᠨ ᠰᠦᠢᠳᠬᠡᠯ ᠲᠤᠰᠢᠶᠠᠬᠤ ᠬᠠᠷᠢᠴᠠᠯ ᠶᠣᠰᠣᠭᠠᠷ ᠲᠤᠰ ᠲᠤᠰ ᠲᠤᠨᠢ | ᠪᠤᠳᠤᠵᠤ᠂ ᠨᠢᠭᠡᠴᠡ ᠨᠢ ᠰᠠᠷ᠎ᠠ ᠪᠦᠷᠢ ᠠᠵᠢᠯᠲᠠᠨ ᠠᠵᠢᠯᠴᠢᠨ ᠤ ᠴᠠᠯᠢᠩ ᠠᠴᠠ ᠣᠷᠣᠯᠠᠨ ᠰᠠᠭᠤᠯᠭᠠᠨ ᠣᠷᠣᠯᠠᠨ | ᠲᠤᠰᠢᠶᠠᠬᠤ ᠨᠠᠰᠤᠵᠢᠯ ᠤᠨ ᠳᠠᠭᠠᠳᠬᠠᠯ ᠤᠨ ᠰᠦᠢᠳᠬᠡᠯ ᠪᠠ ᠠᠵᠢᠯ ᠮᠡᠷᠭᠡᠵᠢᠯ ᠤᠨ ᠤᠨ ᠤ ᠮᠥᠩᠭᠦ ᠨᠢ ᠲᠤᠰ ᠪᠦᠷᠢ | 363.04 ᠲᠥᠭᠦᠷᠢᠭ ᠪᠠ 181.52 ᠲᠥᠭᠦᠷᠢᠭ ᠪᠣᠯᠤᠨ᠎ᠠ ᠭᠡᠪᠡ᠃ | ᠴᠥᠭᠡᠨ ᠪᠤᠰᠤ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠴᠠᠯᠢᠩ ᠦᠰᠦᠭᠰᠡᠨ ᠤ ᠳᠠᠷᠠᠭᠠᠬᠢ᠂ | ᠭᠠᠷ ᠲᠤ ᠤᠷᠤᠬᠤ ᠴᠠᠯᠢᠩ ᠨᠢ ᠪᠣᠳᠠᠲᠠᠶ ᠲᠤᠭ᠎ᠠ ᠪᠢᠰᠢ ᠪᠠᠶᠢᠳᠠᠭ᠂ ᠡᠨᠡ ᠨᠢ ᠴᠦ ᠮᠠᠰᠢ ᠤᠯᠠᠨ ᠠᠵᠢᠯ | ᠦᠢᠯᠡᠰ ᠤᠨ ᠨᠢᠭᠡᠴᠡ ᠶᠢᠨ ᠠᠵᠢᠯᠲᠠᠳ ᠢ ᠬᠠᠮᠤᠭ ᠤᠨ ᠶᠡᠭᠡ ᠰᠡᠵᠢᠭ ᠪᠠᠷ ᠲᠦᠭᠡᠷᠡᠭᠳᠡᠭᠦᠯᠳᠡᠭ᠃ ᠹᠧᠩ ᠶᠢᠤ ᠺᠤᠸᠠᠨ | ᠵᠢᠱᠢᠶᠡᠯᠡᠭᠰᠡᠨ ᠨᠢ᠂ ᠬᠡᠷᠪᠡ ᠰᠠᠷ᠎ᠠ ᠪᠦᠷᠢ ᠶᠢᠨ ᠴᠠᠯᠢᠩ ᠨᠢ 900 ᠲᠥᠭᠦᠷᠢᠭ ᠦᠰᠪᠡᠯ᠂ ᠪᠣᠳᠠᠲᠠᠶ ᠤᠯᠬᠤ ᠨᠢ | 300 ᠲᠥᠭᠦᠷᠢᠭ᠂ ᠲᠡᠭᠡᠪᠡᠯ ᠰᠠᠭᠤᠯᠭᠠᠨ ᠠᠪᠤᠭᠰᠠᠨ 600 ᠲᠥᠭᠦᠷᠢᠭ ᠨᠢ ᠳᠠᠷᠤᠶ ᠴᠢᠨᠤ ᠲᠤᠰᠢᠶᠠᠬᠤ ᠶᠤᠰᠤᠲᠠᠢ | ᠨᠠᠰᠤᠵᠢᠯ ᠤᠨ ᠳᠠᠭᠠᠳᠬᠠᠯ ᠤᠨ ᠰᠦᠢᠳᠬᠡᠯ ᠪᠤᠯᠤᠨ᠎ᠠ᠃ | | ᠬᠡᠳᠦᠢ ᠶᠡᠭᠡ ᠰᠦᠢᠳᠬᠡᠯ ᠲᠤᠰᠢᠶᠠᠪᠠᠯ ᠬᠠᠷᠠᠭᠠᠯᠵᠠᠯ ᠤᠨ ᠬᠢᠷᠢ ᠬᠡᠮᠵᠢᠶ᠎ᠡ ᠨᠢ ᠴᠤ ᠲᠡᠳᠦᠢ ᠶᠡᠭᠡ ᠶᠤᠮ | 2014 ᠤᠨ ᠤ10 ᠳ᠋ᠦ᠋ᠭᠡᠷ ᠰᠠᠷ᠎ᠠ ᠶᠢᠨ1 ᠤ ᠡᠳᠦᠷ ᠢᠶᠠᠷ ᠵᠠᠭᠠᠭ ᠪᠤᠯᠭᠠᠪᠠᠯ᠂ ᠡᠨᠡ ᠡᠳᠦᠷ ᠤᠨ ᠡᠮᠦᠨ᠎ᠡ | ᠨᠠᠰᠤᠨ ᠤ ᠠᠮᠠᠷᠠᠯᠲᠠ ᠠᠪᠤᠭᠰᠠᠨ ᠢ ︽ᠠᠬᠠᠮᠠᠳ ᠬᠦᠮᠦᠨ︾ ᠢᠶᠠᠷ ᠦᠵᠡᠵᠦ᠂ ᠡᠨᠡ ᠡᠳᠦᠷ ᠠᠴᠠ ᠬᠤᠶᠢᠰᠢ ᠠᠵᠢᠯ | ᠳᠤ ᠤᠷᠤᠭᠰᠠᠨ ᠢ ᠨᠢ ︽ᠰᠢᠨ᠎ᠡ ᠬᠦᠮᠦᠨ︾ ᠢᠶᠠᠷ ᠦᠵᠡᠨ᠎ᠡ᠂ ᠡᠨᠡ ᠡᠳᠦᠷ ᠤᠨ ᠡᠮᠦᠨ᠎ᠡ ᠠᠵᠢᠯ ᠳᠤ ᠤᠷᠤᠵᠤ ᠡᠨᠡ | ᠡᠳᠦᠷ ᠤᠨ ᠲᠠᠷᠠᠭ᠎ᠠ ᠨᠠᠰᠤᠨ ᠤ ᠠᠮᠠᠷᠠᠯᠲᠠ ᠠᠪᠤᠭᠰᠠᠳ ᠢ ︽ᠳᠤᠮᠳᠠ ᠨᠠᠰᠤᠨ ᠤ ᠬᠥᠮᠦᠨ︾ ᠢᠶᠠᠷ ᠦᠵᠡᠨ᠎ᠡ᠃ | ᠤᠯᠤᠰ ᠠᠴᠠ ᠲᠣᠭᠲᠠᠭᠠᠭᠰᠠᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠳᠠᠷᠠᠭ᠎ᠠ ︽ᠠᠬᠠᠮᠳ ᠬᠦᠮᠦᠨ ᠳᠤ ᠬᠠᠭᠤᠴᠢᠨ | ᠠᠷᠭ᠎ᠠ᠂ ᠰᠢᠨ᠎ᠡ ᠬᠥᠮᠦᠨ ᠳᠤ ᠰᠢᠨ᠎ᠡ ᠲᠦᠷᠢᠮ᠂ ᠳᠤᠮᠳᠠ ᠨᠠᠰᠤᠨ ᠤ ᠬᠥᠮᠦᠰ ᠢ ᠢᠳᠡᠭ ᠢᠳᠡᠭ ᠢᠶᠠᠷ ᠰᠢᠯᠵᠢᠭᠦᠯᠬᠦ︾ | ᠠᠷᠭ᠎ᠠ ᠶᠢ ᠬᠡᠷᠡᠭᠵᠢᠭᠦᠯᠦᠨ᠎ᠡ᠃ | ᠶᠣᠣ ᠰᠢᠶᠣᠣ ᠳ᠋ᠦᠩ ᠲᠠᠨᠢᠯᠴᠠᠭᠤᠯᠤᠭᠰᠠᠨ ᠨᠢ᠂ ᠥᠭᠡᠷᠡᠴᠢᠯᠡᠯᠲᠡ ᠠᠴᠠ ᠡᠮᠦᠨ᠎ᠡ ︵2014 ᠤᠨ ᠤ10 | ᠳ᠋ᠦ᠋ᠭᠡᠷ ᠰᠠᠷ᠎ᠠ ᠶᠢᠨ1 ᠤ ᠡᠳᠦᠷ︶ ᠨᠢᠭᠡᠨᠲᠡ ᠨᠠᠰᠤᠨ ᠤ ᠠᠮᠠᠷᠠᠯᠲᠠ ᠠᠪᠤᠭᠰᠠᠨ ︽ᠠᠬᠠᠮᠠᠳ ᠬᠦᠮᠦᠨ︾ ᠤ ᠤᠤᠯ ᠤᠨ | ᠬᠠᠷᠠᠭᠠᠯᠵᠠᠯ ᠢ ᠨᠢ ᠬᠤᠪᠢᠷᠠᠭᠤᠯᠬᠤ ᠦᠭᠡᠢ ᠪᠥᠭᠡᠳ ᠬᠤᠶᠢᠰᠢᠳᠠ ᠶᠢᠨ ᠬᠠᠷᠠᠭᠠᠯᠵᠠᠯ ᠤᠨ ᠲᠤᠬᠢᠷᠠᠭᠤᠯᠭ᠎ᠠ ᠳᠤ | ᠤᠷᠤᠯᠴᠠᠨ᠎ᠠ︔ ᠥᠭᠡᠷᠡᠴᠢᠯᠡᠯᠲᠡ ᠶᠢᠨ ᠳᠠᠷᠠᠭᠠᠪᠠᠷ ᠠᠵᠢᠯ ᠳᠤ ᠤᠷᠤᠭᠰᠠᠨ ︽ᠰᠢᠨ᠎ᠡ ᠬᠥᠮᠦᠨ︾ ᠤ ᠨᠠᠰᠤᠨ ᠤ | ᠠᠮᠠᠷᠠᠯᠲᠠ ᠠᠪᠤᠭᠰᠠᠨ ᠤ ᠳᠠᠷᠠᠭᠠᠬᠢ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠨᠢ ᠳᠠᠷᠤᠢ ᠨᠠᠰᠤᠵᠢᠯ ᠤᠨ | ᠦᠨᠳᠦᠰᠦᠨ ᠠᠰᠠᠷᠠᠮᠵᠢ ᠶᠢᠨ ᠮᠥᠩᠭᠦ ᠪᠠ ᠬᠤᠪᠢ ᠬᠥᠮᠦᠨ ᠤ ᠳᠠᠩᠰᠠᠨ ᠡᠷᠦᠬᠡ ᠳᠠᠬᠢ ᠨᠠᠰᠤᠵᠢᠯ ᠤᠨ ᠠᠰᠠᠷᠠᠮᠵᠢ ᠶᠢᠨ | ᠮᠦᠩᠭᠦ ᠪᠠᠷ ᠪᠦᠷᠢᠯᠳᠦᠵᠦ᠂ ᠰᠠᠭᠤᠷᠢ ᠨᠠᠰᠤᠵᠢᠯ ᠤᠨ ᠮᠥᠩᠭᠦ ᠨᠢ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ | ᠠᠵᠢᠯᠴᠢᠨ ᠤ ᠳᠤᠮᠳᠠᠴᠢ ᠴᠠᠯᠢᠩ ᠪᠣᠯᠤᠨ ᠬᠤᠪᠢ ᠬᠥᠮᠦᠨ ᠤ ᠰᠦᠢᠳᠬᠡᠯ ᠲᠤᠰᠢᠶᠠᠬᠤ ᠴᠠᠯᠢᠩ ᠤᠨ ᠳᠤᠮᠳᠠᠴᠢ | ᠲᠤᠭ᠎ᠠ ᠪᠠᠷ ᠰᠠᠭᠤᠷᠢᠯᠠᠵᠤ᠂ ᠨᠢᠭᠡ ᠵᠢᠯ ᠰᠦᠢᠳᠬᠡᠯ ᠲᠤᠰᠢᠶᠠᠪᠠᠯ᠂ ᠨᠢᠭᠡ ᠵᠠᠭᠤᠨ ᠤ ᠴᠢᠭ ᠢᠶᠠᠷ ᠪᠤᠳᠤᠵᠤ ᠦᠭᠭᠦᠨ᠎ᠡ | ᠃ ᠥᠭᠡᠷ᠎ᠡ ᠪᠠᠷ ᠬᠡᠯᠡᠪᠡᠯ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠨᠢ ᠬᠡᠳᠦᠶ ᠤᠷᠳᠤ ᠪᠤᠯ᠂ ᠬᠠᠷᠠᠭᠠᠯᠵᠠᠯ ᠤᠨ | ᠬᠢᠷᠢ ᠬᠡᠮᠵᠢᠶ᠎ᠡ ᠨᠢ ᠴᠤ ᠲᠡᠳᠦᠶ ᠶᠡᠭᠡ︔ ᠬᠤᠪᠢ ᠬᠥᠮᠦᠨ ᠤ ᠲᠠᠩᠰᠠᠨ ᠡᠷᠥᠭᠡ ᠶᠢᠨ ᠨᠠᠰᠤᠵᠢᠯ ᠤᠨ ᠮᠥᠩᠭᠦ ᠶᠢᠨ ᠵᠢᠯ | ᠳᠠᠷᠠᠭᠠᠯᠠᠨ ᠬᠤᠪᠢ ᠬᠥᠮᠦᠨ ᠤ ᠰᠦᠢᠳᠬᠡᠯ ᠲᠤᠰᠢᠶᠠᠭᠰᠠᠨ ᠡᠭᠡ ᠬᠦᠤ ᠮᠥᠩᠭᠦ ᠶᠢᠨ ᠨᠡᠶᠢᠯᠡᠪᠦᠷᠢ ᠲᠤᠭ᠎ᠠ ᠶᠢ | ᠦᠭᠬᠦ ᠪᠠᠷ ᠲᠣᠭᠲᠠᠭᠠᠭᠰᠠᠨ ᠰᠠᠷ᠎ᠠ ᠶᠢᠨ ᠲᠤᠭ᠎ᠠ ᠪᠠᠷ ᠬᠤᠪᠢᠶᠠᠨ᠎ᠠ᠂ ᠥᠭᠡᠷ᠎ᠡ ᠪᠠᠷ ᠬᠡᠯᠡᠪᠡᠯ ᠰᠦᠢᠳᠬᠡᠯ | ᠲᠤᠰᠢᠶᠠᠭᠰᠠᠨ ᠨᠢ ᠬᠡᠳᠦᠶ ᠠᠷᠪᠢᠨ ᠪᠤᠯ ᠂ ᠬᠠᠷᠠᠭᠠᠯᠵᠠᠯ ᠤᠨ ᠬᠢᠷᠢ ᠬᠡᠮᠵᠢᠶ᠎ᠡ ᠨᠢ ᠴᠤ ᠲᠡᠳᠦᠶ ᠶᠡᠭᠡ ᠪᠠᠶᠢᠳᠠᠭ᠃ | ᠥᠭᠡᠷᠡᠴᠢᠯᠡᠯᠲᠡ ᠠᠴᠠ ᠡᠮᠦᠨ᠎ᠡ ᠠᠵᠢᠯ ᠳᠤ ᠤᠷᠤᠵᠤ᠂ ᠥᠭᠡᠷᠡᠴᠢᠯᠡᠯᠲᠡ ᠶᠢᠨ ᠲᠠᠷᠠᠭ᠎ᠠ ᠨᠠᠰᠤᠨ ᠤ ᠠᠮᠠᠷᠠᠯᠲᠠ | ᠠᠪᠤᠭᠰᠠᠨ ︽ᠳᠤᠮᠳᠠ ᠨᠠᠰᠤᠨ ᠤ ᠬᠥᠮᠦᠨ︾ ᠳᠤ᠂ ᠳᠡᠭᠡᠷ᠎ᠡ ᠳᠤᠷᠠᠳᠤᠭᠰᠠᠨ ᠨᠠᠰᠤᠵᠢᠯ ᠤᠨ ᠦᠨᠳᠦᠰᠦᠨ | ᠠᠰᠠᠷᠠᠮᠵᠢ ᠶᠢᠨ ᠮᠥᠩᠭᠦ᠂ ᠳᠠᠩᠰᠠᠨ ᠡᠷᠦᠬᠡ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠠᠴᠠ ᠭᠠᠳᠠᠨ᠎ᠠ ᠪᠠᠰᠠ | ᠰᠢᠯᠵᠢᠯᠲᠡ ᠶᠢᠨ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠮᠥᠩᠭᠦ ᠣᠯᠭᠤᠨ᠎ᠠ᠃ | ᠡᠭᠦᠨ ᠠᠴᠠ ᠭᠠᠳᠠᠨ᠎ᠠ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠤᠷᠤᠨ ᠲᠣᠭᠠᠨ ᠠᠴᠠ ᠭᠠᠳᠠᠨᠠᠬᠢ | ᠬᠦᠮᠦᠰ ᠢ ᠠᠵᠤ ᠠᠬᠤᠶᠢᠯᠠᠯ ᠤᠨ ᠠᠵᠢᠯᠲᠠᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠬᠡᠷᠬᠢᠨ | ᠣᠷᠤᠭᠤᠯᠬᠤ ᠡᠨᠡᠬᠦ ᠠᠰᠠᠭᠤᠳᠠᠯ ᠤᠨ ᠲᠤᠬᠠᠢ ᠹᠧᠩ ᠶᠢᠥ ᠺᠤᠸᠠᠨ ᠲᠠᠶᠢᠯᠪᠤᠷᠢᠯᠠᠭᠰᠠᠨ ᠨᠢ᠂ ᠤᠯᠤᠰ ᠤᠨ ᠲᠣᠭᠲᠠᠭᠠᠯ | ᠶᠣᠰᠤᠭᠠᠷ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠤᠷᠤᠨ ᠲᠣᠭᠠᠨ ᠠᠴᠠ ᠭᠠᠳᠠᠨᠠᠬᠢ ᠬᠦᠮᠦᠰ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠣᠷᠤᠯᠴᠠᠨ᠎ᠠ᠃ | ᠦᠪᠡᠷᠲᠡᠭᠡᠨ ᠵᠠᠰᠠᠬᠤ ᠤᠷᠤᠨ ᠤ ᠪᠣᠳᠠᠲᠤ ᠪᠠᠶᠢᠳᠠᠯ ᠠᠴᠠ ᠦᠵᠡᠪᠡᠯ᠂ ᠪᠠᠶᠢᠭᠤᠯᠭ᠎ᠠ ᠠᠵᠢᠯ ᠦᠢᠯᠡᠰ ᠤᠨ | ᠨᠢᠭᠡᠴᠡ ᠶᠢᠨ ᠣᠯᠠᠩᠬᠢ ᠤᠷᠤᠨ ᠲᠣᠭᠠᠨ ᠠᠴᠠ ᠭᠠᠳᠠᠨᠠᠬᠢ ᠬᠦᠮᠦᠰ ᠨᠢᠭᠡᠨᠲᠡ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠤᠯᠴᠠᠵᠠᠢ᠂ ᠡᠳᠡᠭᠡᠷ ᠬᠦᠮᠦᠰ ᠲᠣᠭᠲᠠᠭᠠᠯ | ᠶᠣᠰᠤᠭᠠᠷ ᠦᠷᠭᠦᠯᠵᠢᠯᠡᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠳᠤ ᠤᠷᠤᠯᠴᠠᠨ᠎ᠠ︔ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠳᠤ ᠣᠷᠤᠯᠴᠠᠭᠰᠠᠨ ᠦᠭᠡᠢ ᠪᠠᠶᠢᠪᠠᠯ᠂ ᠦᠪᠡᠷᠲᠡᠭᠡᠨ ᠵᠠᠰᠠᠬᠤ ᠤᠷᠤᠨ ᠠᠴᠠ ᠰᠦᠢᠳᠭᠡᠯ ᠢ ᠨᠢ | ᠨᠦᠬᠦᠪᠦᠷᠢᠯᠡᠨ ᠲᠤᠰᠢᠶᠠᠬᠤ ᠵᠡᠷᠭᠡ ᠲᠥᠷᠦ ᠶᠢᠨ ᠪᠣᠳᠤᠯᠭ᠎ᠠ ᠲᠣᠭᠲᠠᠭᠠᠵᠤ ᠲᠡᠳᠡᠨ ᠢ ᠠᠵᠤ ᠠᠬᠤᠶᠢᠯᠠᠯ ᠤᠨ | ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠤᠷᠤᠭᠤᠯᠵᠤ᠂ ᠤᠷᠤᠨ ᠲᠣᠭᠠᠨ ᠠᠴᠠ | ᠭᠠᠳᠠᠨᠠᠬᠢ ᠬᠦᠮᠦᠰ ᠤᠨ ᠠᠵᠢᠯ ᠠᠴᠠ ᠪᠠᠨ ᠠᠮᠠᠷᠠᠭᠰᠠᠨ ᠤ ᠳᠠᠷᠠᠭᠠᠬᠢ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠡᠷᠬᠡ ᠠᠰᠢᠭ ᠢ ᠪᠠᠲᠤᠯᠠᠬᠤ ᠬᠡᠷᠡᠭᠲᠡᠢ᠃ | ︽ᠰᠦᠢᠳᠭᠡᠯ ᠲᠤᠰᠢᠶᠠᠭᠰᠠᠨ ᠢᠶᠠᠷ ᠦᠵᠡᠭᠰᠡᠨ ᠵᠢᠯ ᠬᠤᠭᠤᠴᠠᠭ᠎ᠠ︾ ᠶᠢᠨ ᠤᠷᠲᠤ ᠣᠬᠤᠷ ᠢᠶᠠᠷ ᠨᠢ | ᠰᠢᠯᠵᠢᠯᠲᠡ ᠶᠢᠨ ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠮᠦᠩᠭᠦ ᠪᠣᠳᠤᠵᠤ ᠥᠭᠭᠦᠨ᠎ᠡ | ᠣᠳᠣᠬᠢ ᠪᠠᠶᠢᠭ᠎ᠠ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ︽ᠬᠠᠳᠠᠭᠠᠯᠠᠮᠵᠢ︾ | ᠳᠣᠲᠤᠷᠠᠬᠢ᠂ ᠨᠡᠩ ᠤᠯᠠᠩᠬᠢ ᠨᠢ ︽ᠳᠤᠮᠳᠠ ᠨᠠᠰᠤᠨ ᠤ ᠬᠦᠮᠦᠨ︾ ᠪᠣᠯᠤᠨ᠎ᠠ᠃ ᠡᠨᠡ ᠤᠳᠠᠭᠠᠨ ᠤ | ᠦᠭᠡᠷᠡᠴᠢᠯᠡᠯᠲᠡ ᠶᠢᠨ ᠳᠠᠷᠠᠭ᠎ᠠ᠂ ᠡᠨᠡ ᠪᠦᠯᠦᠭ ︽ᠳᠤᠮᠳᠠ ᠨᠠᠰᠤᠨ ᠤ ᠬᠦᠮᠦᠨ︾ ᠳᠤ ᠨᠠᠰᠤᠵᠢᠯ ᠤᠨ | ᠠᠰᠠᠷᠠᠮᠵᠢ ᠶᠢᠨ ᠮᠦᠩᠭᠦ ᠣᠯᠭᠤᠬᠤ ᠦᠶ᠎ᠡ᠂ ︽ᠰᠦᠢᠳᠭᠡᠯ ᠲᠤᠰᠢᠶᠠᠭᠰᠠᠨ ᠢᠶᠠᠷ ᠦᠵᠡᠭᠰᠡᠨ ᠵᠢᠯ ᠬᠤᠭᠤᠴᠠᠭ᠎ᠠ︾ | ᠶᠢᠨ ᠤᠷᠲᠤ ᠣᠬᠤᠷ ᠵᠡᠷᠭᠡ ᠬᠦᠴᠦᠨ ᠵᠦᠢᠯ ᠢ ᠨᠢ ᠦᠨᠳᠦᠰᠦᠯᠡᠵᠦ᠂ ᠰᠢᠯᠵᠢᠯᠲᠡ ᠶᠢᠨ ᠴᠢᠨᠠᠷᠲᠠᠢ ᠨᠠᠰᠤᠵᠢᠯ ᠤᠨ | ᠠᠰᠠᠷᠠᠮᠵᠢ ᠶᠢᠨ ᠮᠦᠩᠭᠦ ᠪᠣᠳᠤᠵᠤ ᠣᠯᠭᠤᠬᠤ ᠪᠣᠯᠤᠨ᠎ᠠ᠃ | ︽ᠰᠦᠢᠳᠭᠡᠯ ᠲᠤᠰᠢᠶᠠᠭᠰᠠᠨ ᠢᠶᠠᠷ ᠦᠵᠡᠭᠰᠡᠨ ᠵᠢᠯ ᠬᠤᠭᠤᠴᠠᠭ᠎ᠠ︾ ᠭᠡᠳᠡᠭ ᠨᠢ ᠶᠠᠭᠤ ᠪᠣᠢ︖ | ᠣᠶᠢᠯᠠᠭᠠᠮᠵᠢᠲᠠᠢ ᠪᠠᠷ ᠬᠡᠯᠡᠪᠡᠯ᠂ ︽ᠰᠦᠢᠳᠭᠡᠯ ᠲᠤᠰᠢᠶᠠᠭᠰᠠᠨ ᠢᠶᠠᠷ ᠦᠵᠡᠭᠰᠡᠨ ᠵᠢᠯ ᠬᠤᠭᠤᠴᠠᠭ᠎ᠠ︾ ᠭᠡᠳᠡᠭ ᠪᠣᠯ | ᠠᠵᠢᠯᠲᠠᠨ ᠠᠵᠢᠯᠴᠢᠨ ᠤ ᠪᠦᠬᠦ ᠠᠵᠢᠯᠯᠠᠭᠰᠠᠨ ᠬᠤᠭᠤᠴᠠᠭᠠᠨ ᠳᠠᠬᠢ᠂ ᠲᠡᠭᠦᠨ ᠤ ᠪᠣᠳᠠᠲᠠᠢ ᠰᠦᠢᠳᠭᠡᠯ | ᠲᠤᠰᠢᠶᠠᠭᠰᠠᠨ ᠵᠢᠯ ᠬᠤᠭᠤᠴᠠᠭ᠎ᠠ ᠠᠴᠠ ᠡᠮᠦᠨᠡᠬᠢ ᠤᠯᠤᠰ ᠤᠨ ᠲᠣᠭᠲᠠᠭᠠᠯ ᠶᠣᠰᠤᠭᠠᠷ ᠲᠣᠭᠠᠯᠠᠨ ᠪᠣᠳᠤᠭᠰᠠᠨ | ᠦᠷᠭᠦᠯᠵᠢᠯᠡᠨ ᠠᠵᠢᠯᠯᠠᠭᠰᠠᠨ ᠴᠠᠭ ᠢ ᠵᠢᠭᠠᠵᠤ ᠪᠠᠶᠢᠨ᠎ᠠ᠃ ᠶᠤᠤ ᠰᠢᠶᠤᠤ ᠳ᠋ᠦᠩ ᠬᠡᠯᠡᠭᠰᠡᠨ ᠨᠢ᠂ | ᠦᠭᠡᠷᠡᠴᠢᠯᠡᠯᠲᠡ ᠠᠴᠠ ᠡᠮᠦᠨ᠎ᠡ ᠠᠵᠢᠯ ᠳᠤ ᠣᠷᠤᠯᠴᠠᠨ᠂ ᠦᠭᠡᠷᠡᠴᠢᠯᠡᠯᠲᠡ ᠶᠢᠨ ᠳᠠᠷᠠᠭ᠎ᠠ ᠠᠵᠢᠯ ᠠᠴᠠ ᠪᠠᠨ | ᠠᠮᠠᠷᠠᠭᠰᠠᠨ ︽ᠳᠤᠮᠳᠠ ᠨᠠᠰᠤᠨ ᠤ ᠬᠦᠮᠦᠨ︾ ᠨᠢ᠂ ᠦᠭᠡᠷᠡᠴᠢᠯᠡᠯᠲᠡ ᠠᠴᠠ ᠡᠮᠦᠨᠡᠬᠢ ᠠᠵᠢᠯᠯᠠᠭᠰᠠᠨ | ᠬᠤᠭᠤᠴᠠᠭ᠎ᠠ ᠳᠠᠭᠠᠨ ᠬᠤᠪᠢ ᠬᠦᠮᠦᠨ ᠤ ᠰᠦᠢᠳᠭᠡᠯ ᠲᠤᠰᠢᠶᠠᠭᠰᠠᠨ ᠦᠭᠡᠢ ᠠᠴᠠ ᠪᠣᠯᠵᠤ᠂ ᠲᠡᠭᠦᠨ ᠢ ᠠᠵᠢᠯ ᠠᠴᠠ | ᠪᠠᠨ ᠠᠮᠠᠷᠠᠬᠤ ᠦᠶ᠎ᠡ ᠶᠢᠨ ᠬᠤᠪᠢ ᠬᠦᠮᠦᠨ ᠤ ᠳᠠᠩᠰᠠᠨ ᠡᠷᠦᠬᠡ ᠳᠠᠬᠢ ᠬᠠᠳᠠᠭᠠᠯᠠᠮᠵᠢ ᠶᠢᠨ ᠵᠤᠭᠤᠰᠤᠨ ᠳᠤ ᠡᠨᠡᠬᠦ | ᠬᠤᠭᠤᠴᠠᠭᠠᠨ ᠤ ᠬᠦᠳᠡᠯᠮᠦᠷᠢ ᠶᠢᠨ ᠬᠤᠪᠢ ᠨᠡᠮᠡᠷᠢ ᠶᠢ ᠨᠢ ᠢᠯᠡᠷᠡᠭᠦᠯᠦᠭᠰᠡᠨ ᠦᠭᠡᠢ᠂ ᠡᠶᠢᠮᠦ ᠠᠴᠠ ᠠᠵᠢᠯᠲᠠᠨ | ᠠᠵᠢᠯᠴᠢᠨ ᠤ ᠦᠭᠡᠷᠡᠴᠢᠯᠡᠯᠲᠡ ᠠᠴᠠ ᠡᠮᠦᠨᠡᠬᠢ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠳᠤ ᠦᠷᠭᠦᠯᠵᠢᠯᠡᠨ | ᠠᠵᠢᠯᠯᠠᠭᠰᠠᠨ ᠣᠨ ᠢ ︽ᠰᠦᠢᠳᠭᠡᠯ ᠲᠤᠰᠢᠶᠠᠭᠰᠠᠨ ᠢᠶᠠᠷ ᠦᠵᠡᠭᠰᠡᠨ ᠵᠢᠯ ᠬᠤᠭᠤᠴᠠᠭ᠎ᠠ︾ ᠪᠠᠷ ᠮᠠᠭᠠᠳᠯᠠᠨ | ᠲᠣᠭᠲᠠᠭᠠᠵᠤ᠂ ︽ᠰᠦᠢᠳᠭᠡᠯ ᠲᠤᠰᠢᠶᠠᠭᠰᠠᠨ ᠢᠶᠠᠷ ᠦᠵᠡᠭᠰᠡᠨ ᠵᠢᠯ ᠬᠤᠭᠤᠴᠠᠭ᠎ᠠ︾ ᠪᠣᠯ ᠳᠠᠭᠠᠳᠬᠠᠯ ᠳᠤ | ᠤᠷᠤᠯᠴᠠᠭᠰᠠᠳ ᠤᠨ ᠡᠷᠬᠡ ᠠᠰᠢᠭ ᠪᠣᠯᠬᠤᠷ᠂ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠦᠩᠭᠦ ᠪᠠ | ᠰᠢᠯᠵᠢᠯᠲᠡ ᠶᠢᠨ ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠮᠦᠩᠭᠦ ᠶᠢ ᠪᠣᠳᠤᠨ ᠣᠯᠭᠤᠬᠤ ᠳᠤ ᠢᠯᠡᠷᠡᠨ᠎ᠡ᠃ | ᠶᠤᠤ ᠰᠢᠶᠤᠤ ᠳ᠋ᠦᠩ ᠶᠠᠷᠢᠭᠰᠠᠨ ᠨᠢ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠰᠦᠢᠳᠭᠡᠯ ᠲᠤᠰᠢᠶᠠᠭᠰᠠᠨ ᠢᠶᠠᠷ ᠦᠵᠡᠭᠰᠡᠨ ᠵᠢᠭᠠᠯᠲᠠ ᠲᠤᠭ᠎ᠠ ᠪᠣᠯ | ᠦᠭᠡᠷᠡᠴᠢᠯᠡᠯᠲᠡ ᠠᠴᠠ ᠡᠮᠦᠨᠡᠬᠢ ︽ᠰᠦᠢᠳᠭᠡᠯ ᠲᠤᠰᠢᠶᠠᠭᠰᠠᠨ ᠢᠶᠠᠷ ᠦᠵᠡᠭᠰᠡᠨ ᠵᠢᠯ ᠬᠤᠭᠤᠴᠠᠭ᠎ᠠ︾ ᠶᠢᠨ | ᠬᠤᠭᠤᠴᠠᠭᠠᠨ ᠳᠤ᠂ ᠬᠤᠪᠢ ᠬᠦᠮᠦᠨ ᠤ ᠴᠠᠯᠢᠩ ᠬᠢᠭᠡᠳ ᠲᠤᠰᠢᠶᠠᠯ ᠳᠤ ᠪᠠᠶᠢᠬᠤ ᠠᠵᠢᠯᠲᠠᠨ ᠠᠵᠢᠯᠴᠢᠨ ᠤ | ᠳᠤᠮᠳᠠᠴᠢ ᠴᠠᠯᠢᠩ ᠤᠨ ᠬᠠᠷᠢᠴᠠᠯ ᠮᠦᠨ᠃ ᠰᠦᠢᠳᠭᠡᠯ ᠲᠤᠰᠢᠶᠠᠭᠰᠠᠨ ᠢᠶᠠᠷ ᠦᠵᠡᠭᠰᠡᠨ ᠵᠢᠭᠠᠯᠲᠠ ᠲᠤᠭ᠎ᠠ ᠨᠢ | ᠰᠢᠨ᠎ᠡ ᠬᠠᠭᠤᠴᠢᠨ ᠬᠠᠷᠠᠭᠠᠯᠵᠠᠯ ᠢ ᠲᠣᠭᠳᠠᠭᠤᠨ ᠢᠶᠠᠷ ᠵᠤᠯᠭᠠᠭᠤᠯᠬᠤ ᠵᠠᠷᠴᠢᠮ ᠪᠠ ᠡᠯ᠎ᠡ ᠲᠦᠷᠦᠯ ᠤᠨ ᠬᠦᠮᠦᠰ ᠤᠨ | ᠵᠡᠷᠭᠡ ᠲᠤᠰᠢᠶᠠᠯ ᠤᠨ ᠶᠤᠰᠤᠭᠠᠷ ᠲᠣᠭᠲᠠᠭᠠᠨ᠎ᠠ ᠭᠡᠵᠦ ᠤᠯᠤᠰ ᠠᠴᠠ ᠱᠠᠭᠠᠷᠳᠠᠵᠠᠢ᠃ ᠦᠪᠦᠷ ᠮᠣᠩᠭᠤᠯ ᠤᠨ ᠡᠯ᠎ᠡ | ᠲᠦᠷᠦᠯ ᠤᠨ ᠬᠦᠮᠦᠰ ᠤᠨ ᠰᠦᠢᠳᠭᠡᠯ ᠲᠤᠰᠢᠶᠠᠭᠰᠠᠨ ᠢᠶᠠᠷ ᠦᠵᠡᠭᠰᠡᠨ ᠵᠢᠭᠠᠯᠲᠠ ᠲᠤᠭ᠎ᠠ ᠪᠣᠯ ᠣᠳᠣ ᠶᠢᠨ | ᠬᠡᠷᠡᠭᠵᠢᠭᠦᠯᠵᠦ ᠪᠠᠶᠢᠭ᠎ᠠ ᠴᠠᠯᠢᠩ ᠤᠨ ᠪᠦᠲᠦᠴᠡ ᠶᠢ ᠦᠨᠳᠦᠰᠦᠯᠡᠨ᠂ ᠲᠤᠰ ᠤᠳᠠᠭᠠᠨ ᠤ ᠴᠠᠯᠢᠩ ᠤᠨ ᠳᠦᠷᠢᠮ ᠢ | ᠲᠡᠭᠦᠯᠳᠡᠷᠵᠢᠭᠦᠯᠦᠭᠰᠡᠨ ᠤ ᠳᠠᠷᠠᠭᠠᠬᠢ ᠰᠦᠢᠳᠭᠡᠯ ᠲᠤᠰᠢᠶᠠᠬᠤ ᠴᠠᠯᠢᠩ ᠬᠢᠭᠡᠳ 2014 ᠣᠨ ᠤ ᠪᠦᠬᠦ ᠤᠷᠤᠨ ᠤ | ᠠᠵᠢᠯ ᠤᠨ ᠪᠠᠶᠢᠷᠢᠨ ᠳᠤ ᠪᠠᠶᠢᠬᠤ ᠳᠤᠮᠳᠠᠴᠢ ᠴᠠᠯᠢᠩ ᠤᠨ ᠬᠠᠷᠢᠴᠠᠯ ᠶᠣᠰᠤᠭᠠᠷ ᠲᠣᠭᠲᠠᠭᠠᠭᠰᠠᠨ ᠪᠦᠭᠡᠳ ᠡᠯ᠎ᠡ | ᠠᠶᠢᠮᠠᠭ ᠬᠤᠲᠠ ᠶᠢᠨ ᠨᠦᠬᠦᠪᠦᠷᠢ ᠶᠢᠨ ᠬᠢᠷᠢ ᠲᠥᠪᠰᠢᠨ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠤᠯᠬᠢᠯᠠᠭᠰᠠᠨ | ᠪᠠᠶᠢᠨ᠎ᠠ ᠭᠡᠪᠡ᠃ | ᠡᠨᠡ ᠲᠤᠬᠠᠢ᠂ ᠹᠧᠩ ᠶᠢᠥ ᠺᠤᠸᠠᠨ ᠬᠡᠯᠡᠭᠰᠡᠨ ᠨᠢ᠂ ᠦᠭᠡᠷᠡᠴᠢᠯᠡᠯᠲᠡ ᠶᠢᠨ ᠡᠮᠦᠨ᠎ᠡ ᠬᠤᠶᠢᠨ᠎ᠠ ᠠᠵᠢᠯ ᠠᠴᠠ | ᠪᠠᠨ ᠠᠮᠠᠷᠠᠭᠰᠠᠨ ᠠᠵᠢᠯᠲᠠᠨ ᠤ ᠬᠠᠷᠠᠭᠠᠯᠵᠠᠯ ᠤᠨ ᠬᠢᠷᠢ ᠲᠥᠪᠰᠢᠨ ᠢ ᠲᠣᠭᠳᠠᠭᠤᠨ ᠢᠶᠠᠷ ᠵᠤᠯᠭᠠᠭᠤᠯᠬᠤ ᠶᠢ | ᠪᠠᠲᠤᠯᠠᠬᠤ ᠶᠢᠨ ᠲᠤᠰᠠᠳᠠ᠂ ᠤᠯᠤᠰ ᠠᠴᠠ 10 ᠵᠢᠯ ᠤᠨ ᠰᠢᠯᠵᠢᠯᠲᠡ ᠶᠢᠨ ᠬᠤᠭᠤᠴᠠᠭ᠎ᠠ ᠶᠢ ᠲᠣᠭᠲᠠᠭᠠᠪᠠ᠃ | ᠰᠢᠯᠵᠢᠯᠲᠡ ᠶᠢᠨ ᠬᠤᠭᠤᠴᠠᠭᠠᠨ ᠳᠣᠲᠤᠷ᠎ᠠ᠂ ᠰᠢᠨ᠎ᠡ ᠬᠠᠭᠤᠴᠢᠨ ᠠᠷᠭ᠎ᠠ ᠶᠢ ᠬᠠᠷᠢᠴᠠᠭᠤᠯᠤᠨ᠂ ᠰᠢᠨ᠎ᠡ ᠠᠷᠭ᠎ᠠ ᠪᠠᠷ | ᠪᠣᠳᠤᠨ ᠣᠯᠭᠤᠭᠰᠠᠨ ᠨᠠᠰᠤᠵᠢᠯ ᠤᠨ ᠠᠰᠠᠷᠠᠮᠵᠢ ᠶᠢᠨ ᠮᠦᠩᠭᠦ ᠨᠢ ᠬᠠᠭᠤᠴᠢᠨ ᠠᠷᠭ᠎ᠠ ᠠᠴᠠ ᠳᠣᠣᠷ᠎ᠠ ᠪᠠᠶᠢᠪᠠᠯ᠂ | ᠬᠠᠭᠤᠴᠢᠨ ᠠᠷᠭ᠎ᠠ ᠶᠣᠰᠤᠭᠠᠷ ᠨᠦᠬᠦᠪᠦᠷᠢᠯᠡᠨ᠎ᠡ︔ ᠰᠢᠨ᠎ᠡ ᠠᠷᠭ᠎ᠠ ᠪᠠᠷ ᠪᠣᠳᠤᠨ ᠣᠯᠭᠤᠭᠰᠠᠨ ᠨᠠᠰᠤᠵᠢᠯ ᠤᠨ | ᠠᠰᠠᠷᠠᠮᠵᠢ ᠶᠢᠨ ᠮᠦᠩᠭᠦ ᠨᠢ ᠬᠠᠭᠤᠴᠢᠨ ᠠᠷᠭ᠎ᠠ ᠠᠴᠠ ᠦᠨᠳᠦᠷ ᠪᠠᠶᠢᠪᠠᠯ᠂ ᠢᠯᠡᠭᠦᠦ ᠭᠠᠷᠤᠭᠰᠠᠨ ᠬᠡᠰᠡᠭ ᠢ | ᠠᠵᠢᠯ ᠠᠴᠠ ᠪᠠᠨ ᠠᠮᠠᠷᠠᠬᠤ ᠬᠤᠭᠤᠴᠠᠭ᠎ᠠ ᠶᠢ ᠨᠢ ᠦᠨᠳᠦᠰᠦᠯᠡᠨ ᠬᠠᠷᠢᠴᠠᠯ ᠶᠣᠰᠤᠭᠠᠷ ᠪᠣᠳᠤᠨ ᠣᠯᠭᠤᠨ᠎ᠠ᠂ | ᠢᠩᠭᠢᠪᠡᠯ ᠰᠠᠶ᠋ᠢ ᠦᠭᠡᠷᠡᠴᠢᠯᠡᠯᠲᠡ ᠶᠢᠨ ᠡᠮᠦᠨ᠎ᠡ ᠬᠤᠶᠢᠨ᠎ᠠ ᠠᠵᠢᠯ ᠠᠴᠠ ᠪᠠᠨ ᠠᠮᠠᠷᠠᠭᠰᠠᠨ ᠠᠵᠢᠯᠲᠠᠨ ᠤ | ᠬᠠᠷᠠᠭᠠᠯᠵᠠᠯ ᠤᠨ ᠬᠢᠷᠢ ᠲᠥᠪᠰᠢᠨ ᠢ ᠲᠣᠭᠳᠠᠭᠤᠨ ᠢᠶᠠᠷ ᠵᠤᠯᠭᠠᠭᠤᠯᠬᠤ ᠶᠢ ᠦᠨᠳᠦᠰᠦᠨ ᠳᠡᠭᠡᠨ ᠪᠠᠲᠤᠯᠠᠵᠤ ᠴᠢᠳᠠᠨ᠎ᠠ | ᠭᠡᠪᠡ᠃ |