ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠲᠦᠷᠣᠭᠦᠣ ᠪᠦᠯᠦᠭ ᠰᠢᠶᠠᠨ ᠤ ᠬᠤᠲᠠ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ ᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠡᠯᠡᠯ
ᠨᠡᠶᠢᠲᠡᠯᠡᠭᠰᠡᠨ ᠴᠠᠭ᠄
2015/12/30
          ᠥᠪᠥᠷ ᠵᠠᠰᠠᠭ ᠠᠯᠪᠠᠨ ᠥᠰᠥᠭ ﹇2015﹈ 123 ᠳ᠋ᠤᠭᠠᠷ ᠲᠤᠭᠠᠳᠤ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠨ ᠳᠤ᠄      ︽ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠰᠢᠶᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠣᠡᠭᠡᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠦᠪᠣᠷ ᠵᠠᠰᠠᠭ ᠳᠠᠷᠬᠠᠭᠠᠭᠰᠠᠨ ﹇2015﹈ 77 ᠳ᠋ᠤᠭᠠᠷ ᠲᠤᠭᠠᠲᠤ︶᠎ ᠤᠨ ᠵᠣᠷᠢᠭ ᠰᠠᠨᠠᠭ᠎ᠠ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠰᠢᠶᠠᠨ ᠤ ᠬᠤᠲᠠ ᠶᠢ ᠰᠢᠯᠭᠠᠨ ᠦᠨᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠥᠯᠥᠨ ᠪᠤᠶᠢᠷ ᠬᠤᠲᠠ ᠶᠢᠨ ᠠᠷᠤᠨ ᠬᠤᠰᠢᠭᠤ᠂ ᠤᠯᠠᠭᠠᠠᠬᠠᠳᠠ ᠬᠤᠲᠠ ᠶᠢᠨ ᠬᠠᠷᠠᠴᠢᠨ ᠬᠤᠰᠢᠭᠤ᠂ ᠣᠷᠳᠣᠰ ᠬᠤᠲᠠ ᠶᠢᠨ ᠡᠵᠡᠨᠬᠤᠷᠤᠭ᠎ᠠ ᠬᠤᠰᠢᠭᠤ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠰᠢᠶᠠᠨ ᠤ ᠬᠤᠲᠠ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ ︾᠎ ᠢᠶᠠᠷ ᠲᠣᠭᠲᠠᠭᠠᠪᠠ᠃      ᠠᠷᠤᠨ ᠬᠤᠰᠢᠭᠤ ᠂ ᠬᠠᠷᠠᠴᠢᠨ ᠬᠤᠰᠢᠭᠤ ᠪᠠ ᠡᠵᠡᠨᠬᠤᠷᠤᠭ᠎ᠠ ᠬᠤᠰᠢᠭᠤ ᠨᠢ ᠴᠣᠭᠴᠠᠯᠳᠠ ᠦᠭᠡᠢ ᠴᠢᠷᠮᠠᠶᠢᠵᠤ᠂ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠣᠨ᠂ ᠠᠮᠢ ᠠᠬᠤᠶ ᠶᠢᠨ ᠣᠷᠴᠢᠨ ᠲᠣᠭᠤᠷᠢᠨ ᠢ ᠦᠭᠡᠷᠡᠴᠢᠯᠡᠨ ᠰᠠᠶᠢᠵᠢᠷᠠᠭᠤᠯᠬᠤ᠂ ᠰᠠᠭᠤᠷᠢᠰᠢᠬᠤ ᠳᠤ ᠲᠣᠬᠢᠷᠠᠮᠵᠢᠲᠠᠶ ᠬᠤᠲᠠ ᠪᠠᠯᠭᠠᠰᠣ ᠶᠢ ᠪᠣᠢ ᠪᠣᠯᠭᠠᠬᠤ ᠲᠠᠯ᠎ᠠ ᠪᠠᠷ ᠦᠷᠭᠦᠯᠵᠢᠯᠡᠨ ᠨᠡᠩ ᠶᠡᠭᠡ ᠠᠮᠵᠢᠯᠲᠠ ᠭᠠᠷᠭᠠᠬᠤ ᠶᠢ ᠬᠦᠰᠡᠵᠣ ᠪᠠᠶᠢᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠠ ᠠᠮᠢ ᠠᠬᠤᠶ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠣ᠂ ᠲᠣᠭᠲᠠᠴᠠ ᠳᠤ ᠰᠢᠨ᠎ᠡ ᠶᠢ ᠡᠭᠦᠳᠣᠨ᠂ ᠭᠤᠣᠯᠳᠠᠯᠭ᠎ᠠ ᠪᠠᠨ ᠲᠤᠪᠤᠶᠢᠯᠭᠠᠵᠣ᠂ ᠬᠤᠲᠠ ᠪᠠᠯᠭᠠᠰᠤᠨ ᠤ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠲᠠᠰᠤᠷᠠᠯᠲᠠ ᠦᠭᠡᠶ ᠳᠡᠭᠡᠭᠰᠢᠯᠡᠭᠦᠯᠵᠦ᠂ ᠪᠦᠬᠦ ᠣᠷᠣᠨ ᠤ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠰᠢᠶᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢᠶᠠᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠶ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号