ᠰᠣᠷᠪᠣᠯᠵᠢᠯᠠᠭ᠎ᠠ ᠶᠢᠨ ᠭᠤᠣᠯ ᠰᠡᠳᠥᠪ : | ᠥᠪᠡᠷᠳᠡᠭᠡᠨ ᠵᠠᠰᠠᠬᠤ ᠣᠷᠣᠨ ᠤ《8337》ᠬᠦᠭᠵᠢᠯᠳᠡ ᠶᠢᠨ ᠰᠡᠳᠬᠢᠮᠵᠢ ᠶᠢ ᠬᠢᠨᠠᠮᠠᠭᠠᠢ | ᠳᠣᠣᠱᠯᠠᠭᠤᠯᠣᠨ ᠨᠠᠶᠢᠳᠠᠪᠣᠷᠢᠵᠢᠭᠤᠯᠵᠣ᠂ ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠥᠨ ᠡᠵᠡᠩᠨᠡᠭᠦ | ᠳᠥᠪᠰᠢᠨ ᠢ ᠪᠦᠬᠦ ᠳᠠᠯ᠎ᠠ ᠪᠠᠷ ᠳᠡᠭᠡᠭᠰᠢᠯᠡᠭᠦᠯᠰᠥᠬᠡᠢ | | | ᠰᠣᠷᠪᠣᠯᠵᠢᠯᠠᠭᠰᠠᠨ ᠴᠠᠭ : | 2014 ᠣᠨ ᠤ 7 ᠳ᠋ᠣᠭᠠᠷ ᠰᠠᠷ᠎ᠠ ᠶᠢᠨ 21 ᠤ ᠡᠳᠥᠷ ᠤᠨ ᠥᠳᠡ ᠶᠢᠨ ᠡᠮᠥᠨᠡᠬᠢ 10 ᠴᠠᠭ | ᠰᠣᠷᠪᠣᠯᠵᠢᠯᠠᠭ᠎ᠠ ᠬᠦᠯᠢᠶᠡᠭᠰᠡᠨ ᠵᠣᠴᠢᠨ : | ᠥᠪᠡᠷᠳᠡᠭᠡᠨ ᠵᠠᠰᠠᠬᠤ ᠣᠷᠣᠨ ᠤ ᠳᠠᠷᠢᠶᠠᠯᠠᠩ ᠮᠠᠯ ᠠᠵᠣ | ᠠᠬᠤᠢ ᠶᠢᠨ ᠲᠢᠩᠬᠢᠮ ᠤᠨ ᠳᠡᠳ᠋ ᠳᠠᠷᠤᠭ᠎ᠠ ᠶᠦᠨ ᠠᠢ ᠾᠸᠥ | ᠰᠣᠷᠪᠣᠯᠵᠢᠯᠠᠭ᠎ᠠ ᠶᠢᠨ ᠳᠣᠪᠴᠢ ᠳᠠᠨᠢᠯᠴᠠᠭᠤᠯᠭ᠎ᠠ : | ᠨᠢᠳᠣᠨᠣᠨ ᠠᠴᠠ ᠨᠠᠰᠢ᠂ ᠪᠦᠬᠦ ᠣᠷᠣᠨ ᠤ ᠳᠠᠷᠢᠶᠠᠯᠠᠩ ᠮᠠᠯ ᠠᠵᠣ ᠠᠬᠤᠢ ᠶᠢᠨ ᠰᠠᠯᠠᠭ᠎ᠠ ᠮᠥᠴᠢᠷ ᠨᠢ | ᠥᠪᠡᠷᠳᠡᠭᠡᠨ ᠵᠠᠰᠠᠬᠤ ᠣᠷᠣᠨ ᠤ ︽8337︾ ᠬᠦᠭᠵᠢᠯᠳᠡ ᠶᠢᠨ ᠰᠡᠳᠬᠢᠮᠵᠢ ᠶᠢ ᠬᠢᠨᠠᠮᠠᠭᠠᠢ ᠨᠠᠶᠢᠳᠠᠪᠣᠷᠢᠵᠢᠭᠤᠯᠣᠨ᠂ | ᠪᠣᠬᠢᠷᠳᠣᠯ ᠥᠬᠡᠢ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠬᠦᠯᠤᠨ ᠭᠠᠳᠠᠭᠰᠢ | ᠭᠠᠷᠭᠠᠬᠤ ᠰᠠᠭᠤᠷᠢᠨ ᠭᠠᠵᠠᠷ ᠪᠠᠶᠢᠭᠤᠯᠬᠤ ᠶᠡᠷᠥᠩᠬᠡᠢ ᠶᠢᠨ ᠱᠠᠭᠠᠷᠳᠠᠯᠭ᠎ᠠ ᠶᠢᠨ ᠲᠤᠭᠤᠷᠢᠨ ᠳᠤ᠂ ᠳᠠᠷᠢᠶᠠᠯᠠᠩ ᠮᠠᠯ | ᠠᠵᠣ ᠠᠬᠤᠢ ᠶᠢ ᠠᠵᠣ ᠦᠢᠯᠡᠰᠵᠢᠭᠦᠯᠭᠦ ᠠᠵᠢᠯ ᠢ ᠪᠦᠬᠦ ᠬᠦᠴᠦᠨ ᠢᠶᠠᠷ ᠳᠥᠯᠬᠢᠨ ᠠᠬᠢᠭᠤᠯᠵᠣ᠂ ᠮᠡᠳᠡᠭᠳᠡᠮ᠎ᠡ | ᠠᠮᠵᠢᠯᠳᠠ ᠣᠯᠵᠠᠢ᠃ ᠬᠤᠯᠪᠣᠭᠳᠠᠯ ᠪᠦᠬᠦᠢ ᠪᠠᠶᠢᠳᠠᠯ ᠢ ᠨᠠᠷᠢᠨ ᠳᠣᠳᠣᠷᠬᠠᠢ ᠣᠶᠢᠯᠠᠭᠠᠬᠤ ᠶᠢᠨ ᠳᠣᠰᠠᠳᠠ ᠣᠷᠴᠢᠮ | ᠪᠢᠳᠡ ᠥᠪᠡᠷᠳᠡᠭᠡᠨ ᠵᠠᠰᠠᠬᠤ ᠣᠷᠣᠨ ᠤ ᠳᠠᠷᠢᠶᠠᠯᠠᠩ ᠮᠠᠯ ᠠᠵᠣ ᠠᠬᠤᠢ ᠶᠢᠨ ᠲᠢᠩᠬᠢᠮ ᠤᠨ ᠳᠡᠳ᠋ ᠳᠠᠷᠤᠭ᠎ᠠ ᠶᠦᠨ | ᠠᠢ ᠾᠸᠥ ᠶᠢ ︽ᠳᠣᠮᠳᠠᠳᠣ ᠣᠯᠣᠰ ᠥᠪᠥᠷ ᠮᠣᠩᠭᠤᠯ︾ ᠰᠥᠯᠵᠢᠶᠡᠨ ᠳᠡᠭᠡᠨ ᠣᠷᠢᠨ ᠵᠠᠯᠠᠵᠣ ᠲᠠ ᠪᠦᠬᠦᠨ ᠲᠠᠢ | ᠵᠤᠭᠤᠭᠳᠠᠭᠤᠯᠬᠤ ᠪᠠᠷ ᠪᠠᠶᠢᠨ᠎ᠠ᠂ ᠥᠷᠬᠡᠨ ᠣᠯᠠᠨ ᠰᠥᠯᠵᠢᠶᠡᠨ ᠠᠨᠳᠠ ᠨᠠᠷ ᠤᠨ ᠢᠳᠡᠪᠬᠢᠳᠠᠢ ᠣᠷᠣᠯᠴᠠᠬᠤ ᠶᠢ | ᠪᠠᠶᠠᠷᠯᠠᠨ ᠣᠭᠳᠣᠵᠣ ᠪᠣᠢ︕ | 〔 ᠬᠦᠳᠥᠯᠥᠭᠴᠢ〕 ᠰᠥᠯᠵᠢᠶᠡᠨ ᠠᠨᠳᠠ ᠨᠠᠷ ᠡ᠂ ᠰᠠᠶᠢᠨ ᠪᠠᠶᠢᠵᠠᠭᠠᠨ᠎ᠠ ᠤᠤ︖ ᠲᠠ ᠪᠦᠭᠦᠨ ᠳᠣᠰ | ᠬᠤᠭᠤᠴᠠᠭᠠᠨ ᠤ ︽ᠳᠣᠮᠳᠠᠳᠣ ᠣᠯᠣᠰ ᠥᠪᠥᠷ ᠮᠣᠩᠭᠤᠯ︾ ᠰᠥᠯᠵᠢᠶᠡᠨ ᠰᠣᠷᠪᠣᠯᠵᠢᠯᠠᠭ᠎ᠠ ᠪᠤᠯᠤᠩ ᠢ | ᠬᠦᠯᠢᠶᠡᠨ ᠠᠪᠴᠥ ᠥᠵᠡᠭᠦ ᠶᠢ ᠪᠠᠶᠠᠷᠯᠠᠨ ᠣᠭᠳᠣᠵᠣ ᠪᠠᠶᠢᠨ᠎ᠠ᠃ ᠥᠨᠥᠳᠥᠷ ᠪᠢᠳᠡ ᠥᠪᠡᠷᠳᠡᠭᠡᠨ ᠵᠠᠰᠠᠬᠤ ᠣᠷᠣᠨ ᠤ | ᠳᠠᠷᠢᠶᠠᠯᠠᠩ ᠮᠠᠯ ᠠᠵᠣ ᠠᠬᠤᠢ ᠶᠢᠨ ᠲᠢᠩᠬᠢᠮ ᠤᠨ ᠳᠡᠳ᠋ ᠳᠠᠷᠤᠭ᠎ᠠ ᠶᠦᠨ ᠠᠢ ᠾᠸᠥ ᠶᠢ ᠣᠷᠢᠨ ᠵᠠᠯᠠᠵᠣ ︽ | ᠥᠪᠡᠷᠳᠡᠭᠡᠨ ᠵᠠᠰᠠᠬᠤ ᠣᠷᠣᠨ ᠤ ︿8337﹀ ᠬᠦᠭᠵᠢᠯᠳᠡ ᠶᠢᠨ ᠰᠡᠳᠬᠢᠮᠵᠢ ᠶᠢ ᠬᠢᠨᠠᠮᠠᠭᠠᠢ ᠳᠣᠣᠱᠯᠠᠭᠤᠯᠣᠨ | ᠨᠠᠶᠢᠳᠠᠪᠣᠷᠢᠵᠢᠭᠤᠯᠵᠣ ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠥᠨ ᠡᠵᠡᠩᠨᠡᠭᠦ ᠳᠥᠪᠰᠢᠨ ᠢ ᠪᠦᠬᠦ | ᠳᠠᠯ᠎ᠠ ᠪᠠᠷ ᠳᠡᠭᠡᠭᠰᠢᠯᠡᠭᠦᠯᠰᠥᠬᠡᠢ︾ ᠬᠡᠰᠡᠨ ᠰᠡᠳᠥᠪ ᠢᠶᠠᠷ ᠲᠠ ᠪᠦᠬᠦᠨ ᠲᠠᠢ ᠶᠠᠷᠢᠯᠴᠠᠭᠤᠯᠬᠤ ᠪᠠᠷ ᠪᠤᠯᠤᠯ᠎ᠠ᠂ ᠶᠦᠨ | ᠲᠢᠩᠬᠢᠮ ᠤᠨ ᠳᠠᠷᠤᠭ᠎ᠠ ᠡ᠂ ᠲᠠᠨ ᠢ ᠪᠠᠶᠠᠷᠯᠠᠨ ᠣᠭᠳᠣᠵᠣ ᠪᠠᠶᠢᠨ᠎ᠠ︕ | 〔 ᠶᠦᠨ ᠠᠢ ᠾᠸᠥ〕 ᠬᠦᠳᠥᠯᠥᠭᠴᠢ ᠲᠠ ᠰᠠᠶᠢᠨ ᠪᠠᠶᠢᠨ᠎ᠠ ᠤᠤ᠂ ᠥᠷᠬᠡᠨ ᠣᠯᠠᠨ ᠰᠥᠯᠵᠢᠶᠡᠨ ᠠᠨᠳᠠ ᠨᠠᠷ | ᠰᠠᠶᠢᠨ ᠪᠠᠶᠢᠵᠠᠭᠠᠨ᠎ᠠ ᠤᠤ ᠃ ︽ᠳᠣᠮᠳᠠᠳᠣ ᠣᠯᠣᠰ ᠥᠪᠥᠷ ᠮᠣᠩᠭᠤᠯ︾ ᠰᠥᠯᠵᠢᠶ᠎ᠡ ᠪᠠᠷ ᠳᠠᠮᠵᠢᠭᠤᠯᠵᠣ ᠲᠠ | ᠪᠦᠬᠦᠨ ᠲᠠᠢ ᠵᠣᠯᠭᠠᠬᠤ ᠪᠣᠯᠣᠭᠰᠠᠨ ᠳᠠᠭᠠᠨ ᠮᠠᠰᠢ ᠶᠡᠭᠡ ᠪᠠᠶᠠᠷᠯᠠᠵᠣ ᠪᠣᠢ᠂ ᠮᠠᠨ ᠤ ᠲᠢᠩᠬᠢᠮ ᠤᠨ ᠡᠯ᠎ᠡ ᠳᠥᠷᠥᠯ ᠤᠨ | ᠠᠵᠢᠯ ᠢ ᠥᠷᠭᠦᠯᠵᠢ ᠬᠠᠯᠠᠮᠵᠢᠯᠠᠵᠣ ᠳᠡᠮᠵᠢᠭᠰᠡᠭᠡᠷ ᠢᠷᠡᠭᠰᠡᠨ ᠲᠠ ᠪᠦᠬᠦᠨ ᠳᠡᠭᠡᠨ ᠲᠠᠯᠠᠷᠬᠠᠵᠣ ᠪᠠᠶᠢᠨ᠎ᠠ᠂ ᠵᠠᠯᠠᠭᠠᠭᠠᠳ | ᠲᠠ ᠪᠦᠬᠦᠨ ᠶᠠᠮᠠᠷ ᠠᠰᠠᠭᠤᠯᠳᠠ ᠪᠣᠶᠣ ᠰᠠᠨᠠᠭᠤᠯᠭ᠎ᠠ ᠪᠠᠶᠢᠪᠠᠯ ᠨᠠᠳᠠ ᠲᠠᠢ ᠵᠤᠭᠤᠭᠳᠠᠮᠤ︕ | 〔 ᠬᠦᠳᠥᠯᠥᠭᠴᠢ 〕 ᠶᠦᠨ ᠲᠢᠩᠬᠢᠮ ᠤᠨ ᠳᠠᠷᠤᠭ᠎ᠠ ᠡ᠂ ᠨᠢᠳᠣᠨᠣᠨ ᠠᠴᠠ ᠠᠪᠣᠭᠠᠳ ᠮᠠᠨ ᠤ ᠣᠷᠣᠨ ᠤ | ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠭᠦ ᠬᠦᠭᠵᠢᠯᠳᠡ ᠬᠢᠷᠢ ᠵᠡᠷᠭᠡ ᠶᠢᠨ ᠠᠮᠵᠢᠯᠳᠠ ᠪᠦᠳᠤᠭᠡᠯ | ᠣᠯᠣᠭᠰᠠᠨ ᠪᠣᠢ︖ | 〔 ᠶᠦᠨ ᠠᠢ ᠾᠸᠥ 〕 ᠨᠢᠳᠣᠨᠣᠨ ᠠᠴᠠ ᠨᠠᠰᠢ᠂ ᠪᠦᠬᠦ ᠣᠷᠣᠨ ᠤ ᠳᠠᠷᠢᠶᠠᠯᠠᠩ ᠮᠠᠯ ᠠᠵᠣ ᠠᠬᠤᠢ ᠶᠢᠨ ᠰᠠᠯᠠᠭ᠎ᠠ | ᠮᠥᠴᠢᠷ ᠨᠢ ᠥᠪᠡᠷᠳᠡᠭᠡᠨ ᠵᠠᠰᠠᠬᠤ ᠣᠷᠣᠨ ᠤ ︽8337︾ ᠬᠦᠭᠵᠢᠯᠳᠡ ᠶᠢᠨ ᠰᠡᠳᠬᠢᠮᠵᠢ ᠶᠢ ᠬᠢᠨᠠᠮᠠᠭᠠᠢ | ᠨᠠᠶᠢᠳᠠᠪᠣᠷᠢᠵᠢᠭᠤᠯᠵᠣ᠂ ᠪᠣᠬᠢᠷᠳᠣᠯ ᠥᠬᠡᠢ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢ | ᠡᠳ᠋ᠰᠢᠬᠦᠯᠤᠨ ᠭᠠᠳᠠᠭᠰᠢ ᠭᠠᠷᠭᠠᠬᠤ ᠰᠠᠭᠤᠷᠢᠨ ᠭᠠᠵᠠᠷ ᠪᠠᠶᠢᠭᠤᠯᠬᠤ ᠶᠡᠷᠥᠩᠬᠡᠢ ᠱᠠᠭᠠᠷᠳᠠᠯᠭ᠎ᠠ ᠶᠢᠨ ᠲᠤᠭᠤᠷᠢᠨ ᠳᠤ᠂ | ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠭᠦ ᠠᠵᠢᠯ ᠢ ᠪᠦᠬᠦ ᠬᠦᠴᠦᠨ ᠢᠶᠠᠷ ᠳᠥᠯᠬᠢᠨ ᠠᠬᠢᠭᠤᠯᠵᠣ᠂ | ᠮᠡᠳᠡᠭᠳᠡᠮ᠎ᠡ ᠠᠮᠵᠢᠯᠳᠠ ᠣᠯᠵᠠᠢ᠃ | ᠨᠢᠬᠡ ᠳᠤ ᠳᠠᠷᠢᠶᠠᠯᠠᠩ ᠮᠠᠯ ᠠᠵᠣ ᠠᠬᠤᠢ ᠶᠢᠨ ᠠᠵᠣ ᠦᠢᠯᠡᠰᠵᠢᠯᠳᠡ ᠶᠢᠨ ᠳᠣᠭᠳᠠᠭᠤᠨ ᠪᠦᠬᠡᠳ | ᠳᠥᠷᠬᠡᠨ ᠬᠦᠭᠵᠢᠯᠳᠡ ᠶᠢ ᠪᠡᠶᠡᠯᠡᠭᠦᠯᠪᠡ᠃ ᠬᠤᠷᠸ᠎ᠠ ᠠᠵᠣ ᠠᠬᠤᠢ ᠪᠦᠬᠦ ᠳᠠᠯ᠎ᠠ ᠪᠠᠷ ᠠᠯᠭᠤᠷᠯᠠᠭᠰᠠᠨ ᠠᠬᠤᠢ | ᠪᠠᠶᠢᠳᠠᠯ ᠳᠣᠣᠷ᠎ᠠ᠂ 2013 ᠣᠨ ᠤ ᠪᠦᠬᠦ ᠣᠷᠣᠨ ᠤ ᠪᠣᠷᠣᠯᠠᠭᠤᠯᠭ᠎ᠠ ᠶᠢᠨ ᠣᠷᠣᠯᠭ᠎ᠠ ᠨᠢ 500 ᠳᠥᠮᠡᠨ | ᠳᠥᠭᠦᠷᠢᠭ ᠠᠴᠠ ᠳᠠᠪᠠᠭᠰᠠᠨ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢ ᠪᠣᠷᠣᠯᠠᠭᠤᠯᠬᠤ ᠠᠵᠦ | ᠠᠬᠤᠶᠢᠯᠠᠯ 1981 ᠳᠤ ᠬᠦᠷᠴᠥ᠂ ᠪᠣᠷᠣᠯᠠᠭᠤᠯᠭ᠎ᠠ ᠶᠢᠨ ᠣᠷᠣᠯᠭ᠎ᠠ ᠨᠢ 3455.6 ᠳ᠋ᠥᠩᠰᠢᠭᠤᠷ ᠳᠥᠭᠦᠷᠢᠭ ᠢ | ᠪᠡᠶᠡᠯᠡᠭᠦᠯᠥᠨ᠂ 14.5% ᠨᠡᠮᠡᠭᠳᠡᠵᠠᠢ︔ ᠨᠡᠮᠡᠭᠳᠠᠯ ᠥᠷᠳᠡᠭ 1032.9 ᠳ᠋ᠥᠩᠰᠢᠭᠤᠷ ᠳᠥᠭᠦᠷᠢᠭ ᠢ | ᠪᠡᠶᠡᠯᠡᠭᠦᠯᠥᠨ᠂ 13.7% ᠨᠡᠮᠡᠭᠳᠡᠭᠰᠡᠨ ᠪᠠᠶᠢᠨ᠎ᠠ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠣ | ᠦᠢᠯᠡᠳᠪᠥᠷᠢ ᠶᠢᠨ ᠨᠡᠮᠡᠭᠳᠡᠯ ᠥᠷᠳᠡᠭ ᠤᠨ ᠨᠡᠮᠡᠭᠳᠡᠯ ᠤᠨ ᠬᠤᠷᠳᠣᠴᠠ ᠲᠠᠢ ᠬᠠᠷᠢᠴᠠᠭᠤᠯᠪᠠᠯ 1.3 ᠵᠠᠭᠤᠨ ᠤ ᠴᠢᠭ | ᠳᠥᠷᠬᠡᠨ ᠪᠠᠶᠢᠵᠣ᠂ ᠥᠪᠡᠷᠳᠡᠭᠡᠨ ᠵᠠᠰᠠᠬᠤ ᠣᠷᠣᠨ ᠤ ᠠᠵᠣ ᠠᠬᠤᠢ ᠨᠡᠶᠢᠬᠡᠮ ᠤᠨ ᠬᠦᠭᠵᠢᠯᠳᠡ ᠳᠤ ᠢᠳᠡᠪᠬᠢᠳᠠᠢ | ᠬᠤᠪᠢ ᠨᠡᠮᠡᠷᠢ ᠥᠵᠡᠭᠦᠯᠥᠭᠰᠡᠨ ᠪᠠᠶᠢᠨ᠎ᠠ᠃ | ᠬᠤᠶᠠᠷ ᠲᠤ ᠨᠢᠬᠡ ᠪᠥᠯᠥᠭ ᠳᠠᠭᠠᠭᠤᠯᠣᠭᠴᠢ ᠠᠵᠣ ᠠᠬᠤᠶᠢᠯᠠᠯ ᠪᠠ ᠨᠡᠷᠡᠳᠥ ᠳᠥᠷᠥᠯ ᠳᠡᠮᠳᠡᠭ ᠢ | ᠪᠤᠶᠢᠵᠢᠭᠤᠯᠤᠨ ᠪᠣᠵᠠᠭᠠᠶᠢᠷᠠᠭᠤᠯᠵᠠᠢ᠃ ᠣᠳᠣᠬᠠᠨ ᠳᠤ᠂ ᠮᠠᠨ ᠤ ᠣᠷᠣᠨ ᠳᠤ ᠣᠯᠣᠰ ᠤᠨ ᠳᠡᠰ ᠤᠨ ᠳᠠᠷᠢᠶᠠᠯᠠᠩ | ᠮᠠᠯ ᠠᠵᠣ ᠠᠬᠤᠢ ᠶᠢ ᠠᠵᠣ ᠦᠢᠯᠡᠰᠵᠢᠭᠦᠯᠭᠦ ᠭᠤᠣᠯᠳᠠᠯᠠᠭᠠᠳᠣ ᠠᠵᠣ ᠠᠬᠤᠶᠢᠯᠠᠯ 38᠂ ᠥᠪᠡᠷᠳᠡᠭᠡᠨ ᠵᠠᠰᠠᠬᠤ | ᠣᠷᠣᠨ ᠤ ᠳᠡᠰ ᠤᠨ ᠭᠤᠣᠯᠳᠠᠯᠠᠭᠠᠳᠣ ᠳᠠᠭᠠᠭᠤᠯᠤᠭᠴᠢ ᠠᠵᠣ ᠠᠬᠤᠶᠢᠯᠠᠯ 556᠂ ᠵᠠᠬ᠎ᠠ ᠳᠡᠯᠬᠡᠬᠦᠷ ᠲᠤ | ᠭᠠᠷᠣᠭᠰᠠᠨ ᠺᠣᠮᠫᠠᠨᠢ 9 ᠪᠣᠢ᠃ ᠪᠦᠬᠦ ᠣᠷᠣᠨ ᠤ ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠭᠦ | ᠳᠠᠭᠠᠭᠤᠯᠣᠭᠴᠢ ᠠᠵᠣ ᠠᠬᠤᠶᠢᠯᠠᠯ ᠤᠨ ᠬᠦᠷᠳᠡᠨ ᠤᠯᠤᠭᠰᠠᠨ ᠳᠣᠮᠳᠠᠳᠣ ᠣᠯᠣᠰ ᠤᠨ ᠠᠯᠳᠠᠷᠳᠤ ᠲᠠᠸᠠᠷ ᠤᠨ | ᠳᠡᠮᠳᠡᠭ ᠨᠢ ᠨᠢᠳᠣᠨᠣᠨ 46 ᠵᠦᠢᠯ ᠪᠠᠶᠢᠭᠰᠠᠨ ᠠᠴᠠ ᠪᠠᠨ ᠪᠠᠰᠠ 13 ᠵᠦᠢᠯ ᠨᠡᠮᠡᠭᠳᠡᠵᠥ᠂ ᠨᠡᠶᠢᠳᠡ 59 ᠵᠦᠢᠯ | ᠪᠣᠯᠵᠠᠢ᠃ | ᠭᠤᠷᠪᠠ ᠳᠤ ᠤᠳᠤ ᠦᠶ᠎ᠡ ᠶᠢᠨ ᠳᠠᠷᠢᠶᠠᠯᠠᠩ ᠮᠠᠯ ᠠᠵᠣ ᠠᠬᠤᠢ ᠶᠢᠨ ᠠᠵᠣ ᠦᠢᠯᠡᠰ ᠤᠨ | ᠰᠢᠰᠲ᠋ᠧᠮᠵᠢ ᠶᠢᠨ ᠪᠦᠷᠢᠳᠤᠯ ᠪᠠ ᠮᠠᠯᠴᠢᠳ ᠳᠠᠷᠢᠶᠠᠴᠢᠳ ᠤᠨ ᠵᠣᠬᠢᠶᠠᠨ ᠪᠠᠶᠢᠭᠤᠯᠤᠯᠴᠢᠯᠠᠯ ᠤᠨ ᠬᠡᠮᠵᠢᠶ᠎ᠡ ᠶᠢ | ᠳᠠᠶᠢᠴᠢᠯᠠᠨ ᠳᠡᠭᠡᠭᠰᠢᠯᠡᠬᠦᠯᠵᠠᠢ᠃ ᠳᠠᠭᠠᠭᠤᠯᠣᠭᠴᠢ ᠠᠵᠣ ᠠᠬᠤᠶᠢᠯᠠᠯ ᠤᠨ ᠳᠠᠭᠠᠭᠤᠯᠣᠯ ᠳᠣᠣᠷ᠎ᠠ᠂ ᠪᠦᠬᠦ ᠣᠯᠣᠰ ᠲᠤ | ᠨᠡᠷᠡᠳᠠᠢ ︽ᠰᠥ ᠶᠢᠨ ᠢᠷᠡᠯᠳᠡ ᠶᠢᠨ ᠠᠯᠳᠠᠨ ᠪᠥᠰᠡ ᠤᠷᠤᠨ︾᠂ ︽ᠥᠵᠥᠮ ᠤᠨ ᠠᠷᠢᠬᠢ ᠶᠢᠨ ᠠᠯᠳᠠᠨ ᠪᠥᠰᠡ | ᠤᠷᠤᠨ︾᠂ ︽ᠳᠥᠮᠥᠰᠥ ᠳᠠᠷᠢᠬᠤ ᠠᠯᠳᠠᠨ ᠪᠦᠰᠡ ᠤᠷᠤᠨ︾᠂ ︽ᠢᠳᠡᠰᠢᠨ ᠬᠤᠨᠢᠨ ᠤ ᠠᠵᠣ ᠦᠢᠯᠡᠰ ᠤᠨ | ᠪᠥᠰᠡ ᠤᠷᠤᠨ︾᠂ ︽ᠡᠷᠳᠡᠨᠢ ᠰᠢᠰᠢ ᠵᠢᠨᠠᠯᠳᠠᠨ ᠪᠥᠰᠡ ᠤᠷᠤᠨ︾ ᠵᠡᠷᠬᠡ ᠥᠪᠡᠷᠮᠢᠴᠡ ᠣᠨᠴᠠᠯᠢᠭ ᠲᠠᠢ | ᠳᠠᠪᠠᠭᠤᠯᠢᠭ ᠠᠵᠣ ᠦᠢᠯᠡᠰ ᠤᠨ ᠪᠦᠰᠡ ᠤᠷᠤᠨ ᠪᠥᠷᠢᠯᠳᠥᠵᠥ᠂ ᠤᠳᠤ ᠦᠶ᠎ᠡ ᠶᠢᠨ ᠳᠠᠷᠢᠶᠠᠯᠠᠩ ᠮᠠᠯ ᠠᠵᠣ | ᠠᠬᠤᠢ ᠶᠢᠨ ᠠᠵᠣ ᠦᠢᠯᠡᠰ ᠤᠨ ᠰᠢᠰᠲ᠋ᠧᠮᠵᠢ ᠠᠩᠬ᠎ᠠ ᠠᠯᠬᠤᠮ ᠪᠥᠷᠢᠯᠳᠥᠭᠰᠡᠨ ᠪᠠᠶᠢᠨ᠎ᠠ᠃ ᠮᠠᠯᠴᠢᠨ ᠳᠠᠷᠢᠶᠠᠴᠢᠨ ᠤ | ᠲᠤᠰᠬᠠᠢ ᠬᠤᠷᠰᠢᠶᠠᠵᠢᠯ ᠤᠨ ᠵᠣᠬᠢᠶᠠᠨ ᠪᠠᠶᠢᠭᠤᠯᠣᠯᠳᠠ 3.7 ᠳᠥᠮᠡᠨ ᠠᠴᠠ ᠳᠠᠪᠠᠵᠣ᠂ ᠵᠢᠱᠢᠶ᠎ᠡ ᠥᠵᠡᠭᠦᠯᠭᠦ | ᠬᠤᠷᠰᠢᠶᠠᠵᠢᠯ ᠤᠨ ᠶᠡᠷᠤᠩᠬᠡᠢ ᠲᠤᠭ᠎ᠠ 501 ᠳᠤ ᠬᠦᠷᠴᠠᠢ᠃ | ᠳᠥᠷᠪᠡ ᠳᠤ ᠰᠢᠶᠠᠨ ᠤ ᠬᠡᠪᠴᠢᠶᠡᠨ ᠤ ᠠᠵᠣ ᠠᠬᠤᠢ ᠶᠢᠨ ᠬᠦᠭᠵᠢᠯᠳᠡ ᠪᠠ ᠮᠠᠯᠴᠢᠨ ᠳᠠᠷᠢᠶᠠᠴᠢᠨ ᠤ | ᠣᠷᠣᠯᠭ᠎ᠠ ᠶᠢᠨ ᠨᠡᠮᠡᠭᠳᠡᠯ ᠢ ᠠᠬᠢᠭᠤᠯᠵᠠᠢ᠃ ᠳᠠᠷᠢᠶᠠᠯᠠᠩ ᠮᠠᠯ ᠠᠵᠣ ᠠᠬᠤᠢ ᠪᠠᠷ ᠭᠤᠣᠯᠯᠠᠭᠤᠯᠣᠭᠰᠠᠨ ᠬᠤᠰᠢᠭᠤ | ᠰᠢᠶᠠᠨ ᠨᠢ ᠳᠣᠰ ᠭᠠᠵᠠᠷ ᠣᠷᠣᠨ ᠤ ᠪᠠᠨ ᠳᠠᠷᠢᠶᠠᠯᠠᠩ ᠮᠠᠯ ᠠᠵᠣ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ | ᠳᠠᠯ᠎ᠠ ᠳᠠᠭᠠᠨ ᠳᠥᠰᠢᠭᠯᠡᠨ᠂ ᠠᠵᠣ ᠦᠢᠯᠡᠰᠵᠢᠭᠦᠯᠥᠨ ᠡᠵᠡᠩᠨᠡᠬᠦ ᠵᠠᠮ ᠢᠶᠠᠷ ᠵᠠᠮᠨᠠᠬᠤ ᠶᠢ ᠪᠠᠷᠢᠮᠳᠠᠯᠠᠵᠣ᠂ ᠨᠢᠭᠡ | ᠪᠦᠯᠦᠭ ᠡᠳ᠋ᠰᠢᠬᠦᠯᠬᠦ ᠴᠢᠳᠠᠪᠣᠷᠢ ᠪᠠᠷ ᠴᠢᠩᠭ᠎ᠠ᠂ ᠦᠢᠯᠡᠳᠬᠦᠨ ᠤ ᠨᠡᠮᠡᠭᠳᠡᠯ ᠥᠷᠳᠡᠭ ᠥᠨᠳᠥᠷ ᠰᠢᠯᠢᠳᠡᠭ ᠠᠵᠣ | ᠠᠬᠤᠶᠢᠯᠠᠯ ᠤᠳ ᠢ ᠪᠤᠶᠢᠵᠢᠭᠤᠯᠵᠦ᠂ ᠰᠢᠶᠠᠨ ᠤ ᠬᠡᠪᠴᠢᠶᠡᠨ ᠤ ᠠᠵᠣ ᠠᠬᠤᠢ ᠶᠢᠨ ᠬᠦᠭᠵᠢᠯᠳᠡ ᠶᠢᠨ ᠭᠤᠣᠯᠯᠠᠬᠤ | ᠬᠦᠴᠦᠨ ᠪᠤᠯᠭᠠᠭᠰᠠᠨ ᠪᠠᠶᠢᠨ᠎ᠠ᠃ 2013 ᠣᠨ ᠳᠤ᠂ ᠪᠦᠬᠦ ᠣᠷᠣᠨ ᠳᠤ 212.6 ᠳᠥᠮᠡᠨ ᠮᠠᠯᠴᠢᠨ ᠲᠠᠷᠢᠶᠠᠴᠢᠨ | ᠠᠵᠣ ᠦᠢᠯᠡᠰᠵᠢᠭᠦᠯᠥᠨ ᠡᠵᠡᠩᠨᠡᠬᠦ ᠬᠡᠯᠬᠢᠶᠡᠰᠥ ᠳᠤ ᠣᠷᠣᠵᠣ᠂ ᠠᠵᠣ ᠦᠢᠯᠡᠰᠵᠢᠯᠳᠡ ᠶᠢᠨ ᠠᠷᠭ᠎ᠠ ᠵᠠᠮ ᠢᠶᠠᠷ | ᠳᠠᠮᠵᠢᠭᠤᠯᠣᠨ ᠮᠠᠯᠴᠢᠨ ᠳᠠᠷᠢᠶᠠᠴᠢᠨ ᠤ ᠬᠦᠮᠥᠨ ᠪᠥᠷᠢ ᠶᠢᠨ ᠳᠤᠮᠳᠠᠴᠢ ᠴᠡᠪᠡᠷ ᠣᠷᠣᠯᠭ᠎ᠠ ᠶᠢ 3730 ᠳᠥᠭᠦᠷᠢᠭ | ᠲᠤ ᠬᠦᠷᠦᠬᠦᠯᠵᠦ᠂ ᠬᠦᠮᠥᠨ ᠪᠥᠷᠢ ᠶᠢᠨ ᠳᠤᠮᠳᠠᠴᠢ ᠴᠡᠪᠡᠷ ᠣᠷᠣᠯᠭ᠎ᠠ ᠶᠢᠨ 43.4% ᠶᠢ ᠡᠵᠡᠯᠡᠵᠠᠢ᠃ | ᠳᠠᠪᠤ ᠳᠤ ᠠᠵᠣ ᠠᠬᠤᠢ ᠪᠠ ᠨᠡᠶᠢᠬᠡᠮ ᠤᠨ ᠨᠡᠯᠢᠶᠡᠳ ᠰᠠᠶᠢᠨ ᠥᠷ᠎ᠡ ᠠᠰᠢᠭ ᠢ ᠪᠣᠢ ᠪᠣᠯᠭᠠᠪᠠ᠃ | 2013 ᠣᠨ ᠳᠤ᠂ ᠠᠵᠣ ᠦᠢᠯᠡᠰᠵᠢᠯᠳᠡ ᠶᠢᠨ ᠳᠠᠭᠠᠭᠤᠯᠣᠭᠴᠢ ᠠᠵᠣ ᠠᠬᠤᠶᠢᠯᠠᠯ ᠤᠨ ᠣᠯᠣᠰ ᠲᠤ ᠳᠣᠰᠢᠶᠠᠭᠰᠠᠨ | ᠭᠠᠶᠢᠯᠢ ᠶᠢᠨ ᠮᠦᠩᠬᠦ 92.8 ᠳ᠋ᠥᠩᠰᠢᠭᠤᠷ ᠳᠥᠭᠦᠷᠢᠭ ᠲᠤ ᠬᠦᠷᠴᠥ᠂ ᠳᠠᠷᠢᠶᠠᠯᠠᠩ ᠤᠨ ᠪᠦᠳᠤᠭᠡᠭᠳᠡᠬᠦᠨ ᠮᠠᠯ ᠤᠨ | ᠠᠰᠢᠭ ᠰᠢᠮ᠎ᠡ ᠬᠤᠳᠠᠯᠳᠣᠨ ᠠᠪᠣᠭᠰᠠᠨ ᠪᠡᠯᠡ ᠮᠥᠩᠭᠦ 1055 ᠳ᠋ᠥᠩᠰᠢᠭᠤᠷ ᠳᠥᠭᠦᠷᠢᠭ ᠲᠤ ᠬᠦᠷᠪᠡ︔ | ᠳᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠬᠦᠯᠬᠦ ᠠᠵᠣ ᠠᠬᠤᠶᠢᠯᠠᠯ ᠤᠨ ᠨᠡᠮᠡᠭᠳᠡᠯ ᠥᠷᠳᠡᠭ | ᠨᠢ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠥᠷᠢ ᠶᠢᠨ ᠨᠡᠮᠡᠭᠳᠡᠯ ᠥᠷᠳᠡᠭ ᠤᠨ 16% ᠶᠢ | ᠡᠵᠡᠯᠡᠵᠥ᠂ ᠨᠡᠬᠦᠷᠡᠰᠥ ᠪᠠ ᠳᠡᠮᠦᠷᠯᠢᠭ ᠤᠨ ᠳᠠᠷᠠᠭᠠᠬᠢ ᠭᠤᠷᠪᠠᠳᠣᠭᠠᠷ ᠳᠣᠮᠣ ᠳᠣᠯᠭᠠᠭᠤᠷᠢ ᠠᠵᠣ ᠦᠢᠯᠡᠰ | ᠪᠣᠯᠣᠭᠰᠠᠨ ᠪᠠᠶᠢᠨ᠎ᠠ᠃ | ᠵᠢᠷᠭᠤᠭ᠎ᠠ ᠳᠤ ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠭᠦ ᠠᠵᠢᠯ ᠨᠢ ᠰᠢᠨ᠎ᠡ | ᠰᠢᠪᠳᠣᠯᠣᠯᠳᠠ ᠶᠢ ᠣᠯᠪᠠ᠃ ᠨᠢᠳᠣᠨᠣᠨ ᠠᠴᠠ ᠨᠠᠰᠢ᠂ ᠪᠢᠳᠡ ᠳᠠᠷᠢᠶᠠᠯᠠᠩ ᠮᠠᠯ ᠠᠵᠣ ᠠᠬᠤᠢ ᠶᠢ ᠠᠵᠣ | ᠦᠢᠯᠡᠰᠵᠢᠭᠦᠯᠭᠦ ᠶᠢ ᠵᠢᠭᠠᠨ ᠵᠢᠯᠤᠭᠤᠳᠬᠤ᠂ ᠦᠢᠯᠡᠴᠢᠯᠡᠬᠦ ᠪᠠ ᠳᠥᠷᠥ ᠶᠢᠨ ᠪᠣᠳᠣᠯᠭ᠎ᠠ ᠪᠠᠷ ᠳᠡᠳᠬᠦᠬᠦ | ᠡᠷᠴᠢᠮ ᠢᠶᠠᠨ ᠳᠠᠰᠣᠷᠠᠯᠳᠠ ᠥᠬᠡᠢ ᠴᠢᠩᠭᠠᠷᠠᠭᠤᠯᠪᠠ᠃ ᠵᠣᠬᠢᠶᠠᠨ ᠪᠠᠶᠢᠭᠤᠯᠤᠨ ᠣᠳᠣᠷᠢᠳᠬᠤ ᠳᠠᠯ᠎ᠠ ᠪᠠᠷ᠂ | ᠥᠪᠡᠷᠳᠡᠭᠡᠨ ᠵᠠᠰᠠᠬᠤ ᠣᠷᠣᠨ ᠤ ᠳᠠᠷᠢᠶᠠᠯᠠᠩ ᠮᠠᠯ ᠠᠵᠣ ᠠᠬᠤᠢ ᠶᠢᠨ ᠠᠵᠣ ᠦᠢᠯᠡᠰᠵᠢᠯᠳᠡ ᠶᠢ ᠠᠬᠢᠭᠤᠯᠬᠤ | ᠣᠳᠣᠷᠢᠳᠬᠤ ᠪᠠᠭ ᠢ ᠲᠤᠬᠢᠷᠠᠭᠤᠯᠤᠭᠰᠠᠨ ᠪᠠ ᠳᠡᠭᠦᠯᠳᠡᠷᠵᠢᠭᠦᠯᠵᠥ᠂ ᠮᠥᠩᠭᠦᠨ ᠬᠦᠢᠯᠬᠡᠬᠡᠨ ᠤ ᠠᠵᠢᠯ ᠤᠨᠠᠯᠪᠠᠨ | ᠬᠡᠷ᠂ ᠪᠠᠩᠬᠢ ᠶᠢᠨ ᠦᠢᠯᠡᠰ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠪᠣᠯᠣᠨ ᠬᠦᠳᠡᠭᠡ ᠳᠣᠰᠬᠤᠨ ᠤ | ᠢᠳᠡᠬᠡᠮᠵᠢ ᠶᠢᠨ ᠬᠤᠷᠰᠢᠶ᠎ᠠ ᠶᠢ ᠬᠡᠰᠢᠭᠦᠨ ᠨᠢᠬᠡᠴᠢ ᠪᠤᠯᠭᠠᠵᠦ᠂ ᠠᠵᠣ ᠦᠢᠯᠡᠰᠵᠢᠭᠦᠯᠭᠦ ᠠᠵᠢᠯ ᠢ ᠮᠦᠩᠭᠦᠨ | ᠬᠦᠢᠯᠬᠡᠭᠡ ᠪᠠᠷ ᠳᠡᠳᠬᠦᠬᠦ ᠡᠷᠴᠢᠮ ᠢ ᠴᠢᠩᠭᠠᠷᠠᠭᠤᠯᠪᠠ᠃ ᠳᠥᠷᠥ ᠶᠢᠨ ᠪᠣᠳᠣᠯᠭ᠎ᠠ ᠶᠢᠨ ᠪᠠᠳᠣᠯᠠᠭ᠎ᠠ ᠶᠢᠨ ᠳᠠᠯ᠎ᠠ ᠪᠠᠷ᠂ | ᠨᠢᠳᠣᠨᠣᠨ ᠮᠠᠨ ᠤ ᠣᠷᠣᠨ ︽ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠭᠦ ᠳᠠᠭᠠᠭᠤᠯᠣᠭᠴᠢ ᠠᠵᠣ | ᠠᠬᠤᠶᠢᠯᠠᠯ ᠤᠨ ᠬᠦᠭᠵᠢᠯᠳᠠ ᠶᠢ ᠲᠡᠳᠬᠦᠬᠦ ᠳᠣᠬᠠᠢ ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠳᠠᠷᠬᠠᠭᠠᠭᠰᠠᠨ〔2013〕28 ᠳ᠋ᠣᠭᠠᠷ | ᠳᠣᠭᠠᠳᠣ︶ ᠪᠣᠯᠣᠨ ︽ᠢᠮᠠᠭᠠᠨ ᠨᠣᠯᠣᠣᠷ ᠤᠨ ᠦᠢᠯᠡᠰ ᠢ ᠬᠦᠭᠵᠢᠭᠦᠯᠭᠦ ᠳᠣᠬᠠᠢ ᠥᠪᠥᠷ ᠮᠣᠩᠭᠤᠯ ᠤᠨ | ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ ︵ᠥᠪᠥᠷ ᠵᠠᠰᠠᠭ | ᠳᠠᠷᠬᠠᠭᠠᠭᠰᠠᠨ〔2013〕74 ᠳ᠋ᠤᠭᠡᠷ ᠳᠣᠭᠠᠳᠣ︶ ᠢ ᠲᠤᠭᠳᠠᠭᠠᠨ ᠨᠡᠶᠢᠳᠡᠯᠡᠭᠡᠳ᠂ ᠢᠮᠠᠭᠠᠨ ᠨᠣᠯᠣᠣᠷ ᠢ ᠳᠥᠷ | ᠴᠠᠭ ᠬᠤᠷᠢᠶᠠᠨ ᠬᠠᠳᠠᠭᠠᠯᠠᠬᠤ ᠳᠥᠷᠥ ᠶᠢᠨ ᠪᠣᠳᠣᠯᠭ᠎ᠠ ᠶᠢ ᠬᠡᠪ ᠤᠨ ᠴᠢᠨᠠᠷ ᠲᠠᠢ ᠪᠣᠯᠭᠠᠪᠠ᠃ ᠡᠨᠡ ᠵᠢᠯ᠂ ᠮᠠᠨ ᠤ | ᠲᠢᠩᠬᠢᠮ ᠨᠢ ᠳᠠᠶᠢᠴᠢᠯᠠᠭᠴᠢ ᠠᠵᠣ ᠠᠬᠤᠶᠢᠯᠠᠯ ᠢ ᠪᠤᠶᠢᠵᠢᠭᠤᠯᠬᠤ ᠠᠬᠢᠴᠠ ᠶᠢ ᠳᠥᠷᠬᠡᠳᠬᠡᠵᠥ᠂ ᠠᠵᠣ | ᠦᠢᠯᠡᠰ ᠤᠨ ᠲᠦᠪᠯᠡᠷᠡᠯ ᠤᠨ ᠬᠦᠭᠵᠢᠯᠳᠡ ᠶᠢ ᠠᠬᠢᠭᠤᠯᠣᠨ᠂ ᠳᠠᠷᠢᠶᠠᠯᠠᠩ ᠮᠠᠯ ᠠᠵᠣ ᠠᠬᠤᠢ ᠶᠢ ᠠᠵᠣ | ᠦᠢᠯᠡᠰᠵᠢᠭᠦᠯᠥᠨ ᠡᠵᠡᠩᠨᠡᠬᠦ ᠲᠦᠪᠰᠢᠨ ᠢ ᠳᠡᠭᠡᠭᠰᠢᠯᠡᠬᠦᠯᠭᠦ ᠳᠠᠯ᠎ᠠ ᠪᠠᠷ᠂ ᠸᠠᠩ ᠵᠢᠶᠦ᠋ᠨ ᠱᠥᠵᠢ ᠳᠤ ᠮᠡᠳᠡᠭᠦᠯᠤᠯᠳᠠ | ᠲᠡᠪᠰᠢᠬᠦᠯᠵᠦ᠂ ᠸᠠᠩ ᠵᠢᠶᠦ᠋ᠨ ᠱᠥᠵᠢ ᠪᠣᠯᠣᠨ ᠸᠠᠩ ᠢᠦᠢ ᠮᠢᠩ ᠳᠡᠳ᠋ ᠳᠡᠷᠢᠭᠦᠯᠡᠭᠴᠢ ᠠᠴᠠ ᠳᠡᠭᠡᠳᠤ ᠬᠡᠮᠵᠢᠶ᠎ᠡ ᠪᠠᠷ | ᠴᠢᠬᠤᠯᠠᠴᠢᠯᠠᠨ ᠥᠵᠡᠵᠥ ᠬᠦᠢᠴᠡᠳ ᠨᠤᠳᠠᠯᠠᠭᠰᠠᠨ ᠤ ᠬᠠᠮᠳᠣ ᠣᠷᠢᠳ ᠬᠤᠵᠢᠳ ᠴᠢᠬᠤᠯᠠ ᠴᠣᠬᠤᠯᠠᠪᠣᠷᠢ ᠥᠭᠪᠡ᠃ | ᠥᠪᠡᠷᠳᠡᠭᠡᠨ ᠵᠠᠰᠠᠬᠤ ᠵᠠᠰᠠᠬᠤ ᠣᠷᠣᠨ ᠤ ᠬᠤᠯᠪᠣᠭᠳᠠᠯ ᠪᠦᠬᠦᠢ ᠣᠳᠣᠷᠢᠳᠣᠯᠭ᠎ᠠ ᠶᠢᠨ ᠴᠤᠬᠤᠯᠠᠪᠤᠷᠢ ᠶᠢᠨ ᠵᠣᠷᠢᠭ | ᠰᠠᠨᠠᠭ᠎ᠠ ᠪᠠᠷ ᠪᠢᠳᠡ ᠮᠡᠳᠡᠭᠦᠯᠤᠯᠳᠡ ᠶᠢᠨ ᠠᠭᠤᠯᠭ᠎ᠠ ᠳᠠᠭᠠᠨ ᠣᠯᠠᠮ ᠨᠢᠬᠡ ᠠᠯᠬᠤᠮ ᠵᠠᠰᠠᠪᠤᠷᠢ ᠤᠷᠤᠭᠤᠯᠤᠭᠰᠠᠨ ᠤ | ᠰᠡᠭᠦᠯᠡᠷ᠂ ᠤᠳᠠᠯ ᠦᠬᠡᠢ ᠥᠪᠡᠷᠳᠡᠭᠡᠨ ᠵᠠᠰᠠᠭ ᠤᠨ ᠣᠷᠳᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠬᠦᠯᠵᠦ | ᠂ ︽ᠳᠠᠶᠢᠴᠢᠯᠠᠭᠴᠢ ᠠᠵᠣ ᠠᠬᠤᠶᠢᠯᠠᠯ ᠢ ᠪᠤᠶᠢᠵᠢᠭᠤᠯᠬᠤ ᠶᠢ ᠳᠥᠷᠬᠡᠳᠬᠡᠨ᠂ ᠠᠵᠣ ᠦᠢᠯᠡᠰ ᠤᠨ | ᠲᠦᠪᠯᠡᠷᠡᠯ ᠤᠨ ᠬᠦᠭᠵᠢᠯᠳᠡ ᠶᠢ ᠳᠥᠯᠬᠢᠨ ᠠᠬᠢᠭᠤᠯᠵᠣ᠂ ᠳᠠᠷᠢᠶᠠᠯᠠᠩ ᠮᠠᠯ ᠠᠵᠣ ᠠᠬᠤᠢ ᠶᠢ ᠠᠵᠣ | ᠦᠢᠯᠡᠰᠵᠢᠬᠦᠯᠤᠨ ᠡᠵᠡᠩᠨᠡᠬᠦ ᠶᠢ ᠳᠡᠭᠡᠭᠰᠢᠯᠡᠭᠦᠯᠭᠦ ᠳᠣᠬᠠᠢ ᠰᠠᠨᠠᠯ ︾ ᠢ ᠥᠪᠡᠷᠳᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠨᠡᠷ᠎ᠡ ᠪᠠᠷ ᠨᠡᠶᠢᠳᠡᠯᠡᠬᠦᠯᠬᠦ ᠪᠠᠷ ᠪᠠᠶᠢᠨ᠎ᠠ᠂ ᠡᠬᠦᠨ ᠤ ᠬᠠᠮᠳᠣ ᠳᠠᠷᠢᠶᠠᠯᠠᠩ ᠮᠠᠯ ᠠᠵᠣ | ᠠᠬᠤᠢ ᠶᠢᠨ ᠲᠦᠷᠦᠯ ᠳᠡᠮᠳᠡᠭ ᠢ ᠪᠠᠶᠢᠭᠤᠯᠬᠤ ᠶᠢᠨ ᠳᠥᠯᠥᠬᠡ ᠮᠠᠨ ᠤ ᠲᠢᠩᠬᠢᠮ ᠨᠢ ︽ᠲᠦᠷᠦᠯ ᠳᠡᠮᠳᠡᠭ ᠪᠦᠬᠦᠢ | ᠲᠠᠷᠢᠶᠠᠯᠠᠩ ᠮᠠᠯ ᠠᠵᠣ ᠠᠬᠤᠢ ᠶᠢᠨ ᠬᠦᠭᠵᠢᠯᠳᠡ ᠶᠢᠨ ᠠᠬᠢᠴᠠ ᠶᠢ ᠳᠥᠷᠬᠡᠳᠬᠡᠬᠦ ᠳᠣᠬᠠᠢ ᠰᠠᠨᠠᠯ ︾ ᠢ | ᠲᠤᠷᠠᠳᠴᠤ᠂ ᠮᠦᠨᠬᠦ ᠥᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠡᠷ᠎ᠡ ᠪᠠᠷ ᠠᠯᠪᠠᠨ ᠶᠣᠰᠣᠨ ᠤ | ᠰᠠᠨᠠᠯ ᠪᠤᠯᠭᠠᠨ ᠨᠡᠶᠢᠳᠡᠯᠡᠬᠦᠯᠬᠦ ᠪᠠᠷ ᠪᠠᠶᠢᠨ᠎ᠠ᠃ ᠪᠡᠯᠡ ᠮᠥᠩᠭᠦ ᠶᠢᠨ ᠤᠷᠤᠭᠤᠯᠤᠯᠳᠠ ᠶᠢ ᠨᠠᠶᠢᠳᠠᠪᠣᠷᠢᠵᠢᠭᠤᠯᠬᠤ | ᠳᠠᠯ᠎ᠠ ᠪᠠᠷ᠂ ᠨᠢᠳᠣᠨᠣᠨ᠂ ᠥᠪᠡᠷᠳᠡᠭᠡᠨ ᠵᠠᠰᠠᠬᠤ ᠣᠷᠣᠨ ᠤ ᠳᠠᠷᠢᠶᠠᠯᠠᠩ ᠮᠠᠯ ᠠᠵᠣ ᠠᠬᠤᠢ ᠶᠢ ᠠᠵᠣ | ᠦᠢᠯᠡᠰᠵᠢᠭᠦᠯᠭᠦ ᠳᠣᠰᠬᠠᠢ ᠵᠦᠢᠯ ᠤᠨ ᠪᠡᠯᠡ ᠮᠥᠩᠭᠦ ᠪᠣᠯᠣᠨ ᠢᠮᠠᠭᠠᠨ ᠨᠣᠯᠣᠣᠷ ᠤᠨ ᠠᠵᠣ ᠦᠢᠯᠡᠰ ᠢ ᠳᠡᠳᠬᠦᠬᠦ | ᠪᠡᠯᠡ ᠮᠥᠩᠭᠦ ᠳᠣᠰ ᠳᠣᠰ 1 ᠳ᠋ᠥᠩᠰᠢᠭᠤᠷ ᠳᠥᠭᠦᠷᠢᠭ ᠪᠠ 1.2 ᠳ᠋ᠥᠩᠰᠢᠭᠤᠷ ᠳᠥᠭᠦᠷᠢᠭ ᠲᠤ ᠬᠦᠷᠪᠡ᠃ | ᠡᠬᠦᠨ ᠤ ᠬᠠᠮᠳᠣ᠂ ᠳᠠᠷᠢᠶᠠᠯᠠᠩ ᠮᠠᠯ ᠠᠵᠣ ᠠᠬᠤᠢ ᠶᠢᠨ ᠶᠠᠮᠣᠨ ᠠᠴᠠ ᠭᠠᠷᠣᠯᠳᠠ ᠶᠢᠨ ᠣᠷᠣᠨ ᠳᠤ ᠠᠩᠬ᠎ᠠ | ᠡᠳ᠋ᠰᠢᠬᠦᠯᠤᠨ ᠠᠷᠠᠳ ᠲᠤ ᠠᠰᠢᠭ ᠬᠦᠷᠳᠡᠭᠡᠬᠦ ᠢᠨᠵᠧᠨᠧᠷᠢᠩ ᠤᠨ ᠪᠡᠯᠡ ᠮᠥᠩᠭᠦ ᠶᠢ 5000 ᠳᠥᠮᠡᠨ | ᠳᠥᠭᠦᠷᠢᠭ ᠣᠯᠬᠤ ᠪᠠᠷ ᠴᠢᠷᠮᠠᠶᠢᠵᠣ ᠪᠠᠶᠢᠨ᠎ᠠ᠃ ᠳᠣᠬᠠᠶᠢᠯᠠᠭᠰᠠᠨ ᠠᠵᠢᠯ ᠢ ᠵᠢᠭᠠᠨ ᠵᠢᠯᠣᠭᠤᠳᠬᠤ ᠳᠠᠯ᠎ᠠ ᠪᠠᠷ᠂ | ᠨᠢᠳᠣᠨᠣᠨ᠂ ᠢᠮᠠᠭᠠᠨ ᠨᠣᠯᠣᠣᠷ ᠤᠨ ᠠᠵᠣ ᠦᠢᠯᠡᠰ ᠤᠨ ᠳᠣᠰᠬᠠᠢ ᠵᠦᠢᠯ ᠢ ᠳᠥᠯᠬᠢᠨ ᠠᠬᠢᠭᠤᠯᠬᠤ ᠬᠤᠷᠠᠯ ᠬᠢᠵᠦ᠂ | ᠣᠷᠢᠳ ᠬᠤᠵᠢᠳ ᠪᠦᠬᠦ ᠣᠷᠣᠨ ᠤ ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠥᠨ ᠡᠵᠡᠩᠨᠡᠬᠦ ᠠᠬᠤᠢ | ᠳᠠᠯᠠᠪᠣᠷ ᠤᠨ ᠥᠵᠡᠭᠦᠯᠥᠯᠬᠡ ᠶᠢᠨ ᠬᠤᠷᠠᠯ᠂ ᠪᠦᠬᠦ ᠣᠷᠣᠨ ᠤ ᠪᠣᠬᠢᠷᠳᠣᠯ ᠥᠬᠡᠢ ᠳᠠᠷᠢᠶᠠᠯᠠᠩ ᠤᠨ ᠪᠦᠳᠤᠭᠡᠭᠳᠡᠬᠦᠨ | ᠮᠠᠯ ᠤᠨ ᠠᠰᠢᠭ ᠰᠢᠮ᠎ᠡ ᠶᠢ ᠡᠳ᠋ᠰᠢᠬᠦᠯᠵᠦ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠦᠳᠤᠭᠡᠨ ᠪᠠᠶᠢᠭᠤᠯᠤᠯᠳᠠ | ᠶᠢᠨ ᠪᠡᠯᠡ ᠤᠷᠤᠭᠤᠯᠤᠯᠳᠠ ᠠᠷᠠᠯᠵᠢᠶ᠎ᠠ ᠶᠢᠨ ᠵᠥᠪᠳᠡᠨ ᠬᠡᠯᠡᠯᠴᠡᠬᠦ ᠬᠤᠷᠠᠯ᠂ ᠥᠪᠥᠷ ᠮᠣᠩᠭᠤᠯ ᠤᠨ ᠳᠠᠷᠢᠶᠠᠯᠠᠩ ᠮᠠᠯ | ᠠᠵᠣ ᠠᠬᠤᠢ ᠶᠢ ᠠᠵᠣ ᠦᠢᠯᠡᠰᠵᠢᠭᠦᠯᠭᠦ ᠳᠠᠭᠠᠭᠤᠯᠣᠭᠴᠢ ᠠᠵᠣ ᠠᠬᠤᠶᠢᠯᠠᠯ ᠤᠨ ᠶᠠᠷᠢᠯᠴᠠᠬᠤ ᠬᠤᠷᠠᠯ᠂ | ᠠᠩᠬᠠᠳᠣᠭᠠᠷ ᠬᠤᠭᠤᠴᠠᠭᠠᠨ ᠤ ᠥᠪᠥᠷ ᠮᠣᠩᠭᠤᠯ ᠤᠨ ᠪᠤᠬᠢᠷᠳᠤᠯ ᠦᠬᠡᠢ ᠳᠠᠷᠢᠶ᠋ᠯᠠᠩ ᠤᠨ ᠪᠦᠳᠤᠭᠡᠭᠳᠡᠬᠦᠨ ᠮᠠᠯ ᠤᠨ | ᠠᠰᠢᠭ ᠰᠢᠮ᠎ᠡ ᠶᠢᠨ ᠥᠵᠡᠰᠭᠦᠯᠡᠩ ᠪᠣᠯᠣᠨ ᠥᠪᠥᠷ ᠮᠣᠩᠭᠤᠯ ︵ᠵᠠᠯᠠᠨ ᠠᠶᠢᠯ︶ ᠤᠨ ᠵᠢᠷᠭᠤᠳᠣᠭᠠᠷ | ᠬᠤᠭᠤᠴᠠᠭᠠᠨ ᠤ ᠪᠣᠬᠢᠷᠳᠣᠯ ᠥᠬᠡᠢ ᠢᠳᠡᠬᠡᠨ ᠤ ᠰᠣᠯᠢᠯᠴᠠᠭᠠᠨ ᠤ ᠬᠤᠷᠠᠯ ᠵᠡᠷᠬᠡ ᠶᠢ ᠡᠷᠬᠢᠯᠡᠨ ᠶᠠᠪᠣᠭᠳᠠᠭᠤᠯᠪᠠ᠃ | ᠡᠨᠡ ᠵᠢᠯ ᠤᠨ 4 ᠳ᠋ᠤᠭᠡᠷ ᠰᠠᠷ᠎ᠠ ᠶᠢᠨ 21 ᠤ ᠡᠳᠥᠷ᠂ ᠪᠦᠬᠦ ᠣᠷᠣᠨ ᠤ ᠳᠠᠷᠢᠶᠠᠯᠠᠩ ᠮᠠᠯ ᠠᠵᠣ ᠠᠬᠤᠢ ᠶᠢ | ᠠᠵᠣ ᠦᠢᠯᠡᠰᠵᠢᠭᠦᠯᠭᠦ ᠠᠵᠢᠯ ᠤᠨ ᠬᠤᠷᠠᠯ ᠵᠢᠴᠢ ᠥᠪᠥᠷ ᠮᠣᠩᠭᠤᠯ ᠤᠨ ᠮᠠᠯ ᠠᠵᠣ ᠠᠬᠤᠢ ᠶᠢ ᠠᠵᠣ | ᠦᠢᠯᠡᠰᠵᠢᠭᠦᠯᠭᠦ ᠳᠠᠭᠠᠭᠤᠯᠣᠭᠴᠢ ᠠᠵᠣ ᠠᠬᠤᠶᠢᠯᠠᠯ ᠤᠨ ᠨᠡᠶᠢᠭᠡᠮᠯᠡᠭ ᠤᠨ ᠠᠩᠬᠠᠳᠤᠭᠠᠷ ᠬᠤᠭᠤᠴᠠᠭᠠᠨ ᠤ | ᠬᠤᠶᠠᠳᠣᠭᠠᠷ ᠣᠳᠠᠭᠠᠨ ᠤ ᠬᠡᠰᠢᠭᠦᠳ ᠤᠨ ᠳᠥᠯᠥᠬᠡᠯᠡᠭᠴᠢᠳ ᠤᠨ ᠶᠡᠭᠡ ᠬᠤᠷᠠᠯ ᠢ ᠬᠤᠷᠠᠯᠳᠣᠭᠤᠯᠪᠠ᠂ ᠥᠪᠡᠷᠳᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠳᠡᠷᠢᠭᠦᠯᠡᠭᠴᠢ ᠸᠠᠩ ᠢᠦᠢ ᠮᠢᠩ ᠬᠤᠷᠠᠯ ᠳᠤ ᠤᠷᠤᠯᠴᠠᠨ | ᠴᠢᠬᠤᠯᠠ ᠶᠠᠷᠢᠶ᠎ᠠ ᠳᠠᠯᠪᠢᠵᠣ᠂ ᠪᠦᠬᠦ ᠣᠷᠣᠨ ᠤ ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠭᠦ ᠶᠢ | ᠳᠥᠯᠬᠢᠨ ᠠᠬᠢᠭᠤᠯᠬᠤ ᠵᠢᠴᠢ ᠳᠠᠭᠠᠭᠤᠯᠣᠭᠴᠢ ᠠᠵᠣ ᠠᠬᠤᠶᠢᠯᠠᠯ ᠤᠨ ᠨᠡᠶᠢᠬᠡᠮᠯᠢᠭ ᠤᠨ ᠠᠵᠢᠯ ᠢ ᠰᠣᠳᠣᠯᠣᠨ | ᠪᠠᠶᠢᠷᠢᠯᠠᠭᠤᠯᠣᠭᠰᠠᠨ ᠪᠠᠶᠢᠨ᠎ᠠ᠃ ᠠᠵᠢᠯ ᠳᠠᠭᠠᠨ ᠰᠢᠨ᠎ᠡ ᠶᠢ ᠡᠭᠦᠳᠬᠦ ᠳᠠᠯ᠎ᠠ ᠪᠠᠷ᠂ ᠨᠢᠳᠣᠨᠣᠨ᠂ ᠠᠩᠬᠠᠳᠤᠭᠠᠷ | ᠬᠤᠭᠤᠴᠠᠭᠠᠨ ᠤ ᠥᠪᠥᠷ ᠮᠣᠩᠭᠤᠯ ᠤᠨ ᠨᠡᠷᠡᠳᠥ ᠰᠢᠯᠢᠳᠡᠭ ᠣᠨᠴᠠ ᠲᠠᠷᠢᠶᠠᠯᠠᠩ ᠤᠨ ᠪᠦᠳᠤᠭᠡᠭᠳᠡᠬᠦᠨ ᠮᠠᠯ ᠤᠨ | ᠠᠰᠢᠭ ᠰᠢᠮ᠎ᠡ ᠶᠢ ᠰᠢᠯᠭᠠᠨ ᠳᠣᠭᠳᠠᠭᠠᠬᠤ ᠠᠵᠢᠯ ᠥᠷᠨᠢᠭᠦᠯᠵᠥ᠂ 68 ᠠᠵᠣ ᠠᠬᠤᠶᠢᠯᠠᠯ ᠤᠨ 84 ᠦᠢᠯᠡᠳᠬᠦᠨ | ᠨᠢ ᠨᠡᠷᠡᠳᠥ ᠰᠢᠯᠢᠳᠡᠭ ᠣᠨᠴᠠ ᠦᠢᠯᠡᠳᠬᠦᠨ ᠢᠶᠠᠷ ᠦᠨᠡᠯᠡᠭᠳᠡᠪᠡ︔ ᠰᠢᠯᠢ ᠶᠢᠨ ᠭᠤᠣᠯ ᠠᠶᠢᠮᠠᠭ ᠢ ᠬᠠᠪᠰᠤᠷᠤᠨ | ᠢᠳᠡᠰᠢᠨ ᠬᠤᠨᠢᠨ ᠤ ᠠᠵᠣ ᠦᠢᠯᠡᠰ ᠤᠨ ᠴᠢᠨᠠᠷ ᠢ ᠮᠥᠷᠳᠡᠬᠦ ᠰᠢᠰᠲ᠋ᠧᠮᠵᠢ ᠶᠢᠨ ᠪᠦᠳᠦᠬᠡᠨ ᠪᠠᠶᠢᠭᠤᠯᠣᠯᠳᠠ ᠶᠢ | ᠥᠷᠨᠢᠭᠦᠯᠪᠡ︔ ᠥᠪᠥᠷ ᠮᠣᠩᠭᠤᠯ ᠤᠨ ᠳᠠᠷᠢᠶᠠᠯᠠᠩ ᠮᠠᠯ ᠠᠵᠣ ᠠᠬᠤᠢ ᠶᠢᠨ ᠪᠡᠯᠡ ᠲᠤᠬᠢᠷᠠᠭᠤᠯᠭ᠎ᠠ ᠶᠢᠨ ᠪᠠᠳᠤᠯᠠᠭ᠎ᠠ | ᠶᠢᠨ ᠺᠣᠮᠫᠠᠨᠢ ᠶᠢ ᠡᠬᠢᠯᠡᠵᠥ ᠪᠡᠯᠡᠳᠭᠡᠨ ᠪᠠᠶᠢᠭᠤᠯᠵᠣ᠂ ᠵᠠᠰᠠᠭ ᠤᠨ ᠣᠷᠳᠣᠨ ᠪᠡᠯᠡ ᠣᠷᠣᠭᠤᠯᠬᠤ ᠶᠢᠨ ᠬᠠᠮᠳᠣ | ᠠᠵᠣ ᠠᠬᠤᠶᠢᠯᠠᠯ ᠤᠨ ᠪᠡᠯᠡ ᠮᠥᠩᠭᠦ ᠶᠢ ᠳᠠᠳᠠᠨ ᠣᠷᠣᠭᠤᠯᠵᠣ᠂ ᠳᠠᠭᠠᠭᠤᠯᠣᠭᠴᠢ ᠠᠵᠣ ᠠᠬᠤᠶᠢᠯᠠᠯ ᠳᠤ ᠪᠡᠯᠡ | ᠳᠤᠬᠢᠷᠠᠭᠤᠯᠭ᠎ᠠ ᠶᠢᠨ ᠪᠠᠳᠤᠯᠠᠭ᠎ᠠ ᠶᠢᠨ ᠦᠢᠯᠡᠴᠢᠯᠡᠭᠡ ᠬᠠᠩᠭᠠᠵᠣ ᠥᠭᠪᠡ᠃ | 〔 ᠶᠦᠨ ᠠᠢ ᠾᠸᠥ﹈ ᠳᠣᠯᠤᠭ᠎ᠠ ᠳᠤ ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠭᠦ ᠳᠠᠭᠠᠭᠤᠯᠣᠭᠴᠢ | ᠠᠵᠣ ᠠᠬᠤᠶᠢᠯᠠᠯ ᠤᠨ ᠨᠡᠶᠢᠭᠡᠮᠯᠢᠭ ᠤᠨ ᠠᠵᠢᠯ ᠨᠢ ᠠᠩᠬ᠎ᠠ ᠠᠯᠬᠤᠮ ᠠᠮᠵᠢᠯᠳᠠ ᠤᠯᠪᠠ᠃ ᠨᠢᠳᠣᠨᠣᠨ ᠤ 3 ᠳ᠋ᠣᠭᠠᠷ | ᠰᠠᠷ᠎ᠠ ᠳᠤ ᠪᠠᠶᠢᠭᠤᠯᠣᠭᠳᠠᠭᠰᠠᠨ ᠠᠴᠠ ᠪᠠᠨ ᠠᠪᠣᠭᠠᠳ᠂ ᠳᠠᠭᠠᠭᠤᠯᠣᠭᠴᠢ ᠠᠵᠣ ᠠᠬᠤᠶᠢᠯᠠᠯ ᠤᠨ ᠨᠡᠶᠢᠬᠡᠮᠯᠢᠭ ᠨᠢ | ᠠᠵᠢᠯ ᠤᠨ ᠡᠭᠦᠷᠭᠡ ᠬᠠᠷᠢᠭᠠᠴᠠᠯᠭᠠ ᠪᠠᠨ ᠨᠠᠷᠢᠨ ᠬᠢᠨᠠᠮᠠᠭᠠᠢ ᠬᠦᠢᠴᠡᠳᠭᠡᠵᠦ᠂ ᠶᠡᠭᠡ ᠬᠡᠮᠵᠢᠶᠡᠨ ᠤ ᠠᠮᠵᠢᠯᠳᠠ | ᠪᠦᠳᠤᠭᠡᠯ ᠲᠠᠢ ᠠᠵᠢᠯ ᠤᠳ ᠢ ᠬᠢᠪᠡ᠃ ᠬᠤᠳᠠᠯᠳᠤᠭ᠎ᠠ ᠪᠤᠷᠤᠯᠠᠭᠤᠯᠭ᠎ᠠ ᠶᠢᠨ ᠳᠠᠪᠴᠠᠩ ᠪᠠᠶᠢᠭᠤᠯᠬᠤ᠂ ᠣᠷᠣᠨ ᠤ | ᠭᠠᠳᠠᠨᠠᠬᠢ ᠵᠠᠬ᠎ᠠ ᠳᠡᠯᠬᠡᠬᠦᠷ ᠢ ᠦᠷᠬᠡᠳᠭᠡᠬᠦ᠂ ᠠᠵᠣ ᠠᠬᠤᠶᠢᠯᠠᠯ ᠤᠨ ᠲᠦᠷᠦᠯ ᠳᠡᠮᠳᠡᠭ ᠤᠨ ᠳᠥᠷᠢ ᠶᠢ | ᠳᠡᠭᠡᠭᠰᠢᠯᠡᠬᠦᠯᠭᠦ ᠳᠠᠯ᠎ᠠ ᠪᠠᠷ᠂ ᠨᠢᠳᠤᠨᠤᠨ᠂ ᠨᠡᠶᠢᠬᠡᠮᠯᠢᠭ ᠨᠢ ᠪᠡᠬᠡᠵᠢᠩ ᠪᠠ ᠱᠠᠩᠬᠠᠢ ᠳᠤ ᠳᠣᠰ ᠳᠣᠰ ᠬᠡᠷᠡᠭ ᠡᠷᠬᠢᠯᠡᠬᠦ | ᠭᠠᠵᠠᠷ ᠪᠠᠶᠢᠭᠤᠯᠵᠣ᠂ ᠥᠪᠥᠷ ᠮᠣᠩᠭᠤᠯ ᠤᠨ ᠨᠡᠷᠡᠳᠥ ᠰᠢᠯᠢᠳᠡᠭ ᠣᠨᠴᠠ ᠳᠠᠷᠢᠶᠠᠯᠠᠩ ᠤᠨ ᠪᠦᠳᠤᠭᠡᠭᠳᠡᠬᠦᠨ ᠮᠠᠯ ᠤᠨ | ᠠᠰᠢᠭ ᠰᠢᠮ᠎ᠡ ᠶᠢᠨ ᠥᠵᠡᠰᠭᠦᠯᠡᠩ ᠤᠨ ᠣᠷᠳᠣᠨ ᠪᠠᠶᠢᠭᠤᠯᠣᠨ᠂ ᠮᠠᠨ ᠤ ᠣᠷᠣᠨ ᠤ ᠪᠣᠬᠢᠷᠳᠣᠯ ᠥᠬᠡᠢ ᠴᠢᠨᠠᠷ | ᠰᠠᠶᠢᠲᠠᠢ ᠳᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢ ᠳᠥᠪᠯᠡᠷᠡᠭᠦᠯᠥᠨ ᠳᠡᠯᠬᠡᠨ ᠦᠵᠡᠬᠦᠯᠤᠭᠡᠳ᠂ | ᠡᠨᠡ ᠨᠢ ᠥᠪᠥᠷ ᠮᠣᠩᠭᠤᠯ ᠤᠨ ᠣᠯᠣᠰ ᠤᠨ ᠳᠣᠳᠣᠭᠠᠳᠣ ᠳᠠᠬᠢ ᠶᠡᠭᠡ ᠬᠤᠳᠠᠳ ᠲᠤ ᠨᠡᠷᠡᠳᠥ ᠰᠢᠯᠢᠳᠡᠭ ᠣᠨᠴᠠ | ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠪᠠᠨ ᠳᠡᠯᠬᠡᠨ ᠪᠤᠷᠤᠯᠠᠭᠤᠯᠵᠦ ᠳᠠᠭᠤᠰᠣᠰᠢ ᠦᠬᠡᠢ | ᠥᠵᠡᠰᠭᠦᠯᠡᠩ ᠪᠤᠯᠤᠭᠰᠠᠨ ᠪᠦᠭᠡᠳ ᠨᠡᠶᠢᠬᠡᠮᠯᠢᠭ ᠤᠨ 400 ᠢᠯᠡᠬᠦᠦ ᠬᠡᠰᠢᠭᠦᠨ ᠨᠢᠭᠡᠴᠡ ᠳᠡᠭᠡᠨ ᠪᠡᠬᠡᠵᠢᠩ | ᠱᠠᠩᠬᠠᠢ ᠵᠢᠴᠢ ᠬᠦᠬᠡᠮᠥ᠋ᠷᠡᠨ ᠤ ᠭᠤᠷᠪᠠᠯᠵᠢᠨ ᠬᠤᠶᠢᠭ ᠤᠨ ᠵᠠᠬ᠎ᠠ ᠳᠡᠯᠬᠡᠬᠦᠷ ᠢ ᠦᠷᠬᠡᠳᠬᠡᠬᠦ ᠳᠤᠨᠢ᠂ ᠮᠠᠰᠢ ᠰᠠᠶᠢᠨ | ᠦᠵᠡᠬᠦᠯᠤᠯᠭᠡ ᠶᠢᠨ ᠴᠣᠩᠬᠤ ᠪᠠ ᠪᠣᠷᠣᠯᠠᠭᠤᠯᠭ᠎ᠠ ᠶᠢᠨ ᠳᠠᠪᠴᠠᠩ ᠢ ᠬᠠᠩᠭᠠᠵᠣ ᠥᠭᠪᠡ᠃ ᠪᠠᠩᠬᠢ ᠬᠢᠭᠡᠳ ᠠᠵᠦ | ᠠᠬᠤᠶᠢᠯᠠᠯ ᠤᠨ ᠬᠠᠷᠢᠴᠠᠬᠤ ᠳᠠᠯ᠎ᠠ ᠪᠠᠷ᠂ ᠨᠡᠶᠢᠬᠡᠮᠯᠢᠭ ᠨᠢ ᠪᠣᠭᠤᠳᠣ ᠶᠢᠨ ᠬᠤᠳᠠᠯᠳᠣᠭᠠᠨ ᠤ ᠪᠠᠩᠬᠢ ᠵᠡᠷᠬᠡ 5 | ᠮᠥᠩᠭᠦᠨ ᠬᠦᠢᠯᠬᠡᠬᠡ ᠶᠢᠨ ᠪᠠᠶᠢᠭᠤᠯᠣᠮᠵᠢ ᠯᠤᠭ᠎ᠠ ︽ᠪᠠᠶᠢᠯᠳᠣᠬᠤ ᠪᠣᠳᠣᠯᠭ᠎ᠠ ᠶᠢᠨ ᠬᠠᠮᠳᠤᠷᠠᠯᠴᠠᠭ᠎ᠠ ᠶᠢᠨ | ᠵᠥᠪᠯᠡᠯᠴᠡᠬᠡᠷ︾ ᠳᠣᠭᠳᠠᠵᠣ᠂ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ | ᠵᠡᠷᠬᠡ 10 ᠭᠠᠷᠣᠢ ᠮᠥᠩᠭᠦᠨ ᠬᠦᠢᠯᠬᠡᠬᠡ ᠶᠢᠨ ᠪᠠᠶᠢᠭᠤᠯᠣᠮᠵᠢ ᠯᠤᠭ᠎ᠠ ᠬᠠᠮᠳᠤᠷᠠᠯᠴᠠᠭ᠎ᠠ ᠦᠷᠨᠢᠬᠦᠯᠵᠦ᠂ ᠨᠢᠬᠡ | ᠪᠥᠯᠥᠭ ᠳᠠᠷᠢᠶᠠᠯᠠᠩ ᠮᠠᠯ ᠠᠵᠣ ᠠᠬᠤᠢ ᠶᠢᠨ ᠠᠵᠣ ᠠᠬᠤᠶᠢᠯᠠᠯ ᠢ ᠬᠠᠪᠰᠣᠷᠣᠨ ᠵᠢᠬᠡᠯᠡᠯᠬᠡ ᠶᠢᠨ ᠠᠰᠠᠭᠤᠳᠠᠯ ᠢ ᠨᠢ | ᠰᠢᠢᠳᠪᠥᠷᠢᠯᠡᠵᠥ ᠥᠭᠪᠡ᠃ ᠰᠢᠨᠵᠢᠯᠡᠬᠦ ᠤᠬᠠᠭᠠᠨ ᠮᠡᠷᠬᠡᠵᠢᠯ ᠢᠶᠠᠷ ᠳᠣᠯᠭᠠᠭᠤᠷᠢᠯᠠᠬᠤ ᠳᠠᠯ᠎ᠠ ᠪᠠᠷ᠂ ᠨᠡᠶᠢᠭᠡᠮᠯᠢᠭ ᠨᠢ | ᠳᠡᠳ᠋ ᠬᠡᠷᠡᠭ ᠡᠷᠬᠢᠯᠡᠭᠴᠢ ᠨᠢᠭᠡᠴᠡ ᠪᠣᠯᠬᠤ ᠥᠪᠥᠷ ᠮᠣᠩᠭᠤᠯ ᠤᠨ ᠳᠠᠷᠢᠶᠠᠯᠠᠩ ᠮᠠᠯ ᠠᠵᠣ ᠠᠬᠤᠢ ᠶᠢᠨ ᠰᠢᠨᠵᠢᠯᠡᠬᠦ | ᠤᠬᠠᠭᠠᠨ ᠤ ᠬᠦᠷᠢᠶᠡᠯᠡᠩ᠂ ᠳᠠᠷᠢᠶᠠᠯᠠᠩ ᠤᠨ ᠶᠡᠭᠡ ᠰᠣᠷᠭᠠᠭᠤᠯᠢ ᠲᠠᠢ ᠬᠠᠮᠳᠣᠪᠠᠷ ᠠᠵᠣ ᠠᠬᠤᠶᠢᠯᠠᠯ ᠬᠢᠭᠡᠳ | ᠰᠢᠨᠵᠢᠯᠡᠬᠦ ᠤᠬᠠᠭᠠᠨ ᠤ ᠰᠣᠳᠣᠯᠭᠠᠨ ᠤ ᠬᠦᠷᠢᠶᠡᠯᠡᠩ ᠭᠠᠵᠠᠷ ᠤᠨ ᠬᠤᠭᠤᠷᠤᠨᠳᠤ ᠪᠠᠨ ᠰᠤᠯᠢᠯᠴᠠᠬᠤ ᠳᠠᠪᠴᠠᠩ ᠢ | ᠪᠠᠶᠢᠭᠤᠯᠵᠣ᠂ ᠰᠢᠨᠵᠢᠯᠡᠬᠦ ᠤᠬᠠᠭᠠᠨ ᠤ ᠰᠤᠳᠤᠯᠤᠯ ᠤᠨ ᠨᠢᠬᠡᠴᠡ ᠪᠠ ᠠᠵᠣ ᠠᠬᠤᠶᠢᠯᠠᠯ ᠬᠠᠮᠳᠤᠷᠠᠯᠴᠠᠨ ᠴᠣᠭᠭᠠᠷ | ᠠᠰᠢᠭ ᠬᠦᠷᠳᠡᠬᠦ ᠲᠤᠭᠳᠠᠴᠠ ᠪᠠᠶᠢᠭᠤᠯᠣᠨ᠂ ᠰᠢᠨᠵᠢᠯᠡᠬᠦ ᠤᠬᠠᠭᠠᠨ ᠮᠡᠷᠬᠡᠵᠢᠯ ᠤᠨ ᠥᠷ᠎ᠡ ᠪᠦᠳᠤᠭᠡᠯ ᠢ ᠪᠠᠷᠢᠨ | ᠳᠤᠤᠷ᠎ᠠ ᠪᠠᠨ ᠪᠣᠳᠠᠳᠣ ᠦᠢᠯᠡᠳᠪᠥᠷᠢᠯᠡᠯ ᠤᠨ ᠬᠦᠴᠦᠨ ᠪᠤᠯᠭᠠᠨ ᠤᠯᠠᠷᠢᠭᠤᠯᠬᠤ ᠳᠤ ᠨᠥᠭᠦᠴᠡᠯ ᠪᠥᠷᠢᠯᠳᠥᠭᠦᠯᠵᠥ | ᠥᠭᠴᠠᠢ᠃ ᠬᠠᠥᠯᠢ ᠴᠠᠭᠠᠵᠠ ᠶᠢᠨ ᠦᠢᠯᠡᠴᠢᠯᠡᠬᠡᠨ ᠤ ᠳᠠᠯ᠎ᠠ ᠪᠠᠷ᠂ ᠨᠡᠶᠢᠬᠡᠮᠯᠢᠭ ᠨᠢ ᠳᠠᠭᠠᠭᠤᠯᠣᠭᠴᠢ ᠠᠵᠣ | ᠠᠬᠤᠶᠢᠯᠠᠯ ᠤᠨ ᠬᠠᠥᠯᠢ ᠴᠠᠭᠠᠵᠠ ᠶᠢᠨ ᠶᠠᠪᠣᠳᠠᠯ ᠤᠨ ᠬᠡᠷᠡᠭᠴᠡᠭᠡ ᠶᠢ ᠢᠳᠡᠪᠬᠢᠳᠠᠢ ᠣᠶᠢᠯᠠᠭᠠᠵᠣ᠂ ᠬᠠᠪᠰᠣᠷᠣᠭᠤᠯᠬᠤ | ᠴᠢᠬᠤᠯᠠ ᠲᠠᠢ ᠠᠵᠣ ᠠᠬᠤᠶᠢᠯᠠᠯ ᠳᠤ ᠬᠠᠥᠯᠢ ᠴᠠᠭᠠᠵᠠ ᠶᠢᠨ ᠦᠢᠯᠡᠴᠢᠯᠡᠭᠡ ᠬᠠᠩᠭᠠᠵᠣ ᠥᠭᠪᠡ᠃ ᠠᠵᠢᠯ | ᠳᠥᠷᠥᠯ ᠤᠨ ᠪᠡᠶ᠎ᠡ ᠪᠠᠨ ᠱᠠᠭᠠᠷᠳᠠᠬᠤ ᠳᠠᠯ᠎ᠠ ᠪᠠᠷ᠂ ᠨᠡᠶᠢᠬᠡᠮᠯᠢᠭ ᠨᠢ ᠥᠪᠥᠷ ᠮᠣᠩᠭᠤᠯ ᠤᠨ ᠶᠡᠭᠡ ᠮᠠᠯᠵᠢᠯ ᠤᠨ | ᠳᠠᠯᠠᠪᠠᠢ ᠢᠳᠡᠬᠡᠨ ᠤ ᠬᠢᠵᠠᠭᠠᠷᠳᠣ ᠬᠠᠷᠢᠭᠤᠴᠠᠯᠭᠠᠳᠣ ᠺᠣᠮᠫᠠᠨᠢ ᠵᠡᠷᠬᠡ 155 ᠳᠠᠷᠢᠶᠠᠯᠠᠩ ᠮᠠᠯ ᠠᠵᠣ ᠠᠬᠤᠢ ᠶᠢᠨ | ᠳᠠᠭᠠᠭᠤᠯᠣᠭᠴᠢ ᠠᠵᠣ ᠠᠬᠤᠶᠢᠯᠠᠯ ᠢ ᠵᠣᠬᠢᠶᠠᠨ ᠪᠠᠶᠢᠭᠤᠯᠣᠨ᠂ ︽ᠥᠪᠥᠷ ᠮᠣᠩᠭᠤᠯ ᠤᠨ ᠳᠠᠷᠢᠶᠠᠯᠠᠩ ᠮᠠᠯ ᠠᠵᠣ | ᠠᠬᠤᠢ ᠶᠢ ᠠᠵᠣ ᠦᠢᠯᠡᠰᠵᠢᠭᠦᠯᠭᠦ ᠳᠠᠭᠠᠭᠤᠯᠤᠭᠴᠢ ᠠᠵᠣ ᠠᠬᠤᠶᠢᠯᠠᠯ ᠣᠨᠢᠳᠡᠬᠡᠯ ᠬᠦᠨᠳᠤ ᠶᠢᠨ ᠪᠠᠶᠢᠭᠤᠯᠤᠯᠳᠠ | ᠶᠢᠨ ᠠᠮᠠᠯᠠᠯᠳᠠ ᠶᠢᠨ ᠪᠢᠴᠢᠭ︾ ᠲᠤ ᠰᠠᠶᠢᠨ ᠳᠣᠷ᠎ᠠ ᠠᠴᠠ ᠪᠠᠨ ᠭᠠᠷ ᠤᠨ ᠥᠰᠥᠭ ᠵᠢᠷᠣᠵᠣ᠂ ᠪᠣᠬᠢᠷᠳᠣᠯ ᠥᠬᠡᠢ | ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢ ᠪᠣᠯᠪᠠᠰᠣᠷᠠᠭᠤᠯᠣᠨ ᠡᠳ᠋ᠰᠢᠬᠦᠯᠤᠨ ᠭᠠᠳᠠᠭᠰᠢ | ᠭᠠᠷᠭᠠᠬᠤ ᠰᠠᠭᠤᠷᠢᠨ ᠭᠠᠵᠠᠷ ᠪᠠᠶᠢᠭᠤᠯᠬᠤ ᠶᠢᠨ ᠳᠣᠰᠠᠳᠠ ᠨᠡᠶᠢᠬᠡᠮ ᠨᠡᠶᠢᠳᠡ ᠳᠤ ︽ᠥᠨᠡᠨᠴᠢ ᠢᠳᠡᠬᠡᠮᠵᠢᠳᠠᠢ᠂ | ᠳᠥᠷᠢᠮ ᠢ ᠵᠢᠷᠣᠮᠯᠠᠬᠤ᠂ ᠪᠡᠶ᠎ᠡ ᠪᠠᠨ ᠱᠠᠭᠠᠷᠳᠠᠬᠤ᠂ ᠬᠦᠭᠵᠢᠭᠦᠯᠭᠦ︾ ᠢᠳᠡᠭᠡᠯᠳᠤ ᠳᠣᠩᠬᠠᠭ ᠢ ᠢᠯᠡ ᠪᠠᠷ | ᠨᠡᠶᠢᠳᠡᠯᠡᠭᠦ ᠶᠢᠨ ᠬᠠᠮᠳᠣ ᠦᠢᠯᠡᠳᠬᠦᠨ ᠢ ᠲᠦᠬᠦᠬᠡᠢ ᠡᠳ᠋ ᠮᠠᠲ᠋ᠧᠷᠢᠶᠠᠯ ᠂ ᠦᠢᠯᠡᠳᠪᠤᠷᠢᠯᠡᠯ᠂ ᠪᠤᠷᠤᠯᠡᠭᠠᠯᠭᠠ ᠶᠢᠨ | ᠡᠯ᠎ᠡ ᠵᠠᠩᠭᠢᠯᠠᠭ᠎ᠠ ᠠᠴᠠ ᠨᠢ ᠯᠠᠪᠳᠠᠢ ᠠᠶᠣᠯ ᠥᠬᠡᠢ ᠪᠠᠶᠢᠯᠭᠠᠬᠤ ᠶᠢ ᠪᠠᠳᠤᠯᠠᠵᠦ᠂ ᠬᠡᠷᠡᠭᠯᠡᠭᠴᠢᠳ ᠢ ᠰᠠᠨᠠᠭ᠎ᠠ | ᠠᠮᠤᠷ᠂ ᠠᠷᠠᠳ ᠣᠯᠠᠨ ᠢ ᠬᠠᠨᠤᠮᠵᠢᠲᠠᠢ ᠪᠠᠶᠢᠯᠭᠠᠵᠦ᠂ ᠢᠳᠡᠬᠡᠨ ᠪᠠ ᠡᠮ ᠤᠨ ᠵᠦᠢᠯ ᠤᠨ ᠬᠠᠮᠢᠶᠠᠷᠣᠯᠳᠠ ᠶᠢᠨ | ᠰᠠᠯᠠᠭ᠎ᠠ ᠮᠥᠴᠢᠷ᠂ ᠠᠵᠢᠯ ᠳᠥᠷᠥᠯ ᠨᠢᠬᠡᠳᠡᠨ ᠪᠠ ᠨᠡᠶᠢᠬᠡᠮ ᠤᠨ ᠡᠯ᠎ᠡ ᠡᠳᠡᠭᠡᠳ ᠤᠨ ᠬᠢᠨ ᠤ ᠬᠢᠨᠠᠯᠳᠠ ᠶᠢ ᠰᠠᠶᠢᠨ | ᠳᠣᠷ᠎ᠠ ᠠᠴᠠ ᠪᠠᠨ ᠬᠦᠯᠢᠶᠡᠨ᠎ᠡ ᠬᠡᠵᠦ ᠳᠥᠪ ᠴᠢᠩᠭ᠎ᠠ ᠠᠮᠠᠯᠳᠠᠭᠰᠠᠨ ᠪᠠᠶᠢᠨ᠎ᠠ᠃ | 〔 ᠬᠦᠳᠥᠯᠥᠭᠴᠢ〕 ᠣᠳᠣᠬᠠᠨ ᠳᠤ ᠮᠠᠨ ᠤ ᠣᠷᠣᠨ ᠤ ᠳᠠᠷᠢᠶᠠᠯᠠᠩ ᠮᠠᠯ ᠠᠵᠣ ᠠᠬᠤᠢ ᠶᠢᠨ ᠠᠵᠣ | ᠦᠢᠯᠡᠰᠵᠢᠯᠳᠡ ᠶᠢ ᠬᠦᠭᠵᠢᠭᠦᠯᠭᠦ ᠳᠤ ᠶᠠᠮᠠᠷ ᠶᠠᠮᠠᠷ ᠠᠰᠠᠭᠤᠳᠠᠯ ᠪᠠ ᠬᠦᠷᠦᠯᠴᠡᠬᠦ ᠦᠬᠡᠢ ᠳᠠᠯ᠎ᠠ ᠣᠷᠣᠰᠢᠵᠣ ᠪᠠᠶᠢᠬᠤ | ᠪᠣᠢ︖ | 〔 ᠶᠦᠨ ᠠᠢ ᠾᠸᠥ〕 ᠮᠠᠨ ᠤ ᠣᠷᠣᠨ ᠤ ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠭᠦ | ᠬᠦᠭᠵᠢᠯᠳᠡ ᠶᠢᠨ ᠣᠯᠣᠭᠰᠠᠨ ᠠᠮᠵᠢᠯᠳᠠ ᠪᠦᠳᠤᠭᠡᠯ ᠢ ᠨᠣᠳ᠋ᠯᠠᠬᠤ ᠶᠢᠨ ᠬᠠᠮᠳᠣ ᠪᠠᠰᠠ ᠬᠦᠭᠵᠢᠯᠳᠡ ᠶᠢᠨ ᠳᠣᠮᠳᠠ | ᠴᠦᠬᠡᠨ ᠪᠤᠰᠤ ᠠᠰᠠᠭᠤᠳᠠᠯ ᠣᠷᠣᠰᠢᠬᠤ ᠪᠠᠶᠢᠬᠤ ᠶᠢ ᠳᠣᠳᠣᠷᠬᠠᠢ ᠣᠯᠵᠣ ᠬᠠᠷᠠᠬᠤ ᠬᠡᠷᠡᠭᠳᠠᠢ᠃ ᠨᠢᠬᠡ ᠳᠤ ᠳᠤᠤᠷ᠎ᠠ | ᠬᠢᠷᠢ ᠳᠥᠪᠰᠢᠨ ᠢᠶᠠᠷ ᠳᠠᠪᠳᠠᠨ ᠪᠠᠶᠢᠭᠤᠯᠵᠣ ᠪᠠᠶᠢᠭ᠎ᠠ ᠠᠰᠠᠭᠤᠳᠠᠯ ᠨᠡᠯᠢᠶᠡᠳ ᠬᠦᠨᠳᠥ ᠨᠣᠴᠢᠳᠠᠢ ᠪᠠᠶᠢᠨ᠎ᠠ᠃ | ᠬᠡᠪᠴᠢᠶ᠎ᠡ ᠪᠠᠷ ᠪᠠᠭ᠎ᠠ᠂ ᠲᠦᠷᠦᠯ ᠳᠡᠮᠳᠡᠭ ᠬᠤᠯᠢᠮᠠᠭ᠂ ᠥᠷ᠎ᠡ ᠠᠰᠢᠭ ᠨᠢ ᠳᠣᠣᠷ᠎ᠠ᠂ ᠥᠷᠢᠰᠥᠯᠳᠥᠬᠡᠨ ᠨᠢ ᠡᠮᠬᠢ | ᠵᠠᠮᠪᠠᠷᠠᠭ᠎ᠠ ᠥᠬᠡᠢ ᠵᠡᠷᠬᠡ ᠥᠵᠡᠭᠳᠡᠯ ᠳᠣᠪᠣᠶᠢᠮ᠎ᠠ ᠪᠠᠶᠢᠨ᠎ᠠ᠃ ᠬᠤᠶᠠᠷ ᠲᠤ ᠬᠦᠭᠵᠢᠯᠳᠡ ᠶᠢᠨ ᠴᠢᠨᠠᠷ ᠴᠢᠨᠰᠠᠭ᠎ᠠ | ᠳᠣᠣᠷ᠎ᠠ ᠪᠠᠶᠢᠨ᠎ᠠ᠃ ᠣᠯᠠᠩᠬᠢ ᠠᠵᠣ ᠠᠬᠤᠶᠢᠯᠠᠯ ᠮᠦᠨᠬᠦ ᠳᠠᠩ ᠭᠠᠭᠴᠠ ᠬᠡᠪᠴᠢᠶ᠎ᠡ ᠪᠠᠨ ᠯᠡ ᠥᠷᠬᠡᠳᠬᠡᠬᠦ | ᠬᠦᠭᠵᠢᠯᠳᠡ ᠶᠢᠨ ᠵᠠᠮ ᠢᠶᠠᠷ ᠵᠠᠮᠨᠠᠵᠣ᠂ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠡ ᠶᠢ ᠡᠭᠦᠳᠬᠦ ᠴᠢᠳᠠᠪᠣᠷᠢ ᠨᠡᠶᠢᠳᠡᠮ | ᠳᠡᠭᠡᠨ ᠨᠡᠯᠢᠶᠡᠳ ᠳᠣᠷᠣᠢ᠂ ᠭᠤᠤᠯᠯᠠᠬᠤ ᠥᠷᠢᠰᠥᠯᠳᠥᠬᠡᠨ ᠤ ᠴᠢᠳᠠᠯ ᠢᠶᠠᠷ ᠳᠣᠳᠠᠮᠠᠭ᠂ ᠳᠥᠭᠰᠢᠭᠦᠷᠢ ᠶᠢ ᠲᠤᠯᠬᠤ | ᠴᠢᠳᠠᠯ ᠢᠶᠠᠷ ᠨᠡᠯᠢᠶᠡᠳ ᠪᠠᠭᠤᠷᠠᠢ ᠪᠠᠶᠢᠨ᠎ᠠ᠃ ᠭᠤᠷᠪᠠ ᠳᠤ ᠠᠰᠢᠭ ᠳᠣᠰᠠ ᠶᠢ ᠬᠤᠯᠪᠤᠯᠴᠠᠭᠤᠯᠬᠤ ᠳᠣᠭᠳᠠᠴᠠ | ᠪᠥᠷᠢᠨ ᠪᠤᠰᠤ᠂ ᠳᠡᠬᠦᠯᠳᠡᠷ ᠪᠤᠰᠤ ᠪᠠᠶᠢᠨ᠎ᠠ᠃ ᠰᠠᠭᠤᠷᠢᠨ ᠭᠠᠵᠠᠷ᠂ ᠮᠠᠯᠴᠢᠨ ᠳᠠᠷᠢᠶᠠᠴᠢᠨ ᠬᠢᠬᠡᠳ ᠠᠵᠣ | ᠠᠬᠤᠶᠢᠯᠠᠯ ᠤᠨ ᠬᠤᠭᠤᠷᠣᠨᠳᠣᠬᠢ ᠠᠰᠢᠭ ᠳᠣᠰᠠ ᠶᠢᠨ ᠬᠤᠯᠪᠣᠯᠴᠠᠭ᠎ᠠ ᠨᠢᠭᠳᠠ ᠪᠤᠰᠤ ᠪᠠᠶᠢᠬᠤ ᠪᠠ ᠴᠢᠨᠠᠭᠰᠢᠯᠠᠪᠠᠯ | ᠰᠠᠯᠤᠩᠬᠢᠷᠠᠵᠦ᠂ ᠠᠰᠢᠭ ᠳᠣᠰᠠ ᠶᠢᠨ ᠬᠠᠮᠳᠤ ᠶᠢᠨ ᠴᠣᠭᠴᠠ ᠪᠤᠯᠵᠦ ᠪᠦᠷᠢᠯᠳᠤᠵᠦ ᠴᠢᠳᠠᠭᠠᠳᠤᠢ ᠪᠠᠶᠢᠨ᠎ᠠ᠃ | ᠳᠥᠷᠪᠡ ᠳᠤ ᠪᠡᠯᠡ ᠲᠤᠬᠢᠷᠠᠭᠤᠯᠭ᠎ᠠ ᠶᠢᠨ ᠴᠢᠳᠠᠯ ᠢᠶᠠᠷ ᠳᠣᠷᠣᠢ ᠪᠠᠶᠢᠨ᠎ᠠ᠃ ᠳᠠᠭᠠᠭᠤᠯᠣᠭᠴᠢ ᠠᠵᠣ ᠠᠬᠤᠶᠢᠯᠠᠯ ᠤᠨ | ᠪᠡᠯᠡ ᠮᠥᠩᠭᠦ ᠳᠣᠳᠠᠮᠠᠭ᠂ ᠪᠡᠯᠡ ᠲᠤᠬᠢᠷᠠᠭᠤᠯᠭ᠎ᠠ ᠶᠢᠨ ᠠᠷᠭ᠎ᠠ ᠵᠠᠮ ᠢᠪᠴᠥᠥ᠂ ᠪᠠᠷᠢᠮᠵᠢᠶ᠎ᠠ ᠱᠠᠭᠠᠷᠳᠠᠯᠭ᠎ᠠ | ᠥᠨᠳᠥᠷ᠂ ᠳᠤᠭ᠎ᠠ ᠬᠡᠮᠵᠢᠶ᠎ᠡ ᠪᠠᠭ᠎ᠠ ᠪᠠᠶᠢᠬᠤ ᠨᠢ ᠬᠦᠭᠵᠢᠯᠳᠡ ᠶᠢ ᠬᠢᠵᠠᠭᠠᠷᠯᠠᠬᠤ ᠭᠤᠣᠯ ᠪᠣᠭᠤᠮᠢ ᠪᠤᠯᠵᠦ ᠪᠠᠶᠢᠨ᠎ᠠ᠃ | ᠳᠠᠪᠤ ᠳᠤ ᠲᠦᠭᠦᠬᠡᠢ ᠡᠳ᠋ ᠮᠠᠲ᠋ᠧᠷᠢᠶᠠᠯ ᠤᠨ ᠰᠠᠭᠤᠷᠢᠨ ᠭᠠᠵᠠᠷ ᠳᠣᠭᠳᠠᠪᠣᠷᠢ ᠥᠬᠡᠢ ᠪᠠᠶᠢᠨ᠎ᠠ᠃ ᠮᠠᠨ ᠤ ᠣᠷᠣᠨ ᠤ | ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠡᠳ᠋ ᠪᠠᠶᠠᠯᠢᠭ ᠬᠡᠳᠦᠶᠢᠪᠡᠷ ᠡᠯᠪᠡᠭ ᠳᠡᠯᠪᠡᠭ | ᠪᠠᠶᠢᠪᠠᠴᠤ᠂ ᠳᠣᠰᠬᠠᠶᠢᠵᠢᠭᠰᠠᠨ᠂ ᠪᠠᠷᠢᠮᠵᠢᠶᠠᠵᠢᠭᠰᠠᠨ᠂ ᠬᠡᠪᠴᠢᠶᠡᠵᠢᠭᠰᠡᠨ ᠠᠵᠣ ᠦᠢᠯᠡᠳᠪᠥᠷᠢᠯᠡᠯ ᠤᠨ ᠰᠠᠭᠤᠷᠢᠨ | ᠭᠠᠵᠠᠷ ᠤᠨ ᠪᠠᠶᠢᠭᠤᠯᠣᠯᠳᠠ ᠬᠠᠷᠢᠴᠠᠩᠭᠤᠢ ᠪᠠᠷ ᠬᠤᠴᠣᠷᠣᠩᠭᠤᠢ ᠪᠠᠶᠢᠵᠦ᠂ ᠨᠢᠬᠡ ᠪᠥᠯᠥᠭ ᠲᠦᠭᠦᠬᠡᠢ ᠡᠳ᠋ | ᠮᠠᠲ᠋ᠧᠷᠢᠶᠠᠯ ᠤᠨ ᠬᠠᠩᠭᠠᠯᠭ᠎ᠠ ᠬᠡᠷᠡᠭᠴᠡᠭᠡ ᠱᠠᠳᠤᠴᠢ ᠴᠢᠨᠠᠷᠲᠠᠢ ᠪᠠᠴᠢᠮ ᠪᠤᠯᠬᠤ ᠵᠥᠷᠢᠴᠡᠯ ᠡᠳᠥᠷ ᠢᠷᠡᠬᠦᠶ᠎ᠠ | ᠲᠤᠪᠤᠶᠢᠵᠦ ᠪᠠᠶᠢᠨ᠎ᠠ᠃ ᠵᠢᠷᠭᠤᠭ᠎ᠠ ᠳᠤ ᠠᠵᠣ ᠦᠢᠯᠡᠰᠵᠢᠭᠦᠯᠭᠦ ᠠᠵᠢᠯ ᠤᠨ ᠬᠦᠴᠢᠷ ᠪᠡᠷᠬᠡ ᠣᠯᠠᠨ ᠪᠣᠢ᠃ 2008 | ᠣᠨ ᠳᠤ ᠵᠠᠰᠠᠭ ᠤᠨ ᠣᠷᠳᠣᠨ ᠤ ᠪᠠᠶᠢᠭᠤᠯᠣᠮᠵᠢ ᠶᠢᠨ ᠥᠬᠡᠷᠡᠴᠢᠯᠡᠯᠳᠡ ᠬᠢᠭᠰᠡᠨ ᠠᠴᠠ ᠬᠤᠶᠢᠰᠢ᠂ ᠠᠵᠣ | ᠦᠢᠯᠡᠰᠵᠢᠭᠦᠯᠭᠦ ᠪᠠᠶᠢᠭᠤᠯᠣᠮᠵᠢ ᠶᠢᠨ ᠬᠢᠷᠢ ᠬᠡᠮ ᠨᠢ ᠪᠠᠭᠤᠷᠠᠨ᠂ ᠠᠵᠢᠯᠳᠠᠨ ᠤ ᠳᠤᠭ᠎ᠠ ᠨᠢ ᠬᠠᠰᠤᠭᠳᠠᠵᠦ᠂ | ᠢᠯᠠᠩᠭᠤᠶ᠎ᠠ ᠬᠤᠰᠢᠭᠤ ᠰᠢᠶᠠᠨ ᠳᠤ ᠠᠵᠢᠯᠳᠠᠨ ᠨᠢ ᠴᠦᠬᠡᠨ᠂ ᠰᠢᠯᠵᠢᠯᠳᠡ ᠨᠢ ᠣᠯᠠᠨ ᠠᠴᠠ ᠪᠣᠯᠵᠣ᠂ ᠳᠥᠷᠥᠯ | ᠵᠦᠢᠯ ᠳᠤ ᠬᠢᠨᠠᠯᠳᠠ ᠳᠠᠯᠪᠢᠬᠤ ᠨᠢ ᠲᠤᠳᠠᠮᠠᠭ ᠪᠠᠶᠢᠵᠦ᠂ ᠨᠢᠬᠡ ᠪᠥᠯᠥᠭ ᠳᠣᠬᠠᠶᠢᠯᠠᠭᠰᠠᠨ ᠠᠵᠢᠯ ᠢ ᠥᠷᠨᠢᠭᠦᠯᠭᠦ ᠳᠤ | ᠬᠦᠴᠢᠷᠳᠠᠢ ᠪᠠᠶᠢᠬᠤ ᠵᠡᠷᠬᠡ ᠠᠰᠠᠭᠤᠳᠠᠯ ᠤᠳ ᠣᠷᠣᠰᠢᠵᠣ ᠪᠣᠢ᠃ ᠡᠳᠡᠬᠡᠷ ᠠᠰᠠᠭᠤᠳᠠᠯ ᠤᠳ ᠢ ᠪᠢᠳᠡ | ᠬᠤᠶᠢᠰᠢᠳᠠ ᠶᠢᠨ ᠠᠵᠢᠯ ᠤᠨ ᠳᠣᠮᠳᠠ ᠪᠠᠨ ᠨᠠᠷᠢᠨ ᠬᠢᠨᠠᠮᠠᠭᠠᠢ ᠰᠣᠳᠣᠯᠣᠨ᠂ ᠡᠷᠴᠢᠮᠳᠠᠢ ᠠᠷᠭ᠎ᠠ ᠬᠡᠮᠵᠢᠶ᠎ᠡ ᠠᠪᠴᠥ᠂ | ᠥᠨᠡᠨᠭᠦ ᠰᠢᠢᠳᠪᠥᠷᠢᠯᠡᠬᠦ ᠬᠡᠷᠡᠭᠲᠠᠢ ᠪᠠᠶᠢᠨ᠎ᠠ᠃ | 〔 ᠬᠦᠳᠥᠯᠥᠭᠴᠢ ﹈ ᠬᠤᠶᠢᠰᠢᠳᠠ ᠮᠠᠨ ᠤ ᠣᠷᠣᠨ ᠤ ᠳᠠᠷᠢᠶᠠᠯᠠᠩ ᠮᠠᠯ ᠠᠵᠣ ᠠᠬᠤᠢ ᠶᠢ ᠠᠵᠦ | ᠦᠢᠯᠠᠰᠵᠢᠬᠦᠯᠤᠨ ᠬᠦᠭᠵᠢᠬᠦᠯᠬᠦ ᠳᠤ ᠶᠠᠮᠠᠷ ᠰᠡᠳᠬᠢᠮᠵᠢ ᠪᠠ ᠬᠠᠷᠠᠯᠳᠠ ᠪᠠᠶᠢᠬᠤ ᠪᠣᠢ︖ | 〔 ᠶᠦᠨ ᠠᠢ ᠾᠸᠥ〕 ᠬᠤᠶᠢᠰᠢᠳᠠ ᠮᠠᠨ ᠤ ᠣᠷᠣᠨ ᠤ ᠳᠠᠷᠢᠶᠠᠯᠠᠩ ᠮᠠᠯ ᠠᠵᠣ ᠠᠬᠤᠢ ᠶᠢ ᠠᠵᠣ | ᠦᠢᠯᠡᠰᠵᠢᠬᠦᠯᠤᠨ ᠬᠦᠭᠵᠢᠬᠦᠯᠬᠦ ᠶᠡᠷᠥᠩᠬᠡᠢ ᠰᠡᠳᠬᠢᠮᠵᠢ ᠪᠣᠯ : ᠥᠪᠡᠷᠳᠡᠭᠡᠨ ᠵᠠᠰᠠᠬᠤ ᠣᠷᠣᠨ ᠤ《 8337 | ᠬᠦᠭᠵᠢᠯᠳᠡ ᠶᠢᠨ ᠰᠡᠳᠬᠢᠮᠵᠢ ᠶᠢ ᠬᠢᠨᠠᠮᠠᠭᠠᠢ ᠳᠣᠣᠱᠯᠠᠭᠤᠯᠣᠨ ᠨᠠᠶᠢᠳᠠᠪᠣᠷᠢᠵᠢᠭᠤᠯᠵᠣ᠂ ᠪᠣᠬᠢᠷᠳᠣᠯ ᠥᠬᠡᠢ ᠲᠠᠷᠢᠶᠠᠯᠠᠩ | ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠤᠷᠢᠯᠡᠬᠦ ᠡᠳ᠋ᠰᠢᠬᠦᠯᠬᠦ ᠭᠠᠳᠠᠭᠰᠢ ᠭᠠᠷᠭᠠᠬᠤ ᠰᠠᠭᠤᠷᠢᠨ | ᠭᠠᠵᠠᠷ ᠪᠠᠶᠢᠭᠤᠯᠬᠤ ᠥᠨᠳᠥᠰᠥᠨ ᠡᠬᠦᠷᠬᠡ ᠲᠠᠢ ᠨᠢᠭᠳᠠ ᠤᠶᠠᠯᠳᠤᠭᠤᠯᠵᠦ᠂ ᠤᠳᠤ ᠦᠶ᠎ᠡ ᠶᠢᠨ ᠳᠠᠷᠢᠶᠠᠯᠠᠩ | ᠮᠠᠯ ᠠᠵᠣ ᠠᠬᠤᠢ ᠶᠢ ᠬᠦᠭᠵᠢᠭᠦᠯᠭᠦ ᠪᠠ ᠮᠠᠯᠴᠢᠨ ᠳᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠪᠠᠷ | ᠬᠠᠷᠠᠯᠳᠠ ᠪᠠᠨ ᠪᠣᠯᠭᠠᠨ᠂ ᠲᠦᠬᠦᠬᠡᠢ ᠡᠳ᠋ ᠮᠠᠲ᠋ᠧᠷᠢᠶᠠᠯ ᠤᠨ ᠰᠠᠭᠤᠷᠢᠨ ᠭᠠᠵᠠᠷ ᠢ ᠪᠠᠶᠢᠭᠤᠯᠬᠤ ᠪᠠᠷ ᠰᠠᠭᠤᠷᠢ | ᠪᠤᠯᠭᠠᠵᠦ᠂ ᠳᠠᠭᠠᠭᠤᠯᠣᠭᠴᠢ ᠠᠵᠣ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠬᠤ ᠪᠠᠷ ᠭᠤᠤᠯᠳᠠᠯᠭ᠎ᠠ ᠪᠤᠯᠭᠠᠵᠦ᠂ | ᠠᠰᠢᠭ ᠳᠣᠰᠠ ᠶᠢᠨ ᠬᠤᠯᠪᠣᠯᠴᠠᠭ᠎ᠠ ᠶᠢᠨ ᠳᠣᠭᠳᠠᠴᠠ ᠶᠢ ᠳᠡᠬᠦᠯᠳᠡᠷᠵᠢᠭᠦᠯᠭᠦ ᠪᠠᠷ ᠲᠤᠯᠭᠠᠭᠤᠷᠢ ᠪᠤᠯᠭᠠᠵᠦ᠂ | ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢ ᠭᠠᠳᠠᠭᠰᠢ ᠭᠠᠷᠭᠠᠬᠤ ᠪᠠᠷ ᠬᠠᠷᠠᠯᠳᠠ ᠪᠣᠯᠭᠠᠨ ᠂ | ᠠᠵᠢᠯ ᠳᠥᠷᠥᠯ ᠢ ᠨᠢᠬᠡᠳᠬᠡᠬᠦ ᠠᠬᠢᠴᠠ ᠶᠢ ᠳᠥᠷᠬᠡᠳᠬᠡᠵᠥ᠂ ᠨᠡᠷᠡᠳᠥ ᠲᠦᠷᠦᠯ ᠳᠡᠮᠳᠡᠭ ᠢ ᠡᠭᠦᠳᠴᠤ᠂ | ᠳᠠᠶᠢᠴᠢᠯᠠᠭᠴᠢ ᠠᠵᠣ ᠠᠬᠤᠶᠢᠯᠠᠯ ᠢ ᠪᠣᠢ ᠪᠣᠯᠭᠠᠵᠣ᠂ ᠠᠵᠣ ᠦᠢᠯᠡᠰ ᠤᠨ ᠴᠤᠭᠯᠠᠷᠠᠯ ᠢ ᠠᠬᠢᠭᠤᠯᠵᠣ᠂ ᠠᠵᠣ | ᠦᠢᠯᠡᠰ ᠤᠨ ᠬᠡᠯᠬᠢᠶᠡᠰᠥ ᠶᠢ ᠤᠷᠳᠤᠳᠬᠠᠵᠦ᠂ ᠳᠠᠪᠠᠭᠤᠯᠢᠭ ᠪᠦᠬᠡᠳ ᠥᠪᠡᠷᠮᠢᠴᠡ ᠣᠨᠴᠠᠯᠢᠭ ᠲᠠᠢ ᠠᠵᠣ | ᠦᠢᠯᠡᠰ ᠤᠨ ᠲᠦᠪᠯᠡᠷᠡᠯ ᠢ ᠬᠦᠴᠥᠷᠬᠡᠭᠵᠢᠭᠦᠯᠵᠥ᠂ ᠠᠵᠣ ᠦᠢᠯᠡᠰ ᠤᠨ ᠥᠷᠢᠰᠥᠯᠳᠥᠭᠦ ᠬᠦᠴᠦᠨ ᠪᠠ | ᠳᠠᠭᠠᠭᠤᠯᠣᠭᠴᠢ ᠠᠵᠣ ᠠᠬᠤᠶᠢᠯᠠᠯ ᠤᠨ ᠳᠠᠶᠢᠴᠢᠯᠠᠬᠤ ᠴᠢᠳᠠᠪᠣᠷᠢ ᠶᠢ ᠨᠡᠮᠡᠭᠳᠡᠭᠦᠯᠥᠨ᠂ ᠳᠠᠷᠢᠶᠠᠯᠠᠩ ᠮᠠᠯ ᠠᠵᠣ | ᠠᠬᠤᠢ ᠶᠢ ᠠᠵᠣ ᠦᠢᠯᠡᠰᠵᠢᠭᠦᠯᠥᠨ ᠡᠵᠡᠩᠨᠡᠬᠦ ᠬᠢᠷᠢ ᠳᠥᠪᠰᠢᠨ ᠢ ᠪᠦᠬᠦ ᠳᠠᠯ᠎ᠠ ᠪᠠᠷ ᠳᠡᠭᠡᠭᠰᠢᠯᠡᠬᠦᠯᠭᠦ ᠶᠠᠪᠤᠳᠠᠯ | ᠪᠣᠯᠣᠨ᠎ᠠ᠃ | ᠣᠷᠢᠳᠴᠢᠯᠠᠨ ᠵᠢᠱᠢᠭᠰᠡᠨ ᠬᠦᠭᠵᠢᠯᠳᠡ ᠶᠢᠨ ᠬᠠᠷᠠᠯᠳᠠ ᠪᠣᠯ ᠄ 2017 ᠣᠨ ᠪᠤᠯᠬᠤ ᠳᠤ᠂ ᠪᠦᠬᠦ | ᠣᠷᠣᠨ ᠤ ᠳᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠬᠦᠯᠬᠦ ᠠᠵᠣ ᠠᠬᠤᠶᠢᠯᠠᠯ ᠤᠨ | ᠪᠣᠷᠣᠯᠠᠭᠤᠯᠭ᠎ᠠ ᠶᠢᠨ ᠣᠷᠣᠯᠭ᠎ᠠ ᠶᠢ 6000 ᠳ᠋ᠥᠩᠰᠢᠭᠤᠷ ᠳᠥᠭᠦᠷᠢᠭ ᠠᠴᠠ ᠳᠠᠪᠠᠭᠤᠯᠵᠣ᠂ ᠵᠢᠯ ᠪᠥᠷᠢ ᠶᠢᠨ | ᠳᠤᠮᠳᠠᠴᠢ ᠨᠡᠮᠡᠭᠳᠡᠯ ᠤᠨ ᠬᠤᠷᠳᠣᠴᠠ ᠶᠢ 14% ᠠᠴᠠ ᠳᠡᠭᠡᠭᠰᠢ ᠪᠠᠶᠢᠯᠭᠠᠨ᠎ᠠ︔ ᠲᠠᠷᠢᠶᠠᠯᠠᠩ ᠤᠨ ᠪᠦᠳᠤᠭᠡᠭᠳᠡᠬᠦᠨ | ᠮᠠᠯ ᠤᠨ ᠠᠰᠢᠭ ᠰᠢᠮ᠎ᠡ ᠶᠢᠨ ᠵᠢᠯ ᠤᠨ ᠡᠳ᠋ᠰᠢᠬᠦᠯᠤᠨ ᠬᠤᠪᠢᠷᠠᠭᠤᠯᠬᠤ ᠨᠣᠷᠮ᠎ᠠ ᠶᠢ 60% ᠳᠤ ᠬᠦᠷᠤᠬᠦᠯᠤᠨ᠎ᠠ︔ | ᠪᠣᠷᠣᠯᠠᠭᠤᠯᠭ᠎ᠠ ᠶᠢᠨ ᠣᠷᠣᠯᠭ᠎ᠠ ᠨᠢ ᠮᠢᠩᠭᠠᠨ ᠳ᠋ᠥᠩᠰᠢᠭᠤᠷ ᠳᠥᠭᠦᠷᠢᠭ ᠲᠤ ᠬᠦᠷᠭᠦ ᠠᠵᠣ ᠦᠢᠯᠡᠰ ᠤᠨ ᠲᠦᠪᠯᠡᠷᠡᠯ | ︵ᠴᠠᠭᠠᠨ ᠢᠳᠡᠬᠡᠨ᠂ ᠠᠮᠣ ᠳᠣᠰᠣ᠂ ᠮᠢᠬᠠᠨ ᠤ ᠳᠥᠷᠥᠯ︶ 3 ᠶᠢ ᠂ ᠪᠣᠷᠣᠯᠠᠭᠤᠯᠭ᠎ᠠ ᠶᠢᠨ ᠣᠷᠣᠯᠭ᠎ᠠ ᠨᠢ 800 | ᠳ᠋ᠥᠩᠰᠢᠭᠤᠷ ᠳᠥᠭᠦᠷᠢᠭ ᠲᠤ ᠬᠦᠷᠬᠦ ᠠᠵᠣ ᠦᠢᠯᠡᠰ ᠤᠨ ᠲᠦᠪᠯᠡᠷᠡᠯ ︵ᠨᠣᠣᠰᠣ ᠨᠣᠯᠣᠣᠷ ᠠᠷᠠᠰᠣ ᠰᠢᠷᠢ︶ 1 ᠶᠢ᠂ | ᠪᠣᠷᠣᠯᠠᠭᠤᠯᠭ᠎ᠠ ᠶᠢᠨ ᠣᠷᠣᠯᠭ᠎ᠠ ᠨᠢ 500 ᠳ᠋ᠥᠩᠰᠢᠭᠤᠷ ᠳᠥᠭᠦᠷᠢᠭ ᠲᠤ ᠬᠦᠷᠭᠦ ᠠᠵᠣ ᠦᠢᠯᠡᠰ ᠤᠨ ᠲᠦᠪᠯᠡᠷᠡᠯ ︵ | ᠤᠨᠴᠠᠯᠢᠭᠳᠤ ᠡᠪᠡᠰᠥ ᠪᠣᠷᠳᠤᠭ᠎ᠠ︶1 ᠶᠢ᠂ ᠪᠣᠷᠣᠯᠠᠭᠤᠯᠭ᠎ᠠ ᠶᠢᠨ ᠣᠷᠣᠯᠭ᠎ᠠ ᠨᠢ 300 ᠳ᠋ᠥᠩᠰᠢᠭᠤᠷ ᠲᠤ ᠬᠦᠷᠬᠦ | ᠠᠵᠣ ᠦᠢᠯᠡᠰ ᠤᠨ ᠲᠦᠪᠯᠡᠷᠡᠯ ︵ᠳᠥᠮᠥᠰᠥ᠂ ᠢᠳᠡᠰᠢᠨ ᠨᠣᠭᠤᠭ᠎ᠠ ᠭᠤᠸ᠎ᠠ ᠵᠢᠮᠢᠰ︶ 1 ᠶᠢ ᠪᠣᠶᠢᠵᠢᠭᠤᠯᠵᠣ | ᠂ ᠠᠵᠣ ᠦᠢᠯᠡᠰ ᠤᠨ ᠲᠦᠪᠯᠡᠷᠡᠨ ᠴᠤᠭᠯᠠᠵᠦ ᠬᠦᠭᠵᠢᠭᠦ ᠶᠢ ᠪᠡᠶᠡᠯᠡᠭᠦᠯᠭᠦ ᠶᠠᠪᠤᠳᠠᠯ ᠪᠣᠯᠣᠨ᠎ᠠ᠃ | 〔 ᠬᠦᠳᠥᠯᠥᠭᠴᠢ〕 ᠳᠡᠭᠡᠷ᠎ᠡ ᠳᠣᠷᠠᠳᠣᠭᠰᠠᠨ ᠬᠦᠭᠵᠢᠯᠳᠡ ᠶᠢᠨ ᠬᠠᠷᠠᠯᠳᠠ ᠪᠠᠨ ᠪᠡᠶᠡᠯᠡᠭᠦᠯᠭᠦ ᠶᠢᠨ ᠳᠥᠯᠥᠬᠡ ᠶᠠᠮᠠᠷ | ᠶᠠᠮᠠᠷ ᠠᠵᠢᠯᠯᠠᠬᠤ ᠠᠷᠭ᠎ᠠ ᠪᠠᠷᠢᠯ ᠠᠪᠬᠤ ᠴᠢᠬᠤᠯᠠ ᠲᠠᠢ ᠪᠣᠢ︖ | 〔 ᠶᠦᠨ ᠠᠢ ᠾᠸᠥ〕 ᠳᠡᠭᠡᠷ᠎ᠡ ᠳᠣᠷᠠᠳᠣᠭᠰᠠᠨ ᠬᠦᠭᠵᠢᠯᠳᠡ ᠶᠢᠨ ᠬᠠᠷᠠᠯᠳᠠ ᠶᠢ ᠪᠡᠶᠡᠯᠡᠭᠦᠯᠭᠦ ᠶᠢᠨ ᠳᠥᠯᠥᠬᠡ | ᠡᠷᠬᠡᠪᠨᠰᠢ ᠳᠣᠣᠷᠠᠬᠢ ᠮᠡᠳᠥ ᠬᠡᠳᠥᠨ ᠳᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠣᠷ ᠬᠢᠬᠦ ᠬᠡᠷᠡᠭᠲᠠᠢ : ᠨᠢᠬᠡ ᠳᠤ | ᠳᠠᠭᠠᠭᠤᠯᠣᠭᠴᠢ ᠠᠵᠣ ᠠᠬᠤᠶᠢᠯᠠᠯ ᠢ ᠪᠣᠶᠢᠵᠢᠭᠤᠯᠣᠨ ᠪᠣᠵᠠᠭᠠᠶᠢᠷᠠᠭᠤᠯᠵᠣ᠂ ᠪᠦᠬᠦᠯᠢ ᠴᠣᠭᠴᠠ ᠶᠢᠨ ᠪᠤᠳᠠᠳᠤ | ᠬᠦᠴᠤᠨ ᠢ ᠳᠠᠰᠣᠷᠠᠯᠳᠠ ᠥᠬᠡᠢ ᠨᠡᠮᠡᠭᠳᠡᠬᠦᠯᠬᠦ ᠶᠢ ᠲᠦᠷᠭᠡᠳᠭᠡᠨ᠎ᠠ᠃ ︽ᠠᠯᠳᠠᠨ ᠰᠤᠪᠤᠷᠭ᠎ᠠ︾ ᠪᠤᠶᠢᠵᠢᠭᠤᠯᠤᠯᠳᠠ | ᠶᠢᠨ ᠦᠯᠢᠭᠡᠷ ᠬᠡᠪ ᠢᠶᠠᠷ ᠨᠢᠬᠡ ᠪᠦᠯᠦᠭ ᠳᠠᠭᠠᠭᠤᠯᠤᠭᠴᠢ ᠠᠵᠦ ᠠᠬᠤᠶᠢᠯᠠᠯ ᠢ ᠶᠡᠬᠡᠰᠭᠡᠨ ᠬᠦᠴᠤᠷᠭᠡᠭᠵᠢᠬᠦᠯᠤᠨᠠ᠃ | ᠨᠢᠭᠡ ᠳᠤ ᠪᠤᠶᠢᠵᠢᠭᠤᠯᠬᠤ ᠲᠤᠭ᠎ᠠ ᠶᠢᠨ ᠲᠠᠯ᠎ᠠ ᠪᠠᠷ ᠬᠦᠴᠤ ᠲᠠᠯᠪᠢᠬᠤ ᠬᠡᠷᠡᠭᠲᠠᠢ᠃ ᠥᠪᠡᠷᠳᠡᠭᠡᠨ ᠵᠠᠰᠠᠬᠤ ᠣᠷᠣᠨ᠂ | ᠠᠶᠢᠮᠠᠭ ᠬᠤᠳᠠ᠂ ᠬᠤᠰᠢᠭᠤ ᠰᠢᠶᠠᠨ ᠤ ᠭᠤᠷᠪᠠᠨ ᠱᠠᠳᠤᠨ ᠤ ᠶᠡᠷᠥᠩᠬᠡᠢ ᠳᠥᠯᠥᠪᠵᠢᠭᠦᠯᠬᠡ ᠶᠣᠰᠣᠭᠠᠷ᠂ | ᠳᠠᠶᠢᠴᠢᠯᠠᠭᠴᠢ ᠠᠵᠣ ᠠᠬᠤᠶᠢᠯᠠᠯ ᠢ ᠳᠡᠰ ᠬᠤᠪᠢᠶᠠᠨ ᠱᠠᠳᠤᠴᠢᠯᠠᠨ ᠪᠣᠶᠢᠵᠢᠭᠤᠯᠣᠨ᠎ᠠ᠃ ᠥᠪᠡᠷᠳᠡᠭᠡᠨ ᠵᠠᠰᠠᠬᠤ | ᠣᠷᠣᠨ ᠨᠢ ᠣᠯᠣᠰ ᠤᠨ ᠳᠡᠰ ᠤᠨ ᠳᠠᠭᠠᠭᠤᠯᠣᠭᠴᠢ ᠠᠵᠣ ᠠᠬᠤᠶᠢᠯᠠᠯ ᠪᠠ ᠵᠢᠷᠭᠤᠭᠠᠨ ᠳᠣᠮᠣ ᠠᠵᠣ ᠦᠢᠯᠡᠰ ᠤᠨ | ᠳᠥᠷᠥᠭᠦᠥ ᠭᠤᠷᠪᠠᠨ ᠨᠡᠷᠡᠰ ᠠᠵᠣ ᠠᠬᠤᠶᠢᠯᠠᠯ ᠢ ᠭᠤᠤᠯᠳᠠᠯᠭ᠎ᠠ ᠲᠠᠢ ᠪᠣᠶᠢᠵᠢᠭᠤᠯᠣᠨ᠎ᠠ︔ ᠡᠯ᠎ᠡ ᠠᠶᠢᠮᠠᠭ ᠬᠤᠳᠠ ᠨᠢ | ᠥᠪᠡᠷᠳᠡᠭᠡᠨ ᠵᠠᠰᠠᠬᠤ ᠣᠷᠣᠨ ᠤ ᠳᠡᠰ ᠤᠨ ᠳᠠᠭᠠᠭᠤᠯᠣᠭᠴᠢ ᠠᠵᠣ ᠠᠬᠤᠶᠢᠯᠠᠯ ᠢ ᠭᠤᠤᠯᠳᠠᠯᠭ᠎ᠠ ᠲᠠᠢ | ᠪᠣᠶᠢᠵᠢᠭᠤᠯᠣᠨ᠎ᠠ︔ ᠡᠯ᠎ᠡ ᠬᠤᠰᠢᠭᠤ ᠰᠢᠶᠠᠨ ᠨᠢ ᠠᠶᠢᠮᠠᠭ ᠬᠤᠳᠠ ᠶᠢᠨ ᠳᠡᠰ ᠤᠨ ᠳᠠᠭᠠᠭᠤᠯᠣᠭᠴᠢ ᠠᠵᠣ | ᠠᠬᠤᠶᠢᠯᠠᠯ ᠢ ᠭᠤᠤᠯᠳᠠᠯᠭ᠎ᠠ ᠲᠠᠢ ᠪᠣᠶᠢᠵᠢᠭᠤᠯᠣᠨ᠎ᠠ᠃ 2017 ᠣᠨ ᠪᠤᠯᠬᠤ ᠳᠤ᠂ ᠪᠣᠷᠣᠯᠠᠭᠤᠯᠭ᠎ᠠ ᠶᠢᠨ ᠣᠷᠣᠯᠭ᠎ᠠ | ᠨᠢ 500 ᠳ᠋ᠥᠩᠰᠢᠭᠤᠷ ᠳᠥᠭᠦᠷᠢᠭ ᠠᠴᠠ ᠳᠠᠪᠠᠭ᠋ᠣ ᠠᠪᠤᠷᠭᠤ ᠠᠵᠣ ᠠᠬᠤᠶᠢᠯᠠᠯ 2 ᠢ᠂ ᠪᠤᠷᠤᠯᠠᠭᠤᠯᠭ᠎ᠠ ᠶᠢᠨ | ᠤᠷᠤᠯᠭ᠎ᠠ ᠨᠢ 100 — 500 ᠳ᠋ᠥᠩᠰᠢᠭᠤᠷ ᠳᠥᠭᠦᠷᠢᠭ ᠲᠤ ᠬᠦᠷᠭᠦ ᠳᠠᠶᠢᠴᠢᠯᠠᠭᠴᠢ ᠠᠵᠣ ᠠᠬᠤᠶᠢᠯᠠᠯ 3 ᠶᠢ᠂ | ᠪᠣᠷᠣᠯᠠᠭᠤᠯᠭ᠎ᠠ ᠶᠢᠨ ᠣᠷᠣᠯᠭ᠎ᠠ ᠨᠢ 50 — 100 ᠳ᠋ᠥᠩᠰᠢᠭᠤᠷ ᠳᠥᠭᠦᠷᠢᠭ ᠠᠴᠠ ᠳᠠᠪᠠᠭ᠋ᠤ ᠳᠠᠶᠢᠴᠢᠯᠠᠭᠴᠢ ᠠᠵᠣ | ᠠᠬᠤᠶᠢᠯᠠᠯ 5 ᠶᠢ ᠪᠣᠶᠢᠵᠢᠭᠤᠯᠬᠤ ᠪᠠᠷ ᠬᠦᠴᠦᠯᠡᠨ ᠴᠢᠷᠮᠠᠶᠢᠨ᠎ᠠ︔ ᠣᠯᠣᠰ ᠤᠨ ᠳᠡᠰ ᠤᠨ ᠭᠤᠣᠯᠳᠠᠯᠭᠠᠳᠣ | ᠳᠠᠭᠠᠭᠤᠯᠣᠭᠴᠢ ᠠᠵᠣ ᠠᠬᠤᠶᠢᠯᠠᠯ ᠢ 50 ᠳᠤ ᠬᠦᠷᠥᠭᠦᠯᠵᠥ᠂ ᠥᠪᠡᠷᠳᠡᠭᠡᠨ ᠵᠠᠰᠠᠬᠤ ᠣᠷᠣᠨ ᠤ ᠳᠡᠰ ᠤᠨ | ᠭᠤᠣᠯᠳᠠᠯᠭᠠᠳᠣ ᠳᠠᠭᠠᠭᠤᠯᠣᠭᠴᠢ ᠠᠵᠣ ᠠᠬᠤᠶᠢᠯᠠᠯ ᠢ 700 ᠳᠤ ᠬᠦᠷᠥᠭᠦᠯᠭᠦ ᠪᠠᠷ ᠮᠡᠷᠡᠶᠢᠨ ᠴᠢᠷᠮᠠᠶᠢᠨ᠎ᠠ᠃ | ᠬᠤᠶᠠᠷ ᠲᠤ ᠶᠠᠰᠤ ᠴᠢᠨᠠᠷ ᠢ ᠳᠡᠭᠡᠭᠰᠢᠯᠡᠬᠦᠯᠭᠦ ᠳᠠᠯ᠎ᠠ ᠪᠠᠷ ᠬᠦᠴᠦ ᠲᠠᠯᠪᠢᠬᠤ ᠬᠡᠷᠡᠭᠲᠠᠢ᠃ ᠪᠣᠬᠢᠷᠳᠣᠯ ᠥᠬᠡᠢ | ᠬᠦᠭᠵᠢᠭᠦᠯᠭᠦ ᠦᠵᠡᠯᠳᠡ ᠶᠢ ᠪᠣᠢ ᠪᠣᠯᠭᠠᠵᠣ᠂ ᠪᠠᠶᠢᠭᠠᠯᠢᠯᠢᠭ᠂ ᠪᠣᠬᠢᠷᠳᠣᠯ ᠥᠬᠡᠢ᠂ ᠣᠷᠭᠠᠨᠢᠭ ᠲᠦᠷᠦᠯ | ᠳᠡᠮᠳᠡᠭ ᠢ ᠰᠠᠶᠢᠳᠣᠷ ᠡᠭᠦᠳᠴᠤ᠂ ᠪᠠᠷᠢᠮᠵᠢᠶᠠᠵᠢᠭᠰᠠᠨ ᠦᠢᠯᠡᠳᠪᠥᠷᠢᠯᠡᠯ ᠢ ᠶᠡᠭᠡ ᠪᠠᠷ ᠳᠡᠯᠭᠡᠷᠡᠬᠦᠯᠵᠦ᠂ ᠲᠠᠷᠢᠶᠠᠯᠠᠩ | ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠣᠯᠳᠠ ᠶᠢ | ᠳᠥᠷᠭᠡᠳᠬᠡᠨ᠂ ︽ᠨᠡᠶᠢᠳᠡ ᠳᠤ ᠬᠦᠨᠥᠬᠡᠯ ᠥᠬᠡᠢ ᠢᠳᠡᠬᠡᠨ︾᠂ ︽ᠪᠣᠬᠢᠷᠳᠣᠯ ᠥᠬᠡᠢ ᠢᠳᠡᠬᠡᠨ︾᠂ ︽ᠣᠷᠭᠠᠨᠢᠭ | ᠢᠳᠡᠬᠡᠨ︾ ᠤ ᠦᠢᠯᠡᠳᠪᠥᠷᠢᠯᠡᠯ ᠤᠨ ᠬᠡᠪᠴᠢᠶ᠎ᠡ ᠪᠠᠨ ᠥᠷᠭᠡᠳᠬᠡᠵᠥ᠂ ᠪᠣᠬᠢᠷᠳᠣᠯ ᠥᠬᠡᠢ ᠪᠦᠬᠡᠳ ᠥᠪᠡᠷᠮᠢᠴᠠ | ᠣᠨᠴᠠᠯᠢᠭ ᠲᠠᠢ ᠠᠵᠣ ᠠᠬᠤᠢ ᠶᠢᠨ ᠬᠦᠭᠵᠢᠯᠳᠡ ᠶᠢ ᠳᠥᠷᠬᠡᠳᠬᠡᠨ᠂ ᠲᠠᠷᠢᠶᠠᠯᠠᠩ ᠤᠨ ᠪᠦᠳᠤᠭᠡᠭᠳᠡᠬᠦᠨ ᠮᠠᠯ ᠤᠨ | ᠠᠰᠢᠭ ᠰᠢᠮ᠎ᠡ ᠶᠢᠨ ᠶᠠᠰᠤ ᠴᠢᠨᠠᠷ ᠢ ᠠᠶᠣᠯ ᠥᠬᠡᠢ ᠪᠠᠶᠢᠯᠭᠠᠬᠤ ᠶᠢ ᠥᠨᠳᠥᠰᠥ ᠠᠴᠠ ᠨᠢ ᠪᠠᠳᠣᠯᠠᠬᠤ ᠬᠡᠷᠡᠭᠳᠠᠢ᠃ | 2017 ᠣᠨ ᠪᠣᠯᠬᠤ ᠳᠤ᠂ ᠨᠡᠶᠢᠳᠡ ᠳᠤ ᠬᠦᠨᠥᠬᠡᠯ ᠥᠬᠡᠢ ᠢᠳᠡᠬᠡᠨ ᠤ ᠪᠠᠷᠢᠮᠵᠢᠶᠠᠳᠤ ᠭᠠᠷᠣᠯᠳᠠ ᠶᠢᠨ ᠭᠠᠵᠠᠷ ᠢ | 2600 ᠳᠥᠮᠡᠨ ᠮᠣ᠋ ᠳᠤ ᠬᠦᠷᠤᠬᠦᠯᠵᠦ᠂ ᠨᠡᠶᠢᠳᠡ ᠳᠤ ᠬᠦᠨᠥᠬᠡᠯ ᠥᠬᠡᠢ ᠪᠠᠷᠢᠮᠵᠢᠶᠠᠳᠤ ᠳᠡᠵᠢᠬᠡᠪᠥᠷᠢ ᠶᠢ 2500 | ᠲᠦᠮᠡ ᠳᠤ ᠬᠦᠷᠤᠬᠦᠯᠬᠦ ᠪᠠᠷ ᠮᠡᠷᠡᠶᠢᠨ ᠴᠢᠷᠮᠠᠶᠢᠨ᠎ᠠ᠃ ᠭᠤᠷᠪᠠ ᠳᠤ ᠬᠦᠭᠵᠢᠯᠳᠠ ᠶᠢ ᠪᠠᠳᠣᠯᠠᠬᠤ ᠳᠠᠯ᠎ᠠ ᠪᠠᠷ ᠬᠦᠴᠥ | ᠳᠠᠯᠪᠢᠬᠤ ᠬᠡᠷᠡᠭᠳᠠᠢ᠃ ᠥᠪᠡᠷᠳᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠳᠠᠷᠢᠶᠠᠯᠠᠩ ᠮᠠᠯ ᠠᠵᠣ ᠠᠬᠤᠢ ᠶᠢᠨ | ᠠᠵᠦ ᠦᠢᠯᠡᠰᠵᠢᠯᠳᠠ ᠶᠢᠨ ᠭᠤᠣᠯᠳᠠᠯᠭᠠᠳᠣ ᠳᠠᠭᠠᠭᠤᠯᠣᠭᠴᠢ ᠠᠵᠣ ᠠᠬᠤᠶᠢᠯᠠᠯ ᠤᠨ ᠳᠣᠮᠳᠠ᠂ ᠳᠠᠭᠠᠭᠤᠯᠣᠭᠴᠢ | ᠠᠵᠣ ᠠᠬᠤᠶᠢᠯᠠᠯ ᠢ ᠳᠡᠭᠡᠭᠰᠢᠯᠡᠭᠦᠯᠭᠦ ︽ᠵᠢᠷᠭᠤᠭᠠᠨ ᠨᠢᠬᠡ︾ ᠢᠨᠵᠧᠨᠧᠷᠢᠩ ︵ ᠳᠠᠷᠣᠢ : ᠨᠢᠬᠡ ᠰᠠᠭᠤᠷᠢᠨ ᠭᠠᠵᠠᠷ | ᠡᠭᠦᠰᠭᠡᠨ ᠪᠠᠶᠢᠭᠤᠯᠬᠤ᠂ ᠨᠢᠬᠡ ᠠᠵᠣ ᠦᠢᠯᠡᠰ ᠢ ᠬᠦᠭᠵᠢᠬᠡᠨ ᠮᠠᠨᠳᠣᠭᠤᠯᠬᠤ᠂ ᠨᠢᠬᠡ ᠲᠦᠷᠦᠯ ᠳᠡᠮᠳᠡᠭ ᠡᠭᠦᠳᠤᠨ | ᠪᠠᠶᠢᠭᠤᠯᠬᠤ᠂ ᠨᠢᠬᠡ ᠬᠤᠷᠰᠢᠶᠠᠵᠢᠯ ᠢ ᠣᠳᠣᠷᠢᠳᠣᠨ ᠳᠠᠭᠠᠭᠤᠯᠬᠤ᠂ ᠨᠢᠬᠡ ᠦᠯᠢᠭᠡᠷ ᠬᠡᠪ ᠢ ᠰᠢᠨ᠎ᠡ ᠪᠠᠷ ᠪᠤᠢ | ᠪᠤᠯᠭᠠᠬᠤ᠂ ᠨᠢᠭᠡ ᠭᠠᠵᠠᠷ ᠤᠨ ᠠᠷᠠᠳ ᠳᠥᠮᠡᠨ ᠳᠤ ᠪᠣᠶᠠᠨ ᠦᠢᠯᠡᠳᠬᠦ︶ ᠢ ᠬᠡᠷᠡᠭᠵᠢᠭᠦᠯᠥᠨ᠎ᠡ᠃ ︽ᠵᠢᠷᠭᠤᠭᠠᠨ | ᠨᠢᠬᠡ︾ ᠢᠨᠵᠧᠨᠧᠷᠢᠩ ᠢ ᠬᠡᠷᠡᠭᠵᠢᠬᠦᠯᠬᠦ ᠪᠠᠷ ᠳᠠᠮᠵᠢᠨ᠂ ︽ᠠᠷᠪᠠᠨ ᠳᠣᠮᠣ ᠳᠠᠭᠠᠭᠤᠯᠣᠭᠴᠢ ᠠᠵᠣ ᠠᠬᠤᠶᠢᠯᠠᠯ᠂ | ᠠᠷᠪᠠᠨ ᠠᠯᠳᠡᠷ ᠴᠤᠤᠳᠤ ᠳᠠᠶᠢᠴᠢᠯᠠᠭᠴᠢ ᠬᠦᠮᠥᠰ︾ ᠢ ᠰᠢᠯᠭᠠᠷᠠᠭᠤᠯᠬᠤ ᠠᠵᠢᠯᠯᠠᠭ᠎ᠠ ᠦᠷᠨᠢᠬᠦᠯᠵᠦ᠂ | ᠳᠠᠭᠠᠭᠤᠯᠣᠭᠴᠢ ᠠᠵᠣ ᠠᠬᠤᠶᠢᠯᠠᠯ ᠤᠨ ᠨᠡᠶᠢᠬᠡᠮ ᠤᠨ ᠬᠠᠷᠢᠭᠤᠴᠠᠯᠭᠠᠳᠣ ᠣᠬᠠᠮᠰᠠᠷ ᠢ ᠳᠡᠭᠡᠭᠰᠢᠯᠡᠬᠦᠯᠬᠦ ᠶᠢ ᠨᠢ | ᠠᠬᠢᠭᠤᠯᠵᠣ᠂ ᠲᠦᠷᠦᠯ ᠳᠡᠮᠳᠡᠭ ᠢ ᠡᠭᠦᠳᠤᠨ ᠪᠠᠶᠢᠭᠤᠯᠣᠨ᠂ ᠠᠵᠣ ᠠᠬᠤᠶᠢᠯᠠᠯ ᠤᠨ ᠵᠠᠬ᠎ᠠ ᠳᠡᠯᠬᠡᠬᠦᠷ ᠲᠠᠬᠢ | ᠦᠷᠢᠰᠤᠯᠳᠤᠭᠡᠨ ᠤ ᠴᠢᠳᠠᠪᠣᠷᠢ ᠶᠢ ᠨᠢ ᠳᠡᠭᠡᠭᠰᠢᠯᠡᠭᠦᠯᠥᠨ᠎ᠡ᠃ ᠳᠥᠷᠪᠡ ᠳᠤ ᠵᠢᠷᠭᠤᠭᠠᠨ ᠳᠣᠮᠣ ᠭᠤᠣᠯᠯᠠᠭᠴᠢ ᠠᠵᠣ | ᠦᠢᠯᠡᠰ ᠤᠨ ᠭᠦᠭᠵᠢᠯᠳᠡ ᠶᠢ ᠠᠬᠢᠭᠤᠯᠬᠤ ᠳᠠᠯ᠎ᠠ ᠪᠠᠷ ᠬᠦᠴᠦ ᠲᠠᠯᠪᠢᠬᠤ ᠬᠡᠷᠡᠭᠳᠠᠢ᠃ ᠴᠠᠭᠠᠨ ᠢᠳᠡᠭᠡ᠂ ᠠᠮᠣ | ᠳᠣᠰᠣ᠂ ᠢᠮᠠᠭᠠᠨ ᠨᠣᠯᠣᠣᠷ ᠢ ᠡᠳ᠋ᠰᠢᠬᠦᠯᠬᠦ ᠠᠵᠦ ᠦᠢᠯᠡᠰ ᠤᠨ ᠬᠢᠷᠢ ᠳᠥᠪᠰᠢᠨ ᠢ ᠳᠡᠭᠡᠭᠰᠢᠯᠡᠬᠦᠯᠥᠨ᠂ ᠥᠬᠡᠷ | ᠬᠤᠨᠢᠨ ᠮᠢᠬ᠎ᠠ ᠶᠢ ᠪᠣᠯᠪᠠᠰᠣᠷᠠᠭᠤᠯᠬᠤ ᠠᠵᠦ ᠦᠢᠯᠡᠰ ᠤᠨ ᠪᠣᠳᠠᠳᠣ ᠬᠦᠴᠦᠨ ᠢ ᠪᠣᠵᠠᠭᠠᠶᠢᠷᠠᠭᠤᠯᠵᠣ᠂ ᠲᠥᠮᠥᠰᠥ | ︵ᠨᠣᠭᠤᠭ᠎ᠠ ᠵᠢᠮᠢᠰ︶᠂ ᠡᠪᠡᠰᠥ ᠪᠣᠷᠳᠤᠭ᠎ᠠ᠂ ᠥᠪᠡᠷᠮᠢᠴᠡ ᠣᠨᠴᠠᠯᠢᠭᠳᠣ ᠠᠵᠣ ᠦᠢᠯᠡᠰ ᠢ ᠲᠡᠳᠭᠦᠨ | ᠳᠣᠭᠳᠠᠭᠤᠨ ᠢᠶᠠᠷ ᠬᠦᠭᠵᠢᠬᠦᠯᠤᠨ᠎ᠠ᠃ ᠴᠠᠭᠠᠨ ᠢᠳᠡᠬᠡᠨ ᠤ ᠠᠵᠣ ᠦᠢᠯᠡᠰ ᠤᠨ ᠲᠠᠯ᠎ᠠ ᠪᠠᠷ : ︽ᠭᠤᠷᠪᠠ ᠶᠢ | ᠳᠡᠭᠡᠭᠰᠢᠯᠡᠬᠦᠯᠵᠥ ᠨᠢᠬᠡ ᠶᠢ ᠴᠢᠩᠭᠠᠳᠬᠠᠬᠤ︾ ᠶᠢ ᠴᠢᠷᠮᠠᠶᠢᠨ ᠪᠡᠶᠡᠯᠡᠭᠦᠯᠥᠨ᠎ᠡ᠃ ᠲᠤᠬᠠᠶᠢᠯᠠᠪᠠᠯ ᠰᠠᠭᠠᠯᠢ ᠶᠢᠨ | ᠥᠨᠢᠶ᠎ᠡ ᠶᠢᠨ ᠰᠠᠶᠢᠨ ᠡᠬᠦᠯᠳᠡᠷ ᠤᠨ ᠳᠥᠪᠰᠢᠨ᠂ ᠰᠠᠭᠠᠯᠢ ᠶᠢᠨ ᠥᠨᠢᠶ᠎ᠡ ᠶᠢ ᠪᠣᠷᠳᠣᠨ ᠳᠡᠵᠢᠬᠡᠬᠦ | ᠬᠠᠮᠢᠶᠠᠷᠣᠯᠳᠠ ᠶᠢᠨ ᠳᠥᠪᠰᠢᠨ ᠪᠠ ᠠᠵᠣ ᠠᠬᠤᠶᠢᠯᠠᠯ ᠤᠨ ᠰᠥ ᠶᠢᠨ ᠢᠷᠡᠯᠳᠡ ᠶᠢᠨ ᠰᠠᠭᠤᠷᠢᠨ ᠭᠠᠵᠠᠷ ᠢ ᠡᠵᠡᠮᠳᠡᠬᠦ | ᠳᠥᠪᠰᠢᠨ ᠢ ᠪᠦᠬᠦ ᠳᠠᠯ᠎ᠠ ᠪᠠᠷ ᠳᠡᠭᠡᠭᠰᠢᠯᠡᠬᠦᠯᠵᠦ᠂ ᠰᠢᠨ᠎ᠡ ᠰᠣᠷᠭᠤᠭ ᠴᠠᠭᠠᠨ ᠢᠳᠡᠭᠡ ᠶᠢᠨ ᠵᠠᠬ᠎ᠠ ᠳᠡᠯᠬᠡᠬᠦᠷ ᠲᠤ | ᠬᠢᠨᠠᠯᠳᠠ ᠳᠠᠯᠪᠢᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠎ᠠ᠃ ᠮᠢᠬᠠᠨ ᠤ ᠠᠵᠦ ᠦᠢᠯᠡᠰ ᠤᠨ ᠲᠠᠯ᠎ᠠ ᠪᠠᠷ᠄ | ᠳᠠᠭᠠᠭᠤᠯᠣᠭᠴᠢ ᠠᠵᠣ ᠠᠬᠤᠶᠢᠯᠠᠯ ᠢ ᠥᠷᠭᠦᠯᠵᠢᠯᠡᠨ ᠪᠣᠶᠢᠵᠢᠭᠤᠯᠣᠨ ᠪᠣᠵᠠᠭᠠᠶᠢᠷᠠᠭᠤᠯᠵᠣ ᠂ ᠨᠢᠬᠡᠳᠬᠡᠬᠦ ᠪᠠ | ᠳᠠᠬᠢᠵᠣ ᠪᠥᠯᠥᠭᠯᠡᠬᠦ ᠪᠠᠷ ᠳᠠᠮᠵᠢᠭᠤᠯᠣᠨ ᠮᠢᠬᠠᠨ ᠤ ᠳᠥᠷᠥᠯ ᠢ ᠪᠣᠯᠪᠠᠰᠣᠷᠠᠭᠤᠯᠬᠤ ᠳᠠᠶᠢᠴᠢᠯᠠᠭᠴᠢ ᠠᠵᠦ | ᠠᠬᠤᠶᠢᠯᠠᠯ ᠢ ᠪᠠᠶᠢᠭᠤᠯᠣᠨ᠎ᠠ ᠃ ᠢᠳᠡᠰᠢᠨ ᠬᠤᠨᠢᠨ ᠤ ᠠᠵᠣ ᠦᠢᠯᠡᠰ ᠤᠨ ︽ᠭᠤᠷᠪᠠᠨ ᠳᠠᠪᠤ︾ ᠢᠨᠵᠧᠨᠧᠷᠢᠩ ᠢ | ᠰᠠᠶᠢᠳᠤᠷ ᠳᠣᠪᠣᠶᠢᠯᠭᠠᠨ ᠠᠳᠬᠤᠵᠣ᠂ 2017 ᠣᠨ ᠪᠤᠯᠬᠤ ᠳᠤ᠂ ᠵᠢᠯ ᠤᠨ ᠪᠣᠷᠳᠣᠨ ᠳᠡᠵᠢᠬᠡᠬᠦ ᠬᠡᠮᠵᠢᠶ᠎ᠡ ᠨᠢ | 100 ᠳᠥᠮᠡ ᠳᠤ ᠬᠦᠷᠬᠦ ᠢᠳᠡᠰᠢᠨ ᠬᠤᠨᠢ ᠳᠡᠵᠢᠬᠡᠨ ᠥᠷᠡᠵᠢᠭᠦᠯᠭᠦ 5 ᠨᠡᠶᠢᠯᠡᠮᠡᠯ ᠴᠣᠭᠴᠠ ᠶᠢ ᠪᠤᠢ ᠪᠤᠯᠭᠠᠵᠦ᠂ | ᠵᠢᠯ ᠤᠨ ᠪᠣᠷᠣᠯᠠᠭᠤᠯᠭ᠎ᠠ ᠶᠢᠨ ᠣᠷᠣᠯᠭ᠎ᠠ ᠨᠢ 10 ᠳ᠋ᠥᠩᠰᠢᠭᠤᠷ ᠳᠥᠭᠦᠷᠢᠭ ᠠᠴᠠ ᠳᠠᠪᠠᠭ᠋ᠤ ᠬᠤᠨᠢᠨ ᠮᠢᠬ᠎ᠠ | ᠪᠣᠯᠪᠠᠰᠣᠷᠠᠭᠤᠯᠬᠤ 5 ᠳᠠᠶᠢᠴᠢᠯᠠᠭᠴᠢ ᠠᠵᠣ ᠠᠬᠤᠶᠢᠯᠠᠯ ᠢ ᠪᠤᠶᠢᠵᠢᠭᠤᠯᠤᠨ᠂ ᠬᠦᠮᠤᠨ ᠪᠦᠭᠦᠨ ᠤ ᠮᠡᠳᠡᠬᠦ ᠬᠤᠨᠢᠨ | ᠮᠢᠬᠠᠨ ᠤ ᠠᠯᠳᠠᠷᠳᠣ ᠲᠠᠸᠠᠷ ᠤᠨ ᠳᠡᠮᠳᠡᠭ 5 ᠶᠢ ᠡᠭᠦᠳᠤᠨ ᠪᠤᠶᠢᠵᠢᠭᠤᠯᠵᠦ᠂ ᠢᠳᠡᠰᠢᠨ ᠬᠤᠨᠢᠨ ᠤ ᠠᠵᠣ | ᠦᠢᠯᠡᠰ ᠢ ᠴᠠᠭᠠᠨ ᠢᠳᠡᠬᠡᠨ ᠤ ᠠᠵᠣ ᠦᠢᠯᠡᠰ ᠪᠠ ᠨᠣᠣᠰᠣᠨ ᠠᠵᠣ ᠦᠢᠯᠡᠰ ᠤᠨ ᠳᠠᠷᠠᠭ᠎ᠠ ᠭᠤᠷᠪᠠᠳᠤᠭᠠᠷ ᠲᠤ | ᠤᠷᠤᠵᠦ ᠪᠦᠬᠦ ᠣᠯᠣᠰ ᠲᠤ ᠲᠦᠭᠡᠬᠦ ᠲᠤᠯᠭᠠᠭᠤᠷᠢ ᠦᠢᠯᠡᠳᠥᠯ ᠢᠶᠠᠷ ᠳᠣᠪᠣᠶᠢᠮ᠎ᠠ ᠲᠦᠷᠦᠯ ᠳᠡᠮᠳᠡᠭ ᠤᠨ | ᠠᠵᠣ ᠦᠢᠯᠡᠰ ᠪᠣᠯᠭᠠᠨ᠎ᠠ᠃ ᠢᠮᠠᠭᠠᠨ ᠨᠣᠯᠣᠣᠷ ᠤᠨ ᠠᠵᠣ ᠦᠢᠯᠡᠰ ᠤᠨ ᠲᠠᠯ᠎ᠠ ᠪᠠᠷ᠄ ᠨᠣᠯᠣᠣᠷ ᠤᠨ ᠢᠮᠠᠭᠠᠨ ᠤ | ᠡᠭᠦᠯᠳᠡᠷ ᠤᠭᠰᠠᠭ᠎ᠠ ᠶᠢ ᠰᠠᠶᠢᠵᠢᠷᠠᠭᠤᠯᠬᠤ ᠢᠨᠵᠧᠨᠧᠷᠢᠩ ᠢ ᠡᠬᠢᠯᠡᠬᠦᠯᠵᠥ᠂ ᠨᠣᠯᠣᠣᠷ ᠤᠨ ᠢᠮᠠᠭᠠᠨ ᠤ ᠰᠢᠯᠢᠳᠡᠭ | ᠡᠬᠢ ᠪᠠᠶᠠᠯᠢᠭ ᠢ ᠬᠠᠮᠠᠭᠠᠯᠠᠨ᠂ ᠢᠮᠠᠭᠠᠨ ᠨᠣᠯᠣᠣᠷ ᠤᠨ ᠶᠠᠰᠤ ᠴᠢᠨᠠᠷ ᠮᠠᠭᠤᠳᠠᠵᠣ ᠪᠠᠶᠢᠭ᠎ᠠ ᠠᠰᠠᠭᠤᠳᠠᠯ ᠢ | ᠥᠨᠳᠥᠰᠥᠨ ᠠᠴᠠ ᠨᠢ ᠰᠢᠢᠳᠪᠥᠷᠢᠯᠡᠨ᠎ᠡ︔ ᠢᠮᠠᠭᠠᠨ ᠨᠣᠯᠣᠣᠷ ᠢ ᠬᠤᠷᠢᠶᠠᠨ ᠬᠠᠳᠠᠭᠠᠯᠠᠬᠤ ᠳᠥᠷᠢᠮ ᠢ | ᠳᠡᠭᠦᠯᠳᠡᠷᠵᠢᠭᠦᠯᠵᠣ᠂ ᠢᠮᠠᠭᠠᠨ ᠨᠣᠯᠣᠣᠷ ᠤᠨ ᠥᠨ᠎ᠡ ᠬᠠᠩᠰᠢ ᠪᠠ ᠮᠠᠯᠴᠢᠨ ᠳᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠥᠨ᠎ᠡ︔ ᠮᠡᠷᠬᠡᠵᠢᠯ ᠤᠨ ᠥᠭᠡᠷᠡᠴᠢᠯᠡᠯᠳᠡ ᠬᠢᠬᠦ ᠪᠠ ᠰᠢᠨ᠎ᠡ ᠶᠢ ᠡᠭᠦᠳᠬᠦ ᠶᠢ ᠵᠣᠷᠢᠭᠵᠢᠭᠤᠯᠵᠣ᠂ ᠢᠮᠠᠭᠠᠨ | ᠨᠣᠯᠣᠣᠷ ᠤᠨ ᠠᠵᠣ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠲᠡᠪᠰᠢᠬᠦᠯᠬᠦ ᠶᠢ ᠪᠡᠶᠡᠯᠡᠭᠦᠯᠥᠨ᠎ᠡ︔ | ᠬᠦᠷᠢᠶᠡᠯᠡᠩ ᠳᠣᠭᠤᠷᠢᠭ ᠤᠨ ᠪᠦᠳᠤᠭᠡᠨ ᠪᠠᠶᠢᠭᠤᠯᠣᠯᠳᠠ ᠶᠢ ᠳᠥᠷᠭᠡᠳᠬᠡᠵᠥ᠂ ᠢᠮᠠᠭᠠᠨ ᠨᠣᠯᠣᠣᠷ ᠤᠨ ᠠᠵᠣ | ᠦᠢᠯᠡᠰ ᠤᠨ ᠲᠦᠪᠯᠡᠷᠡᠯ ᠤᠨ ᠬᠡᠮᠵᠢᠶ᠎ᠡ ᠶᠢ ᠳᠡᠭᠡᠭᠰᠢᠯᠡᠬᠦᠯᠥᠨ᠎ᠡ︔ ᠪᠡᠶ᠎ᠡ ᠪᠠᠨ ᠳᠠᠭᠠᠭᠠᠭᠰᠠᠨ ᠲᠦᠷᠦᠯ ᠳᠡᠮᠳᠡᠭ ᠤᠨ | ᠪᠠᠶᠢᠭᠤᠯᠣᠯᠳᠠ ᠶᠢᠨ ᠢᠨᠵᠧᠨᠧᠷᠢᠩ ᠢ ᠬᠡᠷᠡᠭᠵᠢᠬᠦᠯᠵᠦ᠂ ᠣᠯᠠᠨ ᠣᠯᠣᠰ ᠲᠠᠬᠢ ᠥᠬᠡ ᠶᠠᠷᠢᠶᠠᠨ ᠤ ᠡᠷᠬᠡ ᠪᠠᠨ | ᠴᠢᠩᠭᠠᠳᠬᠠᠨ᠎ᠠ︔ ᠠᠮᠣ ᠲᠣᠰᠣᠨ ᠤ ᠠᠵᠣ ᠦᠢᠯᠡᠰ ᠤᠨ ᠲᠠᠯ᠎ᠠ ᠪᠠᠷ᠄ ᠡᠷᠳᠡᠨᠢ ᠰᠢᠰᠢ ᠶᠢ ᠬᠦᠨᠵᠡᠬᠡᠢ | ᠪᠣᠯᠪᠠᠰᠣᠷᠠᠭᠤᠯᠬᠤ ᠪᠠᠷ ᠳᠠᠭᠠᠭᠤᠯᠣᠭᠴᠢ ᠪᠣᠯᠭᠠᠨ᠂ ᠠᠮᠣ ᠲᠣᠰᠣᠨ ᠤ ᠠᠵᠣ ᠦᠢᠯᠡᠰ ᠤᠨ ᠬᠦᠭᠵᠢᠯᠳᠡ ᠶᠢ ᠪᠦᠬᠦ | ᠳᠠᠯ᠎ᠠ ᠪᠠᠷ ᠳᠥᠯᠬᠢᠨ ᠠᠬᠢᠭᠤᠯᠣᠨ᠎ᠠ᠃ ᠳᠥᠮᠥᠰᠥ᠂ ᠢᠳᠡᠰᠢᠨ ᠨᠣᠭᠤᠭ᠎ᠠ ᠭᠤᠸ᠎ᠠ ᠵᠢᠮᠢᠰ ᠤᠨ ᠠᠵᠣ ᠦᠢᠯᠡᠰ ᠤᠨ | ᠲᠠᠯ᠎ᠠ ᠪᠠᠷ᠄ ᠲᠦᠮᠤᠰᠤᠨ ᠦᠷ᠎ᠡ ᠶᠢᠨ ᠦᠢᠯᠡᠳᠪᠤᠷᠢᠯᠡᠯ᠂ ᠳᠥᠮᠥᠰᠥ ᠨᠥᠬᠡᠴᠡᠯᠡᠬᠦ᠂ ᠰᠢᠨ᠎ᠡ ᠰᠣᠷᠭᠤᠭ ᠢ ᠪᠠᠳᠣᠯᠬᠠᠣ | ᠪᠠ ᠬᠦᠨᠵᠡᠭᠡᠢ ᠡᠳ᠋ᠰᠢᠬᠦᠯᠬᠦ ᠶᠢ ᠶᠡᠬᠡᠪᠡᠷ ᠬᠦᠭᠵᠢᠭᠦᠯᠵᠥ᠂ ᠢᠳᠡᠰᠢᠨ ᠨᠣᠭᠤᠭ᠎ᠠ ᠨᠥᠭᠡᠴᠡᠯᠡᠬᠦ᠂ ᠣᠰᠣ | ᠥᠬᠡᠶᠢᠳᠡᠬᠦᠯᠬᠦ ᠂ ᠲᠥᠪᠡᠳ ᠬᠠᠰᠢ ᠶᠢ ᠬᠦᠨᠵᠡᠬᠡᠢ ᠡᠳ᠋ᠰᠢᠬᠦᠯᠬᠦ ᠶᠢ ᠳᠣᠭᠳᠠᠭᠤᠨ ᠢᠶᠠᠷ ᠬᠦᠭᠵᠢᠭᠦᠯᠥᠨ᠎ᠡ᠃ ᠡᠪᠡᠰᠥ | ᠪᠣᠷᠳᠤᠭ᠎ᠠ᠂ ᠥᠪᠡᠷᠮᠢᠴᠡ ᠣᠨᠴᠠᠯᠢᠭᠳᠣ ᠪᠣᠯᠪᠠᠰᠣᠷᠠᠭᠤᠯᠬᠤ ᠠᠵᠣ ᠦᠢᠯᠡᠰ ᠤᠨ ᠲᠠᠯ᠎ᠠ ᠪᠠᠷ᠄ ᠨᠣᠳᠤᠭ | ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠥᠭᠦᠪᠥᠷᠢ ᠮᠥᠩᠭᠦ ᠦᠭᠬᠦ ᠪᠠ ᠬᠥᠬᠢᠬᠦᠯᠥᠨ ᠱᠠᠩᠨᠠᠬᠤ | ᠳᠣᠭᠳᠠᠴᠠ᠂ ᠮᠠᠯᠵᠢᠬᠤ ᠶᠢ ᠵᠣᠭᠰᠣᠭᠠᠨ ᠡᠪᠡᠰᠥ ᠪᠡᠯᠴᠢᠬᠡᠷ ᠢ ᠰᠡᠷᠬᠦᠬᠡᠬᠦ᠂ ᠥᠨᠳᠥᠷ ᠣᠨᠠᠯᠳᠠᠳᠣ ᠴᠢᠨᠠᠷ ᠰᠠᠶᠢᠲᠠᠢ | ᠴᠠᠷᠭᠠᠰᠣ ᠶᠢᠨ ᠵᠢᠱᠢᠶ᠎ᠡ ᠥᠵᠡᠭᠦᠯᠭᠦ ᠪᠦᠳᠦᠬᠡᠨ ᠪᠠᠶᠢᠭᠤᠯᠣᠯᠳᠠ ᠶᠢᠨ ᠳᠥᠷᠥᠯ ᠵᠦᠢᠯ ᠪᠣᠯᠣᠨ ᠲᠠᠷᠢᠮᠠᠯ ᠤᠨ ᠡᠰᠢ | ᠰᠥᠷᠡᠯ ᠢ ᠬᠤᠪᠢᠷᠠᠭᠤᠯᠤᠨ ᠬᠡᠷᠡᠭᠯᠡᠬᠦ ᠢᠨᠵᠧᠨᠧᠷᠢᠩ ᠵᠡᠷᠬᠡ ᠳᠣᠮᠣ ᠴᠢᠬᠤᠯᠠ ᠳᠥᠷᠥᠯ ᠵᠦᠢᠯ ᠢᠶᠠᠷ ᠲᠦᠰᠢᠭ | ᠪᠤᠯᠭᠠᠨ᠂ ᠰᠠᠭᠠᠯᠢ ᠶᠢᠨ ᠥᠨᠢᠶ᠎ᠡ ᠶᠢᠨ ᠳᠡᠵᠢᠭᠡᠯ ᠪᠣᠷᠳᠤᠭ᠎ᠠ ᠪᠠ ᠥᠬᠡᠷ ᠬᠤᠨᠢ ᠪᠤᠷᠳᠤᠨ ᠲᠠᠷᠭᠤᠯᠠᠭᠤᠯᠬᠤ ᠲᠡᠵᠢᠭᠡᠯ | ᠪᠣᠷᠳᠤᠭ᠎ᠠ ᠶᠢ ᠶᠡᠬᠡᠪᠡᠷ ᠬᠦᠭᠵᠢᠭᠦᠯᠥᠨ᠎ᠡ᠃ | 〔 ᠶᠦᠨ ᠠᠢ ᠾᠸᠥ ﹈ ᠬᠤᠶᠠᠷ ᠲᠤ ᠪᠠᠷᠢᠮᠵᠢᠶᠠᠵᠢᠭᠰᠠᠨ᠂ ᠬᠡᠪᠴᠢᠶᠡᠵᠢᠭᠰᠡᠨ ᠲᠦᠭᠦᠬᠡᠢ ᠡᠳ᠋ ᠮᠠᠲ᠋ᠧᠷᠢᠶᠠᠯ | ᠤᠨ ᠰᠠᠭᠤᠷᠢᠨ ᠭᠠᠵᠠᠷ ᠤᠨ ᠪᠦᠳᠤᠭᠡᠨ ᠪᠠᠶᠢᠭᠤᠯᠤᠯᠳᠠ ᠶᠢ ᠬᠢᠨᠠᠮᠠᠭᠠᠢ ᠰᠠᠶᠢᠳᠣᠷ ᠠᠳᠬᠤᠨ᠎ᠠ᠃ ᠠᠷᠪᠠᠨ | ᠨᠠᠢᠮᠠᠳᠣᠭᠠᠷ ᠬᠤᠭᠤᠴᠠᠭᠠᠨ ᠤ ᠳᠥᠪ ᠬᠤᠷᠢᠶᠠᠨ ᠤ ᠭᠤᠷᠪᠠᠳᠣᠭᠠᠷ ᠪᠦᠬᠦᠳᠡ ᠬᠤᠷᠠᠯ ᠤᠨ ᠮᠠᠯᠵᠢᠬᠤ ᠳᠠᠷᠢᠶᠠᠯᠠᠬᠤ | ᠣᠷᠣᠨ ᠤ ᠳᠣᠬᠠᠢ ᠥᠭᠡᠷᠡᠴᠢᠯᠡᠯᠳᠡ ᠶᠢᠨ ᠳᠣᠬᠢᠶᠠᠯ ᠢ ᠠᠳᠬᠤᠨ᠂ ᠭᠠᠵᠠᠷ ᠰᠢᠷᠣᠢ ᠬᠠᠳᠤᠯᠠᠩ ᠪᠡᠯᠴᠢᠭᠡᠷ ᠤᠨ | ᠲᠠᠯᠠᠪᠠᠢ ᠶᠢ ᠡᠷᠭᠢᠯᠳᠤᠬᠦᠯᠬᠦ ᠶᠢ ᠢᠳᠡᠪᠬᠢᠳᠠᠢ ᠳᠥᠯᠬᠢᠨ ᠠᠬᠢᠭᠤᠯᠵᠣ᠂ ᠳᠥᠷᠥ ᠶᠢᠨ ᠪᠣᠳᠣᠯᠭ᠎ᠠ ᠶᠢᠨ ᠵᠦᠪᠰᠢᠶᠡᠷᠡᠬᠦ | ᠬᠥᠷᠢᠶ᠎ᠡ ᠬᠡᠪᠴᠢᠶᠡᠨ ᠳᠤ ᠠᠵᠣ ᠦᠢᠯᠡᠳᠪᠥᠷᠢ ᠬᠤᠳᠠᠯᠳᠤᠭ᠎ᠠ ᠶᠢᠨ ᠡᠳ᠋ ᠬᠦᠷᠥᠩᠬᠡ ᠪᠠᠷ ᠤᠳᠤ ᠦᠶ᠎ᠡ ᠶᠢᠨ | ᠳᠠᠷᠢᠶᠠᠯᠠᠩ ᠮᠠᠯ ᠠᠵᠣ ᠠᠬᠤᠢ ᠶᠢ ᠬᠦᠭᠵᠢᠭᠦᠯᠭᠦ ᠶᠢ ᠵᠣᠷᠢᠭᠵᠢᠭᠤᠯᠬᠤ ᠪᠠ ᠵᠢᠯᠣᠭᠤᠳᠣᠨ᠎ᠠ᠃ ᠠᠯᠣᠰ ᠤᠨ | ᠪᠣᠳᠣᠯᠭ᠎ᠠ ᠲᠠᠢ᠂ ᠥᠪᠡᠷᠮᠢᠴᠡ ᠣᠨᠴᠠᠯᠢᠭ ᠢᠶᠠᠨ ᠳᠣᠪᠣᠶᠢᠯᠠᠭᠠᠭᠰᠠᠨ ᠰᠠᠭᠤᠷᠢᠨ ᠭᠠᠵᠠᠷ ᠢ ᠪᠠᠶᠢᠭᠤᠯᠬᠤ ᠠᠴᠠ | ᠭᠠᠷᠳᠠᠨ᠂ ᠬᠡᠷ ᠪᠥᠯᠢ ᠶᠢᠨ ᠮᠠᠯᠵᠢᠯ ᠤᠨ ᠳᠠᠯᠠᠪᠠᠢ᠂ ᠪᠠᠷᠢᠮᠵᠢᠶᠠᠵᠢᠭᠰᠠᠨ ᠬᠡᠪᠴᠢᠶ᠎ᠡ ᠲᠠᠢ ᠳᠡᠵᠢᠬᠡᠨ ᠥᠷᠡᠵᠢᠭᠦᠯᠭᠦ | ᠪᠠᠭ᠎ᠠ ᠳᠣᠭᠤᠷᠢᠭ ᠪᠠ ᠮᠠᠯᠵᠢᠯ ᠤᠨ ᠬᠦᠷᠢᠶᠡᠯᠡᠩ ᠳᠣᠭᠤᠷᠢᠭ ᠵᠡᠷᠬᠡ ᠰᠠᠭᠤᠷᠢᠨ ᠭᠠᠵᠠᠷ ᠤᠨ ᠪᠦᠳᠤᠭᠡᠨ | ᠪᠠᠶᠢᠭᠤᠯᠤᠯᠳᠠ ᠶᠢ ᠶᠡᠬᠡᠪᠡᠷ ᠬᠦᠭᠵᠢᠭᠦᠯᠵᠥ᠂ ᠳᠠᠷᠢᠶᠠᠴᠢᠨ ᠮᠠᠯᠴᠢᠨ ᠡᠷᠥᠬᠡ ᠶᠢ ᠳᠠᠶᠢᠴᠢᠯᠠᠨ ᠪᠠᠷᠢᠮᠵᠢᠶᠠᠵᠢᠭᠰᠠᠨ | ᠬᠡᠪᠴᠢᠶᠡᠵᠢᠭᠰᠡᠨ ᠦᠢᠯᠡᠳᠪᠥᠷᠢᠯᠡᠯ ᠬᠢᠬᠦ ᠶᠢ ᠪᠡᠶᠡᠯᠡᠭᠦᠯᠥᠨ᠎ᠡ᠃ | ᠭᠤᠷᠪᠠ ᠳᠤ ᠳᠠᠷᠢᠶᠠᠯᠠᠩ ᠮᠠᠯ ᠠᠵᠣ ᠠᠬᠤᠢ ᠶᠢᠨ ᠲᠦᠷᠦᠯ ᠲᠡᠮᠳᠡᠭ ᠤᠨ ᠪᠠᠶᠢᠭᠤᠯᠣᠯᠳᠠ ᠶᠢ | ᠳᠥᠷᠭᠡᠳᠬᠡᠨ ᠠᠬᠢᠭᠤᠯᠵᠣ᠂ ᠳᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠵᠠᠬ᠎ᠠ ᠳᠡᠯᠬᠡᠬᠦᠷ ᠤᠨ | ᠥᠷᠢᠰᠥᠯᠳᠥᠬᠦ ᠬᠦᠴᠦᠨ ᠢ ᠳᠡᠭᠡᠭᠰᠢᠯᠡᠬᠦᠯᠥᠨ᠎ᠡ᠃ ︽ᠲᠦᠷᠦᠯ ᠳᠡᠮᠳᠡᠭᠳᠥ ᠳᠠᠷᠢᠶᠠᠯᠠᠩ ᠮᠠᠯ ᠠᠵᠣ ᠠᠬᠤᠢ ᠶᠢᠨ | ᠭᠦᠭᠵᠢᠯᠳᠡ ᠶᠢ ᠲᠦᠷᠭᠡᠳᠭᠡᠨ ᠠᠬᠢᠭᠤᠯᠬᠤ ᠳᠣᠬᠠᠢ ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠰᠠᠨᠠᠯ ︾ ᠢ ᠥᠳᠳᠡᠷ ᠳᠥᠷᠭᠡᠨ ᠳᠣᠭᠳᠠᠭᠠᠨ ᠨᠡᠶᠢᠳᠡᠯᠡᠬᠦᠯᠬᠦ ᠪᠠᠷ | ᠴᠢᠷᠮᠠᠶᠢᠵᠣ᠂ ᠲᠠᠷᠢᠶᠠᠯᠠᠩ ᠮᠠᠯ ᠠᠵᠣ ᠠᠬᠤᠢ ᠶᠢᠨ ᠲᠦᠷᠦᠯ ᠳᠡᠮᠳᠡᠭ ᠤᠨ ᠪᠥᠳᠥᠬᠡᠨ ᠪᠠᠶᠢᠭᠤᠯᠣᠯᠳᠠ ᠶᠢᠨ | ᠢᠨᠵᠧᠨᠧᠷᠢᠩ ᠢ ᠡᠬᠢᠯᠡᠭᠦᠯᠥᠨ ᠬᠡᠷᠡᠭᠵᠢᠭᠦᠯᠥᠨ᠎ᠡ᠃ ᠳᠠᠭᠠᠭᠤᠯᠣᠭᠴᠢ ᠠᠵᠣ ᠠᠬᠤᠶᠢᠯᠠᠯ ᠤᠨ ᠳᠣᠮᠳᠠᠳᠣ ᠣᠯᠣᠰ ᠤᠨ | ᠠᠯᠳᠠᠷᠳᠤ ᠲᠠᠸᠠᠷ ᠤᠨ ᠳᠡᠮᠳᠡᠭ᠂ ᠥᠪᠡᠷᠳᠡᠭᠡᠨ ᠵᠠᠰᠠᠬᠤ ᠣᠷᠣᠨ ᠤ ᠴᠤᠤᠳᠤ ᠲᠠᠸᠠᠷ ᠤᠨ ᠳᠡᠮᠳᠡᠭ᠂ ᠦᠪᠡᠷᠳᠡᠭᠡᠨ | ᠵᠠᠰᠠᠬᠤ ᠤᠷᠤᠨ ᠤ ᠨᠡᠷᠡᠳᠤ ᠲᠠᠸᠠᠷ ᠤᠨ ᠲᠡᠮᠳᠡᠭ᠂ ᠣᠭ ᠭᠠᠷᠣᠯᠳᠠ ᠶᠢᠨ ᠤᠷᠤᠨ ᠤ ᠳᠡᠮᠳᠡᠭ᠂ ᠲᠠᠷᠢᠶᠠᠯᠠᠩ ᠤᠨ | ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠭᠠᠵᠠᠷ ᠵᠦᠢ ᠶᠢᠨ ᠳᠡᠮᠳᠡᠭ ᠵᠡᠷᠬᠡ ᠶᠢ ᠭᠤᠶᠣᠴᠢᠯᠠᠨ ᠮᠡᠳᠡᠭᠦᠯᠭᠦ ᠪᠠ | ᠡᠭᠦᠳᠤᠨ ᠪᠠᠶᠢᠭᠤᠯᠬᠤ ᠳᠤᠨᠢ ᠲᠡᠮᠵᠢᠯᠭᠡ ᠦᠵᠡᠬᠦᠯᠵᠦ᠂ ᠳᠠᠭᠠᠭᠤᠯᠣᠭᠴᠢ ᠠᠵᠣ ᠠᠬᠤᠶᠢᠯᠠᠯ ᠤᠨ ᠲᠠᠸᠠᠷ ᠳᠡᠮᠳᠡᠭ | ᠢᠶᠠᠨ ᠣᠯᠠᠨ ᠣᠯᠣᠰ ᠲᠤ ᠳᠠᠩᠰᠠᠯᠠᠬᠤ ᠪᠠᠷ ᠭᠤᠶᠣᠴᠢᠯᠠᠬᠤ ᠳᠤᠨᠢ ᠲᠡᠮᠵᠢᠯᠬᠡ ᠦᠵᠡᠬᠦᠯᠵᠦ᠂ ᠭᠠᠳᠠᠭᠠᠳᠣ ᠳᠤ | ᠭᠠᠷᠭᠠᠬᠤ ᠦᠢᠯᠡᠳᠬᠦᠨ ᠤ ᠳᠡᠮᠳᠡᠭ ᠢ ᠢᠳᠡᠪᠬᠢᠳᠠᠢ ᠪᠤᠶᠢᠵᠢᠭᠤᠯᠤᠨ᠎ᠠ᠃《 ᠥᠪᠥᠷ ᠮᠣᠩᠭᠤᠯ ᠤᠨ ᠪᠣᠬᠢᠷᠳᠣᠯ | ᠥᠬᠡᠢ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢ ᠭᠠᠳᠠᠭᠰᠢ ᠭᠠᠷᠭᠠᠬᠤ 》 ᠢᠨᠵᠧᠨᠧᠷᠢᠩ ᠢ | ᠡᠬᠢᠯᠡᠵᠥ ᠬᠡᠷᠡᠭᠵᠢᠭᠦᠯᠥᠨ᠂ ᠪᠡᠬᠡᠵᠢᠩ᠂ ᠱᠠᠩᠬᠠᠢ ᠳᠤ ᠂ ᠥᠪᠥᠷ ᠮᠣᠩᠭᠤᠯ ᠤᠨ ᠨᠡᠷᠡᠳᠥ ᠰᠢᠯᠢᠳᠡᠭ | ᠤᠨᠴᠠᠯᠢᠭᠳᠤ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠥᠵᠡᠰᠭᠦᠯᠡᠩ ᠤᠨ ᠣᠷᠳᠣᠨ ᠢ | ᠪᠠᠶᠢᠭᠤᠯᠣᠭᠰᠠᠨ ᠠᠮᠵᠢᠯᠳᠠ ᠲᠠᠢ ᠳᠣᠷᠰᠢᠯᠭ᠎ᠠ ᠪᠠᠷ ᠲᠤᠯᠢᠳᠠᠵᠦ᠂ ᠭᠤᠸᠠᠩᠵᠸᠥ᠂ ᠱᠧᠨ᠋ᠵᠧᠨ᠂ ᠲᠢᠶᠠᠨᠵᠢᠨ | ᠵᠡᠷᠬᠡ ᠳᠣᠮᠣ ᠬᠤᠳᠠ ᠳᠤ ᠬᠡᠷᠡᠭ ᠡᠷᠬᠢᠯᠡᠭᠦ ᠭᠠᠵᠠᠷ ᠪᠠᠶᠢᠭᠤᠯᠬᠤ ᠪᠠᠷ ᠢᠳᠡᠪᠬᠢᠯᠡᠨ ᠴᠢᠷᠮᠡᠶᠢᠵᠦ᠂ ᠥᠪᠥᠷ | ᠮᠣᠩᠭᠤᠯ ᠤᠨ ᠨᠡᠷᠡᠳᠥ ᠰᠢᠯᠢᠳᠡᠭ ᠤᠨᠴᠠᠯᠢᠭᠳᠤ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ | ᠨᠡᠷᠡᠳᠥ ᠲᠡᠮᠳᠡᠭᠳᠤ ᠶᠢ ᠳᠡᠯᠬᠡᠨ ᠥᠵᠡᠭᠦᠯᠵᠥ ᠪᠣᠷᠣᠯᠠᠭᠤᠯᠬᠤ ᠴᠣᠩᠬᠤ ︵ ᠳᠥᠪ︶ ᠪᠠᠶᠢᠭᠤᠯᠵᠣ᠂ ᠮᠠᠨ ᠤ | ᠣᠷᠣᠨ ᠤ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠨᠥᠯᠥᠭᠡᠯᠡᠬᠦ ᠬᠦᠴᠦᠨ ᠢ ᠳᠠᠰᠣᠷᠠᠯᠳᠠ | ᠥᠬᠡᠢ ᠥᠷᠭᠡᠳᠬᠡᠨ᠎ᠡ᠃ ᠡᠨᠡ ᠵᠢᠯ ᠳᠤ ᠪᠣᠯᠬᠤ ᠬᠤᠶᠠᠳᠣᠭᠠᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠳᠣᠯ | ᠥᠬᠡᠢ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠥᠵᠡᠰᠬᠦᠯᠡᠩ ᠢ ᠰᠠᠶᠢᠳᠤᠷ ᠡᠷᠬᠢᠯᠡᠬᠦ ᠪᠠᠷ | ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠦ᠂ ᠠᠵᠣ ᠠᠬᠤᠶᠢᠯᠠᠯ ᠢ ᠥᠵᠡᠰᠭᠦᠯᠡᠩ ᠳᠤ ᠣᠷᠣᠯᠴᠠᠭᠤᠯᠬᠤ ᠪᠠᠷ | ᠢᠳᠡᠪᠬᠢᠳᠠᠢ ᠵᠣᠬᠢᠶᠠᠨ ᠪᠠᠶᠢᠭᠤᠯᠣᠨ᠂ ᠡᠮᠥᠨᠡᠬᠢ ᠬᠤᠭᠤᠴᠠᠭᠠᠨ ᠤ ᠪᠡᠯᠡᠳᠬᠡᠯ ᠤᠨ ᠠᠵᠢᠯ ᠢ ᠪᠦᠬᠦ ᠬᠦᠴᠦᠨ ᠢᠶᠠᠷ | ᠰᠠᠶᠢᠳᠣᠷ ᠬᠢᠵᠣ᠂ ᠥᠪᠥᠷ ᠮᠣᠩᠭᠤᠯ ᠤᠨ ᠪᠣᠬᠢᠷᠳᠣᠯ ᠥᠬᠡᠢ ᠲᠠᠷᠢᠶᠠᠯᠠᠩ ᠤᠨ ᠪᠦᠳᠡᠭᠡᠭᠳᠡᠬᠦᠨ ᠮᠠᠯ ᠤᠨ ᠠᠰᠢᠭ | ᠰᠢᠮ᠎ᠡ ᠶᠢᠨ ᠥᠵᠡᠰᠬᠦᠯᠡᠩ ᠢᠶᠠᠨ ᠪᠦᠬᠦ ᠣᠯᠣᠰ ᠤᠨ ᠨᠡᠷᠡᠳᠠᠢ ᠥᠵᠡᠰᠭᠦᠯᠡᠩ ᠤᠨ ᠲᠦᠷᠦᠯ ᠳᠡᠮᠳᠡᠭ ᠪᠣᠯᠭᠠᠬᠤ ᠪᠠᠷ | ᠬᠦᠴᠥᠯᠡᠨ ᠴᠢᠷᠮᠠᠶᠢᠨ᠎ᠠ᠃ | 〔 ᠶᠦᠨ ᠠᠢ ᠾᠸᠥ〕ᠳᠥᠷᠪᠡ ᠳᠤ ᠠᠵᠣ ᠦᠢᠯᠡᠰ ᠤᠨ ᠬᠦᠷᠢᠶᠡᠯᠡᠩ ᠳᠣᠭᠤᠷᠢᠭ ᠤᠨ ᠪᠦᠳᠦᠬᠡᠨ | ᠪᠠᠶᠢᠭᠤᠯᠣᠯᠳᠠ ᠶᠢ ᠴᠢᠩᠭᠠᠳᠬᠠᠵᠣ᠂ ᠠᠵᠣ ᠦᠢᠯᠡᠰ ᠤᠨ ᠲᠦᠪᠯᠡᠷᠡᠯ ᠴᠣᠭᠯᠠᠷᠠᠯ ᠤᠨ ᠬᠦᠭᠵᠢᠯᠳᠠᠶᠢ ᠠᠬᠢᠭᠤᠯᠤᠨ᠎ᠠ᠃ | ᠨᠢᠬᠡ ᠳᠤ ᠰᠢᠨᠵᠢᠯᠡᠭᠦ ᠣᠬᠠᠭᠠᠨᠴᠢ ᠪᠠᠷ ᠳᠥᠯᠥᠪᠵᠢᠭᠦᠯᠵᠥ᠂ ᠠᠵᠣ ᠦᠢᠯᠡᠰ ᠤᠨ ᠪᠠᠶᠢᠷᠢᠯᠠᠭᠤᠯᠣᠯᠳᠠ ᠪᠠᠨ | ᠳᠠᠰᠣᠷᠠᠯᠳᠠ ᠥᠬᠡᠢ ᠰᠢᠯᠢᠳᠡᠭᠵᠢᠭᠦᠯᠥᠨ᠎ᠡ᠃ ᠵᠢᠷᠭᠤᠭᠠᠨ ᠳᠣᠮᠣ ᠭᠤᠣᠯᠯᠠᠬᠤ ᠠᠵᠣ ᠦᠢᠯᠡᠰ ᠤᠨ ᠪᠥᠰᠡ ᠶᠢᠨ | ᠪᠠᠶᠢᠷᠢᠯᠠᠭᠤᠯᠣᠯᠳᠠ ᠪᠣᠯᠣᠨ ᠬᠤᠳᠠ ᠪᠠᠯᠭᠠᠰᠣᠴᠢᠯᠠᠯᠳᠠ ᠶᠢᠨ ᠳᠥᠯᠥᠪᠵᠢᠭᠦᠯᠥᠯᠬᠡ ᠳᠤ ᠳᠥᠰᠢᠭᠯᠡᠨ᠂ ᠥᠪᠡᠷᠳᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠭᠦ ᠵᠢᠱᠢᠶ᠎ᠡ ᠥᠵᠡᠭᠦᠯᠭᠦ ᠰᠠᠭᠤᠷᠢᠨ | ᠭᠠᠵᠠᠷ ᠢ ᠡᠭᠦᠳᠤᠨ ᠪᠠᠶᠢᠭᠤᠯᠬᠤ ᠶᠢ ᠡᠬᠢᠯᠡᠨ ᠬᠡᠷᠡᠭᠵᠢᠭᠦᠯᠵᠣ᠂ ᠨᠢᠬᠡ ᠪᠥᠯᠥᠭ ᠠᠵᠣ ᠦᠢᠯᠡᠰ ᠤᠨ ᠬᠤᠯᠪᠣᠯᠳᠣᠬᠤ | ᠬᠡᠮᠵᠢᠶ᠎ᠡ ᠪᠠᠷ ᠶᠡᠭᠡ᠂ ᠬᠦᠨᠵᠡᠬᠡᠢ ᠡᠳ᠋ᠰᠢᠬᠦᠯᠬᠦ ᠴᠢᠳᠠᠪᠣᠷᠢ ᠢᠶᠠᠷ ᠴᠢᠩᠭ᠎ᠠ᠂ ᠬᠡᠪᠴᠢᠶᠠᠵᠢᠯ ᠤᠨ ᠡᠷᠴᠢᠮ ᠤᠨ | ᠳᠥᠪᠰᠢᠨ ᠢᠶᠠᠷ ᠥᠨᠳᠥᠷ᠂ ᠰᠠᠴᠣᠷᠠᠭ ᠳᠠᠶᠢᠴᠢᠯᠠᠯᠳᠠ ᠪᠠᠷ ᠥᠷᠭᠡᠨ ᠪᠦᠬᠦᠢ ᠲᠠᠷᠢᠶᠠᠯᠠᠩ ᠮᠠᠯ ᠠᠵᠣ ᠠᠬᠤᠢ ᠶᠢ | ᠠᠵᠣ ᠦᠢᠯᠡᠰᠵᠢᠭᠦᠯᠭᠦ ᠵᠢᠱᠢᠶ᠎ᠡ ᠥᠵᠡᠭᠦᠯᠭᠦ ᠰᠠᠭᠤᠷᠢᠨ ᠭᠠᠵᠠᠷ ᠪᠣᠯᠣᠨ ᠪᠣᠬᠢᠷᠳᠣᠯ ᠥᠬᠡᠢ ᠮᠠᠯ ᠲᠠᠷᠢᠶᠠᠯᠠᠩ ᠤᠨ | ᠭᠠᠷᠤᠯᠳᠠ ᠶᠢ ᠡᠳ᠋ᠰᠢᠬᠦᠯᠭᠡ ᠶᠢᠨ ᠰᠤᠯᠢᠯᠴᠠᠭᠠᠨ ᠤ ᠬᠦᠷᠢᠶᠡᠯᠡᠩ ᠳᠣᠭᠤᠷᠢᠭ ᠢ ᠪᠥᠷᠢᠯᠳᠥᠭᠦᠯᠥᠨ᠎ᠡ᠂ ᠬᠤᠶᠠᠷ ᠲᠤ | ᠤᠷᠤᠨ ᠪᠠᠶᠢᠷᠢ ᠶᠢ ᠦᠨᠳᠤᠷ ᠳᠣᠭᠳᠠᠭᠠᠨ᠂ ᠥᠯᠢᠭᠡᠷ ᠬᠡᠪ ᠤᠨ ᠢᠨᠵᠧᠨᠧᠷᠢᠩ ᠢ ᠴᠢᠷᠮᠠᠶᠢᠨ ᠪᠠᠶᠢᠭᠤᠯᠬᠤ | ᠬᠡᠷᠡᠭᠳᠠᠢ᠃ ᠥᠨᠳᠥᠷ ᠪᠠᠷᠢᠮᠵᠢᠶ᠎ᠠ᠂ ᠱᠠᠭᠠᠷᠳᠠᠯᠭ᠎ᠠ ᠶᠣᠰᠣᠭᠠᠷ᠂ ᠬᠦᠷᠢᠶᠡᠯᠡᠩ ᠳᠣᠭᠤᠷᠢᠭ ᠤᠨ ᠳᠥᠯᠥᠪᠵᠢᠭᠦᠯᠬᠡ | ᠪᠠᠶᠢᠷᠢᠯᠠᠭᠤᠯᠣᠯᠳᠠ ᠶᠢ ᠨᠢᠬᠡᠳᠥᠯᠳᠣᠢ ᠳᠥᠯᠥᠪᠯᠡᠨ ᠠᠬᠢᠭᠤᠯᠵᠦ᠂ ᠰᠠᠭᠤᠷᠢ ᠪᠡᠯᠡᠳᠬᠡᠮᠵᠢ ᠶᠢᠨ ᠪᠦᠳᠤᠭᠡᠨ | ᠪᠠᠶᠢᠭᠤᠯᠣᠯᠳᠠ ᠶᠢ ᠳᠡᠭᠦᠯᠳᠡᠷᠵᠢᠭᠦᠯᠥᠨ᠂ ᠣᠯᠠᠨ ᠨᠡᠶᠢᠳᠡ ᠶᠢᠨ ᠦᠢᠯᠡᠴᠢᠯᠡᠭᠡ ᠶᠢ ᠳᠥᠭᠦᠷᠵᠢᠭᠦᠯᠵᠥ᠂ ᠬᠦᠷᠢᠶᠡᠯᠡᠩ | ᠳᠣᠭᠤᠷᠢᠭ ᠤᠨ ᠳᠡᠰ ᠢ ᠳᠡᠭᠡᠭᠰᠢᠯᠡᠬᠦᠯᠥᠨ᠂ ᠬᠦᠷᠢᠶᠡᠯᠡᠩ ᠳᠣᠭᠤᠷᠢᠭ ᠢ ᠥᠨᠡᠨᠭᠦ ᠮᠠᠨ ᠤ ᠣᠷᠣᠨ ᠤ ᠳᠠᠷᠢᠶᠠᠯᠠᠩ ᠮᠠᠯ | ᠠᠵᠣ ᠶᠢ ᠠᠵᠣ ᠦᠢᠯᠡᠰᠵᠢᠭᠦᠯᠭᠦ ᠬᠦᠭᠵᠢᠯᠳᠡ ᠶᠢᠨ ᠨᠡᠷᠡᠳᠥ ᠢᠨᠵᠧᠨᠧᠷᠢᠩ᠂ ᠥᠯᠢᠭᠡᠷ ᠬᠡᠪ ᠤᠨ ᠢᠨᠵᠧᠨᠧᠷᠢᠩ | ᠪᠣᠯᠭᠠᠨ ᠪᠦᠳᠦᠬᠡᠨ ᠪᠠᠶᠢᠭᠤᠯᠣᠨ᠎ᠠ᠃ ᠭᠤᠷᠪᠠ ᠳᠤ ᠮᠠᠯᠵᠢᠬᠤ ᠳᠠᠷᠢᠶᠠᠯᠠᠬᠤ ᠣᠷᠣᠨ ᠤ ᠭᠠᠵᠠᠷ ᠰᠢᠷᠣᠢ ᠡᠪᠡᠰᠥ | ᠪᠡᠯᠴᠢᠬᠡᠷ ᠤᠨ ᠡᠷᠬᠢᠯᠳᠡ ᠶᠢᠨ ᠮᠡᠳᠡᠭᠡ ᠵᠠᠩᠬᠢ ᠪᠤᠯᠤᠨ ᠦᠢᠯᠡᠴᠢᠯᠡᠬᠡᠨ ᠤ ᠳᠠᠪᠴᠠᠩ ᠤᠨ ᠪᠦᠳᠦᠬᠡᠨ | ᠪᠠᠶᠢᠭᠤᠯᠣᠯᠳᠠ ᠶᠢ ᠥᠷᠭᠦᠯᠵᠢᠯᠡᠨ ᠳᠥᠷᠭᠡᠳᠬᠡᠵᠥ᠂ ᠭᠠᠵᠠᠷ ᠰᠢᠷᠣᠢ ᠡᠪᠡᠰᠥ ᠪᠡᠯᠴᠢᠬᠡᠷ ᠤᠨ ᠳᠠᠯᠠᠪᠠᠢ ᠶᠢ ᠲᠠᠷᠢᠶᠠᠯᠠᠬᠤ | ᠳᠡᠵᠢᠬᠡᠬᠦ ᠳᠣᠮᠣ ᠡᠷᠥᠬᠡ᠂ ᠳᠣᠰᠬᠠᠢ ᠬᠤᠷᠰᠢᠶᠠᠵᠢᠯ ᠪᠠ ᠳᠠᠭᠠᠭᠤᠯᠣᠭᠴᠢ ᠠᠵᠣ ᠠᠬᠤᠶᠢᠯᠠᠯ ᠵᠦᠭ ᠲᠦᠪᠯᠡᠷᠡᠬᠦᠯᠬᠦ ᠶᠢ | ᠵᠤᠷᠢᠭᠵᠢᠭᠤᠯᠤᠨ ᠵᠢᠯᠤᠭᠤᠳᠴᠤ᠂ ᠬᠡᠪᠴᠢᠶᠡᠵᠢᠬᠦ ᠡᠷᠴᠢᠮᠵᠢᠬᠦ ᠠᠬᠢᠴᠠ ᠶᠢ ᠳᠥᠯᠬᠢᠨ ᠠᠬᠢᠭᠤᠯᠬᠤ ᠬᠡᠷᠡᠭᠲᠠᠢ᠃ | ᠳᠠᠪᠤ ᠳᠤ ᠠᠰᠢᠭ ᠳᠣᠰᠠ ᠶᠢ ᠬᠤᠯᠪᠤᠯᠳᠤᠭᠤᠯᠬᠤ ᠲᠤᠭᠳᠠᠭᠤᠨ ᠳᠣᠭᠳᠠᠴᠠ ᠶᠢ ᠪᠠᠶᠢᠭᠤᠯᠣᠨ᠂ | ᠮᠠᠯᠴᠢᠨ ᠳᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠥᠨ ᠪᠠᠶᠠᠵᠢᠨ ᠴᠢᠨᠡᠭᠡᠯᠢᠭᠵᠢᠬᠦ ᠶᠢ ᠳᠠᠶᠢᠴᠢᠯᠠᠨ᠎ᠠ᠃ ︽ | ᠳᠠᠭᠠᠭᠤᠯᠣᠭᠴᠢ ᠠᠵᠣ ᠠᠬᠤᠶᠢᠯᠠᠯ+ ᠳᠣᠰᠬᠠᠢ ᠬᠤᠷᠰᠢᠶᠠᠵᠢᠯ+ ᠰᠠᠭᠤᠷᠢᠨ ᠭᠠᠵᠠᠷ+ ᠲᠠᠷᠢᠶᠠᠯᠠᠬᠤ ᠮᠠᠯᠵᠢᠬᠤ | ᠡᠷᠥᠬᠡ+ ᠵᠠᠬ᠎ᠠ ᠳᠡᠯᠬᠡᠬᠦᠷ︾ ᠵᠡᠷᠬᠡ ᠰᠢᠨ᠎ᠡ ᠮᠠᠶ᠋ᠢᠭ ᠤᠨ ᠵᠣᠬᠢᠶᠠᠨ ᠪᠠᠶᠢᠭᠤᠯᠬᠤ ᠦᠯᠢᠭᠡᠷ ᠬᠡᠪ ᠢ ᠢᠳᠡᠪᠬᠢᠳᠠᠢ | ᠳᠡᠯᠬᠡᠷᠡᠭᠦᠯᠭᠦ ᠪᠠ ᠰᠤᠪᠢᠨ ᠰᠣᠳᠣᠯᠵᠣ᠂ ᠳᠠᠭᠠᠭᠤᠯᠣᠭᠴᠢ ᠠᠵᠣ ᠠᠬᠤᠶᠢᠯᠠᠯ ᠢ ᠵᠢᠯᠤᠭᠤᠳᠤᠨ ᠠᠯᠣᠰ ᠬᠤᠯᠠ ᠶᠢᠨ | ᠪᠣᠳᠣᠯᠭ᠎ᠠ ᠪᠠ ᠨᠡᠶᠢᠬᠡᠮ ᠤᠨ ᠬᠠᠷᠢᠭᠤᠴᠠᠯᠭ᠎ᠠ ᠶᠢ ᠪᠣᠢ ᠪᠣᠯᠭᠠᠵᠣ᠂ ᠰᠠᠭᠤᠷᠢᠨ ᠭᠠᠵᠠᠷ ᠢ ᠥᠨᠡᠨᠭᠦ ᠠᠵᠣ | ᠠᠬᠤᠶᠢᠯᠠᠯ ᠤᠨ ᠨᠢᠬᠡᠳᠥᠬᠡᠷ ᠦᠢᠯᠡᠳᠪᠥᠷᠢ ᠶᠢᠨ ᠳᠠᠰᠤᠭ ᠪᠣᠯᠭᠠᠨ᠂ ᠮᠠᠯᠴᠢᠨ ᠳᠠᠷᠢᠶᠠᠴᠢᠨ ᠢ ᠠᠵᠣ ᠠᠬᠤᠶᠢᠯᠠᠯ ᠤᠨ | ᠠᠵᠢᠯᠴᠢᠨ ᠢᠶᠠᠷ ᠥᠵᠡᠵᠥ᠂ ᠮᠠᠯᠴᠢᠨ ᠳᠠᠷᠢᠶᠠᠴᠢᠨ ᠯᠤᠭ᠎ᠠ ᠲᠤᠭᠳᠠᠭᠤᠨ ᠪᠦᠬᠡᠳ ᠨᠢᠭᠳᠠ ᠠᠰᠢᠭ ᠳᠣᠰᠠ ᠶᠢᠨ | ᠬᠤᠯᠪᠣᠯᠳᠤᠭᠠ ᠶᠢᠨ ᠳᠣᠭᠳᠠᠴᠠ ᠶᠢ ᠪᠥᠷᠢᠯᠳᠥᠭᠦᠯᠥᠨ᠂ ᠰᠠᠯᠬᠢ ᠪᠣᠷᠤᠭ᠎ᠠ ᠶᠢ ᠬᠠᠮᠳᠣ ᠪᠠᠷ ᠲᠤᠭᠤᠯᠬᠤ᠂ | ᠪᠠᠷᠢᠯᠳᠤᠨ ᠬᠦᠭᠵᠢᠬᠦ ᠠᠰᠢᠭ ᠳᠣᠰᠠ ᠶᠢᠨ ᠬᠠᠮᠳᠣ ᠶᠢᠨ ᠴᠣᠭᠴᠠ ᠪᠤᠯᠭᠠᠵᠦ᠂ ᠮᠠᠯᠴᠢᠨ ᠳᠠᠷᠢᠶᠠᠴᠢᠨ ᠳᠤ ᠠᠵᠣ | ᠦᠢᠯᠡᠰᠵᠢᠭᠦᠯᠭᠦ ᠡᠵᠡᠩᠨᠡᠯᠳᠡ ᠶᠢᠨ ᠳᠣᠮᠳᠠ ᠠᠴᠠ ᠦᠨᠡᠨᠬᠦ ᠠᠰᠢᠭ ᠬᠦᠷᠳᠡᠭᠡᠨ᠎ᠡ᠃ | 〔 ᠶᠦᠨ ᠠᠢ ᠾᠸᠥ〕 ᠵᠢᠷᠭᠤᠭ᠎ᠠ ᠳᠤ ᠲᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠭᠦ | ᠳᠠᠭᠠᠭᠤᠯᠣᠭᠴᠢ ᠠᠵᠣ ᠠᠬᠤᠶᠢᠯᠠᠯ ᠤᠨ ᠨᠡᠶᠢᠭᠡᠮᠯᠢᠭ ᠤᠨ ᠠᠵᠢᠯ ᠢ ᠨᠠᠷᠢᠨ ᠬᠢᠨᠠᠮᠠᠭᠠᠢ ᠰᠠᠶᠢᠳᠣᠷ ᠬᠢᠬᠦ ᠬᠡᠷᠡᠭᠳᠠᠢ᠃ | ᠨᠡᠶᠢᠬᠡᠮᠯᠢᠭ ᠨᠢ ᠡᠷᠬᠡᠪᠰᠢ ᠥᠷᠭᠡᠨ ᠣᠯᠠᠨ ᠬᠡᠰᠢᠭᠦᠨ ᠨᠢᠬᠡᠴᠡ ᠶᠢᠨ ᠦᠢᠯᠡᠴᠢᠯᠡᠭᠡ ᠶᠢᠨ ᠱᠠᠭᠠᠷᠳᠠᠯᠭ᠎ᠠ ᠠᠴᠠ ᠡᠭᠦᠰᠴᠤ | ᠂ ᠵᠣᠬᠢᠶᠠᠨ ᠪᠠᠶᠢᠭᠤᠯᠣᠯᠳᠠ ᠶᠢᠨ ᠪᠠᠶᠢᠭᠤᠯᠣᠯᠳᠠ᠂ ᠳᠣᠬᠠᠶᠢᠯᠠᠭᠰᠠᠨ ᠠᠵᠢᠯ ᠤᠨ ᠪᠠᠶᠢᠭᠤᠯᠣᠯᠳᠠ᠂ ᠳᠥᠷᠢᠮ | ᠳᠣᠭᠳᠠᠭᠠᠯ ᠤᠨ ᠪᠠᠶᠢᠭᠤᠯᠣᠯᠳᠠ᠂ ᠣᠪᠣᠷ ᠰᠣᠷᠳᠠᠯ ᠤᠨ ᠪᠠᠶᠢᠭᠤᠯᠣᠯᠳᠠ ᠶᠢ ᠥᠨᠡᠨᠭᠦ ᠴᠢᠩᠭᠠᠳᠬᠠᠵᠣ᠂ ᠨᠡᠶᠢᠭᠡᠮ ᠤᠨ | ᠵᠤᠬᠢᠶᠠᠨ ᠪᠠᠶᠢᠭᠤᠯᠤᠯᠳᠠ ᠶᠢᠨ ᠡᠷᠬᠡ ᠴᠢᠳᠠᠪᠤᠷᠢ ᠶᠢᠨ ᠦᠢᠯᠡᠳᠤᠯ ᠢ ᠬᠦᠢᠴᠡᠳ ᠪᠠᠳᠠᠷᠠᠭᠤᠯᠵᠦ᠂ ᠮᠠᠨ ᠤ ᠣᠷᠣᠨ ᠤ | ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠭᠦ ᠳᠠᠭᠠᠭᠤᠯᠣᠭᠴᠢ ᠠᠵᠣ ᠠᠬᠤᠶᠢᠯᠠᠯ ᠲᠠᠢ ᠬᠤᠯᠪᠣᠭᠠᠯᠠᠨ᠂ | ᠨᠡᠶᠢᠬᠡᠮ ᠤᠨ ᠡᠯ᠎ᠡ ᠡᠳᠡᠭᠡᠳ ᠤᠨ ᠬᠢᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠥ᠂ ᠵᠠᠰᠠᠭ ᠤᠨ ᠣᠷᠳᠣᠨ ᠬᠢᠵᠣ | ᠳᠡᠶᠢᠯᠭᠦ ᠥᠬᠡᠢ᠂ ᠬᠠᠷᠢᠨ ᠨᠡᠶᠢᠭᠡᠮᠯᠢᠭ ᠬᠢᠬᠦ ᠳᠤ ᠳᠥᠭᠦᠮ ᠶᠠᠪᠣᠳᠠᠯ ᠢ ᠰᠠᠶᠢᠳᠣᠷ ᠬᠢᠵᠣ᠂ ᠮᠠᠨ ᠤ ᠣᠷᠣᠨ ᠤ | ᠳᠠᠷᠢᠶᠠᠯᠠᠩ ᠮᠠᠯ ᠠᠵᠣ ᠠᠬᠤᠢ ᠶᠢ ᠠᠵᠣ ᠦᠢᠯᠡᠰᠵᠢᠭᠦᠯᠭᠦ ᠬᠦᠭᠵᠢᠯᠳᠡ ᠶᠢ ᠬᠠᠮᠳᠣᠪᠠᠷ ᠳᠥᠯᠬᠢᠨ ᠠᠬᠢᠭᠤᠯᠬᠤ | ᠬᠡᠷᠡᠭᠲᠠᠢ᠃ ᠳᠣᠣᠷᠠᠬᠢ ᠵᠢᠷᠭᠤᠭᠠᠨ ᠳᠠᠯ᠎ᠠ ᠪᠠᠷ ᠰᠢᠨ᠎ᠡ ᠰᠢᠪᠳᠥᠯᠥᠯᠳᠡ ᠶᠢ ᠪᠡᠶᠡᠯᠡᠬᠦᠯᠬᠦ ᠪᠠᠷ ᠴᠢᠷᠮᠠᠶᠢᠨ᠎ᠠ᠄ ᠨᠢᠭᠡ ᠳᠤ | ᠳᠠᠶᠢᠴᠢᠯᠠᠬᠤ ᠦᠢᠯᠡᠳᠥᠯ ᠢ ᠳᠣᠪᠣᠶᠢᠯᠭᠠᠨ᠂ ᠦᠢᠯᠡᠴᠢᠯᠡᠬᠡᠨ ᠤ ᠥᠷᠭᠡᠴᠡ ᠶᠢᠨ ᠳᠠᠯ᠎ᠠ ᠪᠠᠷ ᠰᠢᠨ᠎ᠡ ᠰᠢᠪᠳᠣᠯᠣᠯᠳᠠ ᠶᠢ | ᠪᠡᠶᠡᠯᠡᠬᠦᠯᠬᠦ ᠪᠠᠷ ᠴᠢᠷᠮᠠᠶᠢᠬᠤ ᠬᠡᠷᠡᠭᠲᠠᠢ᠃ ᠰᠢᠯᠢᠳᠡᠭ ᠰᠠᠶᠢᠨ ᠦᠢᠯᠡᠴᠢᠯᠡᠭᠡ ᠪᠠᠷ ᠳᠠᠮᠵᠢᠭᠤᠯᠣᠨ ᠴᠢᠳᠠᠬᠤ ᠶᠢᠨ | ᠳᠣᠳᠣᠷ᠎ᠠ ᠨᠡᠩ ᠤᠯᠠᠨ ᠬᠡᠰᠢᠭᠦᠨ ᠢ ᠳᠠᠳᠠᠨ ᠣᠷᠣᠭᠤᠯᠵᠣ᠂ ᠨᠡᠩ ᠣᠯᠠᠨ ᠮᠠᠯ ᠲᠠᠷᠢᠶᠠᠯᠠᠩ ᠤᠨ ᠭᠠᠷᠤᠯᠳᠠ ᠶᠢ | ᠡᠳ᠋ᠰᠢᠬᠦᠯᠬᠦ ᠨᠡᠩ ᠤᠯᠠᠨ ᠠᠵᠣ ᠠᠬᠤᠶᠢᠯᠠᠯ ᠳᠤ ᠦᠢᠯᠡᠴᠢᠯᠡᠬᠦ ᠰᠢᠨ᠎ᠡ ᠠᠷᠭ᠎ᠠ ᠵᠠᠮ ᠰᠤᠪᠢᠨ ᠰᠦᠪᠡᠭᠴᠢᠯᠡᠵᠦ᠂ | ᠡᠭᠦᠨ ᠠᠴᠠ ᠨᠡᠶᠢᠬᠡᠮᠯᠢᠭ ᠲᠤ ᠣᠷᠣᠬᠤ ᠳᠤᠷᠠᠲᠠᠢ ᠨᠡᠩ ᠤᠯᠠᠨ ᠬᠡᠰᠢᠭᠦᠳ ᠲᠤ ᠠᠰᠢᠭ ᠬᠦᠷᠳᠡᠭᠡᠬᠦ ᠬᠡᠷᠡᠭᠲᠠᠢ᠃ | ᠬᠤᠶᠠᠷ ᠲᠤ ᠨᠢᠬᠡᠳᠥᠯᠳᠠᠢ ᠳᠥᠯᠥᠪᠯᠡᠨ ᠵᠣᠬᠢᠴᠠᠭᠤᠯᠬᠤ ᠶᠢ ᠰᠠᠶᠢᠳᠣᠷ ᠠᠳᠬᠤᠵᠣ᠂ ᠦᠢᠯᠡᠴᠢᠯᠡᠬᠡᠨ ᠢ ᠵᠤᠯᠭᠠᠭᠤᠯᠬᠤ | ᠲᠠᠯ᠎ᠠ ᠪᠠᠷ ᠰᠢᠨ᠎ᠡ ᠰᠢᠪᠳᠣᠯᠣᠯᠳᠠ ᠶᠢ ᠪᠡᠶᠡᠯᠡᠬᠦᠯᠬᠦ ᠪᠠᠷ ᠴᠢᠷᠮᠠᠶᠢᠬᠤ ᠬᠡᠷᠡᠭᠲᠠᠢ᠃ ᠨᠡᠶᠢᠬᠡᠮᠯᠢᠭ ᠨᠢ ᠬᠡᠰᠢᠭᠦᠨ ᠨᠢᠭᠡᠴᠡ | ᠳᠡᠭᠡᠨ ᠣᠯᠠᠨ ᠡᠰᠢᠳᠥ ᠦᠢᠯᠡᠳᠬᠦᠨ ᠤ ᠪᠣᠷᠣᠯᠠᠭᠤᠯᠭ᠎ᠠ ᠶᠢᠨ ᠳᠠᠪᠴᠠᠩ ᠢ ᠢᠳᠡᠪᠬᠢᠳᠠᠢ ᠪᠠᠷ ᠪᠠᠶᠢᠭᠤᠯᠣᠨ ᠥᠭᠴᠥ | ᠂ ᠣᠯᠠᠨ ᠠᠷᠭ᠎ᠠ ᠵᠠᠮ ᠢᠶᠠᠷ ᠲᠦᠷᠦᠯ ᠳᠡᠮᠳᠡᠭ ᠢᠶᠠᠨ ᠳᠡᠯᠭᠡᠷᠡᠬᠦᠯᠬᠦ ᠪᠠ ᠪᠦᠳᠤᠭᠡᠭᠳᠡᠬᠦᠨ ᠢᠶᠠᠨ ᠡᠵᠡᠩᠨᠡᠨ | ᠪᠤᠷᠤᠯᠠᠭᠤᠯᠬᠤ ᠬᠡᠷᠡᠭᠲᠠᠢ᠃ ᠭᠤᠷᠪᠠ ᠳᠤ ᠬᠡᠰᠢᠬᠦᠳ ᠤᠨ ᠱᠠᠭᠠᠷᠳᠠᠯᠭ᠎ᠠ ᠶᠢ ᠬᠠᠷᠠᠭᠠᠯᠵᠠᠵᠣ᠂ ᠦᠢᠯᠡᠴᠢᠯᠡᠬᠡᠨ ᠤ | ᠴᠢᠨᠠᠷ ᠴᠢᠨᠰᠠᠭ᠎ᠠ ᠶᠢᠨ ᠳᠠᠯ᠎ᠠ ᠳᠤ ᠰᠢᠨ᠎ᠡ ᠰᠢᠪᠳᠣᠯᠣᠯᠳᠠ ᠶᠢ ᠪᠡᠶᠡᠯᠡᠬᠦᠯᠬᠦ ᠪᠠᠷ ᠴᠢᠷᠮᠠᠶᠢᠬᠤ ᠬᠡᠷᠡᠭᠲᠠᠢ᠃ | ᠨᠡᠶᠢᠬᠡᠮᠯᠢᠭ ᠨᠢ ᠬᠡᠰᠢᠭᠦᠨ ᠨᠢᠭᠡᠴᠡ ᠪᠠ ᠵᠠᠬ᠎ᠠ ᠳᠡᠯᠬᠡᠬᠦᠷ ᠯᠦᠭᠡ ᠨᠡᠪᠳᠡᠷᠡᠯᠴᠡᠬᠦ ᠪᠠ ᠵᠣᠬᠢᠴᠠᠭᠤᠯᠬᠤ ᠪᠠᠨ | ᠴᠢᠩᠭᠠᠳᠬᠠᠵᠣ᠂ ᠬᠡᠰᠢᠭᠦᠨ ᠲᠡᠭᠡᠨ ᠴᠢᠨᠠᠷᠯᠢᠭ ᠦᠢᠯᠡᠴᠢᠯᠡᠭᠡ ᠬᠠᠩᠭᠠᠨ᠂ ᠠᠵᠢᠯ ᠳᠥᠷᠥᠯ ᠤᠨ ᠪᠦᠬᠦᠯᠢ | ᠴᠣᠭᠴᠠ ᠶᠢᠨ ᠴᠢᠨᠠᠷ ᠴᠢᠨᠰᠠᠭ᠎ᠠ ᠪᠠ ᠵᠠᠬ᠎ᠠ ᠳᠡᠯᠬᠡᠬᠦᠷ ᠤᠨ ᠥᠷᠢᠰᠥᠯᠳᠥᠭᠦ ᠬᠦᠴᠦᠨ ᠢᠶᠠᠨ ᠳᠡᠭᠡᠭᠰᠢᠯᠡᠭᠦᠯᠬᠦ ᠬᠡᠷᠡᠭᠲᠠᠢ | ᠃ ᠳᠥᠷᠪᠡ ᠳᠤ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠡ ᠶᠢ ᠡᠭᠦᠳᠬᠦ ᠶᠢ ᠴᠢᠬᠤᠯᠠᠴᠢᠯᠠᠨ᠂ ᠣᠶᠣᠨ | ᠣᠷᠣᠭᠤᠯᠬᠤ ᠪᠠ ᠳᠠᠪᠳᠠᠨ ᠪᠣᠯᠪᠠᠰᠣᠷᠠᠭᠤᠯᠬᠤ ᠳᠠᠯ᠎ᠠ ᠪᠠᠷ ᠰᠢᠨ᠎ᠡ ᠰᠢᠪᠳᠣᠯᠣᠯᠳᠠ ᠶᠢ ᠪᠡᠶᠡᠯᠡᠭᠦᠯᠭᠦ ᠪᠠᠷ ᠴᠢᠷᠮᠠᠶᠢᠬᠤ | ᠬᠡᠷᠡᠭᠲᠠᠢ᠃ ᠬᠡᠰᠢᠭᠦᠨ ᠠᠵᠣ ᠠᠬᠤᠶᠢᠯᠠᠯ ᠳᠠᠭᠠᠨ ᠶᠡᠭᠡ ᠰᠤᠷᠭᠠᠭᠤᠯᠢ ᠳᠡᠭᠡᠳᠥ ᠵᠡᠷᠬᠡ ᠶᠢᠨ ᠰᠣᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠯᠤᠭ᠎ᠠ ᠬᠤᠯᠪᠣᠭᠠᠯᠠᠬᠤ ᠪᠠ ᠬᠠᠮᠳᠣᠷᠠᠯᠴᠠᠬᠤ ᠳᠠᠪᠴᠠᠩ | ᠪᠠᠶᠢᠭᠤᠯᠤᠨ ᠦᠭᠬᠦ ᠬᠡᠷᠡᠭᠲᠠᠢ︔ ᠴᠢᠭᠯᠡᠬᠦᠯᠬᠦ ᠴᠢᠨᠠᠷ ᠲᠠᠢ ᠪᠤᠯᠪᠠᠰᠤᠷᠠᠭᠤᠯᠤᠯ ᠢ ᠥᠷᠨᠢᠭᠦᠯᠵᠥ᠂ ᠬᠡᠰᠢᠭᠦᠨ ᠠᠵᠣ | ᠠᠬᠤᠶᠢᠯᠠᠯ ᠤᠨ ᠠᠵᠢᠯᠳᠠᠳ ᠤᠨ ᠴᠢᠳᠠᠪᠣᠷᠢ ᠴᠢᠨᠰᠠᠭ᠎ᠠ ᠶᠢ ᠳᠡᠭᠡᠭᠰᠢᠯᠡᠬᠦᠯᠬᠦ ᠬᠡᠷᠡᠭᠲᠠᠢ᠃ ᠳᠠᠪᠤ ᠳᠤ ᠠᠵᠢᠯ | ᠳᠥᠷᠥᠯ ᠤᠨ ᠬᠤᠪᠢᠶᠠᠷᠢ ᠨᠡᠶᠢᠬᠡᠮᠯᠢᠭ ᠤᠨ ᠪᠠᠶᠢᠭᠤᠯᠣᠯᠳᠠ ᠶᠢ ᠳᠥᠷᠭᠡᠳᠬᠡᠵᠥ᠂ ᠳᠥᠷᠢᠮ ᠳᠣᠭᠳᠠᠭᠠᠯ ᠤᠨ | ᠰᠢᠰᠲ᠋ᠧᠮᠵᠢ ᠶᠢᠨ ᠳᠠᠯ᠎ᠠ ᠪᠠᠷ ᠰᠢᠨ᠎ᠡ ᠰᠢᠪᠳᠣᠯᠣᠯᠳᠠ ᠶᠢ ᠪᠡᠶᠡᠯᠡᠭᠦᠯᠭᠦ ᠪᠠᠷ ᠴᠢᠷᠮᠠᠶᠢᠬᠤ ᠬᠡᠷᠡᠭᠲᠠᠢ᠃ ᠡᠯ᠎ᠡ ᠠᠵᠢᠯ | ᠳᠥᠷᠥᠯ ᠤᠨ ᠬᠤᠪᠢᠶᠠᠷᠢ ᠨᠡᠶᠢᠬᠡᠮᠯᠢᠭ ᠤᠨ ᠳᠥᠷᠢᠮ ᠳᠣᠭᠳᠠᠭᠠᠯ ᠢ ᠱᠠᠯᠠᠪᠬᠠᠨ ᠳᠡᠭᠦᠯᠳᠡᠷᠵᠢᠭᠦᠯᠥᠨ᠂ ᠠᠵᠢᠯ | ᠳᠥᠷᠥᠯ ᠤᠨ ᠪᠠᠷᠢᠮᠵᠢᠶ᠎ᠠ ᠳᠣᠭᠳᠠᠭᠠᠬᠤ ᠶᠢ ᠴᠢᠩᠭᠠᠳᠬᠠᠵᠣ᠂ ᠬᠠᠮᠢᠶᠠᠷᠣᠯᠳᠠ ᠶᠢᠨ ᠪᠠᠶᠢᠭᠤᠯᠣᠯ ᠤᠨ ᠳᠠᠯ᠎ᠠ ᠪᠠᠷ | ᠰᠢᠨ᠎ᠡ ᠰᠢᠪᠳᠣᠯᠣᠯᠳᠠ ᠶᠢ ᠪᠡᠶᠡᠯᠡᠭᠦᠯᠭᠦ ᠪᠠᠷ ᠴᠢᠷᠮᠠᠶᠢᠬᠤ ᠬᠡᠷᠡᠭᠲᠠᠢ᠃ ᠵᠢᠷᠭᠤᠭ᠎ᠠ ᠳᠤ ᠲᠤᠰ ᠪᠡᠶ᠎ᠡ ᠶᠢᠨ | ᠪᠠᠶᠢᠭᠤᠯᠣᠯᠳᠠ ᠶᠢ ᠴᠢᠩᠭᠠᠳᠬᠠᠵᠣ᠂ ᠰᠢᠨᠵᠢᠯᠡᠬᠦ ᠣᠬᠠᠭᠠᠨᠴᠢ ᠬᠠᠮᠢᠶᠠᠷᠣᠯᠳᠠ ᠶᠢᠨ ᠳᠠᠯ᠎ᠠ ᠪᠠᠷ ᠰᠢᠨ᠎ᠡ ᠰᠢᠪᠳᠣᠯᠣᠯᠳᠠ | ᠪᠡᠶᠡᠯᠡᠭᠦᠯᠭᠦ ᠪᠠᠷ ᠴᠢᠷᠮᠠᠶᠢᠬᠤ ᠬᠡᠷᠡᠭᠲᠠᠢ᠃ ᠬᠡᠷᠡᠭ ᠡᠷᠬᠢᠯᠡᠭᠦ ᠨᠡᠶᠢᠬᠡᠮᠯᠢᠭ ᠤᠨ ᠰᠢᠢᠳᠪᠤᠷᠢᠳᠤ ᠪᠤᠳᠤᠯᠭ᠎ᠠ | ᠳᠣᠭᠳᠠᠭᠠᠬᠤ ᠳᠣᠭᠳᠠᠴᠠ ᠶᠢ ᠪᠥᠷᠢᠨᠰᠢᠭᠦᠯᠵᠥ᠂ ᠬᠢᠨᠠᠯᠳᠠ ᠬᠠᠮᠢᠶᠠᠷᠣᠯᠳᠠ ᠪᠠᠨ ᠥᠨᠡᠨᠭᠦ ᠴᠢᠩᠭᠠᠳᠬᠠᠵᠣ᠂ ᠰᠢᠨᠵᠢᠯᠡᠬᠦ | ᠣᠬᠠᠭᠠᠨᠴᠢ ᠪᠠᠷ ᠰᠢᠢᠳᠪᠤᠷᠢᠳᠤ ᠪᠤᠳᠤᠯᠭ᠎ᠠ ᠳᠣᠭᠳᠠᠭᠠᠬᠤ ᠳᠥᠪᠰᠢᠨ ᠢᠶᠠᠨ ᠳᠠᠰᠣᠷᠠᠯᠳᠠ ᠥᠬᠡᠢ ᠳᠡᠭᠡᠭᠰᠢᠯᠡᠬᠦᠯᠬᠦ | ᠬᠡᠷᠡᠭᠲᠠᠢ᠃ | ᠳᠣᠯᠤᠭ᠎ᠠ ᠳᠤ ᠠᠵᠣ ᠦᠢᠯᠡᠰᠵᠢᠯᠳᠡ ᠶᠢᠨ ᠵᠢᠯᠣᠭᠤᠳᠣᠯᠭ᠎ᠠ᠂ ᠦᠢᠯᠡᠴᠢᠯᠡᠬᠡᠨ ᠤ ᠠᠵᠢᠯ ᠢ | ᠴᠢᠩᠭᠠᠳᠬᠠᠨ᠎ᠠ᠃ ᠳᠠᠷᠢᠶᠠᠯᠠᠩ ᠮᠠᠯ ᠠᠵᠣ ᠠᠬᠤᠢ ᠶᠢᠨ ᠠᠵᠣ ᠦᠢᠯᠡᠰᠵᠢᠯᠳᠡ ᠶᠢᠨ ᠳᠤᠭ᠎ᠠ ᠪᠦᠷᠢᠳᠭᠡᠯ ᠤᠨ | ᠠᠵᠢᠯ ᠢ ᠴᠢᠩᠭᠠᠳᠬᠠᠵᠣ᠂ ᠭᠤᠣᠯᠳᠠᠯᠭᠠᠳᠣ ᠳᠠᠭᠠᠭᠤᠯᠣᠭᠴᠢ ᠠᠵᠣ ᠠᠬᠤᠶᠢᠯᠠᠯ ᠢ ᠮᠠᠭᠠᠳᠯᠠᠨ ᠳᠣᠭᠳᠠᠭᠠᠵᠣ ᠬᠢᠨᠠᠨ | ᠬᠡᠮᠵᠢᠬᠦ ᠳᠥᠷᠢᠮ ᠢ ᠳᠡᠭᠦᠯᠳᠡᠷᠵᠢᠭᠦᠯᠣᠨ᠂ ᠥᠪᠡᠷᠳᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠭᠤᠤᠯᠳᠠᠯᠭᠠᠳᠤ | ᠳᠠᠭᠠᠭᠤᠯᠣᠭᠴᠢ ᠠᠵᠣ ᠠᠬᠤᠶᠢᠯᠠᠯ ᠤᠨ ᠠᠵᠣ ᠠᠬᠤᠢ ᠶᠢᠨ ᠠᠵᠢᠯᠯᠠᠭ᠎ᠠ ᠶᠢ ᠰᠢᠭᠤᠳ ᠮᠡᠳᠡᠭᠦᠯᠭᠦ ᠳᠥᠷᠢᠮ ᠢ | ᠪᠠᠶᠢᠭᠤᠯᠵᠣ᠂ ᠪᠠᠶᠢᠴᠠᠭᠠᠨ ᠰᠣᠳᠣᠯᠬᠤ ᠠᠵᠢᠯ ᠢ ᠴᠢᠩᠭᠠᠳᠬᠠᠨ᠂ ᠠᠵᠢᠯ ᠳᠥᠷᠥᠯ ᠤᠨ ᠬᠦᠭᠵᠢᠯᠳᠡ ᠶᠢᠨ ᠪᠠᠶᠢᠳᠠᠯ ᠢ | ᠮᠥᠷᠳᠡᠭᠦ ᠪᠠ ᠰᠣᠳᠣᠯᠣᠨ ᠮᠠᠭᠠᠳᠯᠠᠵᠣ᠂ ᠴᠢᠭᠯᠡᠬᠦᠯᠬᠦ ᠴᠢᠨᠠᠷ ᠲᠠᠢ ᠠᠵᠢᠯ ᠤᠨ ᠠᠷᠭ᠎ᠠ ᠪᠠᠷᠢᠯ ᠳᠣᠷᠠᠳᠣᠨ᠂ | ᠵᠠᠰᠠᠭ ᠤᠨ ᠣᠷᠳᠣᠨ ᠠᠴᠠ ᠬᠤᠷᠸ᠎ᠠ ᠳᠣᠬᠢᠷᠠᠭᠤᠯᠬᠤ ᠪᠠ ᠳᠥᠷᠥ ᠶᠢᠨ ᠪᠣᠳᠣᠯᠭ᠎ᠠ ᠳᠣᠭᠳᠠᠭᠠᠬᠤ ᠳᠤ ᠡᠰᠢ ᠪᠠᠷᠢᠮᠳᠠ | ᠬᠠᠩᠭᠠᠵᠣ ᠥᠭᠭᠦᠨ᠎ᠡ᠃ ᠡᠳ᠋ ᠤᠨ ᠵᠠᠰᠠᠭ ᠭᠠᠶᠢᠯᠢ᠂ ᠮᠥᠩᠭᠦᠨ ᠬᠦᠢᠯᠬᠡᠬᠡ ᠵᠡᠷᠬᠡ ᠶᠢᠨ ᠳᠣᠬᠠᠢ ᠳᠥᠷᠥ ᠶᠢᠨ | ᠪᠣᠳᠣᠯᠭ᠎ᠠ ᠶᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠳᠤᠷᠠᠨ ᠨᠠᠷᠢᠨ ᠬᠢᠨᠠᠮᠠᠭᠠᠢ ᠰᠣᠳᠣᠯᠵᠣ᠂ ᠠᠵᠣ | ᠦᠢᠯᠡᠰᠵᠢᠭᠦᠯᠭᠦ ᠶᠢ ᠳᠡᠳᠭᠦᠭᠦ ᠡᠷᠴᠢᠮ ᠢᠶᠠᠨ ᠴᠢᠩᠭᠠᠷᠠᠭᠤᠯᠣᠨ᠎ᠠ᠃ | 〔 ᠶᠦᠨ ᠠᠢ ᠾᠸᠥ〕 ᠨᠠᠢᠮᠠ ᠳᠤ ᠳᠥᠷᠥ ᠶᠢᠨ ᠪᠣᠳᠣᠯᠭ᠎ᠠ ᠪᠠᠷ ᠲᠡᠳᠬᠦᠬᠦ ᠶᠢ ᠨᠡᠮᠡᠭᠳᠡᠭᠦᠯᠥᠨ᠂ ᠳᠡᠳᠭᠦᠭᠦ ᠠᠷᠭ᠎ᠠ | ᠬᠡᠯᠪᠡᠷᠢ ᠶᠢ ᠲᠡᠭᠦᠯᠳᠡᠷᠵᠢᠬᠦᠯᠤᠨ᠎ᠠ᠃ ᠨᠢᠬᠡ ᠳᠤ ᠳᠠᠷᠢᠶᠠᠯᠠᠩ ᠮᠠᠯ ᠠᠵᠣ ᠠᠬᠤᠢ ᠶᠢᠨ ᠬᠠᠮᠢᠶ᠎ᠠ ᠲᠠᠢ ᠳᠡᠳᠭᠦᠮᠵᠢ ᠶᠢᠨ | ᠪᠡᠯᠡ ᠮᠥᠩᠭᠦ ᠶᠢ ᠢᠳᠡᠪᠬᠢᠳᠠᠢ ᠪᠠᠷ ᠨᠡᠶᠢᠯᠡᠬᠦᠯᠬᠦ ᠪᠠ ᠨᠢᠬᠡᠳᠥᠯᠳᠠᠢ ᠳᠥᠯᠥᠪᠯᠡᠨ᠂ ᠠᠵᠣ ᠦᠢᠯᠡᠰᠵᠢᠯᠳᠡ ᠶᠢᠨ | ᠤᠷᠤᠭᠤᠯᠤᠯᠳᠠ ᠶᠢᠨ ᠡᠷᠴᠢᠮ ᠢ ᠴᠢᠩᠭᠠᠷᠠᠭᠤᠯᠵᠣ᠂ ᠠᠬᠢᠯᠳᠠ ᠶᠢᠨ ᠬᠠᠮᠳᠣ ᠶᠢᠨ ᠬᠦᠴᠦ ᠶᠢ ᠪᠥᠷᠢᠯᠳᠥᠭᠦᠯᠥᠨ᠎ᠡ᠃ | ᠬᠤᠶᠠᠷ ᠲᠤ ᠳᠡᠳᠭᠦᠭᠦ ᠠᠷᠭ᠎ᠠ ᠬᠡᠯᠪᠡᠷᠢ ᠪᠠᠨ ᠥᠭᠡᠷᠡᠴᠢᠯᠡᠨ ᠰᠠᠶᠢᠵᠢᠷᠠᠭᠤᠯᠤᠨ᠎ᠠ᠃ ᠰᠢᠭᠤᠳ ᠨᠦᠬᠦᠪᠤᠷᠢ ᠶᠢ | ᠪᠠᠭᠠᠰᠬᠠᠵᠣ᠂ ᠳᠠᠭᠠᠭᠠᠯᠳᠠ ᠬᠢᠬᠦ᠂ ᠳᠠᠮ ᠬᠦᠦ ᠮᠥᠩᠭᠦ ᠥᠭᠭᠦ᠂ ᠳᠥᠭᠰᠢᠭᠦᠷᠢ ᠶᠢᠨ ᠨᠥᠭᠦᠪᠥᠷᠢ ᠥᠭᠭᠦ᠂ ᠬᠤᠪᠢ | ᠣᠷᠣᠬᠤ ᠵᠡᠷᠬᠡ ᠠᠷᠭ᠎ᠠ ᠬᠡᠯᠪᠡᠷᠢ ᠶᠢ ᠤᠯᠠᠨ ᠬᠡᠷᠡᠭᠯᠡᠵᠦ᠂ ᠵᠠᠬ᠎ᠠ ᠳᠡᠯᠬᠡᠬᠦᠷ ᠤᠨ ᠡᠳ᠋ ᠪᠠᠶᠠᠯᠢᠭ ᠢ ᠨᠢᠭᠳᠠᠷᠠᠭᠤᠯᠬᠤ | ᠦᠢᠯᠡᠳᠥᠯ ᠢ ᠬᠦᠢᠴᠡᠳ ᠪᠠᠳᠠᠷᠠᠭᠤᠯᠤᠨ᠎ᠠ᠃ ᠳᠠᠷᠢᠶᠠᠯᠠᠩ ᠮᠠᠯ ᠠᠵᠣ ᠠᠬᠤᠢ ᠶᠢᠨ ᠪᠡᠯᠡ ᠲᠤᠬᠢᠷᠠᠭᠤᠯᠭ᠎ᠠ ᠶᠢᠨ | ᠪᠠᠳᠤᠯᠠᠭ᠎ᠠ ᠶᠢᠨ ᠺᠣᠮᠫᠠᠨᠢ ᠶᠢ ᠪᠠᠶᠢᠭᠤᠯᠬᠤ ᠠᠯᠬᠤᠴᠠ ᠪᠠᠨ ᠳᠥᠷᠬᠡᠳᠬᠡᠨ᠂ ᠥᠳᠳᠡᠷ ᠳᠥᠷᠬᠡᠨ ᠠᠵᠢᠯᠯᠠᠭᠠᠨ ᠳᠤ | ᠤᠷᠤᠯᠴᠠᠭᠤᠯᠬᠤ ᠪᠠᠷ ᠴᠢᠷᠮᠠᠶᠢᠵᠦ᠂ ᠳᠠᠭᠠᠭᠤᠯᠣᠭᠴᠢ ᠠᠵᠣ ᠠᠬᠤᠶᠢᠯᠠᠯ ᠳᠤ ᠪᠡᠯᠡ ᠳᠣᠬᠢᠷᠠᠭᠤᠯᠭ᠎ᠠ ᠶᠢᠨ ᠪᠠᠳᠤᠯᠠᠭ᠎ᠠ | ᠶᠢᠨ ᠦᠢᠯᠡᠴᠢᠯᠡᠭᠡ ᠬᠠᠩᠭᠠᠵᠣ ᠥᠭᠭᠦᠨ᠎ᠡ᠃ ᠭᠤᠷᠪᠠ ᠳᠤ ᠳᠥᠷᠥᠯ ᠵᠦᠢᠯ ᠢ ᠬᠢᠨᠠᠨ ᠪᠠᠶᠢᠴᠠᠭᠠᠬᠤ ᠪᠠ | ᠨᠠᠶᠢᠳᠠᠪᠣᠷᠢᠵᠢᠭᠤᠯᠬᠤ ᠡᠷᠴᠢᠮ ᠢᠶᠠᠨ ᠴᠢᠩᠭᠠᠷᠠᠭᠤᠯᠵᠣ᠂ ᠳᠥᠷᠥᠯ ᠵᠦᠢᠯ ᠤᠨ ᠬᠡᠷᠡᠭᠵᠢᠭᠦᠯᠤᠯᠳᠡ ᠶᠢᠨ ᠥᠷ᠎ᠡ | ᠪᠥᠳᠥᠮᠵᠢ ᠪᠠ ᠪᠡᠯᠡ ᠮᠥᠩᠭᠦ ᠶᠢᠨ ᠨᠠᠶᠢᠳᠠᠪᠤᠵᠢᠭᠤᠯᠤᠯᠳᠠ ᠶᠢᠨ ᠪᠠᠶᠢᠳᠠᠯ ᠢ ᠮᠥᠷᠳᠡᠨ ᠪᠠᠶᠢᠴᠠᠭᠠᠵᠣ᠂ ᠳᠥᠷᠥᠯ | ᠵᠦᠢᠯ ᠤᠨ ᠪᠥᠳᠥᠬᠡᠨ ᠪᠠᠶᠢᠭᠤᠯᠣᠯᠳᠠ ᠶᠢᠨ ᠪᠣᠳᠠᠳᠣ ᠥᠷ᠎ᠡ ᠪᠥᠳᠥᠮᠵᠢ ᠤᠯᠬᠤ ᠶᠢ ᠪᠠᠳᠣᠯᠠᠨ᠎ᠠ᠃ | 〔 ᠬᠦᠳᠥᠯᠥᠭᠴᠢ〕 ᠵᠠ᠂ ᠶᠦᠨ ᠲᠢᠩᠬᠢᠮ ᠤᠨ ᠳᠠᠷᠤᠭ᠎ᠠ ᠶᠢᠨ ᠬᠠᠯᠠᠰᠢᠷᠠᠯ ᠥᠬᠡᠢ ᠳᠠᠶᠢᠯᠪᠣᠷᠢᠯᠠᠯᠳᠠ ᠬᠢᠭᠰᠡᠨ ᠳᠤ | ᠶᠡᠭᠡ ᠲᠠᠯᠠᠷᠬᠠᠵᠦ ᠪᠠᠶᠢᠨ᠎ᠠ᠂ ᠮᠥᠨᠴᠥ ᠮᠠᠨ ᠤ ᠣᠷᠣᠨ ᠤ ᠳᠠᠷᠢᠶᠠᠯᠠᠩ ᠮᠠᠯ ᠠᠵᠤ ᠠᠬᠤᠢ ᠶᠢ ᠠᠵᠤ ᠦᠢᠯᠡᠰᠵᠢᠭᠦᠯᠭᠦ | ᠬᠦᠭᠵᠢᠯᠳᠡ ᠶᠢᠨ ᠨᠡᠩ ᠥᠨᠳᠥᠷ ᠠᠮᠵᠢᠯᠳᠠ ᠣᠯᠬᠤ ᠶᠢ ᠬᠦᠰᠡᠨ ᠢᠷᠥᠬᠡᠶᠡ᠃ ᠥᠷᠬᠡᠨ ᠣᠯᠠᠨ ᠰᠥᠯᠵᠢᠶᠡᠨ ᠠᠨᠳᠠ | ᠨᠠᠷ ᠤᠨ ᠬᠦᠯᠢᠶᠡᠨ ᠠᠪᠴᠥ ᠥᠵᠡᠭᠰᠡᠨ ᠳᠤ ᠲᠠᠯᠠᠷᠬᠠᠵᠦ ᠪᠠᠶᠢᠨ᠎ᠠ᠂ ᠳᠣᠰ ᠣᠳᠠᠭᠠᠨ ᠤ ᠰᠣᠷᠪᠣᠯᠵᠢᠯᠠᠭ᠎ᠠ ᠠᠳᠡ | ᠬᠦᠷᠥᠬᠡᠳ ᠦᠨᠳᠤᠷᠯᠡᠯᠡ᠂ ᠳᠠᠷᠠᠭᠠᠴᠢ ᠶᠢᠨ ᠫᠷᠤᠭ᠍ᠷᠠᠮ ᠳᠤ ᠪᠠᠶᠠᠷᠳᠠᠢ ᠵᠣᠯᠭᠠᠶ᠎ᠠ ︕ |