ᠰᠤᠷᠪᠤᠯᠵᠢᠯᠠᠭᠴᠢ ᠶᠢᠨ ᠦᠴᠦᠭᠡᠳᠦᠷ ᠤᠨ ᠣᠶᠢᠯᠠᠭᠠᠭᠰᠠᠨ ᠢᠶᠠᠷ᠂ ᠮᠠᠨ ᠤ ᠣᠷᠣᠨ ᠣᠷᠴᠢᠮᠬᠠᠨ ᠳᠤ | ᠨᠡᠶᠢᠲᠡᠯᠡᠭᠰᠡᠨ ︽ᠳᠡᠭᠡᠳᠦ ᠰᠤᠷᠭᠠᠭᠤᠯᠢ ᠶᠢᠨ ᠮᠣᠩᠭᠤᠯ ᠢᠶᠠᠷ ᠬᠢᠴᠢᠶᠡᠯᠡᠬᠦ ᠰᠤᠷᠤᠭᠴᠢ ᠶᠢ ᠬᠥᠮᠦᠵᠢᠭᠦᠯᠬᠦ ᠪᠠ | ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠠᠵᠢᠯ ᠢ ᠴᠢᠨᠠᠭᠰᠢᠳᠠ ᠰᠠᠶᠢᠲᠤᠷ ᠬᠢᠬᠦ ᠲᠤᠬᠠᠶ ᠬᠡᠷᠡᠭᠵᠢᠭᠦᠯᠬᠦ ᠰᠠᠨᠠᠯ | ︾ ᠳᠤ ᠲᠣᠲᠣᠷᠬᠠᠶᠢᠯᠠᠭᠰᠠᠨ ᠨᠢ᠂ ᠡᠯ᠎ᠡ ᠭᠠᠵᠠᠷ ᠤᠳ ᠮᠣᠩᠭᠤᠯ ᠢᠶᠠᠷ ᠬᠢᠴᠢᠶᠡᠯᠡᠬᠦ ᠳᠡᠭᠡᠳᠦ ᠰᠤᠷᠭᠠᠭᠤᠯᠢ ᠠᠴᠠ | ᠲᠡᠭᠦᠰᠦᠭᠰᠡᠨ ᠰᠤᠷᠤᠭᠴᠢᠳ ᠲᠤ ᠲᠣᠬᠢᠷᠠᠭᠰᠠᠨ ᠠᠵᠢᠯ ᠤᠨ ᠪᠠᠶᠢᠷᠢ ᠶᠢ ᠬᠠᠣᠯᠢ ᠶᠣᠰᠣᠭᠠᠷ ᠲᠣᠬᠢᠷᠠᠭᠤᠯᠵᠤ᠂ | ᠮᠣᠩᠭᠤᠯ ᠢᠶᠠᠷ ᠬᠢᠴᠢᠶᠡᠯᠡᠬᠦ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠤᠨ ᠰᠣᠷᠣᠭᠰᠠᠨ ᠢᠶᠠᠨ | ᠬᠡᠷᠡᠭᠯᠡᠬᠦ᠂ ᠬᠥᠮᠦᠨ ᠪᠦᠬᠦᠨ ᠤ ᠴᠢᠳᠠᠪᠤᠷᠢ ᠶᠢ ᠭᠦᠢᠴᠡᠳ ᠪᠠᠳᠠᠷᠠᠭᠤᠯᠬᠤ ᠶᠢ ᠪᠠᠲᠤᠯᠠᠬᠤ ᠬᠡᠷᠡᠭᠲᠡᠶ ᠭᠡᠵᠡᠢ᠃ | ᠣᠶᠢᠯᠠᠭᠠᠭᠰᠠᠨ ᠢᠶᠠᠷ᠂ ᠬᠠᠤᠯᠢ ᠶᠣᠰᠣᠭᠠᠷ ᠲᠤᠬᠢᠷᠠᠭᠤᠯᠬᠤ ᠠᠵᠢᠯ ᠤᠨ ᠪᠠᠶᠢᠷᠢ ᠳᠤ ᠭᠤᠣᠯᠳᠠᠭᠤ᠄ ᠡᠯ᠎ᠡ | ᠱᠠᠲᠤᠨ ᠤ ᠳᠦᠷᠦ ᠶᠢᠨ ᠪᠠᠶᠢᠭᠤᠯᠭ᠎ᠠ ᠪᠣᠯᠤᠨ ᠠᠵᠢᠯ ᠦᠢᠯᠡᠰ ᠤᠨ ᠨᠢᠭᠡᠴᠡ ᠳᠤ ᠮᠣᠩᠭᠤᠯ ᠦᠭᠡ ᠬᠡᠯᠡ ᠦᠰᠦᠭ | ᠪᠢᠴᠢᠭ ᠤᠨ ᠲᠤᠰᠬᠠᠶ ᠣᠷᠴᠢᠭᠤᠯᠤᠭᠴᠢ ᠲᠣᠬᠢᠷᠠᠭᠤᠯᠬᠤ︔ ᠡᠯ᠎ᠡ ᠱᠠᠲᠤᠨ ᠤ ᠬᠠᠤᠯᠢ ᠴᠠᠭᠠᠵᠠ ᠶᠢᠨ ᠪᠠᠶᠢᠭᠤᠯᠭ᠎ᠠ | ᠪᠣᠯᠣᠨ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠮᠣᠩᠭᠤᠯ ᠦᠭᠡ ᠬᠡᠯᠡ ᠦᠰᠦᠭ ᠪᠢᠴᠢᠭ ᠢ | ᠬᠡᠷᠡᠭᠯᠡᠬᠦ ᠠᠵᠢᠯᠲᠠᠨ ᠲᠣᠬᠢᠷᠠᠭᠤᠯᠬᠤ︔ ᠡᠯ᠎ᠡ ᠱᠠᠲᠤᠨ ᠤ ᠵᠠᠬᠢᠳᠠᠯ ᠰᠤᠷᠪᠣᠯᠵᠢᠯᠠᠯ ᠤᠨ ᠰᠠᠯᠠᠭ᠎ᠠ ᠮᠥᠴᠢᠷ ᠲᠤ | ᠮᠣᠩᠭᠤᠯ ᠦᠭᠡ ᠬᠡᠯᠡ ᠦᠰᠦᠭ ᠪᠢᠴᠢᠭ ᠢᠶᠠᠷ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠴᠤ | ᠰᠢᠢᠳᠪᠦᠷᠢᠯᠡᠵᠦ ᠳᠡᠶᠢᠯᠬᠦ ᠠᠵᠢᠯᠲᠠᠨ ᠲᠣᠬᠢᠷᠠᠭᠤᠯᠬᠤ︔ ᠡᠯ᠎ᠡ ᠰᠣᠨᠢᠨ ᠮᠡᠳᠡᠭᠡᠨ ᠤ ᠵᠠᠭᠤᠴᠢ ᠪᠣᠯᠤᠨ ᠬᠡᠪᠯᠡᠯ ᠤᠨ | ᠪᠠᠶᠢᠭᠤᠯᠤᠮᠵᠢ ᠳᠤ ᠵᠣᠬᠢᠬᠤ ᠲᠣᠭᠠᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠲᠤᠰᠬᠠᠶ ᠮᠡᠷᠭᠡᠵᠢᠯ ᠤᠨ | ᠠᠵᠢᠯ ᠤᠨ ᠪᠠᠶᠢᠷᠢ ᠲᠣᠬᠢᠷᠠᠭᠤᠯᠬᠤ︔ ᠵᠠᠮ ᠬᠠᠷᠢᠯᠴᠠᠭ᠎ᠠ᠂ ᠮᠡᠳᠡᠭᠡ ᠬᠤᠯᠪᠣᠭ᠎ᠠ᠂ ᠮᠥᠩᠭᠦᠨ ᠭᠦᠢᠯᠭᠡᠭᠡ ᠵᠡᠷᠭᠡ ᠠᠵᠤ | ᠠᠬᠤᠶᠢᠯᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠯᠠᠪᠤᠷ ᠲᠤ ᠮᠣᠩᠭᠤᠯ ᠬᠢᠲᠠᠳ ᠬᠡᠯᠡᠨ ᠳᠤ ᠨᠡᠪᠲᠡᠷᠡᠭᠰᠡᠨ | ᠠᠵᠢᠯ ᠤᠨ ᠪᠠᠶᠢᠷᠢ ᠲᠣᠬᠢᠷᠠᠭᠤᠯᠵᠤ᠂ ᠲᠤᠰᠬᠠᠶᠢᠯᠠᠨ ᠮᠣᠩᠭᠤᠯ ᠢᠶᠠᠷ ᠬᠢᠴᠢᠶᠡᠯᠡᠬᠦ ᠳᠡᠭᠡᠳᠦ ᠰᠤᠷᠭᠠᠭᠤᠯᠢ ᠠᠴᠠ | ᠰᠤᠷᠤᠭᠴᠢᠳ ᠢ ᠡᠯᠰᠡᠬᠦ ᠶᠢ ᠪᠠᠭᠲᠠᠭᠠᠵᠠᠢ᠃ ᠲᠤᠰ ︽ᠰᠠᠨᠠᠯ︾ ᠳᠤ᠂ ᠡᠯ᠎ᠡ ᠭᠠᠵᠠᠷ ᠤᠳ ᠬᠤᠲᠠ ᠪᠠᠯᠭᠠᠰᠤᠴᠢᠯᠠᠬᠤ | ᠠᠬᠢᠴᠠ ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠢ ᠲᠡᠩᠴᠡᠭᠦᠷᠰᠢᠭᠦᠯᠬᠦ ᠱᠠᠭᠠᠷᠳᠠᠯᠭ᠎ᠠ ᠲᠠᠢ ᠤᠶᠠᠯᠳᠤᠭᠤᠯᠤᠨ᠂ | ᠦᠨᠳᠦᠰᠦᠲᠡᠨ ᠤ ᠰᠣᠶᠣᠯ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠨᠡᠶᠢᠭᠡᠮ ᠲᠣᠭᠤᠷᠢᠭ | ᠭᠡᠷ ᠪᠦᠯᠢ ᠶᠢᠨ ᠦᠢᠯᠡᠴᠢᠯᠡᠭᠡ ᠵᠡᠷᠭᠡ ᠦᠨᠳᠦᠰᠦᠨ ᠱᠠᠲᠤᠨ ᠤ ᠤᠯᠠᠨ ᠨᠡᠶᠢᠲᠡ ᠶᠢᠨ ᠬᠠᠮᠢᠶᠠᠷᠤᠯᠲᠠ ᠪᠣᠯᠤᠨ | ᠦᠢᠯᠡᠴᠢᠯᠡᠭᠡᠨ ᠤ ᠠᠵᠢᠯ ᠤᠨ ᠪᠠᠶᠢᠷᠢ ᠶᠢ ᠶᠡᠬᠡᠪᠡᠷ ᠨᠡᠭᠡᠭᠡᠵᠦ ᠮᠣᠩᠭᠤᠯ ᠢᠶᠠᠷ ᠬᠢᠴᠢᠶᠡᠯᠡᠬᠦ ᠳᠡᠭᠡᠳᠦ ᠰᠤᠷᠭᠠᠭᠤᠯᠢ ᠠᠴᠠ | ᠲᠡᠭᠦᠰᠦᠭᠰᠡᠨ ᠰᠤᠷᠤᠭᠴᠢᠳ ᠢ ᠡᠯᠰᠡᠨ ᠠᠵᠢᠯ ᠣᠯᠭᠤᠯᠬᠤ ᠶᠢᠨ ᠬᠠᠮᠲᠤ ᠠᠮᠢᠳᠤᠷᠠᠯ ᠤᠨ ᠨᠥᠬᠦᠪᠥᠷᠢ ᠥᠭᠬᠦ ᠬᠡᠷᠡᠭᠲᠡᠢ︔ | ᠮᠣᠩᠭᠤᠯ ᠢᠶᠠᠷ ᠬᠢᠴᠢᠶᠡᠯᠡᠬᠦ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠨᠥᠬᠦᠴᠡᠯ ᠳᠤ ᠨᠡᠶᠢᠴᠡᠭᠰᠡᠨ ᠰᠤᠷᠤᠭᠴᠢᠳ | ᠲᠤᠰᠬᠠᠶ ᠮᠡᠷᠭᠡᠵᠢᠯ ᠤᠨ ᠲᠤᠰᠢᠶᠠᠯ ᠤᠨ ᠴᠣᠯᠠ ᠬᠢᠨᠠᠨ ᠲᠣᠭᠲᠠᠭᠠᠯᠭᠠᠬᠤ ᠪᠠᠷ ᠭᠤᠶᠤᠴᠢᠯᠠᠨ ᠮᠡᠳᠡᠭᠦᠯᠪᠡᠯ᠂ | ᠭᠠᠳᠠᠭᠠᠳᠤ ᠬᠡᠯᠡ ᠰᠢᠯᠭᠠᠬᠤ ᠦᠭᠡᠢ ᠪᠤᠶᠤ ᠭᠠᠳᠠᠭᠠᠳᠤ ᠬᠡᠯᠡᠨ ᠤ ᠬᠢᠷᠢ ᠪᠦᠲᠦᠮᠵᠢ ᠶᠢᠨ ᠱᠠᠭᠠᠷᠳᠠᠯᠭ᠎ᠠ ᠶᠢ | ᠪᠠᠭᠤᠷᠠᠭᠤᠯᠵᠤ ᠪᠣᠯᠣᠨ᠎ᠠ︔ ᠠᠵᠢᠯ ᠣᠯᠬᠤ ᠳᠠᠳᠤᠯᠭ᠎ᠠ᠂ ᠳᠤᠮᠳᠠ ᠵᠢᠵᠢᠭ ᠠᠵᠤ ᠠᠬᠤᠶᠢᠯᠠᠯ ᠤᠨ ᠴᠢᠳᠠᠪᠤᠷᠢᠲᠠᠨ ᠤ | ᠪᠡᠯᠡᠳᠬᠡᠯ ᠳᠤ ᠮᠣᠩᠭᠤᠯ ᠢᠶᠠᠷ ᠬᠢᠴᠢᠶᠡᠯᠡᠬᠦ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠢ ᠡᠯᠰᠡᠬᠦ | ᠬᠠᠷᠢᠴᠠᠯ ᠢ ᠤᠯᠠᠮ ᠴᠢᠨᠠᠭᠰᠢᠳᠠ ᠨᠡᠮᠡᠭᠳᠡᠭᠦᠯᠵᠦ᠂ ᠠᠵᠤ ᠠᠬᠤᠶᠢᠯᠠᠯ ᠨᠢ ᠪᠡᠯᠡᠳᠬᠡᠯ ᠤᠨ ᠬᠤᠭᠤᠴᠠᠭ᠎ᠠ ᠨᠢ | ᠳᠦᠭᠦᠷᠦᠭᠰᠡᠨ ᠮᠣᠩᠭᠤᠯ ᠢᠶᠠᠷ ᠬᠢᠴᠢᠶᠡᠯᠡᠬᠦ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠢ ᠡᠯᠰᠡᠨ | ᠠᠵᠢᠯ ᠣᠯᠭᠤᠵᠤ᠂ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠨᠥᠬᠦᠪᠥᠷᠢ ᠣᠯᠭᠤᠵᠤ ᠪᠣᠯᠣᠨ᠎ᠠ︔ | ᠮᠠᠨ ᠤ ᠣᠷᠣᠨ ᠳᠤ ᠰᠠᠭᠤᠭ᠎ᠠ ᠲᠥᠪ ᠤᠨ ᠠᠵᠤ ᠠᠬᠤᠶᠢᠯᠠᠯ ᠪᠣᠯᠤᠨ ᠥᠪᠡᠷᠲᠡᠭᠡᠨ ᠵᠠᠰᠠᠬᠤ ᠣᠷᠣᠨ ᠤ | ᠤᠯᠤᠰ ᠤᠨ ᠦᠮᠴᠢᠯᠡᠯᠲᠦ ᠵᠢᠴᠢ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠨᠢ ᠳᠡᠭᠡᠳᠦ | ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠢ ᠢᠯᠡ ᠪᠠᠷ ᠳᠦᠷᠢᠮ ᠢ ᠬᠡᠷᠡᠭᠵᠢᠭᠦᠯᠵᠦ᠂ ᠤᠷᠢᠨ ᠡᠯᠰᠡᠬᠦ | ᠠᠵᠢᠯᠯᠠᠭ᠎ᠠ ᠪᠣᠯᠣᠨ ᠴᠤᠪᠤᠷᠠᠯ ᠢ ᠵᠢᠷᠤᠮᠵᠢᠭᠤᠯᠵᠤ᠂ ᠠᠳᠠᠯᠢ ᠨᠥᠬᠦᠴᠡᠯ ᠳᠣᠣᠷ᠎ᠠ᠂ ᠮᠣᠩᠭᠤᠯ ᠢᠶᠠᠷ ᠬᠢᠴᠢᠶᠡᠯᠡᠬᠦ | ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠢ ᠡᠩ ᠲᠡᠷᠢᠭᠦᠨ ᠳᠤ ᠡᠯᠰᠡᠬᠦ ᠬᠡᠷᠡᠭᠲᠡᠢ ᠭᠡᠵᠦ | ᠲᠣᠲᠣᠷᠬᠠᠶᠢᠯᠠᠪᠠ᠃ | ᠡᠭᠦᠨ ᠠᠴᠠ ᠭᠠᠳᠠᠨ᠎ᠠ᠂ ᠲᠤᠰ ︽ᠰᠠᠨᠠᠯ︾ ᠳᠤ᠂ ᠥᠪᠡᠷᠲᠡᠭᠡᠨ ᠵᠠᠰᠠᠬᠤ ᠣᠷᠣᠨ ᠠᠯᠪᠠᠳᠠᠨ ᠰᠢᠯᠭᠠᠵᠤ | ᠡᠯᠰᠡᠬᠦ᠂ ᠠᠵᠢᠯ ᠦᠢᠯᠡᠰ ᠤᠨ ᠨᠢᠭᠡᠴᠡ ᠢᠯᠡ ᠪᠠᠷ ᠠᠵᠢᠯᠲᠠᠨ ᠤᠷᠢᠬᠤ ᠵᠢᠯ ᠪᠦᠷᠢ ᠡᠯᠰᠡᠵᠦ ᠬᠡᠷᠡᠭᠯᠡᠬᠦ ︵ᠤᠷᠢᠬᠤ︶ | ᠲᠥᠯᠥᠪᠯᠡᠭᠡ ᠶᠢᠨ ᠶᠡᠷᠦᠩᠬᠡᠶ ᠲᠤᠭ᠎ᠠ ᠠᠴᠠ 15% ᠠᠴᠠ ᠳᠡᠭᠡᠭᠰᠢ ᠲᠤᠰᠢᠶᠠᠯ ᠤᠨ ᠪᠠᠶᠢᠷᠢ ︵ᠠᠵᠢᠯ ᠤᠨ ᠪᠠᠶᠢᠷᠢ︶ | ᠭᠠᠷᠭᠠᠵᠤ᠂ ᠮᠣᠩᠭᠤᠯ ᠢᠶᠠᠷ ᠬᠢᠴᠢᠶᠡᠯᠡᠬᠦ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠢ ᠬᠠᠨᠳᠤᠯᠭ᠎ᠠ | ᠲᠠᠢ ᠡᠯᠰᠡᠬᠦ ᠳᠤ ᠲᠤᠰᠬᠠᠢ ᠬᠡᠷᠡᠭᠯᠡᠵᠦ᠂ ᠡᠭᠦᠨ ᠳᠤ ᠬᠤᠰᠢᠭᠤ ᠰᠢᠶᠠᠨ ᠤ ᠱᠠᠲᠤᠨ ᠠᠴᠠ ᠳᠣᠷᠣᠭᠰᠢᠬᠢ ᠪᠠᠶᠢᠭᠤᠯᠭ᠎ᠠ | ᠠᠵᠢᠯ ᠦᠢᠯᠡᠰ ᠤᠨ ᠨᠢᠭᠡᠴᠡ᠂ ᠢᠯᠠᠩᠭᠤᠶ᠎ᠠ ᠮᠣᠩᠭᠤᠯ ᠦᠨᠳᠦᠰᠦᠲᠡᠨ ᠪᠣᠯᠤᠨ ︽ᠭᠤᠷᠪᠠᠨ ᠴᠥᠭᠡᠨ ᠲᠣᠭᠠᠲᠤ | ᠦᠨᠳᠦᠰᠦᠲᠡᠨ︾ ᠤ ᠬᠥᠮᠦᠨ ᠠᠮᠠ ᠲᠥᠪᠯᠡᠷᠡᠨ ᠰᠠᠭᠤᠵᠤ ᠪᠠᠶᠢᠭ᠎ᠠ ᠭᠠᠵᠠᠷ ᠣᠷᠣᠨ ᠤ ᠬᠤᠰᠢᠭᠤ ᠰᠢᠶᠠᠨ ᠤ | ᠱᠠᠲᠤᠨ ᠠᠴᠠ ᠲᠤᠷᠤᠭᠰᠢᠬᠢ ᠠᠵᠢᠯ ᠦᠢᠯᠡᠰ ᠤᠨ ᠨᠢᠭᠡᠴᠡ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠡᠯᠰᠡᠨ | ᠬᠡᠷᠡᠭᠯᠡᠬᠦ ︵ᠤᠷᠢᠬᠤ︶ ᠬᠠᠷᠢᠴᠠᠯ ᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ |