| 12 ᠳ᠋ᠤᠭᠠᠷ ᠰᠠᠷ᠎ᠠ ᠶᠢᠨ 8 ᠤ ᠡᠳᠦᠷ᠂ ᠪᠦᠬᠦ ᠣᠷᠣᠨ ᠤ ᠡᠮ ᠡᠮᠨᠡᠯᠭᠡ ᠶᠢᠨ ᠦᠢᠯᠡᠴᠢᠯᠡᠭᠡ ᠶᠢ | ᠰᠠᠶᠢᠵᠢᠷᠠᠭᠤᠯᠬᠤ ᠵᠠᠭᠤᠨ ᠡᠳᠦᠷ ᠤᠨ ᠤᠬᠠᠭᠤᠯᠬᠤ ᠠᠵᠢᠯᠯᠠᠭ᠎ᠠ ᠵᠢᠩᠬᠢᠨᠢ ᠪᠠᠷ ᠡᠬᠢᠯᠡᠪᠡ᠂ 2017 ᠣᠨ ᠪᠣᠯᠬᠤ ᠳᠤ᠂ | ᠮᠠᠨ ᠤ ᠣᠷᠣᠨ ᠤ ᠠᠷᠠᠳ ᠣᠯᠠᠨ ᠳᠥᠭᠦᠮ ᠳᠥᠲᠡ ᠡᠮᠨᠡᠭᠦᠯᠵᠦ᠂ ᠠᠮᠤᠷ ᠲᠦᠪᠰᠢᠨ ᠡᠮᠨᠡᠭᠦᠯᠵᠦ᠂ ᠪᠦᠲᠦᠮᠵᠢᠲᠡᠶ | ᠡᠮᠨᠡᠭᠦᠯᠵᠦ᠂ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠢᠯᠡᠷᠬᠡᠶ ᠳᠡᠭᠡᠭᠰᠢᠯᠡᠵᠦ᠂ ᠡᠪᠡᠳᠴᠢᠨ | ᠦᠵᠡᠭᠦᠯᠬᠦ ᠲᠤᠬᠠᠢ ᠲᠥᠷᠥᠭᠳᠡᠯ ᠢᠯᠡᠳᠲᠡ ᠰᠠᠶᠢᠵᠢᠷᠠᠵᠤ᠂ ᠨᠡᠶᠢᠭᠡᠮ ᠤᠨ ᠲᠠᠭᠠᠯᠠᠮᠵᠢ ᠶᠢᠨ ᠬᠡᠮᠵᠢᠶ᠎ᠡ ᠶᠢ ᠢᠯᠡᠳᠲᠡ | ᠳᠡᠭᠡᠭᠰᠢᠯᠡᠭᠦᠯᠬᠦ ᠪᠣᠯᠣᠨ᠎ᠠ᠃ | ᠠᠵᠢᠯᠯᠠᠭ᠎ᠠ ᠶᠢᠨ ᠬᠡᠪᠴᠢᠶ᠎ᠡ ᠨᠢ ᠭᠡᠪᠡᠯ᠂ ᠪᠦᠬᠦ ᠣᠷᠣᠨ ᠤ ᠡᠯ᠎ᠡ ᠱᠠᠲᠤᠨ ᠤ ᠡᠯ᠎ᠡ ᠲᠦ᠋ᠷᠦᠯ ᠤᠨ ᠡᠮᠨᠡᠯᠭᠡ ᠶᠢᠨ | ᠬᠤᠷᠢᠶ᠎ᠠ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠰᠬᠤᠨ ᠤ ᠡᠷᠡᠭᠦᠯ ᠬᠠᠮᠠᠭᠠᠯᠠᠯ ᠤᠨ | ᠲᠠᠰᠤᠭ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ᠂ ᠠᠷᠠᠳ ᠠᠴᠠ | ᠡᠵᠡᠩᠨᠡᠭᠰᠡᠨ ᠵᠡᠷᠭᠡ ᠡᠮ ᠡᠮᠨᠡᠯᠭᠡ ᠶᠢᠨ ᠪᠠᠶᠢᠭᠤᠯᠤᠮᠵᠢ ᠪᠠᠭᠲᠠᠨ᠎ᠠ᠃ | ᠠᠵᠢᠯᠯᠠᠭ᠎ᠠ ᠶᠢ ᠠᠷᠪᠠᠨ ᠲᠠᠯ᠎ᠠ ᠪᠠᠷ ᠥᠷᠨᠢᠭᠦᠯᠦᠨ᠎ᠡ᠄ ᠨᠢᠭᠡ ᠳᠤ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮᠨᠡᠬᠦ | ᠲᠣᠭᠤᠷᠢᠭ ᠤᠨ ᠪᠡᠯᠡᠳᠬᠡᠮᠵᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠠᠷᠠᠳ ᠲᠤ ᠳᠦᠭᠦᠮ ᠦᠵᠡᠭᠦᠯᠬᠦ | ᠲᠥᠬᠦᠭᠡᠷᠦᠮᠵᠢ ᠪᠠ ᠠᠷᠠᠳ ᠲᠤ ᠠᠰᠢᠭᠲᠠᠶ ᠨᠥᠬᠦᠴᠡᠯ ᠢ ᠬᠠᠩᠭᠠᠵᠤ᠂ ᠬᠠᠯᠠᠭᠤᠨ ᠲᠣᠲᠣᠨᠤᠰᠤᠭ ᠢᠶᠠᠷ ᠡᠪᠡᠳᠴᠢᠨ | ᠡᠮᠨᠡᠬᠦ ᠣᠷᠴᠢᠨ ᠲᠣᠭᠤᠷᠢᠨ ᠢ ᠪᠣᠢ ᠪᠣᠯᠭᠠᠨ᠎ᠠ︔ ᠬᠤᠶᠠᠷ ᠲᠤ ᠪᠣᠯᠵᠣᠵᠤ ᠳ᠋ᠤᠭᠠᠷᠯᠠᠬᠤ ᠪᠠ ᠣᠨᠣᠰᠢᠯᠠᠨ ᠡᠮᠨᠡᠬᠦ | ᠦᠢᠯᠡᠴᠢᠯᠡᠭᠡ ᠶᠢ ᠲᠦᠯᠬᠢᠨ ᠠᠬᠢᠭᠤᠯᠵᠤ᠂ ᠡᠪᠡᠳᠴᠢᠲᠡᠨ ᠢ ᠪᠦᠲᠦᠮᠵᠢᠲᠡᠶ ᠪᠠᠷ ᠰᠠᠯᠭᠠᠵᠤ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠥᠭᠡᠷᠡᠴᠢᠯᠡᠯᠲᠡ ᠳᠤ ᠳᠡᠯᠭᠡᠷᠡᠭᠦᠯᠦᠭᠰᠡᠨ ᠱᠠᠳᠤ ᠬᠤᠪᠢᠶᠠᠨ ᠣᠨᠣᠰᠢᠯᠠᠨ ᠡᠮᠨᠡᠬᠦ ᠶᠢ ᠲᠦᠯᠬᠢᠨ | ᠠᠬᠢᠭᠤᠯᠤᠨ᠎ᠠ︔ ᠭᠤᠷᠪᠠ ᠳᠤ ᠣᠨᠣᠰᠢᠯᠠᠨ ᠡᠮᠨᠡᠬᠦ ᠡᠬᠢ ᠪᠠᠶᠠᠯᠢᠭ ᠢ ᠵᠦᠢ ᠵᠣᠬᠢᠰᠲᠠᠶ ᠲᠣᠬᠢᠷᠠᠭᠤᠯᠵᠤ᠂ ᠲᠦᠷᠭᠡᠨ | ᠡᠮᠨᠡᠯᠭᠡ ᠶᠢᠨ ᠰᠠᠭᠠᠳ ᠦᠭᠡᠢ ᠵᠠᠮ ᠢ ᠨᠡᠪᠲᠡᠷᠡᠭᠦᠯᠵᠦ᠂ ᠡᠳᠦᠷ ᠮᠡᠰᠡ ᠵᠠᠰᠠᠯ ᠬᠢᠬᠦ ᠶᠢ ᠠᠯᠬᠤᠮ ᠠᠯᠬᠤᠮ ᠢᠶᠠᠷ | ᠬᠡᠷᠡᠭᠵᠢᠭᠦᠯᠦᠨ᠎ᠡ︔ ᠲᠦᠷᠪᠡ ᠳᠤ ᠮᠡᠳᠡᠭᠡ ᠵᠠᠩᠭᠢ ᠶᠢᠨ ᠮᠡᠷᠭᠡᠵᠢᠯ ᠤᠨ ᠳᠠᠪᠠᠭᠤᠯᠢᠭ ᠢ ᠪᠠᠳᠠᠷᠠᠭᠤᠯᠵᠤ᠂ ᠡᠪᠡᠳᠴᠢᠲᠡᠨ | ᠡᠮᠨᠡᠭᠦᠯᠦᠭᠡ ᠪᠠᠨ ᠪᠡᠶᠡᠴᠢᠯᠡᠨ ᠣᠶᠢᠯᠭᠠᠬᠤ ᠶᠢ ᠰᠠᠶᠢᠵᠢᠷᠠᠭᠤᠯᠤᠨ᠎ᠠ︔ ᠲᠠᠪᠤ ᠳᠤ ᠡᠮᠨᠡᠯᠭᠡ ᠳᠤ ᠣᠷᠣᠬᠤ᠂ ᠭᠠᠷᠬᠤ᠂ | ᠰᠢᠯᠵᠢᠬᠦ ᠦᠢᠯᠡᠴᠢᠯᠡᠭᠡᠨ ᠤ ᠴᠤᠪᠤᠷᠠᠯ ᠢ ᠰᠠᠶᠢᠵᠢᠷᠠᠭᠤᠯᠵᠤ᠂ ᠤᠯᠠᠨ ᠲᠦᠮᠡᠨ ᠤ ᠡᠮᠨᠡᠭᠦᠯᠬᠦ ᠡᠪᠡᠳᠴᠢᠨ | ᠦᠵᠡᠭᠦᠯᠬᠦ ᠳᠤ ᠳᠥᠭᠦᠮ ᠦᠵᠡᠭᠦᠯᠵᠦ᠂ ᠤᠯᠠᠨ ᠲᠦᠮᠡᠨ ᠤ ᠡᠮᠨᠡᠭᠦᠯᠦᠭᠡ ᠳᠡᠭᠡᠨ ᠬᠠᠨᠤᠮᠵᠢ ᠲᠠᠢ ᠪᠠᠶᠢᠬᠤ | ᠬᠡᠮᠵᠢᠶ᠎ᠡ ᠶᠢ ᠳᠡᠭᠡᠭᠰᠢᠯᠡᠭᠦᠯᠦᠨ᠎ᠡ︔ ᠵᠢᠷᠭᠤᠭ᠎ᠠ ᠳᠤ ᠰᠤᠪᠢᠯᠠᠬᠤ ᠬᠦᠴᠦᠨ ᠤ ᠲᠤᠬᠢᠷᠠᠭᠤᠯᠤᠯᠳᠠ ᠶᠢ ᠴᠢᠩᠭᠠᠳᠬᠠᠵᠤ᠂ | ᠴᠢᠨᠠᠷ ᠰᠠᠶᠢᠲᠠᠶ ᠠᠰᠠᠷᠠᠵᠤ ᠰᠤᠪᠢᠯᠠᠬᠤ ᠶᠢᠨ ᠦᠢᠯᠡᠴᠢᠯᠡᠭᠡᠨ ᠤ ᠪᠦᠷᠬᠦᠴᠡ ᠶᠢ ᠥᠷᠭᠡᠳᠬᠡᠵᠦ᠂ ᠰᠤᠪᠢᠯᠠᠬᠤ | ᠦᠢᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ︔ ᠲᠤᠯᠤᠭ᠎ᠠ ᠳᠤ ᠣᠨᠣᠰᠢᠯᠠᠨ ᠡᠮᠨᠡᠬᠦ ᠥᠢᠯᠡ | ᠠᠵᠢᠯᠯᠠᠭ᠎ᠠ ᠶᠢ ᠵᠢᠷᠤᠮᠵᠢᠭᠤᠯᠵᠤ᠂ ᠡᠪᠡᠳᠴᠢᠲᠡᠨ ᠤ ᠠᠮᠤᠷ ᠲᠦᠪᠰᠢᠨ ᠢ ᠪᠠᠲᠤᠯᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠡᠪᠡᠳᠴᠢᠨ ᠦᠵᠡᠭᠦᠯᠬᠦ ᠳᠤ ᠠᠮᠤᠷ ᠲᠦᠪᠰᠢᠨ ᠪᠠᠶᠢᠬᠤ ᠶᠢ ᠪᠠᠲᠤᠯᠠᠨ᠎ᠠ︔ ᠨᠠᠢᠮᠠ ᠳᠤ | ᠰᠠᠶᠢᠨ ᠰᠠᠶᠢᠬᠠᠨ ᠬᠡᠪ ᠰᠤᠷᠲᠠᠯ ᠢ ᠨᠢ ᠪᠣᠢ ᠪᠣᠯᠭᠠᠵᠤ᠂ ᠠᠨᠠᠭᠠᠬᠤ ᠤᠬᠠᠭᠠᠨ ᠤ ᠬᠥᠮᠦᠯᠢᠭ ᠰᠣᠶᠣᠯᠴᠢ ᠬᠠᠯᠠᠮᠵᠢᠯᠠᠯ ᠢ | ᠴᠢᠬᠤᠯᠠᠴᠢᠯᠠᠵᠤ᠂ ᠤᠯᠠᠨ ᠲᠦᠮᠡᠨ ᠤ ᠢᠲᠡᠭᠡᠯ ᠤᠨ ᠬᠡᠮᠵᠢᠶ᠎ᠡ ᠶᠢ ᠨᠡᠮᠡᠭᠳᠡᠭᠦᠯᠦᠨ᠎ᠡ︔ ᠶᠢᠰᠦ ᠳᠤ ᠭᠤᠷᠪᠠ ᠶᠢ | ᠡᠶᠡᠳᠡᠭᠦᠯᠬᠦ ᠨᠢᠭᠡ ᠳᠠᠭᠠᠳᠬᠠᠯ ᠤᠨ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠵᠤ᠂ ᠡᠮ ᠡᠮᠨᠡᠯᠭᠡ ᠶᠢᠨ | ᠵᠢᠭᠤᠷᠠᠯᠳᠤᠭᠠᠨ ᠢ ᠲᠣᠬᠢᠲᠠᠶ ᠠᠷᠢᠯᠭᠠᠵᠤ᠂ ᠡᠮᠴᠢ ᠪᠣᠯᠤᠨ ᠡᠪᠡᠳᠴᠢᠲᠡᠨ ᠤ ᠡᠶ᠎ᠡ ᠵᠣᠬᠢᠴᠠᠯᠳᠤ ᠬᠠᠷᠢᠴᠠᠭ᠎ᠠ ᠶᠢ | ᠪᠠᠶᠢᠭᠤᠯᠤᠨ᠎ᠠ︔ ᠠᠷᠪᠠ ᠳᠤ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠨᠡᠶᠢᠲᠡᠯᠢᠭ ᠵᠢᠱᠢᠶ᠎ᠡ ᠦᠵᠡᠭᠦᠯᠬᠦ ᠡᠮᠨᠡᠯᠭᠡ ᠶᠢᠨ ᠬᠤᠷᠢᠶ᠎ᠠ ᠶᠢ ᠪᠠᠶᠢᠭᠤᠯᠵᠤ᠂ ᠤᠬᠠᠭᠤᠯᠭ᠎ᠠ ᠬᠢᠵᠦ ᠬᠥᠲᠥᠯᠥᠨ | ᠵᠢᠯᠣᠭᠤᠳᠬᠤ ᠶᠢ ᠴᠢᠩᠭᠠᠳᠬᠠᠨ᠎ᠠ᠃ | 2015 ᠣᠨ ᠤ 11 ᠳ᠋ᠦ᠋ᠭᠡᠷ ᠰᠠᠷ᠎ᠠ ᠶᠢᠨ ᠪᠦᠷᠢᠳᠬᠡᠯ ᠢ ᠦᠨᠳᠦᠰᠦᠯᠡᠪᠡᠯ᠂ ᠮᠠᠨ ᠤ ᠣᠷᠣᠨ ᠤ | ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶᠠᠨ ᠤ ᠪᠣᠯᠵᠣᠨ ᠡᠮᠴᠢᠯᠡᠭᠦᠯᠬᠦ ᠨᠤᠷᠮ᠎ᠠ ᠶᠢᠨ ᠳᠤᠮᠳᠠᠴᠢ ᠪᠠᠷ | 18% ᠳᠤ ᠬᠦᠷᠪᠡ︔ ᠴᠠᠭ ᠬᠤᠪᠢᠶᠠᠷᠢᠯᠠᠨ ᠪᠣᠯᠵᠣᠬᠤ ᠡᠮᠨᠡᠯᠭᠡ ᠶᠢᠨ ᠪᠠᠶᠢᠭᠤᠯᠤᠮᠵᠢ 75 ᠪᠣᠯᠪᠠ︔ ᠡᠮ | ᠡᠮᠨᠡᠯᠭᠡ ᠶᠢᠨ ᠠᠷᠭ᠎ᠠ ᠵᠠᠮ ᠢ ᠬᠡᠷᠡᠭᠯᠡᠵᠦ ᠪᠠᠶᠢᠭ᠎ᠠ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ 38᠂ | ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ 134 ᠪᠤᠢ︔ ᠡᠯᠧᠺᠲᠷᠣᠨ ᠡᠪᠡᠳᠴᠢᠨ ᠤ ᠲᠡᠩᠰᠠ ᠡᠪᠬᠡᠮᠡᠯ ᠢ | ᠬᠡᠷᠡᠭᠵᠢᠭᠦᠯᠵᠦ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠬᠦ ᠮᠡᠳᠡᠭᠡ ᠵᠠᠩᠭᠢ ᠶᠢᠨ ᠬᠥᠮᠥᠷᠭᠡ ᠪᠠᠶᠢᠭᠤᠯᠵᠤ᠂ | ᠣᠨᠣᠰᠢᠯᠠᠨ ᠡᠮᠨᠡᠬᠦ ᠮᠡᠳᠡᠭᠡ ᠵᠠᠩᠭᠢ ᠶᠢ ᠬᠠᠩᠭᠠᠬᠤ᠂ ᠵᠠᠷᠤᠳᠠᠯ ᠳ᠋ᠦᠩᠨᠡᠨ ᠪᠤᠳᠤᠬᠤ᠂ ᠮᠡᠳᠡᠭᠡ ᠵᠠᠩᠭᠢ ᠪᠠᠶᠢᠴᠠᠭᠠᠨ | ᠠᠰᠠᠭᠤᠬᠤ ᠵᠡᠷᠭᠡ ᠦᠢᠯᠡᠴᠢᠯᠡᠭᠡ ᠬᠠᠩᠭᠠᠵᠤ ᠪᠠᠶᠢᠬᠤ ᠭᠤᠷᠪᠠᠳᠤᠭᠠᠷ ᠳᠠᠰ ᠤᠨ ᠡᠮᠨᠡᠯᠭᠡ ᠶᠢᠨ ᠬᠤᠷᠢᠶ᠎ᠠ 27 ᠪᠤᠢ︔ | ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶᠠᠨ ᠤ ᠡᠳᠦᠷ ᠮᠡᠰᠡ ᠵᠠᠰᠠᠯ ᠬᠢᠬᠦ ᠶᠢ ᠬᠡᠷᠡᠭᠵᠢᠭᠦᠯᠵᠦ ᠪᠠᠶᠢᠭ᠎ᠠ | ᠡᠮᠴᠢᠯᠡᠭᠡᠨ ᠤ ᠪᠠᠶᠢᠭᠤᠯᠤᠮᠵᠢ 68 ᠪᠣᠯᠪᠠ︔ ᠭᠠᠷ ᠤᠲᠠᠰᠤ ᠵᠡᠷᠭᠡ ᠰᠢᠯᠵᠢᠮᠡᠯ ᠬᠤᠯᠪᠣᠭᠠᠨ ᠤ ᠲᠥᠬᠦᠭᠡᠷᠦᠮᠵᠢ ᠪᠠᠷ | ᠰᠦᠢᠳᠬᠡᠯ ᠲᠤᠰᠢᠶᠠᠬᠤ ᠪᠠᠷ ᠳᠠᠮᠵᠢᠭᠤᠯᠤᠨ᠂ ᠡᠪᠡᠳᠴᠢᠲᠡᠨ ᠤ ᠮᠥᠷᠯᠡᠵᠦ ᠵᠣᠭᠰᠣᠬᠤ ᠤᠳᠠᠭ᠎ᠠ ᠲᠤᠭ᠎ᠠ ᠶᠢ | ᠪᠠᠭᠠᠰᠬᠠᠵᠤ᠂ ᠳ᠋ᠤᠭᠠᠷᠯᠠᠬᠤ᠂ ᠰᠦᠢᠳᠬᠡᠯ ᠲᠤᠰᠢᠶᠠᠬᠤ᠂ ᠡᠮ ᠠᠪᠬᠤ ᠮᠥᠷᠯᠡᠬᠦ ᠬᠤᠭᠤᠴᠠᠭ᠎ᠠ ᠶᠢ ᠪᠣᠭᠤᠨᠢᠰᠬᠠᠭᠰᠠᠨ | ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ 8 ᠪᠤᠢ︔ ᠨᠡᠶᠢᠭᠡᠮ ᠤᠨ ᠰᠠᠶᠢᠨ ᠳᠤᠷ᠎ᠠ ᠶᠢᠨ ᠠᠵᠢᠯᠳᠠᠨ | ᠦᠢᠯᠡᠴᠢᠯᠡᠬᠦ ᠡᠮᠴᠢᠯᠡᠭᠡᠨ ᠤ ᠪᠠᠶᠢᠭᠤᠯᠤᠮᠵᠢ 174 ᠪᠠᠶᠢᠵᠤ᠂ ᠰᠠᠶᠢᠨ ᠳᠤᠷᠠᠴᠤᠳ ᠤᠨ ᠦᠢᠯᠡᠴᠢᠯᠡᠭᠡ ᠶᠢ | ᠥᠷᠨᠢᠭᠦᠯᠵᠦ ᠪᠠᠶᠢᠭ᠎ᠠ ᠡᠮ ᠡᠮᠨᠡᠯᠭᠡ ᠶᠢᠨ ᠪᠠᠶᠢᠭᠤᠯᠤᠮᠵᠢ 20 ᠪᠣᠯᠪᠠ᠃ |