ᠡᠨᠡ ᠵᠢᠯ ᠮᠠᠨ ᠤ ᠣᠷᠣᠨ 60 ᠦᠷ᠎ᠡ ᠶᠢᠨ ᠮᠠᠯ ᠤᠨ ᠲᠠᠯᠠᠪᠠᠢ ᠨᠡᠮᠡᠵᠤ ᠪᠠᠶᠢᠭᠤᠯᠤᠨ᠎ᠠ
ᠨᠡᠶᠢᠲᠡᠯᠡᠭᠰᠡᠨ ᠴᠠᠭ᠄
2015/2/28
     ᠮᠠᠨ ᠤ ᠣᠷᠣᠨ ᠡᠨᠡ ᠵᠢᠯ ᠰᠢᠯᠢᠳᠡᠭ ᠡᠭᠦᠯᠳᠡᠷ ᠤᠨ ᠦᠷ᠎ᠡ ᠶᠢᠨ ᠮᠠᠯ ᠬᠠᠩᠭᠠᠬᠤ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠰᠢᠨ᠎ᠡ ᠪᠠᠷ ᠬᠤᠴᠠ ᠤᠬᠤᠨ᠎ᠠ ᠶᠢᠨ 60 ᠲᠠᠯᠠᠪᠠᠢ ᠶᠢ ᠨᠡᠮᠡᠵᠤ ᠪᠠᠶᠢᠭᠤᠯᠬᠤ ᠪᠠᠷ ᠪᠤᠢ᠃      ᠣᠳᠣᠬᠠᠨ᠎ᠠ ᠮᠠᠨ ᠤ ᠣᠷᠣᠨ ᠳᠤ 324 ᠬᠤᠴᠠ ᠶᠢᠨ ᠲᠠᠯᠠᠪᠠᠢ ᠪᠣᠯᠣᠨ 38 ᠤᠬᠤᠨ᠎ᠠ ᠶᠢᠨ ᠲᠠᠯᠠᠪᠠᠢ ᠎ ᠲᠠᠢ ᠪᠣᠯᠵᠤ᠂ ᠵᠢᠯ ᠪᠦᠷᠢ15 ᠲᠦᠮᠡᠨ ᠰᠢᠯᠢᠳᠡᠭ ᠡᠭᠦᠯᠳᠡᠷ ᠤᠨ ᠦᠷ᠎ᠡ ᠶᠢᠨ ᠮᠠᠯ ᠬᠠᠩᠭᠠᠬᠤ ᠴᠢᠳᠠᠪᠤᠷᠢ ᠶᠢ ᠪᠦᠷᠢᠯᠳᠦᠭᠦᠯᠪᠡ᠃ ᠭᠡᠪᠡᠴᠦ ᠮᠠᠨ ᠤ ᠣᠷᠣᠨ ᠤ ᠪᠤᠭ ᠮᠠᠯ ᠤᠨ ᠲᠤᠭ᠎ᠠ ᠳ᠋ᠦᠩᠰᠢᠭᠤᠷ ᠢ ᠳᠠᠪᠠᠭᠠᠳ ᠵᠢᠯ ᠪᠦᠷᠢ 30 ᠲᠦᠮᠡᠨ ᠰᠢᠯᠢᠳᠡᠭ ᠡᠭᠦᠯᠳᠡᠷ ᠤᠨ ᠬᠤᠴᠠ ᠤᠬᠤᠨ᠎ᠠ ᠬᠡᠷᠡᠭᠰᠡᠬᠦ ᠠᠵᠢ᠃ ᠡᠶᠢᠨᠬᠦ ᠮᠠᠨ ᠤ ᠣᠷᠣᠨ ᠣᠷᠣᠨ ᠨᠤᠲᠤᠭ ᠤᠨ ᠰᠢᠯᠢᠳᠡᠭ ᠡᠭᠦᠯᠳᠡᠷ ᠠᠴᠠ ᠰᠤᠩᠭᠤᠬᠤ ᠪᠠ ᠭᠠᠳᠠᠭᠠᠳᠤ ᠠᠴᠠ ᠰᠢᠯᠢᠳᠡᠭ ᠡᠭᠦᠯᠳᠡᠷ ᠤᠨ ᠦᠷ᠎ᠡ ᠶᠢᠨ ᠮᠠᠯ ᠣᠷᠤᠭᠤᠯᠬᠤ ᠪᠠᠷ ᠳᠠᠮᠵᠢᠨ ᠰᠢᠯᠢᠳᠡᠭ ᠡᠭᠦᠯᠳᠡᠷ ᠤᠨ ᠦᠷ᠎ᠡ ᠶᠢᠨ ᠮᠠᠯ ᠢ ᠪᠣᠶᠢᠵᠢᠭᠤᠯᠤᠨ ᠦᠷᠡᠵᠢᠬᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠬᠦᠯᠵᠦ ᠪᠤᠢ᠃ ᠣᠶᠢᠯᠠᠭᠠᠭᠰᠠᠨ ᠢᠶᠠᠷ᠂ ᠮᠠᠨ ᠤ ᠣᠷᠣᠨ ᠡᠨᠡ ᠵᠢᠯ ᠭᠠᠳᠠᠭᠠᠳᠤ ᠠᠴᠠ 6000 ᠭᠠᠷᠤᠢ ᠰᠢᠯᠢᠳᠡᠭ ᠡᠭᠦᠯᠳᠡᠷ ᠤᠨ ᠦᠷ᠎ᠡ ᠶᠢᠨ ᠮᠠᠯ ᠣᠷᠤᠭᠤᠯᠵᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号