| ᠬᠤᠷᠠᠯ ᠤᠨ ᠲᠤᠬᠠᠢ ᠶᠢᠨ ᠲᠠᠯᠠᠪᠠᠢ | ᠥᠪᠥᠷ ᠮᠣᠩᠭᠤᠯ ᠤᠨ ᠠᠯᠲᠠ ᠮᠥᠩᠭᠦ ᠰᠤᠪᠤᠳ ᠡᠷᠳᠡᠨᠢ ︵ᠬᠠᠰ︶ ᠶᠢᠨ ᠡᠵᠡᠩᠨᠡᠯᠲᠡ ᠶᠢᠨ ᠲᠠᠯᠠᠪᠤᠷ ᠤᠨ | ᠠᠶᠤᠯ ᠢ ᠰᠡᠷᠭᠡᠶᠢᠯᠡᠬᠦ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠬᠦᠯᠵᠤ᠂ ᠠᠯᠲᠠ ᠮᠥᠩᠭᠦ ᠰᠤᠪᠤᠳ ᠡᠷᠳᠡᠨᠢ ︵ᠬᠠᠰ︶ | ᠶᠢᠨ ᠡᠵᠡᠩᠨᠡᠯᠲᠡ ᠶᠢᠨ ᠲᠠᠯᠠᠪᠤᠷ ᠤᠨ ᠳᠡᠭᠡᠷᠡᠮᠳᠡᠬᠦ᠂ ᠪᠤᠯᠢᠶᠠᠬᠤ᠂ ᠬᠤᠯᠠᠭᠠᠶᠢᠯᠠᠬᠤ ᠬᠡᠷᠡᠭ ᠭᠠᠷᠬᠤ ᠶᠢ ᠪᠦᠲᠦᠮᠵᠢᠲᠡᠶ | ᠬᠤᠷᠢᠭᠯᠠᠨ ᠵᠤᠭᠰᠤᠭᠠᠬᠤ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠨ ᠵᠠᠰᠠᠬᠤ ᠠᠯᠪᠠᠨ ᠭᠡᠷ᠂ | ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠬᠠᠮᠲᠤᠷᠠᠨ ᠪᠥᠬᠦ | ᠣᠷᠣᠨ ᠤ ᠠᠯᠲᠠ ᠮᠥᠩᠭᠦ ᠰᠤᠪᠤᠳ ᠡᠷᠳᠡᠨᠢ ︵ᠬᠠᠰ︶ ᠶᠢᠨ ᠡᠵᠡᠩᠨᠡᠯᠲᠡ ᠶᠢᠨ ᠲᠠᠯᠠᠪᠤᠷ ᠤᠨ ᠠᠶᠤᠯ ᠢ ᠰᠡᠷᠭᠡᠶᠢᠯᠡᠬᠦ | ᠲᠤᠰᠬᠠᠶ ᠵᠠᠰᠠᠯᠲᠠ ᠶᠢᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠢ 12 ᠳ᠋ᠤᠭᠠᠷ ᠰᠠᠷ᠎ᠠ ᠶᠢᠨ 7 ᠤ ᠡᠳᠦᠷ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠳᠤ ᠬᠤᠷᠠᠯᠳᠤᠭᠤᠯᠪᠠ᠃ | ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠨ ᠵᠠᠰᠠᠬᠤ ᠠᠯᠪᠠᠨ ᠭᠡᠷ ᠤᠨ ᠳᠡᠳ᠋ ᠡᠷᠬᠢᠯᠡᠭᠴᠢ ᠯᠢ ᠶᠢᠩ | ᠯᠢᠩ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠡᠳ᠋ ᠳᠠᠷᠤᠭ᠎ᠠ ᠭᠧ ᠶᠦᠩ | ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠠᠶ᠃ | ᠬᠤᠷᠠᠯ ᠳᠡᠭᠡᠷ᠎ᠡ ᠥᠪᠥᠷ ᠮᠣᠩᠭᠤᠯ ᠳᠤ ᠦᠢᠷ᠎ᠡ ᠶᠢᠨ ᠵᠢᠯ ᠠᠴᠠ ᠨᠠᠰᠢ ᠭᠠᠷᠤᠭᠰᠠᠨ ᠠᠯᠲᠠ ᠮᠥᠩᠭᠦ ᠰᠤᠪᠤᠳ | ᠡᠷᠳᠡᠨᠢ ᠶᠢᠨ ᠳᠡᠯᠭᠡᠭᠦᠷ ᠢ ᠳᠡᠭᠡᠷᠡᠮᠳᠡᠭᠰᠡᠨ ᠬᠡᠷᠡᠭ ᠢ ᠮᠡᠳᠡᠭᠡᠯᠡᠵᠤ᠂ ᠢᠯᠠᠩᠭᠤᠶ᠎ᠠ ᠰᠢᠯᠢ ᠶᠢᠨ ᠭᠤᠣᠯ ᠠᠶᠢᠮᠠᠭ ᠤᠨ | ᠳᠣᠯᠣᠨ ᠨᠠᠭᠤᠷ ᠰᠢᠶᠠᠨ ᠤ ︽ᠯᠤᠤ ᠹᠸᠡᠭ ᠰᠢᠶᠠᠩ ᠠᠯᠲᠠᠨ ᠤ ᠳᠡᠯᠭᠡᠭᠦᠷ︾ ᠢ ᠫᠤᠤ ᠪᠠᠷᠢᠵᠤ ᠳᠡᠭᠡᠷᠡᠮᠳᠡᠭᠰᠡᠨ | ᠬᠡᠷᠡᠭ ᠤᠨ ᠪᠠᠶᠢᠳᠠᠯ ᠪᠤᠯᠤᠨ ᠠᠵᠢᠯ ᠤᠨ ᠳᠤᠮᠳᠠᠬᠢ ᠰᠤᠷᠭᠠᠮᠵᠢ ᠶᠢ ᠮᠡᠳᠡᠭᠡᠯᠡᠪᠡ᠂ ᠬᠤᠷᠠᠯ ᠳᠡᠭᠡᠷ᠎ᠡ ︽ᠪᠦᠬᠦ | ᠣᠷᠣᠨ ᠤ ᠠᠯᠲᠠ ᠮᠥᠩᠭᠦ ᠰᠤᠪᠤᠳ ᠡᠷᠳᠡᠨᠢ ᠶᠢᠨ ᠡᠵᠡᠩᠨᠡᠯᠲᠡ ᠶᠢᠨ ᠲᠠᠯᠠᠪᠤᠷ ᠤᠨ ᠠᠶᠤᠯ ᠢ ᠰᠡᠷᠭᠡᠶᠢᠯᠡᠬᠦ ᠲᠤᠰᠬᠠᠶ | ᠵᠠᠰᠠᠯᠲᠠ ᠶᠢᠨ ᠠᠵᠢᠯ ᠤᠨ ᠲᠥᠰᠦᠯ︾᠂ ︽ᠪᠥᠬᠦ ᠣᠷᠣᠨ ᠤ ᠠᠯᠲᠠ ᠮᠥᠩᠭᠦ ᠰᠤᠪᠤᠳ ᠡᠷᠳᠡᠨᠢ ᠶᠢᠨ | ᠡᠵᠡᠩᠨᠡᠯᠲᠡ ᠶᠢᠨ ᠲᠠᠯᠠᠪᠤᠷ ᠤᠨ ᠠᠶᠤᠯ ᠢ ᠰᠡᠷᠭᠡᠶᠢᠯᠡᠬᠦ ᠲᠤᠰᠬᠠᠶ ᠵᠠᠰᠠᠯᠲᠠ ᠶᠢᠨ ᠠᠵᠢᠯ ᠤᠨ ᠲᠥᠰᠦᠯ︾ ᠢ | ᠤᠯᠠᠮᠵᠢᠯᠠᠭᠰᠠᠨ ᠤ ᠬᠠᠮᠲᠤ ᠡᠯ᠎ᠡ ᠭᠠᠵᠠᠷ ᠤᠳ ᠲᠤ ᠪᠠᠶᠢᠷᠢᠯᠠᠭᠤᠯᠤᠯᠲᠠ ᠶᠣᠰᠣᠭᠠᠷ᠂ ᠯᠠᠪᠳᠠᠭᠤᠨ ᠪᠠᠲᠤᠲᠠᠶ ᠵᠣᠬᠢᠶᠠᠨ | ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠬᠡᠵᠤ ᠱᠠᠭᠠᠷᠳᠠᠪᠠ᠃ | ᠬᠤᠷᠠᠯ ᠳᠡᠭᠡᠷ᠎ᠡ ᠥᠪᠥᠷ ᠮᠣᠩᠭᠤᠯ ᠤᠨ ᠠᠯᠲᠠ ᠮᠥᠩᠭᠦ ᠰᠤᠪᠤᠳ ᠡᠷᠳᠡᠨᠢ ᠶᠢᠨ ᠳᠡᠯᠭᠡᠭᠦᠷ ᠤᠨ ᠦᠨᠳᠦᠰᠦᠨ | ᠪᠠᠶᠢᠳᠠᠯ ᠢ ᠮᠡᠳᠡᠭᠡᠯᠡᠪᠡ᠃ ᠲᠠᠨᠢᠯᠴᠠᠭᠤᠯᠤᠭᠰᠠᠨ ᠢᠶᠠᠷ ᠪᠤᠯ᠂ ᠣᠳᠣᠬᠠᠨ ᠳᠤ ᠥᠪᠥᠷ ᠮᠣᠩᠭᠤᠯ ᠳᠤ ᠠᠯᠲᠠ ᠮᠥᠩᠭᠦ | ᠰᠤᠪᠤᠳ ᠡᠷᠳᠡᠨᠢ ᠶᠢᠨ ᠳᠡᠯᠭᠡᠭᠦᠷ ᠨᠡᠶᠢᠲᠡ 1531 ᠡᠷᠦᠬᠡ ᠪᠠᠶᠢᠵᠤ᠂ ᠠᠯᠲᠠ ᠮᠥᠩᠭᠦ ᠰᠤᠪᠤᠳ ᠡᠷᠳᠡᠨᠢ | ᠬᠠᠳᠠᠭᠠᠯᠠᠵᠤ ᠪᠠᠶᠢᠭ᠎ᠠ ᠦᠷᠲᠡᠭ ᠨᠢ 50 ᠲᠦᠮᠡᠨ ᠲᠥᠭᠦᠷᠢᠭ ᠠᠴᠠ ᠳᠤᠷᠤᠭᠰᠢᠬᠢ ᠨᠢ 540 ᠡᠷᠦᠬᠡ᠂ 50 | ᠲᠦᠮᠡᠨ ᠲᠥᠭᠦᠷᠢᠭ ᠠᠴᠠ 100 ᠲᠦᠮᠡᠨ ᠲᠥᠭᠦᠷᠢᠭ ᠤᠨ ᠬᠢ ᠨᠢ 520 ᠡᠷᠦᠬᠡ᠂ 100 ᠲᠦᠮᠡᠨ | ᠲᠥᠭᠦᠷᠢᠭ ᠠᠴᠠ ᠳᠡᠭᠡᠭᠰᠢᠬᠢ ᠨᠢ 471 ᠡᠷᠦᠬᠡ ᠪᠤᠢ︔ ᠪᠠᠴᠢᠮ ᠳᠣᠬᠢᠶ᠎ᠠ ᠶᠢᠨ ᠲᠣᠨᠤᠭ ᠲᠥᠬᠦᠭᠡᠷᠦᠮᠵᠢ | ᠤᠭᠰᠠᠷᠠᠭᠰᠠᠨ ᠨᠢ 816 ᠡᠷᠦᠬᠡ ᠪᠠᠶᠢᠵᠤ᠂ ᠤᠭᠰᠠᠷᠠᠨ ᠲᠣᠨᠣᠭᠯᠠᠬᠤ ᠨᠤᠷᠮ᠎ᠠ ᠨᠢ53.3% ᠳᠤ ᠬᠦᠷᠪᠡ︔ | ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ ᠤᠭᠰᠠᠷᠠᠭᠰᠠᠨ ᠨᠢ 1264 ᠡᠷᠦᠬᠡ ᠪᠠᠶᠢᠵᠤ᠂ ᠤᠭᠰᠠᠷᠠᠨ | ᠲᠣᠨᠣᠭᠯᠠᠬᠤ ᠨᠤᠷᠮ᠎ᠠ ᠨᠢ 82.56% ᠳᠤ ᠬᠦᠷᠴᠠᠢ᠃ |