ᠥᠪᠥᠷ ᠮᠣᠩᠭᠤᠯ ᠪᠡᠯᠡ ᠣᠷᠣᠭᠤᠯᠤᠯᠲᠠ ᠵᠢᠨ‌‍ᠲ᠋ᠦ᠋ᠷᠦᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠦᠪᠰᠢᠶᠡᠷᠡᠬᠦ ᠪᠤᠯᠪᠠ
ᠨᠡᠶᠢᠲᠡᠯᠡᠭᠰᠡᠨ ᠴᠠᠭ᠄
2015/12/4
     ᠣᠷᠴᠢᠮᠬᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ ᠵᠦᠢᠯᠡᠰ ᠤᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠬᠢᠨᠠᠨ ᠬᠠᠮᠢᠶᠠᠷᠬᠤ ᠲᠠᠪᠴᠠᠩ ᠢ ᠲᠤᠷᠰᠢᠨ ᠲᠤᠬᠢᠷᠠᠭᠤᠯᠬᠤ ᠣᠷᠴᠢᠨ ᠠᠬᠤᠶ ᠠᠴᠠ ᠨᠢ ᠦᠢᠯᠡᠳᠪᠦᠷᠢᠯᠡᠯ ᠤᠨ ᠣᠷᠴᠢᠨ ᠲᠣᠭᠤᠷᠢᠨ ᠵᠦᠭ ᠰᠢᠯᠵᠢᠭᠦᠯᠪᠡ᠂ ᠡᠨᠡ ᠨᠢ ᠮᠠᠨ ᠤ ᠣᠷᠣᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠪᠡᠶᠡᠯᠡᠭᠳᠡᠭᠡᠳ᠂ ᠨᠢᠭᠤᠴᠠ ᠪᠤᠰᠤ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠲᠠᠪᠴᠠᠩ ᠳᠡᠭᠡᠷ᠎ᠡ ᠰᠦᠯᠵᠢᠶ᠎ᠡ ᠬᠤᠯᠪᠤᠨ ᠬᠢᠨᠠᠨ ᠵᠦᠪᠰᠢᠶᠡᠷᠡᠬᠦ ᠶᠢ ᠲᠤᠷᠰᠢᠨ ᠬᠡᠷᠡᠭᠵᠢᠭᠦᠯᠵᠦ ᠪᠤᠯᠬᠤ ᠶᠢ ᠬᠠᠷᠠᠭᠤᠯᠵᠤ ᠪᠠᠶᠢᠨ᠎ᠠ᠃ ᠣᠳᠣᠬᠠᠨ ᠳᠤ᠂ ᠲᠤᠰ ᠲᠠᠪᠴᠠᠩ ᠨᠢ ᠨᠢᠭᠡᠨᠲᠡ ᠲᠦᠪ ᠤᠨ ᠲᠠᠪᠴᠠᠩ ᠲᠠᠢ ᠤᠷᠤᠭᠰᠢᠲᠠᠢ ᠵᠠᠯᠭᠠᠯᠳᠤᠵᠤ᠂ ᠬᠤᠵᠢᠮ᠂ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠬᠢᠨᠠᠨ ᠬᠠᠮᠢᠶᠠᠷᠬᠤ ᠲᠠᠪᠴᠠᠩ ᠨᠢ ᠪᠦᠬᠦ ᠤᠯᠤᠰ ᠤᠨ ᠡᠯ᠎ᠡ ᠭᠠᠵᠠᠷ ᠲᠠᠢ ᠬᠠᠷᠢᠯᠴᠠᠨ  ᠬᠤᠯᠪᠤᠨ ᠨᠡᠪᠲᠡᠷᠡᠯᠴᠡᠬᠦ ᠶᠢ ᠪᠡᠶᠡᠯᠡᠭᠦᠯᠬᠦ ᠡᠷᠡᠮᠡᠯᠵᠢᠯᠡᠯ ᠲᠠᠢ ᠪᠠᠶᠢᠨ᠎ᠠ᠃ ᠣᠶᠢᠯᠠᠭᠠᠭᠰᠠᠨ ᠢᠶᠠᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠠᠴᠠ 8 ᠳ᠋ᠦ᠋ᠭᠡᠷ ᠰᠠᠷ᠎ᠠ ᠶᠢᠨ 26᠎ ᠤ ᠡᠳᠦᠷ ᠬᠤᠪᠸᠢ ᠮᠤᠵᠢ ᠳᠤ ᠬᠤᠷᠠᠯᠳᠤᠭᠤᠯᠤᠭᠰᠠᠨ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠬᠢᠨᠠᠨ ᠬᠠᠮᠢᠶᠠᠷᠬᠤ ᠲᠠᠪᠴᠠᠩ ᠢ ᠬᠦᠨᠳᠡᠯᠡᠨ ᠴᠢᠭᠯᠡᠯ ᠢᠶᠠᠷ ᠨᠡᠪᠲᠡᠷᠡᠭᠦᠯᠬᠦ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠦᠨᠳᠦᠰᠦᠯᠡᠵᠦ᠂ ᠮᠠᠨ ᠤ ᠣᠷᠣᠨ ᠤ ᠠᠵᠢᠯ ᠤᠨ ᠲᠥᠰᠦᠯ ᠢ ᠳᠠᠷᠤᠮᠠᠯᠯᠠᠨ ᠲᠠᠷᠬᠠᠭᠠᠵᠤ᠂ ᠮᠠᠨ ᠤ ᠣᠷᠣᠨ ᠤ ᠲᠠᠪᠴᠠᠩ ᠤᠨ ᠪᠠᠶᠢᠭᠤᠯᠤᠯᠲᠠ ᠶᠢᠨ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠡᠯ᠎ᠡ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢ ᠪᠤᠯᠤᠨ ᠮᠡᠷᠭᠡᠵᠢᠯ ᠤᠨ ᠲᠤᠷᠰᠢᠨ ᠲᠤᠬᠢᠷᠠᠭᠤᠯᠤᠯᠲᠠ ᠵᠡᠷᠭᠡ ᠶᠢ ᠪᠠᠶᠢᠴᠠᠭᠠᠨ ᠰᠤᠳᠤᠯᠬᠤ᠂ ᠵᠣᠬᠢᠴᠠᠭᠤᠯᠬᠤ ᠪᠠ ᠡᠮᠬᠢᠯᠡᠨ ᠴᠡᠭᠴᠡᠯᠡᠬᠦ ᠠᠯᠢ ᠤᠯᠠᠨ ᠠᠵᠢᠯ ᠤᠳ ᠢ ᠦᠷᠨᠢᠭᠦᠯᠵᠦ᠂ 3 ᠰᠠᠷ᠎ᠠ ᠦᠷᠬᠦᠯᠵᠢᠯᠡᠨ ᠲᠡᠮᠡᠴᠡᠵᠦ᠂ ᠲᠠᠪᠴᠠᠩ ᠤᠨ ᠪᠠᠶᠢᠭᠤᠯᠤᠯᠲᠠ ᠶᠢ ᠤᠷᠤᠭᠰᠢᠲᠠᠶ ᠠᠬᠢᠭᠤᠯᠵᠤ᠂ 11 ᠳ᠋ᠦ᠋ᠭᠡᠷ ᠰᠠᠷ᠎ᠠ ᠶᠢᠨ 9᠎ ᠤ ᠡᠳᠦᠷ ᠲᠠᠪᠴᠠᠩ ᠢ ᠰᠢᠯᠵᠢᠭᠦᠯᠬᠦ ᠪᠠᠶᠢᠷᠢᠯᠠᠭᠤᠯᠤᠯᠲᠠ᠂ ᠲᠠᠪᠴᠠᠩ ᠤᠨ ᠰᠠᠭᠤᠷᠢ ᠳ᠋ᠠᠶᠢᠲ᠋ᠠ ᠶᠢᠨ ᠡᠬᠢᠯᠡᠵᠢᠭᠦᠯᠦᠯᠲᠡ ᠵᠡᠷᠭᠡ ᠠᠵᠢᠯ ᠢ ᠪᠡᠶᠡᠯᠡᠭᠦᠯᠪᠡ︔ 11 ᠳ᠋ᠦ᠋ᠭᠡᠷ ᠰᠠᠷ᠎ᠠ ᠶᠢᠨ 15᠎ ᠤ ᠡᠳᠦᠷ ᠲᠠᠪᠴᠠᠩ ᠪᠠᠶᠢᠭᠤᠯᠬᠤ ᠶᠢ ᠪᠡᠶᠡᠯᠡᠭᠦᠯᠵᠦ᠂ ᠲᠥᠪ ᠤᠨ ᠲᠠᠪᠴᠠᠩ ᠲᠠᠢ ᠤᠷᠤᠭᠰᠢᠲᠠᠶ ᠪᠠᠷ ᠵᠤᠯᠭᠠᠯᠳᠤᠭᠤᠯᠬᠤ ᠶᠢ ᠪᠡᠶᠡᠯᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠮᠠᠨ ᠤ ᠣᠷᠣᠨ ᠤ ᠬᠢᠨᠠᠨ ᠬᠠᠮᠢᠶᠠᠷᠬᠤ ᠠᠵᠢᠯᠯᠠᠭᠠᠨ ᠤ ᠪᠠᠲᠤᠯᠠᠭ᠎ᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠤᠬᠠᠶᠢᠯᠠᠭᠰᠠᠨ ᠠᠵᠢᠯ ᠤᠨ ᠠᠵᠢᠯᠲᠠᠳ ᠤᠨ ᠪᠣᠯᠪᠠᠰᠤᠷᠠᠭᠤᠯᠤᠯ ᠢ ᠱᠠᠯᠠᠪᠳᠠᠨ ᠰᠠᠶᠢᠲᠤᠷ ᠬᠢᠵᠦ᠂ ᠲᠠᠪᠴᠠᠩ ᠤᠨ ᠦᠢᠯᠡᠴᠢᠯᠡᠭᠡᠨ ᠤ ᠠᠭᠤᠯᠭ᠎ᠠ ᠪᠠ  ᠴᠢᠳᠠᠮᠵᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠠᠪᠴᠠᠩ ᠢ ᠲᠣᠭᠲᠠᠭᠤᠨ ᠢᠶᠠᠷ ᠠᠵᠢᠯᠠᠭᠤᠯᠬᠤ ᠶᠢ ᠦᠨᠡᠨ ᠬᠦ ᠪᠠᠲᠤᠯᠠᠬᠤ ᠪᠠᠷ ᠪᠠᠶᠢᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号