ᠣᠳᠣᠬᠠᠨ ᠪᠣᠯᠲᠠᠯ᠎ᠠ᠂ ᠮᠠᠨ ᠤ ᠣᠷᠣᠨ ᠬᠢᠯᠢ ᠠᠯᠤᠰᠯᠠᠭᠰᠠᠨ ᠡᠯᠧᠺᠲᠷᠣᠨ ᠠᠷᠠᠯᠵᠢᠶᠠᠨ ᠤ ᠲᠠᠪᠴᠠᠩ ᠢ | ᠨᠢᠭᠡᠨᠲᠡ10 ᠶᠢ ᠪᠠᠶᠢᠭᠤᠯᠵᠤ᠂ ᠡᠭᠦᠨ ᠳᠤ 5 ᠨᠢ ᠬᠡᠷᠡᠭᠯᠡᠯᠲᠡ ᠳᠤ ᠣᠷᠣᠪᠠ᠂ ᠨᠥᠭᠦᠭᠡ 5 ᠶᠢ ᠨᠢ ᠶᠠᠭ ᠪᠦᠲᠦᠭᠡᠨ | ᠪᠠᠶᠢᠭᠤᠯᠵᠤ ᠪᠣᠢ᠂ ᠵᠢᠱᠢᠭᠰᠡᠨ ᠢᠶᠠᠷ ᠳᠠᠷᠠᠭ᠎ᠠ ᠵᠢᠯ ᠳᠤ ᠪᠦᠬᠦᠨ ᠢᠶᠠᠷ ᠢᠶᠠᠨ ᠬᠡᠷᠡᠭᠯᠡᠯᠲᠡ ᠳᠤ ᠣᠷᠣᠬᠤ ᠪᠣᠯᠣᠨ᠎ᠠ᠃ | ᠮᠠᠨ ᠤ ᠣᠷᠣᠨ ᠤ ᠬᠢᠯᠢ ᠠᠯᠤᠰᠯᠠᠭᠰᠠᠨ ᠡᠯᠧᠺᠲᠷᠣᠨ ᠠᠷᠠᠯᠵᠢᠶᠠᠨ ᠤ ᠲᠠᠪᠴᠠᠩ ᠨᠢ ᠭᠤᠣᠯᠳᠠᠭᠤ | ᠬᠥᠬᠡᠬᠤᠲᠠ᠂ ᠪᠤᠭᠤᠲᠤ ᠬᠤᠲᠠ᠂ ᠮᠠᠨᠵᠤᠤᠷ ᠬᠤᠲᠠ ᠪᠣᠯᠣᠨ ᠡᠷᠢᠶᠡᠨ ᠬᠤᠲᠠ ᠳᠤ ᠲᠥᠪᠯᠡᠷᠡᠵᠦ᠂ ᠣᠷᠣᠰ ᠪᠣᠯᠣᠨ | ᠮᠣᠩᠭᠤᠯ ᠤᠯᠤᠰ ᠲᠤ ᠭᠤᠣᠯᠳᠠᠭᠤᠯᠤᠨ ᠬᠠᠨᠳᠤᠭᠤᠯᠵᠤ ᠪᠣᠢ᠃ ᠬᠡᠷᠡᠭᠯᠡᠯᠲᠡ ᠳᠤ ᠣᠷᠣᠭᠰᠠᠨ ᠬᠢᠯᠢ ᠠᠯᠤᠰᠯᠠᠭᠰᠠᠨ | ᠡᠯᠧᠺᠲᠷᠣᠨ ᠠᠷᠠᠯᠵᠢᠶᠠᠨ ᠤ 5 ᠲᠠᠪᠴᠠᠩ ᠨᠢ ᠲᠤᠰᠪᠦᠷᠢ ︽ᠬᠤᠲᠠ ᠶᠢᠨ ᠬᠤᠳᠠᠯᠳᠤᠭᠠᠨ ᠤ ᠳᠡᠯᠭᠡᠭᠦᠷ︾ ︽ | ᠳᠤᠮᠳᠠᠳᠤ ᠣᠷᠣᠰ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ︾ ︽ᠥᠪᠥᠷ ᠮᠣᠩᠭᠤᠯ ᠤᠨ | ᠬᠢᠯᠢ ᠠᠯᠤᠰᠯᠠᠭᠰᠠᠨ ᠲᠣᠣ ᠡᠯᠧᠺᠲᠷᠣᠨ ᠬᠤᠳᠠᠯᠳᠤᠭᠠᠨ ᠤ ᠶᠠᠪᠤᠳᠠᠯ︾ ︽ᠵᠠᠠ ᡂᠢ ᠬᠢᠯᠢ ᠠᠯᠤᠰᠯᠠᠭᠰᠠᠨ 020 | ᠡᠯᠧᠺᠲᠷᠣᠨ ᠬᠤᠳᠠᠯᠳᠤᠭᠠᠨ ᠤ ᠶᠠᠪᠤᠳᠠᠯ︾ ︽ᠠ ᠮᠧᠩ ᠪᠠ ᠪᠠ︾ ᠪᠣᠯᠣᠨ᠎ᠠ᠂ ᠭᠤᠣᠯ ᠡᠵᠡᠩᠨᠡᠵᠦ ᠪᠠᠶᠢᠭ᠎ᠠ | ᠪᠦᠲᠦᠭᠡᠭᠳᠡᠬᠦᠨ ᠨᠢ ᠲᠣᠭᠠᠴᠠᠯᠠᠭᠰᠠᠨ ᠪᠦᠲᠦᠭᠡᠭᠳᠡᠬᠦᠨ᠂ ᠬᠤᠪᠴᠠᠰᠤ ᠬᠤᠨᠠᠷ᠂ ᠭᠡᠷ ᠤᠨ ᠴᠠᠬᠢᠯᠭᠠᠨ ᠡᠳ᠋ᠯᠡᠯ᠂ ᠡᠬᠡ | ᠨᠢᠯᠬᠠᠰ ᠤᠨ ᠬᠡᠷᠡᠭᠯᠡᠬᠦᠨ᠂ ᠴᠠᠭ ᠤᠨ ᠥᠩᠭᠡ ᠶᠢ ᠳᠠᠭᠠᠭᠰᠠᠨ ᠭᠡᠷ ᠤᠨ ᠡᠳ᠋ᠯᠡᠯ᠂ ᠢᠨᠵᠧᠨᠧᠷᠢᠩ ᠤᠨ ᠮᠧᠬᠠᠨᠢᠭ᠂ | ᠪᠠᠷᠢᠯᠭ᠎ᠠ ᠶᠢᠨ ᠮᠠᠲ᠋ᠧᠷᠢᠶᠠᠯ ᠵᠡᠷᠭᠡ ᠪᠠᠶᠢᠵᠤ᠂ ᠭᠤᠣᠯ ᠰᠣᠯᠢᠯᠴᠠᠭᠠᠨ ᠤ ᠵᠠᠭᠪᠤᠷ ᠨᠢ B2B ᠪᠠ B2C ᠪᠣᠯᠣᠨ᠎ᠠ᠃ | ᠡᠭᠦᠨ ᠠᠴᠠ ᠭᠠᠳᠠᠨ᠎ᠠ᠂ ᠮᠠᠨ ᠤ ᠣᠷᠣᠨ ᠤ 50 ᠠᠵᠤ ᠠᠬᠤᠶᠢᠯᠠᠯ ᠭᠤᠷᠪᠠᠳᠤᠭᠠᠷ ᠡᠲᠡᠭᠡᠳ ᠤᠨ ᠲᠠᠪᠴᠠᠩ ᠢ | ᠠᠰᠢᠭᠯᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠥᠷᠨᠢᠭᠦᠯᠵᠦ᠂ ᠬᠥᠬᠡᠬᠤᠲᠠ᠂ ᠪᠤᠭᠤᠲᠤ | ᠬᠤᠲᠠ ᠪᠣᠯᠣᠨ ᠤᠯᠠᠭᠠᠨᠬᠠᠳᠠ ᠳᠤ ᠲᠥᠪᠯᠡᠷᠡᠵᠦ᠂ ᠣᠯᠠᠩᠬᠢ ᠠᠵᠤ ᠠᠬᠤᠶᠢᠯᠠᠯ ᠨᠢ ᠠᠯᠢ ᠪᠠ ᠪᠠ᠂ ᠲᠢᠶᠠᠨ ᠮᠤᠤ | ᠤᠯᠠᠨ ᠤᠯᠤᠰ᠂ ᠳᠤᠮᠳᠠᠳᠤ ᠤᠯᠤᠰ ᠤᠨ ᠴᠧᠩᠰᠢᠶᠠᠩ ᠰᠦᠯᠵᠢᠶ᠎ᠡ ᠵᠡᠷᠭᠡ ᠤᠯᠤᠰ ᠤᠨ ᠳᠤᠲᠤᠭᠠᠳᠤ | ᠭᠠᠳᠠᠭᠠᠳᠤ ᠶᠢᠨ ᠠᠷᠠᠯᠵᠢᠶᠠᠨ ᠤ ᠲᠠᠪᠴᠠᠩ ᠢ ᠠᠰᠢᠭᠯᠠᠵᠤ B2B ᠪᠠ B2C ᠵᠠᠭᠪᠤᠷ ᠢᠶᠠᠷ ᠡᠯᠧᠺᠲᠷᠣᠨ | ᠬᠤᠳᠠᠯᠳᠤᠭᠠᠨ ᠤ ᠶᠠᠪᠤᠳᠠᠯ ᠢ ᠡᠷᠬᠢᠯᠡᠵᠦ ᠪᠠᠶᠢᠨ᠎ᠠ᠂ ᠪᠠᠷᠠᠭ᠎ᠠ ᠶᠢ ᠬᠢᠯᠢ ᠪᠠᠷ ᠭᠠᠷᠭᠠᠬᠤ ᠬᠡᠯᠪᠡᠷᠢ ᠪᠠ ᠠᠷᠭ᠎ᠠ ᠵᠠᠮ ᠨᠢ | ᠤᠯᠠᠮᠵᠢᠯᠠᠯᠲᠤ ᠡᠩ ᠤᠨ ᠭᠠᠳᠠᠭᠠᠳᠤ ᠭᠠᠷᠭᠠᠯᠲᠠ ᠶᠢᠨ ᠠᠷᠠᠯᠵᠢᠶᠠᠨ ᠤ ᠬᠡᠯᠪᠡᠷᠢ ᠪᠠ ᠤᠯᠠᠨ ᠤᠯᠤᠰ ᠤᠨ ᠰᠢᠦᠳᠠᠨ | ᠪᠣᠭᠤᠳᠠᠯ ᠵᠡᠷᠭᠡ ᠪᠠᠶᠢᠵᠤ᠂ ᠠᠮᠧᠷᠢᠺᠠ᠂ ᠮᠣᠩᠭᠤᠯ ᠤᠯᠤᠰ᠂ ᠺᠤᠷᠢᠶᠠ᠂ ᠢᠲ᠋ᠠᠯᠢ᠂ ᠭᠧᠷᠮᠠᠨ᠂ ᠢᠨᠳᠤᠨᠧᠰᠢᠶ᠎ᠠ ᠵᠡᠷᠭᠡ | ᠤᠯᠤᠰ ᠤᠳ ᠢᠶᠠᠷ ᠭᠠᠷᠭᠠᠵᠤ ᠪᠠᠶᠢᠨ᠎ᠠ᠃ |