ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠲᠦᠯᠬᠢᠨ ᠠᠬᠢᠭᠤᠯᠬᠤ ᠰᠠᠨᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2015/12/8
     ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂ ᠮᠠᠨ ᠤ ᠣᠷᠣᠨ ᠤ ᠤᠯᠠᠨ ᠳᠠᠪᠬᠤᠷᠭᠠᠲᠤ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠲᠦᠷᠭᠡᠨ ᠠᠬᠢᠭᠤᠯᠬᠤ ᠶᠢᠨ ᠲᠤᠰᠠᠳᠠ᠂ ᠣᠶᠢᠷ᠎ᠠ ᠳᠤ᠂ ᠮᠠᠨ ᠤ ᠣᠷᠣᠨ ︽ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠬᠥᠭᠵᠢᠯᠲᠡ‌‍ᠶᠢ ᠲᠦᠯᠬᠢᠨ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠠᠨᠠᠯ ᠤᠳ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶᠎ ᠢ ᠨᠡᠶᠢᠲᠡᠯᠡᠪᠡ᠃      ︽ᠰᠠᠨᠠᠯ︾᠎ ᠳᠤ ᠮᠠᠨ ᠤ ᠣᠷᠣᠨ ᠤ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠎ ᠢ ᠬᠥᠭᠵᠢᠭᠦᠯᠬᠦ ᠴᠢᠬᠤᠯᠠ ᠠᠴᠢ ᠬᠤᠯᠪᠣᠭᠳᠠᠯ ᠢ ᠵᠢᠭᠠᠨ ᠭᠠᠷᠭᠠᠵᠤ᠂ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠡᠭᠦᠷᠭᠡ ᠴᠢᠳᠠᠪᠤᠷᠢ ᠤᠨ ᠣᠷᠣᠨ ᠲᠣᠭᠲᠠᠭᠠᠯᠲᠠ ᠶᠢ ᠲᠣᠳᠣᠷᠬᠠᠶᠢᠯᠠᠵᠤ᠂ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠲᠦᠯᠬᠢᠨ ᠠᠬᠢᠭᠤᠯᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠣᠨ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠎ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠬᠤ ᠶᠢ ᠳᠤᠷᠠᠳᠪᠠ᠃ ︽ᠰᠠᠨᠠᠯ︾᠎ ᠳᠤ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ ᠤᠯᠠᠨ ᠵᠦᠢᠯ ᠤᠨ ᠠᠷᠭ᠎ᠠ ᠬᠡᠮᠵᠢᠶ᠎ᠡ ᠶᠢ ᠳᠤᠷᠠᠳᠪᠠ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠲᠤ ᠭᠠᠷᠬᠤ ᠪᠤᠰᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠣᠷᠣᠵᠤ ᠢᠯᠡᠷᠬᠡᠶᠢᠯᠡᠯ ᠡᠯᠭᠦᠬᠦ ᠶᠢ ᠵᠣᠷᠢᠭᠵᠢᠭᠤᠯᠤᠨ᠎ᠠ᠂ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠵᠠᠬ᠎ᠠ ᠳᠡᠯᠭᠡᠭᠦᠷ ᠲᠤ ᠣᠷᠣᠵᠤ ᠢᠯᠡᠷᠬᠡᠶᠢᠯᠡᠯ ᠡᠯᠭᠦᠬᠦ ᠶᠢ ᠭᠤᠣᠯᠳᠠᠯᠭ᠎ᠠ ᠲᠠᠢ ᠳᠡᠮᠵᠢᠵᠤ᠂ ᠰᠲ᠋ᠣᠺ ᠤᠨ ᠡᠷᠬᠡ ᠶᠢᠨ ᠪᠡᠯᠡ ᠣᠷᠤᠭᠤᠯᠤᠯᠲᠠ᠂ ᠠᠳᠠᠯ ᠦᠢᠯᠡᠰ ᠴᠣᠭᠴᠠᠯᠠᠬᠤ ᠪᠡᠯᠡ ᠣᠷᠤᠭᠤᠯᠤᠯᠲᠠ ᠵᠡᠷᠭᠡ ᠬᠤᠪᠢ ᠪᠠᠷ ᠢᠶᠠᠨ ᠪᠡᠯᠡ ᠲᠣᠬᠢᠷᠠᠭᠤᠯᠭ᠎ᠠ ᠶᠢ ᠲᠠᠲᠠᠵᠤ᠂ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠠᠵᠤ ᠦᠢᠯᠡᠰᠵᠢᠭᠦᠯᠬᠦ ᠶᠢ ᠠᠬᠢᠭᠤᠯᠤᠨ᠎ᠠ︔ ᠪᠦᠬᠦ ᠣᠷᠣᠨ ᠤ ᠵᠠᠬ᠎ᠠ ᠳᠡᠯᠭᠡᠭᠦᠷ ᠲᠤ ᠭᠠᠷᠬᠤ ᠪᠤᠰᠤ ᠠᠵᠤ ᠠᠬᠤᠶᠢᠯᠠᠯ ᠤᠨ ᠰᠲ᠋ᠣᠺ ᠤᠨ ᠡᠷᠬᠡ ᠶᠢᠨ ᠪᠦᠷᠢᠳᠬᠡᠯ ᠢ ᠨᠠᠶᠢᠳᠠᠨ ᠬᠠᠮᠢᠶᠠᠷᠤᠭᠤᠯᠬᠤ ᠠᠵᠢᠯ ᠢ ᠢᠳᠡᠪᠬᠢᠲᠡᠢ ᠪᠠᠷ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠨᠢ ᠪᠦᠬᠦ ᠣᠷᠣᠨ ᠤ ᠵᠠᠬ᠎ᠠ ᠳᠡᠯᠭᠡᠭᠦᠷ ᠲᠤ ᠭᠠᠷᠬᠤ ᠪᠤᠰᠤ ᠠᠵᠤ ᠠᠬᠤᠶᠢᠯᠠᠯ ᠤᠨ ᠰᠲ᠋ᠣᠺ ᠤᠨ ᠡᠷᠬᠡ ᠳᠤ ᠪᠦᠷᠢᠳᠬᠡᠨ ᠲᠡᠮᠳᠡᠭᠯᠡᠵᠦ ᠨᠠᠶᠢᠳᠠᠨ ᠬᠠᠮᠢᠶᠠᠷᠬᠤ ᠦᠢᠯᠡᠴᠢᠯᠡᠭᠡ ᠬᠠᠩᠭᠠᠬᠤ ᠶᠢ ᠬᠠᠷᠢᠭᠤᠴᠠᠨ᠎ᠠ︔ ᠡᠯ᠎ᠡ ᠵᠦᠢᠯ ᠤᠨ ᠲᠤᠰᠬᠠᠢ ᠪᠡᠯᠡ ᠮᠥᠩᠭᠦ ᠶᠢ ᠬᠡᠷᠡᠭᠯᠡᠨ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠢ ᠠᠰᠢᠭᠯᠠᠨ ᠵᠠᠬ᠎ᠠ ᠳᠡᠯᠭᠡᠭᠦᠷᠵᠢᠭᠰᠡᠨ ᠠᠵᠢᠯᠯᠠᠭ᠎ᠠ ᠦᠷᠨᠢᠭᠦᠯᠬᠦ ᠶᠢ ᠰᠦᠪᠡᠭᠴᠢᠯᠡᠨ᠎ᠡ︔ ᠡᠯ᠎ᠡ ᠲᠥᠷᠥᠯ ᠤᠨ ᠳᠠᠳᠮᠠᠭᠠᠢ ᠪᠠᠶᠢᠭᠤᠯᠤᠮᠵᠢ ᠶᠢ ᠲᠠᠲᠠᠵᠤ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠪᠠᠶᠢᠭᠤᠯᠤᠯᠲᠠ ᠳᠤ ᠢᠳᠡᠪᠬᠢᠲᠡᠢ ᠪᠠᠷ ᠣᠷᠣᠯᠴᠠᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号