ᠣᠯᠠᠨ ᠤᠯᠤᠰ ᠤᠨ ᠮᠢᠬᠠᠨ ᠢᠳᠡᠭᠡᠨ ᠤ ᠦᠵᠡᠰᠬᠦᠯᠡᠩ ᠤᠨ ᠴᠤᠭᠯᠠᠭᠠᠨ ᠳᠤ ᠤᠷᠤᠯᠴᠠᠭᠰᠠᠨ ᠥᠪᠥᠷ ᠮᠣᠩᠭᠤᠯ ᠤᠨ ᠠᠵᠤ ᠠᠬᠤᠶᠢᠯᠠᠯ 1.5 ᠳ᠋ᠦᠡᠭᠰᠢᠭᠤᠷ ᠲᠦᠬᠦᠷᠢᠭ ᠤᠨ ᠵᠠᠬᠢᠶᠠᠯᠭ᠎ᠠ ᠶᠢᠨ ᠬᠠᠭᠤᠳᠠᠰᠤᠨ ᠳᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2015/12/7
     11 ᠳ᠋ᠤᠭᠡᠷ ᠰᠠᠷ᠎ᠠ ᠶᠢᠨ 25᠎ ᠤ ᠡᠳᠦᠷ ᠠᠴᠠ 27᠎ ᠤ ᠡᠳᠦᠷ ᠪᠤᠯᠲᠠᠯ᠎ᠠ᠂ ᠠᠷᠪᠠᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠮᠢᠬᠠᠨ ᠢᠳᠡᠭᠡᠨ ᠤ ᠦᠢᠯᠡᠰ ᠤᠨ ᠦᠵᠡᠰᠬᠦᠯᠡᠩ ᠱᠠᠩᠬᠠᠶ ᠶᠢᠨ ᠰᠢᠨ᠎ᠡ ᠤᠯᠠᠨ ᠤᠯᠤᠰ ᠤᠨ ᠦᠵᠡᠰᠬᠦᠯᠡᠩ ᠤᠨ ᠲᠥᠪ ᠲᠤ ᠦᠪᠡᠳᠡᠭᠰᠢ ᠶᠡᠭᠡ ᠪᠠᠷ ᠬᠤᠷᠠᠯᠳᠤᠪᠠ᠃ ᠲᠤᠰ ᠬᠤᠭᠤᠴᠠᠭᠠᠨ ᠤ ᠮᠢᠬᠠᠨ ᠢᠳᠡᠭᠡᠨ ᠤ ᠦᠢᠯᠡᠰ ᠤᠨ ᠦᠵᠡᠰᠬᠦᠯᠡᠩ ᠤᠨ ᠴᠤᠭᠯᠠᠭᠠᠨ ᠳᠤ ᠨᠡᠶᠢᠲᠡ 200 ᠭᠠᠷᠤᠶ ᠤᠯᠤᠰ ᠤᠨ ᠳᠣᠲᠣᠭᠠᠳᠤ ᠭᠠᠳᠠᠭᠠᠳᠤ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠠᠵᠤ ᠠᠬᠤᠶᠢᠯᠠᠯ ᠤᠷᠤᠯᠴᠠᠵᠤ᠂ ᠡᠬᠦᠨ ᠳᠤ ᠮᠢᠬᠠᠨ ᠢᠳᠡᠭᠡᠨ ᠤ ᠪᠦᠲᠦᠭᠡᠭᠳᠡᠬᠦᠨ ᠪᠤᠯᠤᠨ ᠮᠢᠬᠠᠨ ᠢᠳᠡᠭᠡᠨ ᠪᠣᠯᠪᠠᠰᠤᠷᠠᠭᠤᠯᠬᠤ ᠵᠢᠵᠢᠭᠯᠡᠨ ᠬᠤᠳᠠᠯᠳᠤᠬᠤ᠂ ᠪᠥᠭᠡᠮ ᠢᠶᠠᠷ ᠬᠤᠳᠠᠯᠳᠤᠬᠤ ᠠᠷᠠᠯᠵᠢᠶ᠎ᠠ ᠬᠤᠳᠠᠯᠳᠤᠭ᠎ᠠ᠂ ᠨᠢᠲᠤᠯᠬᠤ ᠠᠵᠤ ᠠᠬᠤᠶᠢᠯᠠᠯ᠂ ᠬᠡᠳᠦ ᠳᠡᠯᠭᠡᠭᠦᠷ᠂ ᠢᠳᠡᠭᠡᠨ ᠤᠮᠳᠠᠭᠠᠨ ᠤ ᠠᠵᠤ ᠠᠬᠤᠶᠢᠯᠠᠯ ᠬᠢᠭᠡᠳ ᠡᠳ᠋ ᠪᠠᠷᠠᠭᠠᠨ ᠤ ᠭᠦᠢᠯᠭᠡᠭᠡ ᠵᠡᠷᠭᠡ ᠣᠯᠠᠨ ᠬᠦᠷᠢᠶ᠎ᠡ ᠶᠢ ᠪᠠᠭᠲᠠᠭᠠᠭᠰᠠᠨ ᠪᠠᠶᠢᠨ᠎ᠠ᠃ ᠥᠪᠥᠷ ᠮᠣᠩᠭᠤᠯ ᠤᠨ 34 ᠮᠢᠬᠠᠨ ᠢᠳᠡᠭᠡᠨ ᠦᠢᠯᠡᠳᠪᠦᠷᠢᠯᠡᠬᠦ ᠪᠤᠯᠪᠠᠰᠤᠷᠠᠭᠤᠯᠬᠤ ᠠᠵᠤ ᠠᠬᠤᠶᠢᠯᠠᠯ ᠬᠤᠷᠠᠯ ᠳᠤ ᠣᠷᠣᠯᠴᠠᠵᠤ᠂ ᠲᠤᠬᠠᠶ ᠶᠢᠨ ᠲᠠᠯᠠᠪᠤᠷ ᠲᠤ 27 ᠬᠤᠪᠢ ᠬᠤᠳᠠᠯᠳᠤᠨ ᠠᠪᠬᠤ ᠵᠠᠬᠢᠶᠠᠯᠠᠭ᠎ᠠ ᠶᠢᠨ ᠬᠠᠭᠤᠳᠠᠰᠤᠨ ᠳᠤ ᠭᠠᠷ ᠤᠨ ᠦᠰᠦᠭ ᠵᠢᠷᠤᠵᠤ᠂ ᠵᠣᠭᠤᠰ ᠤᠨ ᠲᠤᠭ᠎ᠠ ᠨᠢ ᠨᠡᠶᠢᠲᠡ 15028 ᠲᠦᠮᠡᠨ ᠲᠥᠭᠦᠷᠢᠭ ᠲᠤ ᠬᠦᠷᠴᠠᠢ᠃      ᠣᠶᠢᠯᠠᠭᠠᠭᠰᠠᠨ ᠢᠶᠠᠷ᠂ ᠮᠠᠨ ᠤ ᠣᠷᠣᠨ ᠤ ᠮᠢᠬᠠᠨ ᠢᠳᠡᠭᠡᠨ ᠤ ᠲᠦᠷᠦᠯ ᠲᠡᠮᠳᠡᠭ ᠪᠣᠯᠤᠨ ᠠᠵᠢᠯ ᠲᠥᠷᠥᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠭᠦᠢᠴᠡᠳ ᠢᠯᠡᠷᠡᠭᠦᠯᠵᠤ᠂ ᠲᠥᠷᠥᠯ ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠶᠢᠨ ᠲᠤᠯᠠᠳᠠ᠂ ᠥᠪᠥᠷ ᠮᠣᠩᠭᠤᠯ ᠤᠨ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠥᠪᠥᠷ ᠮᠣᠩᠭᠤᠯ ᠤᠨ ᠰᠢᠶᠤᠤ ᠹᠸᠢ ᠶᠠᠩ ᠢᠳᠡᠭᠡᠨ ᠤ ᠬᠢᠵᠠᠭᠠᠷᠲᠤ ᠺᠣᠮᠫᠠᠨᠢ᠂ ᠤᠷᠳᠤᠰ ᠬᠤᠳᠠ ᠶᠢᠨ ᠰᠢ ᠶᠢ ᠴᠢᠩ ᠲᠠᠷᠢᠶᠠᠯᠠᠩ ᠤᠨ ᠨᠡᠭᠡᠭᠡᠨ ᠠᠰᠢᠭᠯᠠᠯᠲᠠ ᠶᠢᠨ ᠬᠢᠵᠠᠭᠠᠷᠲᠤ ᠺᠣᠮᠫᠠᠨᠢ᠂ ᠰᠢᠯᠢ ᠶᠢᠨ ᠭᠤᠣᠯ ᠠᠶᠢᠮᠠᠭ ᠤᠨ ᠲᠠᠯ᠎ᠠ ᠨᠤᠲᠤᠭ ᠤᠨ ᠹᠸᠡᠭ ᠬᠤᠸᠠᠩ ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 34 ᠮᠢᠬᠠᠨ ᠢᠳᠡᠭᠡᠨ ᠦᠢᠯᠡᠳᠪᠦᠷᠢᠯᠡᠬᠦ ᠪᠤᠯᠪᠠᠰᠤᠷᠠᠭᠤᠯᠬᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠬᠤᠷᠠᠯ ᠳᠤ ᠣᠷᠣᠯᠴᠠᠵᠤ᠂ ᠦᠵᠡᠰᠬᠦᠯᠡᠩ ᠳᠤ ᠤᠷᠤᠯᠴᠠᠭᠰᠠᠨ ᠲᠠᠸᠠᠷ ᠤᠨ ᠪᠦᠲᠦᠭᠡᠭᠳᠡᠬᠦᠨ ᠨᠢ ᠦᠬᠡᠷ ᠬᠤᠨᠢᠨ ᠮᠢᠬ᠎ᠠ ᠶᠢ ᠪᠤᠯᠪᠠᠰᠤᠷᠠᠭᠤᠯᠤᠨ ᠭᠡᠰᠡᠭᠯᠡᠭᠰᠡᠨ ᠪᠦᠲᠦᠭᠡᠭᠳᠡᠬᠦᠨ᠂ ᠦᠬᠡᠷ ᠬᠤᠨᠢᠨ ᠮᠢᠬ᠎ᠠ ᠶᠢ ᠨᠠᠷᠢᠯᠢᠭ ᠪᠤᠯᠪᠠᠰᠤᠷᠠᠭᠤᠯᠤᠭᠰᠠᠨ ᠪᠦᠲᠦᠭᠡᠭᠳᠡᠬᠦᠨ᠂ ᠦᠬᠡᠷ ᠬᠤᠨᠢᠨ ᠤ ᠲᠦᠭᠦᠬᠡᠶ ᠮᠢᠬ᠎ᠠ᠂ ᠪᠤᠯᠭᠤᠭᠰᠠᠨ ᠢᠳᠡᠭᠡᠨ ᠤ ᠦᠢᠯᠡᠳᠬᠦᠨ᠂ ᠲᠦᠷᠭᠡᠨ ᠬᠥᠯᠳᠡᠭᠡᠭᠰᠡᠨ ᠢᠮᠠᠭᠠᠨ ᠮᠢᠬ᠎ᠠ᠂ ᠬᠤᠨᠢᠨ ᠮᠢᠬᠠᠨ ᠤ ᠪᠦᠲᠦᠭᠡᠭᠳᠡᠬᠦᠨ ᠤ ᠵᠦᠢᠯ ᠵᠡᠷᠭᠡ 31 ᠲᠥᠷᠥᠯ ᠵᠦᠢᠯ ᠢ ᠪᠠᠭᠲᠠᠭᠠᠪᠠ᠃      ᠮᠠᠨ ᠤ ᠣᠷᠣᠨ ᠤ ᠮᠢᠬᠠᠨ ᠢᠳᠡᠭᠡᠨ ᠤ ᠲᠦᠷᠦᠯ ᠲᠡᠮᠳᠡᠭ ᠢ ᠨᠡᠩ ᠰᠠᠶᠢᠨ ᠤᠬᠠᠭᠤᠯᠵᠤ᠂ ᠢᠳᠡᠭᠡᠨ ᠤᠮᠳᠠᠭᠠᠨ ᠤ ᠠᠵᠤ ᠠᠬᠤᠶᠢᠯᠠᠯ ᠪᠣᠯᠤᠨ ᠬᠡᠷᠡᠭᠯᠡᠭᠴᠢᠳ ᠲᠤ ᠥᠪᠥᠷ ᠮᠣᠩᠭᠤᠯ ᠤᠨ ᠪᠣᠬᠢᠷᠲᠤᠯ ᠦᠭᠡᠶ ᠦᠬᠡᠷ ᠬᠤᠨᠢᠨ ᠮᠢᠬᠠᠨ ᠤ ᠲᠤᠬᠠᠢ ᠨᠡᠩ ᠰᠢᠭᠤᠳ ᠤᠶᠢᠯᠠᠭᠠᠯᠲᠠ ᠪᠠ ᠲᠠᠨᠢᠯᠲᠠ ᠲᠠᠢ ᠪᠤᠯᠭᠠᠬᠤ ᠶᠢᠨ ᠲᠤᠯᠠᠳᠠ᠂ ᠥᠪᠥᠷ ᠮᠣᠩᠭᠤᠯ ᠤᠨ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ᠶᠡᠭᠡ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠵᠦᠪᠯᠡᠯ ᠳᠤ ᠢᠳᠡᠪᠬᠢᠲᠡᠶ ᠪᠠᠷ ᠡᠷᠡᠮᠡᠯᠵᠢᠯᠡᠨ ᠥᠪᠥᠷ ᠮᠣᠩᠭᠤᠯ ᠤᠨ ᠳᠡᠯᠭᠡᠨ ᠦᠵᠡᠭᠦᠯᠬᠦ ᠪᠦᠯᠬᠦᠮ ᠳᠤ ︽ᠵᠤᠯᠭᠠᠭᠤᠯᠬᠤ ᠵᠦᠪᠳᠡᠯᠴᠡᠭᠡᠷ ᠤᠨ ᠲᠤᠰᠬᠠᠢ ᠬᠤᠷᠠᠯ︾᠂ ︽ᠭᠤᠶᠢᠳᠠ ᠲᠣᠭᠤᠭᠠᠨ ᠭᠡᠷ ᠤᠨ ᠦᠵᠡᠬᠦᠯᠦᠯᠭᠡ︾ ᠵᠡᠷᠭᠡ ᠲᠤᠰᠬᠠᠶ ᠵᠦᠢᠯ ᠤᠨ ᠠᠵᠢᠯᠯᠠᠭ᠎ᠠ ᠲᠤᠬᠢᠷᠠᠭᠤᠯᠵᠤ᠂ ᠴᠤᠭᠯᠠᠭᠠᠨ ᠳᠤ ᠣᠷᠣᠯᠴᠠᠭᠰᠠᠨ ᠠᠵᠤ ᠠᠬᠤᠶᠢᠯᠠᠯ ᠢ ᠵᠢᠶᠠᠩᠰᠦ᠂ ᠱᠠᠩᠬᠠᠶ ᠬᠢᠭᠡᠳ ᠵᠧᠵᠢᠶᠠᠩ ᠭᠤᠷᠪᠠᠨ ᠮᠤᠵᠢ ᠶᠢᠨ ᠢᠳᠡᠭᠡᠨ ᠤᠮᠳᠠᠭᠠᠨ ᠤ ᠠᠵᠤ ᠠᠬᠤᠶᠢᠯᠠᠯ ᠯᠤᠭ᠎ᠠ ᠨᠢᠭᠤᠷᠳᠠᠨ ᠰᠤᠯᠢᠯᠴᠠᠭᠤᠯᠵᠤ᠂ ᠥᠪᠥᠷ ᠮᠣᠩᠭᠤᠯ ᠣᠷᠣᠨ ᠤ ᠠᠵᠤ ᠠᠬᠤᠶᠢᠯᠠᠯ ᠢ ᠬᠠᠪᠰᠤᠷᠴᠤ ᠵᠢᠶᠠᠩᠰᠦ᠂ ᠵᠧᠵᠢᠶᠠᠩ᠂ ᠱᠠᠩᠬᠠᠶ ᠳᠠᠬᠢ ᠵᠠᠬ᠎ᠠ ᠳᠡᠯᠭᠡᠭᠦᠷ ᠢ ᠨᠡᠭᠡᠭᠡᠨ ᠦᠷᠭᠡᠳᠭᠡᠭᠰᠡᠨ ᠪᠠᠶᠢᠨ᠎ᠠ᠃ ᠲᠤᠰᠬᠠᠶ ᠮᠡᠷᠭᠡᠵᠢᠯ ᠤᠨ ᠲᠤᠭᠤᠭᠠᠴᠢ ᠪᠠᠷ ᠥᠪᠥᠷ ᠮᠣᠩᠭᠤᠯ ᠤᠨ ᠦᠬᠡᠷ ᠬᠤᠨᠢᠨ ᠮᠢᠬ᠎ᠠ ᠶᠢ ᠲᠤᠬᠠᠢ ᠶᠢᠨ ᠲᠠᠯᠠᠪᠤᠷ ᠲᠤ ᠬᠢᠵᠤ ᠠᠮᠲᠠᠯᠠᠭᠤᠯᠬᠤ ᠶᠢᠨ ᠳᠠᠭᠠᠤ ᠳᠤ᠂ ᠦᠵᠡᠭᠴᠢᠳ ᠲᠤ ᠰᠢᠨ᠎ᠡ ᠰᠣᠷᠭᠤᠭ ᠴᠢᠨᠠᠷ ᠰᠠᠶᠢᠲᠠᠶ ᠮᠢᠬᠠᠨ ᠢᠳᠡᠭᠡᠨ ᠢ ᠬᠡᠷᠬᠢᠨ  ᠰᠤᠩᠭᠤᠬᠤ ᠲᠤᠬᠠᠢ ᠲᠠᠶᠢᠯᠤᠮᠵᠢ ᠬᠢᠬᠦ ᠪᠠᠷ ᠳᠠᠮᠵᠢᠭᠤᠯᠤᠨ  ᠂ ᠬᠡᠷᠡᠭᠯᠡᠭᠴᠢᠳ ᠤᠨ ᠥᠪᠥᠷ ᠮᠣᠩᠭᠤᠯ ᠤᠨ ᠮᠢᠬᠠᠨ ᠢᠳᠡᠭᠡᠨ ᠤ  ᠲᠦᠷᠦᠯ ᠲᠡᠮᠳᠡᠭ ᠤᠨ ᠲᠤᠬᠠᠢ ᠲᠠᠨᠢᠯᠲᠠ ᠶᠢ ᠦᠷᠭᠡᠵᠢᠬᠦᠯᠵᠤ᠂ ᠮᠠᠨ ᠤ ᠣᠷᠣᠨ ᠤ ᠮᠢᠬᠠᠨ ᠢᠳᠡᠭᠡᠨ ᠤ ᠪᠦᠲᠦᠭᠡᠭᠳᠡᠭᠦᠨ ᠤ ᠠᠵᠤ ᠠᠬᠤᠶᠢᠯᠠᠯ ᠪᠤᠯᠤᠨ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠲᠦᠷᠦᠯ ᠲᠡᠮᠳᠡᠭ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠪᠠ᠃      ᠲᠤᠰ ᠤᠳᠠᠭᠠᠨ ᠤ ᠦᠵᠡᠰᠬᠦᠯᠡᠩ ᠳᠤ ᠥᠪᠥᠷ ᠮᠣᠩᠭᠤᠯ ᠤᠨ ᠦᠬᠡᠷ ᠬᠤᠨᠢᠨ ᠮᠢᠬ᠎ᠠ ᠨᠢ ᠨᠢᠷᠠᠶ ᠵᠥᠭᠡᠯᠡᠨ᠂ ᠪᠣᠬᠢᠷᠲᠤᠯ ᠥᠭᠡᠢ ᠮᠦᠷᠲᠡᠭᠡᠨ ᠣᠷᠭᠠᠨᠢᠭ᠂ ᠰᠢᠮ᠎ᠡ ᠲᠡᠵᠢᠭᠡᠯ ᠤᠨ ᠥᠷᠲᠡᠭ ᠨᠢ ᠡᠯᠪᠡᠭ ᠵᠡᠷᠭᠡ ᠥᠪᠡᠷᠮᠢᠴᠡ ᠴᠢᠨᠠᠷ ᠢᠶᠠᠷ ᠡᠯ᠎ᠡ ᠭᠠᠵᠠᠷ ᠤᠨ ᠦᠵᠡᠬᠦᠯᠦᠯᠭᠡ ᠳᠤ ᠤᠷᠤᠯᠴᠠᠭᠰᠠᠨ ᠬᠤᠳᠠᠯᠳᠤᠭᠠᠴᠢᠨ ᠪᠤᠯᠤᠨ ᠲᠤᠭᠤᠷᠢᠨ ᠦᠵᠡᠭᠴᠢᠳ ᠤᠨ ᠲᠠᠭᠠᠰᠢᠶᠠᠯ ᠢ ᠤᠯᠤᠭᠰᠠᠨ ᠪᠥᠭᠡᠳ ᠤᠯᠤᠰ ᠤᠨ ᠳᠣᠲᠣᠭᠠᠳᠤ ᠶᠢᠨ ᠣᠯᠠᠨ ᠨᠡᠷᠡᠲᠦ ᠵᠠᠭᠤᠴᠢᠯᠠᠭᠤᠷ ᠤᠨ ᠠᠩᠬᠠᠷᠤᠯ ᠢ ᠥᠷᠭᠡᠨ ᠢᠶᠠᠷ ᠲᠠᠲᠠᠵᠤ᠂ ᠬᠤᠷᠠᠯ ᠳᠤ ᠣᠷᠣᠯᠴᠠᠭᠰᠠᠨ ᠮᠢᠬᠠᠨ ᠢᠳᠡᠭᠡᠨ ᠦᠢᠯᠡᠳᠪᠦᠷᠢᠯᠡᠬᠦ ᠪᠣᠯᠪᠠᠰᠤᠷᠠᠭᠤᠯᠬᠤ ᠠᠵᠤ ᠠᠬᠤᠶᠢᠯᠠᠯ ᠴᠥᠮ  ᠦᠯᠡᠮᠵᠢᠭᠡᠨ ᠤᠯᠤᠯᠲᠠ ᠲᠠᠢ ᠪᠠᠶᠢᠵᠤ᠂ ᠭᠠᠳᠠᠷ ᠣᠷᠣᠨ ᠤ ᠣᠯᠠᠩᠬᠢ ᠠᠵᠤ ᠠᠬᠤᠶᠢᠯᠠᠯ ᠤᠨ ᠬᠤᠳᠠᠯᠳᠤᠭᠠᠴᠢᠨ ᠴᠦᠮ ᠬᠦᠷᠦᠯᠴᠡᠨ ᠢᠷᠡᠵᠦ ᠬᠠᠮᠲᠤᠷᠠᠨ ᠠᠵᠢᠯᠯᠠᠬᠤ ᠶᠠᠪᠤᠳᠠᠯ ᠢ ᠵᠥᠪᠯᠡᠨ ᠶᠠᠷᠢᠯᠴᠠᠬᠤ᠂ ᠰᠢᠭᠤᠳ ᠳᠡᠯᠭᠡᠨ ᠦᠵᠡᠭᠦᠯᠬᠦ ᠭᠠᠵᠠᠷ ᠠᠴᠠ ᠦᠬᠡᠷ ᠬᠤᠨᠢᠨ ᠤ ᠮᠢᠬ᠎ᠠ ᠬᠤᠳᠠᠯᠳᠤᠨ ᠠᠪᠤᠭᠰᠠᠳ ᠴᠦ ᠨᠡᠯᠢᠶᠡᠳ ᠠᠷᠪᠢᠨ ᠪᠠᠶᠢᠪᠠ᠃ ᠪᠦᠷᠢᠳᠭᠡᠯ ᠢ ᠦᠨᠳᠦᠰᠦᠯᠡᠪᠡᠯ᠂ ᠦᠵᠡᠭᠦᠯᠦᠯᠭᠡ ᠶᠢᠨ ᠬᠤᠭᠤᠴᠠᠭᠠᠨ ᠳᠤ᠂ ᠮᠠᠨ ᠤ ᠣᠷᠣᠨ ᠤ ᠠᠵᠤ ᠠᠬᠤᠶᠢᠯᠠᠯ ᠡᠯ᠎ᠡ ᠵᠦᠢᠯ ᠤᠨ ᠮᠢᠬᠠᠨ ᠢᠳᠡᠭᠡᠨ ᠤ ᠪᠦᠲᠦᠭᠡᠭᠳᠡᠬᠦᠨ ᠢ 200.76 ᠲᠦᠮᠡᠨ ᠲᠥᠭᠦᠷᠢᠭ ᠪᠤᠷᠤᠯᠠᠭᠤᠯᠵᠤ᠂ ᠲᠤᠬᠠᠶ ᠶᠢᠨ ᠲᠠᠯᠠᠪᠤᠷ ᠲᠤ 27 ᠬᠤᠪᠢ ᠬᠤᠳᠠᠯᠳᠤᠨ ᠠᠪᠬᠤ ᠵᠠᠬᠢᠶᠠᠯᠠᠭ᠎ᠠ ᠶᠢᠨ ᠬᠠᠭᠤᠳᠠᠰᠤᠨ ᠳᠤ ᠭᠠᠷ ᠤᠨ ᠦᠰᠦᠭ ᠵᠢᠷᠤᠵᠤ᠂ ᠵᠣᠭᠤᠰ ᠤᠨ ᠲᠤᠭ᠎ᠠ ᠨᠢ ᠨᠡᠶᠢᠲᠡ 15028 ᠲᠦᠮᠡᠨ ᠲᠥᠭᠦᠷᠢᠭ ᠲᠤ ᠬᠦᠷᠴᠦ᠂ 84 ᠬᠤᠪᠢ ᠬᠠᠮᠲᠤᠷᠠᠯᠴᠠᠬᠤ ᠰᠠᠨᠠᠮᠵᠢ ᠳᠡᠭᠡᠷ᠎ᠡ ᠭᠠᠷ ᠤᠨ ᠦᠰᠦᠭ ᠵᠢᠷᠤᠵᠤ᠂ ᠬᠡᠯᠡᠯᠴᠡᠭᠡᠷ ᠤᠨ ᠵᠤᠭᠤᠰ ᠤᠨ ᠲᠤᠭ᠎ᠠ ᠨᠢ ᠨᠡᠶᠢᠲᠡ 13135 ᠲᠦᠮᠡᠨ ᠲᠥᠭᠦᠷᠢᠭ ᠲᠤ ᠬᠦᠷᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号