2015 ᠣᠨ ᠳᠤ᠂ ᠥᠪᠥᠷ ᠮᠣᠩᠭᠤᠯ ᠤᠨ ᠶᠠᠰᠤ ᠴᠢᠨᠠᠷ ᠮᠡᠷᠭᠡᠵᠢᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠤᠯᠤᠰ ᠤᠨ ᠭᠡᠷᠡᠴᠢᠯᠡᠵᠦ ᠬᠢᠨᠠᠨ ᠬᠠᠮᠢᠶᠠᠷᠬᠤ ᠵᠥᠪᠯᠡᠯ ᠤᠨ ᠠᠵᠢᠯ ᠤᠨ ᠪᠠᠶᠢᠷᠢᠯᠠᠭᠤᠯᠤᠯᠲᠠ ᠶᠢ | ᠢᠳᠡᠪᠬᠢᠲᠡᠢ ᠨᠠᠶᠢᠳᠠᠪᠤᠷᠢᠵᠢᠭᠤᠯᠵᠤ᠂ ᠡᠯ᠎ᠡ ᠭᠡᠷᠡᠴᠢᠯᠡᠯ ᠤᠨ ᠬᠦᠷᠢᠶ᠎ᠡ ᠳᠤ ᠲᠤᠰᠬᠠᠢ ᠲᠥᠷᠥᠯ ᠤᠨ ᠬᠢᠨᠠᠨ ᠪᠠᠶᠢᠴᠠᠭᠠᠬᠤ | ᠠᠵᠢᠯ ᠥᠷᠨᠢᠭᠦᠯᠪᠡ᠃ ᠪᠦᠬᠦ ᠵᠢᠯ ᠳᠤ ᠨᠡᠶᠢᠲᠡ 674 ᠠᠵᠤ ᠠᠬᠤᠶᠢᠯᠠᠯ ᠢ ᠪᠠᠶᠢᠴᠠᠭᠠᠵᠤ᠂ 68 ᠭᠡᠷᠡᠴᠢᠯᠡᠯ ᠤᠨ | ᠪᠠᠶᠢᠭᠤᠯᠤᠮᠵᠢ ᠳᠤ ᠬᠤᠯᠪᠣᠭᠳᠠᠵᠤ᠂ ᠬᠠᠤᠯᠢ ᠬᠡᠷᠡᠭᠵᠢᠭᠦᠯᠦᠯᠲᠡ ᠳᠤ ᠨᠡᠶᠢᠲᠡ 1392 ᠠᠵᠢᠯᠲᠠᠨ ᠣᠷᠣᠯᠴᠠᠪᠠ᠂ | ᠡᠭᠦᠨ ᠳᠤ ᠪᠠᠶᠢᠴᠠᠭᠠᠵᠤ ᠭᠠᠷᠭᠠᠭᠰᠠᠨ CCC ᠦᠢᠯᠡᠳᠬᠦᠨ ᠤ ᠦᠢᠯᠡᠳᠪᠦᠷᠢᠯᠡᠯ᠂ ᠳᠠᠮᠵᠢᠭᠤᠯᠤᠨ ᠪᠣᠷᠣᠯᠠᠭᠤᠯᠭ᠎ᠠ | ᠶᠢᠨ 403 ᠨᠢᠭᠡᠴᠡ᠂ 122 ᠣᠷᠭᠠᠨᠢᠭ ᠦᠢᠯᠡᠳᠬᠦᠨ ᠤ ᠭᠡᠷᠡᠴᠢᠯᠡᠯ ᠤᠨ ᠠᠵᠤ ᠠᠬᠤᠶᠢᠯᠠᠯ᠂ 149 | ᠬᠠᠮᠢᠶᠠᠷᠤᠯᠲᠠ ᠶᠢᠨ ᠰᠢᠰᠲ᠋ᠧᠮ ᠤᠨ ᠦᠨᠡᠮᠯᠡᠯ ᠣᠯᠣᠭᠰᠠᠨ ᠠᠵᠤ ᠠᠬᠤᠶᠢᠯᠠᠯ ᠪᠠᠶᠢᠪᠠ᠃ ᠦᠨᠡᠮᠯᠡᠯ ᠣᠯᠣᠭᠰᠠᠨ | ᠦᠭᠡᠢ ᠪᠠᠷ ᠦᠢᠯᠡᠳᠪᠦᠷᠢᠯᠡᠭᠰᠡᠨ CCC ᠦᠢᠯᠡᠳᠬᠦᠨ ᠤ 1 ᠠᠵᠤ ᠠᠬᠤᠶᠢᠯᠠᠯ ᠢ 5 ᠲᠦᠮᠡᠨ ᠲᠥᠭᠦᠷᠢᠭ ᠢᠶᠠᠷ | ᠲᠣᠷᠭᠠᠵᠤ᠂ ᠠᠰᠠᠭᠤᠳᠠᠯ ᠣᠷᠣᠰᠢᠵᠤ ᠪᠠᠶᠢᠭ᠎ᠠ 105 ᠠᠵᠤ ᠠᠬᠤᠶᠢᠯᠠᠯ ᠢ ᠵᠠᠷᠯᠢᠭᠳᠠᠨ ᠴᠡᠭᠴᠡᠯᠡᠵᠦ᠂ ᠵᠣᠬᠢᠶᠠᠨ | ᠪᠠᠶᠢᠭᠤᠯᠤᠨ ᠳᠠᠬᠢᠨ ᠪᠠᠶᠢᠴᠠᠭᠠᠵᠤ᠂ ᠠᠵᠤ ᠠᠬᠤᠶᠢᠯᠠᠯ ᠤᠨ ᠦᠨᠡᠮᠯᠡᠯ ᠦᠷᠭᠦᠯᠵᠢᠯᠡᠨ ᠬᠦᠴᠦᠨ ᠲᠡᠭᠦᠯᠳᠡᠷ | ᠪᠠᠶᠢᠬᠤ ᠶᠢ ᠳᠡᠭᠡᠭᠰᠢᠯᠡᠭᠦᠯᠵᠡᠢ᠃ | ᠥᠪᠥᠷ ᠮᠣᠩᠭᠤᠯ ᠤᠨ ᠶᠠᠰᠤ ᠴᠢᠨᠠᠷ ᠮᠡᠷᠭᠡᠵᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠡᠷᠡᠴᠢᠯᠡᠵᠦ | ᠬᠢᠨᠠᠨ ᠬᠠᠮᠢᠶᠠᠷᠬᠤ ᠠᠵᠢᠯ ᠤᠨ ᠳᠤᠮᠳᠠ᠂ ︽ᠵᠠᠰᠠᠭ ᠤᠨ ᠣᠷᠳᠣᠨ ᠵᠢᠯᠤᠭᠤᠳᠤᠨ ᠳᠠᠭᠠᠭᠤᠯᠬᠤ᠂ ᠰᠠᠯᠠᠭ᠎ᠠ ᠮᠥᠴᠢᠷ | ᠲᠦᠯᠬᠢᠨ ᠠᠬᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ᠂ ᠵᠢᠱᠢᠶ᠎ᠡ ᠦᠵᠡᠭᠦᠯᠦᠨ ᠲᠤᠷᠰᠢᠯᠲᠠ ᠶᠢᠨ ᠴᠢᠭ᠋ | ᠭᠠᠷᠭᠠᠬᠤ︾ ᠴᠢᠭᠯᠡᠯ ᠢ ᠪᠠᠷᠢᠮᠲᠠᠯᠠᠨ᠂ ᠬᠠᠮᠢᠶᠠᠷᠤᠯᠲᠠ ᠶᠢᠨ ᠬᠡᠯᠪᠡᠷᠢ ᠪᠠᠨ ᠰᠠᠨᠠᠭᠠᠴᠢᠯᠠᠭ᠎ᠠ ᠲᠠᠢ ᠪᠠᠷ ᠬᠤᠪᠢᠷᠠᠭᠤᠯᠵᠤ᠂ | ᠦᠢᠯᠡᠴᠢᠯᠡᠭᠡᠨ ᠤ ᠡᠷᠬᠡ ᠴᠢᠳᠠᠪᠤᠷᠢ ᠶᠢ ᠳᠣᠪᠣᠶᠢᠯᠭᠠᠵᠤ᠂ ᠭᠡᠷᠡᠴᠢᠯᠡᠵᠦ ᠬᠢᠨᠠᠨ ᠬᠠᠮᠢᠶᠠᠷᠤᠭᠰᠠᠳ ᠢ ᠶᠡᠬᠡᠪᠡᠷ | ᠪᠣᠯᠪᠠᠰᠤᠷᠠᠭᠤᠯᠵᠤ᠂ ᠭᠡᠷᠡᠴᠢᠯᠡᠵᠦ ᠬᠠᠤᠯᠢ ᠬᠡᠷᠡᠭᠵᠢᠭᠦᠯᠬᠦ ᠡᠩᠨᠡᠭᠡ ᠶᠢᠨ ᠴᠢᠳᠠᠪᠤᠷᠢ ᠬᠡᠪ ᠪᠣᠯᠪᠠᠰᠤᠷᠠᠯ ᠢ | ᠳᠡᠭᠡᠭᠰᠢᠯᠡᠭᠦᠯᠬᠦ ᠶᠢ ᠪᠠᠷᠢᠮᠲᠠᠯᠠᠪᠠ︔ ᠭᠡᠷᠡᠴᠢᠯᠡᠬᠦ ᠠᠵᠢᠯᠯᠠᠭ᠎ᠠ ᠪᠠᠨ ᠵᠢᠷᠤᠮᠵᠢᠭᠤᠯᠵᠤ᠂ ᠵᠠᠬ᠎ᠠ ᠳᠡᠯᠭᠡᠭᠦᠷ ᠤᠨ ᠡᠷᠬᠡ | ᠲᠡᠭᠰᠢ ᠲᠥᠪ ᠭᠤᠣᠯᠴᠢ ᠡᠮᠬᠢ ᠲᠢᠭᠯᠢᠮ ᠢ ᠬᠠᠮᠠᠭᠠᠯᠠᠵᠤ᠂ ᠭᠡᠷᠡᠴᠢᠯᠡᠬᠦ ᠪᠠᠶᠢᠭᠤᠯᠤᠮᠵᠢ ᠶᠢᠨ ᠦᠢᠯᠡᠴᠢᠯᠡᠭᠡᠨ ᠤ ᠦᠵᠡᠯ | ᠤᠬᠠᠮᠰᠠᠷ ᠢ ᠴᠢᠩᠭᠠᠳᠬᠠᠵᠤ᠂ ᠭᠡᠷᠡᠴᠢᠯᠡᠨ ᠦᠨᠡᠮᠰᠢᠬᠦ ᠠᠵᠢᠯ ᠨᠢ ᠭᠠᠵᠠᠷ ᠣᠷᠣᠨ ᠤ ᠠᠵᠤ ᠠᠬᠤᠢ ᠶᠢᠨ ᠡᠷᠡᠭᠦᠯ | ᠢᠶᠠᠷ ᠬᠦᠭᠵᠢᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠪᠠ᠃ | |