12 ᠳ᠋ᠤᠭᠠᠷ ᠰᠠᠷ᠎ᠠ ᠶᠢᠨ 4 ᠤ ᠡᠳᠦᠷ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠥᠭᠡᠷᠡᠴᠢᠯᠡᠯᠲᠡ ᠬᠥᠭᠵᠢᠭᠦᠯᠦᠯᠲᠡ ᠶᠢᠨ ᠵᠥᠪᠯᠡᠯ ᠠᠴᠠ ᠣᠶᠢᠯᠭᠠᠭᠰᠠᠨ ᠢᠶᠠᠷ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ︵ | ᠲᠤᠷᠰᠢᠨ ᠬᠡᠷᠡᠭᠵᠢᠭᠦᠯᠬᠦ︶ 2012 ᠣᠨ ᠤ ᠬᠡᠪᠯᠡᠯ︾ ᠢ 2016 ᠣᠨ ᠤ 1 ᠳ᠋ᠦ᠋ᠭᠡᠷ ᠰᠠᠷ᠎ᠠ ᠶᠢᠨ 1 ᠤ | ᠡᠳᠦᠷ ᠠᠴᠠ ᠡᠬᠢᠯᠡᠨ ᠬᠥᠬᠡᠬᠤᠲᠠ᠂ ᠲᠦᠩᠯᠢᠶᠣᠣ ᠬᠤᠲᠠ᠂ ᠣᠷᠳᠣᠰ ᠬᠤᠲᠠ ᠪᠣᠯᠣᠨ ᠦᠬᠠᠢ ᠬᠤᠲᠠ ᠳᠥᠷᠪᠡᠨ | ᠭᠠᠵᠠᠷ ᠣᠷᠣᠨ ᠳᠤ ᠡᠬᠢᠯᠡᠨ ᠲᠤᠷᠰᠢᠨ ᠬᠡᠷᠡᠭᠵᠢᠭᠦᠯᠬᠦ ᠪᠠᠷ ᠪᠠᠶᠢᠨ᠎ᠠ᠃ ᠲᠤᠷᠰᠢᠯᠲᠠ ᠪᠡᠶᠡᠯᠡᠭᠳᠡᠭᠰᠡᠨ ᠤ ᠳᠠᠷᠠᠭ᠎ᠠ᠂ | ᠰᠢᠨ᠎ᠡ ᠬᠡᠪᠯᠡᠯ ᠤᠨ ᠡᠮ ᠡᠮᠨᠡᠯᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠶᠢ 2017 ᠣᠨ ᠤ | ᠪᠦᠬᠦ ᠣᠷᠣᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠠᠬᠢᠴᠠ ᠲᠠᠢ | ᠣᠶᠠᠯᠳᠤᠭᠤᠯᠤᠨ ᠪᠦᠬᠦ ᠣᠷᠣᠨ ᠳᠤ ᠪᠦᠬᠦ ᠲᠠᠯ᠎ᠠ ᠪᠠᠷ ᠬᠡᠷᠡᠭᠵᠢᠭᠦᠯᠦᠨ᠎ᠡ᠃ | ︽ᠡᠮ ᠡᠮᠨᠡᠯᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ︵ᠲᠤᠷᠰᠢᠨ ᠬᠡᠷᠡᠭᠵᠢᠭᠦᠯᠬᠦ︶ | 2012 ᠣᠨ ᠤ ᠬᠡᠪᠯᠡᠯ︾ ᠤᠨ ᠵᠢᠷᠤᠮᠵᠢᠭᠤᠯᠬᠤ ᠪᠠ ᠳᠣᠬᠢᠷᠠᠭᠤᠯᠬᠤ ᠶᠢᠨ ᠲᠥᠷᠥᠯ ᠵᠦᠢᠯ ᠨᠡᠶᠢᠲᠡ 8754 | ᠵᠦᠢᠯ ᠪᠠᠶᠢᠨ᠎ᠠ᠂ ᠭᠤᠣᠯᠳᠠᠭᠤ ᠵᠢᠷᠤᠮᠵᠢᠭᠤᠯᠬᠤ ᠪᠠ ᠲᠣᠬᠢᠷᠠᠭᠤᠯᠬᠤ ᠠᠭᠤᠯᠭ᠎ᠠ ᠬᠢᠭᠡᠳ ᠬᠡᠮᠵᠢᠶ᠎ᠡ ᠨᠢ ᠭᠡᠪᠡᠯ᠄ | ᠶᠡᠷᠦᠩᠬᠡᠶᠢᠯᠡᠭᠰᠡᠨ ᠡᠮ ᠡᠮᠨᠡᠯᠭᠡ ᠶᠢᠨ ᠦᠢᠯᠡᠴᠢᠯᠡᠭᠡᠨ 163 ᠲᠥᠷᠥᠯ᠃ ᠶᠡᠷᠦ ᠶᠢᠨ ᠡᠮ ᠡᠮᠨᠡᠯᠭᠡ ᠶᠢᠨ | ᠦᠢᠯᠡᠴᠢᠯᠡᠭᠡ᠂ ᠶᠡᠷᠦ ᠶᠢᠨ ᠡᠮᠨᠡᠨ ᠵᠠᠰᠠᠬᠤ ᠠᠵᠢᠯᠯᠠᠭ᠎ᠠ᠂ ᠰᠤᠪᠢᠯᠠᠬᠤ ᠪᠠ ᠪᠣᠰᠣᠳ ᠦᠢᠯᠡᠴᠢᠯᠡᠭᠡᠨ ᠤ ᠲᠥᠷᠥᠯ | ᠵᠦᠢᠯ ᠵᠡᠷᠭᠡ ᠳᠥᠷᠪᠡᠨ ᠬᠡᠰᠡᠭ ᠢ ᠪᠠᠭᠲᠠᠭᠠᠵᠤ᠂ ᠲᠥᠷᠥᠯ ᠵᠦᠢᠯ ᠤᠨ ᠳᠤᠮᠳᠠᠴᠢ ᠳᠡᠭᠡᠭᠰᠢᠯᠡᠭᠦᠯᠬᠦ ᠬᠡᠮᠵᠢᠶ᠎ᠡ ᠨᠢ | 70% ᠪᠣᠯᠣᠨ᠎ᠠ᠃ | ᠰᠡᠭᠦᠳᠡᠷ ᠵᠦᠢ ᠶᠢᠨ ᠣᠨᠣᠰᠢᠯᠠᠬᠤ 590 ᠲᠥᠷᠥᠯ᠃ X ᠰᠠᠴᠤᠷᠠᠭ ᠤᠨ ᠪᠠᠶᠢᠴᠠᠭᠠᠯᠲᠠ᠂ X | ᠰᠠᠴᠤᠷᠠᠭ ᠤᠨ ᠺᠣᠮᠫᠢᠦ᠋ᠲ᠋ᠧᠷ ᠤᠨ ᠪᠡᠶ᠎ᠡ ᠶᠢᠨ ᠭᠠᠳᠠᠷᠭᠤ ᠶᠢᠨ ᠪᠠᠶᠢᠴᠠᠭᠠᠯᠲᠠ ︵CT︶᠂ ᠰᠣᠷᠢᠨᠵᠢᠨ ᠳᠤᠯᠭᠢᠶᠠᠨ ᠤ | ᠪᠠᠶᠢᠴᠠᠭᠠᠯᠲᠠ᠂ ᠬᠡᠳᠦ ᠳᠠᠭᠤᠨ ᠤ ᠪᠠᠶᠢᠴᠠᠭᠠᠯᠲᠠ ᠵᠡᠷᠭᠡ ᠵᠢᠷᠭᠤᠭᠠᠨ ᠬᠡᠰᠡᠭ ᠢ ᠪᠠᠭᠲᠠᠭᠠᠵᠤ᠂ ᠡᠭᠦᠨ ᠳᠤ ᠰᠢᠨ᠎ᠡ ᠪᠠᠷ | 23 ᠲᠥᠷᠥᠯ ᠨᠡᠮᠡᠵᠦ᠂ ᠪᠣᠰᠣᠳ ᠲᠥᠷᠥᠯ ᠵᠦᠢᠯ ᠤᠨ ᠳᠤᠮᠳᠠᠴᠢ ᠪᠠᠭᠤᠷᠠᠭᠤᠯᠬᠤ ᠬᠡᠮᠵᠢᠶ᠎ᠡ ᠨᠢ 15% ᠪᠣᠯᠣᠨ᠎ᠠ᠃ | ᠡᠪᠡᠳᠴᠢᠨ ᠤ ᠵᠦᠢ ᠶᠢᠨ ᠣᠨᠣᠰᠢᠯᠠᠬᠤ 43 ᠲᠥᠷᠥᠯ᠃ ᠡᠰ ᠤᠨ ᠡᠪᠡᠳᠴᠢᠨ ᠤ ᠵᠦᠢ᠂ ᠡᠷᠬᠡᠲᠡᠨ ᠤ | ᠡᠪᠡᠳᠴᠢᠨ ᠤ ᠵᠦᠢ᠂ ᠮᠣᠯᠧᠺᠦ᠋ᠯ ᠤᠨ ᠡᠪᠡᠳᠴᠢᠨ ᠤ ᠵᠦᠢ ᠶᠢᠨ ᠪᠠᠶᠢᠴᠠᠭᠠᠯᠲᠠ ᠬᠢᠭᠡᠳ ᠣᠨᠣᠰᠢᠯᠠᠯᠲᠠ ᠵᠡᠷᠭᠡ | ᠵᠢᠷᠭᠤᠭᠠᠨ ᠬᠡᠰᠡᠭ ᠢ ᠪᠠᠭᠲᠠᠭᠠᠵᠤ᠂ ᠡᠭᠦᠨ ᠳᠤ ᠰᠢᠨ᠎ᠡ ᠪᠠᠷ 10 ᠲᠥᠷᠥᠯ ᠨᠡᠮᠡᠵᠦ᠂ ᠪᠣᠰᠣᠳ ᠲᠥᠷᠥᠯ ᠵᠦᠢᠯ ᠤᠨ | ᠳᠤᠮᠳᠠᠴᠢ ᠳᠡᠭᠡᠭᠰᠢᠯᠡᠭᠦᠯᠬᠦ ᠬᠡᠮᠵᠢᠶ᠎ᠡ ᠨᠢ 10% ᠪᠣᠯᠣᠨ᠎ᠠ᠃ | ᠲᠤᠰᠠᠯᠠᠬᠤ ᠠᠵᠢᠯᠯᠠᠭ᠎ᠠ 17 ᠲᠥᠷᠥᠯ᠃ ᠲᠥᠬᠦᠭᠡᠷᠦᠮᠵᠢ ᠶᠢᠨ ᠲᠤᠰᠠᠯᠠᠬᠤ ᠠᠵᠢᠯᠯᠠᠭ᠎ᠠ ᠬᠢᠭᠡᠳ ᠪᠢᠴᠢᠯ | ᠬᠥᠳᠡᠯᠭᠡᠬᠦ ᠬᠥᠴᠦᠨ ᠤ ᠰᠢᠰᠲ᠋ᠧᠮ ᠤᠨ ᠲᠤᠰᠠᠯᠠᠬᠤ ᠠᠵᠢᠯᠯᠠᠭ᠎ᠠ ᠵᠡᠷᠭᠡ ᠬᠤᠶᠠᠷ ᠬᠡᠰᠡᠭ ᠢ ᠪᠠᠭᠲᠠᠭᠠᠵᠤ᠂ ᠡᠭᠦᠨ ᠳᠤ | ᠰᠢᠨ᠎ᠡ ᠪᠠᠷ 6ᠲᠥᠷᠥᠯ ᠨᠡᠮᠡᠵᠦ᠂ ᠪᠣᠰᠣᠳ ᠲᠥᠷᠥᠯ ᠵᠦᠢᠯ ᠤᠨ ᠦᠨ᠎ᠡ ᠬᠠᠩᠰᠢ ᠶᠢ ᠲᠡᠭᠰᠢ ᠪᠠᠷ ᠰᠢᠯᠵᠢᠭᠦᠯᠦᠨ᠎ᠡ᠃ | ᠮᠡᠰᠡ ᠵᠠᠰᠠᠯ ᠤᠨ ᠡᠮᠴᠢᠯᠡᠭᠡᠨ 4843 ᠲᠥᠷᠥᠯ᠂ ᠮᠡᠳᠡᠷᠡᠯ ᠤᠨ ᠰᠢᠰᠲ᠋ᠧᠮ᠂ ᠲᠤᠳᠤᠭᠠᠳᠤ | ᠱᠦᠭᠦᠷᠡᠯᠲᠡ ᠶᠢᠨ ᠰᠢᠰᠲ᠋ᠧᠮ᠂ ᠠᠮᠢᠰᠬᠤᠯ ᠤᠨ ᠰᠢᠰᠲ᠋ᠧᠮ᠂ ᠪᠡᠶ᠎ᠡ ᠶᠢᠨ ᠰᠢᠰᠲ᠋ᠧᠮ ᠵᠡᠷᠭᠡ ᠠᠷᠪᠠᠨ ᠳᠣᠯᠣᠭᠠᠨ | ᠬᠡᠰᠡᠭ ᠢ ᠪᠠᠭᠲᠠᠭᠠᠵᠤ᠂ ᠡᠭᠦᠨ ᠳᠤ ᠰᠢᠨ᠎ᠡ ᠪᠠᠷ 145 ᠲᠥᠷᠥᠯ ᠨᠡᠮᠡᠵᠦ᠂ ᠪᠣᠰᠣᠳ ᠲᠥᠷᠥᠯ ᠵᠦᠢᠯ ᠤᠨ ᠳᠤᠮᠳᠠᠴᠢ | ᠳᠡᠭᠡᠭᠰᠢᠯᠡᠭᠦᠯᠬᠦ ᠬᠡᠮᠵᠢᠶ᠎ᠡ ᠨᠢ 60% ᠪᠣᠯᠣᠨ᠎ᠠ᠃ | ᠲᠣᠷᠰᠢᠯᠲᠠ ᠶᠢᠨ ᠲᠠᠰᠤᠭ ᠤᠨ ᠣᠨᠣᠰᠢᠯᠠᠨ ᠵᠠᠰᠠᠬᠤ 1104 ᠲᠥᠷᠥᠯ᠂ ᠡᠮᠴᠢᠯᠡᠭᠡᠨ ᠤ ᠴᠢᠰᠤᠨ ᠤ | ᠰᠤᠳᠤᠯᠤᠯ ᠤᠨ ᠰᠢᠯᠭᠠᠨ ᠪᠠᠶᠢᠴᠠᠭᠠᠯᠲᠠ᠂ ᠡᠮᠴᠢᠯᠡᠭᠡᠨ ᠤ ᠪᠡᠶ᠎ᠡ ᠶᠢᠨ ᠰᠢᠩᠭᠡᠨ ᠤ ᠰᠤᠳᠤᠯᠤᠯ ᠤᠨ ᠰᠢᠯᠭᠠᠨ | ᠪᠠᠶᠢᠴᠠᠭᠠᠯᠲᠠ᠂ ᠡᠮᠴᠢᠯᠡᠭᠡᠨ ᠦᠯᠦ ᠬᠠᠯᠳᠠᠭᠤᠯᠬᠤ ᠰᠤᠳᠤᠯᠤᠯ ᠤᠨ ᠰᠢᠯᠭᠠᠨ ᠪᠠᠶᠢᠴᠠᠭᠠᠯᠲᠠ ᠵᠡᠷᠭᠡ ᠭᠤᠷᠪᠠᠨ | ᠬᠡᠰᠡᠭ ᠢ ᠪᠠᠭᠲᠠᠭᠠᠵᠤ᠂ ᠡᠭᠦᠨ ᠳᠤ ᠰᠢᠨ᠎ᠡ ᠪᠠᠷ198 ᠲᠥᠷᠥᠯ ᠨᠡᠮᠡᠵᠦ᠂ ᠪᠣᠰᠣᠳ ᠲᠥᠷᠥᠯ ᠵᠦᠢᠯ ᠤᠨ ᠳᠤᠮᠳᠠᠴᠢ | ᠪᠠᠭᠤᠷᠠᠭᠤᠯᠬᠤ ᠬᠡᠮᠵᠢᠶ᠎ᠡ ᠨᠢ 10% ᠪᠣᠯᠣᠨ᠎ᠠ᠃ | ᠡᠮᠴᠢᠯᠡᠭᠡᠨ ᠤ ᠮᠡᠰᠡ ᠵᠠᠰᠠᠯ ᠤᠨ ᠪᠤᠰᠤ ᠡᠮᠨᠡᠨ ᠵᠠᠰᠠᠬᠤ 416 ᠲᠥᠷᠥᠯ᠃ ᠮᠡᠳᠡᠷᠡᠯ ᠤᠨ ᠰᠢᠰᠲ᠋ᠧᠮ᠂ | ᠲᠤᠳᠤᠭᠠᠳᠤ ᠱᠦᠭᠦᠷᠡᠯᠲᠡ ᠶᠢᠨ ᠰᠢᠰᠲ᠋ᠧᠮ᠂ ᠠᠮᠢᠰᠬᠤᠯ ᠤᠨ ᠰᠢᠰᠲ᠋ᠧᠮ᠂ ᠪᠡᠶ᠎ᠡ ᠶᠢᠨ ᠰᠢᠰᠲ᠋ᠧᠮ᠂ ᠵᠡᠷᠭᠡ ᠠᠷᠪᠠᠨ | ᠳᠣᠯᠣᠭᠠᠨ ᠬᠡᠰᠡᠭ ᠢ ᠪᠠᠭᠲᠠᠭᠠᠵᠤ᠂ ᠡᠭᠦᠨ ᠳᠤ ᠰᠢᠨ᠎ᠡ ᠪᠠᠷ 36 ᠲᠥᠷᠥᠯ ᠨᠡᠮᠡᠵᠦ᠂ ᠦᠨ᠎ᠡ ᠬᠠᠩᠰᠢ ᠶᠢ | ᠲᠡᠭᠰᠢ ᠪᠠᠷ ᠰᠢᠯᠵᠢᠭᠦᠯᠬᠦ ᠨᠢ 247ᠲᠥᠷᠥᠯ ᠪᠠᠶᠢᠵᠤ᠂ ᠪᠣᠰᠣᠳ ᠲᠥᠷᠥᠯ ᠵᠦᠢᠯ ᠤᠨ ᠳᠤᠮᠳᠠᠴᠢ ᠳᠡᠭᠡᠭᠰᠢᠯᠡᠭᠦᠯᠬᠦ | ᠬᠡᠮᠵᠢᠶ᠎ᠡ ᠨᠢ 20% ᠪᠣᠯᠣᠨ᠎ᠠ᠃ | ᠣᠨᠣᠰᠢᠯᠠᠬᠤ ᠡᠮᠴᠢᠯᠡᠭᠡᠨ 868 ᠲᠥᠷᠥᠯ᠃ ᠮᠡᠳᠡᠷᠡᠯ ᠤᠨ ᠰᠢᠰᠲ᠋ᠧᠮ᠂ ᠲᠤᠳᠤᠭᠠᠳᠤ ᠱᠦᠭᠦᠷᠡᠯᠲᠡ ᠶᠢᠨ | ᠰᠢᠰᠲ᠋ᠧᠮ᠂ ᠠᠮᠢᠰᠬᠤᠯ ᠤᠨ ᠰᠢᠰᠲ᠋ᠧᠮ᠂ ᠪᠡᠶ᠎ᠡ ᠶᠢᠨ ᠰᠢᠰᠲ᠋ᠧᠮ᠂ ᠪᠣᠰᠣᠳ ᠲᠥᠷᠥᠯ ᠵᠦᠢᠯ ᠵᠡᠷᠭᠡ ᠠᠷᠪᠠᠨ ᠨᠠᠢᠮᠠᠨ | ᠬᠡᠰᠡᠭ ᠢ ᠪᠠᠭᠲᠠᠭᠠᠵᠤ᠂ ᠡᠭᠦᠨ ᠳᠤ ᠰᠢᠨ᠎ᠡ ᠪᠠᠷ 41 ᠲᠥᠷᠥᠯ ᠨᠡᠮᠡᠵᠦ᠂ ᠦᠨ᠎ᠡ ᠬᠠᠩᠰᠢ ᠶᠢ ᠲᠡᠭᠰᠢ ᠪᠠᠷ | ᠰᠢᠯᠵᠢᠭᠦᠯᠬᠦ ᠨᠢ 399 ᠲᠥᠷᠥᠯ ᠪᠠᠶᠢᠵᠤ᠂ ᠪᠣᠰᠣᠳ ᠲᠥᠷᠥᠯ ᠵᠦᠢᠯ ᠤᠨ ᠳᠤᠮᠳᠠᠴᠢ ᠳᠡᠭᠡᠭᠰᠢᠯᠡᠭᠦᠯᠬᠦ ᠬᠡᠮᠵᠢᠶ᠎ᠡ ᠨᠢ | 20% ᠪᠣᠯᠣᠨ᠎ᠠ᠃ | ᠡᠷᠡᠭᠦᠯᠵᠢᠯ ᠤᠨ ᠡᠮᠨᠡᠯᠭᠡ 150 ᠲᠥᠷᠥᠯ᠃ ᠡᠷᠡᠭᠦᠯᠵᠢᠯ ᠢ ᠰᠢᠯᠭᠠᠨ ᠲᠣᠭᠲᠠᠭᠠᠬᠤ᠂ ᠡᠷᠡᠭᠦᠯᠵᠢᠯ ᠤᠨ | ᠡᠮᠴᠢᠯᠡᠭᠡ ᠵᠡᠷᠭᠡ ᠬᠤᠶᠠᠷ ᠬᠡᠰᠡᠭ ᠢ ᠪᠠᠭᠲᠠᠭᠠᠵᠤ᠂ ᠡᠭᠦᠨ ᠳᠤ ᠰᠢᠨ᠎ᠡ ᠪᠠᠷ 12 ᠲᠥᠷᠥᠯ ᠨᠡᠮᠡᠵᠦ᠂ ᠪᠣᠰᠣᠳ | ᠲᠥᠷᠥᠯ ᠵᠦᠢᠯ ᠤᠨ ᠳᠤᠮᠳᠠᠴᠢ ᠳᠡᠭᠡᠭᠰᠢᠯᠡᠭᠦᠯᠬᠦ ᠬᠡᠮᠵᠢᠶ᠎ᠡ ᠨᠢ 30% ᠪᠣᠯᠣᠨ᠎ᠠ᠃ | ᠹᠢᠽᠢᠺ ᠤᠨ ᠡᠮᠴᠢᠯᠡᠭᠡᠨ 233 ᠲᠥᠷᠥᠯ᠃ ᠰᠠᠴᠤᠷᠠᠭ ᠢᠶᠠᠷ ᠡᠮᠨᠡᠨ ᠵᠠᠰᠠᠬᠤ᠂ ᠬᠡᠳᠦ ᠳᠠᠭᠤᠨ ᠤ | ᠲᠥᠪᠯᠡᠷᠡᠯ ᠢᠶᠠᠷ ᠡᠮᠨᠡᠨ ᠵᠠᠰᠠᠬᠤ᠂ ᠲᠠᠪᠤᠨ ᠬᠡᠰᠡᠭ ᠢ ᠪᠠᠭᠲᠠᠭᠠᠵᠤ᠂ ᠡᠭᠦᠨ ᠳᠤ ᠰᠢᠨ᠎ᠡ ᠪᠠᠷ 10 ᠲᠥᠷᠥᠯ ᠨᠡᠮᠡᠵᠦ᠂ | ᠪᠣᠰᠣᠳ ᠲᠥᠷᠥᠯ ᠵᠦᠢᠯ ᠤᠨ ᠳᠤᠮᠳᠠᠴᠢ ᠳᠡᠭᠡᠭᠰᠢᠯᠡᠭᠦᠯᠬᠦ ᠬᠡᠮᠵᠢᠶ᠎ᠡ ᠨᠢ 50% ᠪᠣᠯᠣᠨ᠎ᠠ᠃ | ᠬᠢᠲᠠᠳ ᠡᠮᠨᠡᠯᠭᠡ ᠶᠢᠨ ᠡᠮᠨᠡᠨ ᠵᠠᠰᠠᠬᠤ 327 ᠲᠥᠷᠥᠯ᠂ ᠬᠢᠲᠠᠳ ᠡᠮᠨᠡᠯᠭᠡ ᠶᠢᠨ ᠣᠨᠣᠰᠢᠯᠠᠯᠲᠠ᠂ ᠬᠢᠲᠠᠳ | ᠡᠮᠨᠡᠯᠭᠡ ᠶᠢᠨ ᠡᠮᠨᠡᠨ ᠵᠠᠰᠠᠯᠲᠠ᠂ ᠬᠢᠲᠠᠳ ᠡᠮᠨᠡᠯᠭᠡ ᠶᠢᠨ ᠶᠡᠷᠦᠩᠬᠡᠶᠢᠯᠡᠯ ᠵᠡᠷᠭᠡ ᠭᠤᠷᠪᠠᠨ ᠬᠡᠰᠡᠭ ᠢ ᠪᠠᠭᠲᠠᠭᠠᠵᠤ᠂ | ᠡᠭᠦᠨ ᠳᠤ ᠰᠢᠨ᠎ᠡ ᠪᠠᠷ 10 ᠲᠥᠷᠥᠯ ᠨᠡᠮᠡᠵᠦ᠂ ᠳᠤᠮᠳᠠᠴᠢ ᠳᠡᠭᠡᠭᠰᠢᠯᠡᠭᠦᠯᠬᠦ ᠬᠡᠮᠵᠢᠶ᠎ᠡ ᠨᠢ 50% ᠪᠣᠯᠣᠨ᠎ᠠ᠃ | ᠬᠤᠶᠠᠳᠤᠭᠠᠷ ᠳᠡᠰ ᠤᠨ ᠡᠮᠨᠡᠯᠭᠡ ᠶᠢᠨ ᠪᠠᠶᠢᠭᠤᠯᠤᠮᠵᠢ ᠶᠢᠨ ᠡᠮᠨᠡᠯᠭᠡ ᠶᠢᠨ ᠦᠢᠯᠡᠴᠢᠯᠡᠭᠡᠨ ᠤ ᠲᠥᠷᠥᠯ | ᠵᠦᠢᠯ ᠤᠨ ᠦᠨ᠎ᠡ ᠬᠠᠩᠰᠢ ᠶᠢ ᠪᠣᠯ ᠭᠤᠷᠪᠠᠳᠤᠭᠠᠷ ᠳᠡᠰ ᠤᠨ ᠡᠮᠨᠡᠯᠭᠡ ᠶᠢᠨ ᠪᠠᠶᠢᠭᠤᠯᠤᠮᠵᠢ ᠶᠢᠨ ᠡᠮᠨᠡᠯᠭᠡ ᠶᠢᠨ | ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠶᠢᠨ ᠰᠠᠭᠤᠷᠢᠨ ᠳᠡᠭᠡᠷ᠎ᠡ᠂ | ᠳᠣᠮᠳᠠᠴᠢ ᠪᠠᠷ10% ᠪᠠᠭᠤᠷᠠᠭᠤᠯᠬᠤ ᠪᠠᠷ ᠲᠣᠭᠲᠠᠭᠠᠨ᠎ᠠ᠃ | ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠬᠥᠭᠵᠢᠭᠦᠯᠦᠯᠲᠡ ᠶᠢᠨ ᠵᠥᠪᠯᠡᠯ ᠤᠨ ᠳᠡᠳ᠋ ᠡᠷᠬᠢᠯᠡᠭᠴᠢ | ᠸᠠᠩ ᠶᠢᠨ ᠪᠤᠤ ᠶᠢᠨ ᠲᠠᠨᠢᠯᠴᠠᠭᠤᠯᠤᠭᠰᠠᠨ ᠢᠶᠠᠷ᠂ ᠤᠯᠤᠰ ᠤᠨ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠣᠰᠣᠭᠠᠷ᠂ | ᠮᠠᠨ ᠤ ᠣᠷᠣᠨ ᠤ ᠪᠣᠳᠠᠳᠤ ᠪᠠᠶᠢᠳᠠᠯ ᠲᠠᠢ ᠤᠶᠠᠯᠳᠠᠭᠤᠯᠤᠨ᠂ 2012 ᠣᠨ ᠤ 6 ᠳ᠋ᠤᠭᠠᠷ ᠰᠠᠷ᠎ᠠ ᠠᠴᠠ ᠡᠬᠢᠯᠡᠨ᠂ | ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠬᠥᠭᠵᠢᠭᠦᠯᠦᠯᠲᠡ ᠶᠢᠨ ᠵᠥᠪᠯᠡᠯ ᠠᠴᠠ ᠡᠷᠡᠭᠦᠯ ᠬᠠᠮᠠᠭᠠᠯᠠᠯ | ᠲᠥᠯᠥᠪᠯᠡᠭᠡᠲᠦ ᠦᠷᠡᠵᠢᠯ ᠤᠨ ᠵᠥᠪᠯᠡᠯ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠢᠩᠭᠢᠮ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠲᠤᠰᠬᠠᠢ ᠠᠵᠢᠯ ᠤᠨ ᠪᠠᠶᠢᠭᠤᠯᠤᠮᠵᠢ ᠪᠠᠶᠢᠭᠤᠯᠵᠤ᠂ ᠭᠤᠷᠪᠠᠨ | ᠵᠢᠯ ᠭᠠᠷᠤᠢ ᠶᠢᠨ ᠬᠤᠭᠤᠴᠠᠭ᠎ᠠ ᠶᠢ ᠵᠠᠷᠤᠴᠠᠭᠤᠯᠤᠨ᠂ ᠶᠡᠭᠡ ᠬᠡᠪᠴᠢᠶᠡᠨ ᠤ ᠪᠠᠶᠢᠴᠠᠭᠠᠠ ᠰᠣᠳᠣᠯᠣᠯᠲᠠ ᠥᠷᠨᠢᠭᠦᠯᠦᠨ᠂ | ᠳᠠᠬᠢᠨ ᠳᠠᠪᠲᠠᠨ ᠨᠤᠲᠠᠯᠠᠯᠲᠠ ᠬᠢᠵᠦ᠂ ᠥᠷᠭᠡᠨ ᠳᠡᠯᠭᠡᠷ ᠰᠠᠨᠠᠯ ᠬᠤᠷᠢᠶᠠᠵᠤ᠂ ᠬᠠᠮᠤᠭ ᠡᠴᠦᠰ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠨᠡᠯᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ | ᠬᠠᠩᠰᠢ ︵ᠲᠤᠷᠰᠢᠨ ᠬᠡᠷᠡᠭᠵᠢᠭᠦᠯᠬᠦ︶ 2012 ᠣᠨ ᠤ ᠬᠡᠪᠯᠡᠯ︾ ᠢ ᠪᠦᠷᠢᠯᠳᠦᠭᠦᠯᠪᠡ᠃ | ᠬᠥᠬᠡᠬᠤᠲᠠ᠂ ᠲᠦᠩᠯᠢᠶᠣᠣ ᠬᠤᠲᠠ᠂ ᠣᠷᠳᠣᠰ ᠬᠤᠲᠠ ᠪᠣᠯᠣᠨ ᠦᠬᠠᠢ ᠬᠤᠲᠠ ᠶᠢ ᠰᠤᠩᠭᠤᠨ | ᠲᠤᠷᠰᠢᠯᠲᠠ ᠬᠢᠭᠰᠡᠨ ᠤᠴᠢᠷ ᠪᠣᠯ᠂ ᠳᠥᠷᠪᠡᠨ ᠭᠠᠵᠠᠷ ᠣᠷᠣᠨ ᠨᠢ ᠥᠪᠡᠷᠲᠡᠭᠡᠨ ᠵᠠᠰᠠᠬᠤ ᠣᠷᠣᠨ ᠤ ᠠᠯᠪᠠᠨ ᠠᠴᠠ | ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠭᠠᠵᠠᠷ ᠲᠤ ᠬᠠᠷᠢᠶᠠᠯᠠᠭᠳᠠᠵᠤ᠂ | ᠡᠮ ᠤᠨ ᠵᠦᠢᠯ ᠤᠨ 15% ᠶᠢᠨ ᠨᠡᠮᠡᠯᠲᠡ ᠶᠢ ᠨᠢᠭᠡᠳᠦᠯᠲᠡᠢ ᠦᠭᠡᠶᠢᠰᠬᠡᠵᠦ᠂ ᠡᠭᠦᠨ ᠠᠴᠠ ᠪᠣᠯᠵᠤ ᠡᠮᠨᠡᠯᠭᠡ ᠶᠢᠨ | ᠪᠠᠶᠢᠭᠤᠯᠤᠮᠵᠢ ᠶᠢᠨ ᠪᠣᠳᠠᠳᠣ ᠣᠷᠣᠯᠭ᠎ᠠ ᠨᠢ ᠪᠠᠭᠤᠷᠠᠭᠤᠯᠬᠤ ᠲᠤᠯᠠ᠂ ᠬᠠᠷᠢᠴᠠᠩᠭᠤᠢ ᠪᠦᠬᠦᠢ ᠲᠥᠷᠥ ᠶᠢᠨ | ᠪᠣᠳᠣᠯᠭ᠎ᠠ ᠪᠠᠷ ᠡᠮᠨᠡᠯᠭᠡ ᠶᠢᠨ ᠪᠠᠶᠢᠭᠤᠯᠤᠮᠵᠢ ᠶᠢᠨ ᠣᠷᠣᠯᠭ᠎ᠠ ᠶᠢᠨ ᠬᠤᠷᠣᠭᠳᠠᠯ ᠢ ᠨᠥᠬᠦᠪᠦᠷᠢᠯᠡᠬᠦ ᠴᠢᠬᠤᠯᠠᠲᠠᠢ | ᠪᠠᠶᠢᠬᠤ ᠳᠤ ᠪᠣᠢ᠃ ᠡᠭᠦᠨ ᠤ ᠬᠠᠮᠲᠤ ᠰᠢᠨ᠎ᠡ ᠬᠡᠪᠯᠡᠯ ᠤᠨ ᠡᠮᠨᠡᠯᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ | ᠦᠨ᠎ᠡ ᠬᠠᠩᠰᠢ ᠨᠢ ᠵᠤᠬᠢᠬᠤ ᠬᠡᠮᠵᠢᠶᠡᠨ ᠳᠤ ᠡᠮᠨᠡᠯᠭᠡ ᠶᠢᠨ ᠪᠠᠶᠢᠭᠤᠯᠤᠮᠵᠢ ᠶᠢᠨ ᠡᠮ ᠤᠨ ᠨᠡᠮᠡᠯᠲᠡ ᠶᠢ | ᠦᠭᠡᠶᠢᠰᠬᠡᠭᠰᠡᠨ ᠠᠴᠠ ᠪᠣᠯᠣᠭᠰᠠᠨ ᠬᠤᠷᠣᠭᠳᠠᠯ ᠢ ᠨᠢ ᠨᠥᠬᠦᠪᠦᠷᠢᠯᠡᠬᠦ ᠪᠣᠯᠣᠨ᠎ᠠ᠃ ᠲᠡᠷᠡᠴᠢᠯᠡᠨ ᠪᠠᠰᠠ ᠪᠣᠳᠠᠲᠤ | ᠠᠵᠢᠯᠯᠠᠭ᠎ᠠ ᠪᠠᠷ ᠳᠠᠮᠵᠢᠨ ᠦᠨ᠎ᠡ ᠬᠠᠩᠰᠢ ᠶᠢᠨ ᠲᠣᠭᠲᠠᠭᠠᠯᠲᠠ ᠶᠢᠨ ᠰᠢᠨᠵᠢᠯᠡᠬᠦ ᠤᠬᠠᠭᠠᠨᠴᠢ ᠴᠢᠨᠠᠷ ᠢ ᠰᠢᠯᠭᠠᠨ | ᠭᠡᠷᠡᠴᠢᠯᠡᠬᠦ ᠪᠣᠯᠣᠨ᠎ᠠ᠃ |