ᠬᠡᠳᠦᠨ ᠡᠳᠦᠷ ᠤᠨ ᠲᠤᠷᠰᠢ᠂ ᠥᠪᠥᠷ ᠮᠣᠩᠭᠤᠯ ᠤᠨ ᠵᠡᠭᠦᠨ ᠪᠡᠶ᠎ᠡ ᠪᠠᠷ ᠳᠤᠮᠳᠠ ᠠᠴᠠ ᠶᠡᠭᠡ ᠴᠠᠰᠤ᠂ | ᠬᠡᠰᠡᠭ ᠭᠠᠵᠠᠷ ᠲᠤ ᠶᠡᠭᠡ ᠴᠠᠰᠤ ᠠᠴᠠ ᠤᠨᠴᠠ ᠶᠡᠭᠡ ᠴᠠᠰᠤ ᠪᠤᠯᠵᠠᠢ᠂ ᠡᠨᠡ ᠨᠢ 11 ᠳ᠋ᠤᠭᠡᠷ ᠰᠠᠷ᠎ᠠ ᠶᠢᠨ | ᠰᠡᠭᠦᠯᠴᠢ ᠠᠴᠠ ᠨᠠᠰᠢᠬᠢ ᠵᠡᠭᠦᠨ ᠪᠡᠶ᠎ᠡ ᠶᠢᠨ ᠭᠠᠵᠠᠷ ᠣᠷᠣᠨ ᠢ ᠨᠦᠯᠦᠭᠡᠯᠡᠭᠰᠡᠨ ᠬᠤᠶᠠᠳᠤᠭᠠᠷ ᠡᠭᠡᠯᠵᠢ ᠶᠢᠨ ᠴᠠᠰᠤ | ᠪᠤᠯᠬᠤ ᠪᠦᠭᠡᠳ ᠬᠠᠮᠤᠭ ᠤᠨ ᠶᠡᠭᠡ ᠴᠠᠰᠤᠨ ᠤ ᠬᠡᠮᠵᠢᠶ᠎ᠡ ᠨᠢ 10.6mm᠂ ᠬᠠᠮᠤᠭ ᠤᠨ ᠶᠡᠭᠡ ᠰᠦᠬᠦᠯᠡᠭᠰᠡᠨ | ᠬᠦᠨᠴᠡ ᠨᠢ 21cm ᠪᠤᠯᠤᠨ᠎ᠠ᠃ ᠥᠴᠥᠭᠡᠳᠦᠷ᠂ ᠥᠪᠥᠷ ᠮᠣᠩᠭᠤᠯ ᠤᠨ ᠴᠠᠭ ᠠᠭᠤᠷ ᠤᠨ ᠬᠤᠷᠢᠶ᠎ᠠ ᠠᠴᠠ | ᠤᠶᠢᠯᠠᠭᠠᠭᠰᠠᠨ ᠢᠶᠠᠷ᠂ ᠢᠷᠡᠬᠦ ᠬᠤᠶᠠᠷ ᠡᠳᠦᠷ ᠲᠤ᠂ ᠴᠠᠰᠤ ᠣᠷᠣᠬᠤ ᠬᠡᠪᠴᠢᠶ᠎ᠡ ᠬᠢᠭᠡᠳ ᠬᠡᠮᠵᠢᠶ᠎ᠡ ᠨᠢ ᠢᠯᠡᠳᠲᠡ | ᠪᠠᠭᠠᠰᠬᠤ ᠪᠤᠯᠤᠨ᠎ᠠ᠃ | ᠴᠠᠰᠤᠨ ᠤ ᠪᠠᠶᠢᠳᠠᠯ ᠤᠨ ᠬᠢᠨᠠᠨ ᠬᠡᠮᠵᠢᠯᠲᠡ ᠶᠢᠨ ᠬᠠᠮᠤᠭ ᠤᠨ ᠰᠢᠨ᠎ᠡ ᠢᠯᠡᠷᠭᠡᠶᠢᠯᠡᠯ ᠢ ᠦᠨᠳᠦᠰᠦᠯᠡᠪᠡᠯ᠂ 12 | ᠳ᠋ᠤᠭᠠᠷ ᠰᠠᠷ᠎ᠠ ᠶᠢᠨ 2 ᠤᠨ ᠡᠳᠦᠷ ᠤᠨ 8 ᠴᠠᠭ ᠠᠴᠠ 12 ᠳ᠋ᠤᠭᠠᠷ ᠰᠠᠷ᠎ᠠ ᠶᠢᠨ 3 ᠤ ᠡᠳᠦᠷ ᠤᠨ 8 