︵1994 ᠣᠨ ᠤ 7 ᠰᠠᠷ᠎ᠠ ᠶᠢᠨ 5 ᠤ ᠡᠳᠦᠷ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠢᠮᠠᠳᠤᠭᠠᠷ | ᠬᠤᠷᠠᠯᠳᠤᠭᠠᠨ ᠠᠴᠠ ᠪᠠᠲᠤᠯᠠᠪᠠ᠂ 1994 ᠣᠨ ᠤ 7 ᠰᠠᠷ᠎ᠠ ᠶᠢᠨ 5 ᠤ ᠡᠳᠦᠷ ᠪᠦᠭᠦᠲᠡ ᠨᠠᠶᠢᠷᠠᠮᠳᠠᠬᠤ ᠳᠤᠮᠳᠠᠳᠤ | ᠠᠷᠠᠳ ᠣᠯᠣᠰ ᠤᠨ ᠲᠡᠷᠢᠭᠦᠯᠡᠭᠴᠢ ᠶᠢᠨ ᠬᠤᠷᠢᠨ ᠨᠠᠢᠮᠠᠳᠣᠭᠠᠷ ᠵᠠᠷᠯᠢᠭ ᠢᠶᠠᠷ ᠨᠡᠶᠢᠲᠡᠯᠡᠪᠡ᠂ 1995 ᠣᠨ ᠤ 1 | ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ︶ | | ᠭᠠᠷᠴᠠᠭ | ᠨᠢᠭᠡᠳᠦᠭᠡᠷ ᠪᠦᠯᠦᠭ ᠶᠡᠷᠦᠩᠬᠡᠢ ᠳᠦᠷᠢᠮ | ᠬᠤᠶᠠᠳᠤᠭᠠᠷ ᠪᠦᠯᠦᠭ ᠠᠵᠢᠯ ᠤᠯᠭᠤᠬᠤ ᠶᠢ ᠠᠬᠢᠭᠤᠯᠬᠤ | ᠭᠤᠷᠪᠠᠳᠤᠭᠠᠷ ᠪᠦᠯᠦᠭ ᠬᠦᠳᠡᠯᠮᠦᠷᠢ ᠶᠢᠨ ᠭᠡᠷ᠎ᠡ ᠪᠠ ᠬᠠᠮᠲᠤ ᠶᠢᠨ ᠭᠡᠷ᠎ᠡ | ᠲᠦᠷᠪᠡᠳᠦᠭᠡᠷ ᠪᠦᠯᠦᠭ ᠠᠵᠢᠯᠯᠠᠬᠤ ᠴᠠᠭ ᠪᠠ ᠠᠮᠠᠷᠠᠬᠤ᠂ ᠠᠮᠠᠷᠠᠯᠲᠠ ᠶᠢᠨ ᠴᠢᠯᠤᠭᠡ | ᠲᠠᠪᠤᠳᠤᠭᠠᠷ ᠪᠦᠯᠦᠭ ᠴᠠᠯᠢᠩ | ᠵᠢᠷᠭᠤᠳᠤᠭᠠᠷ ᠪᠦᠯᠦᠭ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ | ᠲᠤᠯᠤᠳᠤᠭᠠᠷ ᠪᠦᠯᠦᠭ ᠡᠮᠡᠭᠲᠠᠢ ᠠᠵᠢᠯᠲᠠᠨ ᠠᠵᠢᠯᠴᠢᠨ ᠪᠠ ᠨᠠᠰᠤᠨ ᠳᠤ ᠬᠦᠷᠦᠭᠡᠳᠦᠢ | ᠠᠵᠢᠯᠲᠠᠨ ᠤ ᠣᠨᠴᠠᠭᠠᠢ ᠬᠠᠮᠠᠭᠠᠯᠠᠯᠲᠠ | ᠨᠠᠢᠮᠠᠳᠤᠭᠠᠷ ᠪᠦᠯᠦᠭ ᠠᠵᠢᠯ ᠮᠡᠷᠭᠡᠵᠢᠯ ᠤᠨ ᠪᠤᠯᠪᠠᠰᠤᠷᠠᠯ | ᠶᠢᠰᠤᠳᠦᠭᠡᠷ ᠪᠦᠯᠦᠭ ᠨᠠᠶᠢᠭᠡᠮ ᠤᠨ ᠲᠠᠭᠠᠳᠬᠠᠯ ᠪᠠ ᠠᠰᠠᠷᠠᠮᠵᠢ | ᠠᠷᠪᠠᠳᠤᠭᠠᠷ ᠪᠦᠯᠦᠭ ᠬᠦᠳᠡᠯᠮᠦᠷᠢ ᠶᠢᠨ ᠮᠠᠷᠭᠤᠭᠠᠨ | ᠠᠷᠪᠠᠨ ᠨᠢᠭᠡᠳᠦᠭᠡᠷ ᠪᠦᠯᠦᠭ ᠬᠢᠨᠠᠯᠲᠠ ᠲᠠᠯᠪᠢᠵᠤ ᠪᠠᠶᠢᠴᠠᠭᠠᠬᠤ | ᠠᠷᠪᠠᠨ ᠬᠤᠶᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠠᠷᠪᠠᠨ ᠭᠤᠷᠪᠠᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ | | ᠨᠢᠭᠡᠳᠦᠭᠡᠷ ᠪᠦᠯᠦᠭ ᠶᠡᠷᠤᠩᠬᠡᠢ ᠲᠦᠷᠢᠮ | ᠨᠢᠭᠡᠳᠦᠭᠡᠷ ᠵᠦᠢᠯ ᠬᠦᠳᠡᠯᠮᠦᠷᠢᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ | ᠬᠦᠳᠡᠯᠮᠦᠷᠢ ᠶᠢᠨ ᠬᠠᠷᠢᠴᠠᠭ᠎ᠠ ᠶᠢ ᠲᠤᠬᠢᠷᠠᠭᠤᠯᠵᠤ ᠨᠡᠶᠢᠭᠡᠮ ᠵᠢᠷᠤᠮ ᠤᠨ ᠵᠠᠬ᠎ᠠ ᠲᠡᠯᠭᠡᠭᠦᠷ ᠤᠨ ᠠᠵᠤ ᠠᠬᠤᠢ ᠯᠤᠭ᠎ᠠ | ᠵᠤᠬᠢᠴᠠᠭᠰᠠᠨ ᠬᠦᠳᠡᠯᠮᠦᠷᠢ ᠶᠢᠨ ᠲᠦᠷᠢᠮ ᠢ ᠪᠠᠶᠢᠭᠤᠯᠤᠨ ᠬᠠᠮᠠᠭᠠᠯᠠᠵᠤ ᠠᠵᠤ ᠠᠬᠤᠢ ᠶᠢᠨ ᠬᠦᠭᠵᠢᠯᠲᠡ ᠪᠠ | ᠨᠡᠶᠢᠭᠡᠮ ᠤᠨ ᠲᠠᠪᠰᠢᠯᠲᠠ ᠶᠢ ᠠᠬᠢᠭᠤᠯᠬᠤ ᠶᠢᠨ ᠲᠦᠯᠦᠭᠡ ᠦᠨᠳᠤᠰᠤᠨ ᠬᠠᠤᠯᠢ ᠶᠢ ᠦᠨᠳᠤᠰᠦᠯᠡᠨ ᠲᠤᠰ ᠬᠠᠤᠯᠢ ᠶᠢ | | ᠲᠤᠭᠲᠠᠭᠠᠪᠠ᠃ | ᠬᠤᠶᠠᠳᠤᠭᠠᠷ ᠵᠦᠢᠯ ᠪᠦᠬᠦᠲᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠢᠯᠢ ᠶᠢᠨ | ᠲᠤᠲᠤᠷᠠᠬᠢ ᠠᠵᠤ ᠠᠬᠤᠶᠢᠯᠠᠯ᠂ ᠬᠤᠪᠢ ᠶᠢᠨ ᠵᠤᠬᠢᠶᠠᠨ ᠪᠠᠶᠢᠭᠤᠯᠤᠯᠲᠠ ︵ᠲᠤᠷᠤᠭᠰᠢ ᠨᠡᠶᠢᠲᠡ ᠳᠤᠨᠢ ᠬᠦᠮᠦᠨ | ᠬᠡᠷᠡᠭᠯᠡᠬᠦ ᠨᠢᠭᠡᠴᠢ ᠭᠡᠵᠤ ᠨᠡᠷᠡᠯᠡᠨ᠎ᠡ︶ ᠬᠢᠭᠡᠳ ᠲᠡᠭᠦᠨ ᠯᠦᠭᠡ ᠬᠦᠳᠡᠯᠮᠦᠷᠢ ᠶᠢᠨ ᠬᠠᠷᠢᠴᠠᠭ᠎ᠠ ᠲᠠᠢ ᠪᠤᠯᠤᠭᠰᠠᠨ | ᠬᠦᠳᠡᠯᠮᠦᠷᠢᠴᠢᠳ ᠲᠤᠰ ᠬᠠᠤᠯᠢ ᠶᠢ ᠬᠡᠷᠡᠭᠯᠡᠨ᠎ᠡ᠃ | ᠲᠦᠷᠦ ᠶᠢᠨ ᠪᠠᠶᠢᠭᠤᠯᠭ᠎ᠠ᠂ ᠠᠵᠢᠯ ᠦᠢᠯᠡᠰ ᠤᠨ ᠵᠤᠬᠢᠶᠠᠨ ᠪᠠᠶᠢᠭᠤᠯᠤᠯᠲᠠ᠂ ᠨᠡᠶᠢᠭᠡᠮ ᠤᠨ ᠪᠦᠯᠬᠦᠮ | ᠪᠠ ᠲᠡᠭᠦᠨ ᠯᠦᠭᠡ ᠬᠦᠳᠡᠯᠮᠦᠷᠢ ᠶᠢᠨ ᠭᠡᠷ᠎ᠡ ᠶᠢᠨ ᠬᠠᠷᠢᠴᠠᠭ᠎ᠠ ᠪᠠᠶᠢᠭᠤᠯᠤᠭᠰᠠᠨ ᠬᠦᠳᠡᠯᠮᠦᠷᠢᠴᠢᠨ ᠲᠤᠰ ᠬᠠᠤᠯᠢ ᠶᠢᠨ | ᠶᠤᠰᠤᠭᠠᠷ ᠬᠡᠷᠡᠭᠵᠢᠭᠦᠯᠦᠨ᠎ᠡ᠃ | ᠭᠤᠷᠪᠠᠳᠤᠭᠠᠷ ᠵᠦᠢᠯ ᠬᠦᠳᠡᠯᠮᠦᠷᠢᠴᠢᠨ ᠡᠷᠭᠡ ᠲᠡᠭᠰᠢ ᠪᠠᠷ ᠠᠵᠢᠯ ᠤᠯᠬᠤ ᠪᠠ ᠠᠵᠢᠯ ᠮᠡᠷᠭᠡᠵᠢᠯ | ᠰᠤᠩᠭᠤᠬᠤ ᠡᠷᠬᠡ᠂ ᠬᠦᠳᠡᠯᠮᠦᠷᠢ ᠶᠢᠨ ᠤᠯᠭᠤᠮᠵᠢ ᠤᠯᠬᠤ ᠡᠷᠬᠡ᠂ ᠠᠮᠠᠷᠠᠬᠤ᠂ ᠠᠮᠠᠷᠠᠯᠲᠠ ᠶᠢᠨ ᠴᠢᠯᠤᠭᠡ ᠠᠪᠬᠤ | ᠡᠷᠬᠡ᠂ ᠬᠦᠳᠡᠯᠮᠦᠷᠢ ᠶᠢᠨ ᠠᠶᠤᠯᠭᠦᠢ ᠪᠠᠶᠢᠬᠤ᠂ ᠡᠷᠡᠭᠦᠯ ᠬᠠᠮᠠᠭᠠᠯᠠᠯ ᠤᠨ ᠬᠠᠮᠠᠭᠠᠯᠠᠯᠠᠲᠠ ᠶᠢ ᠤᠯᠬᠤ ᠡᠷᠬᠡ᠂ ᠠᠵᠢᠯ | ᠮᠡᠷᠭᠡᠵᠢᠯ ᠤᠨ ᠮᠡᠷᠭᠡᠰᠢᠯ ᠴᠢᠳᠠᠪᠤᠷᠢ ᠶᠢᠨ ᠪᠤᠯᠪᠠᠰᠤᠷᠠᠯ ᠬᠦᠷᠲᠡᠬᠦ ᠡᠷᠬᠡ᠂ ᠨᠡᠶᠢᠭᠡᠮ ᠤᠨ ᠲᠠᠭᠠᠳᠬᠠᠯ ᠪᠠ | ᠠᠰᠠᠷᠠᠮᠵᠢ ᠶᠢ ᠡᠳ᠋ᠯᠡᠬᠦ ᠡᠷᠭᠡ᠂ ᠬᠦᠳᠡᠯᠮᠦᠷᠢ ᠶᠢᠨ ᠮᠠᠷᠭᠤᠭᠠᠨ ᠢ ᠰᠢᠢᠳᠪᠦᠷᠢᠯᠡᠬᠦ ᠪᠠᠷ ᠲᠡᠪᠰᠢᠭᠦᠯᠬᠦ ᠡᠷᠬᠡ ᠲᠠᠢ | ᠪᠦᠭᠡᠳ ᠬᠠᠤᠯᠢ ᠳᠤ ᠲᠤᠭᠲᠠᠭᠠᠭᠰᠠᠨ ᠪᠤᠰᠤᠳ ᠬᠦᠳᠡᠯᠮᠦᠷᠢ ᠶᠢᠨ ᠡᠷᠬᠡ ᠶᠢ ᠡᠳ᠋ᠯᠡᠨ᠎ᠡ᠃ | ᠬᠦᠳᠡᠯᠮᠦᠷᠢᠴᠢᠨ ᠬᠦᠳᠡᠯᠮᠦᠷᠢ ᠶᠢᠨ ᠡᠭᠦᠷᠭᠡ ᠪᠠᠨ ᠪᠡᠶᠡᠯᠡᠭᠦᠯᠵᠤ᠂ ᠠᠵᠢᠯ ᠮᠡᠷᠭᠡᠵᠢᠯ ᠤᠨ ᠮᠡᠷᠭᠡᠰᠢᠯ | ᠴᠢᠳᠠᠪᠤᠷᠢ ᠪᠠᠨ ᠲᠡᠭᠡᠭᠰᠢᠯᠡᠭᠦᠯᠦᠨ᠂ ᠬᠦᠳᠡᠯᠮᠦᠷᠢ ᠶᠢᠨ ᠠᠶᠤᠯᠭᠦᠢ ᠪᠠᠶᠢᠬᠤ᠂ ᠡᠷᠡᠭᠦᠯ ᠬᠠᠮᠠᠭᠠᠯᠠᠯ ᠤᠨ ᠲᠤᠬᠠᠢ | ᠲᠦᠷᠢᠮ ᠲᠤᠭᠲᠠᠭᠠᠯ ᠢ ᠬᠡᠷᠡᠭᠵᠢᠭᠦᠯᠦᠨ᠂ ᠬᠦᠳᠡᠯᠮᠦᠷᠢ ᠶᠢᠨ ᠰᠠᠬᠢᠯᠭ᠎ᠠ ᠪᠠᠲᠤ ᠪᠠ ᠠᠵᠢᠯ ᠮᠡᠷᠭᠡᠵᠢᠯ ᠤᠨ ᠶᠤᠰᠤ | ᠮᠤᠷᠠᠯ ᠢ ᠵᠢᠷᠤᠮᠯᠠᠬᠤ ᠬᠡᠷᠡᠭᠲᠠᠢ᠃ | ᠲᠦᠷᠪᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠲᠦᠷᠢᠮ ᠲᠤᠭᠲᠠᠭᠠᠯ ᠢᠶᠠᠨ ᠬᠠᠤᠯᠢ ᠶᠤᠰᠤᠭᠠᠷ | ᠪᠠᠶᠢᠭᠤᠯᠤᠨ ᠲᠡᠭᠦᠯᠳᠡᠷᠵᠢᠭᠦᠯᠵᠤ᠂ ᠬᠦᠳᠡᠯᠮᠦᠷᠢᠴᠢᠳ ᠤᠨ ᠬᠦᠳᠡᠯᠮᠦᠷᠢᠯᠡᠬᠦ ᠡᠷᠬᠡ ᠡᠳ᠋ᠯᠡᠬᠦ ᠪᠠ ᠬᠦᠳᠡᠯᠮᠦᠷᠢ ᠶᠢᠨ | ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠠᠢ᠃ | ᠲᠠᠪᠤᠳᠦᠭᠠᠷ ᠵᠦᠢᠯ ᠤᠯᠤᠰ ᠠᠴᠠ ᠠᠷᠭ᠎ᠠ ᠬᠡᠮᠵᠢᠶ᠎ᠡ ᠠᠪᠴᠤ ᠪᠠᠶᠢᠭᠠᠳ ᠬᠦᠳᠡᠯᠮᠦᠷᠢ ᠠᠵᠢᠯ | ᠤᠯᠭᠤᠬᠤ ᠶᠢ ᠠᠬᠢᠭᠤᠯᠤᠨ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠬᠦᠭᠵᠢᠭᠦᠯᠵᠤ᠂ ᠬᠦᠳᠡᠯᠮᠦᠷᠢ ᠶᠢᠨ | ᠪᠠᠷᠢᠮᠵᠢᠶ᠎ᠠ ᠶᠢ ᠲᠤᠭᠲᠠᠭᠠᠨ᠂ ᠨᠡᠶᠢᠭᠡᠮ ᠤᠨ ᠤᠷᠤᠯᠭ᠎ᠠ ᠶᠢ ᠲᠤᠬᠢᠷᠠᠭᠤᠯᠵᠤ᠂ ᠨᠡᠶᠢᠭᠡᠮ ᠤᠨ ᠲᠠᠭᠠᠳᠬᠠᠯ ᠢ | ᠲᠡᠭᠦᠯᠳᠡᠷᠵᠢᠭᠦᠯᠦᠨ᠂ ᠬᠦᠳᠡᠯᠮᠦᠷᠢ ᠶᠢᠨ ᠬᠠᠷᠢᠴᠠᠭ᠎ᠠ ᠶᠢ ᠵᠤᠬᠢᠴᠠᠭᠤᠯᠵᠤ᠂ ᠬᠦᠳᠡᠯᠮᠦᠷᠢᠴᠢᠳ ᠤᠨ ᠠᠮᠢᠳᠤᠷᠠᠯ ᠤᠨ | ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠲᠡᠭᠡᠭᠰᠢᠯᠡᠭᠦᠯᠦᠨ᠎ᠡ᠃ | ᠵᠢᠷᠭᠤᠳᠤᠭᠠᠷ ᠵᠦᠢᠯ ᠤᠯᠤᠰ ᠠᠴᠠ ᠬᠦᠳᠡᠯᠮᠦᠷᠢᠴᠢᠳ ᠤᠨ ᠨᠡᠶᠢᠭᠡᠮ ᠤᠨ ᠠᠯᠪᠠᠨ ᠵᠢᠷᠤᠮ ᠤᠨ | ᠬᠦᠳᠡᠯᠮᠦᠷᠢ ᠳᠤ ᠣᠷᠣᠯᠴᠠᠬᠤ᠂ ᠬᠦᠳᠡᠯᠮᠦᠷᠢ ᠶᠢᠨ ᠤᠷᠤᠯᠳᠤᠭᠠᠨ ᠦᠷᠨᠢᠭᠦᠯᠬᠦ ᠪᠠ ᠵᠦᠢ ᠲᠠᠢ ᠰᠠᠨᠠᠭᠤᠯᠭ᠎ᠠ ᠭᠠᠷᠭᠠᠬᠤ | ᠠᠵᠢᠯᠯᠠᠭ᠎ᠠ ᠦᠷᠨᠢᠭᠦᠯᠬᠦ ᠶᠢ ᠰᠠᠨᠠᠭᠠᠴᠢᠯᠠᠵᠤ᠂ ᠬᠦᠳᠡᠯᠮᠦᠷᠢᠴᠢᠳ ᠤᠨ ᠰᠢᠨᠵᠢᠯᠡᠬᠦ ᠤᠬᠠᠭᠠᠨ ᠤ ᠰᠣᠳᠤᠯᠤᠯ᠂ ᠲᠧᠭᠨᠢᠭ | ᠮᠡᠷᠭᠡᠵᠢᠯ ᠤᠨ ᠰᠢᠨᠡᠴᠢᠯᠡᠯᠲᠡ ᠪᠠ ᠡᠭᠦᠳᠤᠨ ᠪᠦᠲᠦᠭᠡᠯᠲᠡ ᠬᠢᠬᠦ ᠶᠢ ᠵᠤᠷᠢᠭᠵᠢᠭᠤᠯᠤᠨ ᠬᠠᠮᠠᠭᠠᠯᠠᠵᠤ᠂ | ᠬᠦᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠬᠦᠬᠢᠭᠦᠯᠦᠨ ᠱᠠᠩᠨᠠᠨ᠎ᠠ᠃ | ᠲᠤᠯᠤᠳᠦᠭᠠᠷ ᠵᠦᠢᠯ ᠬᠦᠳᠡᠯᠮᠦᠷᠢᠴᠢᠨ ᠬᠠᠤᠯᠢ ᠶᠤᠰᠤᠭᠠᠷ ᠠᠵᠢᠯᠴᠢᠨ ᠤ ᠡᠪᠯᠡᠯ ᠳᠤ ᠣᠷᠣᠯᠴᠠᠬᠤ ᠪᠠ | ᠠᠵᠢᠯᠴᠢᠨ ᠤ ᠡᠪᠯᠡᠯ ᠢ ᠵᠤᠬᠢᠶᠠᠨ ᠪᠠᠶᠢᠭᠤᠯᠬᠤ ᠡᠷᠬᠡ ᠲᠠᠢ᠃ ᠠᠵᠢᠯᠴᠢᠨ ᠤ ᠡᠪᠯᠡᠯ ᠬᠦᠳᠡᠯᠮᠦᠷᠢᠴᠢᠳ ᠤᠨ ᠬᠠᠤᠯᠢ | ᠶᠤᠰᠤᠨ ᠤ ᠡᠷᠬᠡ ᠠᠰᠢᠭ ᠢ ᠲᠦᠯᠦᠭᠡᠯᠡᠨ ᠬᠠᠮᠠᠭᠠᠯᠠᠵᠤ᠂ ᠬᠠᠤᠯᠢ ᠶᠤᠰᠤᠭᠠᠷ ᠪᠡᠶ᠎ᠡ ᠪᠠᠨ ᠲᠠᠭᠠᠭᠠᠵᠤ ᠡᠵᠡᠨ ᠮᠡᠳᠡᠨ | ᠠᠵᠢᠯᠯᠠᠭ᠎ᠠ ᠪᠠᠨ ᠦᠷᠨᠢᠭᠦᠯᠦᠨ᠎ᠡ᠃ | ᠨᠠᠢᠮᠠᠳᠣᠭᠠᠷ ᠵᠦᠢᠯ ᠬᠦᠳᠡᠯᠮᠦᠷᠢᠴᠢᠳ ᠬᠠᠤᠯᠢ ᠶᠢᠨ ᠲᠤᠭᠲᠠᠭᠠᠯ ᠶᠤᠰᠤᠭᠠᠷ ᠠᠵᠢᠯᠲᠠᠨ ᠠᠵᠢᠯᠴᠢᠨ ᠤ | ᠶᠡᠭᠡ ᠬᠤᠷᠠᠯ᠂ ᠠᠵᠢᠯᠲᠠᠨ ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ ᠪᠤᠶᠤ ᠪᠤᠰᠤᠳ ᠬᠡᠯᠪᠡᠷᠢ ᠪᠠᠷ | ᠲᠠᠮᠵᠢᠭᠤᠯᠤᠨ ᠠᠷᠠᠳᠴᠢᠯᠠᠭᠰᠠᠨ ᠬᠠᠮᠢᠶᠠᠷᠤᠯᠲᠠ ᠳᠤ ᠤᠷᠤᠯᠴᠠᠬᠤ ᠪᠤᠶᠤ ᠬᠦᠳᠡᠯᠮᠦᠷᠢᠴᠢᠳ ᠤᠨ ᠬᠠᠤᠯᠢ ᠶᠤᠰᠤᠨ ᠤ | ᠡᠷᠬᠡ ᠠᠰᠢᠭ ᠢ ᠬᠠᠮᠠᠭᠠᠯᠠᠬᠤ ᠠᠰᠠᠭᠤᠳᠠᠯ ᠤᠨ ᠲᠤᠬᠠᠢ ᠬᠦᠮᠦᠨ ᠬᠡᠷᠡᠭᠯᠡᠬᠦ ᠨᠢᠭᠡᠴᠢ ᠲᠠᠢ ᠡᠷᠬᠡ ᠲᠡᠭᠰᠢ ᠪᠠᠷ | ᠵᠦᠪᠳᠡᠯᠴᠡᠨ᠎ᠡ᠃ | ᠶᠢᠰᠤᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠪᠦᠬᠦ ᠣᠯᠣᠰ ᠤᠨ ᠬᠦᠳᠡᠯᠮᠦᠷᠢ ᠶᠢᠨ ᠠᠵᠢᠯ ᠢ ᠡᠷᠬᠢᠯᠡᠨ ᠬᠠᠮᠢᠶᠠᠷᠤᠨ᠎ᠠ᠃ | ᠰᠢᠶᠠᠨ ᠤ ᠱᠠᠲᠤᠨ ᠠᠴᠠ ᠲᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠤᠨ ᠤ ᠬᠦᠳᠡᠯᠮᠦᠷᠢ ᠶᠢᠨ | ᠵᠠᠰᠠᠭ ᠵᠠᠬᠢᠷᠭᠠᠨ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ ᠤᠷᠤᠨ ᠤ ᠪᠠᠨ ᠲᠤᠲᠤᠷᠠᠬᠢ ᠬᠦᠳᠡᠯᠮᠦᠷᠢᠴᠢᠨ ᠤ | ᠠᠵᠢᠯ ᠢ ᠬᠠᠮᠢᠶᠠᠷᠤᠨ᠎ᠠ᠃ | ᠬᠤᠶᠠᠳᠤᠭᠠᠷ ᠪᠦᠯᠦᠭ ᠠᠵᠢᠯ ᠤᠯᠭᠤᠬᠤ ᠶᠢ ᠠᠬᠢᠭᠤᠯᠬᠤ | ᠠᠷᠪᠠᠳᠤᠭᠠᠷ ᠵᠦᠢᠯ ᠤᠯᠤᠰ ᠠᠴᠠ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢ | ᠠᠬᠢᠭᠤᠯᠬᠤ ᠪᠠᠷ ᠲᠠᠮᠵᠢᠭᠤᠯᠤᠨ ᠠᠵᠢᠯ ᠤᠯᠭᠤᠬᠤ ᠨᠦᠬᠦᠴᠡᠯ ᠢ ᠪᠤᠢ ᠪᠤᠯᠭᠠᠵᠤ᠂ ᠠᠵᠢᠯ ᠣᠯᠬᠤ ᠲᠤᠬᠢᠶᠠᠯ ᠢ | ᠦᠷᠭᠡᠳᠭᠡᠨ᠎ᠡ᠃ | ᠤᠯᠤᠰ ᠠᠴᠠ ᠠᠵᠤ ᠠᠬᠤᠶᠢᠯᠠᠯ᠂ ᠠᠵᠢᠯ ᠦᠢᠯᠡᠰ ᠤᠨ ᠵᠤᠬᠢᠶᠠᠨ ᠪᠠᠶᠢᠭᠤᠯᠤᠯᠲᠠ᠂ ᠨᠡᠶᠢᠭᠡᠮ ᠤᠨ | ᠪᠦᠯᠬᠦᠮ ᠤᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠤᠨ ᠲᠤᠭᠲᠠᠭᠠᠭᠰᠠᠨ ᠬᠡᠪᠴᠢᠶᠡᠨ | ᠲᠤᠲᠤᠷ᠎ᠠ ᠠᠵᠤ ᠦᠢᠯᠡᠳᠪᠦᠷᠢᠯᠡᠯ ᠡᠷᠬᠢᠯᠡᠬᠦ ᠪᠤᠶᠤ ᠡᠵᠡᠩᠨᠡᠯᠲᠡ ᠪᠠᠨ ᠦᠷᠭᠡᠳᠭᠡᠨ ᠠᠵᠢᠯ ᠣᠯᠭᠤᠬᠤ ᠶᠠᠪᠤᠳᠠᠯ ᠢ | ᠨᠡᠮᠡᠭᠳᠡᠭᠦᠯᠬᠦ ᠶᠢ ᠵᠤᠷᠢᠭᠵᠢᠭᠤᠯᠠᠨ᠎ᠠ᠃ | ᠣᠯᠣᠰ ᠠᠴᠠ ᠬᠦᠳᠡᠯᠮᠦᠷᠢᠴᠢᠳ ᠤᠨ ᠰᠠᠶᠢᠨ ᠲᠤᠷ᠎ᠠ ᠠᠴᠠ ᠪᠠᠨ ᠵᠤᠬᠢᠶᠠᠨ ᠪᠠᠶᠢᠭᠤᠯᠤᠯᠴᠠᠵᠤ ᠠᠵᠢᠯ | ᠲᠠᠢ ᠪᠤᠯᠬᠤ ᠪᠠ ᠬᠤᠪᠢ ᠶᠢᠨ ᠡᠵᠡᠩᠨᠡᠯᠲᠠ ᠶᠢ ᠡᠷᠬᠢᠯᠡᠨ ᠠᠵᠢᠯ ᠲᠠᠢ ᠪᠤᠯᠬᠤ ᠶᠢ ᠵᠤᠷᠢᠭᠵᠢᠭᠤᠯᠤᠨ᠎ᠠ᠃ | ᠠᠷᠪᠠᠨ ᠨᠢᠭᠡᠳᠦᠭᠡᠷ ᠵᠦᠢᠯ ᠣᠷᠤᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ | ᠤᠷᠳᠤᠨ ᠠᠷᠭ᠎ᠠ ᠬᠡᠮᠵᠢᠶ᠎ᠡ ᠠᠪᠴᠤ ᠠᠵᠢᠯ ᠲᠠᠨᠢᠯᠴᠠᠭᠤᠯᠬᠤ ᠤᠯᠠᠨ ᠬᠡᠯᠪᠡᠷᠢ ᠶᠢᠨ ᠪᠠᠶᠢᠭᠤᠯᠤᠮᠵᠢ ᠶᠢ ᠬᠦᠭᠵᠢᠭᠦᠯᠦᠨ᠂ | ᠠᠵᠢᠯ ᠤᠯᠭᠤᠬᠤ ᠦᠢᠯᠡᠴᠢᠯᠡᠭᠡ ᠬᠠᠩᠭᠠᠬᠤ ᠬᠡᠷᠡᠭᠲᠠᠢ᠃ | ᠠᠷᠪᠠᠨ ᠬᠤᠶᠠᠳᠤᠭᠠᠷ ᠵᠦᠢᠯ ᠬᠦᠳᠡᠯᠮᠦᠷᠢᠴᠢᠨ ᠠᠵᠢᠯ ᠤᠯᠬᠤ ᠳᠠᠭᠠᠨ ᠦᠨᠳᠦᠰᠦᠲᠡᠨ᠂ ᠶᠠᠰᠤᠲᠠᠨ | ᠂ ᠴᠢᠨᠠᠷ ᠤᠨ ᠢᠯᠭᠠᠯ᠂ ᠱᠠᠰᠢᠨ ᠰᠢᠲᠤᠯᠭᠡ ᠠᠳᠠᠯᠢ ᠦᠭᠡᠢ ᠶᠢᠨ ᠬᠠᠷᠠᠭ᠎ᠠ ᠪᠠᠷ ᠭᠠᠳᠠᠷᠭᠤᠴᠢᠯᠠᠭᠳᠠᠬᠤ ᠦᠭᠡᠢ᠃ | ᠠᠷᠪᠠᠨ ᠭᠤᠷᠪᠠᠳᠤᠭᠠᠷ ᠵᠦᠢᠯ ᠡᠮᠡᠭᠲᠠᠶᠢᠴᠤᠳ ᠡᠷᠡᠭᠲᠠᠶᠢᠴᠣᠳ ᠲᠠᠢ ᠡᠷᠭᠡ ᠲᠡᠭᠰᠢ ᠪᠠᠷ ᠠᠵᠢᠯ | ᠤᠯᠬᠤ ᠡᠷᠬᠡ ᠶᠢ ᠡᠳ᠋ᠯᠡᠨ᠎ᠡ᠃ ᠠᠵᠢᠯᠲᠠᠨ ᠠᠵᠢᠯᠴᠢᠨ ᠢ ᠡᠯᠰᠡᠵᠤ ᠠᠪᠬᠤ ᠳᠠᠭᠠᠨ ᠡᠮᠡᠭᠲᠠᠶᠢᠴᠤᠳ ᠲᠤ ᠲᠤᠬᠢᠷᠠᠬᠤ | ᠦᠭᠡᠢ ᠭᠡᠵᠤ ᠤᠯᠤᠰ ᠠᠴᠠ ᠲᠤᠭᠲᠠᠭᠠᠭᠰᠠᠨ ᠠᠵᠢᠯ ᠲᠦᠷᠦᠯ ᠪᠤᠶᠤ ᠠᠵᠢᠯ ᠤᠨ ᠪᠠᠶᠢᠷᠢ ᠶᠢ ᠭᠠᠷᠭᠠᠪᠠᠯ ᠴᠢᠨᠠᠷ ᠤᠨ | ᠢᠯᠭᠠᠯ ᠢᠶᠠᠷ ᠰᠢᠯᠳᠠᠭ ᠪᠤᠯᠭᠠᠨ ᠡᠮᠡᠭᠲᠠᠶᠢᠴᠤᠳ ᠢ ᠡᠯᠰᠡᠵᠤ ᠠᠪᠬᠤ ᠦᠭᠡᠢ ᠪᠤᠶᠤ ᠡᠮᠡᠭᠲᠠᠶᠢᠴᠣᠳ ᠢ ᠡᠯᠰᠡᠵᠤ ᠠᠪᠬᠤ | ᠪᠠᠷᠢᠮᠵᠢᠶ᠎ᠠ ᠶᠢ ᠲᠡᠭᠡᠭᠰᠢᠯᠡᠭᠦᠯᠵᠤ ᠪᠤᠯᠬᠤ ᠦᠭᠡᠢ᠃ | ᠠᠷᠪᠠᠨ ᠲᠦᠷᠪᠡᠳᠦᠭᠡᠷ ᠵᠦᠢᠯ ᠵᠡᠮᠳᠡᠭᠴᠤᠳ᠂ ᠴᠦᠬᠡᠨ ᠲᠤᠭᠠᠲᠤ ᠦᠨᠳᠦᠰᠦᠲᠡᠨ ᠤ ᠬᠦᠮᠦᠰ᠂ | ᠵᠢᠩᠬᠢᠨᠢ ᠠᠯᠪᠠᠨ ᠠᠴᠠ ᠪᠠᠭᠤᠭᠰᠠᠨ ᠴᠡᠷᠢᠭ ᠤᠨ ᠬᠦᠮᠦᠨ ᠠᠵᠢᠯ ᠤᠯᠬᠤ ᠳᠤ ᠬᠠᠤᠯᠢ ᠴᠠᠭᠠᠵᠠ ᠬᠠᠤᠯᠢ ᠲᠤᠭᠲᠠᠭᠠᠯ | ᠳᠤ ᠤᠨᠴᠠᠭᠠᠢ ᠲᠤᠭᠲᠠᠭᠠᠯ ᠲᠠᠢ ᠪᠠᠶᠢᠪᠠᠯ ᠲᠡᠷᠡ ᠲᠤᠭᠲᠠᠭᠠᠯ ᠶᠤᠰᠤᠭᠠᠷ ᠬᠡᠷᠡᠭᠵᠢᠭᠦᠯᠦᠨ᠎ᠡ᠃ | ᠠᠷᠪᠠᠨ ᠲᠠᠪᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠶᠢᠨ ᠪᠦᠬᠦᠯᠢ ᠠᠷᠪᠠᠨ ᠵᠢᠷᠭᠤᠭᠠᠨ ᠨᠠᠰᠤ | ᠬᠦᠷᠦᠭᠡᠳᠦᠢ ᠨᠠᠰᠤᠨ ᠳᠤ ᠦᠯᠦ ᠬᠦᠷᠦᠭᠰᠡᠳ ᠢ ᠡᠯᠰᠡᠵᠤ ᠬᠡᠷᠡᠭᠯᠡᠬᠦ ᠶᠢ ᠴᠠᠭᠠᠵᠠᠯᠠᠨ᠎ᠠ᠃ | ᠤᠳᠬ᠎ᠠ ᠤᠷᠠᠯᠢᠭ᠂ ᠪᠡᠶ᠎ᠡ ᠶᠢᠨ ᠲᠠᠮᠢᠷ ᠪᠠ ᠣᠨᠴᠠᠭᠠᠢ ᠲᠦᠷᠦᠯ ᠤᠨ ᠤᠷᠠᠨ ᠮᠡᠷᠭᠡᠰᠢᠯ ᠤᠨ ᠨᠢᠭᠡᠴᠢ | ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳᠦᠢ ᠨᠠᠰᠤᠨ ᠳᠤ ᠦᠯᠦ ᠬᠦᠷᠦᠭᠰᠡᠳ ᠢ ᠡᠯᠰᠡᠵᠤ ᠬᠡᠷᠡᠭᠯᠡᠬᠦ ᠳᠡᠭᠡᠨ | ᠡᠷᠬᠡᠪᠰᠢ ᠤᠯᠤᠰ ᠤᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠬᠢᠨᠠᠨ ᠵᠦᠪᠰᠢᠶᠡᠷᠡᠭᠦᠯᠬᠦ ᠭᠠᠷ ᠭᠦᠢᠴᠡᠳᠭᠡᠯ ᠢ | ᠬᠦᠢᠴᠡᠳᠭᠡᠬᠦ ᠬᠡᠷᠡᠭᠲᠠᠢ ᠪᠦᠭᠡᠳ ᠲᠡᠲᠡ ᠨᠠᠷ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠲᠡᠬᠦ ᠡᠷᠬᠡ | ᠠᠰᠢᠭ ᠢ ᠪᠠᠲᠤᠯᠠᠬᠤ ᠬᠡᠷᠡᠭᠲᠠᠢ᠃ | ᠭᠤᠷᠪᠠᠳᠤᠭᠠᠷ ᠪᠦᠯᠦᠭ ᠬᠦᠳᠡᠯᠮᠦᠷᠢ ᠶᠢᠨ ᠭᠡᠷ᠎ᠡ ᠪᠠ ᠬᠠᠮᠲᠤ ᠶᠢᠨ ᠭᠡᠷ᠎ᠡ | ᠠᠷᠪᠠᠨ ᠵᠢᠷᠭᠤᠳᠤᠭᠠᠷ ᠵᠦᠢᠯ ᠬᠦᠳᠡᠯᠮᠦᠷᠢ ᠶᠢᠨ ᠭᠡᠷ᠎ᠡ ᠪᠤᠯ ᠬᠦᠳᠡᠯᠮᠦᠷᠢᠴᠢᠨ ᠬᠢᠭᠡᠳ ᠬᠦᠮᠦᠨ | ᠬᠡᠷᠡᠭᠯᠡᠬᠦ ᠨᠢᠭᠡᠴᠢ ᠶᠢᠨ ᠬᠦᠳᠡᠯᠮᠦᠷᠢ ᠶᠢᠨ ᠬᠠᠷᠢᠴᠠᠭ᠎ᠠ ᠪᠠᠶᠢᠭᠤᠯᠬᠤ᠂ ᠬᠤᠶᠠᠷ ᠡᠲᠡᠭᠡᠳ ᠤᠨ ᠡᠷᠬᠡ ᠪᠠ ᠡᠭᠦᠷᠭᠡ ᠪᠠᠨ | ᠲᠤᠳᠤᠷᠬᠠᠶᠢᠯᠠᠬᠤ ᠬᠡᠯᠡᠯᠴᠡᠭᠡᠷ ᠮᠦᠨ᠃ | ᠬᠦᠳᠡᠯᠮᠦᠷᠢ ᠶᠢᠨ ᠬᠠᠷᠢᠴᠠᠭ᠎ᠠ ᠪᠠᠶᠢᠭᠤᠯᠬᠤ ᠳᠤ ᠬᠦᠳᠡᠯᠮᠦᠷᠢ ᠶᠢᠨ ᠭᠡᠷ᠎ᠡ ᠪᠠᠶᠢᠭᠤᠯᠬᠤ ᠬᠡᠷᠡᠭᠲᠠᠢ᠃ | ᠠᠷᠪᠠᠨ ᠲᠤᠯᠤᠳᠤᠭᠠᠷ ᠵᠦᠢᠯ ᠬᠦᠳᠡᠯᠮᠦᠷᠢ ᠶᠢᠨ ᠭᠡᠷ᠎ᠡ ᠶᠢ ᠲᠤᠭᠲᠠᠭᠠᠬᠤ ᠪᠠ | ᠬᠤᠪᠢᠷᠠᠭᠤᠯᠬᠤ ᠳᠠᠭᠠᠨ ᠡᠷᠬᠡ ᠲᠡᠭᠰᠢ ᠰᠠᠶᠢᠨ ᠲᠤᠷ᠎ᠠ ᠶᠢᠨ᠂ ᠵᠦᠪᠳᠡᠯᠴᠡᠨ ᠨᠢᠭᠡᠳᠬᠦ ᠵᠠᠷᠴᠢᠮ ᠢ ᠵᠢᠷᠤᠮᠯᠡᠬᠤ ᠬᠡᠷᠡᠭᠲᠠᠢ | ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠦᠷᠢᠮ ᠤᠨ ᠲᠤᠭᠳᠠᠭᠠᠯ ᠠᠴᠠ ᠵᠦᠷᠢᠴᠡᠵᠤ ᠪᠤᠯᠬᠤ ᠦᠭᠡᠢ᠃ | ᠬᠦᠳᠡᠯᠮᠦᠷᠢ ᠶᠢᠨ ᠭᠡᠷ᠎ᠡ ᠨᠢ ᠬᠠᠤᠯᠢ ᠶᠤᠰᠤᠭᠠᠷ ᠲᠤᠭᠲᠠᠭᠠᠭᠳᠠᠮᠠᠭᠴᠠ ᠬᠠᠤᠯᠢ ᠴᠠᠭᠠᠵᠠ ᠶᠢᠨ | ᠬᠢᠵᠠᠭᠠᠷᠯᠠᠬᠤ ᠬᠦᠴᠦᠨ ᠲᠠᠢ ᠪᠤᠯᠤᠨ᠎ᠠ᠂ ᠬᠦᠳᠡᠯᠮᠦᠷᠢ ᠶᠢᠨ ᠭᠡᠷ᠎ᠡ ᠳᠤ ᠲᠤᠭᠲᠠᠭᠠᠭᠰᠠᠨ ᠡᠭᠦᠷᠭᠡ ᠶᠢ ᠲᠤᠬᠠᠢ ᠶᠢᠨ | ᠬᠦᠮᠦᠨ ᠡᠷᠬᠡᠪᠰᠢ ᠬᠦᠢᠴᠡᠳᠭᠡᠬᠦ ᠬᠡᠷᠡᠭᠲᠠᠢ᠃ | ᠠᠷᠪᠠᠨ ᠨᠠᠢᠮᠠᠳᠤᠭᠠᠷ ᠵᠦᠢᠯ ᠲᠤᠤᠷ᠎ᠠ ᠵᠢᠭᠰᠠᠭᠠᠭᠰᠠᠨ ᠬᠦᠳᠡᠯᠮᠦᠷᠢ ᠶᠢᠨ ᠭᠡᠷ᠎ᠡ ᠬᠦᠴᠦᠨ ᠦᠭᠡᠢ᠄ | ︵ᠨᠢᠭᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠠᠴᠠ ᠵᠦᠷᠢᠴᠡᠭᠰᠡᠨ | ᠬᠦᠳᠡᠯᠮᠦᠷᠢ ᠶᠢᠨ ᠭᠡᠷ᠎ᠡ︔ | ︵ᠬᠤᠶᠠᠷ︶ ᠮᠡᠬᠡᠯᠡᠨ ᠬᠢᠬᠠᠬᠤ᠂ ᠰᠦᠷᠳᠡᠭᠦᠯᠬᠦ ᠵᠡᠷᠭᠡ ᠠᠷᠭ᠎ᠠ ᠪᠠᠷᠢᠯ ᠢ ᠬᠡᠷᠡᠭᠯᠡᠨ ᠲᠤᠭᠲᠠᠭᠠᠭᠰᠠᠨ | ᠬᠦᠳᠡᠯᠮᠦᠷᠢ ᠶᠢᠨ ᠭᠡᠷ᠎ᠡ︔ | ᠬᠦᠴᠦᠨ ᠦᠭᠡᠢ ᠬᠦᠳᠡᠯᠮᠦᠷᠢ ᠶᠢᠨ ᠭᠡᠷ᠎ᠡ ᠨᠢ ᠲᠤᠭᠲᠠᠭᠠᠭᠳᠠᠭᠰᠠᠨ ᠴᠠᠭ ᠠᠴᠠ ᠪᠠᠨ ᠡᠬᠢᠯᠡᠭᠡᠳ | ᠬᠠᠤᠯᠢ ᠴᠠᠭᠠᠵᠠ ᠶᠢᠨ ᠬᠢᠵᠠᠭᠠᠷᠯᠠᠬᠤ ᠬᠦᠴᠦᠨ ᠦᠭᠡᠢ᠃ ᠬᠦᠳᠡᠯᠮᠦᠷᠢ ᠶᠢᠨ ᠭᠡᠷ᠎ᠡ ᠶᠢᠨ ᠨᠢᠭᠡ ᠬᠡᠰᠡᠭ ᠨᠢ ᠬᠦᠴᠦᠨ | ᠦᠭᠡᠢ ᠭᠡᠵᠤ ᠨᠤᠲᠠᠯᠠᠭᠳᠠᠭᠰᠠᠨ ᠪᠤᠯᠪᠠᠴᠤ ᠲᠡᠷᠡ ᠨᠢ ᠪᠤᠰᠤᠳ ᠬᠡᠰᠡᠭ ᠤᠨ ᠬᠦᠴᠦᠨ ᠢ ᠨᠦᠯᠦᠭᠡᠯᠡᠬᠦ ᠦᠭᠡᠢ ᠪᠤᠯ | ᠪᠤᠰᠤᠳ ᠬᠡᠰᠡᠭ ᠨᠢ ᠮᠦᠨ ᠬᠦ ᠬᠦᠴᠦᠨ ᠲᠠᠢ᠃ | ᠬᠦᠳᠡᠯᠮᠦᠷᠢ ᠶᠢᠨ ᠭᠡᠷ᠎ᠡ ᠶᠢᠨ ᠬᠦᠴᠦᠨ ᠦᠭᠡᠢ ᠪᠤᠯᠬᠤ ᠶᠢ ᠬᠦᠳᠡᠯᠮᠦᠷᠢ ᠶᠢᠨ ᠮᠠᠷᠭᠤᠭᠠᠨ ᠤ | ᠬᠦᠨᠳᠡᠯᠡᠨ ᠠᠴᠠ ᠲᠠᠰᠤᠯᠬᠤ ᠺᠤᠮᠢᠰ ᠪᠤᠶᠤ ᠠᠷᠠᠳ ᠤᠨ ᠰᠢᠭᠦᠬᠦ ᠬᠤᠷᠢᠶᠠᠨ ᠠᠴᠠ ᠨᠤᠲᠠᠯᠠᠨ ᠲᠣᠭᠲᠠᠭᠠᠨ᠎ᠠ᠃ | ᠠᠷᠪᠠ ᠶᠢᠰᠤᠳᠦᠭᠡᠷ ᠵᠦᠢᠯ ᠬᠦᠳᠡᠯᠮᠦᠷᠢ ᠶᠢᠨ ᠭᠡᠷ᠎ᠡ ᠶᠢ ᠪᠢᠴᠢᠭ ᠢᠶᠠᠷ ᠲᠤᠭᠲᠠᠭᠠᠬᠤ ᠬᠡᠷᠡᠭᠲᠠᠢ | ᠪᠦᠭᠡᠳ ᠲᠤᠤᠷᠠᠬᠢ ᠵᠦᠢᠯ ᠪᠠᠳᠠᠭ ᠢ ᠪᠦᠷᠢᠯᠳᠤᠭᠦᠯᠦᠭᠰᠡᠨ ᠪᠠᠶᠢᠬᠤ ᠬᠡᠷᠡᠭᠲᠠᠢ᠄ | ︵ᠨᠢᠭᠡ︶ ᠬᠦᠳᠡᠯᠮᠦᠷᠢ ᠶᠢᠨ ᠭᠡᠷ᠎ᠡ ᠶᠢᠨ ᠴᠠᠭ ᠬᠤᠭᠤᠴᠠᠭᠠᠨ ᠤ ᠬᠢᠵᠠᠭᠠᠷ︔ | ︵ᠬᠤᠶᠠᠷ︶ ᠠᠵᠢᠯ ᠤᠨ ᠠᠭᠤᠯᠭ᠎ᠠ︔ | ︵ᠭᠤᠷᠪᠠ︶ ᠬᠦᠳᠡᠯᠮᠦᠷᠢ ᠶᠢᠨ ᠬᠠᠮᠠᠭᠠᠯᠠᠯᠲᠠ ᠪᠠ ᠬᠦᠳᠡᠯᠮᠦᠷᠢ ᠶᠢᠨ ᠨᠦᠬᠦᠴᠡᠯ︔ | ︵ᠲᠦᠷᠪᠡ︶ ᠬᠦᠳᠡᠯᠮᠦᠷᠢ ᠶᠢᠨ ᠬᠦᠯᠦᠰᠤ ᠤᠯᠭᠤᠮᠵᠢ︔ | ︵ᠲᠠᠪᠤ︶ ᠬᠦᠳᠡᠯᠮᠦᠷᠢ ᠶᠢᠨ ᠰᠠᠬᠢᠯᠭ᠎ᠠ ᠪᠠᠲᠤ︔ | ︵ᠵᠢᠷᠭᠤᠭ᠎ᠠ︶ ᠬᠦᠳᠡᠯᠮᠦᠷᠢ ᠶᠢᠨ ᠭᠡᠷ᠎ᠡ ᠶᠢ ᠲᠠᠭᠤᠰᠬᠠᠬᠤ ᠨᠦᠬᠦᠴᠡᠯ︔ | ︵ᠲᠤᠯᠤᠭ᠎ᠠ︶ ᠬᠦᠳᠡᠯᠮᠦᠷᠢ ᠶᠢᠨ ᠭᠡᠷ᠎ᠡ ᠠᠴᠠ ᠵᠦᠷᠢᠴᠡᠭᠰᠡᠨ ᠬᠠᠷᠢᠭᠤᠴᠠᠯᠭ᠎ᠠ᠃ | ᠬᠦᠳᠡᠯᠮᠦᠷᠢ ᠶᠢᠨ ᠭᠡᠷ᠎ᠡ ᠳᠤ ᠡᠮᠦᠨᠡᠬᠢ ᠪᠠᠳᠠᠭ ᠲᠤ ᠲᠤᠭᠲᠠᠭᠠᠭᠰᠠᠨ ᠡᠷᠬᠡᠪᠰᠢ ᠪᠦᠷᠢᠯᠳᠦᠭᠦᠯᠬᠦ | ᠬᠡᠷᠡᠭᠲᠠᠢ ᠵᠦᠢᠯ ᠪᠠᠶᠢᠳᠠᠭ ᠠᠴᠠ ᠭᠠᠳᠠᠨ᠎ᠠ ᠲᠤᠬᠠᠢ ᠶᠢᠨ ᠬᠦᠮᠦᠨ ᠨᠢ ᠪᠤᠰᠤᠳ ᠠᠭᠤᠯᠭ᠎ᠠ ᠶᠢ ᠵᠦᠪᠳᠡᠯᠴᠡᠨ | ᠲᠤᠭᠲᠠᠭᠠᠵᠤ ᠪᠤᠯᠤᠨ᠎ᠠ᠃ | ᠬᠤᠷᠢᠳᠤᠭᠠᠷ ᠵᠦᠢᠯ ᠬᠦᠳᠡᠯᠮᠦᠷᠢ ᠶᠢᠨ ᠭᠡᠷ᠎ᠡ ᠶᠢᠨ ᠴᠠᠭ ᠬᠤᠭᠤᠴᠠᠭᠠᠨ ᠤ ᠬᠢᠵᠠᠭᠠᠷ ᠢ ᠲᠤᠭᠳᠠᠮᠠᠯ | ᠴᠠᠭ ᠬᠤᠭᠤᠴᠠᠭᠠᠨ ᠤ ᠬᠢᠵᠠᠭᠠᠷ ᠲᠠᠢ᠂ ᠲᠤᠭᠲᠠᠮᠠᠯ ᠴᠠᠭ ᠬᠤᠭᠤᠴᠠᠭᠠᠨ ᠤ ᠬᠢᠵᠠᠭᠠᠷ ᠦᠭᠡᠢ᠂ ᠵᠤᠬᠢᠬᠤ ᠠᠵᠢᠯ ᠢ | ᠪᠡᠶᠡᠯᠡᠭᠦᠯᠬᠦ ᠪᠠᠷ ᠴᠠᠭ ᠬᠤᠭᠤᠴᠠᠭᠠᠨ ᠤ ᠬᠢᠵᠠᠭᠠᠷ ᠪᠤᠯᠭᠠᠭᠰᠠᠨ ᠭᠡᠵᠤ ᠬᠤᠪᠢᠶᠠᠨ᠎ᠠ᠃ | ᠬᠦᠳᠡᠯᠮᠦᠷᠢᠴᠢᠨ ᠬᠦᠮᠦᠨ ᠬᠡᠷᠡᠭᠯᠡᠬᠦ ᠨᠢᠭᠡᠴᠢ ᠳᠤ ᠵᠠᠯᠭᠠᠭᠠᠪᠡᠷ ᠠᠷᠪᠠᠨ ᠵᠢᠯ ᠠᠴᠠ ᠲᠡᠭᠡᠭᠰᠢ | ᠠᠵᠢᠯᠯᠠᠭᠠᠳ ᠬᠤᠶᠠᠷ ᠲᠠᠯ᠎ᠠ ᠶᠢᠨ ᠲᠤᠬᠠᠢ ᠶᠢᠨ ᠬᠦᠮᠦᠨ ᠬᠦᠳᠡᠯᠮᠦᠷᠢ ᠶᠢᠨ ᠭᠡᠷ᠎ᠡ ᠶᠢ ᠦᠷᠭᠦᠯᠵᠢᠯᠡᠬᠦᠯᠬᠦ ᠶᠢ | ᠵᠦᠪᠰᠢᠶᠡᠷᠡᠵᠤ᠂ ᠬᠦᠳᠡᠯᠮᠦᠷᠢᠴᠢᠨ ᠠᠴᠠ ᠲᠤᠭᠲᠠᠮᠠᠯ ᠴᠠᠭ ᠬᠤᠭᠤᠴᠠᠭᠠᠨ ᠤ ᠬᠢᠵᠠᠭᠠᠷ ᠦᠭᠡᠢ ᠬᠦᠳᠡᠯᠮᠦᠷᠢ ᠶᠢᠨ | ᠭᠡᠷ᠎ᠡ ᠲᠤᠭᠲᠠᠭᠠᠬᠤ ᠪᠠᠷ ᠲᠤᠷᠠᠳᠤᠭᠰᠠᠨ ᠪᠠᠶᠢᠪᠠᠯ ᠲᠤᠭᠲᠠᠭᠰᠠᠨ ᠴᠠᠭ ᠬᠤᠭᠤᠴᠠᠭᠠᠨ ᠤ ᠬᠢᠵᠠᠭᠠᠷ ᠦᠭᠡᠢ | ᠬᠦᠳᠡᠯᠮᠦᠷᠢ ᠶᠢᠨ ᠭᠡᠷ᠎ᠡ ᠲᠤᠭᠲᠠᠭᠠᠬᠤ ᠬᠡᠷᠡᠭᠲᠠᠢ᠃ | ᠬᠤᠷᠢᠨ ᠨᠢᠭᠡᠳᠦᠭᠡᠷ ᠵᠦᠢᠯ ᠬᠦᠳᠡᠯᠮᠦᠷᠢ ᠶᠢᠨ ᠭᠡᠷ᠎ᠡ ᠳᠤ ᠲᠤᠷᠰᠢᠨ ᠬᠡᠷᠡᠭᠯᠡᠬᠦ ᠬᠤᠭᠤᠴᠠᠭ᠎ᠠ | ᠲᠤᠭᠲᠠᠭᠠᠵᠤ ᠪᠤᠯᠤᠨ᠎ᠠ᠃ ᠲᠤᠷᠰᠢᠨ ᠬᠡᠷᠡᠭᠯᠡᠬᠦ ᠬᠤᠭᠤᠴᠠᠭ᠎ᠠ ᠨᠢ ᠬᠠᠮᠤᠭ ᠤᠷᠲᠤ ᠳᠠᠭᠠᠨ ᠵᠢᠷᠭᠤᠭᠠᠨ ᠰᠠᠷ᠎ᠠ ᠠᠴᠠ | ᠬᠡᠲᠤᠷᠡᠵᠤ ᠪᠤᠯᠬᠤ ᠦᠭᠡᠢ᠃ | ᠬᠤᠷᠢᠨ ᠬᠤᠶᠠᠳᠤᠭᠠᠷ ᠵᠦᠢᠯ ᠬᠦᠳᠡᠯᠮᠦᠷᠢ ᠶᠢᠨ ᠭᠡᠷ᠎ᠡ ᠶᠢᠨ ᠲᠤᠬᠠᠢ ᠶᠢᠨ ᠬᠦᠮᠦᠨ | ᠬᠦᠳᠡᠯᠮᠦᠷᠢ ᠶᠢᠨ ᠭᠡᠷ᠎ᠡ ᠳᠡᠭᠡᠨ ᠬᠦᠮᠦᠨ ᠬᠡᠷᠡᠭᠯᠡᠬᠦ ᠨᠢᠭᠡᠴᠢ ᠶᠢᠨ ᠬᠤᠳᠠᠯᠳᠣᠭᠠᠨ ᠤ ᠨᠢᠭᠤᠴᠠ ᠶᠢ ᠬᠠᠮᠠᠭᠠᠯᠠᠬᠤ ᠲᠤᠬᠠᠢ | ᠬᠤᠯᠪᠤᠭᠳᠠᠯ ᠪᠦᠬᠦᠢ ᠤᠴᠢᠷ ᠶᠠᠪᠤᠳᠠᠯ ᠢ ᠲᠤᠭᠲᠠᠭᠠᠵᠤ ᠪᠤᠯᠤᠨ᠎ᠠ᠃ | ᠬᠤᠷᠢᠨ ᠭᠤᠷᠪᠠᠳᠤᠭᠠᠷ ᠵᠦᠢᠯ ᠬᠦᠳᠡᠯᠮᠦᠷᠢ ᠶᠢᠨ ᠭᠡᠷ᠎ᠡ ᠶᠢᠨ ᠬᠤᠭᠤᠴᠠᠭ᠎ᠠ ᠨᠢ ᠲᠦᠭᠦᠷᠦᠭᠰᠡᠨ | ᠪᠤᠶᠤ ᠲᠤᠬᠠᠢ ᠶᠢᠨ ᠬᠦᠮᠦᠨ ᠤ ᠲᠤᠭᠲᠠᠭᠠᠭᠰᠠᠨ ᠬᠦᠳᠡᠯᠮᠦᠷᠢ ᠶᠢᠨ ᠭᠡᠷ᠎ᠡ ᠶᠢ ᠲᠠᠭᠤᠰᠬᠠᠬᠤ ᠨᠦᠬᠦᠴᠡᠯ ᠭᠠᠷᠤᠭᠰᠠᠨ | ᠪᠠᠶᠢᠪᠠᠯ ᠬᠦᠳᠡᠯᠮᠦᠷᠢ ᠶᠢᠨ ᠭᠡᠷ᠎ᠡ ᠶᠢ ᠲᠠᠷᠤᠢ ᠳᠤᠨᠢ ᠲᠠᠭᠤᠰᠬᠠᠨ᠎ᠠ᠃ | ᠬᠤᠷᠢᠨ ᠲᠦᠷᠪᠡᠳᠦᠭᠡᠷ ᠵᠦᠢᠯ ᠬᠦᠳᠡᠯᠮᠦᠷᠢ ᠶᠢᠨ ᠭᠡᠷ᠎ᠡ ᠶᠢᠨ ᠲᠤᠬᠠᠢ ᠶᠢᠨ ᠬᠦᠮᠦᠨ ᠵᠦᠪᠳᠡᠯᠴᠡᠭᠡᠳ | ᠰᠠᠨᠠᠯ ᠨᠢᠭᠡᠳᠪᠡᠯ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠃ | ᠬᠤᠷᠢᠨ ᠲᠠᠪᠤᠳᠤᠭᠠᠷ ᠵᠦᠢᠯ ᠬᠦᠳᠡᠯᠮᠦᠷᠢᠴᠢᠨ ᠳᠤ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ | ᠨᠢ ᠪᠠᠶᠢᠪᠠᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠄ | ︵ᠨᠢᠭᠡ︶ ᠡᠯᠰᠡᠵᠤ ᠬᠡᠷᠡᠭᠯᠡᠬᠦ ᠨᠦᠬᠦᠴᠡᠯ ᠳᠤ ᠨᠡᠶᠢᠴᠡᠬᠦ ᠦᠭᠡᠢ ᠭᠡᠳᠡᠭ ᠨᠢ ᠲᠤᠷᠰᠢᠨ ᠬᠡᠷᠡᠭᠯᠡᠬᠦ | ᠬᠤᠭᠤᠴᠠᠭᠠᠨ ᠳᠤ ᠭᠡᠷᠡᠴᠢᠯᠡᠭᠳᠡᠭᠰᠡᠨ︔ | ︵ᠬᠤᠶᠠᠷ︶ ᠬᠦᠳᠡᠯᠮᠦᠷᠢ ᠶᠢᠨ ᠰᠠᠬᠢᠯᠭ᠎ᠠ ᠪᠠᠲᠤ ᠪᠤᠶᠤ ᠬᠦᠮᠦᠨ ᠬᠡᠷᠡᠭᠯᠡᠬᠦ ᠨᠢᠭᠡᠴᠢ ᠶᠢᠨ ᠲᠦᠷᠢᠮ | ᠲᠤᠭᠲᠠᠭᠠᠯ ᠠᠴᠠ ᠬᠦᠨᠳᠤ ᠨᠤᠴᠢᠲᠠᠢ ᠵᠦᠷᠢᠴᠡᠭᠰᠡᠨ︔ | ︵ᠭᠤᠷᠪᠠ︶ ᠡᠭᠦᠷᠭᠡ ᠬᠠᠷᠢᠭᠤᠴᠠᠯᠭ᠎ᠠ ᠪᠠᠨ ᠬᠦᠨᠳᠤ ᠰᠦᠷᠡᠬᠡᠢ ᠠᠯᠳᠠᠵᠤ᠂ ᠠᠷᠭ᠎ᠠ ᠵᠠᠯᠢ ᠬᠡᠷᠡᠭᠯᠡᠨ | ᠠᠮᠢᠨ ᠳᠠᠭᠠᠨ ᠲᠠᠲᠠᠭᠠᠳ ᠬᠦᠮᠦᠨ ᠬᠡᠷᠡᠭᠯᠡᠬᠦ ᠨᠢᠭᠡᠴᠢ ᠶᠢᠨ ᠠᠰᠢᠭ ᠲᠤᠰᠠ ᠳᠤ ᠬᠦᠨᠳᠤ ᠶᠡᠭᠡ ᠬᠤᠬᠢᠷᠠᠯ | ᠤᠴᠠᠷᠠᠭᠤᠯᠤᠭᠰᠠᠨ︔ | ︵ᠲᠦᠷᠪᠡ︶ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠳᠡᠭᠰᠡᠨ᠃ | ᠬᠤᠷᠢᠨ ᠵᠢᠷᠭᠤᠳᠤᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠦᠮᠦᠨ | ᠬᠡᠷᠡᠭᠯᠡᠬᠦ ᠨᠢᠭᠡᠴᠢ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠂ ᠭᠡᠭᠦ ᠳᠡᠭᠡᠨ ᠡᠭᠦᠨ ᠢᠶᠠᠨ | ᠭᠤᠴᠢ ᠬᠤᠨᠤᠭ ᠤᠨ ᠡᠮᠦᠨ᠎ᠡ ᠬᠦᠳᠡᠯᠮᠦᠷᠢᠴᠢᠨ ᠲᠤᠰ ᠬᠦᠮᠦᠨ ᠳᠤ ᠪᠢᠴᠢᠭ ᠢᠶᠠᠷ ᠮᠡᠳᠡᠭᠳᠡᠬᠦ ᠬᠡᠷᠡᠭᠲᠠᠢ᠄ | ︵ᠨᠢᠭᠡ︶ ᠬᠦᠳᠡᠯᠮᠦᠷᠢᠴᠢᠨ ᠡᠪᠡᠳᠴᠢᠯᠡᠭᠰᠡᠨ ᠪᠤᠶᠤ ᠠᠵᠢᠯ ᠤᠨ ᠪᠤᠰᠤ ᠰᠢᠯᠲᠠᠭᠠᠨ ᠢᠶᠠᠷ | ᠰᠢᠷᠬᠠᠲᠤᠭᠠᠳ ᠡᠮᠴᠢᠯᠡᠭᠦᠯᠬᠦ ᠬᠤᠭᠤᠴᠠᠭ᠎ᠠ ᠨᠢ ᠲᠦᠭᠦᠷᠦᠭᠰᠡᠨ ᠤ ᠲᠠᠷᠠᠭ᠎ᠠ ᠤᠤᠯ ᠤᠨ ᠠᠵᠢᠯ ᠢᠶᠠᠨ ᠬᠢᠵᠤ ᠴᠢᠳᠠᠬᠤ | ᠦᠭᠡᠢ ᠪᠤᠯᠤᠭᠰᠠᠨ ᠪᠦᠭᠡᠳ ᠬᠦᠮᠦᠨ ᠬᠡᠷᠡᠭᠯᠡᠬᠦ ᠨᠢᠭᠡᠴᠢ ᠠᠴᠠ ᠠᠰ ᠲᠤᠨᠢ ᠲᠤᠬᠢᠷᠠᠭᠤᠯᠤᠭᠰᠠᠨ ᠠᠵᠢᠯ ᠢ ᠴᠤ ᠬᠢᠵᠤ | ᠴᠢᠳᠠᠬᠤ ᠦᠭᠡᠢ ᠪᠤᠯᠤᠭᠰᠠᠨ︔ | ︵ᠬᠤᠶᠠᠷ︶ ᠬᠦᠳᠡᠯᠮᠦᠷᠢᠴᠢᠨ ᠠᠵᠢᠯ ᠢᠶᠠᠨ ᠬᠢᠵᠤ ᠲᠡᠶᠢᠯᠬᠦ ᠦᠭᠡᠢ᠂ ᠪᠤᠯᠪᠠᠰᠤᠷᠠᠯ ᠬᠢᠯᠭᠡᠬᠦ ᠪᠤᠶᠤ | ᠠᠵᠢᠯ ᠤᠨ ᠪᠠᠶᠢᠷᠢ ᠳᠤᠨᠢ ᠲᠤᠬᠢᠷᠠᠭᠤᠯᠤᠯᠲᠠ ᠬᠢᠬᠦ ᠪᠠᠷ ᠲᠠᠮᠵᠢᠭᠠᠳ ᠪᠠᠰᠠ ᠠᠵᠢᠯ ᠢᠶᠠᠨ ᠬᠢᠵᠤ ᠲᠡᠶᠢᠯᠬᠦ ᠦᠭᠡᠢ | ᠪᠠᠶᠢᠬᠤ︔ | ︵ᠭᠤᠷᠪᠠ︶ ᠬᠦᠳᠡᠯᠮᠦᠷᠢ ᠶᠢᠨ ᠭᠡᠷ᠎ᠡ ᠶᠢ ᠲᠤᠭᠲᠠᠭᠠᠬᠤ ᠦᠶ᠎ᠡ ᠳᠤ ᠡᠰᠢ ᠪᠠᠷᠢᠮᠳᠠ ᠪᠤᠯᠭᠠᠭᠰᠠᠨ | ᠪᠤᠰᠤᠳᠴᠢ ᠪᠠᠶᠢᠳᠠᠯ ᠳᠤ ᠴᠢᠬᠤᠯᠠ ᠶᠡᠭᠡ ᠬᠤᠪᠢᠷᠠᠯᠲᠠ ᠭᠠᠷᠤᠭᠠᠳ ᠤᠤᠯ ᠬᠦᠳᠡᠯᠮᠦᠷᠢ ᠶᠢᠨ ᠭᠡᠷ᠎ᠡ ᠶᠢ | ᠬᠡᠷᠡᠭᠵᠢᠭᠦᠯᠬᠦ ᠶᠢᠨ ᠠᠷᠭ᠎ᠠ ᠦᠭᠡᠢ ᠪᠤᠯᠵᠤ᠂ ᠲᠤᠬᠠᠢ ᠶᠢᠨ ᠬᠦᠮᠦᠰ ᠵᠦᠪᠳᠡᠯᠴᠡᠭᠡᠳ ᠬᠦᠳᠡᠯᠮᠦᠷᠢ ᠶᠢᠨ ᠭᠡᠷ᠎ᠡ ᠶᠢ | ᠬᠤᠪᠢᠷᠠᠭᠤᠯᠬᠤ ᠲᠤᠬᠠᠢ ᠬᠡᠯᠡᠯᠴᠡᠭᠡᠷ ᠲᠤᠬᠢᠷᠠᠵᠤ ᠴᠢᠳᠠᠬᠤ ᠦᠭᠡᠢ ᠪᠤᠯᠤᠭᠰᠠᠨ᠃ | ᠬᠤᠷᠢᠨ ᠲᠤᠯᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠠᠮᠪᠠᠷᠠᠬᠤ ᠰᠢᠬᠠᠭᠠᠳ ᠬᠠᠤᠯᠢ | ᠶᠤᠰᠤᠭᠠᠷ ᠴᠡᠭᠴᠡᠯᠡᠬᠦ ᠬᠤᠭᠤᠴᠠᠭᠠᠨ ᠳᠤ ᠪᠠᠶᠢᠬᠤ ᠪᠤᠶᠤ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠳᠤᠨᠢ ᠬᠦᠨᠳᠤ | ᠬᠡᠴᠡᠭᠦᠦ ᠬᠦᠴᠢᠷᠳᠡᠯ ᠭᠠᠷᠤᠭᠠᠳ ᠦᠨᠡᠬᠡᠷ ᠬᠦᠮᠦᠨ ᠬᠠᠰᠤᠬᠤ ᠴᠢᠬᠤᠯᠠ ᠲᠠᠢ ᠪᠠᠶᠢᠪᠠᠯ᠂ ᠭᠤᠴᠢ ᠬᠤᠨᠤᠭ ᠤᠨ | ᠡᠮᠦᠨ᠎ᠡ ᠠᠵᠢᠯᠴᠢᠨ ᠤ ᠡᠪᠯᠡᠯ ᠪᠤᠶᠤ ᠪᠦᠬᠦ ᠠᠵᠢᠯᠲᠠᠨ ᠠᠵᠢᠯᠴᠢᠨ ᠳᠤ ᠪᠠᠶᠢᠳᠠᠯ ᠢᠶᠠᠨ ᠲᠤᠳᠤᠷᠬᠠᠶᠢᠯᠠᠨ ᠦᠭᠴᠤ | ᠠᠵᠢᠯᠴᠢᠨ ᠤ ᠡᠪᠯᠡᠯ ᠪᠤᠶᠤ ᠠᠵᠢᠯᠲᠠᠨ ᠠᠵᠢᠯᠴᠢᠨ ᠤ ᠰᠠᠨᠠᠯ ᠢ ᠰᠣᠨᠤᠰᠴᠤ᠂ ᠬᠦᠳᠡᠯᠮᠦᠷᠢ ᠶᠢᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠲᠤ ᠮᠡᠳᠡᠭᠦᠯᠦᠭᠰᠡᠨ ᠤ ᠲᠠᠷᠠᠭ᠎ᠠ ᠬᠦᠮᠦᠨ ᠬᠠᠰᠤᠵᠤ ᠪᠤᠯᠤᠨ᠎ᠠ᠃ | ᠬᠦᠮᠦᠨ ᠬᠡᠷᠡᠭᠯᠡᠬᠦ ᠨᠢᠭᠡᠴᠢ ᠲᠤᠰ ᠵᠦᠢᠯ ᠤᠨ ᠲᠤᠭᠲᠠᠭᠠᠯ ᠶᠤᠰᠤᠭᠠᠷ ᠬᠦᠮᠦᠨ ᠬᠠᠰᠤᠭᠠᠳ ᠵᠢᠷᠭᠤᠭᠠᠨ | ᠰᠠᠷ᠎ᠠ ᠶᠢᠨ ᠲᠤᠲᠤᠷ᠎ᠠ ᠬᠦᠮᠦᠨ ᠡᠯᠰᠡᠵᠤ ᠬᠡᠷᠡᠭᠯᠡᠪᠡᠯ ᠬᠠᠰᠤᠭᠳᠠᠭᠰᠠᠨ ᠬᠦᠮᠦᠰ ᠢ ᠣᠷᠢᠳ ᠢᠶᠠᠷ ᠡᠯᠰᠡᠵᠤ ᠬᠡᠷᠡᠭᠯᠡᠬᠦ | ᠬᠡᠷᠡᠭᠲᠠᠢ᠃ | ᠬᠤᠷᠢᠨ ᠨᠠᠢᠮᠠᠳᠣᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠶᠢᠨ ᠬᠤᠷᠢᠨ ᠲᠦᠷᠪᠡᠳᠦᠭᠡᠷ | ᠵᠦᠢᠯ᠂ ᠬᠤᠷᠢᠨ ᠵᠢᠷᠭᠤᠳᠤᠭᠠᠷ ᠵᠦᠢᠯ᠂ ᠬᠤᠷᠢᠨ ᠲᠤᠯᠤᠳᠤᠭᠠᠷ ᠵᠦᠢᠯ ᠤᠨ ᠲᠤᠭᠲᠠᠭᠠᠯ ᠢ ᠦᠨᠳᠤᠰᠦᠯᠡᠨ | ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠭᠰᠠᠨ ᠪᠠᠶᠢᠪᠠᠯ ᠤᠯᠤᠰ ᠤᠨ ᠬᠤᠯᠪᠤᠭᠳᠠᠯ ᠪᠦᠬᠦᠢ ᠲᠤᠭᠲᠠᠭᠠᠯ | ᠶᠤᠰᠤᠭᠠᠷ ᠠᠵᠤ ᠠᠬᠤᠢ ᠶᠢᠨ ᠲᠦᠯᠦᠪᠦᠷᠢ ᠤᠯᠭᠤᠬᠤ ᠬᠡᠷᠡᠭᠲᠠᠢ᠃ | ᠬᠤᠷᠢ ᠶᠢᠰᠤᠳᠦᠭᠡᠷ ᠵᠦᠢᠯ ᠬᠦᠳᠡᠯᠮᠦᠷᠢᠴᠢᠳ ᠳᠤ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ | ᠪᠠᠶᠢᠪᠠᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠶᠢᠨ ᠬᠤᠷᠢᠨ ᠵᠢᠷᠭᠤᠳᠤᠭᠠᠷ ᠵᠦᠢᠯ᠂ ᠬᠤᠷᠢᠨ ᠲᠤᠯᠤᠳᠤᠭᠠᠷ | ᠵᠦᠢᠯ ᠤᠨ ᠲᠤᠭᠲᠠᠭᠠᠯ ᠢᠶᠠᠷ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠬᠤ ᠦᠭᠡᠢ᠄ | ︵ᠨᠢᠭᠡ︶ ᠠᠵᠢᠯ ᠤᠨ ᠴᠢᠨᠠᠷᠲᠠᠢ ᠡᠪᠡᠳᠴᠢᠨ ᠤᠯᠤᠭᠰᠠᠨ ᠪᠤᠶᠤ ᠠᠵᠢᠯ ᠤᠨ ᠬᠠᠷᠠᠭ᠎ᠠ ᠪᠠᠷ | ᠰᠢᠷᠬᠠᠲᠤᠭᠠᠳ ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠪᠤᠶᠤ ᠬᠡᠰᠡᠭ ᠲᠠᠯ᠎ᠠ ᠪᠠᠷ ᠠᠯᠳᠠᠭᠰᠠᠨ ᠭᠡᠵᠤ | ᠲᠤᠳᠤᠯᠠᠭᠳᠠᠭᠰᠠᠨ︔ | ︵ᠬᠤᠶᠠᠷ︶ ᠡᠪᠡᠳᠴᠢᠯᠡᠭᠰᠡᠨ ᠪᠤᠶᠤ ᠰᠢᠷᠬᠠᠲᠤᠭᠠᠳ ᠲᠤᠭᠲᠠᠭᠰᠠᠨ ᠡᠮᠨᠡᠭᠦᠯᠬᠦ ᠬᠤᠭᠤᠴᠠᠭᠠᠨ ᠳᠤ | ᠪᠠᠶᠢᠬᠤ︔ | ︵ᠭᠤᠷᠪᠠ︶ ᠡᠮᠡᠭᠲᠠᠢ ᠠᠵᠢᠯᠲᠠᠨ ᠠᠵᠢᠯᠴᠢᠨ ᠵᠢᠷᠮᠦᠰᠦᠨ ᠬᠤᠭᠤᠴᠠᠭ᠎ᠠ᠂ ᠬᠦᠩᠭᠡᠵᠢᠬᠦ ᠬᠤᠭᠤᠴᠠᠭ᠎ᠠ᠂ | ᠬᠦᠬᠦᠭᠦᠯᠬᠦ ᠬᠤᠭᠤᠴᠠᠭᠠᠨ ᠳᠠᠭᠠᠨ ᠪᠠᠶᠢᠬᠤ︔ | ︵ᠲᠦᠷᠪᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠳᠤ ᠲᠤᠭᠲᠠᠭᠠᠭᠰᠠᠨ | ᠪᠤᠰᠤᠳ ᠪᠠᠶᠢᠳᠠᠯ ᠤᠳ᠃ | ᠭᠤᠴᠢᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ | ᠪᠤᠯᠭᠠᠬᠤ ᠳᠤ ᠠᠵᠢᠯᠴᠢᠨ ᠤ ᠡᠪᠯᠡᠯ ᠲᠤᠬᠢᠷᠠᠮᠵᠢ ᠦᠭᠡᠢ ᠭᠡᠵᠤ ᠦᠵᠡᠪᠡᠯ ᠰᠠᠨᠠᠯ ᠭᠠᠷᠭᠠᠬᠤ ᠡᠷᠬᠡ ᠲᠠᠢ᠃ ᠬᠡᠷᠪᠡ | ᠬᠦᠮᠦᠨ ᠬᠡᠷᠡᠭᠯᠡᠬᠦ ᠨᠢᠭᠡᠴᠢ ᠬᠠᠤᠯᠢ ᠴᠠᠭᠠᠵᠠ ᠬᠠᠤᠯᠢ ᠲᠤᠭᠲᠠᠭᠠᠯ ᠪᠤᠶᠤ ᠬᠦᠳᠡᠯᠮᠦᠷᠢ ᠶᠢᠨ ᠭᠡᠷ᠎ᠡ ᠠᠴᠠ ᠵᠦᠷᠢᠴᠡᠭᠰᠡᠨ | ᠪᠠᠶᠢᠪᠠᠯ ᠠᠵᠢᠯᠴᠢᠨ ᠤ ᠡᠪᠯᠡᠯ ᠲᠠᠬᠢᠵᠤ ᠰᠢᠢᠳᠪᠦᠷᠢᠯᠡᠭᠦᠯᠬᠦ ᠪᠠᠷ ᠱᠠᠭᠠᠷᠳᠠᠬᠤ ᠡᠷᠬᠡ ᠲᠠᠢ᠃ ᠬᠦᠳᠡᠯᠮᠦᠷᠢᠴᠢᠨ | ᠬᠦᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠭᠰᠠᠨ ᠪᠤᠶᠤ ᠵᠠᠭᠠᠯᠳᠤᠯᠭ᠎ᠠ ᠭᠠᠷᠭᠠᠭᠰᠠᠨ ᠪᠠᠶᠢᠪᠠᠯ ᠠᠵᠢᠯᠴᠢᠨ ᠤ | ᠡᠪᠯᠡᠯ ᠬᠠᠤᠯᠢ ᠶᠤᠰᠤᠭᠠᠷ ᠲᠠᠮᠵᠢᠵᠤ ᠬᠠᠪᠰᠤᠷᠬᠤ ᠬᠡᠷᠡᠭᠲᠠᠢ᠃ | ᠭᠤᠴᠢᠨ ᠨᠢᠭᠡᠳᠦᠭᠡᠷ ᠵᠦᠢᠯ ᠬᠦᠳᠡᠯᠮᠦᠷᠢᠴᠢᠨ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ | ᠪᠤᠯᠭᠠᠬᠤ ᠭᠡᠪᠡᠯ ᠭᠤᠴᠢ ᠬᠤᠨᠤᠭ ᠤᠨ ᠡᠮᠦᠨ᠎ᠡ ᠬᠦᠮᠦᠨ ᠬᠡᠷᠡᠭᠯᠡᠬᠦ ᠨᠢᠭᠡᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠠᠢ᠃ | | ᠭᠤᠴᠢᠨ ᠬᠤᠶᠠᠳᠤᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ | ᠬᠦᠳᠡᠯᠮᠦᠷᠢᠴᠢᠨ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠪᠠᠷ ᠬᠦᠮᠦᠨ ᠬᠡᠷᠡᠭᠯᠡᠬᠦ ᠨᠢᠭᠡᠴᠢ ᠳᠤ ᠴᠠᠭ | ᠲᠤᠬᠠᠢ ᠳᠤᠨᠢ ᠮᠡᠳᠡᠭᠳᠡᠵᠤ ᠪᠤᠯᠤᠨ᠎ᠠ᠄ | ︵ᠨᠢᠭᠡ︶ ᠲᠤᠷᠰᠢᠨ ᠬᠡᠷᠡᠭᠯᠡᠬᠦ ᠬᠤᠭᠤᠴᠠᠭᠠᠨ ᠳᠤ ᠪᠠᠶᠢᠬᠤ︔ | ︵ᠬᠤᠶᠠᠷ︶ ᠬᠦᠮᠦᠨ ᠬᠡᠷᠡᠭᠯᠡᠬᠦ ᠨᠢᠭᠡᠴᠢ ᠬᠦᠴᠦᠷᠬᠡᠭᠯᠡᠯ᠂ ᠰᠦᠷᠳᠡᠭᠦᠯᠦᠯ ᠪᠤᠶᠤ ᠬᠦᠮᠦᠨ ᠤ ᠪᠡᠶ᠎ᠡ ᠶᠢᠨ | ᠡᠷᠬᠡ ᠴᠢᠯᠦᠭᠡ ᠶᠢ ᠬᠠᠤᠯᠢ ᠪᠤᠰᠤ ᠪᠠᠷ ᠬᠢᠵᠠᠭᠠᠷᠯᠠᠬᠤ ᠠᠷᠭ᠎ᠠ ᠪᠠᠷᠢᠯ ᠢᠶᠠᠷ ᠠᠯᠪᠠᠳᠠᠨ ᠬᠦᠳᠡᠯᠮᠦᠷᠢᠯᠡᠭᠦᠯᠦᠭᠰᠡᠨ︔ | ︵ᠭᠤᠷᠪᠠ︶ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ ᠭᠡᠷ᠎ᠡ ᠶᠢᠨ ᠲᠤᠭᠲᠠᠭᠠᠯ ᠶᠤᠰᠤᠭᠠᠷ | ᠬᠦᠳᠡᠯᠮᠦᠷᠢ ᠶᠢᠨ ᠬᠦᠯᠦᠰᠦ ᠣᠯᠭᠤᠮᠵᠢ ᠤᠯᠭᠤᠭᠰᠨ ᠦᠭᠡᠢ ᠪᠤᠶᠤ ᠬᠦᠳᠡᠯᠮᠦᠷᠢᠯᠡᠬᠦ ᠨᠦᠬᠦᠴᠡᠯ ᠦᠯᠦ | ᠬᠠᠩᠭᠠᠭᠰᠠᠨ᠃ | ᠭᠤᠴᠢᠨ ᠭᠤᠷᠪᠠᠳᠤᠭᠠᠷ ᠵᠦᠢᠯ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠲᠠᠯ᠎ᠠ ᠪᠠ ᠠᠵᠤ | ᠠᠬᠤᠶᠢᠯᠠᠯ ᠬᠤᠭᠤᠷᠤᠨᠳᠤ ᠪᠠᠨ ᠬᠦᠳᠡᠯᠮᠦᠷᠢ ᠶᠢᠨ ᠬᠦᠯᠦᠰᠤ ᠤᠯᠭᠤᠮᠵᠢ᠂ ᠠᠵᠢᠯᠯᠠᠬᠤ ᠴᠠᠭ᠂ ᠠᠮᠠᠷᠠᠬᠤ᠂ | ᠠᠮᠠᠷᠠᠯᠲᠠ ᠶᠢᠨ ᠴᠢᠯᠦᠭᠡ ᠠᠪᠬᠤ᠂ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ᠂ ᠲᠠᠭᠠᠳᠬᠠᠯ | ᠠᠰᠠᠷᠠᠮᠵᠢ ᠵᠡᠷᠭᠡ ᠤᠴᠢᠷ ᠶᠠᠪᠤᠳᠠᠯ ᠤᠨ ᠲᠤᠬᠠᠢ ᠬᠠᠮᠲᠤ ᠶᠢᠨ ᠭᠡᠷ᠎ᠡ ᠲᠤᠭᠲᠠᠭᠠᠵᠤ ᠪᠤᠯᠤᠨ᠎ᠠ᠃ ᠬᠠᠮᠲᠤ ᠶᠢᠨ | ᠭᠡᠷ᠎ᠡ ᠶᠢᠨ ᠲᠦᠰᠦᠯ ᠢ ᠠᠵᠢᠯᠲᠠᠨ ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ ᠪᠤᠶᠤ ᠪᠦᠬᠦ ᠠᠵᠢᠯᠲᠠᠨ | ᠠᠵᠢᠯᠴᠢᠨ ᠳᠤ ᠲᠡᠪᠰᠢᠭᠦᠯᠦᠨ ᠶᠠᠷᠢᠯᠴᠠᠭᠤᠯᠵᠤ ᠪᠠᠲᠤᠯᠠᠭᠤᠯᠬᠤ ᠬᠡᠷᠡᠭᠲᠠᠢ᠃ | ᠬᠠᠮᠲᠤ ᠶᠢᠨ ᠭᠡᠷ᠎ᠡ ᠶᠢ ᠠᠵᠢᠯᠴᠢᠨ ᠤ ᠡᠪᠯᠡᠯ ᠠᠴᠠ ᠠᠵᠢᠯᠲᠠᠨ ᠠᠵᠢᠯᠴᠢᠨ ᠢ ᠲᠦᠯᠦᠭᠡᠯᠡᠨ ᠠᠵᠤ | ᠠᠬᠤᠶᠢᠯᠠᠯ ᠯᠤᠭ᠎ᠠ ᠲᠤᠭᠲᠠᠭᠠᠨ᠎ᠠ︔ ᠠᠵᠢᠯᠴᠢᠨ ᠤ ᠡᠪᠯᠡᠯ ᠪᠠᠶᠢᠭᠤᠯᠤᠭᠰᠠᠨ ᠦᠭᠡᠢ ᠠᠵᠤ ᠠᠬᠤᠶᠢᠯᠠᠯ ᠳᠤ ᠪᠤᠯ | ᠠᠵᠢᠯᠲᠠᠨ ᠠᠵᠢᠯᠴᠢᠨ ᠤ ᠰᠤᠩᠭᠤᠭᠰᠠᠨ ᠲᠦᠯᠦᠭᠡᠯᠡᠭᠴᠢ ᠠᠵᠤ ᠠᠬᠤᠶᠢᠯᠠᠯ ᠯᠤᠭ᠎ᠠ ᠲᠤᠭᠲᠠᠭᠠᠨ᠎ᠠ᠃ | ᠭᠤᠴᠢᠨ ᠲᠦᠷᠪᠡᠳᠦᠭᠡᠷ ᠵᠦᠢᠯ ᠬᠠᠮᠲᠤ ᠶᠢᠨ ᠭᠡᠷ᠎ᠡ ᠶᠢ ᠲᠤᠭᠲᠠᠭᠠᠭᠰᠠᠨ ᠤ ᠲᠠᠷᠠᠭ᠎ᠠ ᠬᠦᠳᠡᠯᠮᠦᠷᠢ ᠶᠢᠨ | ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠮᠡᠳᠡᠭᠦᠯᠦᠨ ᠲᠡᠪᠰᠢᠭᠦᠯᠬᠦ ᠬᠡᠷᠡᠭᠲᠠᠢ︔ ᠬᠦᠳᠡᠯᠮᠦᠷᠢ ᠶᠢᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠨᠢ ᠬᠠᠮᠲᠤ ᠶᠢᠨ ᠭᠡᠷ᠎ᠡ ᠶᠢᠨ ᠪᠢᠴᠢᠭ ᠢ ᠤᠯᠵᠤ ᠠᠪᠤᠭᠰᠠᠨ ᠡᠳᠦᠷ ᠠᠴᠠ ᠡᠬᠢᠯᠡᠨ | ᠠᠷᠪᠠᠨ ᠲᠠᠪᠤᠨ ᠬᠤᠨᠤᠭ ᠤᠨ ᠲᠤᠲᠤᠷ᠎ᠠ ᠤᠨᠳᠤᠤ ᠰᠠᠨᠠᠯ ᠭᠠᠷᠭᠠᠭᠰᠠᠨ ᠦᠭᠡᠢ ᠪᠠᠶᠢᠪᠠᠯ ᠬᠠᠮᠲᠤ ᠶᠢᠨ ᠭᠡᠷ᠎ᠡ ᠲᠠᠷᠤᠢ | ᠬᠦᠴᠦᠨ ᠲᠠᠢ ᠪᠤᠯᠤᠨ᠎ᠠ᠃ | ᠭᠤᠴᠢᠨ ᠲᠠᠪᠤᠳᠤᠭᠠᠷ ᠵᠦᠢᠯ ᠬᠠᠤᠯᠢ ᠶᠤᠰᠤᠭᠠᠷ ᠲᠤᠭᠲᠠᠭᠠᠭᠰᠠᠨ ᠬᠠᠮᠲᠤ ᠶᠢᠨ ᠭᠡᠷ᠎ᠡ ᠨᠢ ᠠᠵᠤ | ᠠᠬᠤᠶᠢᠯᠠᠯ ᠪᠠ ᠠᠵᠤ ᠠᠬᠤᠶᠢᠯᠠᠯ ᠤᠨ ᠪᠦᠬᠦ ᠠᠵᠢᠯᠲᠠᠨ ᠠᠵᠢᠯᠴᠢᠨ ᠳᠤ ᠬᠢᠵᠠᠭᠠᠷᠯᠠᠬᠤ ᠬᠦᠴᠦᠨ ᠲᠠᠢ᠃ ᠠᠵᠢᠯᠲᠠᠨ | ᠠᠵᠢᠯᠴᠢᠨ ᠬᠤᠪᠢ ᠬᠦᠮᠦᠨ ᠢᠶᠠᠷ ᠢᠶᠠᠨ ᠠᠵᠤ ᠠᠬᠤᠶᠢᠯᠠᠯ ᠯᠤᠭ᠎ᠠ ᠲᠤᠭᠲᠠᠭᠠᠭᠰᠠᠨ ᠬᠦᠳᠡᠯᠮᠦᠷᠢ ᠶᠢᠨ ᠭᠡᠷ᠎ᠡ ᠶᠢᠨ | ᠲᠤᠲᠤᠷᠠᠬᠢ ᠬᠦᠳᠡᠯᠮᠦᠷᠢ ᠶᠢᠨ ᠨᠦᠬᠦᠴᠡᠯ ᠪᠠ ᠬᠦᠳᠡᠯᠮᠦᠷᠢ ᠶᠢᠨ ᠬᠦᠯᠦᠰᠦ ᠤᠯᠭᠤᠮᠵᠢ ᠵᠡᠷᠭᠡ ᠪᠠᠷᠢᠮᠵᠢᠶ᠎ᠠ ᠨᠢ | ᠬᠠᠮᠲᠤ ᠶᠢᠨ ᠭᠡᠷ᠎ᠡ ᠶᠢᠨ ᠲᠤᠭᠲᠠᠭᠠᠯ ᠠᠴᠠ ᠲᠤᠤᠷ᠎ᠠ ᠪᠠᠶᠢᠵᠤ ᠪᠤᠯᠬᠤ ᠦᠭᠡᠢ᠃ | ᠲᠦᠷᠪᠡᠳᠦᠭᠡᠷ ᠪᠦᠯᠦᠭ ᠠᠵᠢᠯᠯᠠᠬᠤ ᠴᠠᠭ ᠪᠠ ᠠᠮᠠᠷᠠᠬᠤ᠂ ᠠᠮᠠᠷᠠᠯᠲᠠ ᠶᠢᠨ ᠴᠢᠯᠦᠭᠡ | ᠭᠤᠴᠢᠨ ᠵᠢᠷᠭᠤᠳᠤᠭᠠᠷ ᠵᠦᠢᠯ ᠤᠯᠤᠰ ᠠᠴᠠ ᠬᠦᠳᠡᠯᠮᠦᠷᠢᠴᠢᠳ ᠤᠨ ᠡᠳᠦᠷ ᠪᠦᠷᠢ ᠶᠢᠨ | ᠠᠵᠢᠯᠯᠠᠬᠤ ᠴᠠᠭ ᠢ ᠨᠠᠢᠮᠠᠨ ᠴᠠᠭ ᠠᠴᠠ ᠦᠯᠦ ᠬᠡᠲᠦᠷᠡᠭᠦᠯᠬᠦ᠂ ᠭᠠᠷᠠᠭ ᠪᠦᠷᠢ ᠶᠢᠨ ᠳᠤᠮᠳᠠᠴᠢ ᠠᠵᠢᠯᠯᠠᠬᠤ ᠴᠠᠭ ᠢ | ᠲᠦᠴᠢᠨ ᠲᠦᠷᠪᠡᠨ ᠴᠠᠭ ᠠᠴᠠ ᠦᠯᠦ ᠬᠡᠲᠦᠷᠡᠭᠦᠯᠬᠦ ᠠᠵᠢᠯ ᠤᠨ ᠴᠠᠭ ᠤᠨ ᠲᠦᠷᠢᠮ ᠢ ᠬᠡᠷᠡᠭᠵᠢᠭᠦᠯᠦᠨ᠎ᠠ᠃ | ᠭᠤᠴᠢᠨ ᠲᠤᠯᠤᠳᠤᠭᠠᠷ ᠵᠦᠢᠯ ᠲᠤᠭᠠᠴᠠᠭᠠᠯᠠᠨ ᠪᠤᠳᠤᠬᠤ ᠠᠵᠢᠯ ᠬᠢᠵᠤ ᠪᠠᠶᠢᠭ᠎ᠠ | ᠬᠦᠳᠡᠯᠮᠦᠷᠢᠴᠢᠳ ᠲᠤ ᠪᠤᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠶᠢᠨ ᠭᠤᠴᠢᠨ ᠵᠢᠷᠭᠤᠳᠤᠭᠠᠷ ᠵᠦᠢᠯ ᠳᠤ | ᠲᠤᠭᠲᠠᠭᠠᠭᠰᠠᠨ ᠠᠵᠢᠯ ᠤᠨ ᠴᠠᠭ ᠤᠨ ᠲᠦᠷᠢᠮ ᠢ ᠦᠨᠳᠤᠰᠤᠯᠡᠨ ᠬᠦᠳᠡᠯᠮᠦᠷᠢ ᠶᠢᠨ ᠲᠤᠭ᠎ᠠ ᠨᠤᠷᠮ᠎ᠠ ᠪᠠ | ᠲᠤᠭᠠᠴᠠᠭᠠᠯᠠᠨ ᠪᠤᠳᠤᠬᠤ ᠬᠦᠯᠦᠰᠤ ᠤᠯᠭᠤᠮᠵᠢ ᠶᠢᠨ ᠪᠠᠷᠢᠮᠵᠢᠶ᠎ᠠ ᠶᠢ ᠵᠦᠢ ᠵᠤᠬᠢᠰᠲᠠᠢ ᠪᠠᠷ ᠲᠤᠭᠲᠠᠭᠠᠬᠤ ᠬᠡᠷᠡᠭᠲᠠᠢ᠃ | | ᠭᠤᠴᠢᠨ ᠨᠠᠢᠮᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢᠴᠢᠳ ᠤᠨ ᠭᠠᠷᠠᠭ ᠪᠦᠷᠢ | ᠠᠳᠠᠭ ᠲᠠᠭᠠᠨ ᠨᠢᠭᠡ ᠡᠳᠦᠷ ᠠᠮᠠᠷᠠᠬᠤ ᠶᠢ ᠪᠠᠲᠤᠯᠠᠬᠤ ᠬᠡᠷᠡᠭᠲᠠᠢ᠃ | ᠭᠤᠴᠢ ᠶᠢᠰᠤᠳᠦᠭᠡᠷ ᠵᠦᠢᠯ ᠠᠵᠤ ᠠᠬᠤᠶᠢᠯᠠᠯ ᠨᠢ ᠦᠢᠯᠡᠳᠪᠦᠷᠢᠯᠡᠯ ᠤᠨ ᠤᠨᠴᠠᠯᠢᠭ ᠠᠴᠠ ᠪᠠᠨ | ᠪᠤᠯᠵᠤ ᠲᠤᠰ ᠬᠠᠤᠯᠢ ᠶᠢᠨ ᠭᠤᠴᠢᠨ ᠵᠢᠷᠭᠤᠳᠤᠭᠠᠷ ᠵᠦᠢᠯ᠂ ᠭᠤᠴᠢᠨ ᠨᠠᠢᠮᠠᠳᠤᠭᠠᠷ ᠵᠦᠢᠯ ᠤᠨ ᠲᠤᠭᠲᠠᠭᠠᠯ ᠢ | ᠬᠡᠷᠡᠭᠵᠢᠭᠦᠯᠵᠤ ᠲᠡᠶᠢᠯᠬᠦ ᠦᠭᠡᠢ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢᠶᠠᠷ | ᠵᠦᠪᠰᠢᠶᠡᠷᠡᠭᠦᠯᠦᠭᠡᠳ ᠪᠤᠰᠤᠳ ᠵᠦᠢᠯ ᠤᠨ ᠠᠵᠢᠯᠯᠠᠬᠤ ᠪᠠ ᠠᠮᠠᠷᠠᠬᠤ ᠠᠷᠭ᠎ᠠ ᠶᠢ ᠬᠡᠷᠡᠭᠵᠢᠭᠦᠯᠵᠤ ᠪᠤᠯᠤᠨ᠎ᠠ᠃ | ᠳᠦᠴᠢᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠲᠤᠤᠷ᠎ᠠ ᠵᠢᠭᠰᠠᠭᠠᠭᠰᠠᠨ ᠪᠠᠶᠠᠷ ᠤᠨ ᠡᠳᠦᠷ ᠤᠨ | ᠬᠤᠭᠤᠴᠠᠭᠠᠨ ᠳᠤ ᠬᠦᠳᠡᠯᠮᠦᠷᠢᠴᠢᠳ ᠲᠤ ᠬᠠᠤᠯᠢ ᠶᠤᠰᠤᠭᠠᠷ ᠠᠮᠠᠷᠠᠯᠲᠠ ᠶᠢᠨ ᠴᠢᠯᠦᠭᠡ ᠲᠤᠬᠢᠷᠠᠭᠤᠯᠵᠤ ᠦᠭᠬᠦ | ᠬᠡᠷᠡᠭᠲᠠᠢ᠄ | ︵ᠨᠢᠭᠡ︶ ᠰᠢᠨ᠎ᠡ ᠵᠢᠯ ᠤᠨ ᠰᠢᠨ᠎ᠡ ᠶᠢᠨ ᠨᠢᠭᠡᠨ︔ | ︵ᠬᠤᠶᠠᠷ︶ ᠴᠠᠭᠠᠨ ᠰᠠᠷ᠎ᠠ ᠶᠢᠨ ᠪᠠᠶᠠᠷ︔ | ︵ᠭᠤᠷᠪᠠ︶ ᠲᠡᠯᠡᠬᠡᠢ ᠶᠢᠨ ᠬᠦᠳᠡᠯᠮᠦᠷᠢᠴᠢᠳ ᠤᠨ ᠪᠠᠶᠠᠷ︔ | ︵ᠲᠦᠷᠪᠡ︶ ᠤᠯᠤᠰ ᠤᠨ ᠪᠠᠶᠠᠷ︔ | ︵ᠲᠠᠪᠤ︶ ᠬᠠᠤᠯᠢ ᠴᠠᠭᠠᠵᠠ᠂ ᠬᠠᠤᠯᠢ ᠲᠤᠭᠲᠠᠭᠠᠯ ᠳᠤ ᠠᠮᠠᠷᠠᠯᠲᠠ ᠶᠢᠨ ᠴᠢᠯᠦᠭᠡ ᠲᠠᠯᠪᠢᠬᠤ ᠪᠠᠷ | ᠲᠤᠭᠲᠠᠭᠠᠭᠰᠠᠨ ᠪᠤᠰᠤᠳ ᠪᠠᠶᠠᠷ ᠤᠨ ᠡᠳᠦᠷ᠃ | ᠲᠦᠴᠢᠨ ᠨᠢᠭᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠦᠢᠯᠡᠳᠪᠦᠷᠢᠯᠡᠯ ᠡᠵᠡᠩᠨᠡᠯᠲᠡ ᠳᠤᠨᠢ | ᠬᠡᠷᠡᠭᠴᠡᠭᠡ ᠲᠠᠢ ᠪᠤᠯᠪᠠᠯ ᠠᠵᠢᠯᠴᠢᠨ ᠤ ᠡᠪᠯᠡᠯ ᠪᠠ ᠬᠦᠳᠡᠯᠮᠦᠷᠢᠴᠢᠨ ᠲᠠᠢ ᠵᠦᠪᠳᠡᠯᠴᠡᠭᠰᠡᠨ ᠤ ᠲᠠᠷᠠᠭ᠎ᠠ ᠠᠵᠢᠯᠯᠠᠬᠤ | ᠴᠠᠭ ᠢ ᠣᠷᠲᠤᠳᠬᠠᠵᠤ ᠪᠤᠯᠤᠨ᠎ᠠ᠂ ᠭᠡᠬᠦ ᠳᠡᠭᠡᠨ ᠡᠩ ᠤᠨ ᠪᠠᠶᠢᠳᠠᠯ ᠤᠨ ᠲᠤᠤᠷ᠎ᠠ ᠡᠳᠦᠷ ᠪᠦᠷᠢ ᠨᠢᠭᠡ ᠴᠠᠭ ᠠᠴᠠ | ᠬᠡᠳᠦᠷᠡᠭᠦᠯᠵᠤ ᠪᠤᠯᠬᠤ ᠦᠭᠡᠢ︔ ᠤᠨᠴᠠᠭᠠᠢ ᠰᠢᠯᠲᠠᠭᠠᠨ ᠠᠴᠠ ᠪᠤᠯᠤᠭᠠᠳ ᠠᠵᠢᠯᠯᠠᠬᠤ ᠴᠠᠭ ᠢ ᠣᠷᠲᠤᠳᠬᠠᠬᠤ | ᠴᠢᠬᠤᠯᠠ ᠲᠠᠢ ᠪᠠᠶᠢᠪᠠᠯ ᠬᠦᠳᠡᠯᠮᠦᠷᠢᠴᠢᠳ ᠤᠨ ᠪᠡᠶ᠎ᠡ ᠶᠢᠨ ᠡᠷᠡᠭᠦᠯ ᠴᠢᠬᠢᠷᠠᠭ ᠢ ᠪᠠᠲᠤᠯᠠᠬᠤ ᠨᠦᠬᠦᠴᠡᠯ ᠲᠤᠤᠷ᠎ᠠ | ᠤᠷᠲᠤᠳᠬᠠᠬᠤ ᠠᠵᠢᠯ ᠤᠨ ᠴᠠᠭ ᠢ ᠡᠳᠦᠷ ᠪᠦᠷᠢ ᠭᠤᠷᠪᠠᠨ ᠴᠠᠭ ᠠᠴᠠ ᠬᠡᠲᠦᠷᠡᠭᠦᠯᠵᠤ ᠪᠤᠯᠬᠤ ᠦᠭᠡᠢ᠂ ᠭᠡᠪᠡᠴᠤ | ᠰᠠᠷ᠎ᠠ ᠪᠦᠷᠢ ᠳᠤ ᠭᠤᠴᠢᠨ ᠵᠢᠷᠭᠤᠭᠠᠨ ᠴᠠᠭ ᠠᠴᠠ ᠬᠡᠲᠦᠷᠡᠭᠦᠯᠵᠤ ᠪᠤᠯᠬᠤ ᠦᠭᠡᠢ᠃ | ᠲᠦᠴᠢᠨ ᠬᠤᠶᠠᠳᠤᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ | ᠠᠵᠢᠯᠯᠠᠬᠤ ᠴᠠᠭ ᠢ ᠤᠷᠲᠤᠳᠬᠠᠬᠤ ᠳᠤ ᠲᠤᠰ ᠬᠠᠤᠯᠢ ᠶᠢᠨ ᠲᠦᠴᠢᠨ ᠨᠢᠭᠡᠳᠦᠭᠡᠷ ᠵᠦᠢᠯ ᠤᠨ ᠲᠤᠭᠲᠠᠭᠠᠯ ᠳᠤ | ᠬᠢᠵᠠᠭᠠᠷᠯᠠᠭᠳᠠᠬᠤ ᠦᠭᠡᠢ᠄ | ︵ᠨᠢᠭᠡ︶ ᠪᠠᠶᠢᠭᠠᠯᠢ ᠶᠢᠨ ᠭᠠᠮᠰᠢᠭ᠂ ᠭᠡᠨᠡᠳᠡᠯ ᠭᠠᠷᠤᠭᠰᠠᠨ ᠪᠤᠶᠤ ᠪᠤᠰᠤᠳ ᠰᠢᠯᠲᠠᠭᠠᠨ ᠠᠴᠠ ᠪᠤᠯᠵᠤ | ᠬᠦᠳᠡᠯᠮᠦᠷᠢᠴᠢᠳ ᠤᠨ ᠠᠮᠢ ᠨᠠᠰᠤ ᠡᠷᠡᠭᠦᠯ ᠴᠢᠬᠢᠷᠠᠭ ᠪᠠ ᠡᠳ᠋ ᠬᠦᠷᠦᠩᠭᠡ ᠶᠢᠨ ᠠᠮᠤᠷ ᠲᠦᠪᠰᠢᠨ ᠰᠦᠷᠳᠡᠭᠦᠯᠦᠯ ᠳᠤ | ᠤᠴᠠᠷᠠᠭᠠᠳ ᠪᠠᠴᠢᠮ ᠰᠢᠢᠳᠪᠦᠷᠢᠯᠡᠬᠦ ᠴᠢᠬᠤᠯᠠ ᠲᠠᠢ ᠪᠤᠯᠤᠭᠰᠠᠨ︔ | ︵ᠬᠤᠶᠠᠷ︶ ᠦᠢᠯᠡᠳᠪᠦᠷᠢᠯᠡᠯ ᠤᠨ ᠲᠦᠬᠦᠭᠡᠷᠤᠮᠵᠢ᠂ ᠵᠠᠮ ᠬᠠᠷᠢᠯᠴᠠᠭᠠᠨ ᠤ ᠲᠡᠭᠡᠭᠡᠪᠦᠷᠢ ᠶᠢᠨ ᠱᠤᠭᠤᠮ | ᠂ ᠤᠯᠠᠨ ᠨᠡᠶᠢᠲᠡ ᠶᠢᠨ ᠪᠡᠯᠡᠳᠭᠡᠯ ᠲᠦᠬᠦᠭᠡᠷᠦᠮᠵᠢ ᠳᠤ ᠬᠠᠷᠰᠢ ᠰᠠᠭᠠᠳ ᠭᠠᠷᠴᠤ ᠦᠢᠯᠡᠳᠪᠦᠷᠢᠯᠡᠯ ᠪᠠ ᠤᠯᠠᠨ | ᠨᠡᠶᠢᠲᠡ ᠶᠢᠨ ᠠᠰᠢᠭ ᠲᠤᠰᠠ ᠶᠢ ᠨᠦᠯᠦᠭᠡᠯᠡᠭᠡᠳ ᠡᠷᠬᠡᠪᠰᠢ ᠴᠠᠭ ᠲᠤᠬᠠᠢ ᠳᠤᠨᠢ ᠱᠠᠯᠠᠪᠳᠠᠨ ᠵᠠᠰᠠᠬᠤ ᠴᠢᠬᠤᠯᠠ ᠲᠠᠢ | ᠪᠤᠯᠤᠭᠰᠠᠨ︔ | ︵ᠭᠤᠷᠪᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠳᠤ ᠲᠤᠭᠲᠠᠭᠠᠭᠰᠠᠨ | ᠪᠤᠰᠤᠳ ᠪᠠᠶᠢᠳᠠᠯ ᠤᠳ᠃ | ᠲᠦᠴᠢᠨ ᠭᠤᠷᠪᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠶᠢᠨ ᠲᠤᠭᠲᠠᠭᠠᠯ ᠢ | ᠵᠦᠷᠢᠴᠡᠵᠤ ᠬᠦᠳᠡᠯᠮᠦᠷᠢᠴᠢᠳ ᠤᠨ ᠠᠵᠢᠯᠯᠠᠬᠤ ᠴᠠᠭ ᠢ ᠣᠷᠲᠤᠳᠬᠠᠵᠤ ᠪᠤᠯᠬᠤ ᠦᠭᠡᠢ᠃ | ᠲᠦᠴᠢᠨ ᠲᠦᠷᠪᠡᠳᠦᠭᠡᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠦᠮᠦᠨ | ᠬᠡᠷᠡᠭᠯᠡᠬᠦ ᠨᠢᠭᠡᠴᠢ ᠲᠤᠤᠷᠠᠬᠢ ᠪᠠᠷᠢᠮᠵᠢᠶ᠎ᠠ ᠶᠤᠰᠤᠭᠠᠷ ᠬᠦᠳᠡᠯᠮᠦᠷᠢᠴᠢᠳ ᠲᠤ ᠶᠡᠷᠤ ᠶᠢᠨ ᠠᠵᠢᠯᠯᠠᠬᠤ ᠴᠠᠭ ᠤᠨ | ᠴᠠᠯᠢᠩ ᠠᠴᠠ ᠲᠡᠭᠡᠭᠦᠷ ᠴᠠᠯᠢᠩ ᠬᠦᠯᠦᠰᠤ ᠤᠯᠭᠤᠬᠤ ᠬᠡᠷᠡᠭᠲᠠᠢ᠄ | ︵ᠨᠢᠭᠡ︶ ᠬᠦᠳᠡᠯᠮᠦᠷᠢᠴᠢᠳ ᠤᠨ ᠠᠵᠢᠯᠯᠠᠬᠤ ᠴᠠᠭ ᠢ ᠤᠷᠲᠤᠳᠬᠠᠬᠤ ᠪᠠᠷ ᠲᠤᠬᠢᠷᠠᠭᠤᠯᠤᠭᠰᠠᠨ | ᠪᠠᠶᠢᠪᠠᠯ ᠴᠠᠯᠢᠩ ᠤᠨ ᠬᠢᠨᠢ ᠵᠠᠭᠤᠨ ᠤ ᠲᠠᠪᠢᠨ ᠬᠤᠪᠢ ᠠᠴᠠ ᠲᠤᠤᠷ᠎ᠠ ᠦᠭᠡᠢ ᠴᠠᠯᠢᠩ ᠬᠦᠯᠦᠰᠤ ᠤᠯᠭᠤᠨ᠎ᠠ︔ | ︵ᠬᠤᠶᠠᠷ︶ ᠬᠦᠳᠡᠯᠮᠦᠷᠢᠴᠢᠳ ᠢ ᠠᠮᠠᠷᠠᠯᠲᠠ ᠶᠢᠨ ᠡᠳᠦᠷ ᠠᠵᠢᠯᠯᠠᠬᠤ ᠪᠠᠷ ᠲᠤᠬᠢᠷᠠᠭᠤᠯᠤᠭᠰᠠᠨ | ᠪᠦᠭᠡᠳ ᠨᠦᠬᠦᠪᠦᠷᠢ ᠠᠮᠠᠷᠠᠯᠲᠠ ᠲᠤᠬᠢᠷᠠᠭᠤᠯᠵᠤ ᠴᠢᠳᠠᠬᠤ ᠦᠭᠡᠢ ᠪᠠᠶᠢᠪᠠᠯ ᠴᠠᠯᠢᠩ ᠤᠨ ᠬᠢᠨᠢ ᠵᠠᠭᠤᠨ ᠤ ᠬᠤᠶᠠᠷ | ᠵᠠᠭᠤᠨ ᠬᠤᠪᠢ ᠠᠴᠠ ᠲᠤᠤᠷ᠎ᠠ ᠦᠭᠡᠢ ᠴᠠᠯᠢᠩ ᠬᠦᠯᠦᠰᠤ ᠤᠯᠭᠤᠨ᠎ᠠ︔ | ︵ᠭᠤᠷᠪᠠ︶ ᠬᠠᠤᠯᠢ ᠪᠠᠷ ᠲᠤᠭᠲᠠᠭᠠᠭᠰᠠᠨ ᠠᠮᠠᠷᠠᠯᠲᠠ ᠶᠢᠨ ᠡᠳᠦᠷ ᠬᠦᠳᠡᠯᠮᠦᠷᠢᠴᠢᠳ ᠢ | ᠠᠵᠢᠯᠯᠠᠬᠤ ᠪᠠᠷ ᠲᠤᠬᠢᠷᠠᠭᠤᠯᠤᠭᠰᠠᠨ ᠪᠠᠶᠢᠪᠠᠯ ᠴᠠᠯᠢᠩ ᠤᠨ ᠬᠢᠨᠢ ᠵᠠᠭᠤᠨ ᠤ ᠭᠤᠷᠪᠠᠨ ᠵᠠᠭᠤᠨ ᠬᠤᠪᠢ ᠠᠴᠠ ᠲᠤᠤᠷ᠎ᠠ | ᠦᠭᠡᠢ ᠴᠠᠯᠢᠩ ᠬᠦᠯᠦᠰᠤ ᠤᠯᠭᠤᠨ᠎ᠠ᠃ | ᠲᠦᠴᠢᠨ ᠲᠠᠪᠤᠳᠤᠭᠠᠷ ᠵᠦᠢᠯ ᠤᠯᠤᠰ ᠠᠴᠠ ᠴᠠᠯᠢᠩ ᠲᠠᠢ ᠪᠠᠷ ᠵᠢᠯ ᠤᠨ ᠠᠮᠠᠷᠠᠯᠲᠠ ᠶᠢᠨ ᠴᠢᠯᠦᠭᠡ | ᠠᠪᠬᠤ ᠲᠦᠷᠢᠮ ᠢ ᠬᠡᠷᠡᠭᠵᠢᠭᠦᠯᠦᠨ᠎ᠡ᠃ | ᠬᠦᠳᠡᠯᠮᠦᠷᠢᠴᠢᠨ ᠵᠠᠯᠭᠠᠭᠠᠪᠠᠷ ᠨᠢᠭᠡ ᠵᠢᠯ ᠠᠴᠠ ᠲᠡᠭᠡᠭᠰᠢ ᠠᠵᠢᠯᠯᠠᠭᠰᠠᠨ ᠪᠠᠶᠢᠪᠠᠯ ᠴᠠᠯᠢᠩ ᠲᠠᠢ ᠪᠠᠷ | ᠵᠢᠯ ᠤᠨ ᠠᠮᠠᠷᠠᠯᠲᠠ ᠶᠢᠨ ᠴᠢᠯᠦᠭᠡ ᠠᠪᠴᠤ ᠪᠤᠯᠤᠨ᠎ᠠ᠃ ᠪᠤᠲᠠᠲᠠᠢ ᠲᠦᠷᠢᠮ ᠢ ᠲᠦᠷᠦ ᠶᠢᠨ ᠶᠠᠪᠤᠳᠠᠯ ᠤᠨ | ᠬᠤᠷᠢᠶ᠎ᠠ ᠠᠴᠠ ᠲᠤᠭᠲᠠᠭᠠᠨ᠎ᠠ᠃ | ᠲᠠ᠊ᠪᠤᠳᠤᠭᠠᠷ ᠪᠦᠯᠦᠭ ᠴᠠᠯᠢᠩ | ᠲᠦᠴᠢᠨ ᠵᠢᠷᠭᠤᠳᠤᠭᠠᠷ ᠵᠦᠢᠯ ᠴᠠᠯᠢᠩ ᠤᠨ ᠬᠤᠪᠢᠶᠠᠷᠢᠯᠠᠯᠲᠠ ᠳᠤ ᠬᠦᠳᠡᠯᠮᠦᠷᠢᠯᠡᠭᠰᠡᠨ ᠤ ᠬᠢᠷᠢ | ᠪᠠᠷ ᠬᠤᠪᠢᠶᠠᠷᠢᠯᠠᠬᠤ ᠵᠠᠷᠴᠢᠮ ᠢ ᠵᠢᠷᠤᠮᠯᠠᠨ ᠠᠳᠠᠯᠢ ᠠᠵᠢᠯ ᠳᠤ ᠠᠳᠠᠯᠢ ᠬᠦᠯᠦᠰᠤ ᠤᠯᠭᠤᠮᠵᠢ ᠤᠯᠭᠤᠬᠤ ᠬᠡᠷᠡᠭᠲᠠᠢ᠃ | | ᠴᠠᠯᠢᠩ ᠤᠨ ᠬᠢᠷᠢ ᠬᠡᠮᠵᠢᠶ᠎ᠡ ᠶᠢ ᠠᠵᠤ ᠠᠬᠤᠢ ᠶᠢᠨ ᠬᠦᠭᠵᠢᠯᠲᠡ ᠶᠢᠨ ᠰᠠᠭᠤᠷᠢᠨ ᠲᠡᠭᠡᠷ᠎ᠡ ᠠᠯᠬᠤᠮ | ᠠᠯᠬᠤᠮ ᠢᠶᠠᠷ ᠲᠡᠭᠡᠭᠰᠢᠯᠡᠭᠦᠯᠦᠨ᠎ᠡ᠃ ᠣᠯᠣᠰ ᠠᠴᠠ ᠴᠠᠯᠢᠩ ᠤᠨ ᠶᠡᠷᠤᠩᠬᠡᠢ ᠬᠡᠮᠵᠢᠶ᠎ᠡ ᠳᠤ ᠬᠤᠷᠸ᠎ᠠ ᠲᠤᠬᠢᠷᠠᠭᠤᠯᠤᠯ | ᠡᠵᠡᠮᠳᠡᠯ ᠶᠠᠪᠤᠭᠤᠯᠤᠨ᠎ᠠ᠃ | ᠲᠦᠴᠢᠨ ᠲᠤᠯᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠤᠰ ᠨᠢᠭᠡᠴᠢ ᠶᠢᠨ ᠢᠶᠠᠨ | ᠦᠢᠯᠡᠳᠪᠦᠷᠢᠯᠡᠯ ᠡᠵᠡᠩᠨᠡᠯᠲᠡ ᠶᠢᠨ ᠤᠨᠴᠠᠯᠢᠭ ᠪᠠ ᠠᠵᠤ ᠠᠬᠤᠢ ᠶᠢᠨ ᠦᠷ᠎ᠡ ᠠᠰᠢᠭ ᠢ ᠦᠨᠳᠤᠰᠦᠯᠡᠨ ᠲᠤᠰ | ᠨᠢᠭᠡᠴᠢ ᠶᠢᠨ ᠢᠶᠠᠨ ᠴᠠᠯᠢᠩ ᠤᠨ ᠬᠤᠪᠢᠶᠠᠷᠢᠯᠠᠯᠲᠠ ᠶᠢᠨ ᠬᠡᠯᠪᠡᠷᠢ ᠪᠠ ᠴᠠᠯᠢᠩ ᠤᠨ ᠬᠢᠷᠢ ᠬᠡᠮᠵᠢᠶ᠎ᠡ ᠶᠢ ᠬᠠᠤᠯᠢ | ᠶᠤᠰᠤᠭᠠᠷ ᠪᠡᠶ᠎ᠡ ᠪᠠᠨ ᠲᠠᠭᠠᠭᠠᠵᠤ ᠲᠤᠭᠲᠠᠭᠠᠨ᠎ᠠ᠃ | ᠲᠦᠴᠢᠨ ᠨᠠᠢᠮᠠᠳᠣᠭᠠᠷ ᠵᠦᠢᠯ ᠤᠯᠤᠰ ᠠᠴᠠ ᠬᠠᠮᠤᠭ ᠲᠣᠣᠷ᠎ᠠ ᠴᠠᠯᠢᠩ ᠤᠨ ᠪᠠᠲᠤᠯᠭ᠎ᠠ ᠶᠢᠨ | ᠲᠦᠷᠢᠮ ᠢ ᠬᠡᠷᠡᠭᠵᠢᠭᠦᠯᠦᠨ᠎ᠡ᠃ ᠬᠠᠮᠤᠭ ᠲᠤᠤᠷ᠎ᠠ ᠴᠠᠯᠢᠩ ᠤᠨ ᠪᠣᠲᠠᠲᠠᠢ ᠪᠠᠷᠢᠮᠵᠢᠶ᠎ᠠ ᠶᠢ ᠮᠤᠵᠢ᠂ ᠦᠪᠡᠷᠲᠡᠭᠡᠨ | ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠤᠷᠲᠤᠨ ᠲᠤᠭᠲᠠᠭᠠᠵᠤ ᠲᠦᠷᠦ | ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠨ ᠲᠠᠩᠰᠠᠯᠠᠭᠤᠯᠬᠤ ᠬᠡᠷᠡᠭᠲᠠᠢ᠃ | ᠬᠦᠮᠦᠨ ᠬᠡᠷᠡᠭᠯᠡᠬᠦ ᠨᠢᠭᠡᠴᠢ ᠠᠴᠠ ᠬᠦᠳᠡᠯᠮᠦᠷᠢᠴᠢᠳ ᠲᠤ ᠤᠯᠭᠤᠬᠤ ᠴᠠᠯᠢᠩ ᠨᠢ ᠲᠤᠬᠠᠢ ᠶᠢᠨ ᠭᠠᠵᠠᠷ | ᠤᠨ ᠬᠠᠮᠤᠭ ᠤᠨ ᠲᠤᠤᠷ᠎ᠠ ᠴᠠᠯᠢᠩ ᠤᠨ ᠪᠠᠷᠢᠮᠵᠢᠶ᠎ᠠ ᠠᠴᠠ ᠲᠤᠤᠷ᠎ᠠ ᠪᠠᠶᠢᠵᠤ ᠪᠤᠯᠬᠤ ᠦᠭᠡᠢ᠃ | ᠲᠦᠴᠢ ᠶᠢᠰᠤᠳᠦᠭᠡᠷ ᠵᠦᠢᠯ ᠬᠠᠮᠤᠭ ᠲᠤᠤᠷ᠎ᠠ ᠴᠠᠯᠢᠩ ᠤᠨ ᠪᠠᠷᠢᠮᠵᠢᠶ᠎ᠠ ᠶᠢ ᠲᠤᠭᠲᠠᠭᠠᠬᠤ ᠪᠠ | ᠲᠡᠭᠦᠨ ᠳᠤ ᠲᠤᠬᠢᠷᠠᠭᠤᠯᠤᠯᠲᠠ ᠬᠢᠬᠦ ᠳᠡᠭᠡᠨ ᠲᠤᠤᠷ᠎ᠠ ᠵᠢᠭᠰᠠᠭᠠᠭᠰᠠᠨ ᠬᠦᠴᠦᠨ ᠵᠦᠢᠯ ᠢᠶᠠᠷ ᠶᠡᠷᠦᠩᠬᠡᠢ ᠯᠠᠪᠯᠠᠯᠲᠠ | ᠪᠤᠯᠭᠠᠬᠤ ᠬᠡᠷᠡᠭᠲᠠᠢ᠄ | ︵ᠨᠢᠭᠡ︶ ᠬᠦᠳᠡᠯᠮᠦᠷᠢᠴᠢᠨ ᠲᠤᠰ ᠬᠦᠮᠦᠨ ᠵᠢᠴᠢ ᠲᠡᠭᠦᠨ ᠤ ᠠᠰᠠᠷᠠᠨ ᠲᠡᠵᠢᠭᠡᠬᠦ ᠲᠤᠮᠳᠠᠴᠢ ᠬᠦᠮᠦᠨ | ᠠᠮᠠ ᠶᠢᠨ ᠠᠮᠢᠳᠤᠷᠠᠯ ᠤᠨ ᠬᠠᠮᠤᠭ ᠤᠨ ᠨᠠᠭᠠᠲᠤ ᠵᠠᠬ᠎ᠠ ᠶᠢᠨ ᠵᠠᠷᠤᠳᠠᠯ︔ | ︵ᠬᠤᠶᠠᠷ︶ ᠨᠡᠶᠢᠭᠡᠮ ᠤᠨ ᠳᠤᠮᠳᠠᠴᠢ ᠴᠠᠯᠢᠩ ᠤᠨ ᠬᠢᠷᠢ ᠬᠡᠮᠵᠢᠶ᠎ᠡ︔ | ︵ᠭᠤᠷᠪᠠ︶ ᠬᠦᠳᠡᠯᠮᠦᠷᠢ ᠶᠢᠨ ᠦᠢᠯᠡᠳᠪᠦᠷᠢᠯᠡᠬᠦ ᠪᠦᠲᠦᠭᠡᠯ︔ | ︵ᠲᠦᠷᠪᠡ︶ ᠠᠵᠢᠯ ᠤᠯᠭᠤᠭᠰᠠᠨ ᠪᠠᠶᠢᠳᠠᠯ︔ | ︵ᠲᠠᠪᠤ︶ ᠭᠠᠵᠠᠷ ᠤᠷᠤᠨ ᠤ ᠬᠤᠭᠤᠷᠤᠨᠳᠤᠬᠢ ᠠᠵᠤ ᠠᠬᠤᠢ ᠶᠢᠨ ᠬᠦᠭᠵᠢᠯᠲᠡ ᠶᠢᠨ ᠬᠢᠷᠢ | ᠬᠡᠮᠵᠢᠶᠡᠨ ᠤ ᠵᠦᠷᠢᠶ᠎ᠡ᠃ | ᠲᠠᠪᠢᠳᠤᠭᠠᠷ ᠵᠦᠢᠯ ᠴᠠᠯᠢᠩ ᠢ ᠵᠤᠭᠤᠰ ᠤᠨ ᠬᠡᠯᠪᠡᠷᠢ ᠪᠠᠷ ᠬᠦᠳᠡᠯᠮᠦᠶᠢᠷᠴᠢᠨ ᠬᠤᠪᠢ ᠬᠦᠮᠦᠨ ᠳᠤ | ᠰᠠᠷ᠎ᠠ ᠲᠠᠷᠠᠭᠠᠯᠠᠨ ᠤᠯᠭᠤᠬᠤ ᠬᠡᠷᠡᠭᠲᠠᠢ᠃ ᠬᠦᠳᠡᠯᠮᠦᠷᠢᠴᠢᠳ ᠤᠨ ᠴᠠᠯᠢᠩ ᠢ ᠬᠠᠰᠤᠬᠤ ᠪᠤᠶᠤ ᠤᠴᠢᠷ ᠰᠢᠯᠲᠠᠭᠠᠨ | ᠦᠭᠡᠢ ᠪᠠᠷ ᠬᠠᠰᠤᠵᠤ ᠪᠤᠯᠬᠤ ᠦᠭᠡᠢ᠃ | ᠲᠠᠪᠢᠨ ᠨᠢᠭᠡᠳᠦᠭᠡᠷ ᠵᠦᠢᠯ ᠬᠦᠳᠡᠯᠮᠦᠷᠢᠴᠢᠳ ᠤᠨ ᠬᠠᠤᠯᠢ ᠪᠠᠷ ᠲᠤᠭᠲᠠᠭᠠᠭᠰᠠᠨ ᠠᠮᠠᠷᠠᠯᠲᠠ ᠶᠢᠨ | ᠡᠳᠦᠷ ᠪᠠ ᠤᠷᠤᠭ ᠬᠤᠷᠢᠮ᠂ ᠪᠤᠯᠪᠠᠰᠤᠷᠠᠯ ᠤᠨ ᠴᠢᠯᠦᠭᠡᠨ ᠤ ᠬᠤᠭᠤᠴᠠᠭ᠎ᠠ ᠵᠢᠴᠢ ᠬᠠᠤᠯᠢ ᠶᠤᠰᠤᠭᠠᠷ ᠨᠡᠶᠢᠭᠡᠮ ᠤᠨ | ᠠᠵᠢᠯᠯᠠᠭ᠎ᠠ ᠳᠤ ᠤᠷᠤᠯᠴᠠᠬᠤ ᠬᠤᠭᠤᠴᠠᠭ᠎ᠠ ᠳᠠᠬᠢ ᠴᠠᠯᠢᠩ ᠢ ᠬᠦᠮᠦᠨ ᠬᠡᠷᠡᠭᠯᠡᠬᠦ ᠨᠢᠭᠡᠴᠢ ᠬᠠᠤᠯᠢ ᠶᠤᠰᠤᠭᠠᠷ | ᠤᠯᠭᠤᠬᠤ ᠬᠡᠷᠡᠭᠲᠠᠢ᠃ | ᠵᠢᠷᠭᠤᠳᠤᠭᠠᠷ ᠪᠦᠯᠦᠭ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ | ᠲᠠᠪᠢᠨ ᠬᠤᠶᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠡᠷᠬᠡᠪᠰᠢ ᠬᠦᠳᠡᠯᠮᠦᠷᠢ ᠶᠢᠨ ᠠᠶᠤᠯᠭᠦᠢ | ᠪᠠ ᠡᠷᠡᠭᠦᠯ ᠬᠠᠮᠠᠭᠠᠯᠠᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠬᠦᠯᠵᠤ᠂ ᠣᠯᠣᠰ ᠤᠨ ᠬᠦᠳᠡᠯᠮᠦᠷᠢ ᠶᠢᠨ | ᠠᠶᠤᠯᠬᠦᠢ ᠪᠠᠶᠢᠬᠤ ᠪᠠ ᠡᠷᠡᠭᠦᠯ ᠬᠠᠮᠠᠭᠠᠯᠠᠯ ᠤᠨ ᠵᠢᠷᠤᠮ᠂ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ | ᠬᠦᠳᠡᠯᠮᠮᠦᠷᠢᠴᠢᠳ ᠲᠤ ᠬᠦᠳᠡᠯᠮᠦᠷᠢ ᠶᠢᠨ ᠠᠶᠤᠯᠬᠦᠢ ᠪᠠᠶᠢᠬᠤ ᠪᠠ ᠡᠷᠡᠭᠦᠯ ᠬᠠᠮᠠᠭᠠᠯᠠᠯ ᠤᠨ ᠲᠤᠬᠠᠢ ᠬᠦᠮᠦᠵᠢᠯ ᠬᠢᠵᠤ | ᠂ ᠬᠦᠳᠡᠯᠮᠦᠷᠢ ᠶᠢᠨ ᠶᠠᠪᠤᠳᠠᠯ ᠳᠠᠬᠢ ᠭᠡᠨᠡᠳᠡᠯ ᠬᠡᠷᠡᠭ ᠢ ᠰᠡᠷᠭᠡᠶᠢᠯᠡᠨ ᠠᠵᠢᠯ ᠤᠨ ᠴᠢᠨᠠᠷᠲᠠᠢ ᠬᠤᠤᠷ ᠤᠷᠰᠢᠭ ᠢ | ᠪᠠᠭᠠᠰᠬᠠᠬᠤ ᠬᠡᠷᠡᠭᠲᠠᠢ᠃ | ᠲᠠᠪᠢᠨ ᠭᠤᠷᠪᠠᠳᠤᠭᠠᠷ ᠵᠦᠢᠯ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ ᠤᠨ | ᠲᠦᠭᠦᠭᠡᠷᠤᠮᠵᠢ ᠡᠷᠬᠡᠪᠰᠢ ᠤᠯᠤᠰ ᠤᠨ ᠲᠤᠭᠲᠠᠭᠠᠭᠰᠠᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠠᠢ᠃ | ᠡᠬᠢᠯᠡᠵᠤ ᠪᠠᠷᠢᠬᠤ᠂ ᠵᠠᠰᠠᠵᠤ ᠪᠠᠷᠢᠬᠤ᠂ ᠦᠷᠭᠡᠳᠭᠡᠵᠤ ᠪᠠᠷᠢᠬᠤ ᠪᠠᠷᠢᠯᠭ᠎ᠠ ᠶᠢᠨ ᠬᠦᠳᠡᠯᠮᠦᠷᠢ ᠶᠢᠨ | ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ ᠤᠨ ᠲᠦᠭᠦᠭᠡᠷᠦᠮᠵᠢ ᠶᠢ ᠡᠷᠬᠡᠪᠰᠢ ᠭᠤᠤᠯ ᠪᠠᠷᠢᠯᠭ᠎ᠠ ᠲᠠᠢ ᠬᠠᠮᠲᠤ ᠳᠤᠨᠢ | ᠵᠢᠷᠤᠵᠤ ᠲᠦᠯᠦᠪᠯᠡᠨ ᠬᠠᠮᠲᠤ ᠳᠤᠨᠢ ᠪᠠᠶᠢᠭᠤᠯᠵᠤ ᠬᠠᠮᠲᠤ ᠳᠤᠨᠢ ᠠᠰᠢᠭᠯᠠᠯᠲᠠ ᠳᠤ ᠤᠷᠤᠭᠤᠯᠵᠤ ᠬᠡᠷᠡᠭᠯᠡᠬᠦ ᠬᠡᠷᠡᠭᠲᠠᠢ᠃ | | ᠲᠠᠪᠢᠨ ᠲᠦᠷᠪᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠡᠷᠭᠡᠪᠰᠢ ᠬᠦᠳᠡᠯᠮᠦᠷᠢᠴᠢᠳ ᠲᠤ ᠤᠯᠤᠰ | ᠤᠨ ᠲᠤᠭᠲᠠᠭᠠᠯ ᠳᠤ ᠨᠡᠶᠢᠴᠡᠭᠰᠡᠨ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ ᠤᠨ ᠨᠦᠬᠦᠴᠡᠯ᠂ | ᠴᠢᠬᠤᠯᠠ ᠪᠦᠬᠦᠢ ᠬᠦᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠢ ᠬᠠᠩᠭᠠᠵᠤ᠂ ᠠᠵᠢᠯ ᠤᠨ ᠴᠢᠨᠠᠷᠲᠠᠢ ᠬᠤᠤᠷ | ᠤᠷᠰᠢᠭ ᠲᠠᠢ ᠠᠵᠢᠯ ᠬᠢᠳᠡᠭ ᠬᠦᠳᠡᠯᠮᠦᠷᠢᠴᠢᠳ ᠲᠤ ᠲᠤᠭᠲᠠᠮᠠᠯ ᠬᠤᠭᠤᠴᠠᠭ᠎ᠠ ᠲᠠᠢ ᠪᠠᠷ ᠡᠷᠡᠭᠦᠯ ᠮᠡᠨᠳᠤ ᠶᠢᠨ | ᠪᠠᠶᠢᠴᠠᠭᠠᠯᠲᠠ ᠬᠢᠬᠦ ᠬᠡᠷᠡᠭᠲᠠᠢ᠃ | ᠲᠠᠪᠢᠨ ᠲᠠᠪᠤᠳᠤᠭᠠᠷ ᠵᠦᠢᠯ ᠤᠨᠴᠠᠭᠠᠢ ᠲᠦᠷᠦᠯ ᠤᠨ ᠠᠵᠢᠯ ᠬᠢᠬᠦ ᠬᠦᠳᠡᠯᠮᠦᠷᠢᠴᠢᠳ ᠡᠷᠬᠡᠪᠰᠢ | ᠲᠤᠰᠬᠠᠢ ᠪᠤᠯᠪᠠᠰᠤᠷᠠᠯ ᠬᠦᠷᠲᠡᠬᠦ ᠶᠢᠨ ᠬᠠᠮᠲᠤ ᠤᠨᠴᠠᠭᠠᠢ ᠲᠦᠷᠦᠯ ᠤᠨ ᠠᠵᠢᠯ ᠬᠢᠬᠦ ᠬᠢᠷᠢ ᠬᠡᠮ ᠤᠯᠤᠭᠰᠠᠨ ᠪᠠᠶᠢᠬᠤ | ᠬᠡᠷᠡᠭᠲᠠᠢ᠃ | ᠲᠠᠪᠢᠨ ᠵᠢᠷᠭᠤᠳᠤᠭᠠᠷ ᠵᠦᠢᠯ ᠬᠦᠳᠡᠯᠮᠦᠷᠢᠴᠢᠳ ᠬᠦᠳᠡᠯᠮᠦᠷᠢᠯᠡᠬᠦ ᠶᠠᠪᠤᠴᠠ ᠳᠠᠭᠠᠨ ᠠᠶᠤᠯ ᠦᠭᠡᠢ | ᠪᠠᠷ ᠠᠵᠢᠯᠯᠠᠬᠤ ᠵᠢᠷᠤᠮ ᠢ ᠡᠷᠬᠡᠪᠰᠢ ᠴᠢᠩᠭ᠎ᠠ ᠵᠢᠷᠤᠮᠯᠠᠬᠤ ᠬᠡᠷᠡᠭᠲᠠᠢ᠃ | ᠬᠦᠮᠦᠨ ᠬᠡᠷᠡᠭᠯᠡᠬᠦ ᠨᠢᠭᠡᠴᠢ ᠶᠢᠨ ᠬᠠᠮᠢᠶᠠᠷᠤᠯᠲᠠ ᠶᠢᠨ ᠠᠵᠢᠯᠲᠠᠨ ᠲᠦᠷᠢᠮ ᠲᠤᠭᠲᠠᠭᠠᠯ ᠢ ᠵᠦᠷᠢᠴᠡᠨ | ᠵᠢᠯᠤᠭᠤᠳᠴᠤ ᠠᠶᠤᠯ ᠲᠦᠭᠰᠢᠭᠦᠷᠢ ᠲᠠᠢ ᠠᠵᠢᠯ ᠢ ᠠᠯᠪᠠᠲᠠᠨ ᠬᠢᠯᠭᠡᠬᠦ ᠭᠡᠪᠡᠯ ᠬᠦᠳᠡᠯᠮᠦᠷᠢᠴᠢᠳ ᠬᠡᠷᠡᠭᠵᠢᠭᠦᠯᠬᠦ | ᠦᠭᠡᠢ ᠪᠠᠶᠢᠬᠤ ᠡᠷᠬᠡ ᠲᠠᠢ︔ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠤ ᠳᠤ | ᠬᠤᠤᠷ ᠬᠦᠨᠤᠭᠡᠯ ᠲᠠᠢ ᠠᠵᠢᠯᠯᠠᠭ᠎ᠠ ᠶᠢ ᠰᠢᠭᠦᠮᠵᠢᠯᠡᠬᠦ᠂ ᠢᠯᠡᠴᠢᠯᠡᠬᠦ ᠪᠠ ᠵᠠᠭᠠᠯᠳᠤᠬᠤ ᠡᠷᠬᠡ ᠲᠠᠢ᠃ | ᠲᠠᠪᠢᠨ ᠲᠤᠯᠤᠳᠤᠭᠠᠷ ᠵᠦᠢᠯ ᠤᠯᠤᠰ ᠠᠴᠠ ᠦᠬᠦᠵᠤ ᠰᠢᠷᠬᠠᠲᠤᠭᠰᠠᠨ ᠭᠡᠨᠡᠳᠡᠯ ᠪᠠ ᠠᠵᠢᠯ ᠤᠨ | ᠴᠢᠨᠠᠷᠲᠠᠢ ᠡᠪᠡᠳᠴᠢᠨ ᠢ ᠪᠦᠷᠢᠳᠭᠡᠨ ᠮᠡᠳᠡᠭᠦᠯᠬᠦ᠂ ᠰᠢᠢᠳᠪᠦᠷᠢᠯᠡᠬᠦ ᠲᠦᠷᠢᠮ ᠢ ᠲᠤᠭᠲᠠᠭᠠᠨ᠎ᠠ᠃ ᠰᠢᠶᠠᠨ ᠤ ᠱᠠᠲᠤᠨ | ᠠᠴᠠ ᠲᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠤ ᠬᠦᠳᠡᠯᠮᠦᠷᠢ ᠶᠢᠨ ᠵᠠᠰᠠᠭ ᠤᠨ ᠣᠷᠳᠤᠨ ᠤ | ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠬᠦᠮᠦᠨ | ᠬᠡᠷᠡᠭᠯᠡᠬᠦ ᠨᠢᠭᠡᠴᠢ ᠨᠢ ᠬᠦᠳᠡᠯᠮᠦᠷᠢᠴᠢᠳ ᠤᠨ ᠬᠦᠳᠡᠯᠮᠦᠷᠢᠯᠡᠬᠦ ᠶᠠᠪᠤᠴᠠ ᠳᠤ ᠭᠠᠷᠤᠭᠰᠠᠨ ᠦᠬᠦᠵᠤ ᠰᠢᠷᠬᠠᠲᠤᠭᠰᠠᠨ | ᠭᠡᠨᠡᠳᠡᠯ ᠪᠠ ᠬᠦᠳᠡᠯᠮᠦᠷᠢᠴᠢᠳ ᠤᠨ ᠠᠵᠢᠯ ᠤᠨ ᠴᠢᠨᠠᠷᠲᠠᠢ ᠡᠪᠡᠳᠴᠢᠨ ᠤ ᠪᠠᠶᠢᠳᠠᠯ ᠢ ᠬᠠᠤᠯᠢ ᠶᠤᠰᠤᠭᠠᠷ ᠪᠦᠷᠢᠳᠭᠡᠨ | ᠮᠡᠳᠡᠭᠦᠯᠵᠤ ᠰᠢᠢᠳᠪᠦᠷᠢᠯᠡᠬᠦ ᠬᠡᠷᠡᠭᠲᠠᠢ᠃ | ᠲᠤᠯᠤᠳᠤᠭᠠᠷ ᠪᠦᠯᠦᠭ ᠡᠮᠡᠭᠲᠠᠢ ᠠᠵᠢᠯᠲᠠᠨ ᠠᠵᠢᠯᠴᠢᠨ ᠪᠠ ᠨᠠᠰᠤᠨ ᠳᠤ ᠬᠦᠷᠦᠭᠡᠳᠦᠢ ᠠᠵᠢᠯᠴᠢᠨ | ᠤ ᠤᠨᠴᠠᠭᠠᠢ ᠬᠠᠮᠠᠭᠠᠯᠠᠯᠲᠠ | ᠲᠠᠪᠢᠨ ᠨᠠᠢᠮᠠᠳᠣᠭᠠᠷ ᠵᠦᠢᠯ ᠣᠯᠣᠰ ᠠᠴᠠ ᠡᠮᠡᠭᠲᠠᠢ ᠠᠵᠢᠯᠲᠠᠨ ᠠᠵᠢᠯᠴᠢᠨ ᠪᠠ ᠨᠠᠰᠤᠨ ᠳᠤ | ᠬᠦᠷᠦᠭᠡᠳᠦᠢ ᠠᠵᠢᠯᠴᠢᠨ ᠳᠤ ᠬᠦᠳᠡᠯᠮᠦᠷᠢ ᠶᠢᠨ ᠤᠨᠴᠠᠭᠠᠢ ᠬᠠᠮᠠᠭᠠᠯᠠᠯᠲᠠ ᠬᠡᠷᠡᠭᠵᠢᠬᠦᠯᠦᠨ᠎ᠡ᠃ | ᠨᠠᠰᠤᠨ ᠳᠤ ᠬᠦᠷᠦᠭᠡᠳᠦᠢ ᠠᠵᠢᠯᠴᠢᠨ ᠭᠡᠵᠤ ᠪᠦᠬᠦᠯᠢ ᠠᠷᠪᠠᠨ ᠵᠢᠷᠭᠤᠭᠠᠨ ᠨᠠᠰᠣ ᠬᠦᠷᠴᠦ᠂ ᠪᠦᠬᠦᠯᠢ | ᠠᠷᠪᠠᠨ ᠨᠠᠢᠮᠠᠨ ᠨᠠᠰᠤ ᠬᠦᠷᠦᠭᠡᠳᠦᠢ ᠬᠦᠳᠡᠯᠮᠦᠷᠢᠴᠢᠨ ᠢ ᠬᠡᠯᠡᠵᠤ ᠪᠠᠶᠢᠨ᠎ᠠ᠃ | ᠲᠠᠪᠢ ᠶᠢᠰᠤᠳᠦᠭᠡᠷ ᠵᠦᠢᠯ ᠡᠮᠡᠭᠲᠠᠢ ᠠᠵᠢᠯᠲᠠᠨ ᠠᠵᠢᠯᠴᠢᠨ ᠢ ᠠᠭᠤᠷᠬᠠᠢ ᠶᠢᠨ ᠬᠤᠳᠳᠤᠭ | ᠲᠤᠲᠤᠷ᠎ᠠ᠂ ᠤᠯᠤᠰ ᠠᠴᠠ ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ ᠲᠦᠷᠪᠡᠳᠦᠭᠡᠷ ᠲᠡᠰ ᠤᠨ ᠡᠷᠴᠢᠮ ᠤᠨ | ᠬᠦᠳᠡᠯᠮᠦᠷᠢ ᠪᠠ ᠤᠨᠳᠤᠤ ᠴᠡᠭᠡᠷ ᠲᠠᠢ ᠬᠦᠳᠡᠯᠮᠦᠷᠢ ᠬᠢᠯᠭᠡᠬᠦ ᠪᠠᠷ ᠲᠤᠬᠢᠷᠠᠭᠤᠯᠬᠤ ᠶᠢ ᠴᠠᠭᠠᠵᠠᠯᠠᠨ᠎ᠠ᠃ | ᠵᠢᠷᠠᠳᠤᠭᠠᠷ ᠵᠦᠢᠯ ᠡᠮᠡᠭᠲᠠᠢ ᠠᠵᠢᠯᠲᠠᠨ ᠠᠵᠢᠯᠴᠢᠨ ᠢ ᠰᠠᠷ᠎ᠠ ᠶᠢᠨ ᠭᠬᠢᠷᠢ ᠤᠨ ᠬᠢᠨᠢ ᠬᠤᠭᠤᠴᠠᠭᠠᠨ ᠳᠤ | ᠦᠨᠳᠦᠷ ᠭᠠᠵᠠᠷ᠂ ᠭᠦᠢᠲᠡᠨ ᠭᠠᠵᠠᠷ᠂ ᠬᠦᠢᠲᠡᠨ ᠤᠰᠤᠨ ᠲᠤᠲᠤᠷ᠎ᠠ ᠠᠵᠢᠯᠯᠠᠭᠤᠯᠬᠤ ᠪᠠ ᠤᠯᠤᠰ ᠠᠴᠠ | ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ ᠭᠤᠷᠪᠠᠳᠤᠭᠠᠷ ᠲᠡᠰ ᠤᠨ ᠡᠷᠴᠢᠮ ᠤᠨ ᠬᠦᠳᠡᠯᠮᠦᠷᠢ ᠬᠢᠯᠭᠡᠬᠦ ᠪᠠᠷ | ᠲᠤᠬᠢᠷᠠᠭᠤᠯᠵᠤ ᠪᠤᠯᠬᠤ ᠦᠭᠡᠢ᠃ | ᠵᠢᠷᠠᠨ ᠨᠢᠭᠡᠳᠦᠭᠡᠷ ᠵᠦᠢᠯ ᠡᠮᠡᠭᠲᠠᠢ ᠠᠵᠢᠯᠲᠠᠨ ᠠᠵᠢᠯᠴᠢᠨ ᠢ ᠵᠢᠷᠮᠤᠰᠤᠨ ᠬᠤᠭᠤᠴᠠᠭᠠᠨ ᠳᠤᠨᠢ | ᠤᠯᠤᠰ ᠠᠴᠠ ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ ᠭᠤᠷᠪᠠᠳᠤᠭᠠᠷ ᠲᠡᠰ ᠤᠨ ᠡᠷᠴᠢᠮ ᠤᠨ ᠬᠦᠳᠡᠯᠮᠦᠷᠢ ᠪᠠ | ᠵᠢᠷᠮᠤᠰᠤᠨ ᠬᠤᠭᠤᠴᠠᠭᠠᠨ ᠳᠠᠬᠢ ᠴᠡᠭᠡᠷ ᠲᠠᠢ ᠬᠦᠳᠡᠯᠮᠦᠷᠢ ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠃ | ᠵᠢᠷᠮᠦᠰᠦᠯᠡᠭᠡᠳ ᠲᠤᠯᠤᠭᠠᠨ ᠰᠠᠷ᠎ᠠ ᠬᠡᠲᠤᠷᠡᠭᠰᠡᠨ ᠡᠮᠡᠭᠲᠠᠢ ᠠᠵᠢᠯᠴᠢᠨ ᠤ ᠠᠵᠢᠯᠯᠠᠬᠤ ᠴᠠᠭ ᠢ ᠨᠢ ᠤᠷᠲᠤᠳᠬᠠᠬᠤ ᠪᠠ | ᠲᠡᠲᠡ ᠨᠠᠷ ᠢ ᠰᠦᠨᠢ ᠶᠢᠨ ᠡᠭᠡᠯᠵᠢᠨ ᠤ ᠬᠦᠳᠡᠯᠮᠦᠷᠢ ᠬᠢᠯᠭᠡᠬᠦ ᠳᠤ ᠲᠤᠬᠢᠷᠠᠭᠤᠯᠵᠤ ᠪᠤᠯᠬᠤ ᠦᠭᠡᠢ᠃ | ᠵᠢᠷᠠᠨ ᠬᠤᠶᠠᠳᠤᠭᠠᠷ ᠵᠦᠢᠯ ᠡᠮᠡᠭᠲᠠᠢ ᠠᠵᠢᠯᠲᠠᠨ ᠠᠵᠢᠯᠴᠢᠨ ᠬᠦᠩᠭᠡᠵᠢᠭᠰᠡᠨ ᠤ ᠲᠠᠷᠠᠭ᠎ᠠ ᠶᠠᠷᠠᠨ ᠡᠳᠦᠷ | ᠠᠴᠠ ᠲᠤᠷᠤᠭᠰᠢ ᠦᠭᠡᠢ ᠬᠦᠩᠭᠡᠵᠢᠬᠦ ᠴᠢᠯᠦᠭᠡ ᠶᠢ ᠡᠳᠡᠯᠡᠨ᠎ᠡ᠃ | ᠵᠢᠷᠠᠨ ᠭᠤᠷᠪᠠᠳᠤᠭᠠᠷ ᠵᠦᠢᠯ ᠡᠮᠡᠭᠲᠠᠢ ᠠᠵᠢᠯᠲᠠᠨ ᠠᠵᠢᠯᠴᠢᠨ ᠢ ᠣᠢ ᠬᠦᠷᠦᠭᠡᠳᠦᠢ ᠨᠢᠯᠬ᠎ᠠ | ᠬᠡᠤᠬᠡᠳ ᠢᠶᠠᠨ ᠬᠦᠬᠦᠭᠦᠯᠵᠤ ᠪᠠᠶᠢᠭ᠎ᠠ ᠬᠤᠭᠤᠴᠠᠭᠠᠨ ᠳᠤᠨᠢ ᠤᠯᠤᠰ ᠠᠴᠠ ᠲᠤᠭᠲᠠᠭᠠᠭᠰᠠᠨ ᠪᠡᠶ᠎ᠡ ᠶᠢᠨ ᠬᠦᠳᠡᠯᠮᠦᠷᠢ | ᠶᠢᠨ ᠭᠤᠷᠪᠠᠳᠤᠭᠠᠷ ᠲᠡᠰ ᠤᠨ ᠡᠷᠴᠢᠮ ᠤᠨ ᠬᠦᠳᠡᠯᠮᠦᠷᠢ ᠪᠠ ᠬᠦᠬᠦᠭᠦᠯᠵᠤ ᠪᠠᠶᠢᠭ᠎ᠠ ᠬᠤᠭᠤᠴᠠᠭᠠᠨ ᠳᠠᠬᠢ ᠴᠡᠭᠡᠷ | ᠲᠠᠢ ᠪᠤᠰᠤᠳ ᠬᠦᠳᠡᠯᠮᠦᠷᠢ ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠂ ᠲᠡᠭᠦᠨ ᠤ ᠠᠵᠢᠯᠯᠠᠬᠤ ᠴᠠᠭ ᠢ ᠨᠢ | ᠤᠷᠲᠤᠳᠬᠠᠬᠤ ᠪᠠ ᠰᠦᠨᠢ ᠶᠢᠨ ᠡᠭᠡᠯᠵᠢᠨ ᠤ ᠬᠦᠳᠡᠯᠮᠦᠷᠢ ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠃ | ᠵᠢᠷᠠᠨ ᠲᠦᠷᠪᠡᠳᠦᠭᠡᠷ ᠵᠦᠢᠯ ᠨᠠᠰᠤᠨ ᠳᠤ ᠬᠦᠷᠦᠭᠡᠳᠦᠢ ᠠᠵᠢᠯᠴᠢᠨ ᠢ ᠠᠭᠤᠷᠬᠠᠢ ᠶᠢᠨ ᠬᠤᠳᠳᠤᠭ | ᠲᠤᠲᠤᠷ᠎ᠠ ᠠᠵᠢᠯᠯᠠᠭᠤᠯᠬᠤ᠂ ᠬᠤᠤᠷ ᠬᠦᠨᠦᠭᠡᠯ ᠲᠠᠢ ᠠᠵᠢᠯ ᠬᠢᠯᠭᠡᠬᠦ᠂ ᠤᠯᠤᠰ ᠠᠴᠠ ᠲᠤᠭᠲᠠᠭᠠᠭᠰᠠᠨ ᠪᠡᠶ᠎ᠡ ᠶᠢᠨ | ᠬᠦᠳᠡᠯᠮᠦᠷᠢ ᠶᠢᠨ ᠲᠦᠷᠪᠡᠳᠦᠭᠡᠷ ᠲᠡᠰ ᠤᠨ ᠡᠷᠴᠢᠮ ᠤᠨ ᠬᠦᠳᠡᠯᠮᠦᠷᠢ ᠪᠠ ᠪᠤᠰᠤᠳ ᠴᠡᠭᠡᠷ ᠲᠠᠢ ᠬᠦᠳᠡᠯᠮᠦᠷᠢ ᠬᠢᠯᠭᠡᠬᠦ | ᠪᠠᠷ ᠲᠤᠬᠢᠷᠠᠭᠤᠯᠵᠤ ᠪᠤᠯᠬᠤ ᠦᠭᠡᠢ᠃ | ᠵᠢᠷᠠᠨ ᠲᠠᠪᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠨᠠᠰᠤᠨ ᠳᠤ ᠬᠦᠷᠦᠭᠡᠳᠦᠢ ᠠᠵᠢᠯᠲᠠᠨ | ᠠᠵᠢᠯᠴᠢᠨ ᠳᠤ ᠲᠤᠭᠲᠠᠮᠠᠯ ᠬᠤᠭᠤᠴᠠᠭ᠎ᠠ ᠲᠠᠢ ᠪᠠᠷ ᠡᠷᠡᠭᠦᠯ ᠮᠡᠨᠳᠤ ᠶᠢᠨ ᠪᠠᠶᠢᠴᠠᠭᠠᠯᠲᠠ ᠬᠢᠬᠦ ᠬᠡᠷᠡᠭᠲᠠᠢ᠃ | ᠨᠠᠢᠮᠠᠳᠣᠭᠠᠷ ᠪᠦᠯᠦᠭ ᠠᠵᠢᠯ ᠮᠡᠷᠭᠡᠵᠢᠯ ᠤᠨ ᠪᠤᠯᠪᠠᠰᠤᠷᠠᠯ | ᠵᠢᠷᠠᠨ ᠵᠢᠷᠭᠤᠳᠤᠭᠠᠷ ᠵᠦᠢᠯ ᠤᠯᠤᠰ ᠠᠴᠠ ᠡᠯ᠎ᠡ ᠵᠦᠢᠯ ᠤᠨ ᠠᠷᠭ᠎ᠠ ᠵᠠᠮ ᠢᠶᠠᠷ ᠣᠯᠠᠨ ᠵᠦᠢᠯ ᠤᠨ | ᠠᠷᠭ᠎ᠠ ᠬᠡᠮᠵᠢᠶ᠎ᠡ ᠠᠪᠴᠣ ᠠᠵᠢᠯ ᠮᠡᠷᠭᠡᠵᠢᠯ ᠤᠨ ᠪᠤᠯᠪᠠᠰᠤᠷᠠᠯ ᠤᠨ ᠦᠢᠯᠡᠰ ᠢ ᠬᠦᠭᠵᠢᠭᠦᠯᠵᠤ᠂ ᠬᠦᠳᠡᠯᠮᠦᠷᠢᠴᠢᠳ | ᠤᠨ ᠠᠵᠢᠯ ᠮᠡᠷᠭᠡᠵᠢᠯ ᠤᠨ ᠮᠡᠷᠭᠡᠰᠢᠯ ᠴᠢᠳᠠᠪᠤᠷᠢ ᠶᠢ ᠨᠠᠬᠡᠬᠡᠨ ᠨᠡᠮᠡᠭᠳᠡᠭᠦᠯᠵᠤ᠂ ᠬᠦᠳᠡᠯᠮᠦᠷᠢᠴᠢᠳ ᠤᠨ ᠬᠡᠪ ᠴᠢᠨᠠᠷ ᠢ | ᠲᠡᠭᠡᠭᠰᠢᠯᠡᠭᠦᠯᠵᠤ᠂ ᠬᠦᠳᠡᠯᠮᠦᠷᠢᠴᠢᠳ ᠤᠨ ᠠᠵᠢᠯ ᠤᠯᠬᠤ ᠴᠢᠳᠠᠪᠤᠷᠢ ᠪᠠ ᠠᠵᠢᠯ ᠤᠨ ᠴᠢᠳᠠᠪᠤᠷᠢ ᠶᠢ | ᠨᠡᠮᠡᠭᠳᠡᠭᠦᠯᠦᠨ᠎ᠡ᠃ | ᠵᠢᠷᠠᠨ ᠲᠤᠯᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠠᠵᠢᠯ ᠮᠡᠷᠭᠡᠵᠢᠯ | ᠤᠨ ᠪᠤᠯᠪᠠᠰᠤᠷᠠᠯ ᠢ ᠭᠦᠭᠵᠢᠭᠦᠯᠬᠦ ᠶᠢ ᠨᠡᠶᠢᠭᠡᠮ ᠠᠵᠤ ᠠᠬᠤᠢ ᠶᠢᠨ ᠬᠦᠭᠵᠢᠯᠲᠡ ᠶᠢᠨ ᠲᠦᠯᠦᠪᠵᠢᠬᠦᠯᠭᠡ ᠳᠡᠭᠡᠨ | ᠣᠷᠣᠭᠤᠯᠵᠣ᠂ ᠨᠦᠬᠦᠴᠡᠯ ᠲᠠᠢ ᠠᠵᠤ ᠠᠬᠤᠶᠢᠯᠠᠯ᠂ ᠠᠵᠢᠯ ᠦᠢᠯᠡᠰ ᠤᠨ ᠵᠤᠬᠢᠶᠠᠨ ᠪᠠᠶᠢᠭᠤᠯᠤᠯᠲᠠ᠂ ᠨᠡᠶᠢᠭᠡᠮ ᠤᠨ | ᠪᠦᠯᠬᠦᠮ ᠪᠠ ᠬᠤᠪᠢ ᠬᠦᠮᠦᠨ ᠤ ᠡᠯ᠎ᠡ ᠵᠦᠢᠯ ᠤᠨ ᠬᠡᠯᠪᠡᠷᠢ ᠪᠠᠷ ᠠᠵᠢᠯ ᠮᠡᠷᠭᠡᠵᠢᠯ ᠤᠨ ᠪᠤᠯᠪᠠᠰᠤᠷᠠᠯ ᠬᠢᠬᠦ ᠶᠢ | ᠵᠤᠷᠢᠭᠵᠢᠭᠤᠯᠤᠨ ᠲᠡᠮᠵᠢᠬᠦ ᠬᠡᠷᠡᠭᠲᠠᠢ᠃ | ᠵᠢᠷᠠᠨ ᠨᠠᠢᠮᠠᠳᠣᠭᠠᠷ ᠵᠦᠢᠯ ᠬᠦᠮᠦᠨ ᠬᠡᠷᠡᠭᠯᠡᠬᠦ ᠨᠢᠭᠡᠴᠢ ᠠᠵᠢᠯ ᠮᠡᠷᠭᠡᠵᠢᠯ ᠤᠨ ᠪᠤᠯᠪᠠᠰᠤᠷᠠᠯ ᠤᠨ | ᠲᠦᠷᠢᠮ ᠢ ᠪᠠᠶᠢᠭᠤᠯᠵᠤ᠂ ᠤᠯᠤᠰ ᠤᠨ ᠲᠤᠭᠲᠠᠭᠠᠯ ᠶᠤᠰᠤᠭᠠᠷ ᠠᠵᠢᠯ ᠮᠡᠷᠭᠡᠵᠢᠯ ᠤᠨ ᠪᠤᠯᠪᠠᠰᠤᠷᠠᠯ ᠤᠨ ᠵᠠᠷᠤᠳᠠᠯ ᠢ | ᠭᠠᠷᠭᠠᠨ ᠠᠪᠬᠤ ᠪᠠ ᠬᠡᠷᠡᠭᠯᠡᠵᠤ᠂ ᠲᠤᠰ ᠨᠢᠭᠡᠴᠢ ᠶᠢᠨ ᠢᠶᠠᠨ ᠪᠣᠲᠠᠳᠤ ᠪᠠᠶᠢᠳᠠᠯ ᠢ ᠦᠨᠳᠦᠰᠦᠯᠡᠨ ᠬᠦᠳᠡᠯᠮᠦᠷᠢᠴᠢᠳ | ᠢ ᠲᠦᠯᠦᠪᠯᠡᠭᠡ ᠲᠠᠢ ᠪᠠᠷ ᠠᠵᠢᠯ ᠮᠡᠷᠭᠡᠵᠢᠯ ᠤᠨ ᠪᠤᠯᠪᠠᠰᠤᠷᠠᠯ ᠬᠢᠯᠭᠡᠬᠦ ᠬᠡᠷᠡᠭᠲᠠᠢ᠃ ᠮᠡᠷᠭᠡᠵᠢᠯ ᠤᠨ ᠲᠦᠷᠦᠯ ᠤᠨ | ᠠᠵᠢᠯ ᠬᠢᠬᠦ ᠬᠦᠳᠡᠯᠮᠦᠷᠢᠴᠢᠳ ᠠᠵᠢᠯ ᠤᠨ ᠪᠠᠶᠢᠷᠢ ᠳᠤ ᠭᠠᠷᠬᠤ ᠠᠴᠠ ᠪᠠᠨ ᠡᠮᠦᠨ᠎ᠡ ᠡᠷᠬᠡᠪᠰᠢ ᠪᠤᠯᠪᠠᠰᠤᠷᠠᠯ ᠬᠦᠷᠲᠡᠭᠦ | ᠬᠡᠷᠡᠭᠲᠠᠢ᠃ | ᠵᠢᠷᠠ ᠶᠢᠰᠤᠳᠦᠭᠡᠷ ᠵᠦᠢᠯ ᠣᠯᠣᠰ ᠠᠴᠠ ᠠᠵᠢᠯ ᠮᠡᠷᠭᠡᠵᠢᠯ ᠤᠨ ᠲᠦᠷᠦᠯ ᠬᠤᠪᠢᠶᠠᠷᠢ ᠶᠢ | ᠲᠤᠭᠲᠠᠭᠠᠵᠤ᠂ ᠲᠤᠭᠲᠠᠭᠠᠭᠰᠠᠨ ᠠᠵᠢᠯ ᠮᠡᠷᠭᠡᠵᠢᠯ ᠤᠨ ᠮᠠᠷᠬᠡᠰᠢᠯ ᠴᠢᠳᠠᠪᠤᠷᠢ ᠶᠢᠨ ᠪᠠᠷᠢᠮᠵᠢᠶ᠎ᠠ ᠲᠤᠭᠲᠠᠭᠠᠵᠤ᠂ ᠠᠵᠢᠯ | ᠮᠡᠷᠭᠡᠵᠢᠯ ᠤᠨ ᠬᠢᠷᠢ ᠬᠡᠮ ᠤᠨ ᠦᠨᠡᠮᠯᠡᠯ ᠤᠨ ᠳᠦᠷᠢᠮ ᠢ ᠬᠡᠷᠡᠭᠵᠢᠭᠦᠯᠦᠨ᠂ ᠵᠠᠰᠠᠭ ᠤᠨ ᠤᠷᠲᠤᠨ ᠢᠶᠠᠷ | ᠵᠦᠪᠰᠢᠶᠡᠷᠡᠭᠦᠯᠦᠭᠰᠡᠨ ᠬᠢᠨᠠᠨ ᠲᠤᠭᠲᠠᠭᠠᠬᠤ ᠪᠠᠶᠢᠭᠤᠯᠦᠮᠵᠢ ᠠᠴᠠ ᠬᠦᠳᠡᠯᠮᠦᠷᠢᠴᠢᠳ ᠲᠤ ᠠᠵᠢᠯ ᠮᠡᠷᠭᠡᠵᠢᠯ ᠤᠨ | ᠮᠡᠷᠭᠡᠰᠢᠯ ᠴᠢᠳᠠᠪᠤᠷᠢ ᠶᠢᠨ ᠬᠢᠨᠠᠨ ᠲᠤᠭᠲᠠᠭᠠᠯᠲᠠ ᠬᠢᠬᠦ ᠶᠢ ᠬᠠᠷᠢᠭᠤᠴᠠᠨ᠎ᠠ᠃ | ᠶᠢᠰᠤᠳᠦᠭᠡᠷ ᠪᠦᠯᠦᠭ ᠨᠡᠶᠢᠭᠡᠮ ᠤᠨ ᠲᠠᠭᠠᠳᠬᠠᠯ ᠪᠠ ᠠᠰᠠᠷᠠᠮᠵᠢ | ᠲᠠᠯᠠᠳᠤᠭᠠᠷ ᠵᠦᠢᠯ ᠤᠯᠤᠰ ᠠᠴᠠ ᠨᠡᠶᠢᠭᠡᠮ ᠤᠨ ᠲᠠᠭᠠᠳᠬᠠᠯ ᠤᠨ ᠦᠢᠯᠡᠰ ᠢ ᠬᠦᠭᠵᠢᠭᠦᠯᠦᠨ᠂ | ᠨᠡᠶᠢᠭᠡᠮ ᠤᠨ ᠲᠠᠭᠠᠳᠬᠠᠯ ᠤᠨ ᠲᠦᠷᠢᠮ ᠢ ᠪᠠᠶᠢᠭᠤᠯᠵᠤ᠂ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠭᠠᠷᠭᠠᠵᠤ | ᠂ ᠬᠦᠳᠡᠯᠮᠦᠷᠢᠴᠢᠳ ᠤᠨ ᠦᠲᠡᠯᠬᠦ᠂ ᠡᠪᠡᠳᠴᠢᠯᠡᠬᠦ᠂ ᠠᠵᠢᠯ ᠤᠨ ᠬᠠᠷᠠᠭ᠎ᠠ ᠪᠠᠷ ᠰᠢᠷᠬᠠᠲᠤᠬᠤ᠂ ᠠᠵᠢᠯ ᠠᠯᠳᠠᠬᠤ᠂ | ᠬᠦᠩᠭᠡᠵᠢᠵᠤ ᠪᠤᠶᠢᠵᠢᠭᠤᠯᠬᠤ ᠵᠡᠷᠭᠡ ᠪᠠᠶᠢᠳᠠᠯ ᠲᠤᠤᠷ᠎ᠠ ᠬᠠᠪᠰᠤᠷᠤᠯᠭ᠎ᠠ ᠪᠠ ᠨᠦᠬᠦᠪᠦᠷᠢ ᠤᠯᠭᠤᠨ᠎ᠠ᠃ | ᠲᠠᠯᠠᠨ ᠨᠢᠭᠡᠳᠦᠭᠡᠷ ᠵᠦᠢᠯ ᠨᠡᠶᠢᠭᠡᠮ ᠤᠨ ᠲᠠᠭᠠᠳᠬᠠᠯ ᠤᠨ ᠬᠢᠷᠢ ᠬᠡᠮᠵᠢᠶ᠎ᠡ ᠨᠢ ᠨᠡᠶᠢᠭᠡᠮ ᠤᠨ ᠠᠵᠤ | ᠠᠬᠤᠢ ᠶᠢᠨ ᠬᠦᠭᠵᠢᠯᠲᠡ ᠶᠢᠨ ᠬᠢᠷᠢ ᠬᠡᠮᠵᠢᠶ᠎ᠡ ᠪᠠ ᠨᠡᠶᠢᠭᠡᠮ ᠤᠨ ᠡᠭᠦᠷᠭᠡᠯᠡᠨ ᠲᠠᠭᠠᠭᠠᠬᠤ ᠴᠢᠳᠠᠪᠤᠷᠢ ᠲᠠᠢ | ᠵᠤᠬᠢᠴᠠᠯᠳᠤᠬᠤ ᠬᠡᠷᠡᠭᠲᠠᠢ᠃ | ᠲᠠᠯᠠᠨ ᠬᠤᠶᠠᠳᠤᠭᠠᠷ ᠵᠦᠢᠯ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠶᠢ ᠪᠤᠯ ᠲᠠᠭᠠᠳᠬᠠᠯ | ᠤᠨ ᠲᠦᠷᠦᠯ ᠢ ᠨᠢ ᠦᠨᠳᠤᠰᠦᠯᠡᠨ ᠪᠡᠯᠡ ᠮᠦᠩᠭᠦᠨ ᠤ ᠢᠷᠡᠯᠲᠡ ᠶᠢ ᠨᠢ ᠲᠤᠭᠲᠠᠭᠠᠵᠤ᠂ ᠢᠳᠡᠭ ᠢᠳᠡᠭ ᠢᠶᠠᠷ | ᠨᠡᠶᠢᠭᠡᠮ ᠲᠡᠭᠡᠷ᠎ᠡ ᠠᠴᠠ ᠨᠢᠭᠡᠳᠦᠯᠲᠠᠢ ᠴᠣᠭᠯᠠᠭᠤᠯᠬᠤ ᠪᠤᠯᠭᠠᠨ᠎ᠠ᠃ ᠬᠦᠮᠦᠨ ᠬᠡᠷᠡᠭᠯᠡᠬᠦ ᠨᠢᠭᠡᠴᠢ ᠪᠠ ᠬᠦᠳᠡᠯᠮᠦᠷᠢᠴᠢᠳ | ᠡᠷᠬᠡᠪᠰᠢ ᠬᠠᠤᠯᠢ ᠶᠤᠰᠤᠭᠠᠷ ᠨᠡᠶᠢᠭᠡᠮ ᠤᠨ ᠲᠠᠭᠠᠳᠬᠠᠯ ᠳᠤ ᠤᠷᠤᠯᠴᠠᠵᠤ ᠨᠡᠶᠢᠭᠡᠮ ᠤᠨ ᠲᠠᠭᠠᠳᠬᠠᠯ ᠤᠨ ᠰᠦᠢᠳᠭᠡᠯ | ᠲᠤᠰᠢᠶᠠᠬᠤ ᠬᠡᠷᠡᠭᠲᠠᠢ᠃ | ᠲᠠᠯᠠᠨ ᠭᠤᠷᠪᠠᠳᠤᠭᠠᠷ ᠵᠦᠢᠯ ᠬᠦᠳᠡᠯᠮᠦᠷᠢᠴᠢᠳ ᠲᠤᠤᠷ᠎ᠠ ᠵᠢᠭᠰᠠᠭᠠᠭᠰᠠᠨ ᠪᠠᠶᠢᠳᠠᠯ ᠤᠨ ᠲᠤᠤᠷ᠎ᠠ | ᠨᠡᠶᠢᠭᠡᠮ ᠤᠨ ᠲᠠᠭᠠᠳᠬᠠᠯ ᠤᠨ ᠬᠠᠷᠠᠭᠠᠯᠵᠠᠯ ᠢ ᠬᠠᠤᠯᠢ ᠶᠤᠰᠤᠭᠠᠷ ᠬᠦᠷᠲᠡᠨ᠎ᠡ᠄ | ︵ᠨᠢᠭᠡ︶ ᠨᠠᠰᠤᠨ ᠤ ᠠᠮᠠᠷᠠᠯᠲᠠ ᠪᠠᠨ ᠠᠪᠤᠭᠰᠠᠨ︔ | ︵ᠬᠤᠶᠠᠷ︶ ᠡᠪᠡᠳᠴᠢᠯᠡᠭᠰᠡᠨ᠂ ᠰᠢᠷᠬᠠᠲᠤᠭᠰᠠᠨ︔ | ︵ᠭᠤᠷᠪᠠ︶ ᠠᠵᠢᠯ ᠤᠨ ᠬᠠᠷᠠᠭ᠎ᠠ ᠪᠠᠷ ᠰᠢᠷᠬᠠᠲᠤᠵᠤ ᠵᠡᠮᠳᠡᠭ ᠪᠤᠯᠤᠭᠰᠠᠨ ᠪᠤᠶᠤ ᠠᠵᠢᠯ ᠤᠨ | ᠴᠢᠨᠠᠷᠲᠠᠢ ᠡᠪᠡᠳᠴᠢᠨ ᠤᠯᠤᠭᠰᠠᠨ︔ | ︵ᠲᠦᠷᠪᠡ︶ ᠠᠵᠢᠯ ᠠᠯᠳᠠᠭᠰᠠᠨ︔ | ︵ᠲᠠᠪᠤ︶ ᠬᠦᠩᠭᠡᠵᠢᠭᠰᠡᠨ᠃ | ᠬᠦᠳᠡᠯᠮᠦᠷᠢᠴᠢᠨ ᠨᠠᠰᠤ ᠪᠠᠷᠠᠭᠰᠠᠨ ᠤ ᠲᠠᠷᠠᠭ᠎ᠠ ᠭᠡᠷ ᠪᠦᠯᠢ ᠶᠢᠨ ᠬᠢᠨ ᠬᠠᠤᠯᠢ ᠶᠤᠰᠤᠭᠠᠷ ᠭᠡᠷ ᠪᠦᠯᠢ | ᠶᠢᠨ ᠬᠢᠨ ᠤ ᠤᠯᠭᠤᠮᠵᠢ ᠬᠦᠷᠲᠡᠨ᠎ᠡ᠃ | ᠬᠦᠳᠡᠯᠮᠦᠷᠢᠴᠢᠳ ᠤᠨ ᠨᠡᠶᠢᠭᠡᠮ ᠤᠨ ᠲᠠᠭᠠᠳᠬᠠᠯ ᠤᠨ ᠬᠠᠷᠠᠭᠠᠯᠵᠠᠯ ᠬᠦᠷᠲᠡᠬᠦ ᠨᠦᠬᠦᠴᠡᠯ ᠪᠠ | ᠪᠠᠷᠢᠮᠵᠢᠶ᠎ᠠ ᠶᠢ ᠬᠠᠤᠯᠢ ᠴᠠᠭᠠᠵᠠ᠂ ᠬᠠᠤᠯᠢ ᠲᠤᠭᠲᠠᠭᠠᠯ ᠢᠶᠠᠷ ᠲᠤᠭᠲᠠᠭᠠᠨ᠎ᠠ᠃ | ᠬᠦᠳᠡᠯᠮᠦᠷᠢᠴᠢᠳ ᠤᠨ ᠡᠳ᠋ᠯᠡᠬᠦ ᠨᠡᠶᠢᠭᠡᠮ ᠤᠨ ᠲᠠᠭᠠᠳᠬᠠᠯ ᠤᠨ ᠬᠠᠷᠠᠭᠠᠯᠵᠠᠯ ᠬᠦᠷᠲᠡᠬᠦ ᠨᠦᠬᠦᠴᠡᠯ ᠪᠠ | ᠪᠠᠷᠢᠮᠵᠢᠶ᠎ᠠ ᠶᠢ ᠬᠠᠤᠯᠢ ᠴᠠᠭᠠᠵᠠ᠂ ᠬᠠᠤᠯᠢ ᠲᠤᠭᠲᠠᠭᠠᠯ ᠢᠶᠠᠷ ᠲᠤᠭᠲᠠᠭᠠᠨ᠎ᠠ᠃ | ᠬᠦᠳᠡᠯᠮᠦᠷᠢᠴᠢᠳ ᠤᠨ ᠡᠳ᠋ᠯᠡᠬᠦ ᠨᠡᠶᠢᠭᠡᠮ ᠤᠨ ᠲᠠᠭᠠᠳᠬᠠᠯ ᠤᠨ ᠮᠦᠩᠭᠦ ᠶᠢ ᠡᠷᠬᠡᠪᠰᠢ ᠴᠠᠭ ᠲᠤᠬᠠᠢ | ᠳᠤᠨᠢ ᠲᠤᠭ᠎ᠠ ᠶᠤᠰᠤᠭᠠᠷ ᠨᠢ ᠤᠯᠭᠤᠬᠤ ᠬᠡᠷᠡᠭᠲᠠᠢ᠃ | ᠲᠠᠯᠠᠨ ᠲᠦᠷᠪᠡᠳᠦᠭᠡᠷ ᠵᠦᠢᠯ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠶᠢ ᠭᠠᠷᠲᠠᠨ | ᠡᠷᠬᠢᠯᠡᠬᠦ ᠪᠠᠶᠢᠭᠤᠯᠤᠮᠵᠢ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠶᠢ ᠬᠠᠤᠯᠢ ᠶᠢᠨ ᠲᠤᠭᠲᠠᠭᠠᠯ ᠶᠤᠰᠤᠭᠠᠷ | ᠬᠤᠷᠢᠶᠠᠨ ᠠᠪᠴᠣ ᠵᠠᠷᠤᠬᠤ᠂ ᠬᠠᠮᠢᠶᠠᠷᠬᠤ ᠪᠠ ᠬᠡᠷᠡᠭᠯᠡᠬᠦ ᠪᠦᠭᠡᠳ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ | ᠶᠢᠨ ᠦᠷᠲᠡᠭ ᠢ ᠪᠠᠲᠤᠯᠠᠵᠤ ᠨᠡᠮᠡᠭᠳᠡᠭᠦᠯᠬᠦ ᠬᠠᠷᠢᠭᠤᠴᠠᠯᠭ᠎ᠠ ᠲᠠᠢ᠃ | ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦᠨ ᠳᠤ ᠬᠢᠨᠠᠯᠲᠠ ᠲᠠᠯᠪᠢᠬᠤ ᠪᠠᠶᠢᠭᠤᠯᠤᠮᠵᠢ ᠬᠠᠤᠯᠢ | ᠶᠢᠨ ᠲᠤᠭᠲᠠᠭᠠᠯ ᠶᠤᠰᠤᠭᠠᠷ ᠨᠡᠶᠢᠭᠡᠮ ᠤᠨ ᠲᠠᠭᠠᠳᠬᠠᠯ ᠤᠨ ᠮᠦᠩᠭᠦ ᠶᠢ ᠬᠤᠷᠢᠶᠠᠨ ᠠᠪᠴᠤ ᠵᠠᠷᠤᠬᠤ᠂ ᠬᠠᠮᠢᠶᠠᠷᠴᠤ | ᠬᠡᠷᠡᠭᠯᠡᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ | ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠬᠦ ᠶᠢ ᠭᠠᠷᠲᠠᠨ ᠡᠷᠬᠢᠯᠡᠬᠦ ᠪᠠᠶᠢᠭᠤᠯᠤᠮᠵᠢ ᠪᠠ ᠨᠡᠶᠢᠭᠡᠮ | ᠤᠨ ᠲᠠᠭᠠᠳᠬᠠᠯ ᠤᠨ ᠰᠠᠭᠤᠷᠢ ᠮᠦᠩᠭᠦᠨ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢ ᠪᠠᠶᠢᠭᠤᠯᠬᠤ ᠪᠠ ᠲᠡᠭᠦᠨ ᠤ | ᠡᠭᠦᠷᠭᠡ ᠲᠤᠰᠢᠶᠠᠯ ᠢ ᠬᠠᠤᠯᠢ ᠪᠠᠷ ᠲᠤᠭᠲᠠᠭᠠᠨ᠎ᠠ᠃ | ᠶᠠᠮᠠᠷᠪᠠ ᠵᠤᠬᠢᠶᠠᠨ ᠪᠠᠶᠢᠭᠤᠯᠤᠯᠲᠠ ᠪᠠ ᠬᠤᠪᠢ ᠬᠦᠮᠦᠨ ᠨᠡᠶᠢᠭᠡᠮ ᠤᠨ ᠲᠠᠭᠠᠳᠬᠠᠯ ᠤᠨ ᠰᠠᠭᠤᠷᠢ | ᠮᠦᠩᠬᠦ ᠶᠢ ᠨᠡᠭᠦᠯᠭᠡᠨ ᠬᠡᠷᠡᠭᠯᠡᠵᠤ ᠪᠤᠯᠬᠤ ᠦᠭᠡᠢ᠃ | ᠲᠠᠯᠠᠨ ᠲᠠᠪᠤᠳᠤᠭᠠᠷ ᠵᠦᠢᠯ ᠬᠦᠮᠦᠨ ᠬᠡᠷᠡᠭᠡᠯᠡᠬᠦ ᠨᠢᠭᠡᠴᠢ ᠶᠢᠨ ᠲᠤᠰ ᠨᠢᠭᠡᠴᠢ ᠶᠢᠨ ᠢᠶᠠᠨ ᠪᠤᠳᠠᠳᠤ | ᠪᠠᠶᠢᠳᠠᠯ ᠢ ᠦᠨᠳᠤᠰᠦᠯᠡᠨ ᠬᠦᠳᠡᠯᠮᠦᠷᠢᠴᠢᠳ ᠲᠤ ᠨᠦᠬᠦᠪᠦᠷᠢ ᠲᠠᠭᠠᠳᠬᠠᠯ ᠪᠠᠶᠢᠭᠤᠯᠵᠤ ᠦᠭᠬᠦ ᠶᠢ ᠤᠯᠤᠰ ᠠᠴᠠ | ᠵᠤᠷᠢᠭᠵᠢᠭᠤᠯᠤᠨ᠎ᠠ᠃ | ᠬᠦᠳᠡᠯᠮᠦᠷᠢᠴᠢᠳ ᠤᠨ ᠬᠤᠪᠢ ᠪᠠᠷ ᠢᠶᠠᠨ ᠬᠠᠳᠠᠭᠠᠯᠠᠮᠵᠢ ᠶᠢᠨ ᠴᠢᠨᠠᠷᠲᠠᠢ ᠲᠠᠭᠠᠳᠬᠠᠯ ᠬᠢᠬᠦ ᠶᠢ ᠤᠯᠤᠰ | ᠠᠴᠠ ᠰᠠᠨᠠᠭᠠᠴᠢᠯᠠᠨ᠎ᠠ᠃ | ᠲᠠᠯᠠᠨ ᠵᠢᠷᠭᠤᠳᠤᠭᠠᠷ ᠵᠦᠢᠯ ᠤᠯᠤᠰ ᠠᠴᠠ ᠨᠡᠶᠢᠭᠡᠮ ᠤᠨ ᠠᠰᠠᠷᠠᠮᠵᠢ ᠶᠢᠨ ᠦᠢᠯᠡᠰ ᠢ | ᠬᠦᠭᠵᠢᠭᠦᠯᠵᠤ᠂ ᠤᠯᠠᠨ ᠨᠡᠶᠢᠲᠡ ᠶᠢᠨ ᠠᠰᠠᠷᠠᠮᠵᠢ ᠶᠢᠨ ᠲᠦᠬᠦᠭᠡᠷᠤᠮᠵᠢ ᠶᠢ ᠪᠠᠶᠢᠭᠤᠯᠵᠤ᠂ ᠬᠦᠳᠡᠯᠮᠦᠷᠢᠴᠢᠳ ᠤᠨ | ᠠᠮᠠᠷᠠᠬᠤ᠂ ᠠᠮᠠᠷᠠᠨ ᠰᠤᠪᠢᠯᠠᠬᠤ ᠪᠠ ᠡᠮᠨᠡᠭᠦᠯᠦᠨ ᠰᠤᠪᠢᠯᠠᠬᠤ ᠳᠤ ᠨᠦᠬᠦᠴᠡᠯ ᠬᠠᠩᠭᠠᠨ᠎ᠠ᠃ | ᠬᠦᠮᠦᠨ ᠬᠡᠷᠡᠭᠯᠡᠬᠦ ᠨᠢᠭᠡᠴᠢ ᠨᠦᠬᠦᠴᠡᠯ ᠪᠦᠷᠢᠯᠳᠤᠭᠦᠯᠦᠨ ᠨᠡᠶᠢᠲᠡ ᠶᠢᠨ ᠠᠰᠠᠷᠠᠮᠵᠢ ᠶᠢ | ᠰᠠᠶᠢᠵᠢᠷᠠᠭᠤᠯᠵᠤ᠂ ᠬᠦᠳᠡᠯᠮᠦᠷᠢᠴᠢᠳ ᠤᠨ ᠠᠰᠠᠷᠠᠮᠵᠢ ᠬᠠᠷᠠᠭᠠᠯᠵᠠᠯ ᠢ ᠲᠡᠭᠡᠭᠰᠢᠯᠡᠭᠦᠯᠬᠦ ᠬᠡᠷᠡᠭᠲᠠᠢ᠃ | ᠠᠷᠪᠠᠳᠤᠭᠠᠷ ᠪᠦᠯᠦᠭ ᠬᠦᠳᠡᠯᠮᠦᠷᠢ ᠶᠢᠨ ᠮᠠᠷᠭᠤᠭᠠᠨ | ᠲᠠᠯᠠᠨ ᠲᠤᠯᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠪᠤᠯᠤᠨ ᠬᠦᠳᠡᠯᠮᠦᠷᠢᠴᠢᠨ ᠬᠤᠭᠤᠷᠤᠨᠳᠤ | ᠪᠠᠨ ᠬᠦᠳᠡᠯᠮᠦᠷᠢ ᠶᠢᠨ ᠮᠠᠷᠭᠤᠭᠠᠨ ᠭᠠᠷᠪᠠᠯ ᠲᠤᠬᠠᠢ ᠶᠢᠨ ᠬᠦᠮᠦᠨ ᠬᠠᠤᠯᠢ ᠶᠤᠰᠤᠭᠠᠷ ᠡᠶᠡᠳᠡᠭᠦᠯᠬᠦ᠂ ᠬᠦᠨᠳᠡᠯᠡᠨ | ᠠᠴᠠ ᠲᠠᠰᠤᠯᠤᠭᠤᠯᠬᠤ ᠭᠤᠶᠤᠴᠢᠯᠠᠯ ᠭᠠᠷᠭᠠᠬᠤ᠂ ᠵᠠᠭᠠᠯᠳᠤᠯᠭ᠎ᠠ ᠭᠠᠷᠭᠠᠬᠤ᠂ ᠵᠦᠪᠳᠡᠯᠴᠡᠨ ᠰᠢᠢᠳᠪᠦᠷᠢᠯᠡᠵᠤ ᠴᠣ᠋ | ᠪᠤᠯᠤᠨ᠎ᠠ᠃ | ᠡᠶᠡᠳᠡᠭᠦᠯᠬᠦ ᠵᠠᠷᠴᠢᠮ ᠢ ᠬᠦᠨᠳᠡᠯᠡᠨ ᠠᠴᠠ ᠲᠠᠰᠤᠯᠬᠤ ᠪᠠ ᠵᠠᠷᠭᠤᠯᠳᠤᠬᠤ ᠵᠢᠷᠤᠮ ᠳᠤ ᠬᠡᠷᠡᠭᠯᠡᠨ᠎ᠡ᠃ | ᠲᠠᠯᠠᠨ ᠨᠠᠢᠮᠠᠳᠣᠭᠠᠷ ᠵᠦᠢᠯ ᠬᠦᠳᠡᠯᠮᠦᠷᠢ ᠶᠢᠨ ᠮᠠᠷᠭᠤᠭᠠᠨ ᠢ ᠰᠢᠢᠳᠪᠦᠷᠢᠯᠡᠬᠦ ᠳᠡᠭᠡᠨ ᠬᠠᠤᠯᠢ ᠳᠤ | ᠨᠡᠶᠢᠴᠡᠬᠦ᠂ ᠭᠤᠤᠯᠴᠢ ᠪᠠᠶᠢᠬᠤ᠂ ᠴᠠᠭ ᠲᠤᠬᠠᠢ ᠲᠤᠨᠢ ᠰᠢᠢᠳᠪᠦᠷᠢᠯᠡᠬᠦ ᠵᠠᠷᠴᠢᠮ ᠢ ᠦᠨᠳᠤᠰᠤᠯᠡᠨ ᠬᠦᠳᠡᠯᠮᠦᠷᠢ ᠶᠢᠨ | ᠮᠠᠷᠭᠤᠭᠠᠨ ᠤ ᠲᠤᠬᠠᠢ ᠶᠢᠨ ᠬᠦᠮᠦᠨ ᠤ ᠬᠠᠤᠯᠢ ᠶᠤᠰᠤᠨ ᠤ ᠡᠷᠬᠡ ᠠᠰᠢᠭ ᠢ ᠬᠠᠤᠯᠢ ᠶᠤᠰᠤᠭᠠᠷ ᠬᠠᠮᠠᠭᠠᠯᠠᠬᠤ | ᠬᠡᠷᠡᠭᠲᠠᠢ᠃ | ᠲᠠᠯ᠎ᠠ ᠶᠢᠰᠦᠳᠦᠭᠡᠷ ᠵᠦᠢᠯ ᠬᠦᠳᠡᠯᠮᠦᠷᠢ ᠶᠢᠨ ᠮᠠᠷᠭᠤᠭᠠᠨ ᠭᠠᠷᠤᠭᠰᠠᠨ ᠤ ᠲᠠᠷᠠᠭ᠎ᠠ᠂ ᠲᠤᠬᠠᠢ ᠶᠢᠨ | ᠬᠦᠮᠦᠨ ᠲᠤᠰ ᠨᠢᠭᠡᠴᠢ ᠶᠢᠨ ᠢᠶᠠᠨ ᠬᠦᠳᠡᠯᠮᠦᠷᠢ ᠶᠢᠨ ᠮᠠᠷᠭᠤᠭᠠᠨ ᠢ ᠡᠶᠡᠳᠡᠭᠦᠯᠬᠦ ᠺᠤᠮᠢᠰ ᠲᠤ ᠡᠶᠡᠳᠡᠭᠦᠯᠬᠦ | ᠭᠤᠶᠤᠴᠢᠯᠠᠯ ᠭᠠᠷᠭᠠᠵᠤ ᠪᠤᠯᠤᠨ᠎ᠠ︔ ᠡᠶᠡᠳᠡᠭᠦᠯᠦᠨ ᠪᠦᠲᠦᠭᠰᠡᠨ ᠦᠭᠡᠢ ᠪᠠᠶᠢᠪᠠᠯ᠂ ᠨᠢᠭᠡ ᠲᠠᠯ᠎ᠠ ᠶᠢᠨ ᠲᠤᠬᠠᠢ ᠶᠢᠨ | ᠬᠦᠮᠦᠨ ᠨᠢ ᠬᠦᠨᠳᠡᠯᠡᠨ ᠠᠴᠠ ᠲᠠᠰᠤᠯᠤᠭᠤᠯᠬᠤ ᠪᠠᠷ ᠱᠠᠭᠠᠷᠳᠠᠭᠰᠠᠨ ᠪᠤᠯ᠂ ᠬᠦᠳᠡᠯᠮᠦᠷᠢ ᠶᠢᠨ ᠮᠠᠷᠭᠤᠭᠠᠨ ᠢ | ᠬᠦᠨᠳᠡᠯᠡᠨ ᠠᠴᠠ ᠲᠠᠰᠤᠯᠬᠤ ᠺᠤᠮᠢᠰ ᠲᠤ ᠬᠦᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠯ ᠭᠠᠷᠭᠠᠵᠤ ᠪᠤᠯᠤᠨ᠎ᠠ᠃ | ᠨᠢᠭᠡ ᠲᠠᠯ᠎ᠠ ᠶᠢᠨ ᠲᠤᠬᠠᠢ ᠶᠢᠨ ᠬᠦᠮᠦᠨ ᠨᠢ ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠺᠤᠮᠢᠰ | ᠲᠤ ᠰᠢᠭᠤᠳ ᠬᠦᠨᠳᠡᠯᠡᠨ ᠠᠴᠠ ᠲᠠᠰᠣᠯᠣᠭᠤᠯᠬᠤ ᠳᠤ ᠭᠤᠶᠤᠴᠢᠯᠠᠯ ᠭᠠᠷᠭᠠᠵᠤ ᠴᠤ ᠪᠤᠯᠤᠨ᠎ᠠ᠃ ᠬᠦᠨᠳᠡᠯᠡᠨ ᠠᠴᠠ | ᠲᠠᠰᠤᠯᠤᠭᠰᠠᠨ ᠬᠢᠨᠠᠨ ᠲᠠᠰᠤᠯᠤᠯᠲᠠ ᠶᠢ ᠵᠦᠪᠰᠢᠶᠡᠷᠡᠭᠦ ᠦᠭᠡᠢ ᠪᠠᠶᠢᠪᠠᠯ ᠠᠷᠠᠳ ᠤᠨ ᠰᠢᠭᠦᠬᠦ ᠬᠤᠷᠢᠶᠠᠨ ᠳᠤ | ᠵᠠᠭᠠᠯᠳᠤᠯᠭ᠎ᠠ ᠭᠠᠷᠭᠠᠵᠤ ᠪᠤᠯᠤᠨ᠎ᠠ᠃ | ᠨᠠᠶᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠳᠤ ᠬᠦᠳᠡᠯᠮᠦᠷᠢ ᠶᠢᠨ ᠮᠠᠷᠭᠤᠭᠠᠨ ᠢ ᠡᠶᠡᠳᠡᠭᠦᠯᠬᠦ | ᠺᠤᠮᠢᠰ ᠪᠠᠶᠢᠭᠤᠯᠵᠤ ᠪᠤᠯᠤᠨ᠎ᠠ᠃ ᠬᠦᠳᠡᠯᠮᠦᠷᠢ ᠶᠢᠨ ᠮᠠᠷᠭᠤᠭᠠᠨ ᠢ ᠡᠶᠡᠳᠡᠭᠦᠯᠬᠦ ᠺᠤᠮᠢᠰ ᠨᠢ ᠠᠵᠢᠯᠲᠠᠨ ᠠᠵᠢᠯᠴᠢᠨ ᠤ | ᠲᠦᠯᠦᠭᠡᠯᠡᠭᠴᠢ᠂ ᠬᠦᠮᠦᠨ ᠬᠡᠷᠡᠭᠯᠡᠬᠦ ᠨᠢᠭᠡᠴᠢ ᠶᠢᠨ ᠲᠦᠯᠦᠭᠡᠯᠡᠭᠴᠢ ᠪᠠ ᠠᠵᠢᠯᠴᠢᠨ ᠤ ᠡᠪᠯᠡᠯ ᠤᠨ ᠲᠦᠯᠦᠭᠡᠯᠡᠭᠴᠢ | ᠪᠠᠷ ᠪᠦᠷᠢᠯᠳᠦᠨ᠎ᠡ᠃ ᠬᠦᠳᠡᠯᠮᠦᠷᠢ ᠶᠢᠨ ᠮᠠᠷᠭᠤᠭᠠᠨ ᠢ ᠲᠠᠰᠤᠯᠬᠤ ᠡᠶᠡᠳᠡᠭᠦᠯᠬᠦ ᠺᠤᠮᠢᠰ ᠤᠨ ᠡᠷᠬᠢᠯᠡᠭᠴᠢ ᠶᠢᠨ | ᠲᠤᠰᠢᠶᠠᠯ ᠢ ᠠᠵᠢᠯᠲᠠᠨ ᠤ ᠡᠪᠯᠡᠯ ᠤᠨ ᠲᠦᠯᠦᠭᠡᠯᠡᠭᠴᠢ ᠡᠬᠦᠷᠭᠡᠯᠡᠨ᠎ᠡ᠃ | ᠬᠦᠳᠡᠯᠮᠦᠷᠢ ᠶᠢᠨ ᠮᠠᠷᠭᠤᠭᠠᠨ ᠢ ᠡᠶᠡᠳᠡᠭᠦᠯᠦᠭᠡᠳ ᠬᠡᠯᠡᠯᠴᠡᠭᠡᠷ ᠲᠤᠬᠢᠷᠠᠭᠰᠠᠨ ᠪᠠᠶᠢᠪᠠᠯ ᠲᠤᠬᠠᠢ ᠶᠢᠨ | ᠬᠦᠮᠦᠨ ᠬᠡᠷᠡᠭᠵᠢᠭᠦᠯᠬᠦ ᠬᠡᠷᠡᠭᠲᠠᠢ᠃ | ᠨᠠᠶᠠᠨ ᠨᠢᠭᠡᠳᠦᠭᠡᠷ ᠵᠦᠢᠯ ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠣᠯᠬᠤ ᠺᠤᠮᠢᠰ ᠨᠢ | ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠲᠦᠯᠦᠭᠡᠯᠡᠭᠴᠢ᠂ ᠠᠳᠠᠯᠢ ᠱᠠᠲᠤᠨ ᠤ ᠠᠵᠢᠯᠴᠢᠨ ᠤ | ᠡᠪᠯᠡᠯ ᠤᠨ ᠲᠦᠯᠦᠭᠡᠯᠡᠭᠴᠢ᠂ ᠬᠦᠮᠦᠨ ᠬᠡᠷᠡᠭᠯᠡᠬᠦ ᠨᠢᠭᠡᠴᠢ ᠶᠢᠨ ᠲᠠᠯ᠎ᠠ ᠶᠢᠨ ᠲᠦᠯᠦᠭᠡᠯᠡᠭᠴᠢ ᠪᠠᠷ ᠪᠦᠷᠢᠯᠳᠦᠨ᠎ᠡ᠃ | ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠺᠤᠮᠢᠰ ᠤᠨ ᠡᠷᠬᠢᠯᠡᠭᠴᠢ ᠶᠢᠨ ᠲᠤᠰᠢᠶᠠᠯ ᠢ ᠬᠦᠳᠡᠯᠮᠦᠷᠢ | ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠲᠦᠯᠦᠭᠡᠯᠡᠭᠴᠢ ᠡᠭᠦᠷᠭᠡᠯᠡᠨ᠎ᠡ᠃ | ᠨᠠᠶᠠᠨ ᠬᠤᠶᠠᠳᠤᠭᠠᠷ ᠵᠦᠢᠯ ᠬᠦᠨᠳᠡᠯᠡᠨ ᠠᠴᠠ ᠲᠠᠰᠣᠯᠣᠭᠤᠯᠬᠤ ᠱᠠᠭᠠᠷᠳᠠᠯᠭ᠎ᠠ ᠲᠤᠷᠠᠳᠤᠭᠰᠠᠨ | ᠲᠠᠯ᠎ᠠ ᠪᠠᠷ ᠨᠢ ᠬᠦᠳᠡᠯᠮᠦᠷᠢ ᠶᠢᠨ ᠮᠠᠷᠭᠤᠭᠠᠨ ᠭᠠᠷᠤᠭᠰᠠᠨ ᠡᠳᠦᠷ ᠠᠴᠠ ᠡᠬᠢᠯᠡᠨ ᠵᠢᠷᠠᠨ ᠬᠤᠨᠤᠭ ᠤᠨ ᠲᠤᠲᠤᠷ᠎ᠠ | ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠺᠤᠮᠢᠰ ᠲᠤ ᠪᠢᠴᠢᠭ ᠢᠶᠠᠷ ᠭᠤᠶᠤᠴᠢᠯᠠᠯ ᠭᠠᠷᠭᠠᠬᠤ | ᠭᠡᠷᠡᠭᠲᠠᠢ︔ ᠬᠦᠨᠳᠡᠯᠡᠨ ᠠᠴᠠ ᠲᠠᠰᠤᠯᠬᠤ ᠬᠢᠨᠡᠨ ᠲᠠᠰᠤᠯᠤᠯᠲᠠ ᠶᠢ ᠡᠩ ᠤᠨ ᠪᠠᠶᠢᠳᠠᠯ ᠲᠤᠤᠷ᠎ᠠ ᠬᠦᠨᠳᠡᠯᠡᠨ ᠠᠴᠠ | ᠲᠠᠰᠤᠯᠤᠭᠤᠯᠬᠤ ᠭᠤᠶᠤᠴᠢᠯᠠᠯ ᠢ ᠤᠯᠤᠭᠰᠠᠨ ᠡᠳᠦᠷ ᠠᠴᠠ ᠬᠤᠶᠢᠰᠢ ᠶᠢᠨ ᠵᠢᠷᠠᠨ ᠬᠤᠨᠤᠭ ᠤᠨ ᠲᠤᠲᠤᠷ᠎ᠠ ᠭᠠᠷᠭᠠᠨ᠎ᠠ | ᠂ ᠬᠦᠨᠳᠡᠯᠡᠨ ᠠᠴᠠ ᠲᠠᠰᠤᠯᠤᠭᠰᠠᠨ ᠬᠢᠨᠠᠨ ᠲᠠᠰᠤᠯᠤᠯᠲᠠ ᠳᠤ ᠤᠨᠳᠤᠤ ᠰᠠᠨᠠᠯ ᠦᠭᠡᠢ ᠪᠤᠯ ᠲᠤᠬᠠᠢ ᠶᠢᠨ ᠬᠦᠮᠦᠨ | ᠡᠷᠬᠡᠪᠰᠢ ᠬᠡᠷᠡᠭᠵᠢᠭᠦᠯᠬᠦ ᠬᠡᠷᠡᠭᠲᠡᠢ᠃ | ᠨᠠᠶᠠᠨ ᠭᠤᠷᠪᠠᠳᠤᠭᠠᠷ ᠵᠦᠢᠯ ᠬᠦᠳᠡᠯᠮᠦᠷᠢ ᠶᠢᠨ ᠮᠠᠷᠭᠤᠭᠠᠨ ᠤ ᠲᠤᠬᠠᠢ ᠶᠢᠨ ᠬᠦᠮᠦᠨ ᠬᠦᠨᠳᠡᠯᠡᠨ | ᠠᠴᠠ ᠲᠠᠰᠤᠯᠤᠭᠰᠠᠨ ᠬᠢᠨᠠᠨ ᠲᠠᠰᠤᠯᠤᠯᠲᠠ ᠶᠢ ᠵᠦᠪᠰᠢᠶᠡᠷᠡᠬᠦ ᠦᠭᠡᠢ ᠪᠠᠶᠢᠪᠠᠯ ᠬᠦᠨᠳᠡᠯᠡᠨ ᠠᠴᠠ ᠲᠠᠰᠤᠯᠤᠭᠰᠠᠨ | ᠬᠢᠨᠠᠨ ᠲᠠᠰᠤᠯᠤᠯᠲᠠ ᠶᠢᠨ ᠪᠢᠴᠢᠭ ᠢ ᠤᠯᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠬᠤᠨᠤᠭ ᠤᠨ ᠲᠤᠲᠤᠷ᠎ᠠ | ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠵᠤ ᠪᠤᠯᠤᠨ᠎ᠠ᠂ ᠨᠢᠭᠡ ᠲᠠᠯ᠎ᠠ ᠶᠢᠨ ᠲᠤᠬᠠᠢ ᠶᠢᠨ ᠬᠦᠮᠦᠨ | ᠨᠢ ᠬᠠᠤᠯᠢ ᠳᠤ ᠲᠤᠭᠲᠠᠭᠠᠭᠰᠠᠨ ᠬᠤᠭᠤᠴᠠᠭᠠᠨ ᠲᠤᠲᠤᠷ᠎ᠠ ᠵᠠᠭᠠᠯᠳᠤᠯᠭ᠎ᠠ ᠭᠠᠷᠭᠠᠬᠤ ᠦᠭᠡᠢ ᠪᠦᠭᠡᠳ ᠬᠦᠨᠳᠡᠯᠨ | ᠠᠴᠠ ᠲᠠᠰᠤᠯᠤᠭᠰᠠᠨ ᠬᠢᠨᠠᠨ ᠲᠠᠰᠤᠯᠤᠯᠲᠠ ᠶᠢ ᠬᠡᠷᠡᠭᠵᠢᠭᠦᠯᠬᠦ ᠦᠭᠡᠢ ᠪᠠᠶᠢᠪᠠᠯ ᠨᠦᠭᠦᠭᠡ ᠲᠠᠯ᠎ᠠ ᠶᠢᠨ ᠲᠤᠬᠠᠢ ᠶᠢᠨ | ᠬᠦᠮᠦᠨ ᠠᠯᠪᠠᠳᠠᠨ ᠬᠦᠢᠴᠡᠳᠭᠡᠭᠦᠯᠬᠦ ᠪᠠᠷ ᠠᠷᠠᠳ ᠤᠨ ᠰᠢᠭᠦᠬᠦ ᠬᠤᠷᠢᠶᠠᠨ ᠳᠤ ᠭᠤᠶᠤᠴᠢᠯᠠᠯ ᠭᠠᠷᠭᠠᠵᠤ ᠪᠤᠯᠤᠨ᠎ᠠ᠃ | ᠨᠠᠶᠠᠨ ᠲᠦᠷᠪᠡᠳᠦᠭᠡᠷ ᠵᠦᠢᠯ ᠬᠠᠮᠲᠤ ᠶᠢᠨ ᠭᠡᠷ᠎ᠡ ᠲᠤᠭᠲᠠᠭᠠᠭᠰᠠᠨ ᠤ ᠲᠠᠷᠠᠭ᠎ᠠ ᠪᠠᠷ ᠮᠠᠷᠭᠤᠭᠠᠨ ᠭᠠᠷᠤᠭᠠᠳ | ᠲᠤᠬᠠᠢ ᠶᠢᠨ ᠬᠦᠮᠦᠨ ᠵᠦᠪᠳᠡᠯᠴᠡᠨ ᠰᠢᠢᠳᠪᠦᠷᠢᠯᠡᠵᠤ ᠴᠢᠳᠠᠭᠰᠠᠨ ᠦᠭᠡᠢ ᠪᠠᠶᠢᠪᠠᠯ ᠲᠤᠬᠠᠢ ᠶᠢᠨ ᠭᠠᠵᠠᠷ ᠤᠨ ᠠᠷᠠᠳ | ᠤᠨ ᠵᠠᠰᠠᠭ ᠤᠨ ᠤᠷᠳᠤᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠬᠤᠯᠪᠤᠭᠳᠠᠯ ᠪᠦᠬᠦᠢ ᠲᠠᠯ᠎ᠠ | ᠶᠢᠨ ᠬᠢᠨ ᠢ ᠵᠤᠬᠢᠶᠠᠨ ᠪᠠᠶᠢᠭᠤᠯᠵᠤ ᠵᠤᠬᠢᠴᠠᠭᠤᠯᠤᠨ ᠰᠢᠢᠳᠪᠦᠷᠢᠯᠡᠵᠤ ᠪᠤᠯᠤᠨ᠎ᠠ᠃ | ᠬᠠᠮᠲᠤ ᠶᠢᠨ ᠭᠡᠷ᠎ᠡ ᠶᠢ ᠬᠡᠷᠡᠭᠵᠢᠬᠦᠯᠦᠭᠰᠡᠨ ᠤ ᠲᠠᠷᠠᠭ᠎ᠠ ᠪᠠᠷ ᠮᠠᠷᠭᠤᠭᠠᠨ ᠭᠠᠷᠤᠭᠠᠳ ᠲᠤᠬᠠᠢ ᠶᠢᠨ | ᠬᠦᠮᠦᠨ ᠵᠦᠪᠳᠡᠯᠴᠡᠨ ᠰᠢᠢᠳᠪᠦᠷᠢᠯᠡᠵᠤ ᠴᠢᠳᠠᠭᠰᠠᠨ ᠦᠭᠡᠢ ᠪᠠᠶᠢᠪᠠᠯ ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ | ᠠᠴᠠ ᠲᠠᠰᠤᠯᠬᠤ ᠺᠤᠮᠢᠰ ᠲᠤ ᠬᠦᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠭᠠᠷᠭᠠᠵᠤ ᠪᠤᠯᠤᠨ᠎ᠠ︔ ᠬᠦᠨᠳᠡᠯᠡᠨ | ᠠᠴᠠ ᠲᠠᠰᠤᠯᠤᠭᠰᠠᠨ ᠬᠢᠨᠠᠨ ᠲᠠᠰᠤᠯᠤᠯᠲᠠ ᠶᠢ ᠵᠦᠪᠰᠢᠶᠡᠷᠡᠭᠦ ᠦᠭᠡᠢ ᠪᠠᠶᠢᠪᠠᠯ ᠬᠦᠨᠳᠡᠯᠡᠨ ᠠᠴᠠ ᠲᠠᠰᠤᠯᠤᠭᠰᠠᠨ | ᠬᠢᠨᠠᠨ ᠲᠠᠰᠤᠯᠤᠯᠲᠠ ᠶᠢᠨ ᠪᠢᠴᠢᠭ ᠢ ᠣᠯᠣᠭᠰᠠᠨ ᠡᠳᠦᠷ ᠠᠴᠠ ᠡᠬᠢᠯᠡᠨ ᠠᠷᠪᠠᠨ ᠲᠠᠪᠤ ᠬᠤᠨᠤᠭ ᠤᠨ ᠲᠤᠲᠤᠷ᠎ᠠ | ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠵᠤ ᠪᠤᠯᠤᠨ᠎ᠠ᠃ | ᠠᠷᠪᠠᠨ ᠨᠢᠭᠡᠳᠦᠭᠡᠷ ᠪᠦᠯᠦᠭ ᠬᠢᠨᠠᠯᠲᠠ ᠲᠠᠯᠪᠢᠵᠤ ᠪᠠᠶᠢᠴᠠᠭᠠᠬᠤ | ᠨᠠᠶᠠᠨ ᠲᠠᠪᠤᠳᠤᠭᠠᠷ ᠵᠦᠢᠯ ᠰᠢᠶᠠᠨ ᠤ ᠱᠠᠲᠤᠨ ᠠᠴᠠ ᠲᠡᠭᠡᠭᠰᠢᠬᠢ ᠡᠯ᠎ᠡ ᠱᠠᠲᠤᠨ ᠤ ᠠᠷᠠᠳ ᠤᠨ | ᠵᠠᠰᠠᠭ ᠤᠨ ᠤᠷᠲᠤᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠳ ᠬᠦᠮᠦᠨ ᠬᠡᠷᠡᠭᠯᠡᠬᠦ ᠨᠢᠭᠡᠴᠢ | ᠶᠢᠨ ᠬᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠲᠤᠭᠲᠠᠭᠠᠯ ᠢ ᠵᠢᠷᠤᠮᠯᠠᠵᠤ ᠪᠠᠶᠢᠭ᠎ᠠ ᠪᠠᠶᠢᠳᠠᠯ ᠳᠤ ᠬᠠᠤᠯᠢ | ᠶᠤᠰᠤᠭᠠᠷ ᠬᠢᠨᠠᠯᠲᠠ ᠲᠠᠯᠪᠢᠨ ᠪᠠᠶᠢᠴᠠᠭᠠᠯᠲᠠ ᠬᠢᠵᠤ᠂ ᠬᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠲᠤᠭᠲᠠᠭᠠᠯ ᠢ | ᠵᠦᠷᠢᠴᠡᠭᠰᠡᠨ ᠦᠢᠯᠡ ᠠᠵᠢᠯᠯᠠᠭ᠎ᠠ ᠶᠢ ᠬᠤᠷᠢᠭᠯᠠᠨ ᠵᠤᠭᠰᠤᠭᠠᠬᠤ ᠡᠷᠬᠡ ᠲᠠᠢ ᠪᠦᠭᠡᠳ ᠵᠠᠷᠯᠢᠭᠳᠠᠨ ᠵᠠᠯᠠᠷᠠᠭᠤᠯᠬᠤ | ᠬᠡᠷᠡᠭᠲᠠᠢ᠃ | ᠨᠠᠶᠠᠨ ᠵᠢᠷᠭᠤᠳᠤᠭᠠᠷ ᠵᠦᠢᠯ ᠰᠢᠶᠠᠨ ᠤ ᠱᠠᠲᠤᠨ ᠠᠴᠠ ᠲᠡᠭᠡᠭᠰᠢᠬᠢ ᠡᠯ᠎ᠡ ᠱᠠᠲᠤᠨ ᠤ ᠠᠷᠠᠳ ᠤᠨ | ᠵᠠᠰᠠᠭ ᠤᠨ ᠤᠷᠳᠤᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠬᠢᠨᠠᠯᠲᠠ ᠲᠠᠯᠪᠢᠵᠤ | ᠪᠠᠶᠢᠴᠠᠭᠠᠬᠤ ᠠᠵᠢᠯᠲᠠᠳ ᠠᠯᠪᠠᠨ ᠠᠵᠢᠯ ᠢᠶᠠᠨ ᠭᠦᠢᠴᠡᠳᠭᠡᠭᠦ ᠳᠡᠭᠡᠨ ᠬᠦᠮᠦᠨ ᠬᠡᠷᠡᠭᠯᠡᠬᠦ ᠨᠢᠭᠡᠴᠢ ᠳᠤ ᠬᠦᠷᠴᠤ | ᠬᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠲᠤᠭᠲᠠᠭᠠᠯ ᠢ ᠬᠡᠷᠡᠭᠵᠢᠭᠦᠯᠵᠤ ᠪᠠᠶᠢᠭ᠎ᠠ ᠪᠠᠶᠢᠳᠠᠯ ᠢ ᠦᠢᠯᠠᠭᠠᠵᠤ᠂ | ᠴᠢᠬᠤᠯᠠ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠬᠦ ᠪᠦᠭᠡᠳ ᠬᠦᠳᠡᠯᠮᠦᠷᠢ ᠶᠢᠨ ᠭᠠᠵᠠᠷ ᠲᠤ ᠪᠠᠶᠢᠴᠠᠭᠠᠯᠲᠠ ᠬᠢᠭᠦ | ᠡᠷᠬᠡ ᠲᠠᠢ᠃ | ᠰᠢᠶᠠᠨ ᠤ ᠱᠠᠲᠤᠨ ᠠᠴᠠ ᠲᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠤ | ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ ᠠᠵᠢᠯᠲᠠᠨ ᠠᠯᠪᠠᠨ | ᠠᠵᠢᠯ ᠢᠶᠠᠨ ᠭᠦᠢᠴᠡᠳᠭᠡᠬᠦ ᠳᠡᠭᠡᠨ ᠡᠷᠬᠡᠪᠰᠢ ᠭᠡᠷᠡᠴᠢ ᠲᠡᠮᠳᠡᠭ ᠢᠶᠠᠨ ᠦᠵᠡᠭᠦᠯᠵᠤ᠂ ᠬᠠᠤᠯᠢ ᠶᠢ ᠭᠤᠤᠯᠴᠢ ᠪᠠᠷ | ᠬᠡᠷᠡᠭᠵᠢᠭᠦᠯᠬᠦ ᠶᠢᠨ ᠬᠠᠮᠲᠤ ᠬᠤᠯᠪᠤᠭᠳᠠᠯ ᠪᠦᠬᠦᠢ ᠲᠤᠭᠲᠠᠭᠠᠯ ᠢ ᠰᠠᠬᠢᠬᠤ ᠬᠡᠷᠡᠭᠲᠠᠢ᠃ | ᠨᠠᠶᠠᠨ ᠲᠤᠯᠤᠳᠤᠭᠠᠷ ᠵᠦᠢᠯ ᠰᠢᠶᠠᠨ ᠤ ᠱᠠᠲᠤᠨ ᠠᠴᠠ ᠲᠡᠭᠡᠭᠰᠢᠬᠢ ᠡᠯ᠎ᠡ ᠱᠠᠲᠤᠨ ᠤ ᠠᠷᠠᠳ ᠤᠨ | ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠲᠤᠰ ᠲᠤᠰ ᠤᠨ ᠡᠭᠦᠷᠭᠡ | ᠬᠠᠷᠢᠭᠤᠴᠠᠯᠭ᠎ᠠ ᠶᠢᠨ ᠬᠡᠪᠴᠢᠶᠡᠨ ᠲᠤᠲᠤᠷ᠎ᠠ ᠪᠠᠨ ᠬᠦᠮᠦᠨ ᠬᠡᠷᠡᠭᠯᠡᠬᠦ ᠨᠢᠭᠡᠴᠢ ᠶᠢᠨ ᠬᠦᠳᠡᠯᠮᠦᠷᠢ ᠶᠢᠨ ᠬᠠᠤᠯᠢ ᠴᠠᠭᠠᠵᠠ | ᠂ ᠬᠠᠤᠯᠢ ᠲᠤᠭᠲᠠᠭᠠᠯ ᠢ ᠵᠢᠷᠤᠮᠯᠡᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠠᠢ᠃ | ᠨᠠᠶᠠᠨ ᠨᠠᠢᠮᠠᠳᠤᠭᠠᠷ ᠵᠦᠢᠯ ᠡᠯ᠎ᠡ ᠱᠠᠲᠤᠨ ᠤ ᠠᠵᠢᠯᠴᠢᠨ ᠤ ᠡᠪᠯᠡᠯ ᠬᠠᠤᠯᠢ ᠶᠤᠰᠤᠭᠠᠷ | ᠬᠦᠳᠡᠯᠮᠦᠷᠢᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠵᠤ᠂ ᠬᠦᠮᠦᠨ ᠬᠡᠷᠡᠭᠯᠡᠬᠦ ᠨᠢᠭᠡᠴᠢ ᠶᠢᠨ | ᠬᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠲᠤᠭᠲᠠᠭᠠᠯ ᠢ ᠵᠢᠷᠤᠮᠯᠠᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ | ᠬᠡᠷᠡᠭᠲᠠᠢ᠃ | ᠶᠠᠮᠠᠷᠪᠠ ᠵᠤᠬᠢᠶᠠᠨ ᠪᠠᠶᠢᠭᠤᠯᠤᠯᠲᠠ᠂ ᠬᠤᠪᠢ ᠬᠦᠮᠦᠨ ᠴᠦᠮ ᠬᠦᠳᠡᠯᠮᠦᠷᠢ ᠶᠢᠨ ᠬᠠᠤᠯᠢ ᠴᠠᠭᠠᠵᠠ᠂ | ᠬᠠᠤᠯᠢ ᠲᠤᠭᠲᠠᠭᠠᠯ ᠢ ᠵᠦᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠵᠠᠭᠠᠯᠳᠤᠬᠤ ᠡᠷᠬᠡ ᠲᠠᠢ᠃ | ᠠᠷᠪᠠᠨ ᠬᠤᠶᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠨᠠᠶᠠ ᠶᠢᠰᠤᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠶᠢᠨ ᠲᠤᠭᠲᠠᠭᠠᠭᠰᠠᠨ ᠬᠦᠳᠡᠯᠮᠦᠷᠢ ᠶᠢᠨ | ᠲᠦᠷᠢᠮ ᠲᠤᠭᠲᠠᠭᠠᠯ ᠨᠢ ᠬᠠᠤᠯᠢ ᠴᠠᠭᠠᠵᠠ᠂ ᠬᠠᠤᠯᠢ ᠲᠦᠷᠢᠮ ᠤᠨ ᠲᠤᠭᠲᠠᠭᠠᠯ ᠠᠴᠠ ᠵᠦᠷᠢᠴᠡᠭᠰᠡᠨ ᠪᠠᠶᠢᠪᠠᠯ | ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠰᠠᠷᠠᠮᠵᠢ ᠦᠭᠴᠤ ᠵᠠᠷᠯᠢᠭᠳᠠᠨ ᠵᠠᠯᠠᠷᠠᠭᠤᠯᠬᠤ ᠬᠡᠷᠡᠭᠲᠠᠢ | ᠃ | ᠶᠡᠷᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠶᠢᠨ ᠲᠤᠭᠲᠠᠭᠠᠯ ᠠᠴᠠ ᠵᠦᠷᠢᠴᠡᠨ | ᠬᠦᠳᠡᠯᠮᠦᠷᠢᠴᠢᠳ ᠤᠨ ᠠᠵᠢᠯᠯᠠᠬᠤ ᠴᠠᠭ ᠢ ᠤᠷᠲᠤᠳᠬᠠᠭᠰᠠᠨ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠰᠡᠷᠡᠮᠵᠢ ᠦᠭᠴᠤ ᠵᠠᠷᠯᠢᠭᠳᠠᠨ ᠵᠠᠯᠠᠷᠠᠭᠤᠯᠬᠤ ᠬᠡᠷᠡᠭᠲᠠᠢ ᠪᠦᠭᠡᠳ ᠵᠤᠭᠤᠰ ᠢᠶᠠᠷ ᠲᠤᠷᠭᠠᠵᠤ ᠪᠤᠯᠤᠨ᠎ᠠ | ᠃ | ᠶᠡᠷᠡᠨ ᠨᠢᠭᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠲᠤᠤᠷ᠎ᠠ ᠵᠢᠭᠰᠠᠭᠠᠭᠰᠠᠨ | ᠬᠦᠳᠡᠯᠮᠦᠷᠢᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠤᠬᠢᠷᠠᠭᠤᠯᠤᠭᠰᠠᠨ ᠪᠠᠶᠢᠳᠠᠯ ᠤᠨ ᠨᠢᠭᠡ ᠶᠢ ᠭᠠᠷᠭᠠᠭᠰᠠᠨ | ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠬᠦᠳᠡᠯᠮᠦᠷᠢᠴᠢᠳ ᠤᠨ ᠴᠠᠯᠢᠩ | ᠬᠦᠯᠦᠰᠤ᠂ ᠠᠵᠤ ᠠᠬᠤᠢ ᠶᠢᠨ ᠨᠦᠬᠦᠪᠦᠷᠢ ᠶᠢ ᠲᠦᠯᠦᠭᠦᠯᠬᠦ ᠪᠦᠭᠡᠳ ᠵᠠᠷᠯᠢᠭᠳᠠᠵᠤ ᠪᠠᠶᠢᠭᠠᠳ ᠲᠦᠯᠦᠪᠦᠷᠢ ᠶᠢᠨ | ᠮᠦᠩᠬᠦ ᠦᠭᠭᠦᠭᠦᠯᠵᠤ ᠪᠤᠯᠤᠨ᠎ᠠ᠄ | ︵ᠨᠢᠭᠡ︶ ᠬᠦᠳᠡᠯᠮᠦᠷᠢᠴᠢᠳ ᠤᠨ ᠴᠠᠯᠢᠩ ᠢ ᠬᠠᠰᠣᠭᠰᠠᠨ ᠪᠤᠶᠤ ᠤᠴᠢᠷ ᠰᠢᠯᠲᠠᠭᠠᠨ ᠦᠭᠡᠢ ᠪᠠᠷ | ᠰᠠᠭᠠᠲᠠᠭᠠᠭᠰᠠᠨ︔ | ︵ᠬᠤᠶᠠᠷ︶ ᠬᠦᠳᠡᠯᠮᠦᠷᠢᠴᠢᠳ ᠤᠨ ᠤᠷᠲᠤᠳᠬᠠᠭᠰᠠᠨ ᠠᠵᠢᠯ ᠤᠨ ᠴᠠᠭ ᠤᠨ ᠴᠠᠯᠢᠩ ᠬᠦᠯᠦᠰᠦ ᠶᠢ | ᠦᠯᠦ ᠦᠭᠭᠦᠭᠰᠡᠨ︔ | ︵ ᠭᠤᠷᠪᠠ︶ ᠬᠦᠳᠡᠯᠮᠦᠷᠢᠴᠢᠳ ᠤᠨ ᠴᠠᠯᠢᠩ ᠢ ᠲᠤᠬᠠᠢ ᠶᠢᠨ ᠭᠠᠵᠠᠷ ᠤᠨ ᠬᠠᠮᠤᠭ ᠲᠤᠤᠷ᠎ᠠ | ᠴᠠᠯᠢᠩ ᠤᠨ ᠪᠠᠷᠢᠮᠵᠢᠶ᠎ᠠ ᠠᠴᠠ ᠲᠤᠤᠷ᠎ᠠ ᠤᠯᠤᠭᠰᠠᠨ︔ | ︵ᠲᠦᠷᠪᠡ︶ ᠬᠦᠳᠡᠯᠮᠦᠷᠢᠴᠢᠳ ᠤᠨ ᠭᠡᠷ᠎ᠡ ᠶᠢ ᠬᠦᠴᠦᠨ ᠦᠭᠡᠢ ᠪᠤᠯᠭᠠᠭᠰᠠᠨ ᠤ ᠲᠠᠷᠠᠭ᠎ᠠ ᠲᠤᠰ | ᠬᠠᠤᠯᠢ ᠶᠢᠨ ᠲᠤᠭᠲᠠᠭᠠᠯ ᠶᠤᠰᠤᠭᠠᠷ ᠬᠦᠳᠡᠯᠮᠦᠷᠢᠴᠢᠳ ᠲᠤ ᠠᠵᠤ ᠠᠬᠤᠢ ᠶᠢᠨ ᠨᠦᠬᠦᠪᠦᠷᠢ ᠦᠯᠦ ᠤᠯᠤᠭᠰᠠᠨ᠃ | | ᠶᠡᠷᠡᠨ ᠬᠤᠶᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠶᠢᠨ ᠬᠦᠳᠡᠯᠮᠦᠷᠢ ᠶᠢᠨ ᠠᠶᠤᠯᠬᠦᠢ ᠶᠢᠨ | ᠪᠡᠯᠡᠳᠭᠡᠯ ᠲᠦᠬᠦᠭᠡᠷᠤᠮᠵᠢ ᠪᠠ ᠬᠦᠳᠡᠯᠮᠦᠷᠢ ᠶᠢᠨ ᠡᠷᠡᠭᠦᠯ ᠬᠠᠮᠠᠭᠠᠯᠠᠯ ᠤᠨ ᠨᠦᠬᠦᠴᠡᠯ ᠤᠯᠤᠰ ᠤᠨ ᠲᠤᠭᠲᠠᠭᠠᠯ ᠳᠤ | ᠨᠡᠶᠢᠴᠡᠬᠦ ᠦᠭᠡᠢ ᠪᠤᠶᠤ ᠬᠦᠳᠡᠯᠮᠦᠷᠢᠴᠢᠳ ᠲᠤ ᠴᠢᠬᠤᠯᠠ ᠪᠦᠬᠦᠢ ᠬᠦᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠪᠠ | ᠬᠦᠳᠡᠯᠮᠦᠷᠢ ᠶᠢᠨ ᠬᠠᠮᠠᠭᠠᠯᠠᠯᠲᠠ ᠶᠢᠨ ᠲᠦᠬᠦᠭᠡᠷᠤᠮᠵᠢ ᠬᠠᠩᠭᠠᠭᠰᠠᠨ ᠦᠭᠡᠢ ᠪᠠᠶᠢᠪᠠᠯ ᠬᠦᠳᠡᠯᠮᠦᠷᠢ ᠶᠢᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠵᠠᠷᠯᠢᠭᠳᠠᠨ ᠦᠢᠯᠡᠳᠪᠦᠷᠢᠯᠡᠯ ᠢ | ᠨᠢ ᠵᠤᠭᠰᠤᠭᠠᠵᠤ ᠴᠡᠭᠴᠡᠯᠡᠭᠦᠯᠬᠦ ᠪᠠᠷ ᠰᠠᠨᠠᠭᠤᠯᠭ᠎ᠠ ᠭᠠᠷᠭᠠᠵᠤ ᠪᠤᠯᠤᠨ᠎ᠠ︔ ᠭᠡᠨᠡᠳᠡᠯ ᠭᠠᠷᠬᠤ ᠲᠠᠯᠳᠠ ᠭᠡᠮ ᠳᠤ | ᠠᠷᠭ᠎ᠠ ᠬᠡᠮᠵᠢᠶ᠎ᠡ ᠠᠪᠤᠭᠰᠠᠨ ᠦᠭᠡᠢ ᠠᠴᠠ ᠪᠤᠯᠵᠤ ᠬᠦᠨᠳᠤ ᠶᠡᠭᠡ ᠭᠡᠨᠡᠳᠡᠯ ᠭᠠᠷᠴᠣ ᠬᠦᠳᠡᠯᠮᠦᠷᠢᠴᠢᠳ ᠤᠨ ᠠᠮᠢ | ᠨᠠᠰᠤ ᠪᠠ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠡᠷᠡᠭᠦᠦ ᠶᠢᠨ ᠬᠠᠤᠯᠢ ᠶᠢᠨ ᠵᠠᠭᠤ ᠨᠠᠶᠠᠨ | ᠲᠤᠯᠤᠳᠤᠭᠠᠷ ᠵᠦᠢᠯ ᠤᠨ ᠲᠤᠭᠲᠠᠭᠠᠯ ᠶᠤᠰᠤᠭᠠᠷ ᠬᠠᠷᠢᠭᠤᠴᠠᠯᠭ᠎ᠠ ᠲᠠᠢ ᠬᠦᠮᠦᠨ ᠠᠴᠠ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠶᠡᠷᠡᠨ ᠭᠤᠷᠪᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢᠴᠢᠨ ᠢ ᠠᠯᠪᠠᠳᠠᠨ | ᠲᠤᠭᠲᠠᠭᠠᠯ ᠠᠴᠠ ᠵᠦᠷᠢᠴᠡᠵᠤ ᠠᠶᠤᠯ ᠲᠦᠭᠰᠢᠭᠦᠷᠢ ᠲᠠᠢ ᠠᠵᠢᠯ ᠬᠢᠯᠭᠡᠭᠡᠳ ᠰᠢᠷᠬᠠᠳᠤᠭᠰᠠᠨ ᠦᠭᠦᠭᠰᠡᠨ ᠬᠦᠨᠳᠤ | ᠶᠡᠭᠡ ᠭᠡᠨᠡᠳᠡᠯ ᠭᠠᠷᠴᠤ ᠬᠦᠨᠳᠤ ᠨᠤᠴᠢᠲᠠᠢ ᠤᠷᠰᠢᠭ ᠲᠠᠲᠠᠭᠰᠠᠨ ᠪᠠᠶᠢᠪᠠᠯ ᠬᠠᠤᠯᠢ ᠶᠤᠰᠤᠭᠠᠷ ᠬᠠᠷᠢᠭᠤᠴᠠᠯᠭ᠎ᠠ ᠲᠠᠢ | ᠬᠦᠮᠦᠨ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠶᠡᠷᠡᠨ ᠲᠦᠷᠪᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠬᠠᠤᠯᠢ ᠪᠤᠰᠤ ᠪᠠᠷ ᠪᠦᠬᠦᠯᠢ ᠠᠷᠪᠠᠨ | ᠵᠢᠷᠭᠤᠭᠠᠨ ᠨᠠᠰᠤ ᠬᠦᠷᠦᠭᠡᠳᠦᠢ ᠨᠠᠰᠤᠨ ᠳᠤ ᠦᠯᠦ ᠬᠦᠷᠦᠭᠰᠡᠳ ᠢ ᠡᠯᠰᠡᠵᠤ ᠬᠡᠷᠡᠭᠯᠡᠭᠰᠡᠨ ᠪᠠᠶᠢᠪᠠᠯ ᠬᠦᠳᠡᠯᠮᠦᠷᠢ ᠶᠢᠨ | ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠡᠨ ᠵᠠᠯᠠᠷᠠᠭᠤᠯᠵᠤ ᠵᠤᠭᠤᠰ ᠢᠶᠠᠷ ᠲᠤᠷᠭᠠᠨ᠎ᠠ︔ ᠦᠢᠯᠡ | ᠪᠠᠶᠢᠳᠠᠯ ᠨᠢ ᠬᠦᠨᠳᠤ ᠨᠤᠴᠢᠲᠠᠢ ᠪᠠᠶᠢᠪᠠᠯ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠰᠠᠯᠠᠭ᠎ᠠ ᠮᠦᠴᠢᠷ ᠡᠵᠡᠩᠨᠡᠬᠦ ᠦᠨᠡᠮᠯᠡᠯ ᠢ ᠨᠢ ᠬᠤᠷᠢᠶᠠᠵᠤ ᠠᠪᠤᠨ᠎ᠠ᠃ | ᠶᠠᠷᠠᠨ ᠲᠠᠪᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠡᠮᠡᠭᠲᠠᠢ ᠠᠵᠢᠯᠲᠠᠨ ᠠᠵᠢᠯᠴᠢᠨ ᠪᠠ | ᠨᠠᠰᠤᠨ ᠳᠤ ᠬᠦᠷᠦᠭᠡᠳᠦᠢ ᠠᠵᠢᠯᠴᠢᠨ ᠤ ᠬᠠᠮᠠᠭᠠᠯᠠᠯᠲᠠ ᠶᠢᠨ ᠲᠤᠬᠠᠢ ᠲᠤᠰ ᠬᠠᠤᠯᠢ ᠶᠢᠨ ᠲᠤᠭᠲᠠᠭᠠᠯ ᠢ ᠵᠦᠷᠢᠴᠡᠨ | ᠲᠡᠳᠡ ᠨᠠᠷ ᠤᠨ ᠬᠠᠤᠯᠢ ᠶᠤᠰᠤᠨ ᠤ ᠡᠷᠬᠡ ᠠᠰᠢᠭ ᠲᠤ ᠬᠠᠯᠳᠠᠭᠰᠠᠨ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠠᠴᠠ ᠵᠠᠷᠯᠢᠭᠳᠡᠨ ᠵᠠᠯᠠᠷᠠᠭᠤᠯᠵᠤ ᠵᠤᠭᠤᠰ ᠢᠶᠠᠷ ᠲᠤᠷᠭᠠᠨ᠎ᠠ︔ ᠡᠮᠡᠭᠲᠠᠢ ᠠᠵᠢᠯᠲᠠᠨ ᠠᠵᠢᠯᠴᠢᠨ | ᠪᠤᠶᠤ ᠨᠠᠰᠤᠨ ᠳᠤ ᠬᠦᠷᠦᠭᠡᠳᠦᠢ ᠠᠵᠢᠯᠴᠢᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠲᠦᠯᠦᠬᠦ ᠬᠠᠷᠢᠭᠤᠴᠠᠯᠭ᠎ᠠ | ᠡᠭᠦᠷᠭᠡᠯᠡᠬᠦ ᠬᠡᠷᠡᠭᠲᠠᠢ᠃ | ᠶᠡᠷᠡᠨ ᠵᠢᠷᠭᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠤᠤᠷ᠎ᠠ ᠵᠢᠭᠰᠠᠭᠠᠭᠰᠠᠨ ᠦᠢᠯᠡ | ᠠᠵᠢᠯᠯᠠᠭ᠎ᠠ ᠶᠢᠨ ᠨᠢᠭᠡ ᠶᠢ ᠭᠠᠷᠭᠠᠭᠰᠠᠨ ᠪᠠᠶᠢᠪᠠᠯ ᠲᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠷᠢᠭᠤᠴᠠᠯᠭ᠎ᠠ | ᠲᠠᠢ ᠬᠦᠮᠦᠨ ᠳᠤ ᠠᠷᠪᠠᠨ ᠲᠠᠪᠤᠨ ᠬᠤᠨᠤᠭ ᠠᠴᠠ ᠲᠤᠷᠤᠭᠰᠢ ᠲᠦᠷ ᠬᠤᠷᠢᠬᠤ᠂ ᠵᠤᠭᠤᠰ ᠢᠶᠠᠷ ᠲᠤᠷᠭᠠᠬᠤ ᠪᠤᠶᠤ | ᠰᠠᠷᠠᠮᠵᠢ ᠦᠭᠬᠦ ᠰᠢᠳᠭᠡᠯ ᠦᠭᠬᠦᠨ᠎ᠡ︔ ᠶᠠᠯ᠎ᠠ ᠪᠤᠯᠵᠤ ᠪᠦᠷᠢᠯᠳᠤᠭᠰᠡᠨ ᠪᠠᠶᠢᠪᠠᠯ ᠬᠠᠤᠯᠢ ᠶᠤᠰᠤᠭᠠᠷ ᠬᠠᠷᠢᠭᠤᠴᠠᠯᠭ᠎ᠠ | ᠲᠠᠢ ᠬᠦᠮᠦᠨ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ ᠨᠢᠭᠡ︶ ᠬᠦᠴᠦᠷᠬᠡᠭᠯᠡᠯ᠂ ᠰᠦᠷᠳᠡᠭᠦᠯᠦᠯ ᠪᠤᠶᠤ ᠬᠦᠮᠦᠨ ᠤ ᠪᠡᠶ᠎ᠡ ᠶᠢᠨ ᠡᠷᠬᠡ ᠴᠢᠯᠦᠭᠡ ᠶᠢ | ᠬᠠᠤᠯᠢ ᠪᠤᠰᠤ ᠪᠠᠷ ᠬᠢᠵᠠᠭᠠᠷᠯᠠᠬᠤ ᠠᠷᠭ᠎ᠠ ᠪᠠᠷ ᠠᠯᠪᠠᠳᠠᠨ ᠬᠦᠳᠡᠯᠮᠦᠷᠢᠯᠡᠭᠦᠯᠦᠭᠰᠡᠨ︔ | ︵ᠬᠤᠶᠠᠷ︶ ᠬᠦᠳᠡᠯᠮᠦᠷᠢᠴᠢᠨ ᠢ ᠲᠤᠷᠤᠮᠵᠢᠯᠠᠵᠤ᠂ ᠲᠠᠮᠤᠯᠠᠨ ᠵᠤᠪᠠᠭᠠᠵᠤ᠂ ᠵᠤᠳᠤᠵᠤ ᠴᠤᠬᠢᠬᠤ᠂ | ᠬᠠᠤᠯᠢ ᠪᠤᠰᠤ ᠪᠠᠷ ᠨᠡᠩᠵᠢᠭᠰᠡᠨ ᠪᠠ ᠬᠤᠷᠢᠭᠰᠠᠨ᠃ | ᠶᠡᠷᠡᠨ ᠲᠤᠯᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠶᠢᠨ ᠤᠴᠢᠷ ᠰᠢᠯᠲᠠᠭᠠᠨ ᠠᠴᠠ ᠪᠤᠯᠵᠤ | ᠬᠦᠴᠦᠨ ᠦᠭᠡᠢ ᠭᠡᠷ᠎ᠡ ᠪᠠᠶᠢᠭᠤᠯᠤᠭᠠᠳ ᠬᠦᠳᠡᠯᠮᠦᠷᠢᠴᠢᠳ ᠲᠤ ᠬᠤᠬᠢᠷᠠᠯ ᠣᠴᠠᠷᠠᠭᠤᠯᠤᠭᠰᠠᠨ ᠪᠠᠶᠢᠪᠠᠯ ᠲᠦᠯᠦᠬᠦ | ᠬᠠᠷᠢᠭᠤᠴᠠᠯᠭ᠎ᠠ ᠡᠭᠦᠷᠭᠡᠯᠡᠬᠦ ᠬᠡᠷᠡᠭᠲᠠᠢ᠃ | ᠶᠡᠷᠡᠨ ᠨᠠᠢᠮᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠳᠤ ᠲᠤᠭᠲᠠᠭᠠᠭᠰᠠᠨ | ᠨᠦᠬᠦᠴᠡᠯ ᠢ ᠵᠦᠷᠢᠴᠡᠨ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠭᠰᠠᠨ ᠪᠤᠶᠤ ᠵᠤᠷᠢᠭᠤᠳᠠ | ᠤᠳᠠᠭᠠᠰᠢᠷᠠᠭᠤᠯᠤᠨ ᠬᠦᠳᠡᠯᠮᠦᠷᠢ ᠶᠢᠨ ᠭᠡᠷ᠎ᠡ ᠲᠤᠭᠲᠠᠭᠠᠬᠤ ᠦᠭᠡᠢ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠠᠴᠠ ᠵᠠᠷᠯᠢᠭᠳᠡᠨ ᠵᠠᠯᠠᠷᠠᠭᠤᠯᠤᠨ᠎ᠠ︔ ᠬᠦᠳᠡᠯᠮᠦᠷᠢᠴᠢᠳ ᠲᠤ ᠬᠤᠬᠢᠷᠠᠯ ᠣᠴᠠᠷᠠᠭᠤᠯᠣᠭᠰᠠᠨ | ᠪᠠᠶᠢᠪᠠᠯ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠠᠢ᠃ | ᠶᠡᠷᠡ ᠶᠢᠰᠦᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ ᠭᠡᠷ᠎ᠡ ᠠᠴᠠ ᠪᠠᠨ | ᠠᠩᠭᠢᠵᠢᠷᠠᠭᠠᠳᠦᠢ ᠬᠦᠳᠡᠯᠮᠦᠷᠢᠴᠢᠨ ᠢ ᠡᠯᠰᠡᠵᠤ ᠬᠡᠷᠡᠭᠯᠡᠭᠡᠳ ᠤᠤᠯ ᠤᠨ ᠬᠦᠮᠦᠨ ᠬᠡᠷᠡᠭᠯᠡᠬᠦ ᠨᠢᠭᠡᠴᠢ ᠳᠤ ᠠᠵᠤ | ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ ᠲᠤᠰ ᠬᠦᠮᠦᠨ ᠬᠡᠷᠡᠭᠯᠡᠬᠦ ᠨᠢᠭᠡᠴᠢ ᠨᠢ ᠬᠤᠯᠪᠤᠭᠳᠠᠭᠰᠠᠨ | ᠲᠦᠯᠦᠬᠦ ᠬᠠᠷᠢᠭᠤᠴᠠᠯᠭ᠎ᠠ ᠶᠢ ᠬᠠᠤᠯᠢ ᠶᠤᠰᠤᠭᠠᠷ ᠡᠭᠦᠷᠭᠡᠯᠡᠬᠦ ᠬᠡᠷᠡᠭᠲᠠᠢ᠃ | ᠵᠠᠭᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠤᠴᠢᠷ ᠰᠢᠯᠲᠠᠭᠠᠨ ᠦᠭᠡᠢ ᠪᠠᠷ ᠨᠡᠶᠢᠭᠡᠮ ᠤᠨ | ᠲᠠᠭᠠᠳᠬᠠᠯ ᠤᠨ ᠰᠦᠢᠳᠭᠡᠯ ᠲᠤᠰᠢᠶᠠᠬᠤ ᠦᠭᠡᠢ ᠪᠠᠶᠢᠪᠠᠯ ᠬᠦᠳᠡᠯᠮᠦᠷᠢ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ | ᠵᠠᠷᠯᠢᠭᠳᠡᠨ ᠲᠤᠭᠲᠠᠭᠰᠠᠨ ᠬᠤᠭᠤᠴᠠᠭᠠᠨ ᠳᠤ ᠲᠤᠰᠢᠶᠠᠯᠭᠠᠨ᠎ᠠ︔ ᠬᠤᠭᠤᠴᠠᠭ᠎ᠠ ᠬᠡᠲᠤᠷᠡᠭᠡᠳ ᠲᠤᠰᠢᠶᠠᠬᠤ ᠦᠭᠡᠢ | ᠪᠠᠶᠢᠪᠠᠯ ᠤᠳᠠᠭᠠᠰᠢᠷᠠᠭᠤᠯᠤᠭᠰᠠᠨ ᠵᠤᠭᠤᠰ ᠨᠡᠮᠡᠨ ᠬᠤᠷᠢᠶᠠᠵᠤ ᠪᠤᠯᠤᠨ᠎ᠠ᠃ | ᠵᠠᠭᠤ ᠨᠢᠭᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ ᠵᠠᠰᠠᠭ ᠵᠠᠬᠢᠷᠭᠠᠨ ᠤ | ᠰᠠᠯᠠᠭ᠎ᠠ ᠮᠦᠴᠢᠷ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠵᠢᠴᠢ ᠲᠡᠭᠦᠨ ᠤ ᠠᠵᠢᠯᠲᠠᠨ ᠤ ᠬᠢᠨᠠᠯᠲᠠ ᠲᠠᠯᠪᠢᠵᠤ | ᠪᠠᠶᠢᠴᠠᠭᠠᠬᠤ ᠡᠷᠬᠡ ᠪᠠᠨ ᠬᠡᠷᠡᠭᠵᠢᠭᠦᠯᠬᠦ ᠶᠢ ᠶᠤᠰᠤ ᠪᠤᠰᠤ ᠪᠠᠷ ᠬᠠᠷᠰᠢᠯᠠᠵᠤ᠂ ᠢᠯᠡᠴᠢᠯᠡᠨ ᠵᠠᠭᠠᠯᠳᠤᠭᠰᠠᠳ ᠲᠤ | ᠴᠤᠬᠢᠯᠲᠠ ᠦᠭᠭᠦᠨ ᠲᠡᠳᠡᠨ ᠠᠴᠠ ᠬᠠᠷᠢᠭᠤ ᠠᠪᠤᠭᠰᠠᠨ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ ᠵᠤᠭᠤᠰ ᠢᠶᠠᠷ ᠲᠤᠷᠭᠠᠨ᠎ᠠ︔ ᠶᠠᠯ᠎ᠠ ᠪᠤᠯᠵᠤ ᠪᠦᠷᠢᠯᠳᠦᠭᠰᠡᠨ | ᠪᠠᠶᠢᠪᠠᠯ ᠬᠠᠷᠢᠭᠤᠴᠯᠭ᠎ᠠ ᠲᠠᠢ ᠬᠦᠮᠦᠨ ᠠᠴᠠ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠵᠠᠭᠤ ᠬᠤᠶᠠᠳᠣᠭᠠᠷ ᠵᠦᠢᠯ ᠬᠦᠳᠡᠯᠮᠦᠷᠢᠴᠢᠨ ᠲᠤᠰ ᠬᠠᠤᠯᠢ ᠳᠤ ᠲᠤᠭᠲᠠᠭᠠᠭᠰᠠᠨ ᠨᠦᠬᠦᠴᠡᠯ ᠢ | ᠵᠦᠷᠢᠴᠡᠨ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠭᠰᠠᠨ ᠪᠤᠶᠤ ᠬᠦᠳᠡᠯᠮᠦᠷᠢ ᠶᠢᠨ ᠭᠡᠷ᠎ᠡ ᠳᠤ | ᠲᠤᠭᠲᠠᠭᠠᠭᠰᠠᠨ ᠨᠢᠭᠤᠴᠠ ᠶᠢ ᠬᠠᠮᠠᠭᠠᠯᠠᠬᠤ ᠵᠦᠢᠯ ᠵᠤᠷᠪᠤᠰ ᠢ ᠵᠦᠷᠢᠴᠡᠭᠡᠳ ᠬᠦᠮᠦᠨ ᠬᠡᠷᠡᠭᠯᠡᠬᠦ ᠨᠢᠭᠡᠴᠢ ᠳᠤ ᠠᠵᠤ | ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠤᠯᠢ ᠶᠤᠰᠤᠭᠠᠷ ᠲᠦᠯᠦᠬᠦ ᠬᠠᠷᠢᠭᠤᠴᠠᠯᠭ᠎ᠠ ᠡᠭᠦᠷᠭᠡᠯᠡᠬᠦ | ᠬᠡᠷᠡᠭᠲᠠᠢ᠃ | ᠵᠠᠭᠤ ᠭᠤᠷᠪᠠᠳᠤᠭᠠᠷ ᠵᠦᠢᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠶᠤ | ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠠᠵᠢᠯᠲᠠᠨ ᠡᠷᠬᠡ ᠲᠤᠰᠢᠶᠠᠯ ᠢᠶᠠᠨ ᠲᠤᠷ᠎ᠠ ᠪᠠᠷ ᠢᠶᠠᠨ ᠬᠡᠷᠡᠭᠯᠡᠨ ᠡᠭᠦᠷᠭᠡ | ᠲᠤᠰᠢᠶᠠᠯ ᠢᠶᠠᠨ ᠤᠮᠳᠤᠭᠠᠶᠢᠯᠠᠵᠤ ᠬᠤᠪᠢ ᠶᠢᠨ ᠨᠠᠶᠢᠷ ᠢᠶᠠᠷ ᠬᠠᠤᠯᠢ ᠶᠤᠰᠤ ᠶᠢ ᠵᠦᠷᠢᠴᠡᠭᠡᠳ ᠶᠠᠯ᠎ᠠ ᠪᠤᠯᠤᠨ | ᠪᠦᠷᠢᠯᠳᠤᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠶᠠᠯ᠎ᠠ ᠪᠤᠯᠤᠨ | ᠪᠦᠷᠢᠯᠳᠤᠭᠰᠡᠨ ᠦᠭᠡᠢ ᠪᠠᠶᠢᠪᠠᠯ ᠵᠠᠰᠠᠭ ᠵᠠᠬᠢᠷᠭᠠᠨ ᠤ ᠰᠢᠳᠭᠡᠯ ᠦᠭᠭᠦᠨ᠎ᠡ᠃ | ᠵᠠᠭᠤ ᠲᠦᠷᠪᠡᠳᠦᠭᠡᠷ ᠵᠦᠢᠯ ᠲᠦᠷᠦ ᠶᠢᠨ ᠠᠵᠢᠯᠲᠠᠨ ᠪᠠ ᠨᠡᠶᠢᠭᠡᠮ ᠤᠨ ᠲᠠᠭᠠᠳᠬᠠᠯ ᠤᠨ ᠰᠠᠭᠤᠷᠢ | ᠮᠦᠩᠬᠦ ᠶᠢ ᠭᠠᠷᠲᠠᠨ ᠡᠷᠬᠢᠯᠡᠬᠦ ᠪᠠᠶᠢᠭᠤᠯᠤᠮᠵᠢ ᠶᠢᠨ ᠠᠵᠢᠯᠲᠠᠨ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠶᠢ | ᠨᠡᠭᠦᠯᠭᠡᠨ ᠬᠡᠷᠡᠭᠯᠡᠭᠡᠳ ᠶᠠᠯ᠎ᠠ ᠪᠤᠯᠤᠨ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ ᠵᠠᠭᠤ ᠲᠠᠪᠤᠳᠤᠭᠠᠷ ᠵᠦᠢᠯ ᠲᠤᠰ ᠬᠠᠤᠯᠢ ᠶᠢᠨ ᠲᠤᠭᠲᠠᠭᠠᠯ ᠢ ᠵᠦᠷᠢᠴᠡᠨ | ᠬᠦᠳᠡᠯᠮᠦᠷᠢᠴᠢᠳ ᠤᠨ ᠬᠠᠤᠯᠢ ᠶᠤᠰᠤᠨ ᠤ ᠡᠷᠬᠡ ᠠᠰᠢᠭ ᠲᠤ ᠬᠠᠯᠳᠠᠭᠰᠠᠨ ᠶᠠᠪᠤᠳᠠᠯ ᠢ ᠪᠤᠰᠤᠳ ᠬᠠᠤᠯᠢ ᠴᠠᠭᠠᠵᠠ᠂ | ᠵᠠᠰᠠᠭ ᠵᠠᠬᠢᠷᠭᠠᠨ ᠤ ᠬᠠᠤᠯᠢ ᠲᠤᠭᠲᠠᠭᠠᠯ ᠳᠤ ᠨᠢᠭᠡᠨᠲᠡ ᠰᠢᠳᠭᠡᠬᠦ ᠪᠠᠷ ᠲᠤᠭᠲᠠᠭᠠᠭᠰᠠᠨ ᠪᠠᠶᠢᠪᠠᠯ ᠲᠡᠷᠡ ᠬᠦ ᠬᠠᠤᠯᠢ | ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠶᠤᠰᠤᠭᠠᠷ ᠰᠢᠳᠭᠡᠨ᠎ᠡ᠃ | ᠠᠷᠪᠠᠨ ᠭᠤᠷᠪᠠᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ | ᠵᠠᠭᠤ ᠵᠢᠷᠭᠤᠳᠤᠭᠠᠷ ᠵᠦᠢᠯ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ | ᠶᠢᠨ ᠠᠷᠠᠳ ᠤᠨ ᠵᠠᠰᠠᠭ ᠤᠨ ᠤᠷᠳᠤᠨ ᠲᠤᠰ ᠬᠠᠤᠯᠢ ᠪᠤᠯᠤᠨ ᠲᠤᠰ ᠭᠠᠵᠠᠷ ᠤᠷᠤᠨ ᠤ ᠪᠠᠨ ᠪᠤᠲᠠᠲᠠᠢ ᠪᠠᠶᠢᠳᠠᠯ | ᠢᠶᠠᠨ ᠦᠨᠳᠦᠰᠦᠯᠡᠨ ᠬᠦᠳᠡᠯᠮᠦᠷᠢ ᠶᠢᠨ ᠭᠡᠷ᠎ᠡ ᠶᠢᠨ ᠲᠦᠷᠢᠮ ᠢ ᠬᠡᠷᠡᠭᠵᠢᠭᠦᠯᠬᠦ ᠠᠯᠬᠤᠮ ᠲᠠᠷᠠᠭ᠎ᠠ ᠪᠠᠨ ᠲᠤᠭᠲᠠᠭᠠᠵᠤ | ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠦᠨ ᠲᠠᠩᠰᠠᠯᠠᠭᠤᠯᠤᠨ᠎ᠠ᠃ | ᠵᠠᠭᠤ ᠲᠤᠯᠤᠳᠤᠭᠠᠷ ᠵᠦᠢᠯ ᠲᠤᠰ ᠬᠠᠤᠯᠢ ᠶᠢ 1995 ᠣᠨ ᠤ 1 ᠰᠠᠷ᠎ᠠ ᠶᠢᠨ 1 ᠤ ᠡᠳᠦᠷ | ᠠᠴᠠ ᠬᠡᠷᠡᠭᠵᠢᠭᠦᠯᠦᠨ᠎ᠡ᠃ |