ᠮᠠᠨ ᠤ ᠤᠷᠤᠨ 2016 ᠣᠨ ᠳᠤ ᠬᠡᠷᠡᠭᠵᠢᠭᠦᠯᠬᠦ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ | ᠰᠢᠯᠭᠠᠯᠲᠠ ᠶᠢᠨ ᠬᠤᠪᠢ ᠨᠡᠮᠡᠬᠦ ᠲᠥᠷᠥ ᠶᠢᠨ ᠪᠣᠳᠣᠯᠭ᠎ᠠ ᠶᠢ ᠨᠢᠭᠡᠨᠲᠡ ᠲᠣᠭᠲᠠᠭᠠᠪᠠ᠃ | ᠠᠯᠪᠠ ᠬᠠᠭᠠᠬᠤ ᠬᠤᠭᠤᠴᠠᠭᠠᠨ ᠳᠤ ᠬᠤᠶᠠᠳᠤᠭᠠᠷ ᠳᠡᠰ ︵ᠡᠭᠦᠨ ᠢ ᠪᠠᠭᠲᠠᠭᠠᠨ᠎ᠠ︶ ᠠᠴᠠ ᠳᠡᠭᠡᠭᠰᠢ ᠭᠠᠪᠢᠶ᠎ᠠ | ᠪᠠᠶᠢᠭᠤᠯᠤᠭᠰᠠᠨ ᠪᠣᠶᠤ ᠴᠡᠷᠢᠭ ᠤᠨ ᠶᠡᠭᠡ ᠲᠣᠭᠤᠷᠢᠭ ︵ᠡᠭᠦᠨ ᠢ ᠪᠠᠭᠲᠠᠭᠠᠨ᠎ᠠ︶ ᠠᠴᠠ ᠳᠡᠭᠡᠭᠰᠢ ᠨᠢᠭᠡᠴᠡ ᠠᠴᠠ | ᠢᠷᠠᠭᠤ ᠠᠯᠳᠠᠷ ᠤᠨ ᠴᠣᠯᠠ ᠣᠯᠭᠤᠭᠰᠠᠨ ᠴᠡᠷᠢᠭ ᠠᠴᠠ ᠪᠠᠭᠤᠭᠰᠠᠦᠨ᠂ ᠪᠡᠶ᠎ᠡ ᠪᠠᠨ ᠳᠠᠭᠠᠭᠠᠵᠤ ᠠᠵᠢᠯ ᠣᠯᠤᠭᠰᠠᠨ | ᠴᠡᠷᠢᠭ ᠠᠴᠠ ᠪᠠᠭᠤᠭᠰᠠᠳ᠂ ᠮᠣᠩᠭᠤᠯ ᠦᠨᠳᠦᠰᠦᠲᠡᠨ᠂ ᠳᠠᠭᠤᠷ ᠦᠨᠳᠦᠰᠦᠲᠡᠨ᠂ ᠣᠷᠴᠣᠨ ᠦᠨᠳᠦᠰᠦᠲᠡᠨ᠂ | ᠡᠸᠡᠩᠬᠢ ᠦᠨᠳᠦᠰᠦᠲᠡᠨ᠂ ᠣᠷᠣᠰ ᠦᠨᠳᠦᠰᠦᠲᠡᠨ ᠤ ᠰᠢᠯᠭᠠᠭᠤᠯᠤᠭᠴᠢ᠂ ᠤᠯᠤᠰ ᠲᠠᠭᠠᠨ ᠪᠣᠴᠠᠭᠰᠠᠨ ᠬᠠᠷᠢᠶᠠᠲᠤ᠂ | ᠳᠤᠮᠳᠠᠳᠤ ᠶᠢᠨ ᠬᠠᠷᠢᠶᠠᠲᠤ ᠶᠢᠨ ᠦᠷ᠎ᠡ ᠬᠡᠣᠬᠡᠳ᠂ ᠤᠯᠤᠰ ᠲᠠᠭᠠᠨ ᠪᠤᠴᠠᠭᠰᠠᠨ ᠬᠠᠷᠢᠲᠠᠤ ᠶᠢᠨ ᠦᠷ᠎ᠡ ᠬᠡᠣᠬᠡᠳ ᠪᠠ | ᠲᠠᠶᠢᠸᠠᠨ ᠮᠤᠵᠢ ᠳᠤ ᠨᠤᠲᠤᠭ ᠲᠠᠢ ᠰᠢᠯᠭᠠᠭᠤᠯᠤᠭᠴᠢ᠂ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠤᠬᠡᠳ ᠤᠨ | ᠲᠡᠭᠦᠨ ᠤ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠶᠢᠨ ᠶᠡᠷᠦᠩᠬᠡᠢ ᠬᠤᠪᠢ ᠶᠢᠨ ᠰᠠᠭᠤᠷᠢᠨ ᠳᠡᠭᠡᠷ᠎ᠡ 10 | ᠬᠤᠪᠢ ᠨᠡᠮᠡᠨ᠎ᠡ᠃ 2015 ᠣᠨ ᠠᠴᠠ ᠡᠮᠦᠨ᠎ᠡ ᠳᠡᠭᠡᠳᠦ ᠵᠡᠷᠭᠡ ᠳᠤᠮᠳᠠᠳᠤ ᠵᠡᠷᠭᠡ ᠶᠢᠨ ᠰᠤᠷᠭᠠᠨ ᠬᠥᠮᠦᠵᠢᠯ ᠤᠨ | ᠱᠠᠲᠤᠨ ᠳᠤ ᠣᠯᠠᠨ ᠤᠯᠤᠰ ᠤᠨ ᠪᠡᠶ᠎ᠡ ᠲᠠᠮᠢᠷ ᠤᠨ ᠴᠢᠬᠤᠯᠠ ᠶᠡᠭᠡ ᠤᠷᠤᠯᠳᠤᠭᠠᠨ ᠳᠤ ᠣᠷᠤᠯᠴᠠᠨ ᠬᠠᠮᠲᠤ ᠶᠢᠨ | ᠪᠣᠶᠤ ᠬᠤᠪᠢ ᠬᠦᠮᠦᠨ ᠤ ᠰᠫᠣᠷᠲ ᠤᠨ ᠵᠦᠢᠯ ᠳᠤ ᠡᠮᠦᠨ᠎ᠡ 6 ᠨᠡᠷᠡᠰ ᠲᠤ ᠣᠷᠤᠭᠰᠠᠨ ᠵᠢᠴᠢ ᠪᠦᠬᠦ ᠤᠯᠤᠰ ᠤᠨ | ᠴᠢᠨᠠᠷᠲᠠᠢ ᠪᠡᠶ᠎ᠡ ᠲᠠᠮᠢᠷ ᠤᠨ ᠤᠷᠤᠯᠳᠤᠭᠠᠨ ᠳᠤ ᠬᠤᠪᠢ ᠬᠦᠮᠦᠨ ᠤ ᠰᠫᠣᠷᠲ ᠤᠨ ᠵᠦᠢᠯ ᠳᠤ ᠡᠮᠦᠨ᠎ᠡ 6 ᠨᠡᠷᠡᠰ ᠲᠤ | ᠣᠷᠤᠭᠰᠠᠨ ᠡᠰᠡᠪᠡᠯ ᠦᠪᠡᠷᠲᠡᠭᠡᠨ ᠵᠠᠰᠠᠬᠤ ᠤᠷᠤᠨ ᠤ ᠳᠡᠰ ᠤᠨ ᠪᠡᠶ᠎ᠡ ᠲᠠᠮᠢᠷ ᠤᠨ ᠤᠷᠤᠯᠳᠤᠭᠠᠨ ᠳᠤ ᠣᠷᠤᠯᠴᠠᠨ | ᠬᠠᠮᠲᠤ ᠶᠢᠨ ᠰᠫᠣᠷᠲ ᠤᠨ ᠵᠦᠢᠯ ᠳᠤ ᠡᠮᠦᠨ᠎ᠡ 3 ᠨᠡᠷᠡᠰ ᠲᠤ ᠣᠷᠤᠭᠰᠠᠨ ᠪᠤᠶᠤ ᠬᠤᠪᠢ ᠬᠦᠮᠦᠨ ᠤ ᠰᠫᠣᠷᠲ ᠤᠨ | ᠵᠦᠢᠯ ᠳᠤ ᠡᠮᠦᠨ᠎ᠡ 6 ᠨᠡᠷᠡᠰ ᠲᠤ ᠣᠷᠤᠭᠰᠠᠳ︔ ᠪᠦᠬᠦ ᠤᠯᠤᠰ ᠤᠨ ᠳᠤᠮᠳᠠᠳᠤ ᠰᠤᠷᠭᠠᠭᠤᠯᠢ ᠶᠢᠨ ᠰᠤᠷᠤᠭᠴᠢᠳ | ︵ᠲᠤᠭ᠎ᠠ ᠪᠣᠳᠤᠯᠭ᠎ᠠ᠂ ᠹᠢᠽᠢᠺ᠂ ᠬᠢᠮᠢ ᠶᠢᠨ ᠤᠬᠠᠭᠠᠨ᠂ ᠠᠮᠢᠳᠤ ᠪᠣᠳᠠᠰ ᠤᠨ ᠤᠬᠠᠭᠠᠨ᠂ ᠮᠡᠳᠡᠭᠡ ᠵᠠᠩᠭᠢ ᠶᠢᠨ | ᠤᠬᠠᠭᠠᠨ︶ ᠤᠨ ᠣᠯᠧᠮᠫᠢᠺ ᠤᠨ ᠤᠷᠤᠯᠳᠤᠭᠠᠨ ᠤ ᠪᠦᠬᠦ ᠤᠯᠤᠰ ᠤᠨ ᠰᠢᠢᠳᠪᠦᠷᠢᠲᠦ ᠤᠷᠤᠯᠳᠤᠭᠠᠨ ᠳᠤ ᠨᠢᠭᠡ᠂ | ᠬᠤᠶᠠᠷ᠂ ᠭᠤᠷᠪᠠᠳᠤᠭᠠᠷ ᠳᠡᠰ ᠤᠨ ᠱᠠᠩᠨᠠᠯ ᠣᠯᠤᠭᠰᠠᠳ︔ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠤᠷᠤᠯᠳᠤᠭᠠᠨ ︵ᠪᠦᠬᠦ ᠤᠯᠤᠰ ᠤᠨ ᠵᠠᠯᠠᠭᠤᠴᠤᠳ | ᠪᠠᠭᠠᠴᠤᠳ ᠤᠨ ᠠᠮᠢᠳᠤ ᠪᠣᠳᠠᠰ ᠪᠠ ᠣᠷᠴᠢᠨ ᠲᠤᠭᠤᠷᠢᠨ ᠤ ᠰᠢᠨᠵᠢᠯᠡᠬᠦ ᠤᠬᠠᠭᠠᠨ ᠤ ᠦᠢᠯᠡᠳᠦᠯᠭᠡ ᠶᠢᠨ | ᠠᠵᠢᠯᠯᠠᠭ᠎ᠠ ᠢ ᠪᠠᠭᠲᠠᠭᠠᠨ᠎ᠠ︶ ᠪᠤᠶᠤ ︽ᠢᠷᠡᠭᠡᠳᠦᠶ ᠶᠢᠨ ᠪᠢᠴᠢᠬᠠᠨ ᠰᠢᠨᠵᠢᠯᠡᠬᠦ ᠤᠬᠠᠭᠠᠨᠲᠠᠨ︾ ᠤ ᠱᠠᠩᠨᠠᠯᠲᠤ | ᠠᠵᠢᠯᠯᠠᠭ᠎ᠠ ᠪᠣᠶᠤ ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠺᠣᠮᠫᠢᠦ᠋ᠲ᠋ᠧᠷ ᠢᠶᠠᠷ ᠦᠢᠯᠡᠳᠬᠦ | ᠠᠵᠢᠯᠯᠠᠭ᠎ᠠ ᠳᠤ ᠨᠢᠭᠡ᠂ ᠬᠤᠶᠠᠷ᠂ ᠭᠤᠷᠪᠠᠳᠤᠭᠠᠷ ᠳᠡᠰ ᠤᠨ ᠱᠠᠩᠨᠠᠯ ᠣᠯᠤᠭᠰᠠᠨ ᠪᠤᠶᠤ ᠣᠯᠠᠨ ᠤᠯᠤᠰ ᠤᠨ | ᠰᠢᠨᠵᠢᠯᠡᠬᠦ ᠤᠬᠠᠭᠠᠨ ᠪᠣᠯᠤᠨ ᠢᠨᠵᠧᠨᠧᠷᠢᠩ ᠶᠢᠨ ᠲᠣᠮᠣ ᠱᠠᠩᠨᠠᠯᠲᠤ ᠤᠷᠤᠯᠳᠤᠭᠠᠨ᠂ ᠤᠯᠠᠨ ᠤᠯᠤᠰ ᠤᠨ ᠣᠷᠴᠢᠨ | ᠲᠣᠭᠤᠷᠢᠨ ᠤ ᠰᠢᠨᠵᠢᠯᠡᠬᠦ ᠤᠬᠠᠭᠠᠨ ᠤ ᠰᠣᠳᠤᠯᠭᠠᠨ ᠤ ᠲᠦᠷᠦᠯ ᠵᠦᠢᠯ ᠤᠨ ᠣᠯᠢᠮᠫᠢᠺ ᠤᠨ ᠤᠷᠤᠯᠳᠤᠭᠠᠨ ᠳᠤ | ᠱᠠᠩᠨᠠᠯ ᠣᠯᠤᠭᠰᠠᠳ︔ ᠦᠪᠡᠷᠲᠡᠭᠡᠨ ᠵᠠᠰᠠᠬᠤ ᠤᠷᠤᠨ ᠤ ᠳᠡᠰ ᠤᠨ ᠰᠢᠯᠢᠳᠡᠭ ᠰᠤᠷᠤᠭᠴᠢ ᠪᠠᠷ ᠴᠤᠯᠠᠯᠠᠭᠳᠠᠭᠰᠠᠳ︔ | ᠦᠵᠡᠯ ᠰᠠᠨᠠᠭ᠎ᠠ ᠤᠯᠤᠰ ᠲᠥᠷᠥ ᠶᠣᠰᠤ ᠮᠣᠷᠠᠯ ᠤᠨ ᠲᠠᠯ᠎ᠠ ᠪᠠᠷ ᠲᠤᠪᠦ᠋ᠢᠬᠰᠡᠠ ᠤᠢᠢᠯᠠ ᠠᠵᠢᠯᠯᠠᠭ᠎ᠠ ᠲᠠᠢ ᠭᠡᠵᠦ | ᠲᠣᠭᠲᠠᠭᠠᠭᠳᠠᠭᠰᠠᠨ ᠵᠡᠷᠭᠡ ᠦᠢᠯᠡ ᠪᠠᠶᠢᠳᠠᠯ ᠲᠠᠢ ᠲᠤᠰ ᠬᠤᠭᠤᠴᠠᠭᠠᠨ ᠤ ᠲᠡᠭᠦᠰᠦᠭᠰᠡᠨ ᠰᠢᠯᠭᠠᠭᠤᠯᠤᠭᠴᠢ ᠳᠤ᠂ | ᠬᠠᠮᠢᠶ᠎ᠠ ᠪᠦᠬᠦᠢ ᠲᠤᠭᠲᠠᠭᠠᠯ ᠪᠠ ᠳᠡᠰ ᠳᠠᠷᠠᠭᠠᠯᠠᠯ ᠶᠣᠰᠤᠭᠠᠷ ᠬᠢᠷᠢ ᠭᠡᠮ ᠲᠣᠭᠲᠠᠭᠠᠨ ᠣᠯᠭᠤᠵᠤ᠂ ᠲᠤᠰ | ᠬᠤᠭᠤᠴᠠᠭᠠᠨ ᠳᠤ ᠲᠡᠭᠦᠰᠦᠭᠡᠳ ᠲᠤᠰ ᠵᠢᠯ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ | ᠬᠤᠪᠢ ᠨᠡᠮᠡᠬᠦ ᠬᠢᠷᠢ ᠬᠡᠮ ᠢ ᠪᠦᠷᠢᠯᠳᠦᠭᠦᠯᠦᠭᠰᠡᠨ ᠪᠣᠯ 5 ᠬᠤᠪᠢ ᠨᠡᠮᠡᠵᠦ ᠦᠭᠴᠦ ᠪᠣᠯᠤᠨ᠎ᠠ᠃ | ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠪᠡᠶ᠎ᠡ ᠶᠢᠨ ᠲᠠᠮᠢᠷ ᠤᠨ ᠬᠤᠪᠢ ᠨᠡᠮᠡᠬᠦ ᠶᠢ | ᠬᠦᠷᠲᠡᠵᠦ ᠪᠣᠯᠬᠤ ᠦᠪᠡᠷᠲᠡᠭᠡᠨ ᠵᠠᠰᠠᠬᠤ ᠤᠷᠤᠨ ᠤ ᠳᠡᠰ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠲᠠᠮᠢᠷ ᠤᠨ | ᠬᠥᠳᠡᠯᠭᠡᠭᠡᠨ ᠤ ᠰᠫᠣᠷᠲ ᠤᠨ ᠵᠦᠢᠯ ᠤᠨ ᠬᠢᠵᠠᠭᠠᠷᠯᠠᠯ ᠪᠣᠯ᠄ ᠬᠦᠨᠳᠦ ᠬᠥᠩᠭᠡᠨ ᠲᠠᠮᠢᠷ᠂ ᠰᠠᠭᠰᠤᠨ ᠪᠦᠮᠪᠦᠭᠡ᠂ | ᠬᠥᠯ ᠪᠦᠮᠪᠦᠭᠡ᠂ ᠠᠯᠠᠭᠠᠳᠠᠬᠤ ᠪᠥᠮᠪᠦᠭᠡ᠂ ᠫᠢᠩᠫᠠᠩ ᠪᠥᠮᠪᠦᠭᠡ᠂ ᠵᠡᠪᠰᠡᠭ ᠤᠨ ᠡᠷᠳᠡᠮ᠂ ᠤᠮᠪᠠᠯᠲᠠ᠂ ᠦᠳᠦᠨ | ᠪᠥᠮᠪᠦᠭᠡ᠂ ᠬᠢᠲᠠᠳ ᠮᠠᠶ᠋ᠢᠭ ᠤᠨ ᠪᠦᠭᠡ ᠪᠠ ᠲᠡᠪᠡᠭᠴᠢᠷ ᠪᠥᠮᠪᠦᠭᠡ ᠪᠣᠯᠤᠨ᠎ᠠ᠃ ᠲᠤᠰ ᠲᠦᠷᠦᠯ ᠤᠨ | ᠰᠢᠯᠭᠠᠭᠤᠯᠤᠭᠴᠢᠳ ᠪᠠᠰᠠ ᠪᠦᠬᠦ ᠤᠷᠤᠨ ᠤ ᠨᠢᠭᠡᠳᠦᠯᠲᠡᠢ ᠰᠢᠯᠭᠠᠯᠲᠠ ᠳᠤ ᠣᠷᠤᠯᠴᠠᠬᠤ ᠪᠦᠭᠡᠳ ᠰᠢᠯᠭᠠᠯᠲᠠ ᠶᠢᠨ | ᠬᠢᠷᠢ ᠪᠦᠲᠦᠮᠵᠢ ᠨᠢ ᠬᠠᠮᠢᠶ᠎ᠠ ᠪᠦᠬᠦᠢ ᠪᠠᠷᠢᠮᠵᠢᠶ᠎ᠠ ᠳᠤ ᠬᠦᠷᠦᠭᠰᠡᠨ ᠪᠠᠶᠢᠬᠤ ᠬᠡᠷᠡᠭᠲᠡᠢ᠃ 2003 ᠣᠨ᠂ 2004 | ᠣᠨ ᠳᠤ ᠠᠯᠪᠠᠨ ᠶᠠᠪᠤᠳᠠᠯ ᠢᠶᠠᠷ ︽ᠰᠠᠷᠰ︾ ᠡᠪᠡᠳᠴᠢᠨ ᠳᠤ ᠬᠠᠯᠳᠠᠪᠤᠷᠢᠯᠠᠭᠳᠠᠨ ᠨᠠᠰᠤ ᠪᠠᠷᠠᠭᠰᠠᠨ ᠪᠤᠶᠤ ︽ᠰᠠᠷᠰ︾ | ᠤᠨ ᠵᠡᠮᠳᠡᠭᠴᠦᠳ ᠤᠨ ᠦᠨᠡᠮᠯᠡᠯ ᠲᠠᠢ ᠬᠦᠮᠦᠰ ᠤᠨ ᠰᠢᠯᠭᠠᠭᠤᠯᠬᠤ ᠦᠷ᠎ᠡ ᠬᠡᠤᠬᠡᠳ ᠲᠡᠭᠦᠨ ᠤ ᠨᠢᠭᠡᠳᠦᠯᠲᠡᠶ | ᠰᠢᠯᠭᠠᠯᠲᠠ ᠶᠢᠨ ᠬᠢᠷᠢ ᠪᠦᠲᠦᠮᠵᠢ ᠶᠢᠨ ᠶᠡᠷᠦᠩᠬᠡᠢ ᠬᠤᠪᠢ ᠶᠢᠨ ᠰᠠᠭᠤᠷᠢᠨ ᠳᠡᠭᠡᠷ᠎ᠡ 10 ᠬᠤᠪᠢ ᠨᠡᠮᠡᠵᠦ ᠦᠭᠴᠦ | ᠪᠣᠯᠤᠨ᠎ᠠ᠃ | ᠤᠶᠢᠯᠭᠠᠭᠰᠠᠨ ᠢᠶᠠᠷ᠂ 2017 ᠣᠨ ᠪᠣᠯᠬᠤ ᠳᠤ᠂ ᠮᠣᠩᠭᠤᠯ ᠦᠨᠳᠦᠰᠦᠲᠡᠨ᠂ ᠳᠠᠭᠤᠷ ᠦᠨᠳᠦᠰᠦᠲᠡᠨ᠂ | ᠣᠷᠴᠣᠨ ᠦᠨᠳᠦᠰᠦᠲᠡᠨ᠂ ᠡᠸᠡᠩᠬᠢ ᠦᠨᠳᠦᠰᠦᠲᠡᠨ᠂ ᠣᠷᠣᠰ ᠦᠨᠳᠦᠰᠦᠲᠡᠨ ᠰᠢᠯᠭᠠᠭᠤᠯᠤᠭᠴᠢ ᠬᠡᠷᠪᠡ ᠪᠣᠰᠤᠳ | ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠬᠤᠪᠢ ᠨᠡᠮᠡᠬᠦ ᠦᠢᠯᠡ ᠪᠠᠶᠢᠳᠠᠯ ᠳᠤ ᠮᠦᠨᠬᠦ | ᠨᠡᠶᠢᠴᠡᠪᠡᠯ᠂ ᠲᠡᠭᠦᠨ ᠤ ᠪᠣᠰᠤᠳ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠬᠤᠪᠢ | ᠨᠡᠮᠡᠯᠲᠡ ᠶᠢᠨ ᠳᠣᠲᠤᠷᠠᠬᠢ ᠬᠠᠮᠤᠭ ᠦᠨᠳᠦᠷ ᠨᠢᠭᠡ ᠵᠦᠢᠯ ᠤᠨ ᠬᠤᠪᠢ ᠶᠢᠨ ᠬᠡᠮᠵᠢᠭᠳᠡᠯ ᠢ ᠲᠡᠭᠦᠨ ᠤ ᠴᠦᠬᠡᠨ | ᠲᠣᠭᠠᠲᠤ ᠦᠨᠳᠦᠰᠦᠲᠡᠨ ᠤ ᠨᠡᠮᠡᠬᠦ ᠬᠤᠪᠢ ᠲᠠᠢ ᠠᠬᠢᠭᠤᠯᠤᠨ ᠨᠡᠮᠡᠵᠦ ᠪᠣᠯᠤᠨ᠎ᠠ᠃ 2018 ᠣᠨ ᠠᠴᠠ ᠡᠬᠢᠯᠡᠨ᠂ | ᠪᠣᠢ ᠪᠦᠬᠦᠢ ᠰᠢᠯᠭᠠᠭᠤᠯᠤᠭᠴᠢ ᠶᠢᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠨᠡᠮᠡᠬᠦ | ᠬᠤᠪᠢ ᠶᠢ ᠳᠠᠬᠢᠨ ᠠᠬᠢᠭᠤᠯᠤᠨ ᠨᠡᠮᠡᠬᠦ ᠦᠭᠡᠢ᠃ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠳᠤ | ᠬᠤᠪᠢ ᠨᠡᠮᠡᠬᠦ ᠶᠢ ᠬᠦᠷᠲᠡᠬᠦ ᠰᠢᠯᠭᠠᠭᠤᠯᠤᠭᠴᠢ ᠪᠡᠶ᠎ᠡ ᠲᠠᠮᠢᠷ ᠤᠨ ᠲᠦᠷᠦᠯ᠂ ᠤᠷᠠᠯᠢᠭ ᠤᠨ ᠲᠥᠷᠥᠯ ᠤᠨ ᠲᠤᠰᠬᠠᠶ | ᠮᠡᠷᠭᠡᠵᠢᠯ ᠳᠤ ᠨᠡᠷ᠎ᠡ ᠮᠡᠳᠡᠭᠦᠯᠦᠨ ᠰᠢᠯᠭᠠᠭᠤᠯᠪᠠᠯ᠂ ᠰᠣᠶᠣᠯ ᠤᠨ ᠬᠢᠴᠢᠶᠡᠯ ᠤᠨ ᠶᠡᠷᠦᠩᠬᠡᠶ ᠬᠤᠪᠢ ᠳᠡᠭᠡᠷ᠎ᠡ ᠨᠢ | ᠬᠠᠮᠤᠭ ᠦᠨᠳᠦᠷ ᠲᠡᠭᠡᠨ 10 ᠬᠤᠪᠢ ᠨᠡᠮᠡᠨ᠎ᠡ᠃ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠳᠤ | ᠬᠤᠪᠢ ᠨᠡᠮᠡᠬᠦ ᠶᠢ ᠬᠦᠷᠲᠡᠬᠦ ᠪᠣᠢ ᠪᠦᠬᠦᠢ ᠰᠢᠯᠭᠠᠭᠤᠯᠤᠭᠴᠢ ᠢ ᠪᠣᠯ ᠡᠷᠬᠡᠪᠰᠢ ᠥᠪᠡᠷᠲᠡᠭᠡᠨ ᠱᠠᠭᠠᠷᠳᠠᠯᠭ᠎ᠠ ᠶᠣᠰᠣᠭᠠᠷ | ᠭᠤᠶᠤᠴᠢᠯᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠲᠤᠭᠲᠠᠭᠠᠯ ᠶᠣᠰᠤᠭᠠᠷ ᠬᠢᠨᠠᠨ ᠬᠠᠷᠭᠤᠭᠤᠯᠵᠤ᠂ ᠦᠪᠡᠷᠲᠡᠭᠡᠨ | ᠵᠠᠰᠠᠬᠤ ᠤᠷᠤᠨ᠂ ᠠᠶᠢᠮᠠᠭ ᠬᠤᠲᠠ᠂ ᠬᠤᠰᠢᠭᠤ ᠰᠢᠶᠠᠨ ᠲᠣᠭᠤᠷᠢᠭ᠂ ᠰᠠᠭᠤᠵᠤ ᠪᠠᠶᠢᠭ᠎ᠠ ᠳᠤᠮᠳᠠᠳᠤ ᠰᠤᠷᠭᠠᠭᠤᠯᠢ | ᠵᠡᠷᠭᠡ ᠳᠦᠷᠪᠡᠨ ᠱᠠᠲᠤᠨ ᠤ ᠠᠯᠪᠠᠨ ᠵᠠᠷ ᠨᠡᠶᠢᠲᠡᠯᠡᠭᠡᠳ ᠠᠰᠠᠭᠤᠳᠠᠯ ᠦᠭᠡᠢ ᠪᠣᠯ ᠰᠠᠶ᠋ᠢ ᠦᠨᠡᠯᠡᠨ ᠮᠡᠳᠡᠷᠡᠨ᠎ᠡ᠃ |