ᠥᠪᠥᠷ ᠮᠣᠩᠭᠤᠯ ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ ᠪᠠᠷ 84 ᠳ᠋ᠦᠩᠰᠢᠭᠤᠷ ᠲᠥᠭᠦᠷᠢᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠪᠠ
ᠨᠡᠶᠢᠲᠡᠯᠡᠭᠰᠡᠨ ᠴᠠᠭ᠄
2015/12/7
     2015 ᠣᠨ ᠤ 12 ᠳ᠋ᠤᠭᠠᠷ ᠰᠠᠷ᠎ᠠ ᠶᠢᠨ 4᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠡᠷᠬᠡ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠡᠳ᠋ ᠤᠨ ᠵᠠᠰᠠᠭ ᠤᠨ ᠶᠠᠮᠤᠨ ᠤ ᠤᠯᠤᠰ ᠤᠨ ᠵᠢᠭᠡᠯᠡᠯᠭᠡ ᠲᠠᠷᠬᠠᠭᠠᠬᠤ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠣᠯᠴᠠᠬᠤ ᠰᠢᠰᠲ᠋ᠧᠮ ᠢᠶᠠᠷ ᠳᠠᠮᠵᠢᠭᠤᠯᠤᠨ᠂ 2015  — 2017 ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠳᠠᠭᠠᠭᠠᠨ ᠪᠣᠷᠣᠯᠠᠭᠤᠯᠬᠤ 19 ᠪᠦᠯᠬᠦᠮ ᠤᠨ ᠪᠦᠷᠢᠯᠳᠦᠬᠦᠨ ᠳᠤ ᠬᠠᠨᠳᠤᠭᠤᠯᠵᠤ᠂ ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ ᠪᠠᠷ ᠮᠠᠨ ᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ 84 ᠳ᠋ᠦᠩᠰᠢᠭᠤᠷ ᠲᠥᠭᠦᠷᠢᠭ ᠲᠠᠷᠬᠠᠭᠠᠪᠠ᠃      ᠲᠤᠰ ᠪᠦᠯᠦᠭ ᠤᠨ ᠵᠢᠭᠡᠯᠡᠯᠭᠡ ᠶᠢᠨ ᠲᠡᠮᠳᠡᠭᠲᠦ ᠶᠢᠨ ᠲᠣᠲᠣᠷ᠎ᠠ᠂ ᠡ᠊ᠩ ᠤᠨ ᠵᠢᠭᠡᠯᠡᠯᠭᠡ ᠶᠢᠨ ᠲᠡᠮᠳᠡᠭᠲᠦ 63 ᠳ᠋ᠦᠩᠰᠢᠭᠤᠷ ᠲᠥᠭᠦᠷᠢᠭ᠂ ᠡᠭᠦᠨ ᠳᠤ 3 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 8.7 ᠳ᠋ᠦᠩᠰᠢᠭᠤᠷ ᠲᠥᠭᠦᠷᠢᠭ᠂ 5 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 18.1 ᠳ᠋ᠦᠩᠰᠢᠭᠤᠷ ᠲᠥᠭᠦᠷᠢᠭ᠂ 7 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 18.1 ᠳ᠋ᠦᠩᠰᠢᠭᠤᠷ ᠲᠥᠭᠦᠷᠢᠭ᠂ 10 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 18.1 ᠳ᠋ᠦᠩᠰᠢᠭᠤᠷ ᠲᠥᠭᠦᠷᠢᠭ ᠪᠠᠭᠲᠠᠵᠤ᠂ ᠳᠠᠭᠠᠭᠠᠴᠢᠯᠠᠯᠲᠠ ᠬᠦᠯᠢᠶᠡᠭᠰᠡᠨ ᠬᠦᠦ ᠮᠥᠩᠭᠦ ᠶᠢᠨ ᠨᠤᠷᠮ᠎ᠠ ᠨᠢ ᠲᠤᠰ ᠲᠤᠰ 3.11%᠂ 3.29%᠂ 3.42%᠂ 3.44% ᠪᠣᠯᠣᠨ᠎ᠠ︔ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ 21 ᠳ᠋ᠦᠩᠰᠢᠭᠤᠷ ᠲᠥᠭᠦᠷᠢᠭ᠂ ᠡᠭᠦᠨ ᠳᠤ 5 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 11 ᠳ᠋ᠦᠩᠰᠢᠭᠤᠷ ᠲᠥᠭᠦᠷᠢᠭ᠂ 7 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 10 ᠳ᠋ᠦᠩᠰᠢᠭᠤᠷ ᠲᠥᠭᠦᠷᠢᠭ ᠪᠠᠭᠲᠠᠵᠤ᠂ ᠳᠠᠭᠠᠭᠠᠴᠢᠯᠠᠯᠲᠠ ᠬᠦᠯᠢᠶᠡᠭᠰᠡᠨ ᠬᠦᠦ ᠮᠥᠩᠭᠦ ᠶᠢᠨ ᠨᠤᠷᠮ᠎ᠠ ᠨᠢ ᠲᠤᠰ ᠲᠤᠰ 3.19%᠂ 3.36% ᠪᠣᠯᠣᠨ᠎ᠠ᠃      ᠣᠳᠣ ᠪᠣᠯᠬᠤ ᠳᠤ᠂ ᠮᠠᠨ ᠤ ᠣᠷᠣᠨ ᠲᠥᠪ ᠬᠤᠷᠢᠶ᠎ᠠ ᠠᠴᠠ ᠬᠢᠨᠠᠨ ᠵᠥᠪᠰᠢᠶᠡᠷᠡᠭᠰᠡᠨ ᠮᠠᠨ ᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠬᠢᠵᠠᠭᠠᠷᠯᠠᠭᠰᠠᠨ ᠲᠤᠭ᠎ᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠮᠠᠨ ᠤ ᠣᠷᠣᠨ ᠤ 2015 ᠣᠨ ᠤ ᠵᠢᠭᠡᠯᠡᠯᠭᠡ ᠲᠠᠯᠪᠢᠬᠤ ᠠᠵᠢᠯ ᠢ ᠲᠡᠭᠦᠰ ᠠᠮᠵᠢᠯᠲᠠ ᠲᠠᠢ ᠥᠨᠳᠥᠷᠯᠡᠭᠦᠯᠪᠡ᠃ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠭᠤᠣᠯᠳᠠᠭᠤ ᠵᠠᠰᠠᠭ ᠤᠨ ᠣᠷᠳᠣᠨ ᠤ ᠲᠥᠯᠥᠬᠦ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠦᠯᠡᠳᠡᠭᠡᠯ ᠥᠷᠢ ᠥᠭᠴᠡᠭᠡᠨ ᠤ ᠡᠭᠡ ᠮᠥᠩᠭᠦ ᠶᠢ ᠰᠣᠯᠢᠬᠤ ᠳᠤ ᠬᠡᠷᠡᠭᠯᠡᠵᠦ᠂ ᠮᠠᠯᠵᠢᠬᠤ ᠲᠠᠷᠢᠶᠠᠯᠠᠬᠤ ᠣᠷᠣᠨ ᠤ ︽ᠠᠷᠪᠠ ᠶᠢ ᠪᠦᠷᠢᠨ ᠪᠦᠷᠬᠦᠭᠦᠯᠬᠦ︾ ᠵᠡᠷᠭᠡ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠢᠨᠵᠧᠨᠧᠷᠢᠩ ᠤᠨ ᠪᠦᠳᠦᠬᠡᠨ ᠪᠠᠶᠢᠭᠤᠯᠤᠯᠲᠠ ᠪᠣᠯᠤᠨ ᠤᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠳᠤ ᠬᠡᠷᠡᠭᠯᠡᠨ᠎ᠡ᠃ ᠵᠢᠭᠡᠯᠡᠯᠭᠡ ᠶᠢᠨ ᠲᠡᠮᠳᠡᠭᠲᠦ ᠶᠢᠨ ᠬᠦᠦ ᠮᠥᠩᠭᠦ ᠶᠢᠨ ᠨᠤᠷᠮ᠎ᠠ ᠶᠢ ᠪᠦᠬᠦ ᠤᠯᠤᠰ ᠤᠨ ᠡᠯ᠎ᠡ ᠮᠤᠵᠢ ᠶᠢᠨ ᠬᠢ ᠲᠠᠢ ᠦᠨᠳᠦᠰᠦᠨ ᠳᠡᠭᠡᠨ ᠠᠳᠠᠯᠢ ᠪᠠᠶᠢᠯᠭᠠᠬᠤ ᠪᠣᠯᠪᠠᠴᠤ ᠠᠳᠠᠯᠢ ᠬᠤᠭᠤᠴᠠᠭᠠᠨ ᠤ ᠪᠠᠩᠬᠢ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠠᠴᠠ ᠳᠣᠣᠷ᠎ᠠ ᠪᠠᠶᠢᠵᠤ᠂ ᠬᠡᠰᠡᠭ ᠳᠠᠭᠠᠭᠠᠨ ᠪᠣᠷᠣᠯᠠᠭᠤᠯᠬᠤ ᠪᠠᠩᠬᠢ ᠳᠤ ᠵᠣᠬᠢᠬᠤ ᠬᠤᠷᠣᠭᠳᠠᠯ ᠤᠴᠠᠷᠠᠭᠤᠯᠵᠤ᠂ ᠳᠠᠷᠠᠭᠠᠴᠢ ᠶᠢᠨ ᠠᠯᠬᠤᠮ ᠳᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠲᠤᠭ᠎ᠠ ᠬᠡᠮᠵᠢᠶ᠎ᠡ ᠨᠢ ᠲᠠᠰᠤᠷᠠᠯᠳᠠ ᠦᠭᠡᠢ ᠶᠡᠬᠡᠳᠬᠦ ᠶᠢ ᠳᠠᠭᠠᠯᠳᠤᠨ᠂ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠨᠢ ᠬᠡᠷᠡᠭᠴᠡᠭᠡ ᠠᠴᠠ ᠪᠠᠨ ᠳᠠᠪᠠᠵᠤ᠂ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠬᠦᠴᠢᠷᠳᠡᠯ ᠨᠢ ᠤᠯᠠᠮ ᠨᠢᠭᠡ ᠠᠯᠬᠤᠮ ᠨᠡᠮᠡᠭᠳᠡᠬᠦ ᠪᠣᠯᠬᠤᠷ᠂ ᠥᠪᠡᠷᠲᠡᠭᠡᠨ ᠵᠠᠰᠠᠬᠤ ᠣᠷᠣᠨ ᠤ ᠡᠯ᠎ᠡ ᠲᠠᠯ᠎ᠠ ᠶᠢᠨ ᠬᠢᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠡᠯ᠎ᠡ ᠵᠦᠢᠯ ᠤᠨ ᠠᠵᠢᠯ ᠢ ᠬᠠᠮᠲᠤ ᠪᠠᠷ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠤᠷᠤᠭᠰᠢᠲᠠᠶ ᠲᠠᠷᠬᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号