ᠴᠠᠭ | ᠪᠣᠯᠲᠠᠯ᠎ᠠ᠂ ᠮᠠᠨ ᠤ ᠣᠷᠣᠨ ᠤ ᠳᠤᠮᠳᠠ ᠪᠠ ᠵᠡᠭᠦᠨ ᠪᠡᠶ᠎ᠡ ᠶᠢᠨ ᠶᠡᠬᠡᠩᠬᠢ ᠬᠡᠰᠡᠭ ᠤᠨ 54 ᠦᠷᠳᠡᠭᠡ ᠴᠢᠬ ᠲᠤ | ᠴᠠᠰᠤ ᠤᠷᠤᠪᠠ᠃ ᠬᠥᠯᠥᠨ ᠪᠤᠶᠢᠷ ᠤᠨ ᠠᠷᠤᠨ ᠬᠤᠰᠢᠭᠤ ᠳᠤ ᠤᠨᠴᠠ ᠶᠡᠭᠡ ᠴᠠᠰᠤ ᠤᠷᠤᠵᠤ᠂ ᠴᠠᠰᠤᠨ ᠤ | ᠬᠡᠮᠵᠢᠶ᠎ᠡ ᠨᠢ 10.6 ᠮᠢᠯᠢᠮᠧᠲᠷ ᠲᠤ ᠬᠦᠷᠴᠦ᠂ ᠥᠷᠲᠡᠭᠡ ᠪᠠᠶᠢᠭᠤᠯᠤᠭᠰᠠᠨ 59 ᠵᠢᠯ ᠤᠨ ᠲᠤᠷᠰᠢᠬᠢ 12 ᠳ᠋ᠤᠭᠠᠷ | ᠰᠠᠷ᠎ᠠ ᠶᠢᠨ ᠡᠳᠦᠷ ᠤᠨ ᠴᠠᠰᠤᠨ ᠤ ᠬᠡᠮᠵᠢᠶ᠎ᠡ ᠶᠢᠨ ᠲᠡᠮᠳᠡᠭᠯᠡᠯ ᠢ ᠳᠠᠪᠠᠪᠠ᠃ ᠡᠭᠦᠨ ᠠᠴᠠ ᠭᠠᠳᠠᠨ᠎ᠠ᠂ ᠰᠠᠯᠬᠢᠨ ᠤ | ᠬᠦᠴᠦ ᠶᠡᠭᠡᠰᠴᠦ᠂ ᠵᠤᠵᠠᠭᠠᠨ ᠰᠦᠬᠦᠯᠡᠭᠰᠡᠨ ᠪᠤᠯᠬᠤᠷ᠂ ᠥᠴᠥᠭᠡᠳᠦᠷ ᠰᠢᠯᠢ ᠶᠢᠨ ᠭᠤᠤᠯ ᠠᠶᠢᠮᠠᠭ ᠤᠨ ᠪᠠᠷᠠᠭᠤᠨ | ᠦᠵᠦᠮᠦᠴᠢᠨ ᠬᠤᠰᠢᠭᠤᠨ ᠳᠤ ᠴᠠᠰᠤᠨ ᠰᠢᠭᠤᠷᠭ᠎ᠠ ᠳᠡᠭᠳᠡᠰᠡᠨ ᠪᠠᠶᠢᠨ᠎ᠠ᠃ ᠴᠠᠰᠤ ᠲᠠᠢ ᠴᠠᠭ ᠠᠭᠤᠷ ᠨᠢ ᠵᠠᠮ | ᠬᠠᠷᠢᠯᠴᠠᠭ᠎ᠠ ᠬᠢᠭᠡᠳ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠬᠦᠨᠳᠦ ᠶᠡᠭᠡ ᠨᠥᠯᠥᠭᠡ ᠠᠪᠴᠢᠷᠠᠵᠤ᠂ 12 | ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠰᠢᠯᠢᠩᠬᠤᠲᠠ᠂ ᠤᠯᠠᠭᠠᠨᠬᠤᠲᠠ ᠶᠢᠨ ᠬᠡᠰᠡᠭ ᠠᠶᠠᠨᠴᠢᠳ ᠤᠨ | ᠡᠭᠡᠯᠵᠢ ᠶᠢᠨ ᠮᠠᠰᠢᠨ ᠲᠡᠷᠭᠡ ᠶᠢ ᠴᠥᠮ ᠵᠤᠭᠰᠤᠭᠠᠪᠠ᠃ | ᠥᠪᠥᠷ ᠮᠣᠩᠭᠤᠯ ᠤᠨ ᠴᠠᠰᠤᠨ ᠤ ᠪᠠᠶᠢᠳᠠᠯ ᠢ ᠬᠢᠨᠠᠨ ᠬᠡᠮᠵᠢᠬᠦ ᠠᠯᠤᠰ ᠰᠡᠷᠡᠯ ᠤᠨ ᠢᠯᠡᠳᠭᠡᠯᠲᠡ ᠪᠠᠷ᠂ 11 | ᠳ᠋ᠤᠭᠡᠷ ᠰᠠᠷ᠎ᠠ ᠶᠢᠨ ᠰᠡᠭᠦᠯᠴᠢ ᠠᠴᠠ ᠨᠠᠰᠢ᠂ ᠥᠪᠥᠷ ᠮᠣᠩᠭᠤᠯ ᠤᠨ ᠶᠡᠬᠡᠩᠬᠢ ᠭᠠᠵᠠᠷ ᠤᠷᠤᠨ ᠳᠤ ᠬᠤᠶᠠᠷ | ᠤᠳᠠᠭᠠᠨ ᠤ ᠴᠠᠰᠤ ᠤᠷᠤᠵᠤ᠂ ᠳᠤᠮᠳᠠ᠂ ᠵᠡᠭᠦᠨ ᠪᠡᠶ᠎ᠡ ᠶᠢᠨ ᠶᠡᠬᠡᠩᠬᠢ ᠬᠡᠰᠡᠭ ᠭᠠᠵᠠᠷ ᠣᠷᠣᠨ ᠨᠢ ᠴᠠᠰᠤᠨ ᠳᠤ | ᠬᠤᠴᠢᠭᠳᠠᠵᠤ᠂ ᠲᠠᠯᠠᠪᠠᠶ ᠨᠢ ᠪᠠᠷᠤᠭ 50.16 ᠲᠦᠮᠡᠨ km2 ᠬᠦᠷᠴᠦ᠂ ᠪᠠᠷᠤᠭ ᠪᠥᠬᠦ ᠣᠷᠣᠨ ᠤ ᠶᠡᠷᠦᠩᠬᠡᠶ | ᠲᠠᠯᠠᠪᠠᠢ ᠶᠢᠨ 42.5% ᠶᠢ ᠡᠵᠡᠯᠡᠵᠠᠢ᠃ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤ | 2015 ᠤᠨ ᠤ 11 ᠳ᠋ᠤᠭᠡᠷ ᠰᠠᠷ᠎ᠠ ᠶᠢᠨ ᠤᠷᠤᠭᠰᠠᠨ ᠴᠠᠰᠤᠨ ᠤ ᠬᠡᠮᠵᠢᠶ᠎ᠡ ᠨᠢ ᠨᠢᠭᠡᠨᠲᠡ 35.9 ᠮᠢᠯᠢᠮᠧᠲᠷ ᠲᠤ | ᠬᠦᠷᠴᠦ᠂ ᠴᠠᠰᠤᠨ ᠤ ᠬᠦᠨᠴᠡ ᠨᠢ 19 ᠮᠢᠯᠢᠮᠧᠲᠷ ᠢ ᠳᠠᠪᠠᠵᠠᠢ᠂ ᠡᠨᠡ ᠨᠢ ᠮᠥᠨ ᠴᠦ ᠲᠤᠰ ᠦᠷᠲᠡᠭᠡ 1959 | ᠣᠨ ᠳᠤ ᠴᠠᠭ ᠠᠭᠤᠷ ᠤᠨ ᠲᠡᠮᠳᠡᠭᠯᠡᠯ ᠲᠠᠢ ᠪᠤᠯᠤᠭᠰᠠᠨ ᠠᠴᠠ ᠨᠠᠰᠢᠬᠢ 11 ᠳ᠋ᠤᠭᠡᠷ ᠰᠠᠷ᠎ᠠ ᠳᠤ ᠤᠷᠤᠭᠰᠠᠨ | ᠴᠠᠰᠤᠨ ᠤ ᠬᠡᠮᠵᠢᠶ᠎ᠡ ᠬᠠᠮᠤᠭ ᠤᠨ ᠶᠡᠭᠡ ᠤᠳᠠᠭ᠎ᠠ ᠪᠤᠯᠤᠨ᠎ᠠ᠃ | ᠥᠪᠥᠷ ᠮᠣᠩᠭᠤᠯ ᠤᠨ ᠴᠠᠭ ᠠᠭᠤᠷ ᠤᠨ ᠬᠤᠷᠢᠶᠠᠨ ᠤ ᠵᠢᠱᠢᠯᠲᠡ ᠪᠠᠷ᠂ ᠢᠷᠡᠬᠦ ᠭᠤᠷᠪᠠᠨ ᠡᠳᠦᠷ ᠲᠤ᠂ ᠪᠦᠬᠦ | ᠣᠷᠣᠨ ᠤ ᠶᠡᠬᠡᠩᠬᠢ ᠬᠡᠰᠡᠭ ᠲᠤ ᠲᠤᠩᠭᠠᠯᠠᠭ ᠪᠤᠯᠤᠨ ᠡᠭᠦᠯᠡᠷᠭᠡᠭ ᠴᠠᠭ ᠠᠭᠤᠷ ᠢᠶᠠᠷ ᠭᠤᠤᠯᠯᠠᠵᠤ᠂ ᠴᠠᠰᠤ ᠣᠷᠣᠬᠤ | ᠣᠷᠣᠨ ᠪᠦᠰᠡ ᠵᠢᠴᠢ ᠬᠡᠮᠵᠢᠶ᠎ᠡ ᠨᠢ ᠢᠯᠡᠳᠲᠡ ᠪᠠᠭᠠᠰᠤᠨ᠎ᠠ᠂ ᠡᠭᠦᠨ ᠳᠤ᠂ ᠬᠢᠩᠭᠠᠨ ᠠᠶᠢᠮᠠᠭ ᠤᠨ ᠪᠠᠷᠠᠭᠤᠨ | ᠬᠤᠶᠢᠲᠤ ᠪᠡᠶ᠎ᠡ᠂ ᠬᠥᠯᠥᠨ ᠪᠤᠶᠢᠷ ᠬᠤᠳᠠ ᠶᠢᠨ ᠶᠡᠬᠡᠩᠬᠢ ᠭᠠᠵᠠᠷ ᠲᠤ ᠪᠠᠭ᠎ᠠ ᠴᠠᠰᠤ ᠲᠠᠢ᠃ ᠣᠷᠣᠨ ᠤ ᠲᠥᠪ | ᠬᠥᠬᠡᠬᠤᠲᠠ ᠶᠢᠨ ᠥᠨᠥᠳᠦᠷ ︵3 ᠤ ᠡᠳᠦᠷ︶ ᠤᠨ ᠠᠭᠠᠷ ᠤᠨ ᠳᠤᠯᠠᠭᠠᠨ -1 ᠠᠴᠠ -11 ℃ ᠪᠠᠶᠢᠵᠤ᠂ | ᠭᠠᠷᠠᠭ ᠤᠨ ᠰᠡᠭᠦᠯᠴᠢ ᠶᠢᠨ ᠬᠤᠶᠠᠷ ᠡᠳᠦᠷ ᠲᠤ ᠠᠭᠠᠷ ᠤᠨ ᠳᠤᠯᠠᠭᠠᠨ ᠳᠡᠭᠡᠭᠰᠢᠯᠡᠵᠦ᠂ ᠬᠠᠮᠤᠭ ᠤᠨ ᠳᠣᠣᠷ᠎ᠠ | ᠳᠤᠯᠠᠭᠠᠨ ᠤ ᠬᠡᠮᠵᠢᠶ᠎ᠡ 0 ℃ ᠠᠴᠠ ᠳᠡᠭᠡᠭᠰᠢᠬᠢ ᠪᠣᠯᠵᠤ ᠨᠡᠮᠡᠭᠳᠡᠨ᠎ᠡ᠃ |