ᠥᠪᠥᠷ ᠵᠠᠰᠠᠭ ᠲᠠᠷᠬᠠᠭᠠᠭᠰᠠᠨ ﹇2015﹈ 91 ᠳ᠋ᠤᠭᠡᠷ ᠲᠤᠭᠠᠳᠤ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠬᠠᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ᠠᠳᠠᠯ ᠠᠬᠤᠢ ᠶᠢᠨ ᠦᠢᠯᠡᠴᠢᠯᠡᠭᠡᠨ ᠤ ᠦᠢᠯᠡᠰ ᠪᠣᠯ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ | ᠴᠢᠬᠤᠯᠠ ᠪᠦᠷᠢᠯᠳᠦᠭᠦᠨ ᠬᠡᠰᠡᠭ ᠪᠣᠯᠬᠤ ᠪᠦᠭᠡᠳ ᠪᠠᠰᠠ ᠣᠳᠣ ᠦᠶ᠎ᠡ ᠶᠢᠨ ᠬᠤᠲᠠ ᠶᠢᠨ ᠬᠠᠮᠢᠶᠠᠷᠤᠯᠲᠠ ᠶᠢᠨ | ᠴᠢᠬᠤᠯᠠ ᠠᠭᠤᠯᠭ᠎ᠠ ᠪᠣᠯᠣᠨ᠎ᠠ᠃ ᠣᠶᠢᠷ᠎ᠠ ᠶᠢᠨ ᠵᠢᠯ ᠤᠨ ᠲᠣᠷᠰᠢ᠂ ᠮᠠᠨ ᠤ ᠣᠷᠣᠨ ᠤ ᠠᠳᠠᠯ ᠠᠬᠤᠢ ᠶᠢᠨ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠨᠡᠯᠢᠶᠡᠳ ᠲᠥᠷᠭᠡᠨ ᠪᠠᠶᠢᠵᠤ᠂ ᠬᠤᠲᠠ ᠪᠠᠯᠭᠠᠰᠤ ᠶᠢᠨ ᠬᠦᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ | ᠴᠢᠨᠠᠷ ᠢ ᠳᠡᠭᠡᠭᠰᠢᠯᠡᠭᠦᠯᠬᠦ᠂ ᠨᠡᠶᠢᠭᠡᠮ ᠤᠨ ᠬᠠᠮᠢᠶᠠᠷᠤᠯᠲᠠ ᠳᠤ ᠰᠢᠨ᠎ᠡ ᠶᠢ ᠡᠭᠦᠳᠬᠦ᠂ ᠨᠡᠶᠢᠭᠡᠮ ᠤᠨ ᠡᠶ᠎ᠡ ᠵᠣᠬᠢᠴᠠᠯ | ᠠᠮᠦᠷ ᠲᠣᠭᠲᠠᠭᠤᠨ ᠢ ᠠᠬᠢᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠢᠶᠠᠨ ᠦᠵᠡᠭᠦᠯᠪᠡ᠂ ᠭᠡᠪᠡᠴᠦ ᠪᠠᠰᠠ | ᠠᠵᠤ ᠦᠢᠯᠡᠰ ᠤᠨ ᠰᠠᠭᠤᠷᠢ ᠨᠢ ᠪᠠᠭᠤᠷᠠᠢ᠂ ᠳᠡᠰ ᠳᠠᠪᠬᠤᠷᠭ᠎ᠠ ᠨᠢ ᠳᠣᠣᠷ᠎ᠠ᠂ ᠦᠢᠯᠡᠴᠢᠯᠡᠭᠡᠨ ᠤ ᠴᠢᠳᠠᠪᠤᠷᠢ ᠨᠢ | ᠭᠦᠢᠴᠡᠳ ᠦᠭᠡᠢ᠂ ᠬᠠᠮᠤᠷᠬᠤ ᠬᠡᠪᠴᠢᠶ᠎ᠡ ᠨᠢ ᠬᠢᠵᠠᠭᠠᠷ ᠲᠠᠢ᠂ ᠬᠡᠰᠡᠭ ᠬᠠᠭᠤᠴᠢᠨ ᠪᠠ ᠬᠠᠭᠤᠴᠢᠷᠠᠭᠰᠠᠨ ᠣᠷᠣᠨ | ᠰᠠᠭᠤᠴᠠ ᠶᠢᠨ ᠵᠢᠵᠢᠭ ᠲᠣᠭᠤᠷᠢᠭ ᠤᠨ ᠣᠷᠴᠢᠨ ᠲᠣᠭᠤᠷᠢᠨ ᠨᠢ ᠪᠤᠵᠠᠷ ᠰᠠᠮᠠᠭᠤᠨ ᠪᠠᠷᠤᠭᠲᠠᠢ ᠪᠠᠶᠢᠬᠤ ᠪᠠᠶᠢᠳᠠᠯ | ᠬᠦᠨᠳᠦ ᠨᠣᠴᠢᠲᠠᠢ ᠪᠠᠶᠢᠵᠤ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠶᠡᠷᠦᠩᠬᠡᠢ ᠪᠤᠳᠠᠳᠤ | ᠬᠦᠴᠦᠨ ᠨᠢ ᠬᠦᠴᠦᠷᠬᠡᠭ ᠪᠤᠰᠤ ᠵᠡᠷᠭᠡ ᠰᠢᠢᠳᠪᠦᠷᠢᠯᠡᠭᠦᠰᠢᠲᠡᠢ ᠠᠰᠠᠭᠤᠳᠠᠯ ᠣᠷᠤᠰᠢᠵᠤ ᠪᠣᠢ᠃ ᠮᠠᠨ ᠤ ᠣᠷᠣᠨ ᠤ | ᠠᠳᠠᠯ ᠠᠬᠤᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠪᠤᠭᠤᠮᠢ ᠶᠢᠨ ᠠᠰᠠᠭᠤᠳᠠᠯ ᠢ ᠪᠦᠲᠦᠮᠵᠢᠲᠡᠢ | ᠰᠢᠢᠳᠪᠦᠷᠢᠯᠡᠵᠦ᠂ ᠠᠳᠠᠯ ᠠᠬᠤᠢ ᠶᠢᠨ ᠦᠢᠯᠡᠴᠢᠯᠡᠭᠡᠨ ᠤ ᠴᠢᠳᠠᠪᠤᠷᠢ ᠪᠣᠯᠣᠨ ᠠᠵᠢᠯ ᠲᠦᠷᠦᠯ ᠤᠨ ᠬᠥᠭᠵᠢᠯᠲᠡ ᠶᠢᠨ | ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ᠡᠳᠦᠭᠡ ᠠᠳᠠᠯ ᠠᠬᠤᠢ ᠶᠢᠨ | ᠬᠠᠮᠢᠶᠠᠷᠤᠯᠲᠠ ᠶᠢ ᠴᠢᠩᠭᠠᠳᠬᠠᠵᠤ᠂ ᠠᠳᠠᠯ ᠠᠬᠤᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ | ᠠᠬᠢᠭᠤᠯᠬᠤ ᠲᠣᠬᠠᠢ ᠳᠣᠣᠷᠠᠬᠢ ᠮᠡᠲᠦ ᠰᠠᠨᠠᠯ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ ᠪᠠ ᠬᠠᠷᠠᠯᠲᠠ ᠶᠢᠨ ᠡᠭᠦᠷᠭᠡ | ︵ᠨᠢᠭᠡ︶ ᠶᠡᠷᠦᠩᠬᠡᠢ ᠱᠠᠭᠠᠷᠳᠠᠯᠭ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ | ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠦᠪᠡᠷᠲᠡᠭᠡᠨ ᠵᠠᠰᠠᠬᠤ ᠣᠷᠣᠨ ᠤ ︽8337︾ ᠬᠥᠭᠵᠢᠯᠲᠡ ᠶᠢᠨ | ᠰᠡᠳᠬᠢᠮᠵᠢ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢᠨ | ᠲᠤᠭᠤᠷᠢᠨ ᠳᠤ ᠰᠠᠭᠤᠭᠠᠯᠢ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠪᠠ ᠠᠮᠢᠳᠤᠷᠠᠯ ᠤᠨ ᠶᠠᠰᠤ | ᠴᠢᠨᠠᠷ ᠢ ᠳᠡᠭᠡᠭᠰᠢᠯᠡᠭᠦᠯᠬᠦ ᠪᠠᠷ ᠰᠠᠭᠤᠷᠢ ᠪᠣᠯᠭᠠᠨ᠂ ᠠᠳᠠᠯ ᠠᠬᠤᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠪᠠ | ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠳᠠᠯ ᠠᠬᠤᠢ ᠶᠢᠨ ᠦᠢᠯᠡᠴᠢᠯᠡᠭᠡᠨ ᠤ ᠪᠠᠷᠢᠮᠵᠢᠶ᠎ᠠ ᠶᠢ | ᠵᠢᠷᠤᠮᠵᠢᠭᠤᠯᠤᠨ᠂ ᠠᠵᠢᠯ ᠡᠷᠬᠢᠯᠡᠭᠴᠢᠳ ᠤᠨ ᠪᠦᠬᠦ ᠲᠠᠯ᠎ᠠ ᠶᠢᠨ ᠮᠡᠳᠡᠯᠭᠡ ᠪᠣᠯᠪᠠᠰᠤᠷᠠᠯ ᠢ ᠳᠡᠭᠡᠭᠰᠢᠯᠡᠭᠦᠯᠵᠦ᠂ | ᠶᠡᠷᠦᠩᠬᠡᠢ ᠪᠣᠳᠠᠳᠤ ᠬᠦᠴᠦᠨ ᠢᠶᠠᠷ ᠴᠢᠩᠭ᠎ᠠ ᠨᠢᠭᠡ ᠪᠦᠯᠦᠭ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠢ ᠲᠦᠷᠭᠡᠳᠭᠡᠨ ᠪᠤᠶᠢᠵᠢᠭᠤᠯᠵᠤ᠂ ᠲᠣᠬᠠᠶᠢᠯᠠᠭᠰᠠᠨ ᠠᠵᠢᠯ ᠨᠢ ᠪᠦᠷᠢᠨ ᠲᠡᠭᠦᠯᠳᠡᠷ᠂ ᠦᠢᠯᠡᠴᠢᠯᠡᠭᠡ ᠨᠢ | ᠰᠢᠯᠢᠳᠡᠭ᠂ ᠦᠷᠢᠰᠦᠯᠳᠦᠭᠡᠨ ᠨᠢ ᠡᠮᠬᠢ ᠵᠢᠷᠤᠮ ᠲᠠᠢ᠂ ᠬᠠᠮᠢᠶᠠᠷᠤᠯᠲᠠ ᠨᠢ ᠵᠢᠷᠤᠮᠵᠢᠭᠤᠨ ᠪᠠᠶᠢᠬᠤ ᠠᠳᠠᠯ ᠠᠬᠤᠢ ᠶᠢᠨ | ᠦᠢᠯᠡᠴᠢᠯᠡᠭᠡᠨ ᠤ ᠦᠢᠯᠡᠰ ᠤᠨ ᠰᠢᠨ᠎ᠡ ᠰᠢᠰᠲ᠋ᠧᠮᠵᠢ ᠶᠢ ᠴᠢᠷᠮᠠᠶᠢᠨ ᠪᠠᠶᠢᠭᠤᠯᠵᠤ᠂ ᠠᠳᠠᠯ ᠠᠬᠤᠢ ᠶᠢᠨ ᠬᠠᠮᠢᠶᠠᠷᠤᠯᠲᠠ | ᠪᠠ ᠦᠢᠯᠡᠴᠢᠯᠡᠭᠡᠨ ᠤ ᠨᠡᠶᠢᠭᠡᠮᠵᠢᠯᠲᠡ᠂ ᠵᠠᠬ᠎ᠠ ᠳᠡᠯᠭᠡᠭᠦᠷᠵᠢᠯᠲᠡ᠂ ᠲᠤᠰᠬᠠᠶᠢᠵᠢᠯᠲᠠ᠂ ᠵᠢᠷᠤᠮᠵᠢᠯᠲᠠ ᠶᠢ ᠠᠯᠬᠤᠮ | ᠠᠯᠬᠤᠮ ᠢᠶᠠᠷ ᠪᠡᠶᠡᠯᠡᠭᠦᠯᠬᠦ ᠬᠡᠷᠡᠭᠲᠡᠢ᠃ | ︵ᠬᠤᠶᠠᠷ︶ ᠬᠠᠷᠠᠯᠲᠠ ᠶᠢᠨ ᠡᠭᠦᠷᠭᠡ᠃ 2017 ᠣᠨ ᠪᠣᠯᠲᠠᠯ᠎ᠠ ᠪᠦᠬᠦ ᠣᠷᠣᠨ ᠤ ᠠᠳᠠᠯ ᠠᠬᠤᠢ ᠶᠢᠨ | ᠬᠠᠮᠢᠶᠠᠷᠤᠯᠲᠠ ᠪᠠ ᠠᠳᠠᠯ ᠠᠬᠤᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠶᠡᠷᠦᠩᠬᠡᠢ ᠬᠢᠷᠢ | ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠎ᠡ᠃ | — ᠠᠳᠠᠯ ᠠᠬᠤᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠎ᠡ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠠᠳᠠᠯ | ᠠᠬᠤᠢ ᠶᠢᠨ ᠬᠠᠮᠢᠶᠠᠷᠤᠯᠲᠠ ᠶᠢᠨ ᠠᠵᠢᠯ ᠤᠨ ᠤᠳᠤᠷᠢᠳᠬᠤ ᠲᠣᠭᠲᠠᠴᠠ ᠶᠢ ᠪᠠᠶᠢᠭᠤᠯᠵᠤ᠂ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶᠂ ᠰᠣᠮᠣ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠨᠡᠶᠢᠭᠡᠮ | ᠲᠣᠭᠤᠷᠢᠭ ᠳᠥᠷᠪᠡᠨ ᠱᠠᠲᠤᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠲᠠᠰᠤᠷᠠᠯᠲᠠ ᠦᠭᠡᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠭᠡᠷ ᠪᠠᠶᠢᠰᠢᠩ ᠭᠠᠵᠠᠷ ᠬᠦᠷᠦᠩᠭᠡ ᠶᠢᠨ ᠬᠠᠮᠢᠶᠠᠷᠤᠯᠲᠠ ᠶᠢᠨ ᠰᠠᠯᠠᠭ᠎ᠠ | ᠮᠦᠴᠢᠷ ᠤᠳ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ᠂ ᠠᠵᠢᠯᠲᠠᠨ᠂ ᠡᠭᠦᠷᠭᠡ ᠬᠠᠷᠢᠭᠤᠴᠠᠯᠭ᠎ᠠ᠂ | ᠵᠠᠷᠤᠳᠠᠯ ᠢ ᠦᠨᠳᠦᠰᠦᠨ ᠳᠡᠭᠡᠨ ᠪᠣᠲᠠᠲᠠᠢ ᠭᠠᠵᠠᠷ ᠲᠤᠨᠢ ᠨᠠᠶᠢᠳᠠᠪᠤᠷᠢᠵᠢᠭᠤᠯᠬᠤ ᠬᠡᠷᠡᠭᠲᠡᠢ︔ ᠡᠯ᠎ᠡ ᠱᠠᠲᠤᠨ ᠤ ᠭᠡᠷ | ᠪᠠᠶᠢᠰᠢᠩ ᠭᠠᠵᠠᠷ ᠬᠦᠷᠦᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠪᠣᠯᠣᠨ ᠨᠢᠭᠡᠴᠡ ᠨᠦᠭᠦᠳ ᠡᠭᠦᠷᠭᠡ | ᠬᠠᠷᠢᠭᠤᠴᠠᠯᠭ᠎ᠠ ᠪᠠᠨ ᠲᠤᠳᠤᠷᠬᠠᠶᠢᠯᠠᠨ᠂ ᠵᠣᠬᠢᠴᠠᠭᠤᠯᠤᠨ ᠬᠠᠮᠵᠢᠯᠴᠠᠨ᠎ᠠ︔ ᠠᠳᠠᠯ ᠠᠬᠤᠢ ᠶᠢᠨ ᠬᠠᠮᠢᠶᠠᠷᠤᠯᠲᠠ ᠶᠢᠨ | ᠨᠦᠬᠦᠴᠡᠯ ᠲᠠᠢ ᠵᠢᠵᠢᠭ ᠲᠣᠭᠤᠷᠢᠭ ᠨᠢ ᠦᠮᠴᠢᠲᠡᠨ ᠤ ᠶᠡᠭᠡ ᠬᠤᠷᠠᠯ᠂ ᠦᠮᠴᠢᠲᠡᠨ ᠤ ᠵᠦᠪᠯᠡᠯ ᠢ ᠪᠠᠶᠢᠭᠤᠯᠵᠤ᠂ | ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠪᠦᠲᠦᠮᠵᠢᠲᠡᠢ ᠭᠦᠢᠴᠡᠳᠭᠡᠨ᠎ᠡ︔ ᠠᠳᠠᠯ ᠠᠬᠤᠢ ᠶᠢᠨ | ᠬᠠᠮᠢᠶᠠᠷᠤᠯᠲᠠ ᠶᠢᠨ ᠦᠨᠳᠦᠰᠦᠨ ᠳᠦᠷᠢᠮ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠳᠠᠯ | ᠠᠬᠤᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠳᠦᠷᠢᠮᠵᠢᠭᠰᠡᠨ᠂ ᠵᠢᠷᠤᠮᠵᠢᠭᠰᠠᠨ ᠵᠠᠮ ᠢᠶᠠᠷ | ᠵᠠᠮᠨᠠᠭᠤᠯᠤᠨ᠎ᠠ᠃ | — ᠠᠳᠠᠯ ᠠᠬᠤᠢ ᠶᠢᠨ ᠬᠠᠮᠢᠶᠠᠷᠤᠯᠲᠠ ᠶᠢᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ | ᠥᠷᠭᠡᠳᠭᠡᠨ᠎ᠡ᠃ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ | ᠳᠤᠮᠳᠠᠴᠢ ᠬᠠᠮᠤᠷᠬᠤ ᠨᠤᠷᠮ᠎ᠠ ᠶᠢ 75% ᠠᠴᠠ ᠳᠡᠭᠡᠭᠰᠢ ᠳᠤ ᠬᠦᠷᠦᠭᠦᠯᠦᠨ᠎ᠡ᠂ ᠡᠭᠦᠨ ᠳᠤ ᠠᠳᠠᠯ ᠠᠬᠤᠢ ᠶᠢᠨ | ᠬᠠᠮᠢᠶᠠᠷᠤᠯᠲᠠ ᠨᠢ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠵᠢᠵᠢᠭ ᠲᠣᠭᠤᠷᠢᠭ ᠲᠤ ᠪᠦᠬᠦᠨ ᠢ | ᠬᠠᠮᠤᠷᠬᠤ ᠶᠢ ᠪᠡᠶᠡᠯᠡᠭᠦᠯᠵᠦ᠂ ᠬᠠᠭᠤᠴᠢᠨ ᠪᠠ ᠬᠠᠭᠤᠴᠢᠷᠠᠭᠰᠠᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ | ᠠᠳᠠᠯ ᠠᠬᠤᠢ ᠶᠢᠨ ᠬᠠᠮᠢᠶᠠᠷᠤᠯᠲᠠ ᠪᠣᠶᠣ ᠳᠡᠰᠯᠡᠬᠦ ᠠᠳᠠᠯ ᠠᠬᠤᠢ ᠶᠢᠨ ᠬᠠᠮᠢᠶᠠᠷᠤᠯᠲᠠ ᠶᠢᠨ ᠬᠠᠮᠤᠷᠬᠤ ᠨᠣᠷᠮ᠎ᠠ ᠶᠢ | 50% ᠠᠴᠠ ᠳᠡᠭᠡᠭᠰᠢ ᠳᠤ ᠬᠦᠷᠦᠭᠦᠯᠦᠨ᠎ᠡ︔ ᠣᠷᠣᠨ ᠰᠠᠭᠤᠴᠠ ᠶᠢᠨ ᠪᠤᠰᠤ ᠵᠢᠵᠢᠭ ᠲᠣᠭᠤᠷᠢᠭ ᠤᠨ ᠠᠳᠠᠯ | ᠠᠬᠤᠢ ᠶᠢᠨ ᠬᠠᠮᠢᠶᠠᠷᠤᠯᠲᠠ ᠶᠢᠨ ᠳᠤᠮᠳᠠᠴᠢ ᠬᠠᠮᠤᠷᠬᠤ ᠨᠣᠷᠮ᠎ᠠ ᠶᠢ 50% ᠠᠴᠠ ᠳᠡᠭᠡᠭᠰᠢ ᠳᠤ ᠬᠦᠷᠦᠭᠦᠯᠦᠨ᠎ᠡ᠂ | ᠡᠭᠦᠨ ᠳᠤ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠪᠤᠰᠤ ᠵᠢᠵᠢᠭ ᠲᠣᠭᠤᠷᠢᠭ ᠤᠨ ᠠᠳᠠᠯ ᠠᠬᠤᠢ ᠶᠢᠨ | ᠬᠠᠮᠢᠶᠠᠷᠤᠯᠲᠠ ᠶᠢᠨ ᠬᠠᠮᠤᠷᠬᠤ ᠨᠣᠷᠮ᠎ᠠ ᠶᠢ 60% ᠠᠴᠠ ᠳᠡᠭᠡᠭᠰᠢ ᠳᠤ ᠬᠦᠷᠦᠭᠦᠯᠦᠨ᠎ᠡ᠃ | — ᠠᠳᠠᠯ ᠠᠬᠤᠢ ᠶᠢᠨ ᠦᠢᠯᠡᠴᠢᠯᠡᠭᠡᠨ ᠤ ᠶᠠᠰᠤ ᠴᠢᠨᠠᠷ ᠪᠣᠯᠣᠨ ᠣᠯᠠᠨ ᠲᠦᠮᠡᠨ ᠤ ᠲᠠᠭᠠᠰᠢᠶᠠᠯ ᠤᠨ | ᠬᠡᠮᠵᠢᠶ᠎ᠡ ᠶᠢ ᠮᠡᠳᠡᠭᠳᠡᠭᠦ᠋ᠢᠴᠡ ᠳᠡᠭᠡᠭᠰᠢᠯᠡᠭᠦᠯᠦᠨ᠎ᠡ᠃ ᠠᠳᠠᠯ ᠠᠬᠤᠢ ᠶᠢᠨ ᠦᠢᠯᠡᠴᠢᠯᠡᠭᠡᠨ ᠤ ᠣᠷᠣᠨ ᠤ ᠳᠣᠲᠤᠷᠠᠬᠢ | ᠭᠡᠨᠡᠳᠲᠡ ᠶᠢᠨ ᠬᠡᠷᠡᠭ ᠢ ᠴᠠᠭ ᠲᠣᠬᠠᠢ ᠳᠤᠨᠢ ᠪᠦᠲᠦᠮᠵᠢᠲᠡᠢ ᠰᠢᠢᠳᠪᠦᠷᠢᠯᠡᠵᠦ᠂ ᠳᠦᠷᠢᠮ ᠲᠣᠭᠲᠠᠭᠠᠯ ᠠᠴᠠ | ᠵᠦᠷᠢᠴᠡᠨ ᠪᠠᠶᠢᠭᠤᠯᠤᠭᠰᠠᠨ᠂ ᠳᠦᠷᠢᠮ ᠲᠣᠭᠲᠠᠭᠠᠯ ᠠᠴᠠ ᠵᠦᠷᠢᠴᠡᠨ ᠵᠠᠰᠠᠵᠤ ᠴᠢᠮᠡᠭᠰᠡᠨ᠂ ᠣᠯᠠᠨ ᠨᠡᠶᠢᠲᠡ ᠶᠢᠨ | ᠵᠥᠯᠭᠡ ᠭᠠᠵᠠᠷ ᠢ ᠡᠪᠳᠡᠭᠰᠡᠨ᠂ ᠲᠡᠷᠭᠡ ᠬᠥᠰᠬᠡ ᠪᠠᠨ ᠡᠮᠬᠢ ᠵᠢᠷᠤᠮ ᠦᠭᠡᠢ ᠵᠣᠭᠰᠤᠭᠠᠭᠰᠠᠨ ᠵᠡᠷᠭᠡ ᠦᠢᠯᠡ | ᠠᠵᠢᠯᠯᠠᠭ᠎ᠠ ᠶᠢ ᠪᠦᠲᠦᠮᠵᠢᠲᠡᠢ ᠬᠤᠷᠢᠭᠯᠠᠨ᠂ ᠠᠳᠠᠯ ᠠᠬᠤᠢ ᠶᠢᠨ ᠬᠠᠮᠢᠶᠠᠷᠤᠯᠲᠠ ᠶᠢᠨ ᠡᠮᠬᠢ ᠵᠢᠷᠤᠮ ᠢ ᠪᠦᠲᠦᠮᠵᠢᠲᠡᠢ | ᠬᠠᠮᠠᠭᠠᠯᠠᠨ᠎ᠠ᠃ ᠠᠳᠠᠯ ᠠᠬᠤᠢ ᠶᠢᠨ ᠬᠠᠮᠢᠶᠠᠷᠤᠯᠲᠠ ᠶᠢᠨ ᠡᠯ᠎ᠡ ᠲᠦᠷᠦᠯ ᠤᠨ ᠵᠢᠱᠢᠶ᠎ᠡ ᠦᠵᠡᠭᠦᠯᠬᠦ ᠲᠦᠷᠦᠯ ᠵᠦᠢᠯ ᠢ | ᠲᠠᠰᠤᠷᠠᠯᠲᠠ ᠦᠭᠡᠢ ᠪᠠᠶᠠᠯᠢᠬᠵᠢᠭᠤᠯᠵᠤ᠂ 2017 ᠣᠨ ᠪᠣᠯᠲᠠᠯ᠎ᠠ ᠠᠳᠠᠯ ᠠᠬᠤᠢ ᠶᠢᠨ ᠬᠠᠮᠢᠶᠠᠷᠤᠯᠲᠠ ᠶᠢᠨ | ᠤᠯᠤᠰ ᠤᠨ ᠵᠢᠱᠢᠶ᠎ᠡ ᠦᠵᠡᠭᠦᠯᠬᠦ ᠲᠦᠷᠦᠯ ᠵᠦᠢᠯ ᠢ 15 ᠠᠴᠠ ᠳᠡᠭᠡᠭᠰᠢ᠂ ᠠᠳᠠᠯ ᠠᠬᠤᠢ ᠶᠢᠨ ᠬᠠᠮᠢᠶᠠᠷᠤᠯᠲᠠ ᠶᠢᠨ | ᠦᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠲᠦᠷᠦᠯ ᠵᠦᠢᠯ ᠢ 100 ᠠᠴᠠ ᠳᠡᠭᠡᠭᠰᠢ᠂ ᠠᠳᠠᠯ | ᠠᠬᠤᠢ ᠶᠢᠨ ᠬᠠᠮᠢᠶᠠᠷᠤᠯᠲᠠ ᠶᠢᠨ ᠦᠪᠡᠷᠲᠡᠭᠡᠨ ᠵᠠᠰᠠᠬᠤ ᠣᠷᠣᠨ ᠤ ᠰᠢᠯᠢᠳᠡᠭ ᠲᠦᠷᠦᠯ ᠵᠦᠢᠯ ᠢ 200 ᠠᠴᠠ | ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠠᠳᠠᠯ ᠠᠬᠤᠢ ᠶᠢᠨ ᠦᠢᠯᠡᠴᠢᠯᠡᠭᠡᠨ ᠤ ᠵᠢᠭᠤᠷᠠᠯᠳᠤᠭᠠᠨ ᠪᠠ | ᠵᠠᠭᠠᠯᠳᠤᠯᠭ᠎ᠠ ᠶᠢ ᠮᠡᠳᠡᠭᠳᠡᠬᠦ᠋ᠢᠴᠡ ᠪᠠᠭᠠᠰᠬᠠᠵᠤ᠂ ᠠᠳᠠᠯ ᠠᠬᠤᠢ ᠶᠢᠨ ᠦᠢᠯᠡᠴᠢᠯᠡᠭᠡᠨ ᠤ ᠰᠦᠢᠳᠭᠡᠯ ᠬᠤᠷᠢᠶᠠᠨ | ᠠᠪᠬᠤ ᠨᠤᠷᠮ᠎ᠡ ᠶᠢ 2014 ᠣᠨ ᠤ ᠰᠠᠭᠤᠷᠢᠨ ᠳᠡᠭᠡᠷ᠎ᠡ ᠵᠢᠯ ᠪᠦᠷᠢ 3 — 5 ᠵᠠᠭᠤᠨ ᠤ ᠴᠡᠭ ᠢᠶᠠᠷ | ᠳᠡᠭᠡᠭᠰᠢᠯᠡᠭᠦᠯᠵᠦ᠂ ᠠᠳᠠᠯ ᠠᠬᠤᠢ ᠶᠢᠨ ᠦᠢᠯᠡᠴᠢᠯᠡᠭᠡᠨ ᠤ ᠣᠷᠣᠨ ᠤ ᠦᠮᠴᠢᠲᠠᠳ ᠤᠨ ᠶᠡᠷᠦᠩᠬᠡᠢ ᠲᠠᠭᠠᠰᠢᠶᠠᠯ ᠤᠨ | ᠨᠤᠷᠮ᠎ᠠ ᠶᠢ 90% ᠠᠴᠠ ᠳᠡᠭᠡᠭᠰᠢ ᠳᠤ ᠬᠦᠷᠦᠭᠦᠯᠦᠨ᠎ᠡ᠃ | — ᠠᠳᠠᠯ ᠠᠬᠤᠢ ᠶᠢᠨ ᠦᠢᠯᠡᠴᠢᠯᠡᠭᠡᠨ ᠤ ᠤᠶᠤᠨᠴᠢᠯᠠᠬᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ ᠵᠢᠵᠢᠭ ᠲᠣᠭᠤᠷᠢᠭ ᠤᠨ ᠡᠭᠦᠳᠡᠨ ᠤ ᠬᠤᠷᠢᠭ᠎ᠠ ᠰᠢᠰᠲ᠋ᠧᠮ᠂ ᠡᠯᠧᠺᠲᠷᠣᠨ ᠬᠢᠨᠠᠨ ᠡᠵᠡᠮᠰᠢᠬᠦ | ᠰᠢᠰᠲ᠋ᠧᠮ᠂ ᠴᠠᠬᠢᠯᠭᠠᠨ ᠱᠠᠲᠤ ᠶᠢᠨ ᠡᠷᠦᠬᠡ ᠳᠤ ᠬᠦᠷᠭᠡᠭᠡᠬᠦ ᠬᠠᠮᠢᠶᠠᠷᠤᠯᠲᠠ ᠶᠢᠨ ᠰᠢᠰᠲ᠋ᠧᠮ ᠵᠡᠷᠭᠡ ᠰᠢᠨ᠎ᠡ | ᠮᠡᠷᠭᠡᠵᠢᠯ ᠢ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠵᠢᠵᠢᠭ ᠲᠣᠭᠤᠷᠢᠭ ᠲᠤ ᠪᠦᠬᠦ ᠲᠠᠯ᠎ᠠ ᠪᠠᠷ | ᠳᠡᠯᠭᠡᠷᠡᠭᠦᠯᠬᠦ ᠶᠢ ᠪᠡᠶᠡᠯᠡᠭᠦᠯᠵᠦ᠂ ᠣᠳᠣ ᠶᠢᠨ ᠪᠠᠶᠢᠭ᠎ᠠ ᠣᠷᠣᠨ ᠰᠠᠭᠤᠴᠠ ᠶᠢᠨ ᠠᠳᠠᠯ ᠠᠬᠤᠢ ᠶᠢᠨ ᠦᠢᠯᠡᠴᠢᠯᠡᠭᠡᠨ ᠤ | ᠲᠦᠷᠦᠯ ᠵᠦᠢᠯ ᠳᠤ ᠠᠯᠬᠤᠮ ᠠᠯᠬᠤᠮ ᠢᠶᠠᠷ ᠳᠡᠯᠭᠡᠷᠡᠭᠦᠯᠦᠨ᠂ ᠨᠦᠬᠦᠴᠡᠯ ᠲᠠᠢ ᠣᠷᠣᠨ ᠰᠠᠭᠤᠴᠠ ᠶᠢᠨ ᠵᠢᠵᠢᠭ | ᠲᠣᠭᠤᠷᠢᠭ ᠲᠤ ︽ᠪᠦᠬᠦᠨ ᠳᠤ ᠲᠣᠬᠢᠷᠠᠬᠤ ᠺᠠᠷᠲ︾ ᠢ ᠪᠡᠶᠡᠯᠡᠭᠦᠯᠦᠨ᠎ᠡ᠃ 2016 ᠣᠨ ᠤ 6 ᠳ᠋ᠤᠭᠠᠷ ᠰᠠᠷ᠎ᠠ ᠶᠢᠨ | ᠰᠡᠭᠦᠯᠴᠢ ᠪᠣᠯᠲᠠᠯ᠎ᠠ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠳᠤ ᠴᠦᠮ ᠡᠯᠧᠺᠲᠷᠣᠨ ᠳᠠᠩᠰᠠ | ᠪᠠᠶᠢᠭᠤᠯᠬᠤ ᠶᠢ ᠪᠡᠶᠡᠯᠡᠭᠦᠯᠦᠨ᠎ᠡ᠃ | — ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠶᠡᠷᠦᠩᠬᠡᠢ ᠪᠤᠳᠠᠳᠤ ᠬᠦᠴᠦᠨ ᠪᠠ | ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢ ᠢᠯᠡᠳᠲᠡ ᠨᠡᠮᠡᠭᠳᠡᠭᠦᠯᠦᠨ᠎ᠡ᠃ 2017 ᠣᠨ ᠪᠣᠯᠲᠠᠯ᠎ᠠ᠂ ᠠᠳᠠᠯ | ᠠᠬᠤᠢ ᠶᠢᠨ ᠦᠢᠯᠡᠴᠢᠯᠡᠭᠡᠨ ᠤ ᠨᠢᠭᠡᠳᠦᠭᠡᠷ ᠳᠡᠰ ᠤᠨ ᠬᠢᠷᠢ ᠴᠢᠳᠠᠮᠵᠢ ᠲᠠᠢ ᠠᠵᠤ ᠠᠬᠤᠶᠢᠯᠠᠯ ᠢ 10 ᠠᠴᠠ ᠳᠡᠭᠡᠭᠰᠢ᠂ | ᠠᠳᠠᠯ ᠠᠬᠤᠢ ᠶᠢᠨ ᠦᠢᠯᠡᠴᠢᠯᠡᠭᠡᠨ ᠤ ᠬᠤᠶᠠᠳᠤᠭᠠᠷ ᠳᠡᠰ ᠤᠨ ᠬᠢᠷᠢ ᠴᠢᠳᠠᠮᠵᠢ ᠲᠠᠢ ᠠᠵᠤ ᠠᠬᠤᠶᠢᠯᠠᠯ ᠢ | 150 ᠠᠴᠠ ᠳᠡᠭᠡᠭᠰᠢ ᠪᠣᠢ ᠪᠣᠯᠭᠠᠬᠤ ᠪᠠᠷ ᠴᠢᠷᠮᠠᠶᠢᠨ᠎ᠠ᠃ ᠣᠨ ᠤ ᠡᠵᠡᠩᠨᠡᠯᠲᠡ ᠶᠢᠨ ᠣᠷᠣᠯᠭ᠎ᠠ ᠨᠢ 1 ᠳ᠋ᠦᠩᠰᠢᠭᠤᠷ | ᠲᠦᠭᠦᠷᠢᠭ ᠠᠴᠠ ᠳᠡᠭᠡᠭᠰᠢᠬᠢ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ 5᠂ ᠣᠨ ᠤ | ᠡᠵᠡᠩᠨᠡᠯᠳᠡ ᠶᠢᠨ ᠣᠷᠣᠯᠭ᠎ᠠ ᠨᠢ 5000 ᠲᠦᠮᠡᠨ ᠲᠦᠭᠦᠷᠢᠭ ᠠᠴᠠ ᠳᠡᠭᠡᠭᠰᠢᠬᠢ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠶᠢᠯᠠᠯ ᠢ 20᠂ ᠣᠨ ᠤ ᠡᠵᠡᠩᠨᠡᠯᠲᠡ ᠶᠢᠨ ᠣᠷᠣᠯᠭ᠎ᠠ ᠨᠢ 1000 ᠲᠦᠮᠡ ᠠᠴᠠ | ᠳᠡᠭᠡᠭᠰᠢᠬᠢ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ 50 ᠪᠤᠶᠢᠵᠢᠭᠤᠯᠤᠨ᠎ᠠ᠃ ᠠᠳᠠᠯ ᠠᠬᠤᠢ ᠶᠢᠨ | ᠦᠢᠯᠡᠴᠢᠯᠡᠭᠡᠨ ᠤ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠬᠢᠷᠢ ᠴᠢᠳᠠᠮᠵᠢ ᠲᠠᠢ ᠠᠵᠤ ᠠᠬᠤᠶᠢᠯᠠᠯ ᠤᠨ | ᠦᠢᠯᠡᠴᠢᠯᠡᠭᠡᠨ ᠤ ᠲᠦᠷᠦᠯ ᠵᠦᠢᠯ ᠤᠨ ᠶᠡᠷᠦᠩᠬᠡᠢ ᠲᠠᠯᠠᠪᠠᠢ ᠨᠢ ᠠᠳᠠᠯ ᠠᠬᠤᠢ ᠶᠢᠨ ᠲᠦᠷᠦᠯ ᠵᠦᠢᠯ ᠤᠨ ᠶᠡᠷᠦᠩᠬᠡᠢ | ᠲᠠᠯᠠᠪᠠᠢ ᠶᠢᠨ 40% ᠠᠴᠠ ᠳᠡᠭᠡᠭᠰᠢ ᠶᠢ ᠡᠵᠡᠯᠡᠬᠦᠯᠵᠦ᠂ ᠣᠨ ᠤ ᠡᠵᠡᠩᠨᠡᠯᠲᠡ ᠶᠢᠨ ᠣᠷᠣᠯᠭ᠎ᠠ ᠨᠢ ᠠᠵᠢᠯ | ᠲᠦᠷᠦᠯ ᠤᠨ ᠶᠡᠷᠦᠩᠬᠡᠢ ᠬᠡᠮᠵᠢᠶ᠎ᠡ ᠶᠢᠨ 50% ᠠᠴᠠ ᠳᠡᠭᠡᠭᠰᠢ ᠶᠢ ᠡᠵᠡᠯᠡᠭᠦᠯᠦᠨ᠎ᠡ᠃ | ᠬᠤᠶᠠᠷ᠂ ᠠᠳᠠᠯ ᠠᠬᠤᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠢᠳᠡᠪᠬᠢᠲᠡᠢ ᠪᠠᠷ ᠪᠤᠶᠢᠵᠢᠭᠤᠯᠤᠨ | ᠵᠢᠷᠤᠮᠵᠢᠭᠤᠯᠣᠨ᠎ᠠ | ︵ᠭᠤᠷᠪᠠ︶ ᠠᠳᠠᠯ ᠠᠬᠤᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠴᠢᠯᠦᠭᠡᠲᠡᠢ ᠪᠦᠭᠡᠳ ᠠᠮᠢᠳᠤᠯᠢᠭ | ᠪᠣᠯᠭᠠᠨ᠎ᠠ᠃ ᠣᠷᠣᠨ ᠰᠠᠭᠤᠴᠠ ᠶᠢ ᠠᠳᠠᠯ ᠠᠬᠤᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠭᠤᠣᠯ ᠠᠭᠤᠯᠭ᠎ᠠ | ᠪᠣᠯᠭᠠᠨ ᠭᠤᠣᠯᠳᠠᠯᠭ᠎ᠠ ᠲᠠᠢ ᠵᠢᠷᠤᠮᠵᠢᠭᠤᠯᠤᠨ ᠬᠥᠭᠵᠢᠭᠦᠯᠵᠦ᠂ ᠠᠵᠤ ᠦᠢᠯᠡᠳᠪᠦᠷᠢ᠂ ᠡᠮᠨᠡᠯᠭᠡ ᠶᠢᠨ ᠬᠤᠷᠢᠶ᠎ᠠ᠂ | ᠰᠤᠷᠭᠠᠭᠤᠯᠢ᠂ ᠬᠤᠳᠠᠯᠳᠤᠭᠠᠨ ᠤ ᠲᠠᠯᠠᠪᠤᠷ᠂ ᠵᠣᠴᠢᠳ ᠤᠨ ᠪᠠᠭᠤᠳᠠᠯ᠂ ᠠᠯᠪᠠᠨ ᠠᠰᠠᠷ ᠵᠡᠷᠭᠡ ᠣᠷᠣᠨ | ᠰᠠᠭᠤᠴᠠ ᠶᠢᠨ ᠪᠤᠰᠤ ᠭᠠᠵᠠᠷ ᠢ ᠠᠳᠠᠯ ᠠᠬᠤᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠲᠤ ᠣᠷᠤᠭᠤᠯᠤᠨ | ᠪᠤᠶᠢᠵᠢᠭᠤᠯᠵᠤ᠂ ᠣᠷᠣᠨ ᠰᠠᠭᠤᠴᠠ ᠪᠠ ᠣᠷᠣᠨ ᠰᠠᠭᠤᠴᠠ ᠶᠢᠨ ᠪᠤᠰᠤ ᠭᠠᠵᠠᠷ ᠵᠡᠷᠭᠡᠴᠡᠨ ᠣᠷᠤᠰᠢᠭᠰᠠᠨ ᠠᠳᠠᠯ | ᠠᠬᠤᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠵᠤ᠂ | ᠦᠮᠴᠢᠲᠠᠳ᠂ ᠬᠡᠷᠡᠭᠯᠡᠭᠴᠢᠳ ᠲᠤ ᠲᠤᠰᠬᠠᠶᠢᠵᠢᠭᠰᠠᠨ ᠠᠳᠠᠯ ᠠᠬᠤᠢ ᠶᠢᠨ ᠦᠢᠯᠡᠴᠢᠯᠡᠭᠡ ᠬᠠᠩᠭᠠᠨ᠎ᠠ᠃ | ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠡᠷᠡᠭᠯᠡᠬᠦ ᠭᠡᠷ | ᠪᠠᠶᠢᠰᠢᠩ ᠢ ᠦᠪᠡᠷᠲᠡᠭᠡᠨ ᠦᠢᠯᠡᠴᠢᠯᠡᠬᠦ ᠬᠠᠮᠢᠶᠠᠷᠤᠯᠲᠠ ᠶᠢᠨ ᠵᠠᠭᠪᠤᠷ ᠠᠴᠠ ᠲᠤᠰᠬᠠᠢ ᠠᠳᠠᠯ ᠠᠬᠤᠢ ᠶᠢᠨ | ᠦᠢᠯᠡᠴᠢᠯᠡᠭᠡᠨ ᠲᠡᠰᠢ ᠬᠤᠪᠢᠷᠠᠭᠤᠯᠵᠤ᠂ ᠠᠷᠤ ᠲᠠᠯ᠎ᠠ ᠶᠢᠨ ᠠᠵᠢᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ | ᠨᠡᠶᠢᠭᠡᠮᠵᠢᠯᠲᠡ᠂ ᠵᠠᠬ᠎ᠠ ᠳᠡᠯᠭᠡᠭᠦᠷᠵᠢᠯᠲᠡ ᠶᠢ ᠪᠡᠶᠡᠯᠡᠭᠦᠯᠦᠨ᠎ᠡ᠃ | ︵ᠳᠥᠷᠪᠡ︶ ᠠᠳᠠᠯ ᠠᠬᠤᠢ ᠶᠢᠨ ᠦᠢᠯᠡᠴᠢᠯᠡᠭᠡᠨ ᠤ ᠲᠤᠰᠬᠠᠶᠢᠵᠢᠭᠰᠠᠨ ᠬᠥᠭᠵᠢᠯᠲᠡ ᠶᠢ ᠢᠳᠡᠪᠬᠢᠲᠡᠢ | ᠲᠦᠯᠬᠢᠨ ᠠᠬᠢᠭᠤᠯᠤᠨ᠎ᠠ᠃ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠦᠢᠯᠡᠴᠢᠯᠡᠬᠦ ᠶᠡᠷᠦᠩᠬᠡᠢ | ᠴᠢᠳᠠᠪᠤᠷᠢ ᠪᠣᠯᠣᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠪᠠᠷᠢᠮᠲᠠᠯᠠᠭᠰᠠᠨ ᠰᠠᠭᠤᠷᠢᠨ ᠳᠡᠭᠡᠷ᠎ᠡ᠂ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠶᠢᠯᠠᠯ ᠤᠨ ᠠᠷᠢᠭᠤᠨ ᠴᠡᠪᠡᠷ ᠪᠠᠶᠢᠯᠭᠠᠬᠤ᠂ ᠡᠮᠬᠢ ᠵᠢᠷᠤᠮ ᠢ ᠬᠠᠮᠠᠭᠠᠯᠠᠬᠤ᠂ ᠮᠦᠰᠦ | ᠴᠠᠰᠤ ᠶᠢ ᠠᠷᠢᠯᠭᠠᠬᠤ᠂ ᠨᠣᠭᠤᠭᠠᠷᠠᠭᠤᠯᠬᠤ ᠭᠤᠶᠤᠯᠠᠬᠤ ᠭᠡᠷᠡᠯᠲᠦᠭᠦᠯᠬᠦ᠂ ᠬᠤᠶᠠᠳᠡᠬᠢ ᠤᠳᠠᠭ᠎ᠠ ᠤᠰᠤ ᠬᠠᠩᠭᠠᠬᠤ᠂ | ᠣᠯᠠᠨ ᠨᠡᠶᠢᠲᠡ ᠶᠢᠨ ᠪᠡᠯᠡᠳᠭᠡᠮᠵᠢ ᠶᠢ ᠰᠡᠯᠪᠢᠨ ᠵᠠᠰᠠᠬᠤ ᠵᠡᠷᠭᠡ ᠦᠢᠯᠡᠴᠢᠯᠡᠭᠡᠨ ᠤ ᠵᠦᠢᠯᠡᠰ ᠢ ᠲᠤᠰᠬᠠᠶᠢᠵᠢᠭᠰᠠᠨ | ᠺᠤᠮᠫᠠᠨᠢ ᠳᠤ ᠨᠠᠶᠢᠳᠠᠨ ᠬᠠᠮᠢᠶᠠᠷᠤᠭᠤᠯᠵᠤ᠂ ᠲᠤᠰᠬᠠᠶᠢᠵᠢᠭᠰᠠᠨ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ︵ᠲᠠᠪᠤ︶ ᠠᠳᠠᠯ ᠠᠬᠤᠢ ᠶᠢᠨ ᠬᠠᠮᠢᠶᠠᠷᠤᠯᠲᠠ ᠶᠢᠨ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ | ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠡᠯ᠎ᠡ ᠭᠠᠵᠠᠷ ᠣᠷᠣᠨ ᠨᠤᠭᠤᠳ ᠠᠳᠠᠯ ᠠᠬᠤᠢ ᠶᠢᠨ | ᠬᠠᠮᠢᠶᠠᠷᠤᠯᠲᠠ ᠶᠢᠨ ᠲᠦᠷᠦᠯ ᠵᠦᠢᠯ ᠤᠨ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ ᠳᠦᠷᠢᠮ ᠪᠠ | ᠬᠠᠮᠢᠶ᠎ᠠ ᠪᠦᠬᠦᠢ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠬᠦ ᠶᠢᠨ | ᠬᠠᠮᠲᠤ᠂ ᠠᠵᠤ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠦᠴᠢᠷ ᠤᠨ ᠵᠠᠷᠯᠠᠭᠰᠠᠨ ᠠᠵᠤ ᠠᠬᠤᠶᠢᠯᠠᠯ ᠤᠨ | ᠡᠵᠡᠩᠨᠡᠯᠲᠡ ᠶᠡᠷᠦ ᠪᠤᠰᠤ ᠪᠠᠶᠢᠬᠤ ᠭᠠᠷᠴᠠᠭ᠂ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠬᠡᠷᠡᠭ ᠵᠡᠷᠭᠡ ᠮᠡᠳᠡᠭᠡ | ᠵᠠᠩᠭᠢ ᠪᠠᠷ ᠯᠠᠪᠯᠠᠯᠲᠠ ᠪᠤᠯᠭᠠᠵᠤ᠂ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ ᠠᠵᠢᠯ ᠢ ᠵᠣᠬᠢᠶᠠᠨ | ᠪᠠᠶᠢᠭᠤᠯᠤᠨ ᠦᠷᠨᠢᠭᠦᠯᠵᠦ᠂ ᠨᠦᠬᠦᠴᠡᠯ ᠲᠠᠢ ᠭᠠᠵᠠᠷ ᠣᠷᠣᠨ ᠨᠤᠭᠤᠳ ᠠᠳᠠᠯ ᠠᠬᠤᠢ ᠶᠢᠨ ᠲᠦᠷᠦᠯ ᠵᠦᠢᠯ ᠤᠨ | ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ ᠡᠷᠲᠡᠮᠲᠡᠳ ᠤᠨ ᠳ᠋ᠶᠢᠲ᠋ᠠᠨ ᠬᠦᠮᠦᠷᠭᠡ ᠶᠢ ᠪᠠᠶᠢᠭᠤᠯᠤᠨ᠂ | ᠢᠨᠵᠧᠨᠧᠷᠢᠩ ᠤᠨ ᠰᠤᠯᠢᠯᠴᠠᠭᠠᠨ ᠤ ᠲᠡᠪᠴᠡᠩ ᠢ ᠭᠦᠢᠴᠡᠳ ᠠᠰᠢᠭᠯᠠᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ | ᠡᠮᠬᠢ ᠵᠢᠷᠤᠮ ᠲᠠᠢ ᠦᠷᠢᠰᠦᠯᠳᠦᠬᠦ ᠵᠠᠬ᠎ᠠ ᠳᠡᠯᠭᠡᠭᠦᠷ ᠢ ᠲᠦᠷᠭᠡᠳᠭᠡᠨ ᠪᠠᠶᠢᠭᠤᠯᠵᠤ᠂ ᠠᠳᠠᠯ ᠠᠬᠤᠢ ᠶᠢᠨ | ᠬᠠᠮᠢᠶᠠᠷᠤᠯᠲᠠ ᠶᠢᠨ ᠵᠠᠬ᠎ᠠ ᠳᠡᠯᠭᠡᠭᠦᠷᠴᠢᠯᠡᠬᠦ ᠪᠠ ᠨᠡᠶᠢᠭᠡᠮᠴᠢᠯᠡᠬᠦ ᠠᠬᠢᠴᠠ ᠶᠢ ᠲᠦᠯᠬᠢᠨ ᠠᠬᠢᠭᠤᠯᠬᠤ ᠬᠡᠷᠡᠭᠲᠡᠢ᠃ | ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠵᠢᠵᠢᠭ ᠲᠣᠭᠤᠷᠢᠭ᠂ ᠪᠠᠷᠢᠯᠭ᠎ᠠ ᠶᠢᠨ ᠲᠠᠯᠠᠪᠠᠢ ᠨᠢ 2 ᠲᠦᠮᠡᠨ | ᠲᠡᠭᠰᠢ ᠳᠦᠷᠪᠡᠯᠵᠢᠨ ᠮᠧᠲᠷ ᠠᠴᠠ ᠳᠡᠭᠡᠭᠰᠢᠬᠢ ᠠᠯᠪᠠᠨ ᠠᠰᠠᠷ ᠲᠤ ᠵᠠᠷᠴᠢᠮ ᠳᠡᠭᠡᠷ᠎ᠡ ᠪᠠᠨ ᠲᠣᠬᠠᠢ ᠶᠢᠨ ᠭᠠᠵᠠᠷ | ᠣᠷᠣᠨ ᠤ ᠭᠡᠷ ᠪᠠᠶᠢᠰᠢᠩ ᠭᠠᠵᠠᠷ ᠬᠦᠷᠦᠩᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠵᠣᠬᠢᠶᠠᠨ | ᠪᠠᠶᠢᠭᠤᠯᠤᠯᠲᠠ ᠳᠣᠣᠷ᠎ᠠ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠳᠠᠭᠠᠭᠠᠴᠢᠯᠠᠯᠲᠠ ᠵᠠᠷᠯᠠᠨ | ᠳᠠᠭᠠᠭᠠᠴᠢᠯᠠᠯᠲᠠ ᠬᠦᠯᠢᠶᠡᠬᠦ ᠠᠷᠭ᠎ᠠ ᠮᠠᠶ᠋ᠢᠭ ᠢᠶᠠᠷ ᠳᠠᠮᠵᠢᠵᠤ ᠰᠤᠩᠭᠤᠬᠤ ᠶᠢᠨ ᠬᠠᠮᠲᠤ᠂ ᠢᠲᠡᠭᠡᠮᠵᠢ ᠶᠢᠨ | ᠪᠠᠲᠤᠯᠠᠭᠠᠲᠤ ᠮᠦᠩᠭᠦ ᠶᠢᠨ ᠳᠦᠷᠢᠮ ᠢ ᠬᠡᠷᠡᠭᠵᠢᠭᠦᠯᠬᠦ ᠬᠡᠷᠡᠭᠲᠡᠢ᠃ ᠨᠡᠭᠡᠭᠡᠨ ᠬᠥᠭᠵᠢᠭᠦᠯᠵᠦ ᠪᠦᠲᠦᠭᠡᠨ | ᠪᠠᠶᠢᠭᠤᠯᠤᠭᠰᠠᠨ ᠨᠢᠭᠡᠴᠡ ᠴᠦ ᠦᠮᠴᠢᠯᠡᠬᠦ ᠡᠷᠬᠡ ᠲᠠᠢ ᠨᠢᠭᠡᠴᠡ ᠴᠦᠮ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠢ ᠵᠢᠭᠠᠨ ᠲᠣᠭᠲᠠᠭᠠᠵᠤ ᠪᠣᠯᠬᠤ ᠦᠭᠡᠢ᠂ ᠨᠢᠭᠡᠨᠲᠡ ᠲᠣᠭᠲᠠᠭᠠᠭᠰᠠᠨ ᠪᠣᠯ ᠵᠠᠯᠠᠷᠠᠭᠤᠯᠬᠤ ᠶᠢᠨ ᠬᠠᠮᠲᠤ᠂ | ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠳᠠᠬᠢᠨᠲᠠ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ | ᠬᠦᠯᠢᠶᠡᠬᠦ ᠠᠷᠭ᠎ᠠ ᠮᠠᠶ᠋ᠢᠭ ᠢᠶᠠᠷ ᠳᠠᠮᠵᠢᠵᠤ ᠲᠣᠭᠲᠠᠭᠠᠬᠤ ᠬᠡᠷᠡᠭᠲᠡᠢ᠃ ᠨᠦᠬᠦᠴᠡᠯ ᠲᠠᠢ ᠠᠵᠤ ᠦᠢᠯᠡᠳᠪᠦᠷᠢ᠂ | ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠬᠤᠳᠠᠯᠳᠤᠭᠠᠨ ᠤ ᠲᠠᠯᠠᠪᠤᠷ ᠵᠡᠷᠭᠡ ᠶᠢ ᠬᠦᠲᠦᠯᠦᠨ ᠵᠢᠯᠤᠭᠤᠳᠬᠤ ᠪᠠ | ᠵᠢᠷᠤᠮᠵᠢᠭᠤᠯᠵᠤ ᠪᠠᠶᠢᠭᠠᠳ ᠢᠯᠡ ᠪᠠᠷ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ ᠠᠷᠭ᠎ᠠ ᠮᠠᠶ᠋ᠢᠭ ᠢ | ᠠᠪᠴᠤ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠰᠤᠩᠭᠤᠵᠤ ᠲᠤᠰᠬᠠᠢ ᠠᠳᠠᠯ ᠠᠬᠤᠢ ᠶᠢᠨ | ᠦᠢᠯᠡᠴᠢᠯᠡᠭᠡ ᠬᠢᠯᠭᠡᠨ᠎ᠡ᠃ | ︵ᠵᠢᠷᠭᠤᠭ᠎ᠠ︶ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠬᠠᠮᠢᠶᠠᠷᠤᠯᠲᠠ ᠪᠠ ᠠᠳᠠᠯ ᠠᠬᠤᠢ ᠶᠢᠨ | ᠲᠦᠷᠦᠯ ᠵᠦᠢᠯ ᠢ ᠵᠠᠯᠭᠠᠭᠤᠯᠵᠦ ᠰᠢᠯᠭᠠᠨ ᠠᠪᠬᠤ ᠠᠵᠢᠯ ᠢ ᠪᠦᠬᠦ ᠲᠠᠯ᠎ᠠ ᠪᠠᠷ ᠵᠢᠷᠤᠮᠵᠢᠭᠤᠯᠤᠨ᠎ᠠ᠃ ᠭᠡᠷ ᠪᠠᠶᠢᠰᠢᠩ | ᠭᠠᠵᠠᠷ ᠬᠦᠷᠦᠩᠭᠡ ᠶᠢ ᠨᠡᠭᠡᠭᠡᠨ ᠬᠥᠭᠵᠢᠭᠦᠯᠬᠦ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ | ᠬᠠᠮᠢᠶᠠᠷᠤᠯᠲᠠ ᠶᠢᠨ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ ᠠᠵᠢᠯ ᠢ ᠲᠠᠸᠠᠷ ᠤᠨ ᠪᠠᠶᠢᠰᠢᠩ ᠢ | ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠢ ᠭᠦᠢᠴᠡᠳᠭᠡᠬᠦ ᠠᠴᠠ ᠡᠮᠦᠨ᠎ᠡ ᠪᠡᠶᠡᠯᠡᠭᠦᠯᠬᠦ ᠬᠡᠷᠡᠭᠲᠡᠢ᠂ | ᠳᠠᠭᠠᠭᠠᠴᠢᠯᠠᠯᠲᠠ ᠣᠯᠣᠭᠰᠠᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠤᠷᠢᠳᠴᠢᠯᠡᠨ | ᠣᠷᠤᠯᠴᠠᠵᠤ᠂ ᠪᠠᠷᠢᠯᠭ᠎ᠠ ᠶᠢ ᠪᠦᠲᠦᠭᠡᠨ ᠪᠠᠶᠢᠭᠤᠯᠬᠤ ᠪᠠ ᠶᠡᠷᠦᠩᠬᠡᠶᠢᠯᠡᠨ ᠰᠢᠯᠭᠠᠨ ᠠᠪᠬᠤ ᠳᠤ ᠣᠷᠤᠯᠴᠠᠬᠤ | ᠬᠡᠷᠡᠭᠲᠡᠢ᠃ ᠤᠷᠢᠳᠴᠢᠯᠠᠨ ᠬᠤᠳᠠᠯᠳᠤᠬᠤ ᠦᠭᠡᠢ᠂ ᠵᠦᠪᠬᠡᠨ ᠣᠳᠣ ᠪᠠᠷ ᠬᠤᠳᠠᠯᠳᠤᠬᠤ ᠭᠡᠷ ᠪᠠᠶᠢᠰᠢᠩ ᠭᠠᠵᠠᠷ | ᠬᠦᠷᠦᠩᠭᠡ ᠶᠢᠨ ᠨᠡᠭᠡᠭᠡᠨ ᠬᠥᠭᠵᠢᠭᠦᠯᠬᠦ ᠲᠦᠷᠦᠯ ᠵᠦᠢᠯ ᠨᠢ᠂ ᠣᠳᠣ ᠪᠠᠷ ᠬᠤᠳᠠᠯᠳᠤᠬᠤ ᠠᠴᠠ 30 ᠡᠳᠦᠷ ᠤᠨ | ᠡᠮᠦᠨ᠎ᠡ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠳᠠᠭᠠᠭᠠᠴᠢᠯᠠᠯᠲᠠ ᠵᠠᠷᠯᠠᠨ | ᠳᠠᠭᠠᠭᠠᠴᠢᠯᠠᠯᠲᠠ ᠬᠦᠯᠢᠶᠡᠬᠦ ᠠᠵᠢᠯ ᠢ ᠪᠡᠶᠡᠯᠡᠭᠦᠯᠬᠦ ᠬᠡᠷᠡᠭᠲᠡᠢ᠃ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠭᠰᠠᠨ | ᠨᠢᠭᠡᠴᠡ ᠨᠦᠭᠦᠳ ᠭᠡᠷ ᠪᠠᠶᠢᠰᠢᠩ ᠪᠤᠷᠤᠯᠠᠭᠤᠯᠬᠤ ᠳᠠᠭᠠᠨ᠂ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ | ᠦᠢᠯᠡᠴᠢᠯᠡᠭᠡᠨ ᠤ ᠭᠡᠷ᠎ᠡ ᠳᠤ ᠪᠣᠯᠵᠣᠭᠰᠠᠨ ᠦᠭᠡᠢ ᠠᠳᠠᠯ ᠠᠬᠤᠢ ᠶᠢᠨ ᠬᠠᠮᠢᠶᠠᠷᠤᠯᠲᠠ ᠶᠢᠨ ᠵᠦᠢᠯᠡᠰ ᠢ ᠬᠤᠳᠠᠯᠳᠤᠨ | ᠠᠪᠤᠭᠴᠢ ᠳᠤ ᠳᠤᠷ᠎ᠠ ᠪᠠᠷ ᠠᠮᠠᠯᠳᠠᠵᠤ ᠪᠣᠯᠬᠤ ᠦᠭᠡᠢ᠃ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠭᠰᠠᠨ | ᠨᠢᠭᠡᠴᠡ ᠨᠦᠭᠦᠳ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ ᠬᠤᠯᠪᠣᠭᠳᠠᠯ ᠪᠦᠬᠦᠢ ᠲᠣᠭᠲᠠᠭᠠᠯ | ᠶᠤᠰᠤᠭᠠᠷ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠯᠤᠭ᠎ᠠ ᠠᠳᠠᠯ ᠠᠬᠤᠢ ᠶᠢ ᠵᠠᠯᠭᠠᠭᠤᠯᠵᠦ ᠰᠢᠯᠭᠠᠨ | ᠠᠪᠬᠤ ᠭᠠᠷᠳᠠᠮ ᠢ ᠭᠦᠢᠴᠡᠳᠭᠡᠨ᠂ ᠲᠦᠷᠦᠯ ᠵᠦᠢᠯ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠭᠰᠠᠨ ᠵᠢᠷᠤᠭ᠂ | ᠮᠠᠲ᠋ᠧᠷᠢᠶᠠᠯ ᠵᠡᠷᠭᠡ ᠶᠢ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠳᠤ ᠰᠢᠯᠵᠢᠭᠦᠯᠦᠨ ᠲᠤᠰᠢᠶᠠᠬᠤ | ᠬᠡᠷᠡᠭᠲᠡᠢ᠃ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠠᠳᠠᠯ ᠠᠬᠤᠢ ᠶᠢ ᠵᠠᠯᠭᠠᠭᠤᠯᠵᠦ | ᠠᠪᠬᠤ ᠳᠠᠭᠠᠨ᠂ ᠠᠳᠠᠯ ᠠᠬᠤᠢ ᠶᠢᠨ ᠨᠡᠶᠢᠲᠡ ᠪᠠᠷ ᠬᠡᠷᠡᠭᠯᠡᠬᠦ ᠬᠡᠰᠡᠭ᠂ ᠨᠡᠶᠢᠲᠡ ᠶᠢᠨ ᠬᠡᠷᠡᠭᠯᠡᠬᠦ ᠪᠡᠯᠡᠳᠭᠡᠮᠵᠢ ᠵᠡᠷᠭᠡ | ᠬᠤᠯᠪᠣᠭᠳᠠᠯ ᠪᠦᠬᠦᠢ ᠵᠦᠢᠯᠡᠰ ᠢ ᠪᠠᠶᠢᠴᠠᠭᠠᠨ ᠰᠢᠯᠭᠠᠵᠤ ᠲᠡᠮᠲᠡᠭᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ | ︵ᠳᠤᠯᠤᠭ᠎ᠠ︶ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢ ᠲᠤᠰᠢᠶᠠᠵᠤ ᠬᠡᠷᠡᠭᠯᠡᠭᠦᠯᠬᠦ | ᠪᠠ ᠬᠠᠮᠢᠶᠠᠷᠬᠤ ᠶᠢ ᠬᠦᠴᠦᠯᠡᠨ ᠴᠢᠩᠭᠠᠳᠬᠠᠨ᠎ᠠ᠃ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ | ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠢ ᠲᠤᠰᠢᠶᠠᠵᠤ ᠬᠡᠷᠡᠭᠯᠡᠭᠦᠯᠬᠦ | ᠪᠠᠷᠢᠮᠵᠢᠶ᠎ᠠ︾ ︵ᠦᠪᠦᠷ ᠪᠠᠶᠢᠭᠤᠯᠤᠯᠲᠠ ᠪᠠᠶᠢᠰᠢᠩ ﹇2013﹈ 475 ᠳ᠋ᠤᠭᠠᠷ ᠲᠣᠭᠠᠲᠤ︶ ᠶᠢ ᠴᠢᠩᠭ᠎ᠠ | ᠬᠡᠷᠡᠭᠵᠢᠭᠦᠯᠵᠦ᠂ ᠭᠡᠷ ᠪᠠᠶᠢᠰᠢᠩ ᠭᠠᠵᠠᠷ ᠬᠦᠷᠦᠩᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠭᠡᠷ | ᠪᠠᠶᠢᠰᠢᠩ ᠭᠠᠵᠠᠷ ᠬᠦᠷᠦᠩᠭᠡ ᠶᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠭᠰᠠᠨ ᠨᠢᠭᠡᠴᠡ ᠪᠣᠯᠣᠨ ᠤᠰᠤ᠂ | ᠴᠠᠬᠢᠯᠭᠠᠨ᠂ ᠰᠢᠲᠠᠮᠠᠬᠠᠢ ᠬᠡᠢ᠂ ᠢᠯᠴᠢ ᠬᠠᠩᠭᠠᠬᠤ᠂ ᠤᠲᠠᠰᠤᠲᠤ ᠲᠧᠯᠸᠢᠰ᠂ ᠴᠢᠮᠡᠭᠡ ᠬᠤᠯᠪᠣᠭ᠎ᠠ᠂ ᠰᠢᠦᠳᠠᠨ ᠵᠢᠴᠢ | ᠵᠠᠮ ᠤᠨ ᠳ᠋ᠧᠩ᠂ ᠵᠠᠮ᠂ ᠨᠣᠭᠤᠭᠠᠷᠠᠭᠤᠯᠤᠯᠲᠠ᠂ ᠤᠰᠤ ᠭᠠᠳᠠᠭᠰᠢᠯᠠᠭᠤᠯᠬᠤ᠂ ᠠᠶᠤᠯ ᠢ ᠰᠡᠷᠭᠡᠶᠢᠯᠡᠬᠦ ᠮᠡᠷᠭᠡᠵᠢᠯ | ᠵᠡᠷᠭᠡ ᠶᠢᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠡ ᠶᠢ ᠵᠣᠬᠢᠶᠠᠨ ᠪᠠᠶᠢᠭᠤᠯᠤᠨ᠂ ᠣᠷᠣᠨ ᠰᠠᠭᠤᠴᠠ ᠶᠢᠨ ᠵᠢᠵᠢᠭ | ᠲᠣᠭᠤᠷᠢᠭ ᠤᠨ ᠬᠠᠮᠢᠶ᠎ᠠ ᠪᠦᠬᠦᠢ ᠨᠡᠶᠢᠲᠡ ᠶᠢᠨ ᠪᠡᠯᠡᠳᠭᠡᠮᠵᠢ ᠶᠢ ᠰᠢᠯᠵᠢᠭᠦᠯᠦᠨ ᠲᠤᠰᠢᠶᠠᠬᠤ ᠶᠢ ᠰᠠᠶᠢᠲᠤᠷ ᠬᠢᠬᠦ ᠶᠢᠨ | ᠬᠠᠮᠲᠤ᠂ ᠰᠢᠯᠵᠢᠭᠦᠯᠦᠨ ᠲᠤᠰᠢᠶᠠᠭᠰᠠᠨ ᠤ ᠳᠠᠷᠠᠭᠠᠬᠢ ᠰᠡᠯᠪᠢᠨ ᠵᠠᠰᠠᠵᠤ ᠬᠠᠮᠢᠶᠠᠷᠬᠤ ᠬᠠᠷᠢᠭᠤᠴᠠᠯᠭ᠎ᠠ ᠶᠢ | ᠲᠤᠳᠤᠷᠬᠠᠶᠢᠯᠠᠬᠤ ᠬᠡᠷᠡᠭᠲᠡᠢ᠃ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠴᠠᠬᠢᠯᠭᠠᠨ | ᠱᠠᠲᠤ ᠶᠢ ᠤᠭᠰᠠᠷᠠᠵᠤ᠂ ᠬᠡᠷᠡᠭᠯᠡᠬᠦ ᠳᠤ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠴᠠᠬᠢᠯᠭᠠᠨ | ᠱᠠᠲᠤ ᠶᠢᠨ ᠠᠮᠦᠷ ᠲᠥᠪᠰᠢᠨ ᠤ ᠬᠠᠮᠢᠶᠠᠷᠤᠯᠲᠠ ᠶᠢᠨ ᠠᠷᠭ᠎ᠠ︾ ︵ᠦᠪᠦᠷ ᠮᠣᠩᠭᠤᠯ ᠤᠨ ᠦᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠤᠨ ᠤ ᠵᠠᠷᠯᠢᠭ 231 ᠳ᠋ᠤᠭᠡᠷ ᠲᠣᠭᠠᠲᠤ︶ ᠶᠢ ᠴᠢᠩᠭ᠎ᠠ ᠬᠡᠷᠡᠭᠵᠢᠭᠦᠯᠬᠦ | ᠬᠡᠷᠡᠭᠲᠡᠢ᠃ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠴᠠᠬᠢᠯᠭᠠᠨ ᠱᠠᠲᠤ ᠶᠢ ᠵᠠᠰᠠᠵᠤ | ᠠᠷᠠᠴᠢᠯᠠᠬᠤ ᠬᠢᠷᠢ ᠴᠢᠳᠠᠮᠵᠢ ᠲᠠᠢ ᠨᠢᠭᠡᠴᠡ ᠶᠢ ᠬᠠᠤᠯᠢ ᠶᠤᠰᠤᠭᠠᠷ ᠰᠤᠩᠭᠤᠨ ᠲᠡᠭᠦᠨ ᠯᠦᠭᠡ ᠵᠠᠰᠠᠵᠤ ᠠᠷᠠᠴᠢᠯᠠᠬᠤ | ᠭᠡᠷ᠎ᠡ ᠲᠣᠭᠲᠠᠵᠤ᠂ ᠭᠡᠷ᠎ᠡ ᠳᠤ ᠪᠣᠯᠵᠣᠭᠰᠠᠨ ᠶᠤᠰᠣᠭᠠᠷ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠴᠠᠬᠢᠯᠭᠠᠨ | ᠱᠠᠲᠤ ᠶᠢ ᠵᠠᠰᠠᠵᠤ ᠠᠷᠠᠴᠢᠯᠠᠨ ᠬᠠᠮᠠᠭᠠᠯᠠᠬᠤ ᠬᠡᠷᠡᠭᠲᠡᠢ᠃ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠤᠳ ᠬᠠᠮᠢᠶ᠎ᠠ ᠪᠦᠬᠦᠢ ᠳᠦᠷᠢᠮ ᠢ ᠲᠡᠭᠦᠯᠳᠡᠷᠵᠢᠭᠦᠯᠵᠦ᠂ ᠴᠠᠬᠢᠯᠭᠠᠨ ᠱᠠᠲᠤ ᠶᠢᠨ ᠡᠳᠦᠷ ᠲᠤᠳᠤᠮ ᠤᠨ | ᠠᠵᠢᠯᠯᠠᠭᠠᠨ ᠤ ᠬᠠᠮᠢᠶᠠᠷᠤᠯᠲᠠ ᠶᠢ ᠦᠨᠡᠨᠬᠦ ᠰᠠᠶᠢᠲᠤᠷ ᠬᠢᠵᠦ᠂ ᠴᠠᠬᠢᠯᠭᠠᠨ ᠱᠠᠲᠤ ᠶᠢᠨ ᠠᠮᠤᠷ ᠲᠦᠪᠰᠢᠨ ᠢᠶᠠᠷ | ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠵᠢᠵᠢᠭ | ᠲᠣᠭᠤᠷᠢᠭ ᠤᠨ ᠡᠯᠧᠺᠲᠷᠣᠨ ᠳᠠᠩᠰᠠ ᠡᠪᠬᠡᠮᠡᠯ ᠢ ᠪᠦᠬᠦ ᠲᠠᠯ᠎ᠠ ᠪᠠᠷ ᠪᠠᠶᠢᠭᠤᠯᠵᠤ᠂ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠶᠢᠯᠠᠯ ᠨᠢ ᠦᠪᠡᠷ ᠤᠨ ᠬᠠᠮᠢᠶᠠᠷᠬᠤ ᠣᠷᠣᠨ ᠰᠠᠭᠤᠴᠠ ᠶᠢᠨ ᠵᠢᠵᠢᠭ ᠲᠣᠭᠤᠷᠢᠭ ᠤᠨ | ᠬᠠᠮᠢᠶ᠎ᠠ ᠪᠦᠬᠦᠢ ᠵᠢᠷᠤᠭ᠂ ᠮᠠᠲ᠋ᠧᠷᠢᠶᠠᠯ ᠵᠡᠷᠭᠡ ᠳᠤ ᠨᠢᠭᠡᠲᠦᠯᠲᠡᠢ ᠳᠠᠩᠰᠠ ᠡᠪᠬᠡᠮᠡᠯ ᠪᠠᠶᠢᠭᠤᠯᠬᠤ ᠶᠢᠨ ᠬᠠᠮᠲᠤ᠂ | ᠡᠯᠧᠺᠲᠷᠣᠨ ᠮᠡᠳᠡᠭᠡ ᠵᠠᠩᠭᠢ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ︵ᠨᠠᠢᠮᠠ︶ ᠦᠮᠴᠢᠲᠡᠨ ᠤ ᠵᠦᠪᠯᠡᠯ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ᠦᠮᠴᠢᠲᠡᠨ ᠤ ᠵᠦᠪᠯᠡᠯ ᠢ ᠪᠠᠶᠢᠭᠤᠯᠬᠤ ᠠᠵᠢᠯ ᠢ ᠲᠦᠷᠭᠡᠳᠭᠡᠨ ᠠᠬᠢᠭᠤᠯᠤᠨ᠎ᠠ᠃ ︽ᠦᠪᠦᠷ ᠮᠣᠩᠭᠤᠯ ᠤᠨ | ᠦᠪᠡᠷᠲᠡᠭᠡᠨ ᠵᠠᠰᠠᠬᠤ ᠣᠷᠣᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠲᠣᠭᠲᠠᠭᠠᠯ︾᠂ ︽ᠦᠮᠴᠢᠲᠡᠨ ᠤ ᠶᠡᠭᠡ | ᠬᠤᠷᠠᠯ᠂ ᠦᠮᠴᠢᠲᠡᠨ ᠤ ᠵᠦᠪᠯᠡᠯ ᠤᠨ ᠵᠢᠯᠤᠭᠤᠳᠬᠤ ᠳᠦᠷᠢᠮ︾ ︵ᠪᠠᠶᠢᠭᠤᠯᠤᠯᠲᠠ ᠪᠠᠶᠢᠰᠢᠩ ﹇2009﹈ 274 | ᠳ᠋ᠤᠭᠡᠷ ᠲᠣᠭᠠᠲᠤ︶ ᠵᠡᠷᠭᠡ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠭᠰᠡᠨ ᠣᠷᠣᠨ | ᠰᠠᠭᠤᠴᠠ ᠶᠢᠨ ᠵᠢᠵᠢᠭ ᠲᠣᠭᠤᠷᠢᠭ ᠲᠤ ᠬᠤᠰᠢᠭᠤ ᠰᠢᠶᠠᠨ ︵ᠬᠤᠲᠠ᠂ ᠲᠣᠭᠤᠷᠢᠭ︶ ᠤ ᠭᠡᠷ ᠪᠠᠶᠢᠰᠢᠩ ᠭᠠᠵᠠᠷ | ᠬᠦᠷᠦᠩᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠣᠯᠣᠨ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠦᠮᠴᠢᠲᠡᠨ ᠤ ᠵᠦᠪᠯᠡᠯ ᠢ ᠵᠣᠬᠢᠶᠠᠨ | ᠪᠠᠶᠢᠭᠤᠯᠤᠨ ᠪᠠᠶᠢᠭᠤᠯᠵᠤ᠂ 5 ᠵᠢᠯ ᠣᠷᠴᠢᠮ ᠤᠨ ᠴᠠᠭ ᠬᠤᠭᠤᠴᠠᠭ᠎ᠠ ᠶᠢ ᠬᠡᠷᠡᠭᠯᠡᠵᠦ ᠪᠠᠶᠢᠭᠠᠳ ᠦᠮᠴᠢᠲᠡᠨ ᠤ | ᠵᠦᠪᠯᠡᠯ ᠪᠠᠶᠢᠭᠤᠯᠤᠭᠰᠠᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠬᠠᠮᠤᠷᠬᠤ ᠨᠤᠷᠮ᠎ᠠ ᠶᠢ 70% ᠠᠴᠠ | ᠳᠡᠭᠡᠭᠰᠢ ᠳᠤ ᠬᠦᠷᠦᠭᠦᠯᠬᠦ ᠪᠠᠷ ᠴᠢᠷᠮᠠᠶᠢᠬᠤ ᠬᠡᠷᠡᠭᠲᠡᠢ᠃ ᠦᠮᠴᠢᠲᠠᠨ ᠤ ᠵᠦᠪᠯᠡᠯ ᠨᠢ ᠡᠭᠦᠷᠭᠡ ᠬᠠᠷᠢᠭᠤᠴᠠᠯᠭ᠎ᠠ ᠪᠠᠨ | ᠬᠠᠤᠯᠢ ᠶᠤᠰᠤᠭᠠᠷ ᠭᠦᠢᠴᠡᠳᠭᠡᠵᠦ᠂ ᠭᠡᠷ ᠪᠠᠶᠢᠰᠢᠩ ᠭᠠᠵᠠᠷ ᠬᠦᠷᠦᠩᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠦᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠪᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ ᠤᠨ ᠬᠢᠨᠠᠯᠲᠠ ᠵᠢᠯᠤᠭᠤᠳᠤᠯᠭ᠎ᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠭᠡᠷ᠎ᠡ | ᠪᠣᠯᠵᠤᠭ᠎ᠠ ᠪᠠᠨ ᠭᠦᠢᠴᠡᠳᠭᠡᠬᠦ ᠶᠢ ᠰᠢᠮᠳᠠᠭᠤᠯᠤᠨ ᠬᠠᠮᠵᠢᠵᠤ᠂ ᠦᠮᠴᠢᠲᠠᠳ ᠪᠣᠯᠣᠨ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠶᠢᠯᠠᠯ ᠤᠨ ᠬᠤᠭᠤᠷᠤᠨᠳᠤᠬᠢ ᠵᠦᠷᠢᠴᠡᠯ᠂ ᠮᠠᠷᠭᠤᠯᠳᠤᠭᠠᠨ ᠢ ᠵᠣᠬᠢᠴᠠᠭᠤᠯᠤᠨ | ᠰᠢᠢᠳᠪᠦᠷᠢᠯᠡᠬᠦ ᠶᠢᠨ ᠬᠠᠮᠲᠤ᠂ ᠦᠮᠴᠢᠲᠠᠨ ᠤ ᠵᠦᠪᠯᠡᠯ ᠤᠨ ᠪᠦᠷᠢᠯᠳᠦᠭᠦᠨ ᠠᠴᠠ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠵᠦᠪᠯᠡᠯ ᠤᠨ ᠪᠦᠷᠢᠯᠳᠦᠭᠦᠨ ᠢ ᠪᠣᠢ ᠪᠣᠯᠭᠠᠬᠤ ᠶᠢ ᠰᠦᠪᠡᠭᠴᠢᠯᠡᠬᠦ ᠬᠡᠷᠡᠭᠲᠡᠢ᠃ ᠭᠡᠷ ᠪᠠᠶᠢᠰᠢᠩ | ᠭᠠᠵᠠᠷ ᠬᠦᠷᠦᠩᠭᠡ᠂ ᠳᠣᠲᠤᠭᠠᠲᠤ ᠶᠢ ᠬᠠᠮᠠᠭᠠᠯᠠᠬᠤ᠂ ᠲᠦᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠤᠲᠠ ᠶᠢᠨ | ᠬᠠᠮᠢᠶᠠᠷᠤᠯᠲᠠ ᠵᠡᠷᠭᠡ ᠰᠠᠯᠠᠭ᠎ᠠ ᠮᠦᠴᠢᠷ ᠤᠳ ᠦᠮᠴᠢᠲᠠᠨ ᠤ ᠵᠦᠪᠯᠡᠯ ᠤᠨ ᠲᠣᠬᠠᠶᠢᠯᠠᠭᠰᠠᠨ ᠠᠵᠢᠯ ᠢ | ᠰᠢᠰᠲ᠋ᠧᠮ ᠢᠶᠠᠷ ᠢᠶᠠᠨ ᠵᠢᠯᠤᠭᠤᠳᠤᠨ ᠪᠣᠯᠪᠠᠰᠤᠷᠠᠭᠤᠯᠬᠤ ᠶᠢ ᠴᠢᠩᠭᠠᠳᠬᠠᠵᠤ᠂ ᠦᠮᠴᠢᠲᠠᠨ ᠤ ᠵᠦᠪᠯᠡᠯ ᠤᠨ | ᠦᠪᠡᠷ ᠢ ᠪᠠᠨ ᠬᠠᠮᠢᠶᠠᠷᠬᠤ ᠪᠠ ᠦᠪᠡᠷᠲᠡᠭᠡᠨ ᠵᠠᠰᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠦᠮᠴᠢᠲᠠᠨ ᠤ ᠵᠦᠪᠯᠡᠯ ᠤᠳ ᠬᠠᠤᠯᠢ ᠳᠤ ᠲᠣᠭᠲᠠᠭᠠᠭᠰᠠᠨ ᠵᠢᠷᠤᠮ ᠶᠤᠰᠤᠭᠠᠷ ᠨᠡᠶᠢᠭᠡᠮ ᠪᠦᠯᠬᠦᠮ ᠤᠨ ᠬᠠᠤᠯᠢ ᠶᠢᠨ | ᠡᠷᠬᠡᠲᠡᠨ ᠤ ᠬᠢᠷᠢ ᠭᠡᠮ ᠢ ᠬᠠᠤᠯᠢ ᠶᠤᠰᠤᠭᠠᠷ ᠣᠯᠵᠤ᠂ ᠪᠠᠩᠭᠢ ᠶᠢᠨ ᠳᠠᠩᠰᠠᠨ ᠡᠷᠦᠬᠡ ᠨᠡᠭᠡᠭᠡᠬᠦ᠂ ᠠᠯᠪᠠᠨ ᠲᠠᠮᠠᠭ᠎ᠠ | ᠰᠡᠶᠢᠯᠬᠦ᠂ ᠭᠡᠷ᠎ᠡ ︵ᠵᠦᠪᠳᠡᠯᠴᠡᠭᠡᠷ︶ ᠲᠣᠭᠲᠠᠬᠤ᠂ ᠬᠠᠤᠯᠢ ᠶᠤᠰᠤᠭᠠᠷ ᠵᠠᠷᠭᠤᠯᠳᠤᠬᠤ ᠵᠡᠷᠭᠡ ᠡᠷᠬᠡ ᠶᠢ ᠡᠳ᠋ᠯᠡᠵᠦ᠂ | ᠲᠡᠭᠦᠨ ᠤ ᠡᠷᠬᠡ ᠪᠠᠨ ᠵᠥᠪ ᠣᠨᠣᠪᠴᠢᠲᠠᠢ ᠬᠡᠷᠡᠭᠯᠡᠬᠦ ᠪᠠ ᠡᠭᠦᠷᠭᠡ ᠪᠠᠨ ᠭᠦᠢᠴᠡᠳᠭᠡᠬᠦ ᠶᠢ ᠪᠠᠲᠤᠯᠠᠬᠤ ᠬᠡᠷᠡᠭᠲᠡᠢ᠃ | ᠦᠮᠴᠢᠲᠠᠨ ᠤ ᠵᠦᠪᠯᠡᠯ ᠨᠢ ᠠᠳᠠᠯ ᠠᠬᠤᠢ ᠶᠢᠨ ᠨᠡᠶᠢᠲᠡ ᠪᠠᠷ ᠬᠡᠷᠡᠭᠯᠡᠬᠦ ᠬᠡᠰᠡᠭ᠂ ᠨᠡᠶᠢᠲᠡ ᠶᠢᠨ ᠪᠡᠯᠡᠳᠭᠡᠮᠵᠢ ᠶᠢᠨ | ᠡᠵᠡᠩᠨᠡᠯᠲᠡ ᠶᠢᠨ ᠣᠷᠣᠯᠭ᠎ᠠ ᠲᠤᠳᠤᠷ᠎ᠠ ᠠᠴᠠ ᠠᠵᠢᠯᠯᠠᠭᠠᠨ ᠤ ᠵᠠᠷᠤᠳᠠᠯ ᠢ ᠵᠢᠭᠰᠠᠭᠠᠨ ᠵᠠᠷᠤᠴᠠᠭᠤᠯᠬᠤ ᠶᠢᠨ ᠬᠠᠮᠲᠤ᠂ | ᠡᠳ᠋ ᠤᠨ ᠶᠠᠪᠤᠳᠠᠯ ᠢ ᠢᠯᠡ ᠪᠣᠯᠭᠠᠬᠤ ᠬᠡᠷᠡᠭᠲᠡᠢ᠃ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ | ᠲᠦᠷᠦᠯ ᠵᠦᠢᠯ ᠢ ᠬᠡᠷᠡᠭᠵᠢᠭᠦᠯᠦᠭᠡᠳᠦᠢ ᠪᠣᠯ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ ᠠᠴᠠ | ᠦᠮᠴᠢᠲᠠᠨ ᠢ ᠵᠣᠬᠢᠶᠠᠨ ᠪᠠᠶᠢᠭᠤᠯᠤᠨ ᠦᠪᠡᠷᠲᠡᠭᠡᠨ ᠬᠠᠮᠢᠶᠠᠷᠴᠤ᠂ ᠨᠡᠶᠢᠲᠡ ᠶᠢᠨ ᠪᠡᠯᠡᠳᠭᠡᠮᠵᠢ ᠶᠢ ᠰᠡᠯᠪᠢᠨ ᠵᠠᠰᠠᠬᠤ᠂ | ᠠᠷᠢᠭᠤᠨ ᠴᠡᠪᠡᠷ ᠪᠠᠶᠢᠯᠭᠠᠬᠤ᠂ ᠣᠯᠠᠨ ᠨᠡᠶᠢᠲᠡ ᠶᠢᠨ ᠡᠮᠬᠢ ᠲᠢᠭᠯᠢᠮ ᠢ ᠬᠠᠮᠠᠭᠠᠯᠠᠬᠤ ᠪᠠᠷ ᠭᠤᠣᠯ ᠠᠭᠤᠯᠭ᠎ᠠ | ᠪᠣᠯᠭᠠᠭᠰᠠᠨ ᠰᠠᠭᠤᠷᠢ ᠦᠢᠯᠡᠴᠢᠯᠡᠭᠡ ᠬᠠᠩᠭᠠᠵᠤ᠂ ᠪᠣᠢ ᠪᠣᠯᠣᠭᠰᠠᠨ ᠵᠠᠷᠤᠳᠠᠯ ᠢ ᠦᠮᠴᠢᠲᠠᠳ ᠬᠠᠮᠲᠤ ᠪᠠᠷ ᠬᠤᠪᠢᠶᠠᠨ | ᠳᠠᠭᠠᠭᠠᠨ᠎ᠠ᠃ | ᠭᠤᠷᠪᠠ᠂ ᠬᠠᠭᠤᠴᠢᠨ ᠪᠠ ᠬᠠᠭᠤᠴᠢᠷᠠᠭᠰᠠᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ | ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ | ︵ᠶᠢᠰᠦ︶ ᠬᠠᠭᠤᠴᠢᠨ ᠪᠠ ᠬᠠᠭᠤᠴᠢᠷᠠᠭᠰᠠᠨ ᠣᠷᠣᠨ ᠰᠠᠭᠤᠴᠠ ᠶᠢᠨ ᠵᠢᠵᠢᠭ ᠲᠣᠭᠤᠷᠢᠭ ᠢ ᠶᠡᠷᠦᠩᠬᠡᠶᠢᠯᠡᠨ | ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠭᠡᠨ᠎ᠠ᠃ ᠬᠠᠭᠤᠴᠢᠨ ᠪᠠ ᠬᠠᠭᠤᠴᠢᠷᠠᠭᠰᠠᠨ ᠣᠷᠣᠨ ᠰᠠᠭᠤᠴᠠ ᠶᠢᠨ | ᠵᠢᠵᠢᠭ ᠲᠣᠭᠤᠷᠢᠭ ︵ᠡᠩ ᠤᠨ ᠪᠠᠶᠢᠳᠠᠯ ᠳᠤ ᠳᠡᠭᠡᠷ᠎ᠡ ᠵᠠᠭᠤᠨ ᠤ ᠶᠡᠷᠡᠭᠡᠳ ᠣᠨ ᠠᠴᠠ ᠡᠮᠦᠨ᠎ᠡ ᠪᠠᠶᠢᠭᠤᠯᠤᠭᠰᠠᠨ︶ ᠢ | ᠶᠡᠷᠦᠩᠬᠡᠶᠢᠯᠡᠨ ᠴᠡᠭᠴᠡᠯᠡᠨ ᠰᠠᠶᠢᠵᠢᠷᠠᠭᠤᠯᠬᠤ ᠳᠤ ᠵᠠᠰᠠᠭ ᠤᠨ ᠣᠷᠳᠤᠨ ᠢᠶᠠᠷ ᠭᠤᠣᠯᠯᠠᠭᠤᠯᠬᠤ ᠬᠡᠷᠡᠭᠲᠡᠢ᠃ ᠣᠷᠣᠨ | ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ | ᠬᠠᠭᠤᠴᠢᠨ ᠪᠠ ᠬᠠᠭᠤᠴᠢᠷᠠᠭᠰᠠᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠪᠠᠶᠢᠳᠠᠯ ᠢ ᠪᠦᠬᠦ ᠲᠠᠯ᠎ᠠ ᠪᠠᠷ | ᠣᠶᠢᠯᠠᠭᠠᠵᠤ᠂ ᠴᠡᠭᠴᠡᠯᠡᠨ ᠰᠠᠶᠢᠵᠢᠷᠠᠭᠤᠯᠬᠤ ᠴᠢᠬᠤᠯᠠᠲᠠᠢ ᠵᠦᠢᠯᠡᠰ ᠢ ᠲᠦᠷᠦᠯ ᠬᠤᠪᠢᠶᠠᠨ ᠳᠠᠩᠰᠠ ᠡᠪᠬᠡᠮᠡᠯ | ᠪᠠᠶᠢᠭᠤᠯᠬᠤ ᠬᠡᠷᠡᠭᠲᠡᠢ᠃ ᠰᠢᠨᠡᠳᠭᠡᠬᠦ ᠲᠦᠯᠦᠪᠵᠢᠭᠦᠯᠭᠡ ᠪᠠ ᠣᠨ ᠤ ᠬᠡᠷᠡᠭᠵᠢᠭᠦᠯᠬᠦ ᠲᠦᠯᠦᠪᠯᠡᠭᠡ ᠶᠢ ᠰᠢᠨᠵᠢᠯᠡᠬᠦ | ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠬᠠᠭᠤᠴᠢᠨ ᠪᠠ ᠬᠠᠭᠤᠴᠢᠷᠠᠭᠰᠠᠨ ᠣᠷᠣᠨ ᠰᠠᠭᠤᠴᠠ ᠶᠢᠨ ᠵᠢᠵᠢᠭ | ᠲᠣᠭᠤᠷᠢᠭ ᠢ ᠶᠡᠷᠦᠩᠬᠡᠶᠢᠯᠡᠨ ᠴᠡᠭᠴᠡᠯᠡᠨ ᠰᠠᠶᠢᠵᠢᠷᠠᠭᠤᠯᠬᠤ ᠬᠠᠷᠠᠯᠲᠠ ᠶᠢᠨ ᠡᠭᠦᠷᠭᠡ ᠶᠢ ᠵᠣᠬᠢᠰᠲᠠᠢ ᠲᠣᠭᠲᠠᠭᠠᠨ᠂ ᠵᠢᠯ | ᠳᠠᠷᠠᠭᠠᠯᠠᠨ ᠬᠡᠷᠡᠭᠵᠢᠭᠦᠯᠵᠦ᠂ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠬᠠᠭᠤᠴᠢᠨ ᠪᠠ ᠬᠠᠭᠤᠴᠢᠷᠠᠭᠰᠠᠨ ᠣᠷᠣᠨ | ᠰᠠᠭᠤᠴᠠ ᠶᠢᠨ ᠵᠢᠵᠢᠭ ᠲᠣᠭᠤᠷᠢᠭ ᠤᠨ ᠬᠤᠭᠤᠯᠠᠢ ᠭᠤᠤᠷᠰᠤ ᠶᠢᠨ ᠲᠣᠣᠷ ᠬᠤᠭᠤᠯᠠᠢ ᠭᠤᠤᠷᠰᠤ ᠶᠢᠨ ᠱᠤᠭᠤᠮ᠂ | ᠨᠤᠭᠤᠭᠠᠷᠠᠭᠤᠯᠤᠯᠲᠠ ᠬᠠᠲᠠᠭᠤᠷᠠᠭᠤᠯᠤᠯᠲᠠ᠂ ᠡᠨᠧᠷᠬᠢ ᠠᠷᠪᠢᠯᠠᠬᠤ ᠦᠭᠡᠷᠡᠴᠢᠯᠡᠯᠲᠡ ᠪᠠ ᠳᠣᠲᠤᠷ᠎ᠠ ᠭᠠᠳᠠᠨᠠᠬᠢ | ᠣᠷᠴᠢᠨ ᠲᠣᠭᠤᠷᠢᠨ ᠢ ᠶᠡᠷᠦᠩᠬᠡᠶᠢᠯᠡᠨ ᠴᠡᠴᠡᠭᠯᠡᠨ ᠰᠠᠶᠢᠵᠢᠷᠠᠭᠤᠯᠵᠤ᠂ ᠤᠰᠤ᠂ ᠴᠠᠬᠢᠯᠭᠠᠨ᠂ ᠰᠢᠲᠠᠮᠠᠬᠠᠢ ᠬᠡᠢ᠂ | ᠢᠯᠴᠢ ᠬᠠᠩᠭᠠᠬᠤ᠂ ᠴᠢᠮᠡᠭᠡ ᠬᠤᠯᠪᠣᠭ᠎ᠠ᠂ ᠤᠰᠤ ᠭᠠᠳᠠᠭᠰᠢᠯᠠᠭᠤᠯᠬᠤ ᠪᠠ ᠬᠤᠭ ᠨᠣᠪᠰᠢ ᠶᠢ ᠰᠢᠢᠳᠪᠦᠷᠢᠯᠡᠬᠦ ᠵᠡᠷᠭᠡ | ᠬᠤᠲᠠ ᠶᠢᠨ ᠶᠠᠪᠤᠳᠠᠯ ᠤᠨ ᠰᠠᠭᠤᠷᠢ ᠪᠡᠯᠡᠳᠭᠡᠮᠵᠢ ᠪᠠ ᠠᠳᠠᠯ ᠠᠬᠤᠢ ᠳᠤ ᠬᠡᠷᠡᠭᠯᠡᠬᠦ ᠪᠠᠶᠢᠰᠢᠩ ᠵᠡᠷᠭᠡ ᠨᠡᠶᠢᠲᠡ ᠶᠢᠨ | ᠬᠡᠷᠡᠭᠯᠡᠭᠡᠨ ᠤ ᠦᠢᠯᠡᠴᠢᠯᠡᠭᠡ ᠶᠢᠨ ᠪᠡᠯᠡᠳᠭᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃ ᠬᠠᠭᠤᠴᠢᠨ | ᠪᠠ ᠬᠠᠭᠤᠴᠢᠷᠠᠭᠰᠠᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠬᠤᠶᠠᠳᠡᠬᠢ ᠤᠳᠠᠭ᠎ᠠ ᠤᠰᠤ ᠬᠠᠩᠭᠠᠬᠤ | ᠲᠥᠭᠦᠭᠡᠷᠦᠮᠵᠢ᠂ ᠢᠯᠴᠢ ᠳᠠᠮᠵᠢᠭᠤᠯᠬᠤ ᠥᠷᠲᠡᠭᠡ᠂ ᠬᠠᠶᠢᠷᠴᠠᠭ ᠮᠠᠶ᠋ᠢᠭ ᠤᠨ ᠬᠦᠴᠦᠳᠡᠯ ᠦᠭᠡᠷᠡᠴᠢᠯᠡᠭᠴᠢ᠂ ᠭᠠᠯ | ᠣᠨᠲᠠᠷᠠᠭᠠᠬᠤ ᠲᠥᠭᠦᠭᠡᠷᠦᠮᠵᠢ ᠵᠢᠴᠢ ᠬᠠᠮᠢᠶ᠎ᠠ ᠪᠦᠬᠦᠢ ᠬᠤᠭᠤᠯᠠᠢ ᠭᠤᠤᠷᠰᠤ ᠶᠢᠨ ᠱᠤᠭᠤᠮ ᠢ ᠰᠢᠯᠵᠢᠭᠦᠯᠦᠨ | ᠲᠤᠰᠢᠶᠠᠬᠤ ᠠᠵᠢᠯ ᠢ ᠲᠣᠬᠠᠢ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠤᠨ ᠠᠴᠠ ᠬᠠᠷᠢᠭᠤᠴᠠᠨ | ᠵᠣᠬᠢᠶᠠᠨ ᠪᠠᠶᠢᠭᠤᠯᠵᠤ ᠪᠡᠶᠡᠯᠡᠭᠦᠯᠦᠨ᠎ᠡ᠃ ᠬᠠᠭᠤᠴᠢᠨ ᠪᠠ ᠬᠠᠭᠤᠴᠢᠷᠠᠭᠰᠠᠨ ᠣᠷᠣᠨ ᠰᠠᠭᠤᠴᠠ ᠶᠢᠨ ᠵᠢᠵᠢᠭ | ᠲᠣᠭᠤᠷᠢᠭ ᠢ ᠶᠡᠷᠦᠩᠬᠡᠶᠢᠯᠡᠨ ᠴᠡᠭᠴᠡᠯᠡᠨ ᠰᠠᠶᠢᠵᠢᠷᠠᠭᠤᠯᠬᠤ ᠬᠠᠷᠢᠴᠠᠯ ᠢ ᠵᠢᠯ ᠪᠦᠷᠢ ᠶᠡᠷᠦᠩᠬᠡᠢ ᠲᠤᠭ᠎ᠠ ᠶᠢᠨ | 20% ᠠᠴᠠ ᠳᠣᠣᠷ᠎ᠠ ᠪᠠᠶᠢᠯᠭᠠᠬᠤ ᠦᠭᠡᠢ ᠪᠠᠶᠢᠵᠤ᠂ 3 — 5 ᠵᠢᠯ ᠤᠨ ᠴᠠᠭ ᠬᠤᠭᠤᠴᠠᠭ᠎ᠠ ᠶᠢ ᠬᠡᠷᠡᠭᠯᠡᠵᠦ | ᠪᠠᠶᠢᠭᠠᠳ ᠨᠦᠬᠦᠴᠡᠯ ᠳᠤ ᠨᠡᠶᠢᠴᠡᠬᠦ ᠬᠠᠭᠤᠴᠢᠨ ᠪᠠ ᠬᠠᠭᠤᠴᠢᠷᠠᠭᠰᠠᠨ ᠣᠷᠣᠨ ᠰᠠᠭᠤᠴᠠ ᠶᠢᠨ ᠵᠢᠵᠢᠭ ᠲᠣᠭᠤᠷᠢᠭ ᠢ | ᠪᠦᠬᠦᠨ ᠢ ᠰᠢᠨᠡᠳᠭᠡᠵᠦ ᠳᠠᠭᠤᠰᠬᠠᠬᠤ ᠪᠠᠷ ᠴᠢᠷᠮᠠᠶᠢᠨ᠎ᠠ᠃ | ︵ᠠᠷᠪᠠ︶ ᠪᠡᠯᠡ ᠮᠦᠩᠭᠦ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠭᠠᠵᠠᠷ | ᠣᠷᠣᠨ ᠨᠤᠭᠤᠳ ᠬᠠᠭᠤᠴᠢᠨ ᠪᠠ ᠬᠠᠭᠤᠴᠢᠷᠠᠭᠰᠠᠨ ᠣᠷᠣᠨ ᠰᠠᠭᠤᠴᠠ ᠶᠢᠨ ᠵᠢᠵᠢᠭ ᠲᠣᠭᠤᠷᠢᠭ ᠢ ᠶᠡᠷᠦᠩᠬᠡᠶᠢᠯᠡᠨ | ᠴᠡᠭᠴᠡᠯᠡᠨ ᠰᠠᠶᠢᠵᠢᠷᠠᠭᠤᠯᠬᠤ ᠳᠤ ᠪᠡᠯᠡ ᠮᠦᠩᠭᠦ ᠣᠷᠤᠭᠤᠯᠬᠤ ᠪᠠᠨ ᠨᠡᠮᠡᠭᠳᠡᠭᠦᠯᠵᠦ᠂ ᠵᠠᠰᠠᠭ ᠤᠨ ᠣᠷᠳᠤᠨ ᠤ | ᠣᠷᠤᠭᠤᠯᠤᠯᠲᠠ ᠶᠢᠨ ᠲᠤᠯᠭᠠᠭᠤᠷᠢᠯᠠᠬᠤ ᠪᠠ ᠬᠦᠲᠦᠯᠦᠨ ᠵᠢᠯᠤᠭᠤᠳᠬᠤ ᠦᠢᠯᠡᠳᠦᠯ ᠢ ᠢᠳᠡᠪᠬᠢᠲᠡᠢ ᠪᠠᠳᠠᠷᠠᠭᠤᠯᠤᠨ᠂ | ᠴᠡᠭᠴᠡᠯᠡᠨ ᠰᠠᠶᠢᠵᠢᠷᠠᠭᠤᠯᠬᠤ ᠪᠡᠯᠡ ᠮᠦᠩᠭᠦ ᠶᠢ ᠡᠳ᠋ ᠤᠨ ᠵᠠᠰᠠᠭ ᠤᠨ ᠣᠨ ᠤ ᠲᠦᠰᠦᠪ ᠲᠤ ᠵᠢᠭᠰᠠᠭᠠᠨ | ᠣᠷᠣᠭᠤᠯᠬᠤ ᠬᠡᠷᠡᠭᠲᠡᠢ᠃ ᠤᠯᠤᠰ᠂ ᠦᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠭᠰᠠᠨ ᠣᠳᠣ ᠶᠢᠨ ᠪᠠᠶᠢᠭ᠎ᠠ | ᠪᠠᠷᠢᠯᠭ᠎ᠠ ᠶᠢᠨ ᠡᠨᠧᠬᠢ ᠠᠷᠪᠢᠯᠠᠬᠤ ᠦᠭᠡᠷᠡᠴᠢᠯᠡᠯᠲᠡ ᠶᠢᠨ ᠪᠡᠯᠡ ᠮᠦᠩᠭᠦ ᠪᠠ ᠪᠤᠰᠤᠳ ᠦᠭᠡᠷᠡᠴᠢᠯᠡᠯᠲᠡ ᠶᠢᠨ ᠪᠡᠯᠡ | ᠮᠦᠩᠭᠦ ᠶᠢ ᠨᠡᠶᠢᠯᠡᠭᠦᠯᠦᠨ ᠬᠡᠷᠡᠭᠯᠡᠵᠦ᠂ ᠰᠢᠨᠡᠳᠬᠡᠨ ᠦᠬᠡᠷᠡᠴᠢᠯᠡᠬᠦ ᠪᠡᠯᠡ ᠮᠦᠩᠭᠦ ᠶᠢᠨ ᠬᠡᠷᠡᠭᠯᠡᠬᠦ ᠦᠷ᠎ᠡ ᠪᠦᠲᠦᠮᠵᠢᠲᠦ | ᠨᠣᠷᠮ᠎ᠠ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠲᠣᠭᠤᠷᠢᠭ ᠪᠠᠶᠢᠭᠤᠯᠤᠭᠰᠠᠨ ᠬᠤᠲᠠ ᠨᠤᠭᠤᠳ ︽ᠬᠤᠲᠠ᠂ | ᠲᠣᠭᠤᠷᠢᠭ ᠬᠤᠶᠠᠷ ᠱᠠᠲᠤ ᠬᠠᠮᠲᠤᠪᠠᠷ ᠡᠭᠦᠷᠭᠡᠯᠡᠬᠦ︾ ᠵᠠᠷᠴᠢᠮ ᠶᠣᠰᠤᠭᠠᠷ ᠴᠡᠭᠴᠡᠯᠡᠨ ᠰᠠᠶᠢᠵᠢᠷᠠᠭᠤᠯᠬᠤ ᠲᠣᠰᠬᠠᠢ | ᠵᠦᠢᠯ ᠤᠨ ᠪᠡᠯᠡ ᠮᠦᠩᠭᠦ ᠶᠢ ᠴᠤᠭᠯᠠᠭᠤᠯᠤᠨ᠎ᠠ᠃ ᠬᠠᠭᠤᠴᠢᠨ ᠪᠠ ᠬᠠᠭᠤᠴᠢᠷᠠᠭᠰᠠᠨ ᠣᠷᠣᠨ ᠰᠠᠭᠤᠴᠠ ᠶᠢᠨ ᠵᠢᠵᠢᠭ | ᠲᠣᠭᠤᠷᠢᠭ ᠨᠢ ᠣᠷᠣᠨ ᠰᠠᠭᠤᠴᠠ ᠶᠢᠨ ᠳᠦᠷᠢᠮ ᠤᠨ ᠦᠭᠡᠷᠡᠴᠢᠯᠡᠯᠲᠡ ᠪᠠᠷ ᠬᠤᠳᠠᠯᠳᠤᠨ ᠠᠪᠤᠭᠰᠠᠨ ᠭᠡᠷ | ᠪᠠᠶᠢᠰᠢᠩ ᠢ ᠬᠤᠳᠠᠯᠳᠤᠬᠤ ᠳᠤ ᠬᠠᠷᠢᠶᠠᠯᠠᠭᠳᠠᠪᠠᠯ᠂ ᠣᠣᠯ ᠤᠨ ᠦᠮᠴᠢᠯᠡᠬᠦ ᠡᠷᠬᠡ ᠲᠠᠢ ᠨᠢᠭᠡᠴᠡ ᠠᠴᠠ ᠵᠣᠬᠢᠬᠤ | ᠬᠠᠷᠢᠴᠠᠯ ᠤᠨ ᠴᠡᠭᠴᠡᠯᠡᠨ ᠰᠠᠶᠢᠵᠢᠷᠠᠭᠤᠯᠬᠤ ᠪᠡᠯᠡ ᠮᠦᠩᠭᠦ ᠶᠢ ᠡᠭᠦᠷᠭᠡᠯᠡᠵᠦ᠂ ᠨᠢᠭᠡᠴᠡ ᠶᠢᠨ ᠣᠷᠣᠨ ᠰᠠᠭᠤᠴᠠ ᠶᠢᠨ | ᠳᠦᠷᠢᠮ ᠤᠨ ᠦᠭᠡᠷᠡᠴᠢᠯᠡᠯᠲᠡ ᠪᠠᠷ ᠬᠤᠳᠠᠯᠳᠤᠨ ᠠᠪᠤᠭᠰᠠᠨ ᠭᠡᠷ ᠪᠠᠶᠢᠰᠢᠩ ᠢ ᠬᠤᠳᠠᠯᠳᠤᠭᠰᠠᠨ ᠪᠡᠯᠡ ᠮᠦᠩᠭᠦ ᠶᠢᠨ | ᠦᠯᠡᠳᠡᠪᠦᠷᠢ ᠬᠡᠰᠡᠭ ᠢ ᠬᠠᠭᠤᠴᠢᠨ ᠪᠠ ᠬᠠᠭᠤᠴᠢᠷᠠᠭᠰᠠᠨ ᠣᠷᠣᠨ ᠰᠠᠭᠤᠴᠠ ᠶᠢᠨ ᠵᠢᠵᠢᠭ ᠲᠣᠭᠤᠷᠢᠭ ᠢ | ᠶᠡᠷᠦᠩᠬᠡᠶᠢᠯᠡᠨ ᠴᠡᠭᠴᠡᠯᠡᠨ ᠰᠠᠶᠢᠵᠢᠷᠠᠭᠤᠯᠬᠤ ᠳᠤ ᠬᠡᠷᠡᠭᠯᠡᠵᠦ ᠪᠣᠯᠣᠨ᠎ᠠ᠃ ᠭᠡᠷ ᠪᠠᠶᠢᠰᠢᠩ ᠭᠠᠵᠠᠷ ᠬᠦᠷᠦᠩᠭᠡ ᠶᠢ | ᠨᠡᠭᠡᠭᠡᠨ ᠬᠥᠭᠵᠢᠭᠦᠯᠬᠦ ᠳᠤ ᠬᠠᠷᠢᠶᠠᠯᠠᠭᠳᠠᠪᠠᠯ᠂ ᠣᠣᠯ ᠤᠨ ᠨᠡᠭᠡᠭᠡᠨ ᠬᠥᠭᠵᠢᠭᠦᠯᠬᠦ ᠶᠠᠪᠤᠴᠠ ᠳᠤ ᠨᠢᠭᠡᠨᠲᠡ ᠭᠡᠷ | ᠪᠠᠶᠢᠰᠢᠩ ᠭᠠᠵᠠᠷ ᠬᠦᠷᠦᠩᠭᠡ ᠶᠢᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠠᠴᠠ ᠳᠦᠬᠦᠷᠵᠢᠭᠦᠯᠬᠦ ᠪᠠᠷ | ᠲᠣᠳᠤᠷᠬᠠᠶᠢᠯᠠᠭᠰᠠᠨ ᠪᠣᠯᠪᠠᠴᠤ ᠨᠠᠶᠢᠳᠠᠪᠤᠷᠢᠵᠢᠭᠤᠯᠤᠭᠠᠳᠤᠢ ᠰᠠᠭᠤᠷᠢ ᠪᠡᠯᠡᠳᠭᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠢ ᠨᠡᠭᠡᠭᠡᠨ ᠬᠥᠭᠵᠢᠭᠦᠯᠦᠭᠰᠡᠨ ᠣᠣᠯ ᠤᠨ ᠠᠵᠤ ᠠᠬᠤᠶᠢᠯᠠᠯ ᠢ ᠵᠠᠷᠯᠢᠭᠳᠠᠵᠤ | ᠪᠠᠶᠢᠭᠠᠳ ᠣᠣᠯ ᠤᠨ ᠲᠣᠭᠲᠠᠭᠠᠯ ᠶᠤᠰᠤᠭᠠᠷ ᠨᠦᠬᠦᠵᠦ ᠵᠠᠰᠠᠬᠤ ᠪᠣᠶᠣ ᠪᠡᠯᠡ ᠮᠦᠩᠭᠦ ᠭᠠᠷᠭᠠᠨ ᠨᠠᠶᠢᠳᠠᠵᠤ | ᠪᠦᠲᠦᠭᠡᠨ ᠪᠠᠶᠢᠭᠤᠯᠬᠤ ᠬᠡᠷᠡᠭᠲᠡᠢ︔ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠳᠤᠲᠤᠷᠠᠬᠢ ᠪᠡᠯᠡᠳᠭᠡᠮᠵᠢ ᠪᠠ | ᠲᠤᠰᠢᠶᠠᠭᠰᠠᠨ ᠭᠡᠷ ᠪᠠᠶᠢᠰᠢᠩ ᠨᠢ ᠶᠠᠰᠤ ᠴᠢᠨᠠᠷ ᠤᠨ ᠵᠠᠰᠠᠯᠲᠠ ᠶᠢ ᠪᠠᠲᠤᠯᠠᠬᠤ ᠬᠤᠭᠤᠴᠠᠭᠠᠨ ᠳᠤ ᠶᠠᠰᠤ ᠴᠢᠨᠠᠷ ᠤᠨ | ᠠᠰᠠᠭᠤᠳᠠᠯ ᠭᠠᠷᠪᠠᠯ᠂ ᠭᠡᠷ ᠪᠠᠶᠢᠰᠢᠩ ᠭᠠᠵᠠᠷ ᠬᠦᠷᠦᠩᠭᠡ ᠶᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠠᠴᠠ | ᠰᠡᠯᠪᠢᠨ ᠵᠠᠰᠠᠬᠤ ᠲᠡᠷᠢᠭᠦᠨ ᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠴᠠᠬᠢᠯᠭᠠᠨ ᠬᠠᠩᠭᠠᠬᠤ᠂ ᠴᠢᠮᠡᠭᠡ | ᠬᠤᠯᠪᠣᠭ᠎ᠠ᠂ ᠰᠢᠦᠳᠠᠨ ᠤ ᠦᠢᠯᠡᠴᠢᠯᠡᠭᠡ᠂ ᠤᠲᠠᠰᠤᠲᠤ ᠲᠧᠯᠸᠢᠰ ᠵᠢᠴᠢ ᠤᠰᠤ᠂ ᠰᠢᠲᠠᠮᠠᠬᠠᠢ ᠬᠡᠢ᠂ ᠢᠯᠴᠢ | ᠬᠠᠩᠭᠠᠬᠤ ᠵᠡᠷᠭᠡ ᠬᠤᠲᠠ ᠶᠢᠨ ᠶᠠᠪᠤᠳᠠᠯ ᠤᠨ ᠨᠡᠶᠢᠲᠡ ᠶᠢᠨ ᠪᠡᠯᠡᠳᠭᠡᠮᠵᠢ ᠶᠢ ᠰᠢᠨᠡᠳᠭᠡᠨ ᠰᠠᠶᠢᠵᠢᠷᠠᠭᠤᠯᠬᠤ ᠲᠤᠰᠬᠠᠢ | ᠵᠦᠢᠯ ᠤᠨ ᠵᠠᠷᠤᠯᠭ᠎ᠠ ᠶᠢ ᠡᠯ᠎ᠡ ᠠᠵᠢᠯᠯᠠᠬᠤ ᠨᠢᠭᠡᠴᠡ ᠠᠴᠠ ᠡᠭᠦᠷᠭᠡᠯᠡᠬᠦ ᠬᠡᠷᠡᠭᠲᠡᠢ᠃ ᠰᠠᠭᠤᠭᠠᠯᠢ ᠠᠷᠠᠳ ᠤᠨ | ᠦᠪᠡᠷ ᠢᠶᠠᠨ ᠬᠡᠷᠡᠭᠯᠡᠬᠦ ᠪᠡᠯᠡᠳᠭᠡᠮᠵᠢ ᠶᠢ ᠴᠡᠭᠴᠡᠯᠡᠨ ᠰᠠᠶᠢᠵᠢᠷᠠᠭᠤᠯᠬᠤ ᠳᠤ ᠬᠤᠯᠪᠣᠭᠳᠠᠭᠰᠠᠨ ᠵᠠᠷᠤᠳᠠᠯ ᠢ ᠰᠠᠭᠤᠭᠠᠯᠢ | ᠠᠷᠠᠳ ᠦᠪᠡᠷ ᠢᠶᠠᠨ ᠮᠦᠩᠭᠦ ᠭᠠᠷᠭᠠᠵᠤ᠂ ᠨᠢᠭᠡᠲᠦᠯᠲᠡᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠨᠢᠭᠡ︶ ᠠᠳᠠᠯ ᠠᠬᠤᠢ ᠪᠣᠶᠣ ᠳᠡᠰᠯᠡᠬᠦ ᠠᠳᠠᠯ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ | ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭᠠᠬᠢ ᠬᠠᠭᠤᠴᠢᠨ ᠪᠠ ᠬᠠᠭᠤᠴᠢᠷᠠᠭᠰᠠᠨ ᠣᠷᠣᠨ ᠰᠠᠭᠤᠴᠠ ᠶᠢᠨ ᠵᠢᠵᠢᠭ | ᠲᠣᠭᠤᠷᠢᠭ ᠲᠤ ᠬᠠᠷᠢᠶᠠᠲᠤ ᠭᠠᠵᠠᠷ ᠤᠨ ᠬᠠᠮᠢᠶᠠᠷᠤᠯᠲᠠ ᠶᠢᠨ ᠵᠠᠷᠴᠢᠮ ᠶᠤᠰᠤᠭᠠᠷ᠂ ᠵᠠᠬ᠎ᠠ ᠳᠡᠯᠭᠡᠭᠦᠷᠵᠢᠭᠰᠡᠨ ᠠᠳᠠᠯ | ᠠᠬᠤᠢ ᠶᠢᠨ ᠬᠠᠮᠢᠶᠠᠷᠤᠯᠲᠠ ᠶᠢ ᠪᠡᠶᠡᠯᠡᠭᠦᠯᠬᠦ ᠪᠣᠶᠣ ᠳᠡᠰᠯᠡᠬᠦ ᠠᠳᠠᠯ ᠠᠬᠤᠢ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ | ᠠᠳᠠᠯ ᠠᠬᠤᠢ ᠶᠢᠨ ᠦᠢᠯᠡᠴᠢᠯᠡᠭᠡ ᠪᠠᠷ ᠪᠦᠬᠦᠨ ᠢ ᠬᠠᠮᠤᠷᠤᠭᠤᠯᠬᠤ ᠪᠠᠷ ᠴᠢᠷᠮᠠᠶᠢᠬᠤ ᠬᠡᠷᠡᠭᠲᠡᠢ᠃ ᠠᠳᠠᠯ ᠠᠬᠤᠢ ᠶᠢᠨ | ᠬᠠᠮᠢᠶᠠᠷᠤᠯᠲᠠ ᠶᠢᠨ ᠭᠤᠣᠯ ᠴᠣᠭᠴᠠ ᠳᠤᠳᠠᠭᠳᠠᠵᠤ ᠪᠠᠶᠢᠪᠠᠯ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ | ᠵᠦᠪᠯᠡᠯ ᠠᠴᠠ ᠰᠠᠭᠤᠭᠠᠯᠢ ᠠᠷᠠᠳ ᠤᠨ ᠰᠠᠨᠠᠯ ᠢ ᠦᠨᠳᠦᠰᠦᠯᠡᠨ᠂ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠢ ᠰᠤᠩᠭᠤᠬᠤ ᠪᠣᠶᠣ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠦᠪᠡᠷᠲᠡᠭᠡᠨ ᠬᠠᠮᠢᠶᠠᠷᠤᠨ᠎ᠠ᠃ | ᠬᠠᠭᠤᠴᠢᠨ ᠪᠠ ᠬᠠᠭᠤᠴᠢᠷᠠᠭᠰᠠᠨ ᠣᠷᠣᠨ ᠰᠠᠭᠤᠴᠠ ᠶᠢᠨ ᠵᠢᠵᠢᠭ ᠲᠣᠭᠤᠷᠢᠭ ᠢ ᠶᠡᠷᠦᠩᠬᠡᠶᠢᠯᠡᠨ ᠴᠡᠭᠴᠡᠯᠡᠨ | ᠰᠠᠶᠢᠵᠢᠷᠠᠭᠤᠯᠤᠭᠰᠠᠨ ᠤ ᠳᠠᠷᠠᠭᠠᠬᠢ ᠵᠢᠷᠤᠭ᠂ ᠮᠠᠲ᠋ᠧᠷᠢᠶᠠᠯ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ | ᠰᠢᠨᠡᠳᠭᠡᠭᠰᠡᠨ ᠤ ᠳᠠᠷᠠᠭ᠎ᠠ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠰᠤᠩᠭᠤᠵᠤ ᠠᠳᠠᠯ | ᠠᠬᠤᠢ ᠶᠢᠨ ᠬᠠᠮᠢᠶᠠᠷᠤᠯᠲᠠ ᠪᠣᠶᠣ ᠳᠡᠰᠯᠡᠬᠦ ᠠᠳᠠᠯ ᠠᠬᠤᠢ ᠶᠢᠨ ᠬᠠᠮᠢᠶᠠᠷᠤᠯᠲᠠ ᠶᠢ ᠬᠢᠭᠰᠡᠨ ᠪᠠᠶᠢᠪᠠᠯ᠂ ᠠᠳᠠᠯ | ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠠᠴᠠ ᠰᠢᠨᠡᠳᠭᠡᠭᠰᠡᠨ ᠮᠠᠲ᠋ᠧᠷᠢᠶᠠᠯ ᠢ ᠨᠢᠭᠡᠲᠦᠯᠲᠡᠢ ᠳᠠᠩᠰᠠ ᠡᠪᠬᠡᠮᠡᠯ | ᠪᠠᠶᠢᠭᠤᠯᠤᠨ ᠬᠠᠮᠢᠶᠠᠷᠬᠤ ᠬᠡᠷᠡᠭᠲᠡᠢ︔ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠰᠤᠩᠭᠤᠭᠰᠠᠨ | ᠦᠭᠡᠢ ᠪᠠᠷ ᠠᠳᠠᠯ ᠠᠬᠤᠢ ᠤᠨ ᠬᠠᠮᠢᠶᠠᠷᠤᠯᠲᠠ ᠪᠣᠶᠣ ᠳᠡᠰᠯᠡᠬᠦ ᠠᠳᠠᠯ ᠠᠬᠤᠢ ᠶᠢᠨ ᠬᠠᠮᠢᠶᠠᠷᠤᠯᠲᠠ ᠬᠢᠭᠰᠡᠨ ᠪᠠᠶᠢᠪᠠᠯ᠂ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ ᠠᠴᠠ ᠬᠠᠷᠢᠭᠤᠴᠠᠨ ᠬᠠᠮᠢᠶᠠᠷᠤᠨ᠎ᠠ᠃ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠶᠢᠯᠠᠯ ᠨᠢ ᠬᠠᠮᠢᠶᠠᠷᠴᠤ ᠪᠦᠬᠦᠢ ᠠᠳᠠᠯ ᠠᠬᠤᠢ ᠶᠢᠨ ᠬᠡᠪᠴᠢᠶᠡᠨ ᠳᠣᠲᠤᠷᠠᠬᠢ ᠠᠮᠦᠷ ᠢ | ᠬᠠᠮᠠᠭᠠᠯᠠᠬᠤ ᠶᠢ ᠬᠠᠮᠢᠶᠠᠷᠬᠤ᠂ ᠣᠷᠴᠢᠨ ᠲᠣᠭᠤᠷᠢᠨ ᠢ ᠬᠠᠮᠠᠭᠠᠯᠠᠬᠤ᠂ ᠠᠳᠠᠯ ᠠᠬᠤᠢ ᠶᠢᠨ ᠵᠠᠰᠠᠵᠤ ᠴᠢᠮᠡᠬᠦ ᠪᠠ | ᠬᠡᠷᠡᠭᠯᠡᠬᠦ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠠᠴᠠ ᠵᠦᠷᠢᠴᠡᠭᠰᠡᠨ | ᠦᠢᠯᠡ ᠠᠵᠢᠯᠯᠠᠭ᠎ᠠ ᠶᠢ ᠮᠡᠳᠡᠪᠡᠯ᠂ ᠢᠯᠠᠩᠭᠤᠶ᠎ᠠ ᠬᠤᠪᠢ ᠬᠦᠮᠦᠨ ᠳᠤᠷ᠎ᠠ ᠪᠠᠷ ᠢᠶᠠᠨ ᠪᠠᠷᠢᠯᠭ᠎ᠠ ᠪᠠᠷᠢᠬᠤ ᠦᠢᠯᠡ | ᠠᠵᠢᠯᠯᠠᠭ᠎ᠠ ᠶᠢ ᠴᠠᠭ ᠲᠣᠬᠠᠢ ᠳᠤᠨᠢ ᠵᠣᠭᠰᠤᠭᠠᠬᠤ ᠶᠢᠨ ᠬᠠᠮᠲᠤ᠂ ᠦᠮᠴᠢᠲᠠᠨ ᠤ ᠵᠦᠪᠯᠡᠯ ᠪᠠ ᠬᠤᠯᠪᠣᠭᠳᠠᠯ ᠪᠦᠬᠦᠢ | ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠮᠡᠳᠡᠭᠦᠯᠵᠦ᠂ ᠬᠠᠮᠢᠶ᠎ᠠ ᠪᠦᠬᠦᠢ ᠠᠵᠢᠯ ᠢ ᠬᠠᠮᠵᠢᠯᠴᠠᠨ | ᠰᠠᠶᠢᠲᠤᠷ ᠬᠢᠬᠦ ᠬᠡᠷᠡᠭᠲᠡᠢ᠃ | ᠳᠥᠷᠪᠡ᠂ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠦᠩᠭᠦ ᠶᠢ ᠲᠤᠰᠢᠶᠠᠨ | ᠬᠠᠳᠠᠭᠠᠯᠠᠬᠤ᠂ ᠬᠡᠷᠡᠭᠯᠡᠬᠦ ᠪᠠ ᠬᠢᠨᠠᠨ ᠬᠠᠮᠢᠶᠠᠷᠬᠤ ᠶᠢ ᠴᠢᠩᠭᠠᠳᠬᠠᠨ᠎ᠠ | ︵ᠠᠷᠪᠠᠨ ᠬᠤᠶᠠᠷ︶ ᠣᠷᠣᠨ ᠰᠠᠭᠤᠴᠠ ᠶᠢ ᠰᠡᠯᠪᠢᠨ ᠵᠠᠰᠠᠬᠤ ᠪᠡᠯᠡ ᠮᠦᠩᠭᠦ ᠶᠢ ᠲᠤᠰᠢᠶᠠᠨ ᠬᠠᠳᠠᠭᠠᠯᠠᠬᠤ ᠶᠢ | ᠵᠢᠷᠤᠮᠵᠢᠭᠤᠯᠤᠨ᠎ᠠ᠃ ᠡᠯ᠎ᠡ ᠭᠠᠵᠠᠷ ᠣᠷᠣᠨ ᠨᠤᠭᠤᠳ ︽ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ | ᠪᠡᠯᠡ ᠮᠦᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ ᠬᠡᠷᠡᠭᠵᠢᠭᠦᠯᠵᠦ᠂ ᠰᠢᠨ᠎ᠡ ᠪᠠᠷ ᠪᠠᠶᠢᠭᠤᠯᠤᠭᠰᠠᠨ | ᠲᠠᠸᠠᠷ ᠤᠨ ᠣᠷᠣᠨ ᠰᠠᠭᠤᠴᠠ ᠳᠤ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠦᠩᠭᠦ ᠶᠢᠨ | ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠣᠷᠣᠨ ᠰᠠᠭᠤᠴᠠ ᠶᠢ ᠲᠤᠰᠬᠠᠶᠢᠯᠠᠨ ᠰᠡᠯᠪᠢᠨ | ᠵᠠᠰᠠᠬᠤ ᠪᠡᠯᠡ ᠮᠦᠩᠭᠦ ᠶᠢᠨ ᠲᠤᠰᠢᠶᠠᠨ ᠬᠠᠳᠠᠭᠠᠯᠠᠬᠤ ᠠᠵᠢᠯ ᠢ ᠬᠠᠷᠠᠬᠠᠨ ᠥᠷᠨᠢᠭᠦᠯᠦᠭᠡᠳᠦᠢ ᠭᠠᠵᠠᠷ | ᠣᠷᠣᠨ ᠨᠤᠭᠤᠳ 2015 ᠣᠨ ᠤ ᠵᠢᠯ ᠤᠨ ᠰᠡᠭᠦᠯᠴᠢ ᠠᠴᠠ ᠡᠮᠦᠨ᠎ᠡ ᠪᠦᠬᠦ ᠲᠠᠯ᠎ᠠ ᠪᠠᠷ ᠡᠬᠢᠯᠡᠭᠦᠯᠦᠨ | ᠬᠡᠷᠡᠭᠵᠢᠭᠦᠯᠬᠦ ᠶᠢᠨ ᠬᠠᠮᠲᠤ᠂ ᠲᠤᠰ ᠭᠠᠵᠠᠷ ᠣᠷᠣᠨ ᠤ ᠣᠷᠣᠨ ᠰᠠᠭᠤᠴᠠ ᠶᠢᠨ ᠪᠠᠷᠢᠯᠭ᠎ᠠ ᠶᠢᠨ ᠤᠭᠰᠠᠷᠠᠬᠤ | ᠠᠵᠢᠯ ᠤᠨ ᠲᠡᠭᠰᠢ ᠳᠦᠷᠪᠡᠯᠵᠢᠨ ᠮᠧᠲᠷ ᠪᠦᠷᠢ ᠶᠢᠨ ᠦᠢᠯᠡᠳᠦᠭᠰᠡᠨ ᠦᠨ᠎ᠡ ᠶᠢ ᠦᠨᠳᠦᠰᠦᠯᠡᠨ ᠣᠷᠣᠨ ᠰᠠᠭᠤᠴᠠ ᠶᠢ | ᠲᠤᠰᠬᠠᠶᠢᠯᠠᠨ ᠰᠡᠯᠪᠢᠨ ᠵᠠᠰᠠᠬᠤ ᠪᠡᠯᠡ ᠮᠦᠩᠭᠦ ᠶᠢᠨ ᠲᠤᠰᠢᠶᠠᠨ ᠬᠠᠳᠠᠭᠠᠯᠠᠬᠤ ᠠᠩᠬ᠎ᠠ ᠬᠤᠭᠤᠴᠠᠭᠠᠨ ᠤ | ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠤᠨ ᠳᠤ | ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡ ᠳᠤ ᠵᠠᠷᠯᠠᠨ ᠬᠡᠷᠡᠭᠵᠢᠭᠦᠯᠬᠦ ᠬᠡᠷᠡᠭᠲᠡᠢ᠃ ᠣᠷᠣᠨ | ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠦᠩᠭᠦ ᠶᠢ ᠲᠤᠰᠢᠶᠠᠨ ᠬᠠᠳᠠᠭᠠᠯᠠᠬᠤ ᠠᠵᠢᠯ ᠢ ᠨᠢᠭᠡᠨᠲᠡ | ᠦᠷᠨᠢᠭᠦᠯᠦᠭᠰᠡᠨ ᠭᠠᠵᠠᠷ ᠣᠷᠣᠨ ᠨᠤᠭᠤᠳ ᠡᠯ᠎ᠡ ᠲᠦᠷᠦᠯ ᠤᠨ ᠣᠷᠣᠨ ᠰᠠᠭᠤᠴᠠ ᠶᠢ ᠰᠡᠯᠪᠢᠨ ᠵᠠᠰᠠᠬᠤ ᠪᠡᠯᠡ | ᠮᠦᠩᠭᠦ ᠶᠢᠨ ᠲᠤᠰᠢᠶᠠᠵᠤ ᠬᠠᠳᠠᠭᠠᠯᠠᠬᠤ ᠪᠠᠷᠢᠮᠵᠢᠶ᠎ᠠ ᠪᠠ ᠳᠦᠷᠢᠮ ᠢ ᠰᠤᠳᠤᠯᠤᠨ ᠲᠣᠬᠢᠷᠠᠭᠤᠯᠵᠤ᠂ ᠣᠷᠣᠨ | ᠰᠠᠭᠤᠴᠠ ᠶᠢ ᠲᠣᠰᠬᠠᠶᠢᠯᠠᠨ ᠰᠡᠯᠪᠢᠨ ᠵᠠᠰᠠᠬᠤ ᠪᠡᠯᠡ ᠮᠦᠩᠭᠦ ᠶᠢᠨ ᠦᠷᠭᠦᠯᠵᠢᠯᠡᠨ ᠲᠤᠰᠢᠶᠠᠬᠤ ᠠᠷᠭ᠎ᠠ ᠶᠢ | ᠲᠡᠭᠦᠯᠳᠡᠷᠵᠢᠭᠦᠯᠬᠦ ᠬᠡᠷᠡᠭᠲᠡᠢ᠃ | ᠦᠮᠴᠢᠲᠡᠨ ᠠᠴᠠ ᠲᠤᠰᠢᠶᠠᠨ ᠬᠠᠳᠠᠭᠠᠯᠠᠬᠤ ᠴᠢᠬᠤᠯᠠᠲᠠᠢ ᠣᠷᠣᠨ ᠰᠠᠭᠤᠴᠠ ᠶᠢ ᠲᠣᠰᠬᠠᠶᠢᠯᠠᠨ ᠰᠡᠯᠪᠢᠨ | ᠵᠠᠰᠠᠬᠤ ᠪᠡᠯᠡ ᠮᠦᠩᠭᠦ ᠶᠢ ᠦᠮᠴᠢᠲᠡᠨ ᠠᠴᠠ ᠣᠷᠣᠵᠣ ᠰᠠᠭᠤᠬᠤ ᠭᠠᠷᠳᠠᠮ ᠢ ᠭᠦᠢᠴᠡᠳᠭᠡᠬᠦ ᠳᠡᠭᠡᠨ ᠣᠷᠣᠨ | ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠦᠩᠭᠦ ᠶᠢᠨ ᠲᠤᠰᠢᠶᠠᠨ ᠬᠠᠳᠠᠭᠠᠯᠠᠭᠰᠠᠨ ᠮᠡᠳᠡᠭᠳᠡᠯ ᠤᠨ | ᠪᠢᠴᠢᠭ ᠢᠶᠠᠨ ᠠᠪᠴᠤ ᠦᠪᠡᠷ ᠢᠶᠠᠨ ᠲᠣᠬᠠᠢ ᠶᠢᠨ ᠭᠠᠵᠠᠷ ᠤᠨ ᠪᠠᠶᠢᠭᠤᠯᠤᠭᠰᠠᠨ ᠣᠷᠣᠨ ᠰᠠᠭᠤᠴᠠ ᠶᠢ ᠲᠤᠰᠬᠠᠶᠢᠯᠠᠨ | ᠰᠡᠯᠪᠢᠨ ᠵᠠᠰᠠᠬᠤ ᠪᠡᠯᠡ ᠮᠦᠩᠭᠦ ᠶᠢᠨ ᠲᠤᠰᠬᠠᠢ ᠳᠠᠩᠰᠠᠨ ᠡᠷᠦᠬᠡ ᠳᠤ ᠰᠡᠯᠪᠢᠨ ᠵᠠᠰᠠᠬᠤ ᠪᠡᠯᠡ ᠮᠦᠩᠭᠦ ᠪᠠᠨ | ᠲᠤᠰᠢᠶᠠᠨ ᠬᠠᠳᠠᠭᠠᠯᠠᠬᠤ ᠬᠡᠷᠡᠭᠲᠡᠢ᠃ ᠲᠤᠰ ᠰᠠᠨᠠᠯ ᠢ ᠳᠤᠷᠤᠭᠰᠢ ᠪᠠᠭᠤᠯᠭᠠᠭᠰᠠᠨ ᠡᠳᠦᠷ ᠠᠴᠠ ᠡᠬᠢᠯᠡᠨ᠂ ᠭᠡᠷ | ᠪᠠᠶᠢᠰᠢᠩ ᠭᠠᠵᠠᠷ ᠬᠦᠷᠦᠩᠭᠡ ᠶᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠨᠢᠭᠡᠴᠡ ᠠᠴᠠ ᠣᠷᠣᠨ | ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠦᠩᠭᠦ ᠶᠢ ᠣᠷᠣᠯᠠᠨ ᠬᠤᠷᠢᠶᠠᠵᠤ ᠪᠣᠯᠬᠤ ᠦᠭᠡᠢ᠃ | ︵ᠠᠷᠪᠠᠨ ᠭᠤᠷᠪᠠ︶ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠦᠩᠭᠦ ᠶᠢᠨ ᠬᠡᠷᠡᠭᠯᠡᠬᠦ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠠ᠃ ᠡᠯ᠎ᠡ ᠭᠠᠵᠠᠷ ᠣᠷᠣᠨ ᠨᠤᠭᠤᠳ ᠳᠦᠭᠦᠮ ᠳᠦᠳᠡ ᠪᠠᠶᠢᠯᠭᠠᠬᠤ᠂ | ᠪᠠᠴᠢᠮ ᠪᠠᠶᠢᠳᠠᠯ ᠢ ᠠᠷᠭᠠᠴᠠᠨ ᠬᠡᠷᠡᠭᠯᠡᠬᠦ ᠶᠢ ᠲᠡᠷᠢᠭᠦᠨ ᠳᠤ ᠲᠠᠯᠪᠢᠬᠤ ᠵᠠᠷᠴᠢᠮ ᠶᠤᠰᠤᠭᠠᠷ᠂ ᠣᠷᠣᠨ ᠰᠠᠭᠤᠴᠠ ᠶᠢ | ᠲᠤᠰᠬᠠᠶᠢᠯᠠᠨ ᠰᠡᠯᠪᠢᠨ ᠵᠠᠰᠠᠬᠤ ᠪᠡᠯᠡ ᠮᠦᠩᠭᠦ ᠶᠢ ᠬᠡᠷᠡᠭᠯᠡᠬᠦ ᠶᠢᠨ ᠬᠢᠨᠠᠨ ᠵᠥᠪᠰᠢᠶᠡᠷᠡᠬᠦ ᠨᠦᠬᠦᠴᠡᠯ ᠪᠠ ᠳᠡᠰ | ᠳᠠᠷᠠᠭᠠᠯᠠᠯ ᠢ ᠤᠯᠠᠮ ᠨᠢᠭᠡ ᠠᠯᠬᠤᠮ ᠳᠦᠭᠦᠮᠴᠢᠯᠡᠬᠦ ᠬᠡᠷᠡᠭᠲᠡᠢ᠃ ᠭᠡᠷ ᠤᠨ ᠣᠷᠣᠢ ᠭᠤᠭᠤᠵᠢᠬᠤ᠂ ᠬᠤᠭᠤᠯᠠᠢ | ᠭᠤᠣᠷᠰᠤ ᠪᠦᠭᠯᠡᠷᠡᠬᠦ ᠪᠣᠶᠣ ᠬᠠᠭᠠᠷᠠᠬᠤ᠂ ᠣᠷᠣᠴᠠ ᠶᠢᠨ ᠡᠭᠦᠳᠡ ᠡᠪᠳᠡᠭᠳᠡᠬᠦ᠂ ᠴᠠᠬᠢᠯᠭᠠᠨ ᠱᠠᠲᠤ ᠠᠵᠢᠯᠯᠠᠬᠤ ᠪᠠᠨ | ᠵᠣᠭᠰᠤᠬᠤ᠂ ᠭᠠᠯ ᠰᠡᠷᠭᠡᠶᠢᠯᠡᠬᠦ ᠰᠢᠰᠲ᠋ᠧᠮ ᠨᠢ ᠭᠡᠮᠲᠦᠯ ᠭᠠᠷᠬᠤ᠂ ᠭᠠᠵᠠᠷ ᠳᠣᠣᠷᠠᠬᠢ ᠲᠡᠷᠭᠡᠨ ᠤ ᠬᠦᠮᠦᠷᠭᠡ ᠳᠤ | ᠪᠣᠷᠤᠭᠠᠨ ᠤ ᠤᠰᠤ ᠭᠡᠳᠡᠷᠬᠦ ᠤᠷᠤᠰᠬᠤ ᠵᠢᠴᠢ ᠬᠦᠮᠦᠨ ᠤ ᠠᠮᠢ ᠨᠠᠰᠤᠨ ᠤ ᠠᠮᠦᠷ ᠲᠥᠪᠰᠢᠨ ᠤ ᠠᠳᠡᠯ ᠢ ᠪᠣᠢ | ᠪᠣᠯᠭᠠᠬᠤ ᠪᠣᠯᠣᠯᠴᠠᠭ᠎ᠠ ᠲᠠᠢ ᠪᠤᠰᠤᠳ ᠪᠠᠴᠢᠮ ᠰᠡᠯᠪᠢᠨ ᠵᠠᠰᠠᠬᠤ ᠵᠦᠢᠯᠡᠰ ᠢ ᠦᠮᠴᠢᠲᠠᠨ ᠤ ᠵᠦᠪᠯᠡᠯ ︵ᠦᠮᠴᠢᠲᠠᠨ ᠤ | ᠵᠦᠪᠯᠡᠯ ᠢ ᠪᠠᠶᠢᠭᠤᠯᠤᠭᠰᠠᠨ ᠦᠭᠡᠢ ᠪᠣᠯ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶ ᠢᠶᠠᠷ | ᠲᠣᠬᠠᠢ ᠶᠢᠨ ᠭᠠᠵᠠᠷ ᠲᠤᠨᠢ ᠪᠠᠶᠢᠴᠠᠭᠠᠨ ᠰᠢᠯᠭᠠᠵᠤ ᠨᠤᠲᠠᠯᠠᠭᠤᠯᠤᠭᠰᠠᠨ ᠤ ᠳᠠᠷᠠᠭ᠎ᠠ᠂ ᠭᠤᠣᠯᠴᠢᠯᠠᠨ ᠬᠠᠮᠢᠶᠠᠷᠬᠤ | ᠰᠠᠯᠠᠭ᠎ᠠ ᠮᠦᠴᠢᠷ ᠢᠶᠠᠷ ᠬᠢᠨᠠᠨ ᠬᠠᠷᠭᠤᠭᠤᠯᠵᠤ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ | ᠮᠦᠩᠭᠦ ᠶᠢ ᠬᠡᠷᠡᠭᠯᠡᠬᠦ ᠪᠠᠷ ᠰᠢᠭᠤᠳ ᠭᠤᠶᠤᠴᠢᠯᠠᠵᠤ ᠪᠣᠯᠣᠨ᠎ᠠ᠃ | ︵ᠠᠷᠪᠠᠨ ᠳᠥᠷᠪᠡ︶ ᠪᠡᠯᠡ ᠮᠦᠩᠭᠦ ᠶᠢᠨ ᠠᠮᠦᠷ ᠲᠥᠪᠰᠢᠨ ᠠᠵᠢᠯᠯᠠᠭᠠᠨ ᠢ ᠬᠢᠨᠠᠨ ᠬᠠᠮᠢᠶᠠᠷᠬᠤ | ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ ᠨᠤᠭᠤᠳ ︽ᠣᠷᠣᠨ ᠰᠠᠭᠤᠴᠠ ᠶᠢ ᠲᠤᠰᠬᠠᠶᠢᠯᠠᠨ | ᠰᠡᠯᠪᠢᠨ ᠵᠠᠰᠠᠬᠤ ᠪᠡᠯᠡ ᠮᠦᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠢ ᠴᠢᠩᠭ᠎ᠠ ᠵᠢᠷᠤᠮᠯᠡᠨ᠂ | ᠰᠠᠭᠤᠭ᠎ᠠ ᠭᠠᠵᠠᠷ ᠤᠨ ᠢᠶᠠᠨ ᠨᠢᠭᠡ ᠬᠤᠳᠠᠯᠳᠤᠭᠠᠨ ᠤ ᠪᠠᠩᠭᠢ ᠳᠤ ᠨᠠᠶᠢᠳᠠᠵᠤ᠂ ᠲᠤᠰ ᠵᠠᠰᠠᠭ ᠵᠠᠬᠢᠷᠭᠠᠨ ᠤ ᠣᠷᠣᠨ ᠤ | ᠬᠡᠪᠴᠢᠶᠡᠨ ᠳᠤᠲᠤᠷᠠᠬᠢ ᠰᠡᠯᠪᠢᠨ ᠵᠠᠰᠠᠬᠤ ᠪᠡᠯᠡ ᠮᠦᠩᠭᠦ ᠶᠢᠨ ᠲᠤᠰᠬᠠᠢ ᠳᠠᠩᠰᠠᠨ ᠡᠷᠦᠬᠡ ᠶᠢᠨ ᠬᠠᠮᠢᠶᠠᠷᠤᠯᠲᠠ ᠶᠢᠨ | ᠪᠠᠩᠭᠢ ᠪᠣᠯᠭᠠᠬᠤ ᠶᠢᠨ ᠬᠠᠮᠲᠤ᠂ ᠲᠤᠰᠬᠠᠢ ᠳᠠᠩᠰᠠᠨ ᠡᠷᠦᠬᠡ ᠶᠢᠨ ᠬᠠᠮᠢᠶᠠᠷᠤᠯᠲᠠ ᠶᠢᠨ ᠪᠠᠩᠭᠢ ᠳᠤ ᠰᠡᠯᠪᠢᠨ ᠵᠠᠰᠠᠬᠤ | ᠪᠡᠯᠡ ᠮᠦᠩᠭᠦ ᠶᠢᠨ ᠲᠤᠰᠬᠠᠢ ᠳᠠᠩᠰᠠᠨ ᠡᠷᠦᠬᠡ ᠶᠢ ᠨᠡᠬᠡᠬᠡᠨ ᠪᠠᠶᠢᠭᠤᠯᠬᠤ ᠶᠢᠨ ᠳᠠᠭᠠᠤ᠂ ᠠᠳᠠᠯ ᠠᠬᠤᠢ ᠶᠢᠨ | ᠬᠠᠮᠢᠶᠠᠷᠤᠯᠲᠠ ᠶᠢᠨ ᠣᠷᠣᠨ ᠪᠣᠶᠣ ᠪᠦᠬᠦᠯᠢ ᠬᠦᠷᠢᠶᠡᠨ ᠤ ᠠᠰᠠᠷ ᠢᠶᠠᠷ ᠨᠢᠭᠡᠴᠢ ᠪᠣᠯᠭᠠᠨ ᠳᠠᠩᠰᠠᠨ ᠡᠷᠦᠬᠡ | ᠪᠠᠶᠢᠭᠤᠯᠵᠤ᠂ ᠭᠡᠷ ᠪᠠᠶᠢᠰᠢᠩ ᠤᠨ ᠡᠭᠦᠳᠡᠨ ᠨᠤᠮᠧᠷ ᠢᠶᠠᠷ ᠰᠠᠯᠪᠤᠷᠢ ᠳᠠᠩᠰᠠᠨ ᠡᠷᠦᠬᠡ ᠪᠠᠶᠢᠭᠤᠯᠬᠤ ᠬᠡᠷᠡᠭᠲᠡᠢ᠃ | ᠣᠷᠣᠨ ᠰᠠᠭᠤᠴᠠ ᠶᠢᠨ ᠲᠤᠰᠬᠠᠢᠢᠯᠠᠨ ᠰᠡᠯᠪᠢᠨ ᠵᠠᠰᠬᠠᠤ ᠪᠡᠯᠡ ᠮᠦᠩᠭᠦ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ | ᠪᠠ ᠨᠢᠭᠲᠠᠯᠠᠨ ᠪᠤᠳᠤᠵᠤ ᠲᠣᠭᠠᠴᠠᠭ᠎ᠠ ᠬᠢᠬᠦ ᠳᠦᠷᠢᠮ ᠢ ᠲᠡᠭᠦᠯᠳᠡᠷᠵᠢᠭᠦᠯᠵᠦ᠂ ᠡᠳ᠋ ᠤᠨ ᠶᠠᠪᠤᠳᠠᠯ ᠪᠣᠯᠣᠨ ᠨᠢᠭᠲᠠᠯᠠᠨ | ᠪᠤᠳᠤᠵᠤ ᠲᠣᠭᠠᠴᠠᠭ᠎ᠠ ᠬᠢᠬᠦ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ | ᠲᠤᠰᠬᠠᠢ ᠠᠵᠢᠯᠲᠠᠨ ᠲᠣᠬᠢᠷᠠᠭᠤᠯᠵᠤ᠂ ᠣᠷᠣᠨ ᠰᠠᠭᠤᠴᠠ ᠶᠢᠨ ᠲᠤᠰᠬᠠᠶᠢᠯᠠᠨ ᠰᠡᠯᠪᠢᠨ ᠵᠠᠰᠠᠬᠤ ᠪᠡᠯᠡ ᠮᠦᠩᠭᠦ ᠶᠢ | ᠳᠠᠩᠰᠠᠨ ᠳᠤ ᠲᠤᠰᠠᠭᠠᠷ ᠲᠡᠮᠲᠡᠭᠯᠡᠬᠦ ᠶᠢ ᠪᠡᠶᠡᠯᠡᠭᠦᠯᠦᠨ᠂ ᠡᠳ᠋ ᠤᠨ ᠶᠠᠪᠤᠳᠠᠯ ᠤᠨ ᠳᠦᠷᠢᠮ ᠢ ᠪᠦᠷᠢᠨ ᠲᠡᠭᠦᠯᠳᠡᠷ | ᠪᠠᠶᠢᠯᠭᠠᠵᠤ᠂ ᠳᠠᠩᠰᠠ ᠲᠡᠮᠲᠡᠭᠯᠡᠬᠦ ᠲᠦᠷᠦᠯ᠂ ᠳᠠᠩᠰᠠ ᠳ᠋ᠦᠩᠨᠡᠨ ᠪᠤᠳᠤᠬᠤ᠂ ᠲᠣᠭᠠᠴᠠᠭ᠎ᠠ ᠬᠢᠬᠦ ᠶᠢ ᠵᠢᠷᠤᠮᠵᠢᠭᠤᠯᠤᠨ | ᠵᠦᠢ ᠵᠣᠬᠢᠰᠲᠠᠢ ᠪᠠᠶᠢᠯᠭᠠᠬᠤ ᠬᠡᠷᠡᠭᠲᠡᠢ᠃ ᠣᠷᠣᠨ ᠰᠠᠭᠤᠴᠠ ᠶᠢᠨ ᠲᠤᠰᠬᠠᠶᠢᠯᠠᠨ ᠰᠡᠯᠪᠢᠨ ᠵᠠᠰᠠᠬᠤ ᠪᠡᠯᠡ ᠮᠦᠩᠭᠦ ᠶᠢ | ᠲᠤᠰᠢᠶᠠᠨ ᠬᠠᠳᠠᠭᠠᠯᠠᠬᠤ᠂ ᠬᠡᠷᠡᠭᠯᠡᠬᠦ ᠪᠠ ᠬᠠᠮᠢᠶᠠᠷᠬᠤ ᠶᠢᠨ ᠡᠳᠦᠷ ᠲᠤᠳᠤᠮ ᠤᠨ ᠬᠢᠨᠠᠯᠲᠠ ᠪᠠᠶᠢᠴᠠᠭᠠᠯᠲᠠ ᠶᠢ | ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠤᠳᠤᠬᠤ ᠳᠦᠷᠢᠮ ᠢ ᠪᠠᠶᠢᠭᠤᠯᠤᠨ᠂ ᠶᠠᠮᠠᠷᠪᠠ ᠨᠢᠭᠡᠴᠡ | ᠪᠠ ᠬᠤᠪᠢ ᠬᠦᠮᠦᠨ ᠬᠡᠳ ᠣᠷᠣᠨ ᠰᠠᠭᠤᠴᠠ ᠶᠢᠨ ᠲᠤᠰᠬᠠᠶᠢᠯᠠᠨ ᠰᠡᠯᠪᠢᠨ ᠵᠠᠰᠠᠬᠤ ᠪᠡᠯᠡ ᠮᠦᠩᠭᠦ ᠶᠢ | ᠲᠣᠭᠲᠠᠭᠠᠯ ᠠᠴᠠ ᠵᠦᠷᠢᠴᠡᠨ ᠬᠡᠷᠡᠭᠯᠡᠬᠦ ᠪᠣᠶᠣ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ ᠶᠢ ᠴᠢᠩᠭ᠎ᠠ ᠴᠠᠭᠠᠵᠠᠯᠠᠬᠤ | ᠬᠡᠷᠡᠭᠲᠡᠢ᠃ | ᠡᠯ᠎ᠡ ᠭᠠᠵᠠᠷ ᠣᠷᠣᠨ ᠤ ᠣᠷᠣᠨ ᠰᠠᠭᠤᠴᠠ ᠶᠢᠨ ᠲᠤᠰᠬᠠᠶᠢᠯᠠᠨ ᠰᠡᠯᠪᠢᠨ ᠵᠠᠰᠠᠬᠤ ᠪᠡᠯᠡ ᠮᠦᠩᠭᠦ ᠶᠢ ᠰᠢᠬᠠᠨ | ᠡᠵᠡᠯᠡᠵᠦ ᠨᠡᠭᠦᠯᠭᠡᠨ ᠬᠡᠷᠡᠭᠯᠡᠭᠰᠡᠨ ᠪᠠᠶᠢᠪᠠᠯ᠂ 2015 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ | ᠡᠮᠦᠨ᠎ᠡ ᠪᠦᠬᠦᠨ ᠢ ᠪᠤᠴᠠᠭᠠᠬᠤ ᠬᠡᠷᠡᠭᠲᠡᠢ᠂ ᠲᠣᠭᠲᠠᠭᠰᠠᠨ ᠬᠤᠭᠤᠴᠠᠭ᠎ᠠ ᠶᠤᠰᠤᠭᠠᠷ ᠪᠤᠴᠠᠭᠠᠭᠰᠠᠨ ᠦᠭᠡᠢ ᠭᠠᠵᠠᠷ | ᠣᠷᠣᠨ ᠢ ᠦᠪᠡᠷᠲᠡᠭᠡᠨ ᠵᠠᠰᠬᠠᠤ ᠣᠷᠣᠨ ᠠᠴᠠ ᠪᠤᠯᠵᠤᠨ ᠶᠠᠷᠢᠯᠴᠠᠬᠤ ᠪᠠ ᠬᠠᠷᠢᠭᠤᠴᠠᠯᠭ᠎ᠠ ᠬᠡᠯᠡᠯᠴᠡᠨ᠎ᠡ᠃ ᠣᠷᠣᠨ | ᠰᠠᠭᠤᠴᠠ ᠶᠢᠨ ᠲᠤᠰᠬᠠᠶᠢᠯᠠᠨ ᠰᠡᠯᠪᠢᠨ ᠵᠠᠰᠠᠬᠤ ᠪᠡᠯᠡ ᠮᠦᠩᠭᠦ ᠶᠢ ᠲᠤᠰᠢᠶᠠᠨ ᠬᠠᠳᠠᠭᠠᠯᠠᠬᠤ᠂ ᠬᠡᠷᠡᠭᠯᠡᠬᠦ ᠪᠠ | ᠬᠠᠮᠢᠶᠠᠷᠬᠤ ᠶᠢᠨ ᠡᠳᠦᠷ ᠲᠤᠳᠤᠮ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠲᠣᠭᠲᠠᠮᠠᠯ | ᠬᠤᠭᠤᠴᠠᠭ᠎ᠠ ᠲᠠᠢ ᠪᠠᠷ ᠬᠢᠨᠠᠨ ᠪᠤᠳᠤᠬᠤ ᠳᠦᠷᠢᠮ ᠢ ᠪᠠᠶᠢᠭᠤᠯᠤᠨ᠂ ᠶᠠᠮᠠᠷᠪᠠ ᠨᠢᠭᠡᠴᠡ ᠪᠠ ᠬᠤᠪᠢ ᠬᠦᠮᠦᠨ ᠬᠡᠳ | ᠣᠷᠣᠨ ᠰᠠᠭᠤᠴᠠ ᠶᠢᠨ ᠲᠤᠰᠬᠠᠶᠢᠯᠠᠨ ᠰᠡᠯᠪᠢᠨ ᠵᠠᠰᠠᠬᠤ ᠪᠡᠯᠡ ᠮᠦᠩᠭᠦ ᠶᠢ ᠲᠣᠭᠲᠠᠭᠠᠯ ᠠᠴᠠ ᠵᠦᠷᠢᠴᠡᠨ ᠬᠡᠷᠡᠭᠯᠡᠬᠦ | ᠪᠣᠶᠣ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ | ᠭᠡᠷ ᠪᠠᠶᠢᠰᠢᠩ ᠭᠠᠵᠠᠷ ᠬᠦᠷᠦᠩᠭᠡ ᠶᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠨᠢᠭᠡᠴᠡ ᠶᠢᠨ ᠣᠷᠣᠨ | ᠰᠠᠭᠤᠴᠠ ᠶᠢᠨ ᠲᠤᠰᠬᠠᠶᠢᠯᠠᠨ ᠰᠡᠯᠪᠢᠨ ᠵᠠᠰᠠᠬᠤ ᠪᠡᠯᠡ ᠮᠦᠩᠭᠦ ᠶᠢ ᠣᠷᠣᠯᠠᠨ ᠬᠤᠷᠢᠶᠠᠭᠰᠠᠨ ᠪᠠᠶᠢᠳᠠᠯ ᠢ ᠪᠦᠬᠦ | ᠲᠠᠯ᠎ᠠ ᠪᠠᠷ ᠢᠯᠭᠠᠷᠠᠭᠤᠯᠵᠤ᠂ ᠣᠷᠣᠰᠢᠵᠣ ᠪᠠᠶᠢᠭ᠎ᠠ ᠲᠤᠰᠢᠶᠠᠭᠠᠳᠤᠢ ᠪᠣᠶᠣ ᠨᠡᠭᠦᠯᠭᠡᠨ ᠬᠡᠷᠡᠭᠯᠡᠭᠰᠡᠨ ᠵᠡᠷᠭᠡ ᠭᠡᠷ | ᠪᠠᠶᠢᠰᠢᠩ ᠬᠤᠳᠠᠯᠳᠤᠨ ᠠᠪᠤᠭᠴᠢ ᠶᠢᠨ ᠡᠷᠬᠡ ᠠᠰᠢᠭ ᠢ ᠬᠤᠬᠢᠷᠠᠭᠤᠯᠬᠤ ᠠᠰᠠᠭᠤᠳᠠᠯ ᠢ ᠠᠷᠭ᠎ᠠ ᠭᠠᠷᠭᠠᠵᠤ | ᠬᠤᠭᠤᠴᠠᠭ᠎ᠠ ᠬᠢᠵᠠᠭᠠᠷᠯᠠᠨ ᠰᠢᠢᠳᠪᠦᠷᠢᠯᠡᠵᠦ᠂ ᠣᠷᠣᠨ ᠰᠠᠭᠤᠴᠠ ᠶᠢᠨ ᠲᠤᠰᠬᠠᠶᠢᠯᠠᠨ ᠰᠡᠯᠪᠢᠨ ᠵᠠᠰᠬᠠᠤ ᠪᠡᠯᠡ | ᠮᠦᠩᠭᠦ ᠶᠢᠨ ᠬᠤᠷᠢᠶᠠᠨ ᠠᠪᠴᠤ ᠲᠤᠰᠢᠶᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠡᠯᠡ ᠮᠦᠩᠭᠦ ᠶᠢᠨ | ᠠᠮᠤᠷ ᠲᠦᠪᠰᠢᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ | ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠣᠷᠣᠨ ᠰᠠᠭᠤᠴᠠ ᠶᠢ ᠲᠤᠰᠬᠠᠶᠢᠯᠠᠨ | ᠰᠡᠯᠪᠢᠨ ᠵᠠᠰᠠᠬᠤ ᠪᠡᠯᠡ ᠮᠦᠩᠭᠦ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠲᠦᠷᠭᠡᠳᠭᠡᠨ ᠨᠡᠭᠡᠭᠡᠨ | ᠬᠥᠭᠵᠢᠭᠦᠯᠵᠦ᠂ ᠪᠦᠬᠦ ᠣᠷᠣᠨ ᠤ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠦᠩᠭᠦ ᠶᠢᠨ | ᠮᠡᠳᠡᠭᠡ ᠵᠠᠩᠬᠢᠵᠢᠭᠤᠯᠤᠨ ᠬᠠᠮᠢᠶᠠᠷᠬᠤ ᠠᠷᠭ᠎ᠠ ᠪᠠᠷᠢᠯ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠣᠷᠣᠨ ᠰᠠᠭᠤᠴᠠ ᠶᠢ | ᠲᠤᠰᠬᠠᠶᠢᠯᠠᠨ ᠰᠡᠯᠪᠢᠨ ᠵᠠᠰᠠᠬᠤ ᠪᠡᠯᠡ ᠮᠦᠩᠭᠦ ᠶᠢᠨ ᠬᠡᠷᠡᠭᠯᠡᠯᠲᠡ ᠶᠢ ᠵᠢᠷᠤᠮᠵᠢᠭᠤᠯᠵᠤ᠂ ᠣᠷᠣᠨ ᠰᠠᠭᠤᠴᠠ ᠶᠢ | ᠲᠤᠰᠬᠠᠶᠢᠯᠠᠨ ᠰᠡᠯᠪᠢᠨ ᠵᠠᠰᠠᠬᠤ ᠪᠡᠯᠡ ᠮᠦᠩᠭᠦ ᠶᠢᠨ ᠬᠡᠷᠡᠭᠯᠡᠯᠲᠡ ᠳᠤ ᠬᠢᠨᠠᠨ ᠬᠠᠮᠢᠶᠠᠷᠬᠤ ᠡᠷᠴᠢᠮ ᠢᠶᠠᠨ | ᠴᠢᠩᠭᠠᠷᠠᠭᠤᠯᠵᠤ᠂ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠦᠩᠭᠦ ᠶᠢᠨ ᠬᠡᠷᠡᠭᠯᠡᠯᠲᠡ ᠶᠢ ᠢᠯᠡ | ᠪᠣᠯᠭᠠᠬᠤ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ | ᠲᠠᠪᠤ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠪᠣᠵᠠᠭᠠᠶᠢᠷᠠᠭᠤᠯᠤᠨ | ᠬᠦᠴᠦᠷᠭᠡᠭᠵᠢᠭᠦᠯᠦᠨ᠎ᠡ | ︵ᠠᠷᠪᠠᠨ ᠲᠠᠪᠤ︶ ᠠᠳᠠᠯ ᠠᠬᠤᠢ ᠶᠢᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠥᠷᠭᠡᠳᠭᠡᠨ᠎ᠡ᠃ ᠠᠳᠠᠯ | ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠳᠡᠮᠵᠢᠬᠦ ᠪᠠ ᠬᠦᠲᠦᠯᠦᠨ ᠵᠢᠯᠤᠭᠤᠳᠴᠤ ᠪᠠᠶᠢᠭᠠᠳ ᠳᠠᠩ | ᠭᠠᠭᠴᠠ ᠣᠷᠣᠨ ᠰᠠᠭᠤᠴᠠ ᠶᠢᠨ ᠠᠳᠠᠯ ᠠᠬᠤᠢ ᠶᠢᠨ ᠦᠢᠯᠡᠴᠢᠯᠡᠭᠡᠨ ᠢ ᠡᠷᠬᠢᠯᠡᠵᠦ ᠪᠠᠶᠢᠭᠰᠠᠨ ᠠᠴᠠ ᠨᠢ ᠠᠯᠪᠠᠨ | ᠠᠰᠠᠷ᠂ ᠠᠵᠤ ᠦᠢᠯᠡᠳᠪᠦᠷᠢ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠬᠤᠳᠠᠯᠳᠤᠭᠠᠨ ᠤ ᠲᠠᠯᠠᠪᠤᠷ᠂ ᠬᠤᠲᠠ ᠶᠢᠨ | ᠶᠠᠪᠤᠳᠠᠯ ᠤᠨ ᠪᠡᠯᠡᠳᠭᠡᠮᠵᠢ᠂ ᠬᠤᠲᠠ ᠶᠢᠨ ᠶᠡᠷᠦᠩᠬᠡᠢ ᠴᠣᠭᠴᠠ ᠵᠡᠷᠭᠡ ᠣᠯᠠᠨ ᠵᠦᠢᠯ ᠤᠨ ᠠᠳᠠᠯ ᠠᠬᠤᠢ ᠶᠢᠨ | ᠦᠢᠯᠡᠴᠢᠯᠡᠭᠡ ᠲᠡᠰᠢ ᠲᠦᠷᠭᠡᠳᠭᠡᠨ ᠥᠷᠭᠡᠳᠭᠡᠵᠦ᠂ ᠪᠠᠶᠢᠭᠤᠯᠵᠤ ᠲᠤᠰᠢᠶᠠᠨ ᠬᠡᠷᠡᠭᠯᠡᠭᠦᠯᠦᠭᠰᠡᠨ ᠤ ᠳᠠᠷᠠᠭᠠᠬᠢ | ᠪᠠᠷᠢᠯᠭ᠎ᠠ ᠶᠢᠨ ᠬᠠᠮᠢᠶᠠᠷᠤᠯᠲᠠ ᠶᠢ ᠬᠢᠵᠦ ᠪᠠᠶᠢᠭᠰᠠᠨ ᠠᠴᠠ ᠨᠢ ᠠᠳᠠᠯ ᠠᠬᠤᠢ ᠶᠢᠨ ᠪᠦᠬᠦ ᠶᠠᠪᠤᠴᠠ ᠶᠢ ᠬᠠᠮᠢᠶᠠᠷᠬᠤ ᠪᠠ | ᠣᠷᠣᠰᠢᠨ ᠰᠠᠭᠤᠭᠴᠢ ᠳᠤ ᠰᠠᠭᠤᠷᠢ ᠠᠳᠠᠯ ᠠᠬᠤᠢ ᠶᠢᠨ ᠦᠢᠯᠡᠴᠢᠯᠡᠭᠡ᠂ ᠭᠡᠷ ᠤᠨ ᠶᠠᠪᠤᠳᠠᠯ ᠤᠨ ᠦᠢᠯᠡᠴᠢᠯᠡᠭᠡ᠂ | ᠨᠠᠰᠤᠲᠠᠨ ᠢ ᠠᠰᠠᠷᠠᠬᠤ ᠦᠢᠯᠡᠴᠢᠯᠡᠭᠡ᠂ ᠡᠯᠧᠺᠲᠷᠣᠨ ᠮᠡᠳᠡᠭᠡ ᠵᠠᠩᠭᠢ ᠶᠢᠨ ᠦᠢᠯᠡᠴᠢᠯᠡᠭᠡ᠂ ᠡᠳ᠋ ᠤᠨ ᠶᠠᠪᠤᠳᠠᠯ ᠢ | ᠬᠠᠮᠢᠶᠠᠷᠬᠤ ᠦᠢᠯᠡᠴᠢᠯᠡᠭᠡ ᠵᠡᠷᠭᠡ ᠶᠢ ᠪᠠᠭᠲᠠᠭᠠᠭᠰᠠᠨ ᠪᠦᠬᠦ ᠲᠠᠯ᠎ᠠ ᠶᠢᠨ ᠦᠢᠯᠡᠴᠢᠯᠡᠭᠡ ᠬᠠᠩᠭᠠᠬᠤ ᠲᠡᠰᠢ | ᠥᠷᠭᠡᠳᠭᠡᠵᠦ᠂ ᠪᠦᠷᠢᠨ ᠳᠦᠬᠦᠷ ᠣᠳᠣ ᠦᠶ᠎ᠡ ᠶᠢᠨ ᠠᠳᠠᠯ ᠠᠬᠤᠢ ᠶᠢᠨ ᠦᠢᠯᠡᠴᠢᠯᠡᠭᠡᠨ ᠤ ᠰᠢᠰᠲ᠋ᠧᠮᠵᠢ ᠶᠢ | ᠲᠦᠷᠭᠡᠳᠭᠡᠨ ᠪᠣᠢ ᠪᠣᠯᠭᠠᠨ᠎ᠠ᠃ | ︵ᠠᠷᠪᠠᠨ ᠵᠢᠷᠭᠤᠭ᠎ᠠ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠳᠦᠭᠦᠮᠴᠢᠯᠡᠨ᠎ᠡ᠃ | ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠢᠷᠢ ᠴᠢᠳᠠᠮᠵᠢ ᠶᠢᠨ ᠦᠨᠡᠮᠯᠡᠯ ᠰᠣᠯᠢᠬᠤ᠂ | ᠬᠤᠪᠢᠷᠠᠭᠤᠯᠬᠤ᠂ ᠨᠦᠬᠦᠪᠦᠷᠢᠯᠡᠬᠦ ᠵᠢᠴᠢ ᠭᠠᠳᠠᠨ᠎ᠠ ᠭᠠᠵᠠᠷ ᠪᠦᠷᠢᠳᠭᠡᠨ ᠳᠠᠩᠰᠠᠯᠠᠵᠤ ᠲᠡᠮᠲᠡᠭᠯᠡᠬᠦ ᠵᠡᠷᠭᠡ | ᠲᠣᠬᠠᠶᠢᠯᠠᠭᠰᠠᠨ ᠠᠵᠢᠯ ᠢ ᠭᠦᠢᠴᠡᠳᠭᠡᠬᠦ ᠳᠤ ᠡᠯ᠎ᠡ ᠱᠠᠲᠤᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠰᠠᠭᠠᠳ | ᠦᠭᠡᠢ ᠨᠡᠪᠲᠡᠷᠡᠬᠦ ᠵᠠᠮ ᠢ ᠨᠡᠭᠡᠭᠡᠨ ᠥᠭᠴᠦ᠂ ᠬᠢᠨᠠᠨ ᠵᠥᠪᠰᠢᠶᠡᠷᠡᠬᠦ ᠭᠠᠷᠳᠠᠮ ᠢ ᠳᠦᠭᠦᠮᠴᠢᠯᠡᠨ᠂ ᠭᠦᠢᠴᠡᠳᠭᠡᠬᠦ ᠴᠠᠭ | ᠬᠤᠭᠤᠴᠠᠭ᠎ᠠ ᠶᠢ ᠪᠣᠭᠤᠨᠢᠰᠬᠠᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ | ︵ᠠᠷᠪᠠᠨ ᠳᠤᠯᠤᠭ᠎ᠠ︶ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠵᠣᠷᠢᠬᠵᠢᠭᠤᠯᠤᠨ | ᠲᠡᠳᠭᠦᠵᠦ ᠪᠠᠶᠢᠭᠠᠳ ᠬᠦᠭᠵᠢᠬᠦᠯᠵᠦ ᠪᠣᠵᠠᠭᠠᠶᠢᠷᠠᠭᠤᠯᠤᠨ᠎ᠠ᠃ ᠠᠳᠠᠯ ᠠᠬᠤᠢ ᠶᠢᠨ ᠦᠢᠯᠡᠴᠢᠯᠡᠭᠡᠨ ᠤ ᠨᠢᠷᠤᠭᠤᠪᠴᠢ | ᠠᠵᠤ ᠠᠬᠤᠶᠢᠯᠠᠯ ᠤᠳ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠨᠢ 10 ᠲᠦᠮᠡᠨ ᠲᠡᠭᠰᠢ ᠳᠦᠷᠪᠡᠯᠵᠢᠨ | ᠮᠧᠲᠷ ᠠᠴᠠ ᠳᠡᠭᠡᠭᠰᠢᠬᠢ ᠠᠳᠠᠯ ᠠᠬᠤᠢ ᠶᠢᠨ ᠲᠦᠷᠦᠯ ᠵᠦᠢᠯ ᠤᠨ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ | ᠬᠦᠯᠢᠶᠡᠬᠦ ᠳᠤ ᠣᠷᠣᠯᠴᠠᠪᠠᠯ᠂ ᠵᠣᠬᠢᠰᠲᠠᠢ ᠪᠠᠷ ᠬᠤᠪᠢ ᠨᠡᠮᠡᠬᠦ ᠲᠥᠷᠥ ᠶᠢᠨ ᠪᠣᠳᠣᠯᠭ᠎ᠠ ᠶᠢᠨ ᠵᠣᠷᠢᠬᠵᠢᠭᠤᠯᠤᠯ ᠢ | ᠣᠯᠭᠤᠬᠤ ᠶᠢᠨ ᠬᠠᠮᠲᠤ᠂ ᠲᠡᠭᠦᠨ ᠤ ᠳᠠᠭᠠᠭᠠᠨ ᠠᠪᠤᠭᠰᠠᠨ ᠲᠦᠷᠦᠯ ᠵᠦᠢᠯ ᠳᠤ 50% ᠶᠢᠨ ᠢᠲᠡᠭᠡᠮᠵᠢ ᠶᠢᠨ | ᠪᠠᠲᠤᠯᠠᠭᠠᠲᠤ ᠮᠦᠩᠭᠦ ᠶᠢ ᠬᠠᠰᠤᠵᠤ ᠬᠡᠯᠲᠦᠷᠢᠭᠦᠯᠦᠨ᠎ᠡ᠃ ᠡᠳ᠋ ᠤᠨ ᠵᠠᠰᠠᠭ ᠠᠴᠠ ᠪᠡᠯᠡ ᠣᠷᠣᠭᠤᠯᠵᠤ ᠪᠦᠲᠦᠭᠡᠨ | ᠪᠠᠶᠢᠭᠤᠯᠤᠭᠰᠠᠨ ᠣᠯᠠᠨ ᠨᠡᠶᠢᠲᠡ ᠶᠢᠨ ᠲᠠᠯᠠᠪᠤᠷ ᠵᠢᠴᠢ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ ᠠᠷᠭ᠎ᠠ | ᠮᠠᠶ᠋ᠢᠭ ᠢᠶᠠᠷ ᠳᠠᠮᠵᠢᠵᠤ ᠠᠳᠠᠯ ᠠᠬᠤᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ ᠪᠦᠬᠦᠢ ᠪᠠᠶᠢᠭᠤᠯᠭ᠎ᠠ ᠠᠵᠢᠯ | ᠦᠢᠯᠡᠰ ᠤᠨ ᠨᠢᠭᠡᠴᠡ ᠶᠢᠨ ᠠᠵᠢᠯᠯᠠᠬᠤ ᠲᠠᠯᠠᠪᠠᠢ ᠭᠠᠵᠠᠷ ᠢ ᠵᠠᠷᠴᠢᠮ ᠳᠡᠭᠡᠷ᠎ᠡ ᠪᠠᠨ ᠠᠳᠠᠯ ᠠᠬᠤᠢ ᠶᠢᠨ | ᠦᠢᠯᠡᠴᠢᠯᠡᠭᠡᠨ ᠤ ᠨᠢᠷᠤᠭᠤᠪᠴᠢ ᠠᠵᠤ ᠠᠬᠤᠶᠢᠯᠠᠯ ᠳᠣᠲᠤᠷ᠎ᠠ ᠠᠴᠠ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ | ᠬᠦᠯᠢᠶᠡᠵᠦ ᠪᠣᠢ ᠪᠣᠯᠭᠠᠨ᠎ᠠ︔ ᠵᠠᠰᠠᠭ ᠤᠨ ᠣᠷᠳᠤᠨ ᠠᠴᠠ ᠵᠣᠬᠢᠶᠠᠨ ᠪᠠᠶᠢᠭᠤᠯᠤᠨ ᠨᠡᠭᠡᠭᠡᠨ ᠬᠥᠭᠵᠢᠭᠦᠯᠵᠦ ᠪᠦᠲᠦᠭᠡᠨ | ᠪᠠᠶᠢᠭᠤᠯᠤᠭᠰᠠᠨ ᠨᠡᠶᠢᠲᠡ ᠶᠢᠨ ᠳᠦᠷᠢᠶᠡᠰᠦᠨ ᠬᠡᠷ ᠪᠠᠶᠢᠰᠢᠩ᠂ ᠳᠦᠭᠦᠮ ᠪᠦᠲᠦᠭᠦᠯᠢᠭ ᠣᠷᠣᠨ ᠰᠠᠭᠤᠴᠠᠲᠤ | ᠲᠣᠭᠤᠷᠢᠭ ᠢ ᠰᠢᠨᠡᠳᠭᠡᠬᠦ ᠲᠦᠷᠦᠯ ᠵᠦᠢᠯ ᠵᠡᠷᠭᠡ ᠳᠤ ᠠᠳᠠᠯ ᠠᠬᠤᠢ ᠶᠢᠨ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ | ᠬᠦᠯᠢᠶᠡᠬᠦ ᠳᠡᠭᠡᠨ ᠠᠳᠠᠯᠢ ᠨᠦᠬᠦᠴᠡᠯ ᠤᠨ ᠳᠣᠣᠷ᠎ᠠ ᠠᠳᠠᠯ ᠠᠬᠤᠢ ᠶᠢᠨ ᠦᠢᠯᠡᠴᠢᠯᠡᠭᠡᠨ ᠤ ᠨᠢᠷᠤᠭᠤᠪᠴᠢ ᠠᠵᠤ | ᠠᠬᠤᠶᠢᠯᠠᠯ ᠢ ᠤᠷᠢᠳᠠᠪᠠᠷ ᠪᠤᠳᠤᠯᠬᠢᠯᠠᠨ᠎ᠠ᠃ ᠠᠳᠠᠯ ᠠᠬᠤᠢ ᠶᠢᠨ ᠦᠢᠯᠡᠴᠢᠯᠡᠭᠡᠨ ᠤ ᠨᠢᠷᠤᠭᠤᠪᠴᠢ ᠠᠵᠤ ᠠᠬᠤᠶᠢᠯᠠᠯ ᠢ | ᠲᠣᠬᠠᠢ ᠶᠢᠨ ᠭᠠᠵᠠᠷ ᠣᠷᠣᠨ ᠠᠴᠠ ᠠᠳᠠᠯ ᠠᠬᠤᠢ ᠶᠢᠨ ᠦᠢᠯᠡᠴᠢᠯᠡᠭᠡᠨ ᠤ ᠬᠡᠪᠴᠢᠶ᠎ᠡ᠂ ᠢᠲᠡᠭᠡᠯ ᠬᠦᠨᠳᠦ᠂ ᠬᠠᠤᠯᠢ | ᠴᠠᠭᠠᠵᠠ ᠰᠠᠬᠢᠯᠭ᠎ᠠ ᠪᠠᠲᠤ ᠶᠢ ᠵᠦᠷᠢᠴᠡᠭᠰᠡᠨ ᠦᠢᠯᠡ ᠠᠵᠢᠯᠯᠠᠭ᠎ᠠ ᠪᠠᠶᠢᠬᠤ ᠡᠰᠡᠬᠦ ᠵᠡᠷᠭᠡ ᠠᠭᠤᠯᠭ᠎ᠠ ᠪᠠᠷ | ᠶᠡᠷᠦᠩᠬᠡᠶᠢᠯᠡᠨ ᠲᠣᠭᠲᠠᠭᠠᠨ᠎ᠠ᠃ | ᠳᠤᠮᠳᠠᠳᠤ ᠤᠯᠤᠰ ᠤᠨ ᠨᠡᠷ᠎ᠠ ᠠᠯᠳᠠᠷᠰᠢᠬᠰᠠᠨ ᠲᠠᠸᠠᠷ ᠤᠨ ᠲᠡᠮᠲᠡᠭ ᠲᠠᠢ᠂ ᠦᠪᠡᠷᠲᠡᠭᠡᠨ ᠵᠠᠰᠠᠬᠤ ᠣᠷᠣᠨ ᠤ | ᠨᠡᠷᠡᠲᠦ ᠲᠠᠸᠠᠷ ᠤᠨ ᠲᠡᠮᠲᠡᠭ ᠪᠠ ᠳᠤᠮᠳᠠᠳᠤ ᠶᠢᠨ ᠨᠡᠷᠡᠲᠦ ᠬᠠᠭᠤᠴᠢᠨ ᠦᠰᠦᠭ ᠲᠠᠢ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠶᠢᠯᠠᠯ ᠵᠢᠴᠢ ᠤᠯᠤᠰ ᠪᠠ ᠦᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ | ᠦᠢᠯᠡᠰ ᠤᠨ ᠪᠠᠷᠢᠮᠵᠢᠶᠠᠵᠢᠭᠤᠯᠤᠭᠰᠠᠨ ᠲᠣᠷᠰᠢᠯᠲᠠ ᠶᠢᠨ ᠴᠢᠬ ︵ᠵᠢᠱᠢᠶ᠎ᠡ ᠦᠵᠡᠭᠦᠯᠬᠦ︶ ᠤᠨ ᠲᠦᠷᠦᠯ ᠵᠦᠢᠯ ᠢ | ᠣᠯᠣᠭᠰᠠᠨ ᠠᠵᠤ ᠠᠬᠤᠶᠢᠯᠠᠯ ᠳᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠭᠡᠬᠦ ᠦᠪᠡᠷᠲᠡᠭᠡᠨ | ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠤᠳ ᠤᠨ ᠶᠤᠰᠤᠭᠠᠷ ᠱᠠᠩᠨᠠᠯ ᠣᠯᠭᠤᠬᠤ ᠠᠴᠠ | ᠭᠠᠳᠠᠨ᠎ᠠ᠂ ᠠᠳᠠᠯ ᠠᠬᠤᠢ ᠶᠢᠨ ᠲᠦᠷᠦᠯ ᠵᠦᠢᠯ ᠤᠨ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ᠂ | ᠢᠲᠡᠭᠡᠮᠵᠢ ᠶᠢᠨ ᠳᠡᠰ ᠢ ᠦᠨᠡᠯᠡᠨ ᠲᠣᠭᠲᠠᠭᠠᠬᠤ ᠳᠠᠭᠠᠨ ᠵᠣᠬᠢᠰᠲᠠᠢ ᠪᠠᠷ ᠬᠤᠪᠢ ᠨᠡᠮᠡᠬᠦ ᠲᠥᠷᠥ ᠶᠢᠨ ᠪᠣᠳᠣᠯᠭ᠎ᠠ ᠶᠢᠨ | ᠵᠣᠷᠢᠬᠵᠢᠭᠤᠯᠤᠯ ᠢ ᠲᠤᠰᠪᠤᠷᠢ ᠣᠯᠭᠤᠬᠤ ᠶᠢᠨ ᠬᠠᠮᠲᠤ᠂ ᠲᠡᠳᠡᠨ ᠤ ᠳᠠᠭᠠᠭᠠᠨ ᠠᠪᠤᠭᠰᠠᠨ ᠲᠦᠷᠦᠯ ᠵᠦᠢᠯ ᠳᠤ | ᠠᠳᠠᠯ ᠠᠬᠤᠢ ᠶᠢᠨ ᠦᠢᠯᠡᠴᠢᠯᠡᠭᠡᠨ ᠤ ᠢᠲᠡᠭᠡᠮᠵᠢ ᠶᠢᠨ ᠪᠠᠲᠤᠯᠠᠭᠠᠲᠤ ᠮᠦᠩᠭᠦ ᠶᠢ ᠵᠣᠬᠢᠰᠲᠠᠢ ᠪᠠᠷ ᠬᠠᠰᠤᠵᠤ | ᠬᠡᠯᠲᠦᠷᠢᠭᠦᠯᠦᠨ᠎ᠡ᠃ | ︵ᠠᠷᠪᠠᠨ ᠨᠠᠢᠮᠠ︶ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠬᠦᠲᠦᠯᠦᠨ ᠵᠢᠯᠤᠭᠤᠳᠴᠤ | ᠪᠠᠶᠢᠭᠠᠳ ᠨᠡᠶᠢᠯᠡᠭᠦᠯᠦᠨ ᠳᠠᠬᠢᠵᠤ ᠵᠣᠬᠢᠶᠠᠨ ᠪᠠᠶᠢᠭᠤᠯᠤᠨ᠎ᠠ᠃ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠢ ᠵᠣᠷᠢᠬᠵᠢᠭᠤᠯᠬᠤ ᠪᠠ ᠬᠦᠲᠦᠯᠦᠨ ᠵᠢᠯᠤᠭᠤᠳᠴᠤ ᠪᠠᠶᠢᠭᠠᠳ ᠬᠤᠯᠪᠣᠭᠠᠯᠠᠬᠤ᠂ ᠨᠡᠶᠢᠯᠡᠭᠦᠯᠬᠦ᠂ ᠳᠠᠬᠢᠵᠤ | ᠵᠣᠬᠢᠶᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠵᠠᠬ᠎ᠠ ᠳᠡᠯᠭᠡᠭᠦᠷ ᠤᠨ ᠡᠬᠢ ᠪᠠᠶᠠᠯᠢᠭ ᠢ ᠨᠡᠶᠢᠯᠡᠭᠦᠯᠬᠦ | ᠡᠷᠴᠢᠮ ᠢ ᠴᠢᠩᠭᠠᠷᠠᠭᠤᠯᠤᠨ᠂ ᠬᠡᠪᠴᠢᠶᠡᠵᠢᠭᠦᠯᠦᠨ ᠡᠷᠴᠢᠮᠵᠢᠭᠦᠯᠦᠭᠰᠡᠨ ᠡᠵᠡᠩᠨᠡᠯᠲᠡ ᠶᠢ ᠬᠡᠷᠡᠭᠵᠢᠭᠦᠯᠦᠨ᠎ᠡ᠃ ᠠᠵᠤ | ᠠᠬᠤᠶᠢᠯᠠᠯ ᠢ ᠨᠡᠶᠢᠯᠡᠭᠦᠯᠬᠦ᠂ ᠳᠠᠬᠢᠵᠤ ᠵᠣᠬᠢᠶᠠᠨ ᠪᠠᠶᠢᠭᠤᠯᠬᠤ ᠳᠤᠮᠳᠠ ᠬᠤᠯᠪᠣᠭᠳᠠᠭᠰᠠᠨ ᠬᠢᠷᠢ ᠴᠢᠳᠠᠮᠵᠢ ᠶᠢ | ᠬᠤᠪᠢᠷᠠᠭᠠᠬᠤ᠂ ᠠᠳᠠᠯ ᠠᠬᠤᠢ ᠶᠢᠨ ᠲᠦᠷᠦᠯ ᠵᠦᠢᠯ ᠢ ᠰᠢᠯᠵᠢᠭᠦᠯᠦᠨ ᠲᠤᠰᠢᠶᠠᠬᠤ᠂ ᠢᠲᠡᠭᠡᠮᠵᠢ ᠶᠢᠨ ᠪᠠᠲᠤᠯᠠᠭᠠᠲᠤ | ᠮᠦᠩᠭᠦ ᠪᠠ ᠠᠳᠠᠯ ᠠᠬᠤᠢ ᠶᠢᠨ ᠵᠠᠷᠤᠳᠠᠯ ᠤᠨ ᠨᠠᠶᠢᠳᠠᠵᠤ ᠬᠠᠮᠢᠶᠠᠷᠤᠭᠤᠯᠬᠤ ᠮᠦᠩᠭᠦ ᠶᠢ ᠰᠢᠯᠵᠢᠭᠦᠯᠬᠦ᠂ ᠠᠳᠠᠯ | ᠠᠬᠤᠢ ᠶᠢᠨ ᠦᠢᠯᠡᠴᠢᠯᠡᠭᠡᠨ ᠤ ᠭᠡᠷ᠎ᠡ ᠶᠢ ᠳᠠᠬᠢᠵᠤ ᠲᠣᠭᠲᠠᠬᠤ ᠵᠡᠷᠭᠡ ᠵᠦᠢᠯᠡᠰ ᠢ ᠬᠤᠯᠪᠣᠭᠳᠠᠯ ᠪᠦᠬᠦᠢ ᠰᠠᠯᠠᠭ᠎ᠠ | ᠮᠦᠴᠢᠷ ᠤᠳ ᠳᠡᠮᠵᠢᠨ ᠬᠠᠮᠵᠢᠯᠴᠠᠵᠤ᠂ ᠠᠵᠤ ᠠᠬᠤᠶᠢᠯᠠᠯ ᠢ ᠬᠠᠪᠰᠤᠷᠴᠤ ᠪᠠᠶᠢᠭᠠᠳ ᠪᠤᠲᠠᠲᠠᠢ ᠬᠦᠴᠢᠷᠳᠡᠯ ᠢ ᠨᠢ | ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠡᠬᠢ ᠪᠠᠶᠠᠯᠢᠭ ᠤᠨ ᠥᠳᠲᠡᠷ ᠲᠥᠷᠭᠡᠨ ᠪᠦᠭᠡᠳ ᠡᠮᠬᠢ | ᠲᠢᠭᠯᠢᠮ ᠲᠠᠢ ᠨᠡᠶᠢᠯᠡᠬᠦ ᠶᠢ ᠠᠬᠢᠭᠤᠯᠬᠤ ᠬᠡᠷᠡᠭᠲᠡᠢ᠃ | ︵ᠠᠷᠪᠠ ᠶᠢᠰᠦ︶ ᠠᠳᠠᠯ ᠠᠬᠤᠢ ᠶᠢᠨ ᠦᠢᠯᠡᠴᠢᠯᠡᠭᠡᠨ ᠤ ᠠᠵᠢᠯ ᠡᠷᠬᠢᠯᠡᠭᠴᠢᠳ ᠤᠨ ᠬᠡᠪ ᠴᠢᠨᠠᠷ ᠢ | ᠳᠡᠭᠡᠭᠰᠢᠯᠡᠭᠦᠯᠦᠨ᠎ᠡ᠃ ᠡᠯ᠎ᠡ ᠠᠶᠢᠮᠠᠭ ᠬᠤᠲᠠ ᠶᠢᠨ ᠭᠡᠷ ᠪᠠᠶᠢᠰᠢᠩ ᠭᠠᠵᠠᠷ ᠬᠦᠷᠦᠩᠭᠡ ᠶᠢᠨ ᠭᠤᠣᠯᠴᠢᠯᠠᠨ ᠬᠠᠮᠢᠶᠠᠷᠬᠤ | ᠰᠠᠯᠠᠭ᠎ᠠ ᠮᠦᠴᠢᠷ ᠤᠳ ᠲᠤᠰ ᠭᠠᠵᠠᠷ ᠣᠷᠣᠨ ᠤ ᠪᠣᠲᠠᠲᠠᠢ ᠲᠠᠢ ᠪᠠᠨ ᠤᠶᠠᠯᠳᠤᠭᠤᠯᠤᠨ᠂ ᠬᠡᠷᠡᠭᠵᠢᠭᠦᠯᠦᠭᠦᠰᠢᠲᠡᠢ | ᠪᠤᠯᠪᠠᠰᠤᠷᠠᠭᠤᠯᠤᠯ ᠤᠨ ᠲᠦᠯᠦᠪᠵᠢᠭᠦᠯᠭᠡ ᠶᠢ ᠲᠣᠭᠲᠠᠭᠠᠵᠤ᠂ ᠠᠳᠠᠯ ᠠᠬᠤᠢ ᠶᠢᠨ ᠦᠢᠯᠡᠴᠢᠯᠡᠭᠡᠨ ᠤ ᠠᠵᠢᠯ | ᠡᠷᠬᠢᠯᠡᠭᠴᠢᠳ ᠢ ᠪᠣᠯᠪᠠᠰᠤᠷᠠᠭᠤᠯᠬᠤ ᠠᠵᠢᠯ ᠢ ᠲᠦᠯᠦᠪᠯᠡᠭᠡ ᠲᠠᠢ᠂ ᠵᠣᠬᠢᠶᠠᠨ ᠪᠠᠶᠢᠭᠤᠯᠤᠯᠲᠠ ᠲᠠᠢ᠂ ᠴᠢᠭᠯᠡᠭᠦᠯᠬᠦ | ᠴᠢᠨᠠᠷᠲᠠᠢ ᠪᠠᠷ ᠦᠷᠨᠢᠭᠦᠯᠦᠨ᠂ ᠡᠯ᠎ᠡ ᠲᠦᠷᠦᠯ ᠤᠨ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ | ᠪᠣᠯᠪᠠᠰᠤᠷᠠᠭᠤᠯᠤᠯ ᠤᠨ ᠪᠠᠶᠢᠭᠤᠯᠤᠮᠵᠢ᠂ ᠠᠵᠢᠯ ᠲᠦᠷᠦᠯ ᠤᠨ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠶᠢ | ᠠᠰᠢᠭᠯᠠᠨ᠂ ᠵᠠᠬᠢᠶᠠᠯᠠᠭ᠎ᠠ ᠶᠢᠨ ᠮᠠᠶ᠋ᠢᠭ ᠤᠨ ᠪᠣᠯᠪᠠᠰᠤᠷᠠᠭᠤᠯᠤᠯ᠂ ᠬᠠᠨᠳᠤᠯᠭᠠᠲᠤ ᠪᠣᠯᠪᠠᠰᠤᠷᠠᠭᠤᠯᠤᠯ ᠪᠠ ᠠᠵᠢᠯ ᠤᠨ | ᠪᠠᠶᠢᠷᠢᠨ ᠳᠠᠬᠢ ᠪᠣᠯᠪᠠᠰᠤᠷᠠᠭᠤᠯᠤᠯ ᠵᠡᠷᠭᠡ ᠬᠡᠯᠪᠡᠷᠢ ᠶᠢ ᠠᠪᠴᠤ᠂ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠪᠠ ᠲᠤᠰᠬᠠᠢ ᠠᠵᠢᠯ ᠤᠨ ᠪᠠᠶᠢᠷᠢ ᠶᠢᠨ ᠮᠡᠷᠭᠡᠵᠢᠯ ᠤᠨ ᠠᠵᠢᠯᠲᠠᠨ ᠤ | ᠣᠨᠣᠯ ᠤᠨ ᠮᠡᠳᠡᠯᠭᠡ᠂ ᠲᠤᠰᠬᠠᠢ ᠮᠡᠷᠭᠡᠵᠢᠯ ᠴᠢᠳᠠᠪᠤᠷᠢ ᠪᠠ ᠠᠵᠢᠯ ᠮᠡᠷᠭᠡᠵᠢᠯ ᠤᠨ ᠶᠤᠰᠤ ᠮᠤᠷᠠᠯ ᠤᠨ | ᠪᠠᠶᠢᠭᠤᠯᠤᠯᠲᠠ ᠶᠢ ᠴᠢᠩᠭᠠᠳᠬᠠᠨ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠠᠵᠢᠯ | ᠡᠷᠬᠢᠯᠡᠭᠴᠢᠳ ᠤᠨ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠬᠡᠮᠵᠢᠶ᠎ᠡ ᠵᠢᠴᠢ ᠶᠡᠷᠦᠩᠬᠡᠢ ᠬᠡᠪ ᠴᠢᠨᠠᠷ ᠢ ᠪᠦᠬᠦ | ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠲᠣᠭᠲᠠᠮᠠᠯ | ᠬᠤᠭᠤᠴᠠᠭ᠎ᠠ ᠲᠠᠢ ᠪᠠᠷ ᠪᠣᠯᠪᠠᠰᠤᠷᠠᠭᠤᠯᠤᠨ ᠰᠤᠷᠤᠯᠴᠠᠬᠤ ᠳᠦᠷᠢᠮ ᠢ ᠪᠠᠶᠢᠭᠤᠯᠵᠤ᠂ ᠭᠠᠷᠴᠤ ᠶᠠᠪᠤᠬᠤ᠂ ᠣᠷᠢᠵᠤ | ᠠᠪᠴᠢᠷᠠᠬᠤ ᠠᠷᠭ᠎ᠠ ᠮᠠᠶ᠋ᠢᠭ ᠢ ᠠᠪᠴᠤ ᠪᠠᠶᠢᠭᠠᠳ ᠠᠵᠤ ᠠᠬᠤᠶᠢᠯᠠᠯ ᠤᠨ ᠪᠤᠲᠠᠲᠠᠢ ᠲᠠᠢ ᠪᠠᠨ ᠤᠶᠠᠯᠳᠤᠭᠤᠯᠤᠨ᠂ | ᠲᠤᠰ ᠠᠵᠤ ᠠᠬᠤᠶᠢᠯᠠᠯ ᠤᠨ ᠠᠳᠠᠯ ᠠᠬᠤᠢ ᠶᠢᠨ ᠦᠢᠯᠡᠴᠢᠯᠡᠭᠡᠨ ᠤ ᠠᠵᠢᠯ ᠡᠷᠬᠢᠯᠡᠭᠴᠢᠳ ᠤᠨ ᠵᠣᠬᠢᠬᠤ | ᠪᠣᠯᠪᠠᠰᠤᠷᠠᠭᠤᠯᠤᠯ ᠤᠨ ᠠᠵᠢᠯ ᠢᠶᠠᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠣᠷᠣᠨ ᠤ ᠳᠤᠲᠤᠷᠠᠬᠢ ᠳᠡᠭᠡᠳᠦ | ᠰᠤᠷᠭᠠᠭᠤᠯᠢ᠂ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢᠨ ᠠᠳᠠᠯ ᠠᠬᠤᠢ ᠶᠢᠨ ᠦᠢᠯᠡᠴᠢᠯᠡᠭᠡᠨ ᠤ | ᠲᠦᠷᠦᠯ ᠤᠨ ᠲᠣᠰᠬᠠᠢ ᠮᠡᠷᠭᠡᠵᠢᠯ ᠲᠣᠬᠢᠷᠠᠭᠤᠯᠬᠤ ᠶᠢ ᠳᠡᠮᠵᠢᠵᠦ᠂ ᠠᠳᠠᠯ ᠠᠬᠤᠢ ᠶᠢᠨ ᠦᠢᠯᠡᠴᠢᠯᠡᠭᠡᠨ ᠤ ᠴᠢᠬ | ᠲᠣᠭᠲᠠᠭᠰᠠᠨ ᠪᠣᠯᠪᠠᠰᠤᠷᠠᠭᠤᠯᠬᠤ ᠪᠠᠶᠢᠭᠤᠯᠤᠮᠵᠢ ᠶᠢ ᠪᠠᠶᠢᠭᠤᠯᠤᠨ᠂ ᠣᠳᠣ ᠦᠶ᠎ᠡ ᠶᠢᠨ ᠠᠳᠠᠯ ᠠᠬᠤᠢ ᠶᠢᠨ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠬᠠᠩᠭᠠᠬᠤ ᠲᠤᠰᠬᠠᠢ ᠮᠡᠷᠭᠡᠵᠢᠯ ᠤᠨ | ᠴᠢᠳᠠᠪᠤᠷᠢᠲᠠᠨ ᠢ ᠬᠦᠮᠦᠵᠢᠭᠦᠯᠦᠨ᠎ᠡ᠃ | ᠵᠢᠷᠭᠤᠭ᠎ᠠ᠂ ᠠᠳᠠᠯ ᠠᠬᠤᠢ ᠶᠢᠨ ᠦᠢᠯᠡᠴᠢᠯᠡᠭᠡᠨ ᠤ ᠦᠢᠯᠡᠰ ᠤᠨ ᠪᠠᠶᠢᠭᠤᠯᠤᠯ ᠤᠨ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠦᠨ᠎ᠡ | ︵ᠬᠤᠷᠢ︶ ᠶᠠᠰᠤ ᠴᠢᠨᠠᠷ ᠦᠨ᠎ᠡ ᠬᠠᠩᠰᠢ ᠬᠠᠷᠢᠯᠴᠠᠨ ᠵᠣᠬᠢᠴᠠᠭᠰᠠᠨ ᠠᠳᠠᠯ ᠠᠬᠤᠢ ᠶᠢᠨ ᠦᠢᠯᠡᠴᠢᠯᠡᠭᠡᠨ ᠤ | ᠰᠢᠨ᠎ᠡ ᠲᠣᠭᠲᠠᠴᠠ ᠶᠢ ᠪᠠᠶᠢᠭᠤᠯᠤᠨ᠎ᠠ᠃ ᠦᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ | ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠦᠴᠢᠷ ᠨᠢ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ | ᠬᠠᠮᠵᠢᠯᠴᠠᠨ᠂ ᠠᠳᠠᠯᠢ ᠪᠤᠰᠤ ᠲᠦᠷᠦᠯ ᠤᠨ ᠠᠳᠠᠯ ᠠᠬᠤᠢ ᠶᠢᠨ ᠣᠨᠴᠠᠯᠢᠭ ᠲᠠᠢ ᠤᠶᠠᠯᠳᠤᠭᠤᠯᠤᠨ᠂ ᠠᠳᠠᠯᠢ ᠪᠤᠰᠤ | ᠲᠦᠷᠦᠯ ᠤᠨ ᠠᠳᠠᠯ ᠠᠬᠤᠢ ᠶᠢᠨ ᠦᠢᠯᠡᠴᠢᠯᠡᠭᠡᠨ ᠤ ᠪᠠᠷᠢᠮᠵᠢᠶ᠎ᠠ ᠪᠠ ᠵᠢᠷᠤᠮᠵᠢᠯ ᠢ ᠲᠦᠷᠭᠡᠳᠭᠡᠨ ᠲᠣᠭᠲᠠᠭᠠᠵᠤ᠂ | ᠠᠳᠠᠯ ᠠᠬᠤᠢ ᠶᠢᠨ ᠦᠢᠯᠡᠴᠢᠯᠡᠭᠡᠨ ᠤ ᠦᠢᠯᠡᠰ ᠢ ᠵᠢᠯᠤᠭᠤᠳᠤᠨ ᠵᠢᠷᠤᠮᠵᠢᠭᠤᠯᠵᠤ ᠡᠷᠡᠭᠦᠯ ᠢᠶᠠᠷ ᠬᠥᠭᠵᠢᠭᠦᠯᠬᠦ | ᠬᠡᠷᠡᠭᠲᠡᠢ᠃ | ︵ᠬᠤᠷᠢᠨ ᠨᠢᠭᠡ︶ ᠠᠳᠠᠯ ᠠᠬᠤᠢ ᠶᠢᠨ ᠦᠢᠯᠡᠴᠢᠯᠡᠭᠡᠨ ᠤ ᠰᠦᠢᠳᠭᠡᠯ ᠬᠤᠷᠢᠶᠠᠬᠤ ᠶᠢ ᠬᠦᠳᠡᠯᠦᠩᠭᠦᠢ ᠪᠠᠷ | ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ ᠣᠯᠠᠨ ᠨᠡᠶᠢᠲᠡ ᠶᠢᠨ ᠳᠦᠷᠢᠶᠡᠰᠦᠨ ᠣᠷᠣᠨ ᠰᠠᠭᠤᠴᠠ ᠵᠡᠷᠭᠡ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠠᠳᠠᠯ ᠠᠬᠤᠢ ᠶᠢᠨ ᠦᠢᠯᠡᠴᠢᠯᠡᠭᠡᠨ ᠤ ᠰᠦᠢᠳᠭᠡᠯ ᠢ | ᠬᠤᠷᠢᠶᠠᠬᠤ ᠳᠤ ᠵᠠᠰᠠᠭ ᠤᠨ ᠣᠷᠳᠤᠨ ᠤ ᠵᠢᠯᠤᠭᠤᠳᠬᠤ ᠦᠨ᠎ᠡ ᠶᠢ ᠬᠡᠷᠡᠭᠵᠢᠭᠦᠯᠵᠦ᠂ ᠡᠯ᠎ᠡ ᠭᠠᠵᠠᠷ ᠣᠷᠣᠨ ᠨᠤᠭᠤᠳ | ᠭᠤᠷᠪᠠᠨ ᠵᠢᠯ ᠪᠣᠯᠬᠤ ᠪᠦᠷᠢ ᠠᠳᠠᠯ ᠠᠬᠤᠢ ᠶᠢᠨ ᠦᠢᠯᠡᠴᠢᠯᠡᠭᠡᠨ ᠤ ᠵᠡᠷᠬᠡ ᠳᠡᠰ ᠤᠨ ᠪᠡᠷᠢᠮᠵᠢᠶ᠎ᠠ ᠵᠢᠴᠢ ᠵᠣᠬᠢᠬᠤ | ᠪᠠᠷᠢᠮᠵᠢᠶᠠᠲᠦ ᠦᠨ᠎ᠡ ᠬᠢᠭᠡᠳ ᠬᠦᠪᠦᠮᠡᠯ ᠬᠡᠮᠵᠢᠶ᠎ᠡ ᠶᠢ ᠦᠨᠡᠯᠡᠨ ᠵᠢᠱᠢᠬᠦ ᠶᠢᠨ ᠬᠠᠮᠲᠤ ᠦᠨᠡᠯᠡᠨ ᠵᠢᠱᠢᠭᠰᠡᠨ ᠦᠷ᠎ᠡ | ᠳ᠋ᠦᠩ ᠢ ᠦᠨᠳᠦᠰᠦᠯᠡᠨ ᠴᠠᠭ ᠲᠤᠨᠢ ᠲᠣᠬᠢᠷᠠᠭᠤᠯᠤᠨ ᠲᠣᠬᠢᠷᠠᠭᠤᠯᠤᠯᠲᠠ ᠬᠢᠬᠦ ᠬᠡᠷᠡᠭᠲᠡᠢ᠃ ᠡᠩ ᠤᠨ ᠣᠷᠣᠨ | ᠰᠠᠭᠤᠴᠠ ᠪᠠ ᠬᠤᠳᠠᠯᠳᠤᠭᠠᠨ ᠤ ᠲᠠᠯᠠᠪᠤᠷ᠂ ᠵᠣᠴᠢᠳ ᠤᠨ ᠪᠠᠭᠤᠳᠠᠯ᠂ ᠨᠡᠶᠢᠲᠡ ᠶᠢᠨ ᠰᠠᠭᠤᠴᠠ᠂ ᠠᠵᠢᠯᠯᠠᠬᠤ | ᠠᠰᠠᠷ᠂ ᠠᠯᠪᠠᠨ ᠠᠰᠠᠷ ᠵᠡᠷᠭᠡ ᠣᠷᠣᠨ ᠰᠠᠭᠤᠴᠠ ᠶᠢᠨ ᠪᠤᠰᠤ ᠭᠠᠵᠠᠷ ᠤᠨ ᠠᠳᠠᠯ ᠠᠬᠤᠢ ᠶᠢᠨ ᠦᠢᠯᠡᠴᠢᠯᠡᠭᠡᠨ ᠤ | ᠰᠦᠢᠳᠭᠡᠯ ᠢ ᠬᠤᠷᠢᠶᠠᠬᠤ ᠳᠤ ᠵᠠᠬ᠎ᠠ ᠳᠡᠯᠭᠡᠭᠦᠷ ᠢᠶᠠᠷ ᠲᠣᠬᠢᠷᠠᠭᠤᠯᠬᠤ ᠦᠨ᠎ᠡ ᠶᠢ ᠬᠡᠷᠡᠭᠵᠢᠭᠦᠯᠵᠦ᠂ ᠪᠤᠲᠠᠲᠠᠢ | ᠰᠦᠢᠳᠭᠡᠯ ᠬᠤᠷᠢᠶᠠᠬᠤ ᠪᠠᠷᠢᠮᠵᠢᠶ᠎ᠠ ᠶᠢ ᠦᠮᠴᠢᠲᠠᠳ᠂ ᠠᠳᠠᠯ ᠠᠬᠤᠢ ᠶᠢᠨ ᠬᠡᠷᠡᠭᠯᠡᠭᠴᠢᠳ ᠠᠴᠠ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠶᠢᠯᠠᠯ ᠯᠤᠭ᠎ᠠ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤ ᠲᠣᠭᠲᠠᠭᠰᠠᠨ | ᠪᠤᠯᠵᠤᠭ᠎ᠠ ᠪᠠᠷ ᠬᠡᠷᠡᠭᠵᠢᠭᠦᠯᠬᠦ ᠬᠡᠷᠡᠭᠲᠡᠢ᠃ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠤ ᠤᠰᠤ᠂ ᠴᠠᠬᠢᠯᠭᠠᠨ᠂ | ᠰᠢᠲᠠᠮᠠᠬᠠᠢ ᠬᠡᠢ᠂ ᠢᠯᠴᠢ ᠬᠠᠩᠭᠠᠬᠤ᠂ ᠴᠢᠮᠡᠭᠡ ᠬᠤᠯᠪᠣᠭ᠎ᠠ᠂ ᠤᠲᠠᠰᠤᠲᠤ ᠲᠧᠯᠸᠢᠰ ᠵᠡᠷᠭᠡ ᠲᠤᠰᠬᠠᠢ | ᠡᠵᠡᠩᠨᠡᠯᠲᠡ ᠶᠢᠨ ᠨᠢᠭᠡᠴᠡ ᠨᠦᠭᠦᠳ ᠦᠵᠦᠭᠦᠷ ᠬᠡᠷᠡᠭᠯᠡᠭᠴᠢᠳ ᠠᠴᠠ ᠬᠠᠮᠢᠶ᠎ᠠ ᠪᠦᠬᠦᠢ ᠬᠤᠷᠢᠶᠠᠬᠤ ᠰᠦᠢᠳᠭᠡᠯ ᠢᠶᠠᠨ | ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠳᠤ ᠨᠠᠶᠢᠳᠠᠵᠤ ᠣᠷᠣᠯᠠᠨ ᠬᠤᠷᠢᠶᠠᠯᠭᠠᠭᠰᠠᠨ ᠪᠣᠯ | ᠭᠠᠷᠳᠠᠮ ᠤᠨ ᠵᠠᠷᠤᠳᠠᠯ ᠲᠦᠯᠦᠬᠦ ᠬᠡᠷᠡᠭᠲᠡᠢ︔ ︽ᠪᠦᠬᠦᠨ ᠳᠤ ᠲᠣᠬᠢᠷᠠᠬᠤ ᠺᠠᠷᠲ︾ ᠢ ᠬᠡᠷᠡᠭᠵᠢᠭᠦᠯᠦᠭᠰᠡᠨ ᠪᠠᠶᠢᠪᠠᠯ | ᠭᠠᠷᠳᠠᠮ ᠤᠨ ᠵᠠᠷᠤᠳᠠᠯ ᠢ ᠨᠢ ᠬᠡᠯᠲᠦᠷᠢᠭᠦᠯᠵᠦ ᠪᠣᠯᠣᠨ᠎ᠠ᠃ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ | ᠠᠬᠤᠢ ᠶᠢᠨ ᠦᠢᠯᠡᠴᠢᠯᠡᠭᠡᠨ ᠳᠤ ᠬᠡᠷᠡᠭᠯᠡᠬᠦ ᠭᠡᠷ ᠪᠠᠶᠢᠰᠢᠩ᠂ ᠨᠡᠶᠢᠲᠡ ᠶᠢᠨ ᠵᠣᠷᠯᠣᠩ ᠵᠢᠴᠢ ᠨᠡᠶᠢᠲᠡ ᠶᠢᠨ ᠪᠡᠯᠡᠳᠭᠡᠮᠵᠢ | ᠲᠥᠭᠦᠭᠡᠷᠦᠮᠵᠢ ᠶᠢ ᠬᠠᠮᠠᠭᠠᠯᠠᠨ ᠬᠠᠮᠢᠶᠠᠷᠬᠤ᠂ ᠠᠷᠢᠭᠤᠨ ᠴᠡᠪᠡᠷ ᠪᠠᠶᠢᠯᠭᠠᠬᠤ᠂ ᠨᠣᠭᠤᠭᠠᠷᠠᠭᠤᠯᠬᠤ᠂ ᠣᠯᠠᠨ | ᠨᠡᠶᠢᠲᠡ ᠶᠢᠨ ᠭᠡᠷᠡᠯᠲᠦᠭᠦᠯᠭᠡ ᠵᠡᠷᠭᠡ ᠠᠳᠠᠯ ᠠᠬᠤᠢ ᠶᠢᠨ ᠦᠢᠯᠡᠴᠢᠯᠡᠭᠡᠨ ᠤ ᠶᠠᠪᠤᠴᠠ ᠳᠠᠬᠢ ᠬᠡᠷᠡᠭᠯᠡᠬᠦ ᠤᠰᠤ᠂ | ᠴᠠᠬᠢᠯᠭᠠᠨ᠂ ᠰᠢᠲᠠᠮᠠᠬᠠᠢ ᠬᠡᠢ᠂ ᠢᠯᠴᠢ ᠶᠢᠨ ᠦᠨ᠎ᠡ ᠬᠠᠩᠰᠢ ᠶᠢ ᠲᠣᠬᠠᠢ ᠶᠢᠨ ᠭᠠᠵᠠᠷ ᠣᠷᠣᠨ ᠤ ᠰᠠᠭᠤᠭᠠᠯᠢ | ᠠᠷᠠᠳ ᠤᠨ ᠬᠡᠷᠡᠭᠯᠡᠬᠦ ᠦᠨ᠎ᠡ ᠬᠠᠩᠰᠢ ᠶᠤᠰᠤᠭᠠᠷ ᠬᠡᠷᠡᠭᠵᠢᠭᠦᠯᠦᠨ᠎ᠡ᠃ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠤᠳ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠤ ᠳᠤᠲᠤᠷᠠᠬᠢ ᠢᠯᠡᠷᠬᠡᠢ ᠣᠷᠣᠨ ᠪᠠᠶᠢᠷᠢᠨ ᠳᠤ | ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠨᠡᠷᠡᠶᠢᠳᠦᠯ᠂ ᠦᠢᠯᠡᠴᠢᠯᠡᠭᠡᠨ ᠤ ᠲᠦᠷᠦᠯ ᠵᠦᠢᠯ᠂ | ᠠᠭᠤᠯᠭ᠎ᠠ᠂ ᠵᠡᠷᠬᠡ ᠳᠡᠰ᠂ ᠪᠠᠷᠢᠮᠵᠢᠶ᠎ᠠ᠂ ᠶᠠᠰᠤ ᠴᠢᠨᠠᠷ᠂ ᠰᠦᠢᠳᠭᠡᠯ ᠪᠤᠳᠤᠬᠤ ᠠᠷᠭ᠎ᠠ ᠮᠠᠶ᠋ᠢᠭ᠂ ᠰᠦᠢᠳᠭᠡᠯ | ᠬᠤᠷᠢᠶᠠᠬᠤ ᠪᠠᠷᠢᠮᠵᠢᠶ᠎ᠠ ᠵᠢᠴᠢ ᠦᠨᠳᠦᠰᠦ ᠪᠠᠷᠢᠮᠲᠠ ᠶᠢ ᠨᠡᠶᠢᠲᠡ ᠳᠤ ᠵᠠᠷᠯᠠᠵᠤ᠂ ᠦᠮᠴᠢᠲᠠᠳ ᠪᠣᠶᠣ ᠠᠳᠠᠯ | ᠠᠬᠤᠢ ᠶᠢᠨ ᠬᠡᠷᠡᠭᠯᠡᠭᠴᠢᠳ ᠤᠨ ᠬᠢᠨᠠᠯᠲᠠ ᠶᠢ ᠬᠦᠯᠢᠶᠡᠵᠦ᠂ ᠦᠮᠴᠢᠲᠠᠳ ᠪᠣᠶᠣ ᠠᠳᠠᠯ ᠠᠬᠤᠢ ᠶᠢᠨ | ᠬᠡᠷᠡᠭᠯᠡᠭᠴᠢᠳ ᠠᠴᠠ ᠶᠠᠮᠠᠷᠪᠠ ᠲᠤᠳᠤᠷᠬᠠᠶᠢᠯᠠᠯᠳᠠ ᠦᠭᠡᠢ ᠪᠠᠷ ᠰᠦᠢᠳᠭᠡᠯ ᠬᠤᠷᠢᠶᠠᠵᠤ ᠪᠣᠯᠬᠤ ᠦᠭᠡᠢ᠃ | ︵ᠬᠤᠷᠢᠨ ᠬᠤᠶᠠᠷ︶ ᠠᠵᠢᠯ ᠲᠦᠷᠦᠯ ᠤᠨ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ | ᠠᠳᠠᠯ ᠠᠬᠤᠢ ᠶᠢᠨ ᠠᠵᠤ ᠠᠬᠤᠶᠢᠯᠠᠯ ᠤᠨ ᠢᠲᠡᠭᠡᠮᠵᠢ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠳᠠᠯ ᠠᠬᠤᠢ ᠶᠢᠨ ᠠᠵᠤ ᠠᠬᠤᠶᠢᠯᠠᠯ ᠤᠨ ᠢᠲᠡᠭᠡᠮᠵᠢ ᠶᠢᠨ ᠳᠠᠩᠰᠠ | ᠡᠪᠬᠡᠮᠡᠯ ᠪᠠ ᠮᠡᠳᠡᠭᠡ ᠵᠠᠩᠭᠢ ᠨᠡᠶᠢᠲᠡᠯᠡᠬᠦ ᠲᠡᠪᠴᠡᠩ ᠢ ᠪᠠᠶᠢᠭᠤᠯᠵᠤ᠂ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ | ᠵᠠᠩᠭᠢ ᠪᠠ ᠡᠷᠡᠭᠦᠯ ᠪᠤᠰᠤ ᠢᠲᠡᠭᠡᠮᠵᠢᠲᠦ ᠲᠡᠮᠲᠡᠭᠯᠡᠯ ᠢ ᠴᠠᠭ ᠲᠣᠬᠠᠢ ᠳᠤᠨᠢ ᠨᠡᠶᠢᠭᠡᠮ ᠳᠤ ᠨᠡᠶᠢᠲᠡᠯᠡᠨ᠎ᠡ᠃ ᠠᠵᠤ | ᠠᠬᠤᠶᠢᠯᠠᠯ ᠤᠨ ᠢᠲᠡᠭᠡᠮᠵᠢ ᠶᠢᠨ ᠰᠢᠰᠲ᠋ᠧᠮᠵᠢ ᠪᠠᠶᠢᠭᠤᠯᠬᠤ ᠶᠢ ᠲᠦᠷᠦᠯ ᠵᠦᠢᠯ ᠰᠢᠯᠭᠠᠷᠠᠭᠤᠯᠬᠤ᠂ ᠠᠵᠤ | ᠠᠬᠤᠶᠢᠯᠠᠯ ᠤᠨ ᠬᠢᠷᠢ ᠴᠢᠳᠠᠮᠵᠢ ᠶᠢ ᠬᠠᠮᠢᠶᠠᠷᠬᠤ ᠯᠤᠭ᠎ᠠ ᠬᠤᠯᠪᠣᠭᠳᠠᠭᠤᠯᠵᠤ᠂ ᠢᠲᠡᠭᠡᠯ ᠬᠦᠨᠳᠦ ᠪᠠ ᠨᠡᠷ᠎ᠡ | ᠬᠦᠨᠳᠦ ᠪᠠᠷ ᠰᠠᠶᠢᠨ ᠠᠵᠤ ᠠᠬᠤᠶᠢᠯᠠᠯ ᠢ ᠲᠦᠷᠦᠯ ᠵᠦᠢᠯ ᠰᠢᠯᠭᠠᠷᠠᠭᠤᠯᠬᠤ ᠪᠠ ᠬᠢᠷᠢ ᠴᠢᠳᠠᠮᠵᠢ ᠶᠢ ᠳᠡᠰ | ᠳᠡᠪᠰᠢᠭᠦᠯᠬᠦ ᠳᠤ ᠤᠷᠢᠳᠠᠪᠠᠷ ᠪᠤᠳᠤᠯᠬᠢᠯᠠᠬᠤ ᠬᠡᠷᠡᠭᠲᠡᠢ︔ ᠨᠡᠶᠢᠭᠡᠮ ᠤᠨ ᠳᠦᠷᠢ ᠳᠥᠷᠬᠦ ᠪᠠᠷ ᠠᠨᠠᠢ᠂ | ᠦᠢᠯᠡᠴᠢᠯᠡᠭᠡ ᠨᠢ ᠵᠢᠷᠤᠮᠵᠢᠭᠤᠨ ᠪᠤᠰᠤ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠷ ᠳᠣᠣᠷ᠎ᠠ ᠠᠵᠤ ᠠᠬᠤᠶᠢᠯᠠᠯ ᠢ | ᠢᠯᠭᠠᠷᠠᠭᠤᠯᠤᠨ ᠴᠡᠭᠴᠡᠯᠡᠵᠦ᠂ ᠬᠠᠤᠯᠢ ᠶᠤᠰᠤᠭᠠᠷ ᠰᠢᠳᠭᠡᠵᠦ ᠲᠣᠷᠭᠠᠬᠤ ᠬᠡᠷᠡᠭᠲᠡᠢ︔ ᠬᠢᠷᠢ ᠴᠢᠳᠠᠮᠵᠢ ᠦᠭᠡᠢ | ᠳᠤᠷ᠎ᠠ ᠪᠠᠷ ᠠᠳᠠᠯ ᠠᠬᠤᠢ ᠶᠢᠨ ᠬᠠᠮᠢᠶᠠᠷᠤᠯᠲᠠ ᠶᠢ ᠡᠷᠬᠢᠯᠡᠵᠦ ᠪᠠᠶᠢᠭ᠎ᠠ ᠵᠢᠴᠢ ᠭᠡᠷ᠎ᠡ ᠶᠢᠨ ᠬᠤᠭᠤᠴᠠᠭᠠᠨ ᠳᠤ ᠠᠳᠠᠯ | ᠠᠬᠤᠢ ᠶᠢ ᠬᠠᠮᠢᠶᠠᠷᠬᠤ ᠪᠠᠨ ᠳᠤᠷ᠎ᠠ ᠪᠠᠷ ᠵᠣᠭᠰᠤᠭᠠᠭᠰᠠᠨ ᠠᠵᠤ ᠠᠬᠤᠶᠢᠯᠠᠯ ᠢ ᠴᠢᠩᠭ᠎ᠠ ᠰᠢᠢᠳᠪᠦᠷᠢᠯᠡᠬᠦ ᠬᠡᠷᠡᠭᠲᠡᠢ᠃ | ᠠᠳᠠᠯ ᠠᠬᠤᠢ ᠶᠢᠨ ᠵᠠᠬ᠎ᠠ ᠳᠡᠯᠭᠡᠭᠦᠷ ᠲᠤ ᠵᠥᠪᠰᠢᠶᠡᠷᠡᠨ ᠣᠷᠤᠭᠤᠯᠬᠤ ᠪᠠ ᠢᠯᠭᠠᠷᠠᠭᠤᠯᠤᠨ ᠭᠠᠷᠭᠠᠬᠤ ᠲᠣᠭᠲᠠᠴᠠ ᠶᠢ | ᠤᠯᠠᠮ ᠨᠢᠭᠡ ᠠᠯᠬᠤᠮ ᠪᠠᠶᠢᠭᠤᠯᠵᠤ᠂ ᠡᠮᠬᠢ ᠵᠢᠷᠤᠮ ᠲᠠᠢ ᠦᠷᠢᠰᠦᠯᠳᠦᠬᠦ᠂ ᠰᠢᠯᠢᠳᠡᠭ ᠨᠢ ᠦᠯᠡᠳᠡᠵᠦ ᠰᠠᠭᠠᠷᠠᠤ ᠨᠢ | ᠰᠢᠭᠰᠢᠭᠳᠡᠬᠦᠯᠬᠦ ᠬᠥᠭᠵᠢᠯᠲᠡ ᠶᠢᠨ ᠣᠷᠴᠢᠨ ᠲᠣᠭᠤᠷᠢᠨ ᠢ ᠴᠢᠷᠮᠠᠶᠢᠨ ᠪᠣᠢ ᠪᠣᠯᠭᠠᠨ᠎ᠠ᠃ | ᠡᠯ᠎ᠡ ᠱᠠᠲᠤᠨ ᠤ ᠭᠡᠷ ᠪᠠᠶᠢᠰᠢᠩ ᠭᠠᠵᠠᠷ ᠬᠦᠷᠦᠩᠭᠡ ᠶᠢᠨ ᠭᠤᠣᠯᠴᠢᠯᠠᠨ ᠬᠠᠮᠢᠶᠠᠷᠬᠤ ᠰᠠᠯᠭ᠎ᠠ ᠮᠦᠴᠢᠷ ᠤᠳ | ᠠᠳᠠᠯ ᠠᠬᠤᠢ ᠶᠢᠨ ᠪᠠᠶᠢᠩᠭᠤ ᠶᠢᠨ ᠴᠢᠨᠠᠷᠲᠠᠢ ᠪᠠᠶᠢᠴᠠᠭᠠᠬᠤ ᠠᠵᠢᠯᠯᠠᠭ᠎ᠠ ᠶᠢ ᠦᠷᠨᠢᠭᠦᠯᠵᠦ᠂ ᠡᠳᠦᠷ ᠲᠤᠳᠤᠮ ᠤᠨ | ᠲᠤᠭᠤᠷᠢᠨ ᠪᠠᠶᠢᠴᠠᠭᠠᠬᠤ ᠪᠠ ᠲᠤᠰᠬᠠᠶᠢᠯᠠᠨ ᠪᠠᠶᠢᠴᠠᠭᠠᠬᠤ ᠪᠠᠷ ᠳᠠᠮᠵᠢᠨ᠂ ᠵᠠᠬ᠎ᠠ ᠳᠡᠯᠭᠡᠭᠦᠷ ᠤᠨ ᠠᠵᠢᠯᠯᠠᠭ᠎ᠠ ᠶᠢ | ᠵᠢᠷᠤᠮᠵᠢᠭᠤᠯᠤᠨ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠴᠡᠭᠴᠡᠯᠡᠨ ᠰᠠᠶᠢᠵᠢᠷᠠᠭᠤᠯᠵᠤ᠂ ᠬᠠᠤᠯᠢ ᠠᠴᠠ ᠵᠦᠷᠢᠴᠡᠭᠰᠡᠨ | ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠢᠯᠠᠩᠭᠤᠶ᠎ᠠ ᠣᠯᠠᠨ ᠲᠦᠮᠡᠨ ᠤ ᠢᠯᠡᠴᠢᠯᠡᠨ ᠵᠠᠭᠠᠯᠳᠤᠭᠰᠠᠨ᠂ ᠶᠠᠷᠢᠶ᠎ᠠ | ᠬᠡᠯᠡᠯᠴᠡᠭᠡᠨ ᠢ ᠬᠢᠨᠠᠨ ᠰᠢᠯᠭᠠᠬᠤ ᠠᠷᠭ᠎ᠠ ᠵᠠᠮ ᠢᠶᠠᠷ ᠳᠤᠰᠬᠠᠭᠰᠠᠨ ᠪᠠᠶᠢᠳᠠᠯ ᠪᠣᠯᠣᠨ ᠠᠰᠠᠭᠤᠳᠠᠯ ᠢ ᠭᠤᠣᠯᠳᠠᠯᠭ᠎ᠠ ᠲᠠᠢ | ᠰᠢᠮᠳᠠᠭᠤᠯᠤᠨ ᠪᠠᠶᠢᠴᠠᠭᠠᠵᠤ᠂ ᠥᠷᠭᠡᠨ ᠣᠯᠠᠨ ᠰᠠᠭᠤᠭᠠᠯᠢ ᠠᠷᠠᠳ ᠤᠨ ᠬᠠᠤᠯᠢ ᠶᠤᠰᠤᠨ ᠤ ᠡᠷᠬᠡ ᠠᠰᠢᠭ ᠢ ᠦᠨᠡᠨᠬᠦ | ᠬᠠᠮᠠᠭᠠᠯᠠᠬᠤ ᠬᠡᠷᠡᠭᠲᠡᠢ᠃ | ︵ᠬᠤᠷᠢᠨ ᠭᠤᠷᠪᠠ︶ ᠠᠳᠠᠯ ᠠᠬᠤᠢ ᠶᠢᠨ ᠦᠢᠯᠡᠴᠢᠯᠡᠭᠡᠨ ᠤ ᠵᠢᠭᠤᠷᠠᠯᠳᠤᠭᠠᠨ ᠢ ᠲᠥᠷᠭᠡᠨ ᠵᠣᠬᠢᠴᠠᠭᠤᠯᠤᠨ | ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠠᠳᠠᠯ ᠠᠬᠤᠢ ᠶᠢᠨ ᠦᠢᠯᠡᠴᠢᠯᠡᠭᠡᠨ ᠤ | ᠵᠢᠭᠤᠷᠠᠯᠳᠤᠭᠠᠨ ᠢ ᠰᠢᠢᠳᠪᠦᠷᠢᠯᠡᠬᠦ ᠳᠤᠮᠳᠠᠬᠢ ᠡᠶᠡᠲᠡᠭᠦᠯᠬᠦ ᠠᠵᠢᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | ᠠᠳᠠᠯ ᠠᠬᠤᠢ ᠶᠢᠨ ᠵᠢᠭᠤᠷᠠᠯᠳᠤᠭᠠᠨ ᠢ ᠡᠶᠡᠲᠡᠭᠦᠯᠬᠦ ᠠᠵᠢᠯ ᠢᠶᠠᠨ ᠠᠷᠠᠳ ᠲᠦᠮᠡᠨ ᠤ ᠲᠤᠰᠬᠠᠢ ᠴᠢᠨᠠᠷᠲᠠᠢ᠂ ᠠᠵᠢᠯ | ᠲᠦᠷᠦᠯ ᠤᠨ ᠴᠢᠨᠠᠷᠲᠠᠢ ᠡᠶᠡᠲᠡᠭᠦᠯᠬᠦ ᠵᠣᠬᠢᠶᠠᠨ ᠪᠠᠶᠢᠭᠤᠯᠤᠯᠲᠠ ᠶᠢᠨ ᠬᠡᠪᠴᠢᠶᠡᠨ ᠳᠤ ᠣᠷᠤᠭᠤᠯᠵᠤ᠂ ᠠᠷᠠᠳ ᠤᠨ | ᠡᠶᠡᠲᠡᠭᠦᠯᠭᠡ᠂ ᠵᠠᠰᠠᠭ ᠵᠠᠬᠢᠷᠭᠠᠨ ᠤ ᠡᠶᠡᠲᠡᠭᠦᠯᠭᠡ᠂ ᠬᠠᠤᠯᠢ ᠴᠠᠭᠠᠵᠠ ᠶᠢᠨ ᠡᠶᠡᠲᠡᠭᠦᠯᠭᠡ ᠶᠢᠨ ︽ᠭᠤᠷᠪᠠᠨ | ᠡᠶᠡᠲᠡᠭᠦᠯᠭᠡ ᠬᠠᠮᠲᠤᠷᠠᠨ ᠦᠢᠯᠡᠳᠦᠯᠴᠡᠬᠦ︾ ᠠᠳᠠᠯ ᠠᠬᠤᠢ ᠶᠢᠨ ᠦᠢᠯᠡᠴᠢᠯᠡᠭᠡᠨ ᠤ ᠵᠢᠭᠤᠷᠠᠯᠳᠤᠭᠠᠨ ᠢ ᠡᠶᠡᠲᠡᠭᠦᠯᠬᠦ | ᠠᠵᠢᠯ ᠤᠨ ᠰᠢᠨ᠎ᠡ ᠵᠠᠭᠪᠤᠷ ᠢ ᠪᠠᠶᠢᠭᠤᠯᠤᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ | ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠨᠡᠶᠢᠭᠡᠮ ᠲᠣᠭᠤᠷᠢᠭ ᠳᠥᠷᠪᠠᠨ ᠱᠠᠲᠤᠨ ᠤ ᠠᠳᠠᠯ ᠠᠬᠤᠢ ᠶᠢᠨ | ᠬᠠᠮᠢᠶᠠᠷᠤᠯᠲᠠ ᠶᠢᠨ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠳᠦᠷᠢᠮ ᠪᠠ ᠠᠳᠠᠯ ᠠᠬᠤᠢ ᠶᠢᠨ | ᠦᠢᠯᠡᠴᠢᠯᠡᠭᠡᠨ ᠤ ᠵᠢᠭᠤᠷᠠᠯᠳᠤᠭᠠᠨ ᠢ ᠲᠥᠷᠭᠡᠨ ᠡᠶᠡᠲᠡᠭᠦᠯᠦᠨ ᠰᠢᠢᠳᠪᠦᠷᠢᠯᠡᠬᠦ ᠵᠣᠬᠢᠶᠠᠨ ᠪᠠᠶᠢᠭᠤᠯᠤᠯᠲᠠ ᠶᠢᠨ | ᠰᠢᠰᠲ᠋ᠧᠮᠵᠢ ᠶᠢ ᠪᠠᠶᠢᠭᠤᠯᠵᠤ᠂ ᠵᠣᠬᠢᠴᠠᠭᠤᠯᠤᠨ ᠬᠠᠮᠵᠢᠯᠴᠠᠬᠤ᠂ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ᠂ | ᠡᠮᠬᠢ ᠵᠢᠷᠤᠮ ᠲᠠᠢ ᠦᠨᠳᠦᠷ ᠪᠦᠲᠦᠮᠵᠢᠲᠡᠢ ᠠᠳᠠᠯ ᠠᠬᠤᠢ ᠶᠢᠨ ᠵᠢᠭᠤᠷᠠᠯᠳᠤᠭᠠᠨ ᠢ ᠡᠶᠡᠲᠡᠭᠦᠯᠦᠨ ᠰᠢᠢᠳᠪᠦᠷᠢᠯᠡᠬᠦ | ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠪᠣᠢ ᠪᠣᠯᠭᠠᠵᠤ᠂ ᠰᠠᠭᠤᠭᠠᠯᠢ ᠠᠷᠠᠳ ᠢ ᠬᠦᠲᠦᠯᠦᠨ ᠵᠢᠯᠤᠭᠤᠳᠴᠤ | ᠪᠠᠶᠢᠭᠠᠳ ᠡᠷᠬᠡ ᠠᠰᠢᠭ ᠤᠨ ᠰᠠᠨᠠᠯ ᠱᠠᠭᠠᠷᠳᠠᠯᠭ᠎ᠠ ᠪᠠᠨ ᠬᠠᠤᠯᠢ ᠶᠤᠰᠤᠭᠠᠷ ᠤᠬᠠᠮᠵᠢ ᠲᠠᠢ ᠪᠠᠷ ᠢᠯᠡᠳᠭᠡᠵᠦ᠂ ᠠᠳᠠᠯ | ᠠᠬᠤᠢ ᠶᠢᠨ ᠬᠠᠮᠢᠶᠠᠷᠤᠨ ᠦᠢᠯᠡᠴᠢᠯᠡᠬᠦ ᠶᠠᠪᠤᠴᠠ ᠳᠤᠮᠳᠠᠬᠢ ᠡᠯ᠎ᠡ ᠲᠦᠷᠦᠯ ᠤᠨ ᠵᠦᠷᠢᠴᠡᠯ ᠵᠢᠭᠤᠷᠠᠯᠳᠤᠭᠠᠨ ᠢ ᠬᠠᠤᠯᠢ | ᠶᠤᠰᠤᠭᠠᠷ ᠴᠠᠭ ᠲᠣᠬᠠᠢ ᠳᠤᠨᠢ ᠰᠢᠢᠳᠪᠦᠷᠢᠯᠡᠨ᠎ᠡ᠃ ᠬᠤᠰᠢᠭᠤ ᠰᠢᠶᠠᠨ ︵ᠬᠤᠲᠠ᠂ ᠲᠣᠭᠤᠷᠢᠭ︶᠂ ᠵᠡᠭᠡᠯᠢ | ᠭᠤᠳᠤᠮᠵᠢ ᠨᠤᠭᠤᠳ ᠠᠳᠠᠯ ᠠᠬᠤᠢ ᠶᠢᠨ ᠵᠢᠭᠤᠷᠠᠯᠳᠤᠭᠠᠨ ᠤ ᠠᠷᠠᠳ ᠤᠨ ᠡᠶᠡᠲᠡᠭᠦᠯᠬᠦ ᠵᠦᠪᠯᠡᠯ ᠢ ᠪᠠᠶᠢᠭᠤᠯᠵᠤ᠂ | ᠣᠷᠣᠨ ᠰᠠᠭᠤᠴᠠ ᠶᠢᠨ ᠵᠢᠵᠢᠭ ᠲᠣᠭᠤᠷᠢᠭ ᠲᠤ ᠠᠷᠠᠳ ᠤᠨ ᠡᠶᠡᠲᠡᠭᠦᠯᠬᠦ ᠠᠵᠢᠯ ᠤᠨ ᠲᠠᠰᠤᠭ ᠢ ᠪᠠᠶᠢᠭᠤᠯᠤᠨ᠂ | ᠲᠤᠰᠬᠠᠶᠢᠯᠠᠨ ᠠᠳᠠᠯ ᠠᠬᠤᠢ ᠶᠢᠨ ᠵᠢᠭᠤᠷᠠᠯᠳᠤᠭᠠᠨ ᠢ ᠡᠶᠡᠲᠡᠭᠦᠯᠦᠨᠡ᠃ ᠲᠣᠬᠠᠢ ᠶᠢᠨ ᠭᠠᠵᠠᠷ ᠤᠨ ᠠᠷᠠᠳ ᠤᠨ | ᠵᠠᠰᠠᠭ ᠤᠨ ᠣᠷᠳᠤᠨ ᠠᠴᠠ ᠡᠶᠡᠲᠡᠭᠦᠯᠬᠦ ᠵᠦᠪᠯᠡᠯ ᠤᠨ ᠠᠵᠢᠯᠯᠠᠬᠤ ᠲᠠᠯᠠᠪᠤᠷ ᠭᠠᠵᠠᠷ᠂ ᠲᠥᠭᠦᠭᠡᠷᠦᠮᠵᠢ ᠵᠢᠴᠢ | ᠠᠷᠠᠳ ᠤᠨ ᠡᠶᠡᠲᠡᠭᠦᠯᠬᠦ ᠠᠵᠢᠯ ᠢ ᠵᠢᠯᠤᠭᠤᠳᠬᠤ ᠵᠠᠷᠤᠳᠠᠯ᠂ ᠠᠷᠠᠳ ᠤᠨ ᠡᠶᠡᠲᠡᠭᠦᠯᠬᠦ ᠵᠦᠪᠯᠡᠯ ᠤᠨ ᠨᠦᠬᠦᠪᠦᠷᠢ | ᠵᠠᠷᠤᠳᠠᠯ᠂ ᠠᠷᠠᠳ ᠤᠨ ᠡᠶᠡᠲᠡᠭᠦᠯᠦᠭᠴᠢ ᠶᠢᠨ ᠨᠦᠬᠦᠪᠦᠷᠢ ᠵᠠᠷᠤᠳᠠᠯ ᠢ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠳ ᠡᠶᠡᠲᠡᠭᠦᠯᠦᠭᠴᠢ ᠶᠢ ᠰᠤᠩᠭᠤᠨ ᠲᠣᠮᠢᠯᠠᠵᠤ ᠪᠣᠯᠪᠠᠰᠤᠷᠠᠭᠤᠯᠬᠤ ᠪᠠ | ᠡᠶᠡᠲᠡᠭᠦᠯᠬᠦ ᠲᠣᠬᠠᠶᠢᠯᠠᠭᠰᠠᠨ ᠠᠵᠢᠯ ᠤᠨ ᠵᠢᠯᠣᠭᠤᠳᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠃ | ︵ᠬᠤᠷᠢᠨ ᠳᠥᠷᠪᠡ︶ ᠲᠤᠭ᠎ᠠ ᠪᠦᠷᠢᠳᠭᠡᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠡᠯ᠎ᠡ ᠭᠠᠵᠠᠷ | ᠣᠷᠣᠨ ᠨᠤᠭᠤᠳ ᠠᠳᠠᠯ ᠠᠬᠤᠢ ᠶᠢᠨ ᠦᠢᠯᠡᠴᠢᠯᠡᠭᠡᠨ ᠤ ᠦᠢᠯᠡᠰ ᠤᠨ ᠮᠡᠳᠡᠭᠡ ᠵᠠᠩᠭᠢ ᠶᠢ ᠪᠦᠷᠢᠳᠭᠡᠬᠦ | ᠲᠡᠪᠴᠡᠩ ᠤᠨ ᠪᠠᠶᠢᠭᠤᠯᠤᠯᠲᠠ ᠶᠢ ᠴᠢᠩᠭᠠᠳᠬᠠᠵᠤ᠂ ᠪᠦᠷᠢᠳᠭᠡᠨ ᠮᠡᠳᠡᠭᠦᠯᠬᠦ ᠳᠦᠷᠢᠮ ᠪᠠ ᠮᠡᠳᠡᠭᠡ ᠵᠠᠩᠭᠢ ᠨᠡᠶᠢᠲᠡᠯᠡᠬᠦ | ᠳᠦᠷᠢᠮ ᠢ ᠲᠡᠭᠦᠯᠳᠡᠷᠵᠢᠭᠦᠯᠦᠨ᠂ ᠠᠳᠠᠯ ᠠᠬᠤᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ | ᠬᠦᠳᠡᠯᠦᠩᠭᠦᠢ ᠪᠠᠷ ᠬᠢᠨᠠᠨ ᠰᠢᠨᠵᠢᠬᠦ ᠪᠠ ᠵᠠᠳᠠᠯᠬᠤ ᠪᠠᠨ ᠴᠢᠩᠭᠠᠳᠬᠠᠵᠤ᠂ ᠠᠳᠠᠯ ᠠᠬᠤᠢ ᠶᠢᠨ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠶᠢᠨ ᠲᠦᠯᠦᠪᠵᠢᠭᠦᠯᠭᠡ᠂ ᠲᠥᠷᠥ ᠶᠢᠨ ᠪᠣᠳᠣᠯᠭ᠎ᠠ ᠲᠣᠭᠲᠠᠭᠠᠬᠤ ᠳᠤ ᠦᠨᠳᠦᠰᠦ ᠪᠠᠷᠢᠮᠲᠠ | ᠬᠠᠩᠭᠠᠬᠤ ᠬᠡᠷᠡᠭᠲᠡᠢ᠃ | ᠳᠣᠯᠤᠭ᠎ᠠ᠂ ᠲᠥᠷᠥ ᠶᠢᠨ ᠪᠣᠳᠣᠯᠭ᠎ᠠ ᠶᠢᠨ ᠲᠡᠳᠭᠦᠬᠦ ᠡᠷᠴᠢᠮ ᠢᠶᠠᠨ ᠴᠢᠩᠭᠠᠷᠠᠭᠤᠯᠤᠨ᠎ᠠ | ︵ᠬᠤᠷᠢᠨ ᠲᠠᠪᠤ︶ ᠡᠳ᠋ ᠤᠨ ᠵᠠᠰᠠᠭ ᠤᠨ ᠨᠦᠬᠦᠪᠦᠷᠢ ᠶᠢᠨ ᠳᠡᠮᠵᠢᠯᠭᠡ ᠶᠢ ᠴᠢᠩᠭᠠᠳᠬᠠᠨ᠎ᠠ᠃ ᠬᠠᠭᠤᠴᠢᠨ ᠪᠠ | ᠬᠠᠭᠤᠴᠢᠷᠠᠭᠰᠠᠨ ᠣᠷᠣᠨ ᠰᠠᠭᠤᠴᠠ ᠶᠢᠨ ᠵᠢᠵᠢᠭ ᠲᠣᠭᠤᠷᠢᠭ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ | ᠵᠢᠵᠢᠭ ᠲᠣᠭᠤᠷᠢᠭ᠂ ᠪᠣᠴᠠᠭᠠᠨ ᠨᠡᠭᠦᠯᠭᠡᠵᠦ ᠲᠣᠬᠢᠷᠠᠭᠤᠯᠬᠤ ᠵᠢᠵᠢᠭ ᠲᠣᠭᠤᠷᠢᠭ ᠲᠤ ᠲᠤᠰᠬᠠᠶᠢᠵᠢᠭᠰᠠᠨ ᠠᠳᠠᠯ | ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ ᠪᠣᠶᠣ ᠳᠡᠰᠯᠡᠬᠦ ᠠᠳᠠᠯ ᠠᠬᠤᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ | ᠪᠠᠶᠢᠪᠠᠯ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠤᠨ ᠠᠴᠠ ᠠᠳᠠᠯ | ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠳᠤ ᠵᠣᠬᠢᠬᠤ ᠪᠡᠯᠡ ᠮᠦᠩᠭᠦ ᠶᠢᠨ ᠨᠦᠬᠦᠪᠦᠷᠢ ᠣᠯᠭᠤᠵᠣ᠂ ᠵᠢᠵᠢᠭ | ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠬᠡᠪ ᠢᠶᠠᠷ ᠠᠵᠢᠯᠯᠠᠬᠤ ᠶᠢ ᠪᠠᠲᠤᠯᠠᠨ᠎ᠠ︔ ᠲᠦᠪᠯᠡᠷᠡᠭᠦᠯᠦᠨ | ᠪᠠᠶᠢᠭᠤᠯᠤᠭᠰᠠᠨ ᠪᠣᠶᠣ ᠲᠠᠸᠠᠷ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠲᠤ ᠲᠣᠬᠢᠷᠠᠭᠤᠯᠤᠨ ᠪᠠᠶᠢᠭᠤᠯᠤᠭᠰᠠᠨ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ᠂ ᠪᠣᠴᠠᠭᠠᠨ ᠨᠡᠭᠦᠯᠭᠡᠵᠦ ᠲᠣᠬᠢᠷᠠᠭᠤᠯᠬᠤ ᠣᠷᠣᠨ ᠰᠠᠭᠤᠴᠠ᠂ | ᠦᠮᠴᠢᠲᠡᠨ ᠨᠢ ᠣᠷᠣᠯᠭ᠎ᠠ ᠪᠠᠭᠠᠲᠠᠢ ᠭᠡᠷ ᠪᠦᠯᠢ ᠳᠤ ᠬᠠᠷᠢᠶᠠᠯᠠᠭᠳᠠᠪᠠᠯ᠂ ᠬᠠᠷᠠᠭᠠᠯᠵᠠᠯᠲᠤ ᠦᠨ᠎ᠡ ᠶᠤᠰᠤᠭᠠᠷ ᠠᠳᠠᠯ | ᠠᠬᠤᠢ ᠶᠢᠨ ᠰᠦᠢᠳᠭᠡᠯ ᠲᠤᠰᠢᠶᠠᠵᠤ᠂ ᠣᠷᠣᠯᠭ᠎ᠠ ᠪᠠᠭᠠᠲᠠᠢ ᠭᠡᠷ ᠪᠦᠯᠢ ᠶᠢᠨ ᠲᠤᠰᠢᠶᠠᠬᠤ ᠪᠠᠷᠢᠮᠵᠢᠶ᠎ᠠ ᠪᠣᠯᠣᠨ ᠵᠢᠵᠢᠭ | ᠲᠣᠭᠤᠷᠢᠭ ᠤᠨ ᠨᠢᠭᠡᠲᠦᠯᠲᠡᠢ ᠠᠳᠠᠯ ᠠᠬᠤᠢ ᠶᠢᠨ ᠦᠢᠯᠡᠴᠢᠯᠡᠭᠡᠨ ᠤ ᠰᠦᠢᠳᠭᠡᠯ ᠬᠤᠷᠢᠶᠠᠬᠤ ᠪᠠᠷᠢᠮᠵᠢᠶ᠎ᠠ ᠶᠢᠨ | ᠵᠦᠷᠢᠶᠡᠨᠲᠦ ᠬᠡᠰᠡᠭ ᠲᠤ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠤᠨ ᠠᠴᠠ | ᠪᠡᠯᠡ ᠮᠦᠩᠭᠦ ᠶᠢᠨ ᠨᠦᠬᠦᠪᠦᠷᠢ ᠣᠯᠭᠤᠨ᠎ᠠ᠃ | ᠦᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠭᠰᠠᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ | ᠬᠦᠲᠦᠯᠦᠨ ᠵᠢᠯᠤᠭᠤᠳᠬᠤ ᠪᠡᠯᠡ ᠮᠦᠩᠭᠦ ᠶᠢᠨ ᠬᠡᠷᠡᠭᠯᠡᠬᠦ ᠬᠡᠪᠴᠢᠶ᠎ᠡ ᠶᠢ ᠠᠳᠠᠯ ᠠᠬᠤᠢ ᠶᠢᠨ ᠦᠢᠯᠡᠴᠢᠯᠡᠭᠡᠨ ᠤ | ᠦᠢᠯᠡᠰ ᠲᠤ ᠥᠷᠭᠡᠳᠭᠡᠵᠦ᠂ 2016 ᠣᠨ ᠠᠴᠠ ᠡᠬᠢᠯᠡᠨ᠂ ᠵᠢᠯ ᠪᠦᠷᠢ ᠵᠣᠬᠢᠬᠤ ᠲᠤᠭ᠎ᠠ ᠬᠡᠮᠵᠢᠶᠡᠨ ᠤ ᠠᠳᠠᠯ | ᠠᠬᠤᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠦᠲᠦᠯᠦᠨ ᠵᠢᠯᠤᠭᠤᠳᠬᠤ ᠪᠡᠯᠡ ᠮᠦᠩᠭᠦ ᠶᠢ | ᠲᠣᠬᠢᠷᠠᠭᠤᠯᠵᠤ᠂ ᠠᠳᠠᠯ ᠠᠬᠤᠢ ᠶᠢᠨ ᠦᠢᠯᠡᠴᠢᠯᠡᠭᠡᠨ ᠤ ᠦᠢᠯᠡᠰ ᠤᠨ ᠬᠦᠲᠦᠴᠢ ᠠᠵᠤ ᠠᠬᠤᠶᠢᠯᠠᠯ᠂ ᠰᠢᠨ᠎ᠡ ᠶᠢ | ᠡᠭᠦᠳᠬᠦ ᠬᠡᠯᠪᠡᠷᠢ ᠶᠢᠨ ᠠᠵᠤ ᠠᠬᠤᠶᠢᠯᠠᠯ ᠪᠠ ᠨᠡᠷᠡᠲᠦ ᠲᠦᠷᠦᠯ ᠲᠡᠮᠲᠡᠭᠲᠦ ᠠᠵᠤ ᠠᠬᠤᠶᠢᠯᠠᠯ ᠤᠨ ᠬᠥᠭᠵᠢᠯᠲᠡ ᠶᠢ | ᠬᠦᠲᠦᠯᠦᠨ ᠵᠢᠯᠤᠭᠤᠳᠬᠤ ᠪᠠ ᠵᠣᠷᠢᠬᠵᠢᠭᠤᠯᠬᠤ ᠳᠤ ᠲᠦᠪᠯᠡᠷᠡᠭᠦᠯᠦᠨ ᠬᠡᠷᠡᠭᠯᠡᠵᠦ᠂ ᠠᠳᠠᠯ ᠠᠬᠤᠢ ᠶᠢᠨ | ᠦᠢᠯᠡᠴᠢᠯᠡᠭᠡᠨ ᠤ ᠠᠵᠢᠯ ᠲᠦᠷᠦᠯ ᠤᠨ ᠴᠢᠳᠠᠪᠤᠷᠢᠲᠠᠨ ᠬᠦᠮᠦᠵᠢᠭᠦᠯᠬᠦ᠂ ᠪᠠᠷᠢᠮᠵᠢᠶᠠᠵᠢᠭᠤᠯᠬᠤ ᠪᠠ ᠮᠡᠳᠡᠭᠡ | ᠵᠠᠩᠬᠢᠵᠢᠭᠤᠯᠬᠤ ᠪᠠᠶᠢᠭᠤᠯᠤᠯᠲᠠ ᠶᠢ ᠳᠡᠮᠵᠢᠵᠦ᠂ ᠡᠨᠧᠷᠬᠢ ᠠᠷᠪᠢᠯᠠᠨ ᠪᠤᠬᠢᠷ ᠪᠤᠳᠠᠰ ᠭᠠᠳᠠᠭᠰᠢᠯᠠᠭᠤᠯᠬᠤ ᠶᠢ | ᠪᠠᠭᠠᠰᠬᠠᠬᠤ᠂ ᠠᠵᠢᠯ ᠣᠯᠭᠤᠬᠤ ᠶᠢ ᠲᠣᠬᠢᠷᠠᠭᠤᠯᠬᠤ᠂ ᠨᠡᠶᠢᠭᠡᠮ ᠲᠣᠭᠤᠷᠢᠭ ᠢ ᠪᠦᠲᠦᠭᠡᠨ ᠪᠠᠶᠢᠭᠤᠯᠬᠤ ᠳᠤ | ᠳᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠠᠳᠠᠯ ᠠᠬᠤᠢ ᠶᠢᠨ ᠬᠠᠮᠢᠶᠠᠷᠤᠯᠲᠠ ᠶᠢᠨ ᠨᠢᠭᠡᠴᠡ ᠵᠡᠷᠭᠡ ᠶᠢ | ᠬᠦᠬᠢᠭᠦᠯᠦᠨ ᠱᠠᠩᠨᠠᠨ᠎ᠠ᠃ | ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠠᠵᠢᠯᠯᠠᠭᠠᠨ ᠤ ᠦᠪᠡᠷ ᠤᠨ ᠥᠷᠲᠡᠭ ᠢ | ᠪᠠᠭᠤᠷᠠᠭᠤᠯᠤᠨ᠎ᠠ᠃ ᠡᠯ᠎ᠡ ᠭᠠᠵᠠᠷ ᠣᠷᠣᠨ ᠨᠤᠭᠤᠳ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ | ᠲᠠᠲᠠᠪᠤᠷᠢᠯᠠᠨ ᠬᠤᠷᠢᠶᠠᠭᠰᠠᠨ ᠡᠵᠡᠩᠨᠡᠯᠲᠡ ᠶᠢᠨ ᠭᠠᠶᠢᠯᠢ ᠶᠢᠨ ᠣᠷᠣᠨ ᠨᠤᠲᠤᠭ ᠤᠨ ᠣᠷᠣᠯᠭ᠎ᠠ ᠶᠢᠨ ᠬᠡᠰᠡᠭ ᠢ | ᠭᠤᠣᠯᠳᠠᠭᠤ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢ ᠨᠦᠬᠦᠪᠦᠷᠢᠯᠡᠬᠦ ᠪᠠ ᠬᠦᠬᠢᠭᠦᠯᠦᠨ | ᠱᠠᠩᠨᠠᠬᠤ ᠳᠤ ᠬᠡᠷᠡᠭᠯᠡᠨ᠎ᠡ︔ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠡᠨᠧᠷᠬᠢ ᠠᠷᠪᠢᠯᠠᠨ ᠪᠤᠬᠢᠷ | ᠪᠤᠳᠠᠰ ᠭᠠᠳᠠᠭᠰᠢᠯᠠᠭᠤᠯᠬᠤ ᠶᠢ ᠪᠠᠭᠠᠰᠬᠠᠬᠤ ᠶᠢᠨ ᠲᠦᠯᠦᠭᠡ ᠨᠡᠶᠢᠲᠡ ᠶᠢᠨ ᠪᠡᠯᠡᠳᠭᠡᠮᠵᠢ ᠶᠢ ᠰᠢᠨᠡᠳᠭᠡᠨ | ᠦᠭᠡᠷᠡᠴᠢᠯᠡᠭᠰᠡᠨ ᠵᠠᠷᠤᠳᠠᠯ ᠤᠨ ᠵᠠᠷᠤᠴᠠᠭᠤᠯᠭ᠎ᠠ ᠵᠢᠴᠢ ᠡᠨᠧᠷᠬᠢ ᠠᠷᠪᠢᠯᠠᠵᠤ ᠬᠤᠷᠤᠭᠳᠠᠯ ᠢ ᠪᠠᠭᠠᠰᠬᠠᠬᠤ ᠦᠷ᠎ᠡ | ᠪᠦᠲᠦᠮᠵᠢ ᠪᠠᠷ ᠳᠤᠪᠤᠶᠢᠮ᠎ᠠ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠳᠤ ᠲᠣᠬᠠᠢ ᠶᠢᠨ ᠭᠠᠵᠠᠷ | ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠣᠬᠢᠬᠤ ᠬᠠᠷᠢᠴᠠᠯ ᠤᠨ ᠨᠢᠭᠡ ᠯᠡ ᠤᠳᠠᠭᠠᠨ ᠤ ᠴᠢᠨᠠᠷᠲᠠᠢ | ᠰᠦᠢᠳᠭᠡᠯ ᠤᠨ ᠨᠦᠬᠦᠪᠦᠷᠢ ᠪᠠ ᠱᠠᠩᠨᠠᠯ ᠣᠯᠭᠤᠨ᠎ᠠ᠃ | ︵ᠬᠤᠷᠢᠨ ᠵᠢᠷᠭᠤᠭ᠎ᠠ︶ ᠭᠠᠶᠢᠯᠢ ᠲᠠᠲᠠᠪᠤᠷᠢ ᠪᠠᠷ ᠲᠡᠳᠭᠦᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ ᠭᠠᠶᠢᠯᠢ ᠲᠤᠰᠢᠶᠠᠬᠤ ᠰᠠᠭᠤᠷᠢ ᠲᠤᠭ᠎ᠠ ᠶᠢ ᠵᠣᠬᠢᠰᠲᠠᠢ ᠲᠣᠭᠲᠠᠭᠠᠨ᠎ᠠ᠃ ᠠᠳᠠᠯ | ᠠᠬᠤᠢ ᠶᠢᠨ ᠬᠠᠮᠢᠶᠠᠷᠤᠯᠲᠠ ᠬᠢᠬᠦ ᠨᠢᠭᠡᠴᠡ ᠨᠦᠭᠦᠳ ᠤᠨ ᠠᠳᠠᠯ ᠠᠬᠤᠢ ᠶᠢᠨ ᠬᠠᠮᠢᠶᠠᠷᠤᠯᠲᠠ ᠳᠤ ᠬᠤᠯᠪᠣᠭᠳᠠᠭᠰᠠᠨ | ᠪᠦᠬᠦ ᠣᠷᠣᠯᠭ᠎ᠠ ᠠᠴᠠ ᠦᠮᠴᠢᠲᠡᠨ ᠢ ᠣᠷᠣᠯᠠᠨ ᠲᠦᠯᠦᠭᠰᠡᠨ ᠤᠰᠤ᠂ ᠴᠠᠬᠢᠯᠭᠠᠨ᠂ ᠰᠢᠲᠠᠮᠠᠬᠠᠢ ᠬᠡᠢ ᠵᠢᠴᠢ | ᠳᠦᠷᠢᠶᠡᠰᠦᠯᠡᠭᠴᠢ ᠶᠢ ᠣᠷᠣᠯᠠᠨ ᠲᠦᠯᠦᠭᠰᠡᠨ ᠤᠰᠤ᠂ ᠴᠠᠬᠢᠯᠭᠠᠨ᠂ ᠰᠢᠲᠠᠮᠠᠬᠠᠢ ᠬᠡᠢ᠂ ᠭᠡᠷ ᠪᠠᠶᠢᠰᠢᠩ ᠤᠨ | ᠳᠦᠷᠢᠶᠡᠰᠦ ᠶᠢᠨ ᠦᠨ᠎ᠡ ᠬᠠᠩᠰᠢ ᠶᠢᠨ ᠵᠣᠭᠤᠰ ᠢ ᠬᠠᠰᠤᠭᠰᠠᠨ ᠤ ᠳᠠᠷᠠᠭᠠᠬᠢ ᠦᠯᠡᠳᠡᠪᠦᠷᠢ ᠠᠴᠠ ᠡᠵᠡᠩᠨᠡᠯᠳᠡ ᠶᠢᠨ | ᠭᠠᠶᠢᠯᠢ ᠲᠠᠲᠠᠪᠤᠷᠢᠯᠠᠨ᠎ᠠ᠃ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠠᠴᠠ ᠣᠯᠠᠨ ᠵᠦᠢᠯ ᠤᠨ | ᠡᠵᠡᠩᠨᠡᠯᠲᠡ ᠶᠢ ᠥᠷᠨᠢᠭᠦᠯᠵᠦ᠂ ᠠᠳᠠᠯᠢ ᠪᠤᠰᠤ ᠭᠠᠶᠢᠯᠢ ᠶᠢᠨ ᠲᠦᠷᠦᠯ ᠢ ᠬᠠᠪᠰᠤᠷᠭᠠᠭᠰᠠᠨ ᠡᠵᠡᠩᠨᠡᠯᠳᠠ ᠶᠢᠨ | ᠲᠤᠭ᠎ᠠ ᠳᠤ ᠲᠤᠰ ᠲᠤᠰ ᠲᠣᠭᠠᠴᠠᠭ᠎ᠠ ᠬᠢᠬᠦ ᠶᠢᠨ ᠬᠠᠮᠲᠤ᠂ ᠡᠵᠡᠩᠨᠡᠬᠦ ᠲᠦᠷᠦᠯ ᠵᠦᠢᠯ ᠳᠤᠨᠢ ᠲᠣᠬᠢᠷᠠᠬᠤ | ᠭᠠᠶᠢᠯᠢ ᠶᠢᠨ ᠲᠦᠷᠦᠯ ᠤᠨ ᠭᠠᠶᠢᠯᠢ ᠶᠢᠨ ᠨᠤᠷᠮ᠎ᠠ ᠶᠤᠰᠤᠭᠠᠷ ᠡᠵᠡᠩᠨᠡᠯᠲᠡ ᠶᠢᠨ ᠭᠠᠶᠢᠯᠢ ᠲᠠᠲᠠᠪᠤᠷᠢᠯᠠᠨ ᠬᠤᠷᠢᠶᠠᠬᠤ | ᠬᠡᠷᠡᠭᠲᠡᠢ᠃ ᠡᠵᠡᠩᠨᠡᠯᠲᠡ ᠶᠢᠨ ᠭᠠᠶᠢᠯᠢ ᠶᠢ ᠥᠷᠳᠡᠭ ᠤᠨ ᠨᠡᠮᠡᠭᠳᠡᠯ ᠭᠠᠶᠢᠯᠢ ᠪᠣᠯᠭᠠᠨ ᠦᠭᠡᠷᠡᠴᠢᠯᠡᠨ | ᠲᠠᠲᠠᠪᠤᠷᠢᠯᠠᠭᠰᠠᠨ ᠤ ᠳᠠᠷᠠᠭ᠎ᠠ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠭᠠᠶᠢᠯᠢ | ᠲᠠᠲᠠᠪᠤᠷᠢᠯᠠᠬᠤ ᠲᠥᠷᠥ ᠶᠢᠨ ᠪᠣᠳᠣᠯᠭ᠎ᠠ ᠶᠢ ᠤᠯᠤᠰ ᠤᠨ ᠬᠠᠮᠢᠶ᠎ᠠ ᠪᠦᠬᠦᠢ ᠲᠣᠭᠲᠠᠭᠠᠯ ᠶᠤᠰᠤᠭᠠᠷ | ᠬᠡᠷᠡᠭᠵᠢᠭᠦᠯᠦᠨ᠎ᠡ᠃ | ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠭᠡᠷ ᠬᠦᠷᠦᠩᠭᠡ ᠶᠢᠨ ᠭᠠᠶᠢᠯᠢ ᠲᠤᠰᠢᠶᠠᠬᠤ ᠳᠤ | ᠦᠨᠡᠨᠬᠦ ᠬᠦᠴᠢᠷᠳᠡᠯ ᠲᠠᠢ ᠪᠠᠶᠢᠪᠠᠯ᠂ ᠭᠤᠶᠤᠴᠢᠯᠠᠯ ᠭᠠᠷᠭᠠᠵᠤ ᠪᠣᠯᠣᠨ᠎ᠠ᠂ ᠣᠷᠣᠨ ᠨᠣᠲᠤᠭ ᠤᠨ ᠭᠠᠶᠢᠯᠢ ᠶᠢᠨ | ᠶᠠᠪᠤᠳᠠᠯ ᠤᠨ ᠪᠠᠶᠢᠭᠤᠯᠭ᠎ᠠ ᠠᠴᠠ ᠱᠠᠲᠤ ᠳᠠᠷᠠᠭᠠᠯᠠᠨ ᠳᠡᠭᠡᠭᠰᠢ ᠮᠡᠳᠡᠭᠦᠯᠵᠦ᠂ ᠦᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠤᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠭᠡᠷ ᠬᠦᠷᠦᠩᠭᠡ ᠶᠢᠨ ᠭᠠᠶᠢᠯᠢ ᠶᠢ | ᠲᠣᠭᠲᠠᠮᠠᠯ ᠬᠤᠭᠤᠴᠠᠭ᠎ᠠ ᠲᠠᠢ ᠪᠠᠷ ᠪᠠᠭᠤᠷᠠᠭᠤᠯᠤᠨ ᠲᠠᠲᠠᠪᠤᠷᠢᠯᠠᠬᠤ ᠪᠣᠶᠣ ᠬᠡᠯᠲᠦᠷᠢᠭᠦᠯᠵᠦ ᠪᠣᠯᠣᠨ᠎ᠠ᠃ ᠠᠳᠠᠯ | ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠵᠡᠮᠳᠡᠭᠴᠦᠳ ᠢ ᠲᠣᠬᠢᠷᠠᠭᠤᠯᠤᠭᠰᠠᠨ ᠪᠠᠶᠢᠪᠠᠯ᠂ ᠵᠡᠮᠳᠡᠭ | ᠠᠵᠢᠯᠳᠠᠨ ᠠᠵᠢᠯᠴᠢᠨ ᠳᠤ ᠤᠯᠭᠤᠭᠰᠠᠨ ᠴᠠᠯᠢᠩ ᠶᠤᠰᠤᠭᠠᠷ ᠪᠤᠲᠠᠲᠠᠢ ᠬᠠᠰᠤᠭᠰᠠᠨ ᠰᠠᠭᠤᠷᠢᠨ ᠳᠡᠭᠡᠷ᠎ᠡ᠂ ᠵᠡᠮᠳᠡᠭ | ᠠᠵᠢᠯᠳᠠᠨ ᠠᠵᠢᠯᠴᠢᠨ ᠳᠤ ᠤᠯᠭᠤᠭᠰᠠᠨ ᠴᠠᠯᠢᠩ ᠤᠨ 100% ᠪᠠᠷ ᠲᠣᠬᠠᠢ ᠶᠢᠨ ᠵᠢᠯ ᠳᠤ ᠲᠤᠰᠢᠶᠠᠪᠠᠰᠤ ᠵᠣᠬᠢᠬᠤ | ᠭᠠᠶᠢᠯᠢ ᠶᠢᠨ ᠠᠰᠢᠭ ᠣᠷᠣᠯᠭ᠎ᠠ ᠶᠢᠨ ᠲᠤᠭ᠎ᠠ ᠳᠤ ᠲᠤᠰᠢᠶᠠᠪᠠᠰᠤ ᠵᠣᠬᠢᠬᠤ ᠭᠠᠶᠢᠯᠢ ᠶᠢᠨ ᠠᠰᠢᠭ ᠣᠷᠣᠯᠭ᠎ᠠ ᠶᠢᠨ | ᠲᠤᠭ᠎ᠠ ᠶᠢ ᠵᠣᠬᠢᠬᠤ ᠬᠠᠷᠢᠴᠠᠯ ᠨᠡᠮᠡᠵᠦ ᠪᠠᠶᠢᠭᠠᠳ ᠬᠠᠰᠤᠬᠤ ᠬᠡᠷᠡᠭᠲᠡᠢ᠃ ᠠᠳᠠᠯ ᠠᠬᠤᠢ ᠶᠢᠨ ᠦᠢᠯᠡᠴᠢᠯᠡᠭᠡ | ᠡᠷᠬᠢᠯᠡᠬᠦ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠤᠳ ᠦᠢᠯᠡᠳᠪᠦᠷᠢᠯᠡᠯ ᠡᠵᠡᠩᠨᠡᠯᠲᠡ ᠳᠤ ᠤᠯᠤᠬᠰᠠᠨ | ᠠᠩᠬᠠᠨ ᠤ ᠣᠷᠣᠯᠭ᠎ᠠ ᠶᠢᠨ ᠭᠠᠶᠢᠯᠢ ᠲᠤᠰᠢᠶᠠᠬᠤ ᠳᠤ ᠬᠠᠷᠢᠶᠠᠯᠠᠭᠳᠠᠭᠰᠠᠨ ᠣᠨ ᠵᠢᠯ ᠠᠴᠠ ᠡᠬᠢᠯᠡᠨ᠂ 3 ᠵᠢᠯ ᠤᠨ | ᠳᠤᠲᠤᠷ᠎ᠠ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠣᠷᠣᠨ ᠨᠤᠲᠤᠭ ᠤᠨ ᠡᠳ᠋ᠯᠡᠬᠦ ᠬᠡᠰᠡᠭ ᠢ | ᠲᠠᠲᠠᠪᠤᠷᠢᠯᠠᠬᠤ ᠠᠴᠠ ᠬᠡᠯᠲᠦᠷᠢᠭᠦᠯᠦᠨ᠎ᠡ᠃ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠨᠡᠶᠢᠯᠡᠬᠦᠯᠵᠦ | ᠳᠠᠬᠢᠨ ᠵᠣᠬᠢᠶᠠᠨ ᠪᠠᠶᠢᠭᠤᠯᠬᠤ᠂ ᠪᠣᠵᠠᠭᠠᠶᠢᠷᠠᠭᠤᠯᠤᠨ ᠬᠦᠴᠦᠷᠭᠡᠭᠵᠢᠭᠦᠯᠬᠦ ᠶᠢ ᠵᠣᠷᠢᠬᠵᠢᠭᠤᠯᠵᠤ᠂ ᠨᠡᠶᠢᠯᠡᠬᠦᠯᠵᠦ | ᠵᠣᠬᠢᠶᠠᠨ ᠪᠠᠶᠢᠭᠤᠯᠬᠤ ᠶᠠᠪᠤᠴᠠ ᠳᠤᠮᠳᠠ᠂ ᠨᠡᠶᠢᠯᠡᠭᠦᠯᠬᠦ᠂ ᠲᠤᠰᠠᠭᠠᠷᠯᠠᠬᠤ᠂ ᠬᠤᠳᠠᠯᠳᠤᠬᠤ᠂ ᠰᠤᠯᠢᠯᠴᠠᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠵᠤ᠂ ᠪᠦᠭᠦᠳᠡ ᠪᠣᠶᠣ ᠬᠡᠰᠡᠭ ᠪᠤᠳᠠᠳᠤ ᠡᠳ᠋ ᠬᠦᠷᠦᠩᠭᠡ ᠵᠢᠴᠢ ᠲᠡᠭᠦᠨ ᠯᠦᠭᠡ | ᠬᠤᠯᠪᠣᠭ᠎ᠠ ᠲᠠᠢ ᠠᠪᠴᠠᠭ᠎ᠠ᠂ ᠥᠭᠴᠢᠭᠡ ᠪᠠ ᠬᠦᠳᠡᠯᠮᠦᠷᠢ ᠬᠦᠴᠦᠨ ᠢ ᠪᠤᠰᠤᠳ ᠨᠢᠭᠡᠴᠡ ᠪᠠ ᠬᠤᠪᠢ ᠬᠦᠮᠦᠨ ᠳᠤ | ᠬᠠᠮᠲᠤ ᠳᠤᠨᠢ ᠰᠢᠯᠵᠢᠭᠦᠯᠦᠨ ᠥᠭᠬᠦ ᠠᠵᠢᠯᠯᠠᠭ᠎ᠠ ᠨᠢ ᠡᠵᠡᠩᠨᠡᠯᠲᠡ ᠶᠢᠨ ᠭᠠᠶᠢᠯᠢ ᠲᠠᠲᠠᠪᠤᠷᠢᠯᠠᠬᠤ ᠬᠡᠪᠴᠢᠶᠡᠨ ᠳᠤ | ᠬᠠᠷᠢᠶᠠᠯᠠᠭᠳᠠᠬᠤ ᠦᠭᠡᠢ᠂ ᠲᠡᠭᠦᠨ ᠳᠤ ᠬᠤᠯᠪᠣᠭᠳᠠᠭᠰᠠᠨ ᠦᠯᠦ ᠬᠦᠳᠡᠯᠬᠦ ᠬᠦᠷᠦᠩᠭᠡ᠂ ᠭᠠᠵᠠᠷ ᠰᠢᠷᠤᠢ ᠶᠢᠨ | ᠬᠡᠷᠡᠭᠯᠡᠬᠦ ᠡᠷᠬᠡ ᠶᠢ ᠰᠢᠯᠵᠢᠭᠦᠯᠦᠭᠰᠡᠨ ᠪᠣᠯ ᠡᠵᠡᠩᠨᠡᠯᠲᠡ ᠶᠢᠨ ᠭᠠᠶᠢᠯᠢ ᠲᠠᠲᠠᠪᠤᠷᠢᠯᠠᠬᠤ ᠦᠭᠡᠢ᠃ ᠡᠳ᠋ ᠤᠨ ᠵᠠᠰᠠᠭ ᠤᠨ | ᠶᠠᠮᠦᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ︽ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠶᠢᠨ ᠳᠦᠷᠢᠮ ᠤᠨ ᠦᠭᠡᠷᠡᠴᠢᠯᠡᠯᠳᠠ ᠬᠢᠵᠦ᠂ ᠳᠠᠬᠢᠨ ᠵᠣᠬᠢᠶᠠᠨ ᠪᠠᠶᠢᠭᠤᠯᠬᠤ ᠶᠢ ᠤᠯᠠᠮ ᠨᠢᠭᠡ | ᠠᠯᠬᠤᠮ ᠳᠡᠮᠵᠢᠬᠦ ᠳᠤ ᠬᠤᠯᠪᠣᠭᠳᠠᠭᠰᠠᠨ ᠭᠡᠷ᠎ᠡ ᠶᠢᠨ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ ᠲᠣᠬᠠᠢ ᠮᠡᠳᠡᠭᠳᠡᠯ︾ | ︵ᠡᠳ᠋ ᠭᠠᠶᠢᠯᠢ ﹇2015﹈ 37 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ | ᠠᠳᠠᠯ ᠠᠬᠤᠢ ᠶᠢᠨ ᠦᠢᠯᠡᠴᠢᠯᠡᠭᠡᠨ ᠤ ᠨᠦᠬᠦᠴᠡᠯ ᠳᠤ ᠨᠡᠶᠢᠴᠡᠬᠦ ᠠᠵᠤ ᠠᠬᠤᠶᠢᠯᠠᠯ ᠳᠤ ᠳᠡᠮᠵᠢᠯᠭᠡ ᠣᠯᠭᠤᠨ᠎ᠠ᠃ | ᠵᠢᠵᠢᠭ ᠬᠡᠯᠪᠡᠷᠢ ᠶᠢᠨ ᠦᠴᠦᠬᠡᠨ ᠤᠯᠵᠠᠪᠤᠷᠢ ᠲᠠᠢ ᠠᠵᠤ ᠠᠬᠤᠶᠢᠯᠠᠯ ᠤᠨ ᠨᠦᠬᠦᠴᠡᠯ ᠳᠤ ᠨᠡᠶᠢᠴᠡᠬᠦ ᠠᠳᠠᠯ | ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠲᠤᠰᠢᠶᠠᠪᠠᠰᠤ ᠵᠣᠬᠢᠬᠤ ᠭᠠᠶᠢᠯᠢ ᠶᠢᠨ ᠠᠰᠢᠭ ᠣᠷᠣᠯᠭ᠎ᠠ ᠶᠢ | ᠬᠠᠰᠤᠵᠤ 20% ᠶᠢᠨ ᠭᠠᠶᠢᠯᠢ ᠶᠢᠨ ᠨᠤᠷᠮ᠎ᠠ ᠶᠤᠰᠤᠭᠠᠷ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢ | ᠲᠠᠲᠠᠪᠤᠷᠢᠯᠠᠨ ᠬᠤᠷᠢᠶᠠᠨ᠎ᠠ︔ 2015 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ 2017 ᠣᠨ ᠤ 12 | ᠳ᠋ᠤᠭᠠᠷ ᠰᠠᠷ᠎ᠠ ᠶᠢᠨ 31 ᠤ ᠡᠳᠦᠷ ᠪᠤᠯᠲᠠᠯ᠎ᠠ᠂ ᠣᠨ ᠤ ᠲᠤᠰᠢᠶᠠᠪᠠᠰᠤ ᠵᠣᠬᠢᠬᠤ ᠭᠠᠶᠢᠯᠢ ᠶᠢᠨ ᠠᠰᠢᠭ ᠣᠷᠣᠯᠭ᠎ᠠ ᠶᠢᠨ | ᠲᠤᠭ᠎ᠠ ᠨᠢ 20 ᠲᠦᠮᠡᠨ ᠲᠦᠭᠦᠷᠢᠭ ︵20 ᠲᠦᠮᠡᠨ ᠲᠦᠭᠦᠷᠢᠭ ᠢ ᠪᠠᠭᠲᠠᠭᠠᠨ᠎ᠠ︶ ᠠᠴᠠ ᠳᠣᠣᠷ᠎ᠠ ᠪᠠᠶᠢᠬᠤ ᠵᠢᠵᠢᠭ | ᠬᠡᠯᠪᠡᠷᠢ ᠶᠢᠨ ᠦᠴᠦᠬᠡᠨ ᠤᠯᠵᠠᠪᠤᠷᠢ ᠲᠠᠢ ᠠᠵᠤ ᠠᠬᠤᠶᠢᠯᠠᠯ ᠤᠨ ᠠᠰᠢᠭ ᠣᠷᠣᠯᠭ᠎ᠠ ᠶᠢ ᠬᠠᠰᠤᠵᠤ ᠲᠤᠰᠢᠶᠠᠪᠠᠰᠤ | ᠵᠣᠬᠢᠬᠤ ᠠᠰᠢᠭ ᠣᠷᠣᠯᠭ᠎ᠠ ᠶᠢᠨ ᠲᠤᠭ᠎ᠠ ᠳᠤ 50% ᠪᠠᠷ ᠲᠡᠮᠲᠡᠭᠯᠡᠨ ᠣᠷᠤᠭᠤᠯᠵᠤ᠂ 20% ᠤᠨ ᠭᠠᠶᠢᠯᠢ ᠶᠢᠨ | ᠨᠤᠷᠮ᠎ᠠ ᠶᠤᠰᠤᠭᠠᠷ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢ ᠲᠤᠰᠢᠶᠠᠬᠤ ᠶᠢᠨ ᠬᠠᠮᠲᠤ᠂ ᠲᠡᠭᠦᠨ ᠤ | ᠳᠣᠲᠤᠷᠠᠬᠢ ᠣᠷᠣᠨ ᠨᠤᠲᠤᠭ ᠤᠨ ᠡᠳ᠋ᠯᠡᠬᠦ ᠬᠡᠰᠡᠭ ᠢ ᠲᠠᠲᠠᠪᠤᠷᠢᠯᠠᠬᠤ ᠠᠴᠠ ᠬᠡᠯᠲᠦᠷᠢᠭᠦᠯᠦᠨ᠎ᠡ᠃ | ︵ᠬᠤᠷᠢᠨ ᠳᠣᠯᠤᠭ᠎ᠠ︶ ᠬᠠᠮᠢᠶ᠎ᠠ ᠪᠦᠬᠦᠢ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠬᠤᠲᠠ ᠬᠦᠳᠡᠭᠡ ᠶᠢᠨ | ᠠᠵᠢᠯ ᠣᠯᠬᠤ ᠳᠤ ᠬᠦᠴᠢᠷᠳᠡᠯᠲᠡᠢ ᠬᠦᠮᠦᠰ ᠢ ᠡᠯᠰᠡᠨ ᠬᠡᠷᠡᠭᠯᠡᠵᠦ᠂ ᠠᠵᠤ ᠠᠬᠤᠶᠢᠯᠠᠯ ᠨᠢ ᠲᠡᠭᠦᠨ ᠯᠦᠭᠡ 1 | ᠵᠢᠯ ᠠᠴᠠ ᠳᠡᠭᠡᠭᠰᠢᠬᠢ ᠬᠦᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠢ | ᠲᠣᠭᠲᠠᠭᠠᠯ ᠶᠤᠰᠤᠭᠠᠷ ᠲᠤᠰᠢᠶᠠᠭᠰᠠᠨ ᠪᠣᠯ ᠠᠵᠤ ᠠᠬᠤᠶᠢᠯᠠᠯ ᠤᠨ ᠪᠤᠲᠠᠲᠠᠢ ᠲᠤᠰᠢᠶᠠᠵᠤ ᠥᠭᠭᠦᠭᠰᠡᠨ ᠦᠨᠳᠦᠰᠦᠨ | ᠨᠠᠰᠤᠵᠢᠯ᠂ ᠦᠨᠳᠦᠰᠦᠨ ᠡᠮᠴᠢᠯᠡᠭᠡ᠂ ᠠᠵᠢᠯ ᠠᠯᠳᠠᠬᠤ ᠳᠠᠭᠠᠳᠬᠠᠯ ᠤᠨ ᠵᠠᠷᠤᠳᠠᠯ ᠳᠤ ᠲᠣᠬᠠᠢ ᠶᠢᠨ ᠭᠠᠵᠠᠷ ᠤᠨ | ᠠᠷᠠᠳ ᠤᠨ ᠵᠠᠰᠠᠭ ᠤᠨ ᠤᠷᠳᠤᠨ ᠠᠴᠠ ᠨᠦᠬᠦᠪᠦᠷᠢ ᠣᠯᠭᠤᠨ᠎ᠠ᠂ ᠠᠵᠢᠯ ᠣᠯᠬᠤ ᠳᠤ ᠬᠦᠴᠢᠷᠳᠡᠯᠲᠡᠢ ᠬᠦᠮᠦᠰ ᠤᠨ | ᠬᠤᠪᠢ ᠬᠦᠮᠦᠨ ᠤ ᠲᠤᠰᠢᠶᠠᠪᠠᠰᠤ ᠵᠣᠬᠢᠬᠤ ᠦᠨᠳᠦᠰᠦᠨ ᠨᠠᠰᠤᠵᠢᠯ ᠤᠨ ᠳᠠᠭᠠᠳᠬᠠᠯ ᠤᠨ ᠵᠠᠷᠤᠳᠠᠯ᠂ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠦᠨᠳᠦᠰᠦᠨ ᠵᠠᠷᠤᠳᠠᠯ ᠪᠠ ᠠᠵᠢᠯ ᠠᠯᠳᠠᠬᠤ ᠳᠠᠭᠠᠳᠬᠠᠯ ᠤᠨ ᠵᠠᠷᠤᠳᠠᠯ ᠵᠢᠴᠢ ᠠᠵᠤ | ᠠᠬᠤᠶᠢᠯᠠᠯ ︵ᠨᠢᠭᠡᠴᠡ︶ ᠪᠣᠯᠣᠨ ᠬᠤᠪᠢ ᠬᠦᠮᠦᠨ ᠤ ᠲᠤᠰᠢᠶᠠᠪᠠᠰᠤ ᠵᠣᠬᠢᠬᠤ ᠪᠤᠰᠤᠳ ᠨᠡᠶᠢᠭᠡᠮ ᠤᠨ | ᠳᠠᠭᠠᠳᠬᠠᠯ ᠤᠨ ᠵᠠᠷᠤᠳᠠᠯ ᠡᠭᠦᠨ ᠳᠤ ᠪᠠᠭᠲᠠᠬᠤ ᠦᠭᠡᠢ᠃ ᠨᠦᠬᠦᠪᠦᠷᠢᠯᠡᠬᠦ ᠴᠠᠭ ᠬᠤᠭᠤᠴᠠᠭ᠎ᠠ ᠨᠢ ᠬᠠᠤᠯᠢ ᠳᠤ | ᠲᠣᠭᠲᠠᠭᠠᠭᠰᠠᠨ ᠠᠵᠢᠯ ᠠᠴᠠ ᠪᠠᠭᠤᠵᠦ ᠠᠮᠠᠷᠠᠬᠤ ᠨᠠᠰᠤ ᠵᠢᠯ ᠠᠴᠠ 5 ᠵᠢᠯ ᠳᠤᠲᠠᠭᠤ ᠪᠠᠶᠢᠬᠤ ᠠᠵᠢᠯ ᠣᠯᠬᠤ ᠳᠤ | ᠬᠦᠴᠢᠷᠳᠡᠯᠲᠡᠢ ᠬᠦᠮᠦᠰ ᠢ ᠠᠵᠢᠯ ᠠᠴᠠ ᠪᠠᠨ ᠪᠠᠭᠤᠵᠦ ᠠᠮᠠᠷᠠᠳᠠᠯ᠎ᠠ ᠣᠷᠲᠤᠳᠬᠠᠬᠤ ᠠᠴᠠ ᠭᠠᠳᠠᠨ᠎ᠠ᠂ ᠪᠤᠰᠤᠳ | ᠬᠦᠮᠦᠰ ᠢ 3 ᠵᠢᠯ ᠠᠴᠠ ᠬᠡᠲᠦᠷᠡᠭᠦᠯᠵᠦ ᠪᠣᠯᠬᠤ ᠦᠭᠡᠢ᠃ | ᠠᠳᠠᠯ ᠠᠬᠤᠢ ᠶᠢᠨ ᠦᠢᠯᠡᠴᠢᠯᠡᠭᠡᠨ ᠤ ᠰᠢᠯᠢᠳᠡᠭ ᠢ ᠡᠭᠦᠳᠴᠦ ᠪᠠᠷᠢᠮᠵᠢᠶ᠎ᠠ ᠳᠤ ᠬᠦᠷᠦᠭᠰᠡᠨ ᠠᠵᠤ | ᠠᠬᠤᠶᠢᠯᠠᠯ ᠢ ᠬᠦᠬᠢᠭᠦᠯᠦᠨ ᠱᠠᠩᠨᠠᠬᠤ ᠡᠷᠴᠢᠮ ᠢᠶᠠᠨ ᠴᠢᠩᠭᠠᠷᠠᠭᠤᠯᠵᠤ᠂ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠢ ᠬᠦᠲᠦᠯᠦᠨ ᠵᠢᠯᠤᠭᠤᠳᠴᠤ ᠪᠠᠶᠢᠭᠠᠳ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠲᠦᠷᠦᠯ | ᠵᠦᠢᠯ ᠢ ᠨᠡᠮᠡᠭᠳᠡᠭᠦᠯᠵᠦ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠥᠷᠭᠡᠳᠭᠡᠨ᠂ ᠦᠢᠯᠡᠴᠢᠯᠡᠭᠡᠨ ᠤ ᠶᠠᠰᠤ | ᠴᠢᠨᠠᠷ ᠢ ᠳᠡᠭᠡᠭᠰᠢᠯᠡᠭᠦᠯᠵᠦ᠂ ᠰᠢᠯᠢᠳᠡᠭ ᠠᠵᠤ ᠠᠬᠤᠶᠢᠯᠠᠯ ᠢ ᠪᠣᠵᠠᠭᠠᠶᠢᠷᠠᠭᠤᠯᠤᠨ ᠬᠦᠴᠦᠷᠭᠡᠭᠵᠢᠭᠦᠯᠬᠦ ᠶᠢ | ᠵᠣᠷᠢᠬᠵᠢᠭᠤᠯᠤᠨ᠂ ᠠᠵᠢᠯ ᠲᠦᠷᠦᠯ ᠤᠨ ᠬᠥᠭᠵᠢᠯᠲᠡ ᠶᠢᠨ ᠬᠢᠷᠢ ᠬᠡᠮᠵᠢᠶ᠎ᠠ ᠶᠢ ᠪᠦᠬᠦᠯᠢ ᠴᠣᠭᠴᠠ ᠪᠠᠷ ᠨᠢ | ᠳᠡᠭᠡᠭᠰᠢᠯᠡᠭᠦᠯᠬᠦ ᠶᠢ ᠳᠠᠶᠢᠴᠢᠯᠠᠬᠤ ᠬᠡᠷᠡᠭᠲᠡᠢ᠃ ᠠᠳᠠᠯ ᠠᠬᠤᠢ ᠶᠢᠨ ᠬᠠᠮᠢᠶᠠᠷᠤᠯᠲᠠ ᠶᠢᠨ ᠦᠪᠡᠷᠲᠡᠭᠡᠨ ᠵᠠᠰᠠᠬᠤ | ᠣᠷᠣᠨ ᠤ ᠳᠡᠰ ᠤᠨ ᠵᠢᠱᠢᠶ᠎ᠡ ᠦᠵᠡᠭᠦᠯᠬᠦ᠂ ᠰᠢᠯᠢᠳᠡᠭ ᠲᠦᠷᠦᠯ ᠵᠦᠢᠯ ᠢ ᠬᠦᠷᠳᠡᠭᠰᠡᠳ ᠲᠤ ᠲᠣᠬᠠᠢ ᠶᠢᠨ | ᠭᠠᠵᠠᠷ ᠤᠨ ᠠᠷᠠᠳ ᠤᠨ ᠵᠠᠰᠠᠭ ᠤᠨ ᠣᠷᠳᠤᠨ ᠠᠴᠠ ᠪᠠᠷᠢᠯᠭ᠎ᠠ ᠶᠢᠨ ᠲᠠᠯᠠᠪᠠᠢ ᠶᠢᠨ 0.8 ᠲᠦᠭᠦᠷᠢᠭ / ᠲᠡᠭᠰᠢ | ᠳᠦᠷᠪᠡᠯᠵᠢᠨ ᠮᠧᠲᠷ ᠤᠨ ᠪᠠᠷᠢᠮᠵᠢᠶ᠎ᠠ ᠪᠠᠷ ᠨᠢᠭᠡ ᠯᠡ ᠤᠳᠠᠭᠠᠨ ᠤ ᠴᠢᠨᠠᠷᠲᠠᠢ ᠱᠠᠩᠨᠠᠯ ᠢ ᠣᠯᠭᠤᠬᠤ ᠬᠡᠷᠡᠭᠲᠡᠢ᠃ | ᠠᠳᠠᠯ ᠠᠬᠤᠢ ᠶᠢᠨ ᠬᠠᠮᠢᠶᠠᠷᠤᠯᠲᠠ ᠶᠢᠨ ᠤᠯᠤᠰ ᠤᠨ ᠳᠡᠰ ᠤᠨ ᠵᠢᠱᠢᠶ᠎ᠡ ᠦᠵᠡᠭᠦᠯᠬᠦ ᠲᠦᠷᠦᠯ ᠵᠦᠢᠯ ᠢ | ᠬᠦᠷᠳᠡᠭᠰᠡᠳ ᠲᠤ ᠲᠣᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠤᠨ ᠠᠴᠠ ᠪᠠᠷᠢᠯᠭ᠎ᠠ ᠶᠢᠨ ᠲᠠᠯᠠᠪᠠᠢ ᠶᠢᠨ | 1.00 ᠲᠦᠬᠦᠷᠢᠭ / ᠲᠡᠭᠰᠢ ᠳᠦᠷᠪᠡᠯᠵᠢᠨ ᠮᠧᠲᠷ ᠤᠨ ᠪᠠᠷᠢᠮᠵᠢᠶ᠎ᠠ ᠪᠠᠷ ᠨᠢᠭᠡ ᠯᠡ ᠤᠳᠠᠭᠠᠨ ᠤ ᠴᠢᠨᠠᠷᠲᠠᠢ ᠱᠠᠩᠨᠠᠯ ᠢ | ᠣᠯᠭᠤᠬᠤ ᠬᠡᠷᠡᠭᠲᠡᠢ᠃ ᠰᠢᠨᠡᠳᠭᠡᠭᠰᠡᠨ ᠤ ᠳᠠᠷᠠᠭᠠᠬᠢ ᠬᠠᠭᠤᠴᠢᠨ ᠪᠠ ᠬᠠᠭᠤᠴᠢᠷᠠᠭᠰᠠᠨ ᠣᠷᠣᠨ ᠰᠠᠭᠤᠴᠠ ᠶᠢᠨ | ᠵᠢᠵᠢᠭ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡ ᠶᠢ ᠳᠠᠭᠠᠭᠠᠨ ᠠᠪᠴᠤ ᠬᠠᠮᠢᠶᠠᠷᠤᠭᠰᠠᠨ ᠠᠵᠤ | ᠠᠬᠤᠶᠢᠯᠠᠯ ᠨᠢ ᠦᠮᠴᠢᠲᠠᠨ ᠤ ᠵᠦᠪᠯᠡᠯ ᠯᠦᠭᠡ 3 ᠵᠢᠯ ᠠᠴᠠ ᠳᠡᠭᠡᠭᠰᠢᠬᠢ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ | ᠲᠣᠭᠲᠠᠵᠤ᠂ ᠦᠢᠯᠡᠴᠢᠯᠡᠭᠡᠨ ᠤ ᠬᠤᠭᠤᠴᠠᠭᠠᠨ ᠳᠤ ᠦᠮᠴᠢᠲᠠᠨ ᠤ ᠲᠠᠭᠠᠰᠢᠶᠠᠯ ᠤᠨ ᠨᠤᠷᠮ᠎ᠠ ᠨᠢ 80% ᠠᠴᠠ | ᠳᠡᠭᠡᠭᠰᠢ ᠳᠤ ᠬᠦᠷᠦᠭᠰᠡᠨ ᠪᠠᠶᠢᠪᠠᠯ ᠰᠠᠭᠤᠭ᠎ᠠ ᠭᠠᠵᠠᠷ ᠤᠨ ᠠᠷᠠᠳ ᠤᠨ ᠵᠠᠰᠠᠭ ᠤᠨ ᠣᠷᠳᠤᠨ ᠠᠴᠠ ᠵᠢᠯ ᠪᠦᠷᠢ 0.5 | ᠲᠦᠭᠦᠷᠢᠭ / ᠲᠡᠭᠰᠢ ᠳᠦᠷᠪᠡᠯᠵᠢᠨ ᠮᠧᠲᠷ ᠢᠶᠠᠷ ᠬᠦᠬᠢᠭᠦᠯᠦᠨ ᠱᠠᠩᠨᠠᠵᠤ᠂ 3 ᠵᠢᠯ ᠳᠠᠷᠠᠭᠠᠯᠠᠨ ᠱᠠᠩᠨᠠᠵᠤ᠂ ᠠᠵᠤ | ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠡᠭᠦᠷᠭᠡᠯᠡᠬᠦ ᠶᠢ ᠵᠣᠷᠢᠬᠵᠢᠭᠤᠯᠤᠨ᠎ᠠ᠃ | ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠠᠵᠢᠯ ᠡᠷᠬᠢᠯᠡᠭᠴᠢᠳ ᠤᠨ ᠠᠵᠢᠯ ᠤᠨ | ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠪᠣᠯᠣᠨ ᠦᠷᠭᠦᠯᠵᠢᠯᠡᠨ ᠬᠦᠮᠦᠵᠢᠭᠦᠯᠬᠦ ᠪᠤᠯᠪᠠᠰᠤᠷᠠᠭᠤᠯᠤᠯ ᠨᠢ | ᠪᠣᠯᠪᠠᠰᠤᠷᠠᠭᠤᠯᠬᠤ ᠭᠠᠵᠠᠷ ᠤᠨ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠦᠴᠢᠷ ᠤᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠨᠦᠬᠦᠪᠦᠷᠢ ᠶᠢ ᠬᠦᠷᠲᠡᠨ᠎ᠡ᠃ | ︵ᠬᠤᠷᠢᠨ ᠨᠠᠢᠮᠠ︶ ᠪᠤᠰᠤᠳ ᠲᠡᠳᠭᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠲᠡᠷᠬᠡ | ᠬᠦᠰᠬᠡ ᠶᠢᠨ ᠵᠣᠭᠰᠤᠭᠠᠯ ᠭᠠᠵᠠᠷ ᠤᠨ ᠡᠵᠡᠩᠨᠡᠯᠲᠡ ᠶᠢᠨ ᠡᠷᠬᠡ ᠶᠢ ᠰᠢᠯᠤᠭᠤᠳᠬᠠᠨ᠎ᠠ᠃ ᠭᠡᠷ ᠪᠠᠶᠢᠰᠢᠩ ᠭᠠᠵᠠᠷ | ᠬᠦᠷᠦᠩᠭᠡ ᠶᠢᠨ ᠠᠵᠤ ᠠᠬᠤᠶᠢᠯᠠᠯ ᠤᠳ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠭᠠᠵᠠᠷ ᠳᠡᠭᠡᠷᠡᠬᠢ ᠲᠡᠷᠭᠡ | ᠬᠦᠰᠬᠡ ᠶᠢᠨ ᠵᠣᠭᠰᠤᠭᠠᠯ ᠭᠠᠵᠠᠷ ᠢ ᠬᠤᠳᠠᠯᠳᠤᠵᠤ ᠪᠣᠯᠬᠤ ᠦᠭᠡᠢ᠂ ᠵᠦᠪᠬᠡᠨ ᠠᠳᠠᠯ ᠠᠬᠤᠢ ᠶᠢᠨ ᠦᠢᠯᠡᠴᠢᠯᠡᠭᠡᠨ ᠤ | ᠠᠵᠤ ᠠᠬᠤᠶᠢᠯᠠᠯ ᠠᠴᠠ ᠳᠦᠷᠢᠶᠡᠰᠦᠯᠡᠨ ᠡᠵᠡᠩᠨᠡᠵᠦ ᠪᠣᠯᠣᠨ᠎ᠠ᠂ ᠲᠡᠷᠡ ᠮᠦᠷᠲᠡᠭᠡᠨ ᠤᠳᠠᠭ᠎ᠠ ᠪᠦᠷᠢ ᠶᠢᠨ | ᠳᠦᠷᠢᠶᠡᠰᠦᠯᠡᠬᠦ ᠬᠤᠭᠤᠴᠠᠭ᠎ᠠ ᠨᠢ ᠨᠢᠭᠡ ᠵᠢᠯ ᠠᠴᠠ ᠬᠡᠲᠦᠷᠡᠵᠦ ᠪᠣᠯᠬᠤ ᠦᠭᠡᠢ᠂ ᠳᠦᠷᠢᠶᠡᠰᠦᠨ ᠤ ᠵᠤᠭᠤᠰ ᠢ ︽ | ᠦᠮᠴᠢᠲᠠᠳ ᠠᠴᠠ ᠠᠪᠴᠤ ᠦᠮᠴᠢᠲᠠᠳ ᠲᠤ ᠬᠡᠷᠡᠭᠯᠡᠬᠦ︾ ᠵᠠᠷᠴᠢᠮ ᠢᠶᠠᠷ ᠠᠳᠠᠯ ᠠᠬᠤᠢ ᠶᠢᠨ ᠵᠠᠷᠤᠳᠠᠯ ᠭᠦᠢᠴᠡᠳ | ᠦᠭᠡᠢ ᠪᠠᠶᠢᠬᠤ ᠶᠢ ᠨᠦᠬᠦᠪᠦᠷᠢᠯᠡᠬᠦ ᠳᠤ ᠬᠡᠷᠡᠭᠯᠡᠨ᠎ᠡ᠃ | ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠳᠤ ᠣᠴᠢᠵᠤ ᠠᠵᠢᠯ ᠣᠯᠬᠤ ᠶᠢ ᠵᠣᠷᠢᠬᠵᠢᠭᠤᠯᠤᠨ | ᠳᠡᠮᠵᠢᠨ᠎ᠡ᠃ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠤᠳ ᠠᠳᠠᠯ | ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠳᠡᠭᠡᠳᠦ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ | ᠰᠤᠷᠭᠠᠭᠤᠯᠢ ᠶᠢᠨ ᠲᠡᠭᠦᠰᠦᠭᠰᠡᠳ᠂ ᠴᠡᠷᠢᠭ ᠠᠴᠠ ᠬᠠᠯᠠᠭᠳᠠᠵᠤ ᠰᠢᠯᠵᠢᠭᠰᠡᠳ᠂ ᠠᠵᠢᠯ ᠣᠯᠬᠤ ᠳᠤ ᠬᠦᠴᠢᠷᠳᠡᠯᠲᠡᠢ | ᠬᠦᠮᠦᠰ ᠢ ᠡᠯᠰᠡᠭᠰᠡᠨ ᠪᠠᠶᠢᠪᠠᠯ᠂ ᠠᠵᠢᠯ ᠤᠨ ᠪᠠᠶᠢᠷᠢ ᠶᠢ ᠤᠷᠢᠳᠠᠪᠠᠷ ᠬᠠᠩᠭᠠᠬᠤ ᠶᠢᠨ ᠳᠠᠭᠠᠤ ᠠᠵᠢᠯ ᠤᠯᠭᠤᠬᠤ ᠳᠤ | ᠰᠦᠢᠳᠭᠡᠯ ᠬᠤᠷᠢᠶᠠᠬᠤ ᠦᠭᠡᠢ ᠪᠠᠷ ᠵᠢᠯᠤᠭᠤᠳᠬᠤ ᠦᠢᠯᠡᠴᠢᠯᠡᠭᠡ ᠦᠭᠬᠦ ᠶᠢ ᠬᠡᠷᠡᠭᠵᠢᠭᠦᠯᠦᠨ᠎ᠡ᠃ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠶᠢᠯᠠᠯ ᠤᠳ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠪᠠ ᠦᠷᠡᠵᠢᠯ ᠤᠨ | ᠳᠠᠭᠠᠳᠬᠠᠯ ᠳᠤ ᠲᠣᠭᠲᠠᠭᠠᠯ ᠶᠤᠰᠤᠭᠠᠷ ᠣᠷᠣᠯᠴᠠᠵᠤ᠂ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠪᠠ | ᠦᠷᠡᠵᠢᠯ ᠤᠨ ᠳᠠᠭᠠᠳᠬᠠᠯ ᠲᠠᠢ ᠠᠳᠠᠯᠢ ᠳᠡᠰ ᠤᠨ ᠬᠠᠷᠠᠭᠠᠯᠵᠠᠯ ᠬᠦᠷᠲᠡᠨ᠎ᠡ︔ ᠦᠨᠡᠨᠬᠦ ᠬᠦᠴᠢᠷᠳᠡᠯᠲᠠᠢ ᠠᠵᠤ | ᠠᠬᠤᠶᠢᠯᠠᠯ ᠨᠢ ᠪᠠᠰᠠ ᠠᠮᠢᠳᠤᠯᠢᠭ ᠢᠶᠠᠷ ᠠᠵᠢᠯ ᠣᠯᠭᠤᠬᠤ ᠬᠦᠮᠦᠰ ᠤᠨ ᠶᠤᠰᠤᠭᠠᠷ ᠠᠵᠢᠯᠳᠠᠨ ᠠᠵᠢᠯᠴᠢᠨ ᠤ | ᠡᠮᠴᠢᠯᠡᠭᠡ ᠶᠢᠨ ᠳᠠᠭᠠᠳᠬᠠᠯ ᠪᠣᠶᠣ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠳᠤ ᠣᠷᠤᠯᠴᠠᠪᠠᠯ᠂ ᠵᠣᠬᠢᠬᠤ | ᠬᠠᠷᠠᠭᠠᠯᠵᠠᠯ ᠬᠦᠷᠲᠡᠵᠦ ᠪᠣᠯᠣᠨ᠎ᠠ᠃ | ᠨᠠᠢᠮᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠨ᠎ᠠ | ︵ᠬᠤᠷᠢ ᠶᠢᠰᠦ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠠᠵᠢᠯ ᠤᠨ | ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠦᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ | ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠲᠦᠷᠦᠭᠦᠯᠡᠵᠦ᠂ ᠬᠥᠭᠵᠢᠭᠦᠯᠦᠯᠲᠡ ᠦᠭᠡᠷᠡᠴᠢᠯᠡᠯᠲᠡ᠂ | ᠳᠣᠲᠤᠭᠠᠲᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠬᠠᠤᠯᠢ ᠴᠠᠭᠠᠵᠠ᠂ ᠡᠳ᠋ ᠤᠨ ᠵᠠᠰᠠᠭ᠂ ᠭᠠᠶᠢᠯᠢ ᠶᠢᠨ | ᠶᠠᠪᠤᠳᠠᠯ᠂ ᠠᠵᠤ ᠦᠢᠯᠡᠳᠪᠦᠷᠢ ᠬᠤᠳᠠᠯᠳᠤᠭ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ᠂ ᠠᠶᠤᠯ | ᠦᠭᠡᠢ ᠶᠢ ᠬᠢᠨᠠᠬᠤ᠂ ᠮᠦᠩᠭᠦᠨ ᠭᠦᠢᠯᠭᠡᠭᠡ᠂ ᠴᠠᠬᠢᠯᠭᠠᠨ ᠬᠦᠴᠦᠨ ᠵᠡᠷᠭᠡ ᠰᠠᠯᠠᠭ᠎ᠠ ᠮᠦᠴᠢᠷ ᠪᠣᠯᠣᠨ ᠨᠢᠭᠡᠴᠡ ᠪᠠᠷ | ᠪᠦᠷᠢᠯᠳᠦᠭᠰᠡᠨ ᠠᠳᠠᠯ ᠠᠬᠤᠢ ᠶᠢᠨ ᠬᠠᠮᠢᠶᠠᠷᠤᠯᠲᠠ ᠶᠢᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ | ᠨᠢᠭᠡᠲᠦᠯᠲᠡᠢ ᠲᠦᠯᠦᠪᠯᠡᠨ ᠵᠣᠬᠢᠴᠠᠭᠤᠯᠬᠤ ᠶᠢ ᠴᠢᠩᠭᠠᠳᠬᠠᠨ᠂ ᠪᠤᠲᠠᠲᠠᠢ ᠠᠵᠢᠯ ᠤᠨ ᠳᠤᠮᠳᠠ ᠲᠤᠯᠭᠠᠷᠠᠭᠰᠠᠨ | ᠴᠢᠬᠤᠯᠠ ᠶᠡᠭᠡ ᠠᠰᠠᠭᠤᠳᠠᠯ ᠢ ᠴᠠᠭ ᠲᠣᠬᠠᠢ ᠳᠤᠨᠢ ᠰᠢᠢᠳᠪᠦᠷᠢᠯᠡᠨ᠎ᠡ᠃ ᠬᠠᠮᠲᠤᠷᠠᠭᠰᠠᠨ ᠬᠤᠷᠠᠯ ᠤᠨ ᠠᠯᠪᠠᠨ ᠭᠡᠷ ᠢ | ᠦᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ ᠳᠤ ᠪᠠᠶᠢᠷᠢᠯᠠᠭᠤᠯᠤᠨ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ | ᠬᠠᠮᠢᠶ᠎ᠠ ᠪᠦᠬᠦᠢ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠣᠷᠣᠨ ᠨᠣᠲᠤᠭ ᠤᠨ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠪᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠠᠳᠠᠯ | ᠠᠬᠤᠢ ᠶᠢᠨ ᠦᠢᠯᠡᠴᠢᠯᠡᠭᠡᠨ ᠤ ᠦᠢᠯᠡᠰ ᠢ ᠲᠦᠷᠭᠡᠳᠭᠡᠨ ᠬᠥᠭᠵᠢᠭᠦᠯᠬᠦ ᠶᠢᠨ ᠴᠢᠬᠤᠯᠠ ᠴᠢᠨᠠᠷ ᠪᠣᠯᠣᠨ ᠲᠤᠯᠭᠠᠮ᠎ᠠ | ᠴᠢᠨᠠᠷ ᠢ ᠭᠦᠢᠴᠡᠳ ᠲᠠᠨᠢᠵᠤ᠂ ᠦᠵᠡᠯᠲᠡ ᠪᠠᠨ ᠤᠯᠠᠮ ᠨᠢᠭᠡ ᠠᠯᠬᠤᠮ ᠬᠤᠪᠢᠷᠠᠭᠤᠯᠤᠨ᠂ ᠰᠡᠳᠬᠢᠮᠵᠢ ᠪᠠᠨ | ᠥᠷᠭᠡᠳᠭᠡᠵᠦ᠂ ᠠᠳᠠᠯ ᠠᠬᠤᠢ ᠶᠢᠨ ᠠᠵᠢᠯ ᠲᠦᠷᠦᠯ ᠤᠨ ᠬᠥᠭᠵᠢᠯᠲᠡ ᠶᠢᠨ ᠬᠢᠷᠢ ᠬᠡᠮᠵᠢᠶ᠎ᠠ ᠪᠣᠯᠣᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠠᠳᠠᠯ ᠠᠬᠤᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ | ᠪᠤᠶᠢᠵᠢᠭᠤᠯᠤᠨ ᠵᠢᠷᠤᠮᠵᠢᠭᠤᠯᠬᠤ᠂ ᠠᠳᠠᠯ ᠠᠬᠤᠢ ᠶᠢᠨ ᠠᠵᠤ ᠠᠬᠤᠶᠢᠯᠠᠯ ᠤᠨ ᠳᠠᠷᠤᠭᠠᠰᠤ ᠶᠢ ᠬᠦᠩᠭᠡᠷᠡᠭᠦᠯᠬᠦ᠂ | ᠲᠡᠳᠭᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠡᠳᠦᠷ ᠲᠤᠳᠤᠮ ᠤᠨ ᠴᠢᠬᠤᠯᠠ ᠵᠦᠪᠯᠡᠬᠦ | ᠵᠦᠢᠯ ᠳᠡᠭᠡᠨ ᠣᠷᠣᠭᠤᠯᠵᠤ᠂ ᠡᠭᠦᠷᠭᠡ ᠪᠠᠨ ᠲᠤᠳᠤᠷᠬᠠᠶᠢᠯᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ | ᠵᠦᠢᠯ ᠤᠨ ᠠᠵᠢᠯ ᠪᠣᠯᠣᠨ ᠲᠡᠳᠭᠦᠬᠦ ᠲᠥᠷᠥ ᠶᠢᠨ ᠪᠣᠳᠣᠯᠭ᠎ᠠ ᠶᠢ ᠪᠣᠲᠠᠲᠠᠢ ᠭᠠᠵᠠᠷ ᠲᠤᠨᠢ ᠨᠠᠶᠢᠳᠠᠪᠤᠷᠢᠵᠢᠭᠤᠯᠬᠤ ᠶᠢ | ᠦᠨᠡᠨᠬᠦ ᠪᠠᠲᠤᠯᠠᠬᠤ ᠬᠡᠷᠡᠭᠲᠡᠢ᠃ | ︵ᠭᠤᠴᠢ︶ ᠬᠠᠷᠠᠯᠲᠠ ᠪᠠᠷ ᠰᠢᠯᠭᠠᠨ ᠬᠢᠨᠠᠬᠤ ᠪᠠᠨ ᠴᠢᠩᠭᠠᠳᠬᠠᠵᠤ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠤᠨ᠎ᠠ᠃ ᠦᠪᠡᠷᠲᠡᠭᠡᠨ ᠵᠠᠰᠠᠬᠤ ᠣᠷᠣᠨ ᠠᠴᠠ ᠭᠤᠷᠪᠠᠨ ᠵᠢᠯ ᠤᠨ | ᠬᠤᠭᠤᠴᠠᠭᠠᠨ ᠤ ︽ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠢ ᠵᠢᠷᠤᠮᠵᠢᠭᠤᠯᠬᠤ ᠵᠢᠯ︾ ᠤᠨ | ᠠᠵᠢᠯᠯᠠᠭ᠎ᠠ ᠶᠢ ᠦᠷᠨᠢᠭᠦᠯᠵᠦ᠂ ᠪᠤᠲᠠᠲᠠᠢ ᠬᠡᠷᠡᠭᠵᠢᠭᠦᠯᠬᠦ ᠲᠦᠰᠦᠯ ᠢ ᠦᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠲᠣᠭᠲᠠᠭᠠᠵᠤ ᠳᠣᠷᠤᠭᠰᠢ | ᠪᠠᠭᠤᠯᠭᠠᠨ᠎ᠠ᠃ 2016 ᠣᠨ ᠠᠴᠠ ᠡᠬᠢᠯᠡᠨ᠂ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠢ ᠦᠪᠡᠷᠲᠡᠭᠡᠨ | ᠵᠠᠰᠠᠬᠤ ᠣᠷᠣᠨ ᠤ ᠠᠶᠢᠮᠠᠭ ᠬᠤᠲᠠ ᠶᠢᠨ ᠤᠳᠤᠷᠢᠳᠬᠤ ᠪᠠᠭ ᠤᠨ ᠣᠨ ᠤ ᠠᠵᠢᠯ ᠤᠨ ᠠᠮᠵᠢᠯᠲᠠ ᠪᠦᠳᠦᠮᠵᠢ ᠶᠢ | ᠰᠢᠯᠭᠠᠨ ᠬᠢᠨᠠᠬᠤ ᠬᠠᠷᠠᠯᠲᠠ ᠳᠤ ᠣᠷᠣᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠠᠳᠠᠯ ᠠᠬᠤᠢ ᠶᠢᠨ | ᠬᠠᠮᠢᠶᠠᠷᠤᠯᠲᠠ ᠶᠢ ᠰᠢᠯᠭᠠᠨ ᠬᠢᠨᠠᠬᠤ ᠠᠷᠭ᠎ᠠ ᠪᠠ ᠬᠤᠪᠢ ᠣᠯᠭᠤᠬᠤ ᠨᠠᠷᠢᠨ ᠳᠦᠷᠢᠮ ᠢ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ | ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠠᠳᠠᠯ ᠠᠬᠤᠢ ᠶᠢᠨ | ᠬᠠᠮᠢᠶᠠᠷᠤᠯᠲᠠ ᠶᠢᠨ ᠠᠵᠢᠯ ᠤᠨ ᠣᠨ ᠤ ᠳ᠋ᠦᠩᠨᠡᠯᠲᠡ ᠶᠢ ᠬᠢᠨᠠᠮᠠᠭᠠᠢ ᠰᠠᠶᠢᠲᠤᠷ ᠬᠢᠵᠦ᠂ ᠬᠠᠮᠢᠶᠠᠷᠤᠯᠲᠠ ᠪᠠᠷ ᠰᠠᠶᠢᠨ | ᠠᠳᠠᠯ ᠠᠬᠤᠢ ᠶᠢᠨ ᠲᠦᠷᠦᠯ ᠵᠦᠢᠯ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠪᠣᠯᠣᠨ ᠭᠠᠵᠠᠷ | ᠣᠷᠣᠨ ᠢ ᠢᠳᠡᠪᠬᠢᠲᠡᠢ ᠪᠦᠬᠡᠳ ᠥᠷᠭᠡᠨ ᠢᠶᠠᠷ ᠤᠬᠠᠭᠤᠯᠵᠤ᠂ ᠨᠡᠶᠢᠲᠡᠯᠢᠭ ᠵᠢᠱᠢᠶ᠎ᠡ ᠦᠵᠡᠭᠦᠯᠦᠨ ᠳᠠᠶᠢᠴᠢᠯᠠᠬᠤ | ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠡᠯ᠎ᠡ ᠠᠶᠢᠮᠠᠭ ᠬᠤᠲᠠ ᠨᠤᠭᠤᠳ ᠪᠠᠰᠠ ᠵᠣᠬᠢᠬᠤ ᠰᠢᠯᠭᠠᠨ ᠬᠢᠨᠠᠵᠤ | ᠤᠷᠮᠠᠰᠢᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ | ︵ᠭᠤᠴᠢᠨ ᠨᠢᠭᠡ︶ ᠤᠬᠠᠭᠤᠯᠤᠨ ᠬᠦᠲᠦᠯᠦᠨ ᠵᠢᠯᠤᠭᠤᠳᠬᠤ ᠶᠢ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ | ᠠᠭᠤᠷ ᠠᠮᠢᠰᠬᠤᠯ ᠢ ᠪᠣᠢ ᠪᠣᠯᠭᠠᠨ᠎ᠠ᠃ ᠡᠯ᠎ᠡ ᠭᠠᠵᠠᠷ ᠣᠷᠣᠨ ᠨᠤᠭᠤᠳ ᠵᠥᠪ ᠲᠠᠯ᠎ᠠ ᠶᠢᠨ ᠤᠬᠠᠭᠤᠯᠵᠦ ᠬᠦᠲᠦᠯᠦᠨ | ᠵᠢᠯᠤᠭᠤᠳᠬᠤ ᠶᠢ ᠴᠢᠩᠭᠠᠳᠬᠠᠵᠤ᠂ ᠰᠣᠨᠢᠨ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ ᠵᠡᠷᠭᠡ ᠰᠣᠨᠢᠨ | ᠮᠡᠳᠡᠭᠡᠨ ᠤ ᠵᠠᠭᠤᠴᠢᠯᠠᠭᠤᠷ ᠢ ᠭᠦᠢᠴᠡᠳ ᠠᠰᠢᠭᠯᠠᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ | ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠭᠦᠨᠵᠡᠭᠡᠢ ᠤᠬᠠᠭᠤᠯᠤᠨ᠂ ᠥᠷᠭᠡᠨ ᠣᠯᠠᠨ ᠥᠮᠴᠢᠲᠡᠨ ᠤ ᠠᠳᠠᠯ | ᠠᠬᠤᠢ ᠶᠢᠨ ᠬᠡᠷᠡᠭᠯᠡᠭᠡ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠤᠨ ᠵᠠᠬ᠎ᠠ ᠳᠡᠯᠭᠡᠭᠦᠷ ᠤᠨ ᠠᠵᠢᠯᠯᠠᠭ᠎ᠠ ᠶᠢ ᠵᠢᠷᠤᠮᠵᠢᠭᠤᠯᠤᠨ᠂ ᠠᠳᠠᠯ ᠠᠬᠤᠢ ᠶᠢᠨ ᠬᠠᠮᠢᠶᠠᠷᠤᠯᠲᠠ ᠶᠢᠨ | ᠠᠵᠢᠯ ᠳᠤ ᠣᠷᠣᠰᠢᠵᠤ ᠪᠠᠶᠢᠭ᠎ᠠ ᠬᠠᠯᠠᠮᠰᠢᠯ ᠲᠦᠪᠡᠭᠲᠡᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠡᠶᠢᠭᠡᠮ ᠤᠨ | ᠡᠯ᠎ᠡ ᠡᠲᠡᠭᠡᠳ ᠢ ᠢᠳᠡᠪᠬᠢᠲᠡᠢ ᠬᠦᠲᠦᠯᠦᠨ ᠵᠢᠯᠤᠭᠤᠳᠴᠤ ᠪᠠᠶᠢᠭᠠᠳ ᠠᠳᠠᠯ ᠠᠬᠤᠢ ᠶᠢᠨ ᠬᠠᠮᠢᠶᠠᠷᠤᠯᠲᠠ ᠶᠢᠨ | ᠠᠵᠢᠯ ᠢ ᠬᠠᠯᠠᠮᠵᠢᠯᠠᠨ ᠳᠡᠮᠵᠢᠵᠦ᠂ ᠠᠳᠠᠯ ᠠᠬᠤᠢ ᠶᠢᠨ ᠦᠢᠯᠡᠴᠢᠯᠡᠭᠡᠨ ᠤ ᠠᠵᠢᠯ ᠲᠦᠷᠦᠯ ᠤᠨ ᠡᠷᠡᠭᠦᠯ ᠢᠶᠠᠷ | ᠬᠥᠭᠵᠢᠬᠦ ᠳᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠢ ᠪᠣᠯᠭᠠᠬᠤ ᠬᠡᠷᠡᠭᠲᠡᠢ᠃ | | |