12 ᠳ᠋ᠦ᠋ᠭᠡᠷ ᠰᠠᠷ᠎ᠠ ᠶᠢᠨ 7 ᠤ ᠡᠳᠦᠷ ᠠᠴᠠ 9 ᠤ ᠡᠳᠦᠷ ᠪᠤᠯᠲᠠᠯ᠎ᠠ᠂ ᠲᠦᠷᠦ ᠶᠢᠨ ᠶᠠᠪᠤᠳᠠᠯ ᠤᠨ | ᠬᠤᠷᠢᠶᠠᠨ ᠤ ᠵᠥᠪᠰᠢᠶᠡᠷᠡᠭᠰᠡᠨ ᠶᠡᠷᠦᠩᠬᠡᠶ ᠬᠡᠪᠴᠢᠶ᠎ᠡ ᠳᠣᠲᠣᠷ᠎ᠠ᠂ ᠥᠪᠥᠷ ᠮᠣᠩᠭᠤᠯ 2015 ᠣᠨ ᠤ ᠳᠥᠷᠪᠡᠳᠦᠭᠡᠷ | ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ | ᠲᠡᠮᠳᠡᠭᠲᠦ ᠶᠢ 63 ᠳ᠋ᠦᠩᠰᠢᠭᠤᠷ ᠲᠥᠭᠦᠷᠢᠭ ᠲᠠᠷᠬᠠᠭᠠᠬᠤ ᠪᠠᠷ ᠪᠠᠶᠢᠨ᠎ᠠ᠂ ᠡᠨᠡ ᠨᠢ ᠪᠦᠷ ᠰᠢᠨ᠎ᠡ ᠪᠠᠷ ᠨᠡᠮᠡᠭᠰᠡᠨ | ᠵᠢᠭᠡᠯᠡᠯᠭᠡ ᠶᠢᠨ ᠲᠡᠮᠳᠡᠭᠲᠦ ᠪᠤᠯᠬᠤ ᠪᠦᠭᠡᠳ ᠳᠠᠩᠰᠠᠯᠠᠬᠤ ᠬᠡᠯᠪᠡᠷᠢᠲᠦ ᠲᠣᠭᠲᠠᠮᠠᠯ ᠬᠦᠦ ᠶᠢᠨ ᠨᠣᠷᠮ᠎ᠠ ᠪᠦᠬᠦᠢ ᠬᠦᠦ | ᠮᠥᠩᠭᠦ ᠲᠠᠢ ᠵᠢᠭᠡᠯᠡᠯᠭᠡ ᠶᠢᠨ ᠲᠡᠮᠳᠡᠭᠲᠦ ᠪᠤᠯᠤᠨ᠎ᠠ᠂ ᠰᠢᠨ᠎ᠡ ᠪᠠᠷ ᠨᠡᠮᠡᠭᠰᠡᠨ ᠵᠢᠭᠡᠯᠡᠯᠭᠡ ᠶᠢᠨ ᠲᠡᠮᠳᠡᠭᠲᠦ ᠶᠢ ᠰᠢᠨ᠎ᠡ ᠪᠠᠷ | ᠪᠠᠶᠢᠭᠤᠯᠬᠤ ᠪᠤᠶᠤ ᠪᠠᠶᠢᠭᠤᠯᠵᠤ ᠪᠠᠶᠢᠭ᠎ᠠ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠲᠤ ᠬᠡᠷᠡᠭᠯᠡᠨ᠎ᠡ᠃ 2015 | ᠣᠨ ᠤ ᠳᠥᠷᠪᠡᠳᠦᠭᠡᠷ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠡᠩ ᠤᠨ ᠵᠢᠭᠡᠯᠡᠯᠭᠡ ᠶᠢᠨ ᠲᠡᠮᠳᠡᠭᠲᠦ ᠶᠢ ᠳᠦᠷᠪᠡᠨ ᠬᠤᠭᠤᠴᠠᠭ᠎ᠠ ᠬᠤᠪᠢᠶᠠᠨ ᠲᠠᠷᠬᠠᠭᠠᠵᠤ᠂ ᠵᠢᠭᠡᠯᠡᠯᠭᠡ ᠶᠢᠨ | ᠲᠡᠮᠳᠡᠭᠲᠦ ᠶᠢᠨ ᠬᠤᠭᠤᠴᠠᠭ᠎ᠠ ᠨᠢ 3 ᠵᠢᠯ᠂ 5 ᠵᠢᠯ᠂ 7 ᠵᠢᠯ ᠪᠠ 10 ᠵᠢᠯ ᠤᠨ ᠬᠢ ᠪᠠᠶᠢᠵᠤ᠂ ᠲᠠᠷᠬᠠᠭᠠᠬᠤ ᠪᠠᠷ | ᠲᠦᠯᠦᠪᠯᠡᠵᠦ ᠪᠠᠶᠢᠭ᠎ᠠ ᠬᠡᠪᠴᠢᠶ᠎ᠡ ᠨᠢ ᠲᠤᠰ ᠪᠦᠷᠢ 8.7 ᠳ᠋ᠦᠩᠰᠢᠭᠤᠷ ᠲᠦᠬᠦᠷᠢᠭ ︵ᠪᠠᠷᠤᠭ10% ᠶᠢ ᠡᠵᠡᠯᠡᠨ᠎ᠡ︶᠂ | 18.1 ᠳ᠋ᠦᠩᠰᠢᠭᠤᠷ ᠲᠥᠭᠦᠷᠢᠭ ︵ᠪᠠᠷᠤᠭ 30% ᠶᠢ ᠡᠵᠡᠯᠡᠨ᠎ᠡ︶᠂ 18.1 ᠳ᠋ᠦᠩᠰᠢᠭᠤᠷ ᠲᠥᠭᠦᠷᠢᠭ ︵ | ᠪᠠᠷᠤᠭ 30% ᠶᠢ ᠡᠵᠡᠯᠡᠨ᠎ᠡ︶᠂ 18.1 ᠳ᠋ᠦᠩᠰᠢᠭᠤᠷ ᠲᠥᠭᠦᠷᠢᠭ ︵ᠪᠠᠷᠤᠭ 30% ᠶᠢ ᠡᠵᠡᠯᠡᠨ᠎ᠡ︶᠃ 3 | ᠵᠢᠯ ᠤᠨ ᠬᠤᠭᠤᠴᠠᠭ᠎ᠠ ᠂ 5 ᠵᠢᠯ ᠤᠨ ᠬᠤᠭᠤᠴᠠᠭ᠎ᠠ ᠵᠢᠴᠢ 7 ᠵᠢᠯ ᠤᠨ ᠬᠤᠭᠤᠴᠠᠭᠠᠨ ᠤ ᠥᠪᠥᠷ ᠮᠣᠩᠭᠤᠯ ᠤᠨ | ᠵᠠᠰᠠᠭ ᠤᠨ ᠣᠷᠳᠣᠨ ᠤ ᠡ᠊ᠩ ᠤᠨ ᠵᠢᠭᠡᠯᠡᠯᠭᠡ ᠶᠢᠨ ᠲᠡᠮᠳᠡᠭᠲᠦ ᠶᠢᠨ ᠬᠦᠦ ᠮᠥᠩᠭᠦ ᠶᠢ ᠵᠢᠯ ᠪᠦᠷᠢ ᠪᠠᠷ ᠪᠤᠳᠤᠨ | ᠦᠭᠴᠦ᠂ 10 ᠵᠢᠯ ᠤᠨ ᠬᠤᠭᠤᠴᠠᠭ᠎ᠠ ᠲᠠᠢ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠬᠦᠦ ᠮᠥᠩᠭᠦ ᠶᠢ ᠬᠠᠭᠠᠰ | ᠵᠢᠯ ᠪᠦᠷᠢ ᠪᠠᠷ ᠪᠤᠳᠤᠵᠤ ᠦᠭᠭᠦᠨ᠎ᠡ᠂ ᠲᠠᠷᠬᠠᠭᠠᠭᠰᠠᠨ ᠤ ᠲᠡᠷᠠᠭ᠎ᠠ ᠲᠣᠭᠲᠠᠭᠠᠯ ᠶᠣᠰᠣᠭᠠᠷ ᠪᠦᠬᠦ ᠤᠯᠤᠰ ᠤᠨ | ᠪᠠᠩᠬᠢ ᠶᠢᠨ ᠬᠤᠭᠤᠷᠣᠨᠳᠣᠬᠢ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠪᠠ ᠦᠨᠡᠲᠦ ᠲᠡᠮᠳᠡᠭᠲᠦ | ᠠᠷᠠᠯᠵᠢᠶᠠᠯᠠᠬᠤ ᠭᠠᠵᠠᠷ ᠤᠨ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠲᠤ ᠭᠦᠢᠯᠭᠡᠭᠡ ᠬᠢᠵᠦ ᠪᠤᠯᠤᠨ᠎ᠠ᠂ ᠡᠯ᠎ᠡ | ᠬᠤᠭᠤᠴᠠᠭᠠᠨ ᠤ ᠵᠢᠭᠡᠯᠡᠯᠭᠡ ᠶᠢᠨ ᠲᠡᠮᠳᠡᠭᠲᠦ ᠶᠢᠨ ᠬᠤᠭᠤᠴᠠᠭ᠎ᠠ ᠨᠢ ᠲᠤᠯᠤᠭᠰᠠᠨ ᠤ ᠲᠠᠷᠠᠭ᠎ᠠ ᠨᠢᠭᠡ ᠯᠡ ᠤᠳᠠᠭ᠎ᠠ | ᠳᠡᠭᠡᠷ᠎ᠡ ᠡᠬᠡ ᠮᠥᠩᠭᠦ ᠶᠢ ᠪᠤᠴᠠᠭᠠᠵᠤ ᠦᠭᠭᠦᠨ᠎ᠡ᠃ | ᠣᠶᠢᠯᠠᠭᠠᠭᠰᠠᠨ ᠢᠶᠠᠷ᠂ ᠡᠳ᠋ ᠤᠨ ᠵᠠᠰᠠᠭ ᠤᠨ ᠶᠠᠮᠤᠨ ᠤ ᠱᠠᠭᠠᠷᠲᠠᠯᠭ᠎ᠠ ᠶᠣᠰᠣᠭᠠᠷ᠂ ᠡᠩ ᠤᠨ ᠵᠢᠭᠡᠯᠡᠯᠭᠡ ᠶᠢᠨ | ᠲᠡᠮᠳᠡᠭᠲᠦ ᠪᠡᠯᠡ ᠮᠥᠩᠭᠦ ᠶᠢ ᠡ᠊ᠩ ᠤᠨ ᠤᠯᠠᠨ ᠨᠡᠶᠢᠲᠡ ᠶᠢᠨ ᠲᠥᠰᠦᠪ ᠤᠨ ᠬᠠᠮᠢᠶᠠᠷᠤᠯᠲᠠ ᠳᠤ ᠤᠷᠤᠭᠤᠯᠵᠤ᠂ | ᠰᠢᠨ᠎ᠡ ᠪᠠᠷ ᠨᠡᠮᠡᠭᠰᠡᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠬᠦᠷᠦᠩᠭᠡ ᠶᠢᠨ ᠵᠠᠷᠤᠯᠭ᠎ᠠ ᠳᠤ ᠬᠡᠷᠡᠭᠯᠡᠵᠦ᠂ ᠪᠠᠶᠢᠭᠤᠯᠵᠤ ᠪᠠᠶᠢᠭ᠎ᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠦᠷᠦᠯ | ᠵᠦᠢᠯ ᠤᠨ ᠵᠠᠯᠭᠠᠮᠵᠢ ᠶᠢᠨ ᠪᠡᠯᠡ ᠲᠤᠬᠢᠷᠠᠭᠤᠯᠭ᠎ᠠ ᠶᠢ ᠤᠷᠢᠳᠠᠪᠠᠷ ᠪᠠᠲᠤᠯᠠᠵᠤ᠂ ᠲᠦᠬᠦᠮ ᠪᠦᠳᠦᠴᠡᠳᠦ ᠣᠷᠣᠨ | ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠵᠡᠷᠭᠡ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ | ᠢᠨᠵᠧᠨᠧᠷᠢᠩ ᠤᠨ ᠪᠠᠶᠢᠭᠤᠯᠤᠯᠲᠠ᠂ ᠡᠩ ᠤᠨ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ᠂ ᠬᠤᠳᠠ ᠶᠢᠨ ᠭᠠᠵᠠᠷ | ᠳᠣᠣᠷᠠᠬᠢ ᠬᠤᠭᠤᠯᠠᠶ ᠭᠤᠤᠷᠰᠤ ᠶᠢᠨ ᠲᠣᠣᠷ ᠤᠨ ᠪᠥᠳᠥᠭᠡᠨ ᠪᠠᠶᠢᠭᠤᠯᠤᠯᠲᠠ ᠶᠢᠨ ᠥᠭᠡᠷᠡᠴᠢᠯᠡᠯᠲᠡ᠂ ᠤᠶᠤᠨᠳᠤ | ᠬᠤᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠴᠢᠬᠤᠯᠠ ᠶᠡᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠦᠷᠦᠯ | ᠵᠦᠢᠯ ᠤᠨ ᠵᠠᠷᠤᠯᠭ᠎ᠠ ᠳᠤ ᠭᠤᠤᠯᠳᠠᠯᠭ᠎ᠠ ᠲᠠᠢ ᠬᠡᠷᠡᠭᠯᠡᠨ᠎ᠡ᠃ |