ᠥᠪᠥᠷ ᠮᠣᠩᠭᠤᠯ ᠤᠨ ᠬᠡᠰᠡᠭ ᠭᠠᠵᠠᠷ ᠲᠤ ᠴᠠᠰᠤ ᠣᠷᠣᠵᠤ ᠵᠤᠳ ᠪᠤᠯᠪᠠ  7᠎ ᠤ ᠡᠳᠦᠷ ᠠᠴᠠ ᠡᠬᠢᠯᠡᠨ ᠰᠢᠨ᠎ᠡ ᠨᠢᠭᠡ ᠡᠭᠡᠯᠵᠢ ᠶᠢᠨ ᠬᠦᠢᠲᠡᠨ ᠠᠭᠤᠷ ᠠᠮᠢᠰᠬᠤᠯ ᠢᠷᠡᠬᠦ ᠪᠤᠯᠤᠨ᠎ᠠ
ᠨᠡᠶᠢᠲᠡᠯᠡᠭᠰᠡᠨ ᠴᠠᠭ᠄
2015/12/7
     ᠬᠡᠳᠦᠨ ᠡᠳᠦᠷ ᠤᠨ ᠲᠤᠷᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠢᠲᠡᠨ ᠠᠭᠤᠷ ᠠᠮᠢᠰᠬᠤᠯ ᠤᠨ ᠬᠥᠳᠡᠯᠭᠡᠭᠡᠨ ᠤᠯᠠᠰᠢᠷᠠᠵᠤ᠂ ᠶᠡᠬᠡᠩᠬᠢ ᠭᠠᠵᠠᠷ ᠣᠷᠣᠨ ᠳᠤ ᠲᠠᠰᠤᠷᠠᠯᠲᠠ ᠦᠭᠡᠢ ᠴᠠᠰᠤ ᠤᠷᠤᠵᠤ ᠳᠤᠯᠠᠭᠠᠨ ᠤ ᠬᠡᠮᠵᠢᠶ᠎ᠡ ᠳᠤᠷᠤᠭᠰᠢᠯᠠᠪᠠ᠃ ᠰᠤᠷᠪᠤᠯᠵᠢᠯᠠᠭᠴᠢ ᠥᠴᠥᠭᠡᠳᠦᠷ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠦᠷᠭᠦᠯᠵᠢᠯᠡᠨ ᠴᠠᠰᠤ ᠤᠷᠤᠭᠰᠠᠨ ᠠᠴᠠ ᠳᠤᠮᠳᠠ ᠵᠡᠭᠦᠨ ᠪᠡᠶ᠎ᠡ ᠶᠢᠨ ᠬᠡᠰᠡᠭ ᠭᠠᠵᠠᠷ ᠲᠤ ᠴᠠᠰᠤ ᠤᠷᠤᠨ ᠵᠤᠳ ᠪᠤᠯᠵᠤ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠨᠦᠯᠦᠭᠡᠯᠡᠪᠡ᠃ 12 ᠳ᠋ᠦ᠋ᠭᠡᠷ ᠰᠠᠷ᠎ᠠ ᠶᠢᠨ7~9᠎ ᠤ ᠡᠳᠦᠷ ᠪᠤᠯᠲᠠᠯ᠎ᠠ᠂ ᠪᠠᠰᠠ ᠨᠢᠭᠡ ᠡᠭᠡᠯᠵᠢ ᠶᠢᠨ ᠬᠦᠢᠲᠡᠨ ᠠᠭᠤᠷ ᠠᠮᠢᠰᠬᠤᠯ ᠮᠠᠨ ᠤ ᠣᠷᠣᠨ ᠤ ᠬᠡᠰᠡᠭ ᠭᠠᠵᠠᠷ ᠤᠷᠤᠨ ᠢ ᠨᠦᠯᠦᠭᠡᠯᠡᠵᠦ᠂ ᠲᠤᠬᠠᠶ ᠶᠢᠨ ᠦᠶ᠎ᠡ ᠳᠤ ᠰᠠᠯᠬᠢᠯᠠᠨ ᠬᠦᠢᠲᠡᠷᠡᠵᠦ ᠴᠠᠰᠤ ᠣᠷᠣᠬᠤ ᠴᠠᠭ ᠠᠭᠤᠷ ᠲᠠᠢ ᠪᠤᠯᠬᠤᠷ᠂ ᠣᠯᠠᠨ ᠲᠦᠮᠡᠨ ᠬᠦᠢᠲᠡᠨ ᠢ ᠰᠡᠷᠭᠡᠶᠢᠯᠡᠵᠦ ᠳᠤᠯᠠᠭᠠᠯᠭ᠎ᠠ ᠪᠠᠨ ᠠᠩᠬᠠᠷᠠᠬᠤ ᠬᠡᠷᠡᠭᠲᠡᠢ᠃      12 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠨᠡᠯᠢᠶᠡᠳ ᠴᠢᠩᠭ᠎ᠠ ᠬᠦᠢᠲᠡᠨ ᠠᠭᠤᠷ ᠠᠮᠢᠰᠬᠤᠯ ᠮᠠᠨ ᠤ ᠣᠷᠣᠨ ᠤ ᠶᠡᠬᠡᠩᠬᠢ ᠭᠠᠵᠠᠷ ᠣᠷᠣᠨ ᠢ ᠦᠳᠲᠡᠷ ᠲᠦᠷᠭᠡᠨ ᠪᠦᠷᠬᠦᠵᠦ᠂ ᠵᠡᠭᠦᠨ ᠪᠡᠶ᠎ᠡ ᠶᠢᠨ ᠭᠠᠵᠠᠷ ᠣᠷᠣᠨ ᠎ ᠳᠤ ᠴᠠᠰᠤ  ᠰᠢᠭᠤᠷᠠᠵᠤ᠂ ᠳᠤᠮᠳᠠ ᠪᠠᠷᠠᠭᠤᠨ ᠪᠡᠶ᠎ᠡ ᠶᠢᠨ ᠭᠠᠵᠠᠷ ᠣᠷᠣᠨ ᠳᠤ ᠰᠠᠯᠬᠢᠯᠠᠨ ᠬᠦᠢᠲᠡᠷᠡᠬᠦ ᠴᠠᠭ ᠠᠭᠤᠷ ᠲᠤᠬᠢᠶᠠᠯᠳᠤᠪᠠ᠃ ᠡᠭᠦᠨ ᠤ ᠳᠣᠲᠣᠷ᠎ᠠ᠂ ᠰᠢᠯᠢ ᠶᠢᠨ ᠭᠤᠣᠯ ᠤᠨ ᠲᠠᠯ᠎ᠠ ᠨᠤᠲᠤᠭ ᠲᠤ ᠦᠷᠭᠦᠯᠵᠢᠯᠡᠨ ᠴᠠᠰᠤ ᠤᠷᠤᠵᠤ᠂ ᠬᠡᠰᠡᠭ ᠭᠠᠵᠠᠷ ᠰᠠᠯᠬᠢᠯᠠᠨ ᠴᠠᠰᠤᠨ ᠰᠢᠭᠤᠷᠭ᠎ᠠ ᠪᠤᠯᠵᠤ᠂ ᠦᠵᠡᠭᠳᠡᠴᠡ ᠶᠢᠨ ᠬᠠᠮᠤᠭ ᠤᠨ ᠳᠣᠣᠷ᠎ᠠ ᠬᠡᠮᠵᠢᠶ᠎ᠡ ᠨᠢ 5 ᠮᠧᠲᠷ᠂ ᠤᠨᠴᠠᠭᠠᠶᠢᠯᠠᠨ ᠰᠢᠯᠤᠭᠤᠨ ᠬᠥᠪᠡᠭᠡᠲᠦ ᠴᠠᠭᠠᠨ ᠬᠤᠰᠢᠭᠤ ᠳᠤ ᠳᠤᠮᠳᠠᠴᠢ ᠪᠠᠷ18ᠰᠠᠨᠲ᠋ᠢᠮᠧᠲᠷ ᠴᠠᠰᠤ ᠤᠷᠤᠵᠤ᠂ ᠬᠡᠭᠡᠷ᠎ᠡ ᠶᠢᠨ ᠴᠠᠰᠤᠨ ᠤ ᠭᠦᠨ ᠨᠢ 40 ᠰᠠᠨᠲ᠋ᠢᠮᠧᠲᠷ ᠬᠦᠷᠪᠡ᠃ 12 ᠳ᠋ᠦ᠋ᠭᠡᠷ ᠰᠠᠷ᠎ᠠ ᠶᠢᠨ 3᠎ ᠤ ᠡᠳᠦᠷ ᠪᠣᠯᠲᠠᠯ᠎ᠠ᠂ ᠰᠢᠯᠤᠭᠤᠨ ᠬᠥᠪᠡᠭᠡᠲᠦ ᠴᠠᠭᠠᠨ ᠬᠤᠰᠢᠭᠤ ᠶᠢᠨ 90%᠎ ᠠᠴᠠ ᠳᠡᠭᠡᠭᠰᠢᠬᠢ ᠵᠠᠰᠠᠮᠠᠯ ᠵᠠᠮ ᠢ ᠴᠠᠰᠤ ᠪᠦᠷᠬᠦᠵᠦ᠂ ᠬᠡᠰᠡᠭ ᠵᠠᠰᠠᠮᠠᠯ ᠵᠠᠮ ᠤᠨ ᠴᠠᠰᠤ ᠰᠦᠬᠦᠯᠡᠭᠰᠡᠨ ᠳᠤᠮᠳᠠᠴᠢ ᠬᠡᠮᠵᠢᠶ᠎ᠡ ᠨᠢ 20 ᠰᠠᠨᠲ᠋ᠢᠮᠧᠲᠷ ᠠᠴᠠ ᠳᠡᠭᠡᠭᠰᠢ ᠪᠠᠶᠢᠵᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠨᠡᠪᠲᠡᠷᠡᠯᠭᠡ ᠴᠠᠰᠤᠨ ᠳᠤ ᠪᠦᠭᠡᠯᠡᠭᠳᠡᠵᠦ᠂ ᠨᠤᠲᠤᠭ ᠪᠡᠯᠴᠢᠭᠡᠷ ᠴᠠᠰᠤᠨ ᠳᠤ ᠪᠦᠷᠬᠦᠭᠳᠡᠨ᠂ ᠮᠠᠯ ᠰᠦᠷᠦᠭ ᠪᠡᠯᠴᠢᠭᠡᠷᠯᠡᠵᠦ ᠴᠢᠳᠠᠬᠤ ᠦᠭᠡᠢ ᠪᠤᠯᠪᠠ᠃      ᠡᠭᠦᠨ ᠠᠴᠠ ᠭᠠᠳᠠᠨ᠎ᠠ᠂ ᠴᠠᠰᠤ ᠤᠷᠤᠭᠰᠠᠨ ᠤ ᠨᠥᠯᠥᠭᠡ ᠪᠠᠷ᠂ 3᠎ ᠤ ᠡᠳᠦᠷ ᠤᠨ ᠦᠳᠡ ᠶᠢᠨ ᠬᠤᠶᠢᠨ᠎ᠠ ᠪᠤᠯᠲᠠᠯ᠎ᠠ᠂ ᠵᠠᠯᠠᠨ ᠠᠶᠢᠯ ᠬᠤᠳᠠ᠂ ᠠᠷᠤᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ᠂ ᠮᠤᠷᠢᠨᠳᠠᠪᠠᠭ᠎ᠠ ᠬᠤᠰᠢᠭᠤ ᠶᠢᠨ ᠪᠦᠬᠦ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠵᠤᠭᠰᠤᠵᠤ᠂ ᠬᠠᠶᠢᠯᠠᠷ ᠲᠣᠭᠤᠷᠢᠭ᠂ ᠭᠡᠭᠡᠨ ᠭᠤᠣᠯ ᠬᠤᠳᠠ᠂ ᠤᠷᠴᠤᠨ ᠬᠤᠰᠢᠭᠤ᠂ ᠮᠠᠨᠵᠤᠤᠷ ᠬᠤᠲᠠ ᠶᠢᠨ ᠬᠡᠰᠡᠭ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠵᠤᠭᠰᠤᠪᠠ᠃ 12 ᠳ᠋ᠦ᠋ᠭᠡᠷ ᠰᠠᠷ᠎ᠠ ᠶᠢᠨ 4᠎ ᠤ ᠡᠳᠦᠷ᠂ ᠮᠠᠨ ᠤ ᠣᠷᠣᠨ ᠤ ᠬᠦᠢᠲᠡᠨ ᠠᠭᠤᠷ ᠠᠮᠢᠰᠬᠤᠯ ᠤᠨ ᠨᠥᠯᠥᠭᠡ ᠲᠡᠶᠢᠮᠦ ᠶᠡᠭᠡ ᠪᠢᠰᠢ  ᠂ ᠲᠤᠨᠳᠠᠰᠤ ᠲᠦᠢᠯ ᠤᠨ ᠪᠠᠭ᠎ᠠ᠂ ᠶᠡᠬᠡᠩᠬᠢ ᠭᠠᠵᠠᠷ ᠤᠨ ᠠᠭᠠᠷ ᠤᠨ ᠳᠤᠯᠠᠭᠠᠨ ᠤ ᠬᠡᠮᠵᠢᠶ᠎ᠡ ᠡᠮᠦᠨᠡᠬᠢ ᠬᠤᠭᠤᠴᠠᠭᠠᠨ ᠤ ᠬᠢ ᠠᠴᠠ ᠨᠡᠯᠢᠶᠡᠳ ᠳᠡᠭᠡᠭᠰᠢᠯᠡᠪᠡ᠂ ᠭᠡᠪᠡᠴᠦ ᠪᠦᠬᠦᠯᠢ ᠡᠳᠦᠷ ᠤᠨ ᠠᠭᠠᠷ ᠤᠨ ᠳᠤᠯᠠᠭᠠᠨ ᠤ ᠬᠡᠮᠵᠢᠶ᠎ᠡ ᠮᠥᠨ ᠯᠡ ᠲᠡᠭ ᠭᠷᠠᠳᠦ᠋ᠰ ᠠᠴᠠ ᠳᠣᠷᠣᠭᠰᠢ ᠪᠠᠶᠢᠵᠤ᠂ ᠡᠮᠦᠨ᠎ᠡ ᠬᠤᠭᠤᠴᠠᠭᠠᠨ ᠤ ᠳᠣᠣᠷ᠎ᠠ ᠳᠤᠯᠠᠭᠠᠨ ᠪᠠ ᠴᠠᠰᠤᠨ ᠤ ᠨᠦᠯᠦᠭᠡ ᠪᠠᠷ᠂ ᠠᠭᠤᠷ ᠠᠮᠢᠰᠬᠤᠯ ᠮᠥᠨ ᠬᠦᠢᠲᠡᠨ  ᠪᠠᠶᠢᠪᠠ᠃      12 ᠳ᠋ᠦ᠋ᠭᠡᠷ ᠰᠠᠷ᠎ᠠ ᠶᠢᠨ 7~9᠎ ᠤ ᠡᠳᠦᠷ ᠪᠤᠯᠲᠠᠯ᠎ᠠ᠂ ᠮᠠᠨ ᠤ ᠣᠷᠣᠨ ᠢ ᠨᠦᠯᠦᠭᠡᠯᠡᠬᠦ ᠬᠦᠢᠲᠡᠨ ᠠᠭᠤᠷ ᠠᠮᠢᠰᠬᠤᠯ ᠨᠡᠯᠢᠶᠡᠳ ᠪᠠᠭᠤᠷᠠᠶ᠂ ᠪᠠᠷᠠᠭᠤᠨ ᠪᠡᠶ᠎ᠡ ᠶᠢᠨ ᠭᠠᠵᠠᠷ ᠣᠷᠣᠨ ᠤ ᠡᠮᠦᠨ᠎ᠡ ᠬᠡᠰᠡᠭ᠂ ᠳᠤᠮᠳᠠ ᠬᠡᠰᠡᠭ ᠤᠨ ᠭᠠᠵᠠᠷ ᠣᠷᠣᠨ ᠪᠠ ᠵᠡᠭᠦᠨ ᠪᠡᠶ᠎ᠡ ᠶᠢᠨ ᠡᠮᠦᠨ᠎ᠡ ᠬᠡᠰᠡᠭ ᠤᠨ ᠵᠠᠷᠢᠮ ᠭᠠᠵᠠᠷ ᠲᠤ ᠪᠠᠭ᠎ᠠ ᠴᠠᠰᠤ ᠲᠠᠢ᠂ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠠᠭᠠᠷ ᠤᠨ ᠳᠤᠯᠠᠭᠠᠨ ᠤ ᠬᠡᠮᠵᠢᠶ᠎ᠡ 4~6 ᠭᠷᠠᠳᠦ᠋ᠰ ᠳᠤᠷᠤᠭᠰᠢᠯᠠᠨ᠎ᠠ᠂ ᠳᠤᠮᠳᠠ ᠪᠡᠶ᠎ᠡ ᠶᠢᠨ ᠡᠮᠦᠨ᠎ᠡ ᠬᠡᠰᠡᠭ ᠤᠨ ᠭᠠᠵᠠᠷ ᠤᠷᠤᠨ ᠤ ᠠᠭᠠᠷ ᠤᠨ ᠳᠤᠯᠠᠭᠠᠨ ᠤ ᠬᠡᠮᠵᠢᠶ᠎ᠡ 6 ᠭᠷᠠᠳᠦ᠋ᠰ ᠤᠷᠴᠢᠮ ᠳᠤᠷᠤᠭᠰᠢᠯᠠᠨ᠎ᠠ᠃      ᠴᠠᠭ ᠠᠭᠤᠷ ᠤᠨ ᠰᠠᠯᠠᠭ᠎ᠠ ᠮᠥᠴᠢᠷ ᠠᠴᠠ ᠰᠠᠨᠠᠭᠤᠯᠤᠭᠰᠠᠨ ᠨᠢ᠂ ᠰᠡᠭᠦᠯᠴᠢ ᠶᠢᠨ ᠬᠤᠭᠤᠴᠠᠭᠠᠨ ᠤ ᠲᠤᠯᠠᠭᠠᠨ ᠤ ᠬᠡᠮᠵᠢᠶ᠎ᠡ ᠪᠠᠭᠤᠷᠠᠬᠤ᠂ ᠴᠠᠰᠤ ᠣᠷᠣᠬᠤ ᠴᠠᠭ ᠠᠭᠤᠷ ᠨᠡᠮᠡᠭᠳᠡᠬᠦ ᠶᠢ ᠳᠠᠭᠠᠯᠳᠤᠨ᠂ ᠬᠡᠰᠡᠭ ᠭᠠᠵᠠᠷ ᠣᠷᠣᠨ ᠳᠤ ᠭᠠᠮᠰᠢᠭ ᠤᠨ ᠪᠠᠶᠢᠳᠠᠯ ᠦᠷᠬᠦᠯᠵᠢᠯᠡᠬᠦ ᠮᠦᠷᠲᠡᠭᠡᠨ ᠨᠡᠩ ᠢᠯᠡᠭᠦᠦ ᠨᠡᠮᠡᠭᠳᠡᠨ᠎ᠡ᠂ ᠴᠠᠰᠤ ᠨᠡᠯᠢᠶᠡᠳ ᠭᠦᠨ ᠭᠠᠵᠠᠷ ᠣᠷᠣᠨ ᠮᠠᠯ ᠤᠨ ᠡᠪᠦᠯ ᠤᠨ ᠭᠠᠷᠭᠠᠯᠲᠠ ᠪᠠᠨ ᠨᠡᠮᠡᠭᠳᠡᠭᠦᠯᠵᠦ᠂ ᠡᠪᠦᠯ ᠤᠨ ᠬᠦᠢᠲᠡᠨ᠂ ᠵᠤᠳ ᠰᠢᠭᠤᠷᠭ᠎ᠠ ᠵᠡᠷᠭᠡ ᠠᠰᠢᠭ ᠦᠭᠡᠢ ᠴᠠᠭ ᠠᠭᠤᠷ ᠠᠴᠠ ᠲᠠᠯ᠎ᠠ ᠨᠤᠲᠤᠭ ᠤᠨ ᠮᠠᠯ ᠠᠵᠤ ᠠᠬᠤᠶ ᠳᠤ ᠬᠤᠣᠷ ᠬᠥᠨᠥᠭᠡᠯ ᠤᠴᠠᠷᠠᠭᠤᠯᠬᠤ ᠠᠴᠠ ᠬᠢᠴᠢᠶᠡᠬᠦ ᠬᠡᠷᠡᠭᠲᠡᠢ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号