ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 635 ᠬᠤᠪᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠦᠬᠦ ᠲᠠᠯ᠎ᠠ ᠪᠠᠷ ᠡᠮᠬᠢᠯᠡᠨ ᠢᠯᠭᠠᠷᠠᠭᠤᠯᠪᠠ
ᠨᠡᠶᠢᠲᠡᠯᠡᠭᠰᠡᠨ ᠴᠠᠭ᠄
2015/12/7
     ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠲᠤᠬᠠᠢ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠯᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠳᠠᠩᠰᠠᠯᠠᠭᠤᠯᠬᠤ ᠳᠤ ᠬᠢᠨᠠᠯᠲᠠ ᠲᠠᠯᠪᠢᠬᠤ ᠠᠷᠭ᠎ᠠ︾᠎ ᠶᠢ ᠦᠨᠳᠦᠰᠦᠯᠡᠨ᠂ ᠮᠠᠨ ᠤ ᠣᠷᠣᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠵᠠᠰᠠᠭ ᠤᠨ ᠣᠷᠳᠣᠨ ᠤ ᠠᠯᠪᠠᠨ ᠲᠢᠩᠬᠢᠮ ᠤᠨ 2014 ᠣᠨ ᠤ ᠡᠴᠦᠰ ᠠᠴᠠ ᠡᠮᠦᠨ᠎ᠡ ᠨᠡᠶᠢᠲᠡᠯᠡᠭᠰᠡᠨ ᠤᠳᠤ ᠶᠢᠨ ᠪᠦᠲᠦᠮᠵᠢᠲᠠᠢ ᠬᠡᠷᠡᠭᠵᠢᠭᠦᠯᠵᠦ ᠪᠠᠶᠢᠭ᠎ᠠ 635 ᠬᠤᠪᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠦᠬᠦ ᠲᠠᠯ᠎ᠠ ᠪᠠᠷ ᠡᠮᠬᠢᠯᠡᠨ ᠢᠯᠭᠠᠷᠠᠭᠤᠯᠪᠠ᠃      ᠲᠤᠰ ᠤᠳᠠᠭᠠᠨ ᠤ ᠡᠮᠬᠢᠯᠡᠨ ᠢᠯᠭᠠᠷᠠᠭᠤᠯᠬᠤ ᠠᠵᠢᠯ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠲᠥᠷᠢᠮ ᠤᠨ ᠠᠯᠪᠠᠨ ᠭᠡᠷ ᠲᠦᠷᠦᠭᠦᠯᠡᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠤᠤᠯ ᠲᠤᠭᠤᠷᠪᠢᠨ ᠪᠢᠴᠢᠭᠰᠡᠨ ᠰᠠᠯᠠᠭ᠎ᠠ ᠮᠥᠴᠢᠷ᠂ ᠣᠳᠣ ᠶᠢᠨ ᠬᠡᠷᠡᠭᠵᠢᠭᠦᠯᠵᠦ ᠪᠠᠶᠢᠭ᠎ᠠ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠪᠠ ᠰᠠᠨᠠᠭᠤᠯᠭ᠎ᠠ ᠶᠢ ᠥᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ᠂ ᠰᠠᠯᠠᠭ᠎ᠠ ᠮᠥᠴᠢᠷ ᠠᠴᠠ ᠳᠤᠷᠠᠳᠤᠭᠰᠠᠨ ᠡᠮᠬᠢᠯᠡᠨ ᠢᠯᠭᠠᠷᠠᠭᠤᠯᠬᠤ ᠰᠠᠨᠠᠭᠤᠯᠭ᠎ᠠ ᠶᠢ ᠡᠮᠬᠢᠯᠡᠨ ᠲᠢᠭᠯᠡᠵᠤ᠂ ᠬᠤᠷᠢᠶᠠᠩᠭᠤᠶᠢᠯᠠᠭᠰᠠᠨ ᠤ ᠰᠡᠭᠦᠯᠡᠷ ᠨᠢᠭᠡᠳ ᠨᠢᠭᠡ ᠪᠠᠷ ᠬᠢᠨᠠᠨ ᠬᠠᠷᠭᠤᠭᠤᠯᠵᠤ᠂ ᠡᠮᠬᠢᠯᠡᠨ ᠢᠯᠭᠠᠷᠠᠭᠤᠯᠬᠤ ᠦᠷ᠎ᠡ ᠳ᠋ᠦᠩ ᠤᠨ ᠬᠠᠤᠯᠢ ᠶᠣᠰᠣᠴᠢ ᠴᠢᠨᠠᠷ ᠪᠤᠯᠤᠨ ᠰᠢᠨᠵᠢᠯᠡᠬᠦ ᠤᠬᠠᠭᠠᠨᠴᠢ ᠴᠢᠨᠠᠷ ᠢ ᠦᠨᠡᠨ ᠬᠦ ᠪᠠᠲᠤᠯᠠᠭᠰᠠᠨ ᠪᠠᠶᠢᠨ᠎ᠠ᠃ ᠪᠦᠬᠦ ᠲᠠᠯ᠎ᠠ ᠪᠠᠷ ᠡᠮᠬᠢᠯᠡᠨ ᠢᠯᠭᠠᠷᠠᠭᠤᠯᠤᠭᠰᠠᠨ ᠤ ᠲᠠᠷᠠᠭ᠎ᠠ᠂ 457 ᠬᠤᠪᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠦᠷᠭᠦᠯᠵᠢᠯᠡᠨ ᠪᠦᠲᠦᠮᠵᠢᠲᠠᠢ ᠬᠡᠷᠡᠭᠵᠢᠬᠦᠯᠬᠦ ᠪᠠ 125 ᠬᠤᠪᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠦᠴᠦᠨ ᠦᠭᠡᠢ ᠪᠤᠯᠭᠠᠵᠤ᠂ 53 ᠬᠤᠪᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠵᠠᠰᠠᠪᠤᠷᠢ ᠤᠷᠤᠭᠤᠯᠵᠤ ᠲᠠᠬᠢᠨ ᠰᠢᠨ᠎ᠡ ᠪᠠᠷ ᠨᠡᠶᠢᠲᠡᠯᠡᠬᠦ ᠪᠠᠷ ᠪᠤᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号