ᠸᠠᠩ ᠵᠢᠶᠦ᠋ᠨ ᠪᠠᠶᠠᠷ ᠤᠨ ᠦᠭᠡ ᠭᠡᠯᠡᠵᠦ ᠪᠠᠭᠠᠳᠤᠷ ᠡᠷᠬᠢᠯᠡᠵᠦ ᠷᠧᠨ ᠶᠠ ᠫᠢᠩ ᠨᠠᠷ | ᠤᠷᠤᠯᠴᠠᠪᠠ | | ᠤᠯᠤᠰ ᠲᠠᠶᠠᠭᠠᠷ ᠮᠤᠷᠢᠨ ᠵᠢᠯ ᠢᠶᠠᠨ ᠦᠳᠡᠵᠦ ᠬᠤᠨᠢᠨ ᠵᠢᠯ ᠢᠶᠠᠨ ᠤᠬᠳᠤᠨᠠᠮ᠃ 2 ᠰᠠᠷ᠎ᠠ ᠶᠢᠨ | 17 ᠤ ᠦᠳᠡ ᠶᠢᠨ ᠡᠮᠦᠨ᠎ᠠ᠂ ᠦᠪᠦᠷ ᠮᠤᠩᠭᠤᠯ ᠤᠨ ᠰᠢᠨ᠎ᠠ ᠬᠤᠳᠠ ᠵᠤᠴᠢᠳ ᠤᠨ ᠪᠠᠭᠤᠳᠠᠯ ᠳ᠋ᠧᠩ ᠲᠤᠸᠠᠯᠠᠨ | ᠬᠢᠯᠠᠯᠵᠠᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠨᠠᠮ᠃ ᠦᠪᠡᠷᠳᠡᠭᠡᠨ ᠵᠠᠰᠠᠬᠤ ᠤᠷᠤᠨ ᠤ | 2015 ᠤᠨ ᠤ ᠡᠯ᠎ᠠ ᠦᠨᠳᠦᠰᠦᠳᠡᠨ ᠡᠯ᠎ᠠ ᠡᠳᠡᠭᠡᠳ ᠤᠨ ᠴᠠᠭᠠᠨ ᠰᠠᠷ᠎ᠠ ᠪᠠᠨ ᠤᠬᠳᠤᠬᠤ ᠴᠠᠶᠢᠯᠠᠯᠭ᠎ᠠ ᠠᠳᠡ | ᠦᠪᠡᠳᠡᠭᠰᠢ ᠶᠡᠭᠡᠪᠡᠷ ᠶᠠᠪᠤᠬᠳᠠᠯ᠎ᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠦᠪᠡᠷᠳᠡᠭᠡᠨ ᠵᠠᠰᠠᠬᠤ ᠤᠷᠤᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠦ᠋ᠨ | ᠤᠷᠬᠢᠯᠤᠮ᠎ᠠ ᠬᠠᠯᠠᠭᠤᠨ ᠰᠡᠳᠬᠢᠯᠭᠡ ᠪᠠᠷ ᠰᠢᠨ᠎ᠠ ᠵᠢᠯ ᠤᠨ ᠪᠠᠶᠠᠷ ᠤᠨ ᠦᠭᠡ ᠭᠡᠯᠡᠵᠦ᠂ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠠᠭᠠᠳᠤᠷ | ᠴᠠᠶᠢᠯᠠᠯᠭ᠎ᠠ ᠶᠢ ᠡᠷᠬᠢᠯᠡᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠬ ᠤᠨ ᠤᠷᠳᠤᠨ᠂ ᠤᠯᠤᠰ ᠲᠦᠷᠦ ᠶᠢᠨ | ᠵᠦᠪᠯᠡᠯᠭᠡᠨ ᠪᠤᠯᠤᠨ ᠦᠪᠦᠷ ᠮᠤᠩᠭᠤᠯ ᠤᠨ ᠴᠡᠷᠢᠭ ᠤᠨ ᠲᠤᠭᠤᠷᠢᠬ ᠤᠨ ᠤᠳᠤᠷᠢᠳᠬᠤ ᠨᠦᠬᠦᠳ᠂ ᠦᠪᠡᠷᠳᠡᠭᠡᠨ | ᠵᠠᠰᠠᠬᠤ ᠤᠷᠤᠨ ᠤ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠵᠡᠪᠰᠡᠭᠳᠦ ᠴᠠᠬᠳᠠᠭ᠎ᠠ ᠶᠢᠨ ᠦᠪᠦᠷ ᠮᠤᠩᠭᠤᠯ ᠤᠨ | ᠶᠡᠷᠦᠩᠭᠡᠢ ᠠᠩᠬᠢ᠂ ᠦᠪᠦᠷ ᠮᠤᠩᠭᠤᠯ ᠤᠨ ᠲᠤᠳᠤᠭᠠᠳᠦ ᠶᠢ ᠬᠠᠮᠠᠭᠠᠯᠠᠬᠤ ᠬᠢᠯᠢ ᠶᠢᠨ ᠬᠠᠮᠠᠭᠠᠯᠠᠯᠳᠠ ᠶᠢᠨ ᠶᠡᠷᠦᠩᠭᠡᠢ | ᠠᠩᠬᠢ ᠶᠢᠨ ᠤᠳᠤᠷᠢᠳᠤᠯᠭ᠎ᠠ᠂ ᠮᠤᠵᠢ ᠶᠢᠨ ᠲᠡᠰ ᠤᠨ ᠭᠡᠰᠡᠭ ᠠᠵᠢᠯ ᠤᠨ ᠠᠮᠠᠷᠠᠯᠳᠠ ᠪᠠᠨ ᠠᠪᠤᠬᠰᠠᠠ ᠪᠠ | ᠠᠵᠢᠯ ᠠᠴᠠ ᠪᠠᠨ ᠲᠠᠷᠬᠠᠯᠠᠬᠳᠠᠬᠰᠠᠠ ᠠᠬᠠᠮᠡᠳ ᠨᠦᠬᠦᠳ ᠪᠤᠯᠤᠨ ᠡᠯ᠎ᠠ ᠦᠨᠳᠦᠰᠦᠳᠡᠨ ᠡᠯ᠎ᠠ ᠡᠳᠡᠭᠡᠳ ᠤᠨ | ᠲᠦᠯᠦᠭᠡᠯᠡᠭᠴᠢ 300 ᠭᠠᠷᠤᠢ ᠬᠦᠮᠦᠨ ᠨᠢᠭᠡ ᠲᠠᠩᠬᠢᠮ ᠲᠤ ᠴᠤᠬᠯᠠᠷᠠᠨ᠂ ᠬᠠᠭᠤᠴᠢᠨ ᠵᠢᠯ ᠢᠶᠠᠨ ᠦᠳᠡᠨ ᠰᠢᠨ᠎ᠠ | ᠵᠢᠯ ᠢᠶᠠᠨ ᠤᠬᠳᠤᠵᠦ᠂ ᠨᠦᠬᠦᠷᠰᠡᠭ ᠰᠡᠳᠬᠢᠯ ᠢᠶᠠᠨ ᠵᠤᠵᠠᠭᠠᠳᠬᠠᠨ ᠬᠦᠭᠵᠢᠯᠳᠡ ᠶᠢᠨ ᠲᠤᠬᠠᠢ ᠬᠠᠮᠳᠦ ᠪᠠᠷ | ᠶᠠᠷᠢᠯᠴᠠᠵᠠᠢ᠃ | ᠸᠠᠩ ᠵᠢᠶᠦ᠋ᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠬ ᠤᠨ ᠤᠷᠳᠤᠨ᠂ ᠤᠯᠤᠰ ᠲᠦᠷᠦ ᠶᠢᠨ | ᠵᠦᠪᠯᠡᠯᠭᠡᠨ ᠤ ᠡᠮᠦᠨ᠎ᠠ ᠠᠴᠠ ᠠᠵᠢᠯ ᠤᠨ ᠠᠮᠠᠷᠠᠯᠳᠠ ᠪᠠᠨ ᠠᠪᠤᠬᠰᠠᠠ ᠪᠠ ᠠᠵᠢᠯ ᠠᠴᠠ ᠪᠠᠨ ᠲᠠᠷᠬᠠᠯᠠᠬᠳᠠᠬᠰᠠᠠ | ᠠᠬᠠᠮᠡᠳ ᠨᠦᠬᠦᠳ ᠪᠤᠯᠤᠨ ᠦᠷᠭᠡᠨ ᠤᠯᠠᠨ ᠠᠵᠢᠯᠴᠢᠨ᠂ ᠮᠠᠯᠴᠢᠨ ᠲᠠᠷᠢᠶᠠᠴᠢᠨ᠂ ᠰᠡᠭᠡᠭᠡᠳᠡᠨ᠂ ᠺᠠᠳ᠋ᠷ ᠤᠯᠠᠨ | ᠲᠦᠮᠡᠨ ᠳᠤ᠂ ᠡᠯ᠎ᠡ ᠠᠷᠠᠳᠴᠢᠯᠠᠬᠰᠠᠠ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠣᠨ ᠨᠠᠮ | ᠪᠦᠯᠦᠭ ᠤᠨ ᠪᠤᠰᠤ ᠨᠡᠷᠡᠳᠦ ᠬᠦᠮᠦᠰ ᠲᠤ᠂ ᠡᠯ᠎ᠡ ᠠᠷᠠᠳ ᠤᠨ ᠪᠦᠯᠬᠦᠮ ᠳᠤ᠂ ᠦᠪᠡᠷᠳᠡᠭᠡᠨ ᠵᠠᠰᠠᠬᠤ ᠤᠷᠤᠨ ᠳᠤ | ᠰᠠᠭᠤᠭ᠎ᠠ ᠴᠢᠯᠦᠭᠡᠯᠡᠬᠦ ᠴᠡᠷᠢᠭ ᠤᠨ ᠵᠢᠯᠤᠭᠤᠳᠤᠬᠴᠢ ᠪᠠᠶᠢᠯᠳᠤᠬᠴᠢᠳ᠂ ᠵᠡᠪᠰᠡᠭᠳᠦ ᠴᠠᠭᠳᠠᠭ᠎ᠠ ᠶᠢᠨ ᠳᠠᠷᠤᠭ᠎ᠠ | ᠪᠠᠶᠢᠯᠳᠤᠬᠴᠢᠳ ᠪᠤᠯᠤᠨ ᠲᠤᠳᠤᠭᠠᠳᠦ ᠶᠢ ᠬᠠᠮᠠᠭᠠᠯᠠᠬᠤ ᠺᠠᠳ᠋ᠷ ᠴᠠᠭᠳᠠᠭ᠎ᠠ ᠵᠢᠴᠢ ᠦᠪᠦᠷ ᠮᠣᠩᠭᠤᠯ ᠤᠨ ᠪᠦᠳᠦᠭᠡᠨ | ᠪᠠᠶᠢᠭᠤᠯᠤᠯᠳᠠ ᠶᠢ ᠬᠠᠯᠠᠮᠵᠢᠯᠠᠨ ᠲᠡᠮᠵᠢᠵᠦ ᠪᠠᠶᠢᠭ᠎ᠠ ᠡᠯ᠎ᠡ ᠡᠲᠡᠭᠡᠳ ᠤᠨ ᠬᠥᠮᠥᠰ ᠲᠤ ᠰᠢᠨ᠎ᠡ ᠵᠢᠯ ᠤᠨ | ᠮᠡᠨᠳᠦᠴᠢᠯᠡᠯ ᠪᠤᠯᠤᠨ ᠰᠠᠶᠢᠨ ᠰᠠᠶᠢᠬᠠᠨ ᠵᠥᠩᠨᠡᠯ ᠢᠶᠠᠨ ᠳᠡᠪᠰᠢᠭᠦᠯᠵᠡᠢ᠃ | ᠸᠠᠩ ᠵᠢᠶᠦ᠋ᠨ᠂ ᠥᠩᠭᠡᠷᠡᠵᠦ ᠣᠳᠣᠭᠰᠠᠨ 2014 ᠣᠨ ᠪᠣᠯ ᠥᠪᠥᠷ ᠮᠣᠩᠭᠤᠯ ᠤᠨ ᠬᠥᠭᠵᠢᠯᠲᠡ | ᠳᠤᠮᠳᠠ ᠴᠢᠬᠤᠯᠠ ᠬᠥᠰᠢᠶ᠎ᠡ ᠲᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠵᠢᠯ ᠮᠥᠨ᠃ ᠨᠢᠭᠡ ᠵᠢᠯ ᠤᠨ ᠲᠤᠷᠰᠢ᠂ | ᠪᠢᠳᠡ ᠶᠡᠷᠦᠩᠭᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠤᠯᠤᠨ ᠦᠪᠦᠷ ᠮᠤᠩᠭᠤᠯ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠠᠷ ᠪᠦᠬᠦ ᠲᠠᠯ᠎ᠠ ᠶᠢ ᠵᠢᠯᠤᠭᠤᠳᠤᠭᠤᠯᠤᠨ᠂ ᠦᠢᠯᠡᠳᠦᠯᠭᠡ ᠶᠢ | ᠵᠢᠯᠤᠭᠤᠳᠤᠭᠤᠯᠵᠦ᠂ ᠡᠯ᠎ᠡ ᠵᠦᠢᠯ ᠤᠨ ᠠᠵᠢᠯ ᠤᠨ ᠰᠢᠨ᠎ᠡ ᠠᠮᠵᠢᠯᠲᠠ ᠲᠠᠢ ᠪᠣᠯᠵᠤ᠂ ᠰᠢᠨ᠎ᠡ ᠳᠡᠭᠲᠡᠷ ᠲᠤ ᠭᠠᠷᠴᠠᠢ᠂ | ᠥᠪᠥᠷ ᠮᠣᠩᠭᠤᠯ ᠤᠨ ᠡᠬᠡ ᠭᠠᠵᠠᠷ ᠢᠶᠠᠷ ᠠᠵᠤ ᠠᠬᠤᠢ ᠬᠥᠭᠵᠢᠯ ᠲᠠᠢ᠂ ᠦᠨᠳᠦᠰᠦᠲᠡᠨ ᠪᠦᠯᠬᠦᠮᠳᠡᠯ ᠲᠠᠢ᠂ | ᠰᠣᠶᠣᠯ ᠴᠡᠴᠡᠭᠯᠡᠨ ᠬᠦᠭᠵᠢᠭᠰᠡᠡ᠂ ᠬᠢᠯᠢ ᠣᠷᠣᠨ ᠠᠮᠤᠷ ᠲᠤᠬᠳᠠᠭᠤᠨ᠂ ᠠᠮᠢ ᠠᠬᠤᠢ ᠪᠣᠯᠪᠠᠰᠤᠨ᠂ ᠡᠯ᠎ᠡ | ᠵᠦᠢᠯ ᠤᠨ ᠦᠢᠯᠡᠰ ᠦᠭᠡᠳᠡᠯᠡᠨ ᠲᠠᠪᠰᠢᠬᠰᠠᠠ᠂ ᠡᠯ᠎ᠡ ᠦᠨᠳᠦᠰᠦᠳᠡᠨ ᠤ ᠠᠷᠠᠳ ᠲᠦᠮᠡᠨ ᠠᠮᠤᠷ ᠲᠦᠪᠰᠢᠨ ᠠᠵᠠ | ᠵᠢᠷᠭᠠᠯ ᠲᠠᠢ ᠪᠠᠶᠢᠳᠠᠯ ᠢᠯᠡᠷᠡᠵᠠᠢ᠃ 2015 ᠤᠨ ᠪᠤᠯ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ | ᠵᠠᠩᠭᠢᠯᠠᠭ᠎ᠠ ᠶᠢᠨ ᠵᠢᠯ ᠮᠥᠨ᠂ ᠬᠠᠤᠯᠢ ᠪᠠᠷ ᠤᠷᠤᠨ ᠢᠶᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ ᠶᠢᠨ | ᠡᠬᠢᠯᠡᠯᠲᠡ ᠶᠢᠨ ᠵᠢᠯ ᠮᠥᠨ᠂ ᠮᠦᠨᠴᠦ ︽ᠠᠷᠪᠠᠨ ᠬᠤᠶᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢ ᠪᠦᠬᠦ | ᠲᠠᠯ᠎ᠠ ᠪᠠᠷ ᠪᠡᠶᠡᠯᠡᠭᠦᠯᠬᠦ ᠶᠢᠨ ᠡᠴᠦᠰ ᠤᠨ ᠵᠢᠯ ᠮᠥᠨ᠃ ᠪᠢᠳᠡ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ | ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ᠂ ᠲᠦᠷᠪᠡᠳᠦᠭᠡᠷ ᠪᠦᠬᠦᠳᠠ ᠬᠤᠷᠠᠯ | ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠠᠶᠢᠳᠤᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠶᠡᠷᠦᠩᠭᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠣᠯᠣᠨ ᠮᠠᠨ ᠤ | ᠤᠷᠤᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠦᠨᠵᠡᠭᠡᠢ | ᠲᠤᠤᠱᠯᠠᠭᠤᠯᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠵᠦᠢᠯ ᠤᠨ | ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ | ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ | ᠠᠵᠢᠯ ᠢ ᠨᠢᠭᠡᠳᠦᠯᠳᠠᠢ ᠲᠦᠯᠦᠪᠵᠢᠭᠦᠯᠦᠨ ᠠᠬᠢᠭᠤᠯᠵᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ | ᠲᠦᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠲᠡᠬᠦᠰ ᠠᠮᠵᠢᠯᠳᠠ ᠲᠠᠢ ᠪᠡᠶᠡᠯᠡᠭᠦᠯᠵᠦ᠂ ᠰᠢᠨ᠎ᠡ ᠭᠠᠷᠤᠭ᠎ᠠ ᠳᠡᠭᠡᠷ᠎ᠡ | ᠰᠢᠨ᠎ᠡ ᠬᠦᠭᠵᠢᠯᠳᠡ ᠶᠢ ᠪᠡᠶᠡᠯᠡᠭᠦᠯᠬᠦ ᠪᠠᠷ ᠴᠢᠷᠮᠠᠶᠢᠨ᠎ᠠ ᠭᠡᠵᠦ ᠭᠡᠯᠡᠪᠡ᠃ | ᠪᠠᠶᠠᠷ ᠪᠠᠶᠠᠰᠬᠤᠯᠠᠩᠲᠠᠢ ᠡᠶ᠎ᠡ ᠵᠤᠬᠢᠴᠠᠩᠭᠤᠢ ᠠᠭᠤᠷ ᠠᠮᠢᠰᠬᠤᠯ ᠤᠨ ᠲᠤᠮᠳᠠ ᠸᠠᠩ ᠵᠢᠶᠦ᠋ᠨ᠂ | ᠪᠠᠭᠠᠳᠤᠷ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠡᠯ᠎ᠡ ᠡᠲᠡᠭᠡᠳ ᠤᠨ ᠨᠡᠷᠡᠲᠦ ᠬᠥᠮᠥᠰ ᠤᠨ | ᠳᠤᠮᠳᠠ ᠢᠷᠡᠵᠦ᠂ ᠣᠯᠠᠨ ᠪᠦᠬᠦᠨ ᠲᠠᠢ ᠲᠤᠳᠤᠨᠦ ᠪᠠᠷ ᠭᠠᠷ ᠠᠳᠬᠤᠨ ᠶᠠᠷᠢᠯᠴᠠᠵᠦ᠂ ᠬᠠᠷᠢᠯᠴᠠᠨ ᠮᠡᠨᠳᠦ ᠬᠦᠷᠭᠡᠵᠠᠢ | ᠃ ᠤᠳᠬ᠎ᠠ ᠤᠷᠠᠯᠢᠭ ᠤᠨ ᠠᠵᠢᠯᠲᠠᠳ ᠪᠦᠵᠢᠭ ︽ᠮᠤᠩᠭᠤᠯ ᠨᠠᠶᠢᠷ︾᠂ ᠲᠠᠭᠤᠤᠷᠢᠯᠢᠭ ︽ᠠᠪᠤ ᠡᠵᠢ ᠶᠢᠨ ᠨᠤᠳᠤᠬ | ᠤᠰᠦ︾ ᠪᠡᠭᠡᠵᠢᠩ ᠵᠦᠴᠦᠭᠡ ︽ᠪᠠᠶᠠᠷ ᠤᠨ ᠠᠷᠢᠬᠢ ᠪᠠᠨ ᠬᠠᠨᠤᠲᠠᠯ᠎ᠠ ᠤᠤᠭᠤᠶ᠎ᠠ︾ ᠁ᠵᠡᠷᠭᠡ ᠭᠤᠴᠦ | ᠰᠠᠶᠢᠬᠠᠨ ᠲᠣᠭᠯᠠᠯᠲᠠ ᠭᠠᠷᠭᠠᠵᠤ᠂ ᠥᠪᠥᠷ ᠮᠣᠩᠭᠤᠯ ᠤᠨ ᠦᠨᠳᠦᠰᠦᠳᠡᠨ ᠤ ᠠᠷᠠᠳ ᠲᠦᠮᠡᠨ ᠤ ᠬᠦᠭᠵᠢᠯᠳᠡ | ᠠᠮᠵᠢᠯᠳᠠ ᠳᠠᠭᠠᠨ ᠪᠠᠶᠠᠷᠯᠠᠨ ᠵᠤᠷᠢᠬᠵᠢᠵᠦ᠂ ᠢᠷᠡᠭᠡᠳᠦᠢ ᠳᠡᠭᠡᠨ ᠢᠳᠡᠭᠡᠯ ᠲᠠᠢ ᠪᠠᠶᠢᠬᠤ ᠶᠢ ᠲᠤᠰᠬᠠᠵᠠᠢ᠃ |