︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠤᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠠᠷᠭ᠎ᠠ︾᠎ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2015/12/4
     ᠡᠨᠡ ᠵᠢᠯ ᠤᠨ 1 ᠳ᠋ᠦ᠋ᠭᠡᠷ ᠰᠠᠷ᠎ᠠ ᠳᠤ᠂ ᠲᠥᠷᠦ ᠶᠢᠨ ᠶᠠᠪᠤᠳᠠᠯ ᠤᠨ ᠬᠤᠷᠢᠶ᠎ᠠ ᠠᠴᠠ ︽ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠤᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠲᠤᠬᠠᠢ ᠲᠣᠭᠲᠠᠭᠠᠯ︾᠎ ᠶᠢ ᠨᠡᠶᠢᠲᠡᠯᠡᠵᠦ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠎ ᠨᠦᠭᠦᠳ ᠠᠵᠤ ᠠᠬᠤᠶᠢᠯᠠᠯ ᠲᠠᠢ ᠠᠳᠠᠯᠢᠬᠠᠨ ᠨᠠᠰᠤᠵᠢᠯ ᠤᠨ ᠦᠨᠳᠦᠰᠦᠨ ᠳᠠᠭᠠᠳᠬᠠᠯ ᠤᠨ ᠳᠦᠷᠢᠮ ᠢ ᠪᠠᠶᠢᠭᠤᠯᠵᠤ᠂ ᠨᠢᠭᠡᠴᠡ ᠪᠠ ᠬᠤᠪᠢ ᠬᠦᠮᠦᠨ ᠵᠠᠷᠤᠳᠠᠯ ᠲᠤᠰᠢᠶᠠᠬᠤ ᠶᠢ ᠬᠡᠷᠡᠭᠵᠢᠭᠦᠯᠦᠨ᠂ ᠠᠵᠢᠯ ᠠᠴᠠ ᠪᠠᠭᠤᠭᠰᠠᠨ ᠵᠠᠷᠤᠳᠠᠯ ᠢ ᠪᠣᠳᠣᠵᠤ ᠦᠭᠬᠦ ᠠᠷᠭ᠎ᠠ ᠳᠤ ᠦᠭᠡᠷᠡᠴᠢᠯᠡᠯᠲᠡ ᠬᠢᠬᠦ ᠶᠢ ᠲᠣᠳᠤᠷᠬᠠᠶᠢᠯᠠᠪᠠ᠃ 11 ᠳ᠋ᠦ᠋ᠭᠡᠷ ᠰᠠᠷ᠎ᠠ ᠶᠢᠨ 17᠎ ᠤ ᠡᠳᠦᠷ ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠤᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠠᠷᠭ᠎ᠠ︾ ︵ᠳᠣᠷᠤᠭᠰᠢ ︽ᠠᠷᠭ᠎ᠠ︾ ᠭᠡᠵᠦ ᠲᠣᠪᠴᠢᠯᠠᠨ᠎ᠠ︶᠎ ᠶᠢ ᠳᠠᠷᠤᠮᠠᠯᠯᠠᠨ ᠲᠠᠷᠬᠠᠭᠠᠵᠠᠢ᠂ ᠡᠨᠡ ᠨᠢ ᠮᠦᠨ ᠮᠠᠨ ᠤ ᠤᠷᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ︽ᠭᠤᠲᠤᠯ︾ ᠵᠢᠩᠬᠢᠨᠢ ᠭᠠᠷᠳᠠᠭᠰᠠᠨ ᠢ ᠬᠠᠷᠠᠭᠤᠯᠵᠤ ᠪᠠᠶᠢᠨ᠎ᠠ᠃ ᠰᠤᠷᠪᠤᠯᠵᠢᠯᠠᠬᠤ ᠳᠤᠮᠳᠠ ᠰᠤᠷᠪᠤᠯᠵᠢᠯᠠᠭᠴᠢ ᠶᠢᠨ ᠤᠶᠢᠯᠭᠠᠭᠰᠠᠨ ᠢᠶᠠᠷ ︽ᠠᠷᠭ᠎ᠠ︾᠎ ᠳᠤ ᠲᠣᠳᠤᠷᠬᠠᠶᠢᠯᠠᠭᠰᠠᠨ ᠨᠢ᠂ ᠤᠳᠤ ᠶᠢᠨ ᠬᠡᠷᠡᠭᠵᠢᠭᠦᠯᠵᠦ ᠪᠠᠶᠢᠭ᠎ᠠ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠤᠨ ᠨᠠᠰᠤᠨ ᠤ ᠠᠮᠠᠷᠠᠯᠲᠠ ᠠᠪᠬᠤ ᠪᠠᠲᠤᠯᠠᠭ᠎ᠠ ᠶᠢᠨ ᠳᠦᠷᠢᠮ ᠢ ᠦᠭᠡᠷᠡᠴᠢᠯᠡᠨ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠢ ᠨᠡᠶᠢᠭᠡᠮ ᠤᠨ ᠨᠠᠰᠤᠵᠢᠯ ᠤᠨ ᠳᠠᠭᠠᠳᠬᠠᠯ ᠤᠨ ᠰᠢᠰᠲ᠋ᠧᠮᠵᠢ ᠳᠤ ᠤᠷᠤᠭᠤᠯᠵᠤ᠂ ᠨᠡᠶᠢᠭᠡᠮ ᠠᠴᠠ ᠨᠢᠭᠡᠳᠦᠯᠲᠡᠢ ᠲᠦᠯᠦᠪᠯᠡᠬᠦ ᠪᠠ ᠬᠤᠪᠢ ᠬᠦᠮᠦᠨ ᠤ ᠳᠠᠩᠰᠠᠨ ᠡᠷᠦᠬᠡ ᠪᠠᠶᠢᠭᠤᠯᠬᠤ ᠶᠢ ᠬᠠᠷᠢᠯᠴᠠᠨ ᠤᠶᠠᠯᠳᠤᠭᠤᠯᠤᠭᠰᠠᠨ ᠨᠠᠰᠤᠵᠢᠯ ᠤᠨ ᠦᠨᠳᠦᠰᠦᠨ ᠳᠠᠭᠠᠳᠬᠠᠯ ᠤᠨ ᠳᠦᠷᠢᠮ ᠢ ᠬᠡᠷᠡᠭᠵᠢᠭᠦᠯᠬᠦ ᠪᠣᠯᠤᠨ᠎ᠠ᠃ ︽ᠠᠷᠭ᠎ᠠ︾᠎ ᠶᠢ 2014 ᠣᠨ ᠤ 10 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃      ᠬᠦᠷᠢᠶ᠎ᠠ ᠬᠡᠪᠴᠢᠶ᠎ᠡ ᠨᠢ ᠭᠤᠷᠪᠠᠨ ᠲᠦᠷᠦᠯ ᠤᠨ ᠨᠢᠭᠡᠴᠡ ᠳᠤ ᠬᠤᠯᠪᠤᠭᠳᠠᠨ᠎ᠠ      ︽ᠠᠷᠭ᠎ᠠ︾᠎ ᠳᠤ ᠲᠣᠳᠤᠷᠬᠠᠶᠢᠯᠠᠭᠰᠠᠨ ᠨᠢ᠂ ᠪᠠᠶᠢᠭᠤᠯᠤᠮᠵᠢ ᠶᠢᠨ ᠣᠷᠤᠨ ᠲᠣᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠵᠦᠪᠰᠢᠶᠡᠷᠡᠨ ᠪᠠᠶᠢᠭᠤᠯᠤᠭᠰᠠᠨ ᠳᠣᠣᠷ᠎ᠠ ᠵᠢᠭᠰᠠᠭᠠᠭᠰᠠᠨ ᠨᠢᠭᠡᠴᠡ ᠨᠦᠭᠦᠳ ᠢ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠬᠦᠷᠢᠶ᠎ᠡ ᠬᠡᠪᠴᠢᠶᠡᠨ ᠳᠤ ᠣᠷᠤᠭᠤᠯᠤᠨ᠎ᠠ᠃ ᠪᠣᠳᠠᠲᠠᠢ ᠪᠠᠷ ᠬᠡᠯᠡᠪᠡᠯ᠄ ᠠᠯᠪᠠᠲᠠᠨ ᠤ ᠬᠠᠤᠯᠢ ᠶᠣᠰᠤᠭᠠᠷ ᠬᠠᠮᠢᠶᠠᠷᠴᠤ ᠪᠠᠶᠢᠭ᠎ᠠ ᠨᠢᠭᠡᠴᠡ᠂ ᠠᠯᠪᠠᠳᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠪᠠᠶᠢᠭᠤᠯᠭ᠎ᠠ ︵ᠨᠢᠭᠡᠴᠡ︶᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶᠠᠨ ᠤ ︽ᠠᠵᠢᠯ ᠦᠢᠯᠡᠰ ᠤᠨ ᠨᠢᠭᠡᠴᠡ ᠶᠢᠨ ᠦᠭᠡᠷᠡᠴᠢᠯᠡᠯᠲᠡ ᠶᠢ ᠲᠦᠷᠦᠯ ᠬᠤᠪᠢᠶᠠᠨ ᠠᠬᠢᠭᠤᠯᠬᠤ ᠲᠤᠬᠠᠢ ᠵᠢᠯᠤᠭᠤᠳᠬᠤ ᠰᠠᠨᠠᠯ︾᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠦᠷᠦᠯ ᠬᠤᠪᠢᠶᠠᠵᠤ ᠦᠭᠡᠷᠡᠴᠢᠯᠡᠨ ᠲᠣᠭᠲᠠᠭᠠᠭᠰᠠᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠦᠷᠦᠯ᠂ ᠬᠤᠶᠠᠳᠤᠭᠠᠷ ᠲᠦᠷᠦᠯ ᠤᠨ ᠠᠵᠢᠯ ᠦᠢᠯᠡᠰ ᠤᠨ ᠨᠢᠭᠡᠴᠡ ᠶᠢ ᠪᠠᠭᠲᠠᠭᠠᠨ᠎ᠠ᠃ ᠣᠳᠣᠬᠠᠨ ᠳᠤ ᠦᠢᠯᠡᠳᠪᠦᠷᠢᠯᠡᠯ ᠡᠵᠡᠩᠨᠡᠯᠲᠡ ᠪᠠᠷ ᠲᠦᠷᠦᠯ ᠬᠤᠪᠢᠶᠠᠭᠰᠠᠨ ᠪᠣᠯᠪᠠᠴᠤ ᠠᠵᠤ ᠠᠬᠤᠶᠢᠯᠠᠯ ᠪᠣᠯᠭᠠᠵᠤ ᠪᠦᠷᠢᠮᠦᠰᠦᠨ ᠬᠤᠪᠢᠷᠠᠭᠤᠯᠤᠭᠠᠳᠤᠢ ᠠᠵᠢᠯ ᠦᠢᠯᠡᠰ ᠤᠨ ᠨᠢᠭᠡᠴᠡ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠳᠤ ᠨᠢᠭᠡᠨᠲᠡ ᠣᠷᠤᠭᠰᠠᠨ ᠪᠠᠶᠢᠪᠠᠯ ᠮᠦᠨ ᠦᠷᠭᠦᠯᠵᠢᠯᠡᠨ ᠤᠷᠤᠯᠴᠠᠨ᠎ᠠ︔ ᠣᠷᠤᠯᠴᠠᠭᠠᠳᠤᠢ ᠪᠠᠶᠢᠪᠠᠯ᠂ ᠲᠦᠷ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠦᠨᠳᠦᠰᠦᠨ ᠳᠠᠭᠠᠳᠬᠠᠯ ᠳᠤ ᠣᠷᠤᠯᠴᠠᠵᠤ᠂ ᠠᠵᠤ ᠠᠬᠤᠶᠢᠯᠠᠯ ᠤᠨ ᠳᠦᠷᠢᠮ ᠢ ᠦᠭᠡᠷᠡᠴᠢᠯᠡᠵᠦ ᠪᠦᠷᠢᠮᠦᠰᠦᠨ ᠬᠤᠪᠢᠷᠠᠭᠤᠯᠤᠭᠰᠠᠨ ᠤ ᠳᠠᠷᠠᠭ᠎ᠠ᠂ ᠬᠤᠯᠪᠤᠭᠳᠠᠯ ᠪᠦᠬᠦᠢ ᠲᠣᠭᠲᠠᠭᠠᠯ ᠶᠣᠰᠤᠭᠠᠷ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠤᠨ ᠬᠦᠷᠢᠶ᠎ᠡ ᠬᠡᠪᠴᠢᠶᠡᠨ ᠳᠤ ᠣᠷᠤᠭᠤᠯᠤᠨ᠎ᠠ᠃       ︽ᠠᠷᠭ᠎ᠠ︾᠎ ᠠᠴᠠ ᠱᠠᠭᠠᠷᠳᠠᠭᠰᠠᠨ ᠨᠢ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢ ᠬᠡᠷᠡᠭᠵᠢᠭᠦᠯᠦᠭᠰᠡᠨ ᠨᠢᠭᠡᠴᠡ ᠶᠢᠨ ᠣᠷᠤᠨ ᠲᠣᠭᠠᠨ ᠤ ᠳᠣᠲᠤᠷᠠᠬᠢ ᠠᠵᠢᠯᠲᠠᠨ ᠪᠠ ᠲᠣᠭᠲᠠᠭᠠᠯ ᠶᠣᠰᠤᠭᠠᠷ ᠨᠠᠰᠤᠨ ᠤ ᠠᠮᠠᠷᠠᠯᠲᠠ ᠠᠪᠤᠭᠰᠠᠨ ︵ᠲᠤᠰᠢᠶᠠᠯ ᠠᠴᠠ ᠪᠠᠨ ᠪᠠᠭᠤᠭᠰᠠᠨ ᠢ ᠪᠠᠭᠲᠠᠭᠠᠨ᠎ᠠ᠂ ᠳᠣᠷᠤᠭᠰᠢ ᠠᠳᠠᠯᠢ︶ ᠤᠤᠯ ᠤᠨ ᠣᠷᠤᠨ ᠲᠣᠭᠠᠨ ᠤ ᠳᠣᠲᠤᠷᠠᠬᠢ ᠨᠠᠰᠤᠨ ᠤ ᠠᠮᠠᠷᠠᠯᠲᠠ ᠠᠪᠤᠭᠰᠠᠨ ᠠᠵᠢᠯᠲᠠᠳ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠦᠨᠳᠦᠰᠦᠨ ᠳᠠᠭᠠᠳᠬᠠᠯ ᠳᠤ ᠣᠷᠤᠯᠴᠠᠬᠤ ᠶᠣᠰᠤᠲᠠᠢ᠃ ᠣᠷᠤᠨ ᠲᠣᠭᠠᠨ ᠠᠴᠠ ᠭᠠᠳᠠᠨᠠᠬᠢ ᠠᠵᠢᠯᠲᠠᠨ ᠲᠣᠭᠲᠠᠭᠠᠯ ᠶᠣᠰᠤᠭᠠᠷ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠳᠤ ᠣᠷᠤᠯᠴᠠᠨ᠎ᠠ᠃ ᠣᠷᠤᠨ ᠲᠣᠭᠠᠨ ᠤ ᠬᠠᠮᠢᠶᠠᠷᠤᠯᠲᠠ ᠨᠢ ᠵᠢᠷᠤᠮᠵᠢᠯ ᠦᠭᠡᠢ ᠨᠢᠭᠡᠴᠡ᠂ ᠤᠷᠢᠳᠠᠪᠡᠷ ᠬᠤᠯᠪᠤᠭᠳᠠᠯ ᠪᠦᠬᠦᠢ ᠲᠣᠭᠲᠠᠭᠠᠯ ᠶᠣᠰᠤᠭᠠᠷ ᠴᠡᠪᠡᠷᠯᠡᠨ ᠵᠢᠷᠤᠮᠵᠢᠭᠤᠯᠵᠤ᠂ ᠠᠵᠢᠯᠲᠠᠨ ᠤ ᠪᠡᠶ᠎ᠡ ᠶᠢᠨ ᠭᠠᠷᠤᠯ ᠢ ᠲᠣᠳᠤᠷᠬᠠᠶᠢᠯᠠᠭᠰᠠᠨ ᠤ ᠳᠠᠷᠠᠭ᠎ᠠ ᠬᠠᠷᠢᠴᠠᠩᠭᠤᠢ ᠨᠠᠰᠤᠵᠢᠯ ᠤᠨ ᠳᠠᠭᠠᠳᠬᠠᠯ ᠳᠤ ᠣᠷᠤᠯᠴᠠᠭᠤᠯᠤᠨ᠎ᠠ᠃ ᠠᠵᠢᠯ ᠠᠴᠠ ᠪᠠᠨ ᠰᠠᠯᠵᠤ ᠠᠮᠠᠷᠠᠭᠰᠠᠨ ᠠᠵᠢᠯᠲᠠᠳ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠦᠨᠳᠦᠰᠦᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠳᠤ ᠣᠷᠤᠯᠴᠠᠬᠤ ᠦᠭᠡᠢ ᠪᠠᠶᠢᠵᠤ᠂ ᠮᠦᠨ ᠤᠤᠯ ᠤᠨ ᠨᠢᠭᠡᠴᠡ ᠠᠴᠠ ᠨᠢ ᠠᠵᠢᠯ ᠠᠴᠠ ᠠᠮᠠᠷᠠᠭᠰᠠᠨ ᠵᠠᠷᠤᠳᠠᠯ ᠣᠯᠭᠤᠬᠤ ᠪᠦᠭᠡᠳ ᠲᠣᠭᠲᠠᠭᠠᠯ ᠶᠣᠰᠤᠭᠠᠷ ᠬᠠᠮᠢᠶ᠎ᠠ ᠪᠦᠬᠦᠢ ᠬᠠᠷᠠᠭᠠᠯᠵᠠᠯ ᠳᠤ ᠲᠣᠬᠢᠷᠠᠭᠤᠯᠤᠯᠲᠠ ᠬᠢᠨ᠎ᠡ ᠭᠡᠪᠡ᠃      ᠡᠨᠡ ᠵᠢᠯ ᠤᠨ 1 ᠳ᠋ᠦ᠋ᠭᠡᠷ ᠰᠠᠷ᠎ᠠ ᠳᠤ᠂ ᠰᠤᠷᠪᠤᠯᠵᠢᠯᠠᠭᠴᠢ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠤᠶᠢᠯᠭᠠᠭᠰᠠᠨ ᠢᠶᠠᠷ᠂ ᠲᠤᠰ ᠤᠳᠠᠭᠠᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠨᠠᠰᠤᠵᠢᠯ ᠤᠨ ᠳᠦᠷᠢᠮ ᠤᠨ ᠦᠭᠡᠷᠡᠴᠢᠯᠡᠯᠲᠡ ᠨᠢ ᠪᠦᠬᠦ ᠤᠷᠤᠨ ᠤ 90 ᠭᠠᠷᠤᠢ ᠲᠦᠮᠡᠨ ᠲᠤᠰᠢᠶᠠᠯ ᠳᠠᠭᠠᠨ ᠪᠠᠶᠢᠬᠤ ᠠᠯᠪᠠ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ᠂ 40 ᠭᠠᠷᠤᠢ ᠲᠦᠮᠡᠨ ᠠᠵᠢᠯ ᠠᠴᠠ ᠪᠠᠨ ᠰᠠᠯᠵᠤ ᠠᠮᠠᠷᠠᠭᠰᠠᠨ ᠠᠵᠢᠯᠲᠠᠨ ᠎ ᠳᠤ ᠬᠤᠯᠪᠤᠭᠳᠠᠭᠰᠠᠨ ᠪᠠᠶᠢᠨ᠎ᠠ᠃      ᠠᠵᠢᠯᠲᠠᠨ ᠠᠵᠢᠯᠴᠢᠨ 8%᠎ ᠶᠢᠨ ᠬᠠᠷᠢᠴᠠᠯ ᠢᠶᠠᠷ ᠵᠠᠷᠤᠳᠠᠯ ᠲᠤᠰᠢᠶᠠᠨ᠎ᠠ      ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠨᠠᠰᠤᠵᠢᠯ ᠤᠨ  ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠨᠢ ᠠᠯᠢ ᠬᠡᠳᠦᠨ ᠠᠷᠭ᠎ᠠ ᠪᠠᠷ ᠵᠠᠷᠤᠳᠠᠯ ᠲᠤᠰᠢᠶᠠᠬᠤ ᠪᠤᠢ︖ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ︽ᠠᠷᠭ᠎ᠠ︾ ᠎ ᠶᠢᠨ ᠲᠣᠭᠲᠠᠭᠠᠯ ᠶᠣᠰᠣᠭᠠᠷ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠦᠨᠳᠦᠰᠦᠨ ᠳᠠᠭᠠᠳᠬᠠᠯ ᠤᠨ ᠵᠠᠷᠤᠳᠠᠯ ᠢ ᠨᠢᠭᠡᠴᠡ ᠪᠣᠯᠣᠨ ᠬᠤᠪᠢ ᠬᠥᠮᠦᠨ ᠬᠠᠮᠲᠤ ᠪᠠᠷ ᠡᠭᠦᠷᠭᠡᠯᠡᠵᠦ᠂ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠬᠦ᠂ ᠨᠢᠭᠡᠳᠦᠯᠲᠡᠶ ᠲᠥᠯᠥᠪᠵᠢᠭᠦᠯᠦᠨ ᠬᠠᠷᠢᠯᠴᠠᠨ ᠨᠥᠬᠦᠪᠥᠷᠢᠯᠡᠬᠦ ᠨᠠᠰᠤᠵᠢᠯ ᠤᠨ ᠳᠠᠭᠠᠳᠬᠠᠯ ᠤᠨ ᠪᠡᠯᠡ ᠴᠤᠭᠯᠠᠭᠤᠯᠬᠤ ᠲᠣᠭᠲᠠᠴᠠ ᠶᠢ ᠪᠣᠢ ᠪᠣᠯᠭᠠᠨ᠎ᠠ᠃ ᠠᠵᠢᠯᠲᠠᠨ ᠠᠵᠢᠯᠴᠢᠳ ᠨᠢ ᠥᠪᠡᠷ ᠤᠨ ᠵᠠᠷᠤᠳᠠᠯ ᠲᠤᠰᠢᠶᠠᠬᠤ ᠴᠠᠯᠢᠩ ᠢᠶᠠᠷ ᠰᠠᠭᠤᠷᠢ ᠲᠤᠭ᠎ᠠ ᠪᠣᠯᠭᠠᠵᠤ᠂ 8%᠎ ᠶᠢᠨ ᠬᠠᠷᠢᠴᠠᠯ ᠢᠶᠠᠷ ᠨᠠᠰᠤᠵᠢᠯ ᠤᠨ ᠦᠨᠳᠦᠰᠦᠨ ᠳᠠᠭᠠᠳᠬᠠᠯ ᠤᠨ ᠵᠠᠷᠤᠳᠠᠯ ᠲᠤᠰᠢᠶᠠᠬᠤ ᠪᠦᠭᠡᠳ  ᠪᠠᠶᠢᠭᠤᠯᠭ᠎ᠠ ᠨᠢᠭᠡᠴᠡ ᠨᠢ ᠲᠤᠰ ᠬᠥᠮᠦᠨ ᠤ ᠴᠠᠯᠢᠩ ᠠᠴᠠ  ᠣᠷᠣᠯᠠᠨ ᠰᠠᠭᠤᠯᠭᠠᠵᠤ ᠣᠷᠣᠯᠠᠨ ᠲᠤᠰᠢᠶᠠᠨ᠎ᠠ᠃ ᠵᠠᠷᠤᠳᠠᠯ ᠲᠤᠰᠢᠶᠠᠬᠤ ᠴᠠᠯᠢᠩ ᠤᠨ ᠲᠥᠷᠥᠯ ᠵᠦᠢᠯ ᠤᠨ ᠲᠠᠯ᠎ᠠ ᠪᠠᠷ᠂ ᠠᠯᠪᠠᠨ ᠪᠠᠶᠢᠭᠤᠯᠭ᠎ᠠ ᠨᠢᠭᠡᠴᠡ ᠶᠢᠨ ᠠᠵᠢᠯᠲᠠᠨ ᠤ ᠵᠠᠷᠤᠳᠠᠯ ᠲᠤᠰᠢᠶᠠᠬᠤ ᠴᠠᠯᠢᠩ ᠤᠨ ᠲᠥᠷᠥᠯ ᠵᠦᠢᠯ ᠳᠤ᠄ ᠦᠨᠳᠦᠰᠦᠨ ᠴᠠᠯᠢᠩ᠂ ᠤᠯᠤᠰ ᠤᠨ ᠨᠢᠭᠡᠳᠦᠯᠲᠡᠶ ᠲᠣᠭᠲᠠᠭᠠᠭᠰᠠᠨ ᠨᠡᠮᠡᠭᠦᠷᠢ ᠮᠥᠩᠭᠦ ᠨᠥᠬᠦᠪᠥᠷᠢ ᠮᠥᠩᠭᠦ ︵ᠬᠠᠲᠠᠭᠤᠵᠢᠯᠲᠠᠶ ᠬᠢᠵᠠᠭᠠᠷ ᠭᠠᠵᠠᠷ ᠣᠷᠣᠨ ᠤ ᠨᠡᠮᠡᠭᠦᠷᠢ ᠮᠥᠩᠭᠦ ᠪᠣᠯᠤᠨ ᠤᠯᠤᠰ ᠠᠴᠠ ᠨᠢᠭᠡᠳᠦᠯᠲᠡᠶ ᠲᠣᠭᠲᠠᠭᠠᠭᠰᠠᠨ ᠤᠤᠯ ᠤᠨ ᠠᠵᠢᠯ ᠠᠴᠠ ᠪᠠᠭᠤᠭᠰᠠᠨ ᠵᠠᠷᠤᠳᠠᠯ ᠢ ᠪᠤᠳᠤᠵᠤ ᠥᠭᠬᠦ ᠰᠠᠭᠤᠷᠢ ᠲᠤᠭ᠎ᠠ ᠶᠢᠨ ᠲᠥᠷᠥᠯ ᠵᠦᠢᠯ︶᠂ ᠳᠦᠷᠢᠮᠵᠢᠭᠦᠯᠦᠭᠰᠡᠨ ᠤ ᠳᠠᠷᠠᠭᠠᠬᠢ ᠨᠡᠮᠡᠭᠦᠷᠢ ᠮᠥᠩᠭᠦ ᠨᠥᠬᠦᠪᠥᠷᠢ ᠮᠥᠩᠭᠦ ︵ᠭᠠᠵᠠᠷ ᠣᠷᠣᠨ ᠤ ᠨᠡᠮᠡᠯᠲᠡ ᠨᠡᠮᠡᠭᠦᠷᠢ ᠮᠥᠩᠭᠦ︶᠂ ᠵᠢᠯ ᠤᠨ ᠡᠴᠦᠰ ᠲᠠᠬᠢ ᠨᠢᠭᠡ ᠯᠡ ᠤᠳᠠᠭ᠎ᠠ ᠶᠢᠨ ᠱᠠᠩᠨᠠᠯ ᠤᠨ ᠮᠥᠩᠭᠦ ᠪᠠᠭᠲᠠᠨ᠎ᠠ︔ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠵᠠᠷᠤᠳᠠᠯ ᠲᠤᠰᠢᠶᠠᠬᠤ ᠴᠠᠯᠢᠩ ᠤᠨ ᠲᠥᠷᠥᠯ ᠵᠦᠢᠯ ᠳᠤ᠄ ᠦᠨᠳᠦᠰᠦᠨ ᠴᠠᠯᠢᠩ᠂ ᠤᠯᠤᠰ ᠤᠨ ᠨᠢᠭᠡᠳᠦᠯᠲᠡᠶ ᠲᠣᠭᠲᠠᠭᠠᠭᠰᠠᠨ ᠨᠡᠮᠡᠭᠦᠷᠢ ᠮᠥᠩᠭᠦ ᠨᠥᠬᠦᠪᠥᠷᠢ ᠮᠥᠩᠭᠦ ︵ᠬᠠᠲᠠᠭᠤᠵᠢᠯᠲᠠᠶ ᠬᠢᠵᠠᠭᠠᠷ ᠭᠠᠵᠠᠷ ᠣᠷᠣᠨ ᠤ ᠨᠡᠮᠡᠭᠦᠷᠢ ᠮᠥᠩᠭᠦ ᠪᠣᠯᠤᠨ ᠤᠯᠤᠰ ᠠᠴᠠ ᠨᠢᠭᠡᠳᠦᠯᠲᠡᠶ ᠲᠣᠭᠲᠠᠭᠠᠭᠰᠠᠨ ᠤᠤᠯ ᠤᠨ ᠠᠵᠢᠯ ᠠᠴᠠ ᠪᠠᠭᠤᠭᠰᠠᠨ ᠵᠠᠷᠤᠳᠠᠯ ᠢ ᠪᠤᠳᠤᠵᠤ ᠥᠭᠬᠦ ᠰᠠᠭᠤᠷᠢ ᠲᠤᠭ᠎ᠠ ᠶᠢᠨ ᠲᠥᠷᠥᠯ ᠵᠦᠢᠯ︶᠂ ᠠᠮᠵᠢᠯᠲᠠ ᠪᠦᠲᠦᠮᠵᠢ ᠶᠢᠨ ᠴᠠᠯᠢᠩ ᠪᠠᠭᠲᠠᠨ᠎ᠠ᠃ ᠪᠤᠰᠤᠳ ᠲᠥᠷᠥᠯ ᠵᠦᠢᠯ ᠢ ᠬᠤᠪᠢ ᠬᠥᠮᠦᠨ ᠤ ᠰᠦᠢᠳᠬᠡᠯ ᠲᠤᠰᠢᠶᠠᠬᠤ ᠴᠠᠯᠢᠩ ᠳᠤ ᠲᠦᠷ ᠣᠷᠣᠭᠤᠯᠬᠤ ᠦᠭᠡᠢ᠃ ᠠᠵᠢᠯᠲᠠᠨ ᠠᠵᠢᠯᠴᠢᠨ ᠤ ᠵᠠᠷᠤᠳᠠᠯ ᠲᠤᠰᠢᠶᠠᠬᠤ ᠴᠠᠯᠢᠩ ᠤᠨ ᠰᠠᠭᠤᠷᠢ ᠲᠤᠭ᠎ᠠ ᠶᠢ ᠲᠤᠰ ᠬᠥᠮᠦᠨ ᠤ ᠳᠡᠭᠡᠷ᠎ᠡ ᠵᠢᠯ ᠤᠨ ᠰᠠᠷ᠎ᠠ ᠶᠢᠨ ᠳᠤᠮᠳᠠᠴᠢ ᠴᠠᠯᠢᠩ ᠢᠶᠠᠷ ᠰᠠᠭᠤᠷᠢ ᠪᠣᠯᠭᠠᠨ ᠬᠠᠷᠭᠤᠭᠤᠯᠤᠨ ᠲᠣᠭᠲᠠᠭᠠᠨ᠎ᠠ᠃ ᠲᠤᠰ ᠬᠥᠮᠥᠨ ᠤ ᠳᠡᠭᠡᠷ᠎ᠡ ᠵᠢᠯ ᠤᠨ ᠰᠠᠷ᠎ᠠ ᠶᠢᠨ ᠳᠤᠮᠳᠠᠴᠢ ᠴᠠᠯᠢᠩ ᠨᠢ ᠥᠪᠡᠷᠲᠡᠭᠡᠨ ᠵᠠᠰᠠᠬᠤ ᠣᠷᠣᠨ ᠤ ᠳᠡᠭᠡᠷ᠎ᠡ ᠵᠢᠯ ᠤᠨ ᠠᠵᠢᠯ ᠤᠨ ᠪᠠᠶᠢᠷᠢ ᠳᠠᠭᠠᠨ ᠪᠠᠶᠢᠭ᠎ᠠ ᠠᠵᠢᠯᠲᠠᠨ ᠠᠵᠢᠯᠴᠢᠨ ᠤ ᠰᠠᠷ᠎ᠠ ᠶᠢᠨ ᠳᠤᠮᠳᠠᠴᠢ ᠴᠠᠯᠢᠩ ᠤᠨ 300%᠎ ᠠᠴᠠ ᠬᠡᠲᠦᠷᠡᠭᠰᠡᠨ ᠬᠡᠰᠡᠭ ᠢ ᠬᠤᠪᠢ ᠬᠥᠮᠦᠨ ᠤ ᠵᠠᠷᠤᠳᠠᠯ ᠲᠤᠰᠢᠶᠠᠬᠤ ᠴᠠᠯᠢᠩ ᠤᠨ ᠰᠠᠭᠤᠷᠢ ᠲᠤᠭ᠎ᠠ ᠳᠤ ᠪᠤᠳᠤᠵᠤ ᠣᠷᠣᠭᠤᠯᠬᠤ ᠥᠭᠡᠢ︔ ᠥᠪᠡᠷᠲᠡᠭᠡᠨ ᠵᠠᠰᠠᠬᠤ ᠣᠷᠣᠨ ᠤ ᠳᠡᠭᠡᠷ᠎ᠡ ᠵᠢᠯ ᠤᠨ ᠠᠵᠢᠯ ᠤᠨ ᠪᠠᠶᠢᠷᠢ ᠳᠠᠭᠠᠨ ᠪᠠᠶᠢᠭ᠎ᠠ ᠠᠵᠢᠯᠲᠠᠨ ᠠᠵᠢᠯᠴᠢᠨ ᠤ ᠰᠠᠷ᠎ᠠ  ᠶᠢᠨ ᠳᠤᠮᠳᠠᠴᠢ ᠴᠠᠯᠢᠩ ᠤᠨ 60%᠎ ᠠᠴᠠ ᠳᠣᠣᠭᠤᠷ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠳᠡᠭᠡᠷ᠎ᠡ ᠵᠢᠯ ᠤᠨ ᠠᠵᠢᠯ ᠤᠨ ᠪᠠᠶᠢᠷᠢ ᠳᠠᠭᠠᠨ ᠪᠠᠶᠢᠭ᠎ᠠ ᠠᠵᠢᠯᠲᠠᠨ ᠠᠵᠢᠯᠴᠢᠨ ᠤ ᠰᠠᠷ᠎ᠠ ᠶᠢᠨ ᠳᠤᠮᠳᠠᠴᠢ ᠴᠠᠯᠢᠩ ᠤᠨ 60%᠎ ᠪᠠᠷ ᠵᠠᠷᠤᠳᠠᠯ ᠲᠤᠰᠢᠶᠠᠬᠤ ᠴᠠᠯᠢᠩ ᠤᠨ ᠰᠠᠭᠤᠷᠢ ᠲᠤᠭ᠎ᠠ  ᠪᠣᠯᠭᠠᠨ ᠬᠠᠷᠭᠤᠭᠤᠯᠤᠨ ᠲᠣᠭᠲᠠᠭᠠᠨ᠎ᠠ᠃      ︽ᠰᠢᠨ᠎ᠡ ᠬᠥᠮᠦᠨ︾᠎ ᠳᠤ ᠰᠢᠨ᠎ᠡ ᠠᠷᠭ᠎ᠠ  ︽ᠠᠬᠠᠮᠳ ᠨᠥᠬᠦᠳ︾᠎ ᠲᠤ ᠬᠠᠭᠤᠴᠢᠨ ᠠᠷᠭ᠎ᠠ ᠠᠪᠤᠨ᠎ᠠ      ᠡᠨᠡ ᠵᠢᠯ ᠤᠨ ᠨᠢᠭᠡᠳᠦᠭᠡᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠲᠤᠰ ᠲᠢᠩᠬᠢᠮ ᠤᠨ ᠨᠠᠰᠤᠵᠢᠯ ᠤᠨ ᠳᠠᠭᠠᠳᠬᠠᠯ ᠤᠨ ᠭᠠᠵᠠᠷ ᠤᠨ ᠳᠠᠷᠤᠭ᠎ᠠ ᠹᠸᠡᠭ ᠶᠢᠦ ᠺᠣᠸᠠᠨ ᠢᠯᠡᠷᠬᠡᠶᠢᠯᠡᠭᠰᠡᠨ ᠨᠢ᠂ ᠡᠨᠡ ᠤᠳᠠᠭᠠᠨ ᠤ ᠥᠭᠡᠷᠡᠴᠢᠯᠡᠯᠲᠡ ᠨᠢ ︽ᠠᠬᠠᠮᠳ ᠨᠥᠬᠦᠳ ᠲᠤ ᠬᠠᠭᠤᠴᠢᠨ ᠠᠷᠭ᠎ᠠ ᠠᠪᠬᠤ᠂ ᠰᠢᠨ᠎ᠡ ᠬᠥᠮᠦᠨ ᠳᠤ ᠰᠢᠨ᠎ᠡ ᠠᠷᠭ᠎ᠠ ᠠᠪᠬᠤ᠂ ᠳᠤᠮᠳᠠᠬᠢ ᠬᠥᠮᠦᠰ ᠨᠢ ᠠᠯᠬᠤᠮ ᠠᠯᠬᠤᠮ ᠢᠶᠠᠷ ᠰᠢᠯᠵᠢᠬᠦ︾ ᠠᠷᠭ᠎ᠠ ᠶᠢ ᠠᠪᠬᠤ ᠪᠠᠷ ᠳᠠᠮᠵᠢᠭᠤᠯᠤᠨ᠂ ᠥᠭᠡᠷᠡᠴᠢᠯᠡᠯᠲᠡ ᠶᠢᠨ ᠡᠮᠦᠨ᠎ᠡ ᠬᠤᠶᠢᠨᠠᠬᠢ ᠰᠢᠨ᠎ᠡ ᠬᠠᠭᠤᠴᠢᠨ ᠠᠷᠭ᠎ᠠ ᠶᠢᠨ ᠬᠤᠭᠤᠷᠣᠨᠳᠣ ᠲᠠᠶᠢᠪᠤᠩ ᠲᠣᠭᠲᠠᠭᠤᠨ ᠢᠶᠠᠷ ᠰᠢᠯᠵᠢᠬᠦ ᠶᠢ ᠪᠡᠶᠡᠯᠡᠭᠦᠯᠵᠦ᠂ ᠥᠩᠭᠡᠷᠡᠭᠰᠡᠨ ᠤ ᠠᠵᠢᠯ ᠠᠴᠠ ᠪᠠᠨ ᠠᠮᠠᠷᠠᠭᠰᠠᠨ ᠬᠥᠮᠦᠰ ᠪᠣᠯᠣᠨ ᠬᠤᠶᠢᠰᠢᠲᠠ ᠶᠢᠨ ᠠᠵᠢᠯ ᠠᠴᠠ ᠪᠠᠨ ᠠᠮᠠᠷᠠᠭᠰᠠᠨ ᠬᠥᠮᠦᠰ ᠤᠨ ᠬᠠᠷᠭᠠᠯᠵᠠᠯ ᠤᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠵᠣᠯᠭᠠᠭᠤᠯᠬᠤ ᠶᠢ ᠪᠠᠲᠤᠯᠠᠬᠤ ᠳᠤ ᠠᠰᠢᠭᠲᠠᠢ ᠪᠠᠶᠢᠬᠤ ᠶᠢ ᠪᠠᠷᠢᠮᠲᠠᠯᠠᠨ᠎ᠠ ᠭᠡᠪᠡ᠃      ᠡᠨᠡ ᠤᠳᠠᠭ᠎ᠠ ᠨᠡᠶᠢᠲᠡᠯᠡᠭᠰᠡᠨ ︽ᠠᠷᠭ᠎ᠠ︾᠎ ᠳᠤ᠂ ᠮᠠᠨ ᠤ ᠣᠷᠣᠨ ᠲᠣᠳᠣᠷᠬᠠᠶ ᠳᠤᠷᠠᠳᠤᠨ ᠭᠠᠷᠭᠠᠭᠰᠠᠨ ᠨᠢ᠂ ᠲᠤᠰ ᠠᠷᠭ᠎ᠠ ᠶᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠠᠵᠢᠯ ᠠᠴᠠ ᠪᠠᠨ ᠠᠮᠠᠷᠠᠭᠰᠠᠨ ᠬᠥᠮᠦᠰ ᠲᠤ ᠦᠷᠭᠦᠯᠵᠢᠯᠡᠨ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠤᠤᠯ ᠤᠨ ᠬᠠᠷᠭᠠᠯᠵᠠᠯ ᠤᠨ ᠪᠠᠷᠢᠮᠵᠢᠶ᠎ᠠ ᠶᠣᠰᠣᠭᠠᠷ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠣᠯᠭᠤᠬᠤ ᠬᠡᠷᠡᠭᠲᠡᠢ ᠭᠡᠪᠡ᠃      ᠲᠤᠰ ᠠᠷᠭ᠎ᠠ ᠶᠢ ᠬᠡᠷᠡᠭᠵᠢᠭᠦᠯᠦᠭᠰᠡᠨ ᠤ ᠲᠠᠷᠠᠭ᠎ᠠ ᠠᠵᠢᠯ ᠠᠴᠠ ᠪᠠᠨ ᠠᠮᠠᠷᠠᠭᠰᠠᠨ ᠬᠥᠮᠦᠰ ᠤᠨ ᠵᠠᠷᠤᠳᠠᠯ ᠲᠤᠰᠢᠶᠠᠭᠰᠠᠨ ᠬᠤᠭᠤᠴᠠᠭ᠎ᠠ ︵ᠵᠠᠷᠤᠳᠠᠯ ᠲᠤᠰᠢᠶᠠᠬᠤ ᠬᠤᠭᠤᠴᠠᠭ᠎ᠠ ᠪᠠᠷ ᠪᠣᠳᠣᠬᠤ ᠶᠢ ᠪᠠᠭᠲᠠᠭᠠᠨ᠎ᠠ︶᠎ ᠨᠢ ᠨᠠᠶᠢᠳᠠ 15 ᠵᠢᠯ ᠪᠣᠯᠤᠭᠰᠠᠨ ᠪᠠᠶᠢᠪᠠᠯ᠂ ᠳᠣᠣᠷᠠᠬᠢ ᠪᠠᠷᠢᠮᠵᠢᠶ᠎ᠠ ᠶᠣᠰᠣᠭᠠᠷ ᠨᠠᠰᠤᠵᠢᠯ ᠤᠨ ᠳᠠᠭᠠᠳᠬᠠᠯ ᠤᠨ ᠣᠯᠭᠤᠮᠵᠢ ᠶᠢ ᠎ ᠨᠢ ᠪᠤᠳᠤᠵᠤ ᠥᠭᠭᠦᠨ᠎ᠡ᠄ ᠲᠤᠰ ᠠᠷᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ ᠠᠵᠢᠯ ᠳᠤ ᠣᠷᠣᠯᠴᠠᠭᠰᠠᠨ ᠬᠥᠮᠦᠰ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ ᠰᠠᠷ᠎ᠠ ᠰᠠᠷ᠎ᠠ ᠢᠶᠠᠷ ᠥᠭᠭᠦᠨ᠎ᠡ᠂ ᠡᠭᠦᠨ ᠤ ᠬᠠᠮᠲᠤ ᠲᠣᠭᠲᠠᠭᠠᠯ ᠶᠣᠰᠣᠭᠠᠷ ᠠᠵᠢᠯ ᠮᠡᠷᠭᠡᠵᠢᠯ ᠤᠨ ᠣᠨ ᠤ ᠴᠠᠯᠢᠩ ᠤᠨ ᠬᠠᠷᠭᠠᠯᠵᠠᠯ ᠬᠦᠷᠲᠡᠨ᠎ᠡ︔ ᠲᠤᠰ ᠠᠷᠭ᠎ᠠ ᠶᠢ ᠬᠡᠷᠡᠭᠵᠢᠭᠦᠯᠬᠦ ᠠᠴᠠ ᠡᠮᠦᠨ᠎ᠡ ᠠᠵᠢᠯ ᠳᠤ ᠣᠷᠣᠯᠴᠠᠭᠰᠠᠨ ᠬᠥᠮᠦᠰ ᠲᠤ ᠥᠭᠡᠷᠡᠴᠢᠯᠡᠯᠲᠡ ᠶᠢᠨ ᠡᠮᠦᠨ᠎ᠡ ᠬᠤᠶᠢᠨᠠᠬᠢ  ᠬᠠᠷᠭᠠᠯᠵᠠᠯ ᠤᠨ ᠬᠢᠷᠢ ᠬᠡᠮᠵᠢᠶ᠎ᠡ ᠲᠠᠢ ᠵᠣᠯᠭᠠᠯᠳᠤᠭᠰᠠᠨ ᠵᠠᠷᠴᠢᠮ ᠶᠣᠰᠣᠭᠠᠷ᠂ 10 ᠵᠢᠯ ᠤᠨ ᠰᠢᠯᠵᠢᠯᠲᠡ ᠶᠢᠨ ᠬᠤᠭᠤᠴᠠᠭ᠎ᠠ ᠶᠢ ᠬᠡᠷᠡᠭᠵᠢᠭᠦᠯᠦᠨ᠎ᠡ᠃ ᠲᠤᠰ ᠠᠷᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠠᠵᠢᠯ ᠠᠴᠠ ᠪᠠᠨ ᠠᠮᠠᠷᠠᠬᠤ ᠨᠠᠰᠤᠨ ᠳᠤ ᠬᠦᠷᠦᠭᠰᠡᠨ ᠪᠣᠯᠪᠠᠴᠣ ᠬᠤᠪᠢ ᠬᠥᠮᠦᠨ ᠤ ᠵᠠᠷᠤᠳᠠᠯ ᠲᠤᠰᠢᠶᠠᠭᠰᠠᠨ ᠬᠤᠭᠤᠴᠠᠭ᠎ᠠ ᠨᠢ ᠨᠡᠶᠢᠲᠡ 15 ᠵᠢᠯ ᠪᠣᠯᠤᠭ᠎ᠠ ᠦᠭᠡᠢ ᠬᠥᠮᠦᠰ ᠤᠨ ᠨᠠᠰᠤᠵᠢᠯ ᠤᠨ ᠦᠨᠳᠦᠰᠦᠨ ᠳᠠᠭᠠᠳᠬᠠᠯ ᠤᠨ ᠬᠠᠷᠢᠴᠠᠭ᠎ᠠ ᠪᠣᠯᠣᠨ ᠦᠨᠳᠦᠰᠦᠨ ᠨᠠᠰᠤᠵᠢᠯ ᠤᠨ ᠮᠥᠩᠭᠦ ᠶᠢ ᠪᠣᠳᠣᠵᠣ ᠥᠭᠬᠦ ᠳᠡᠭᠡᠨ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ﹀᠎ ᠶᠢ ᠬᠡᠷᠡᠭᠵᠢᠭᠦᠯᠬᠦ ᠲᠣᠭᠲᠠᠭᠠᠯ ᠤᠳ︾ ᠶᠣᠰᠣᠭᠠᠷ ᠬᠡᠷᠡᠭᠵᠢᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号