ᠭᠠᠰ ᠪᠤᠯ ᠨᠢᠭᠡ ᠵᠥᠢᠯ ᠤᠨ ᠥᠡᠭᠭᠡ ᠥᠭᠡᠢ᠂ ᠥᠨᠥᠷ ᠥᠭᠡᠢ᠂ ᠠᠮᠠᠷᠬᠠᠨ ᠨᠤᠴᠤᠵᠤ᠂ ᠠᠮᠠᠷᠬᠠᠨ | ᠲᠡᠯᠪᠡᠷᠡᠳᠡᠭ ᠭᠡᠢ ᠪᠡᠶᠡᠳᠤ ᠪᠤᠯᠤᠨ᠎ᠠ᠃ ᠭᠡᠷᠪᠡ ᠠᠭᠠᠷ ᠲᠤᠳᠤᠷ᠎ᠠ ᠭᠠᠰ ᠤᠨ ᠥᠳᠭᠡᠴᠡ ᠨᠢ 5.5% ᠠᠴᠠ | 16%ᠪᠤᠯᠬᠤ ᠥᠶᠡᠰ᠂ ᠢᠯᠡ ᠭᠠᠯ ᠲᠠᠢ ᠪᠠᠶᠢᠳᠠᠯ ᠲᠤᠤᠷ᠎ᠠ ᠲᠡᠷᠤᠢ ᠲᠡᠯᠪᠡᠷᠡᠳᠡᠭ᠃ ᠭᠠᠰ ᠲᠡᠯᠪᠡᠷᠡᠪᠡᠯ ᠥᠨᠳᠥᠷ | ᠬᠠᠯᠠᠭᠤᠨ᠂ ᠥᠨᠳᠥᠷ ᠲᠠᠷᠤᠯᠳᠠ᠂ ᠲᠠᠭᠠᠷᠢᠯᠳᠠ ᠲᠤᠯᠬᠢᠶᠠᠨ ᠢ ᠪᠤᠢ ᠪᠤᠯᠭᠠᠬᠤ ᠮᠥᠷᠳᠡᠭᠡᠨ ᠬᠤᠤᠷ ᠲᠠᠢ ᠭᠡᠢ | ᠪᠡᠶᠡᠳᠤ ᠶᠢ ᠭᠠᠷᠭᠠᠳᠠᠭ᠃ | ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ | ●ᠭᠠᠰ ᠲᠡᠯᠪᠡᠷᠡᠬᠦ ᠶᠢ ᠰᠤᠨᠤᠰᠬᠤ ᠪᠤᠶᠤ ᠥᠵᠡᠭᠰᠡᠨ ᠥᠶᠡᠰ᠂ ᠲᠡᠯᠪᠡᠷᠡᠭᠰᠡᠨ ᠭᠠᠵᠠᠷ ᠤᠨ ᠡᠰᠡᠷᠬᠦ | ᠵᠥᠭ ᠲᠤ ᠲᠡᠷᠦ᠋ᠢᠬᠠᠨ ᠭᠠᠵᠠᠷ ᠭᠡᠪᠳᠡᠵᠤ᠂ ᠤᠢᠢᠷᠠᠬᠠᠨ ᠤᠰᠤ ᠪᠠᠶᠢᠪᠠᠯ᠂ ᠤᠰᠤᠨ ᠲᠤᠳᠤᠷ᠎ᠠ ᠲᠡᠭᠡᠭᠰᠢ ᠬᠠᠨᠳᠤᠬᠤ | ᠪᠤᠶᠤ ᠬᠠᠵᠠᠭᠤᠯᠳᠠᠨ ᠭᠡᠪᠳᠡᠵᠤ᠂ ᠨᠦᠢᠳᠠᠨ ᠠᠯᠴᠢᠭᠤᠷ ᠢᠶᠠᠷ ᠠᠮᠠ ᠬᠠᠮᠠᠷ ᠢᠶᠠᠨ ᠪᠢᠳᠡᠬᠦᠯᠡᠬᠦ ᠭᠡᠷᠡᠭᠳᠡᠢ᠃ | | ●ᠲᠡᠯᠪᠡᠷᠡᠯᠳᠡ ᠶᠢᠨ ᠲᠥᠪ ᠠᠴᠠ ᠨᠡᠯᠢᠶᠡᠳ ᠤᠢᠢᠷᠠᠬᠠᠨ ᠪᠠᠶᠢᠭ᠎ᠠ ᠬᠥᠮᠥᠰ ᠲᠡᠭᠡᠷ᠎ᠡ ᠲᠤᠷᠠᠳᠤᠭᠰᠠᠨ | ᠥᠪᠡᠷ ᠢ ᠪᠠᠨ ᠠᠪᠤᠷᠠᠬᠤ ᠠᠷᠭ᠎ᠠ ᠭᠡᠮᠵᠢᠶ᠎ᠡ ᠶᠢ ᠠᠪᠤᠭᠰᠠᠨ ᠤ ᠪᠠᠨ ᠲᠠᠷᠠᠭ᠎ᠠ᠂ ᠲᠤᠬᠠᠢ ᠶᠢᠨ ᠲᠠᠯᠠᠪᠤᠷ ᠠᠴᠠ | ᠱᠠᠯᠠᠪᠬᠠᠨ ᠵᠠᠶᠢᠯᠠᠵᠤ᠂ ᠬᠤᠶᠠᠷᠳᠡᠬᠢ ᠲᠡᠯᠪᠡᠷᠡᠯᠳᠡ ᠠᠴᠠ ᠰᠡᠷᠭᠡᠶᠢᠯᠡᠨ᠎ᠡ᠃ | ●ᠭᠠᠰ ᠲᠡᠯᠪᠡᠷᠡᠭᠰᠡᠨ ᠤ ᠲᠠᠷᠠᠭ᠎ᠠ᠂ ᠡ᠊ᠨᠳᠡᠯ ᠭᠠᠷᠤᠭᠰᠠᠨ ᠭᠠᠵᠠᠷ ᠲᠤ ᠨᠡᠪᠳᠡᠷᠡᠬᠦ ᠴᠠᠬᠢᠯᠭᠠᠨ ᠤ | ᠢᠷᠡᠯᠳᠡ ᠶᠢ ᠲᠡᠷᠦ᠋ᠢᠬᠠᠨ ᠲᠠᠰᠤᠳᠠᠵᠤ᠂ ᠲᠥᠷᠭᠡᠨ ᠰᠠᠯᠬᠢ ᠨᠡᠪᠳᠡᠷᠡᠬᠦᠯᠵᠤ᠂ ᠠᠷᠭ᠎ᠠ ᠰᠥᠪᠡᠭᠴᠢᠯᠡᠨ ᠢᠯᠡ ᠭᠠᠯ ᠪᠠ | ᠥᠯᠡᠳᠡᠪᠥᠷᠢ ᠭᠠᠯ ᠢ ᠤᠨᠳᠠᠷᠠᠭᠠᠵᠤ᠂ ᠲᠡᠬᠢᠨᠳᠠ ᠲᠡᠯᠪᠡᠷᠡᠬᠦ ᠠᠴᠠ ᠰᠡᠷᠭᠡᠶᠢᠯᠡᠬᠦ ᠭᠡᠷᠡᠭᠳᠡᠢ᠃ ᠠᠮᠢ ᠥᠯᠡᠳᠡᠭᠰᠡᠨ | ᠬᠥᠮᠥᠨ ᠪᠥᠬᠦᠨ ᠡ᠊ᠨᠳᠡᠯ ᠭᠠᠷᠤᠭᠰᠠᠨ ᠤ ᠰᠡᠬᠦᠯᠡᠷ ᠠᠶᠤᠯᠳᠠᠢ ᠤᠷᠤᠨ ᠠᠴᠠ ᠡᠮᠬᠢ ᠲᠠᠷᠠᠭ᠎ᠠ ᠲᠠᠢ ᠪᠠᠷ ᠰᠢᠯᠵᠢᠬᠦ | ᠭᠡᠷᠡᠭᠳᠡᠢ᠃ | ●ᠨᠡᠬᠦᠷᠡᠰᠥᠳᠦ᠋ᠷᠥᠭᠴᠢ ᠶᠢᠨ ᠲᠠᠩ ᠢᠰᠥᠯ ᠳᠤ ᠬᠤᠤᠷᠳᠠᠭᠳᠠᠭᠰᠠᠳ ᠢ ᠱᠠᠯᠠᠪᠬᠠᠨ ᠰᠠᠯᠬᠢ ᠰᠠᠶᠢᠳᠠᠢ | ᠠᠮᠤᠷ ᠲᠥᠪᠰᠢᠨ ᠭᠠᠵᠠᠷ ᠲᠤ ᠰᠢᠯᠵᠢᠭᠦᠯᠦᠨ᠎ᠡ᠃ | ᠲᠤᠰᠬᠠᠢ ᠮᠡᠷᠭᠡᠵᠢᠯᠳᠡᠨ ᠤ ᠰᠠᠨᠠᠭᠤᠯᠤᠮᠵᠢ | ◇ᠠᠭᠤᠷᠬᠠᠢ ᠶᠢᠨ ᠬᠤᠳᠳᠤᠭ ᠲᠤ ᠰᠠᠯᠬᠢ ᠰᠠᠶᠢᠳᠤᠷ ᠨᠡᠪᠳᠡᠷᠡᠬᠦᠯᠵᠤ᠂ ᠤᠯᠠᠨ ᠵᠥᠢᠯ ᠤᠨ ᠰᠠᠯᠬᠢ | ᠨᠡᠪᠳᠡᠷᠡᠬᠦᠯᠬᠦ ᠠᠷᠭ᠎ᠠ ᠭᠡᠮᠵᠢᠶ᠎ᠡ ᠶᠢ ᠭᠡᠷᠡᠭᠯᠡᠵᠤ᠂ ᠬᠤᠳᠳᠤᠭ ᠲᠠᠬᠢ ᠭᠠᠰ ᠤᠨ ᠭᠡᠮᠵᠢᠶ᠎ᠡ ᠶᠢ ᠲᠤᠭᠳᠠᠭᠠᠭᠰᠠᠨ | ᠠᠭᠤᠯᠤᠭᠳᠠᠴᠠ ᠠᠴᠠ ᠭᠡᠳᠥᠷᠡᠬᠦᠯᠬᠦ ᠥᠭᠡᠢ ᠪᠠᠶᠢᠬᠤ ᠶᠢ ᠪᠠᠳᠤᠯᠠᠵᠤ᠂ ᠪᠠᠶᠢᠴᠠᠭᠠᠬᠤ ᠲᠥᠷᠢᠮ ᠢ ᠴᠢᠩᠭᠠᠷᠠᠭᠤᠯᠬᠤ | ᠭᠡᠷᠡᠭᠳᠡᠢ᠂ ᠭᠠᠰ ᠲᠤᠤᠷ᠎ᠠ ᠠᠭᠤᠷᠬᠠᠢ ᠶᠢᠨ ᠬᠤᠳᠳᠤᠭ ᠲᠤ ᠪᠤᠯ ᠡᠭᠡᠯᠵᠢ ᠪᠥᠷᠢ ᠠᠯᠢ ᠴᠥᠭᠡᠨ ᠳᠡᠭᠡᠨ ᠬᠤᠶᠠᠷ | ᠤᠳᠠᠭ᠎ᠠ ᠪᠠᠶᠢᠴᠠᠭᠠᠵᠤ᠂ ᠭᠠᠰ ᠥᠨᠳᠥᠷ ᠠᠭᠤᠷᠬᠠᠢ ᠶᠢᠨ ᠬᠤᠳᠳᠤᠭ ᠲᠤ ᠪᠤᠯ ᠡᠭᠡᠯᠵᠢ ᠪᠥᠷᠢ ᠠᠯᠢ ᠴᠥᠭᠡᠨ ᠳᠡᠭᠡᠨ | 3 ᠤᠳᠠᠭ᠎ᠠ ᠪᠠᠶᠢᠴᠠᠭᠠᠨ᠎ᠠ᠃ | ◇ᠬᠤᠳᠳᠤᠭ ᠲᠤ ᠪᠠᠭᠤᠬᠤ ᠳᠤ ᠲᠡᠮᠡᠬᠢ᠂ ᠨᠤᠴᠤᠭᠠᠯᠭ᠎ᠠ ᠡᠳ᠋ ᠠᠪᠴᠤ ᠤᠷᠤᠬᠤ ᠶᠢ ᠴᠠᠭᠠᠵᠠᠯᠠᠨ᠎ᠠ᠂ | ᠴᠠᠬᠢᠯᠭᠠᠨ ᠵᠤᠤᠬ᠎ᠠ ᠪᠤᠯᠤᠨ ᠴᠠᠬᠢᠯᠭᠠᠨ ᠳ᠋ᠧᠩ ᠢᠶᠠᠷ ᠲᠤᠯᠠᠭᠠᠴᠠᠵᠤ ᠪᠤᠯᠬᠤ ᠥᠭᠡᠢ᠃ ᠬᠤᠳᠳᠤᠭ ᠲᠤ ᠪᠠᠭᠤᠬᠤ | ᠳᠤ ᠥᠪᠡᠷ ᠤᠨ ᠠᠪᠤᠷᠠᠬᠤ ᠭᠡᠷᠡᠭᠰᠡᠯ ᠢᠶᠠᠨ ᠠᠪᠴᠤ ᠤᠷᠤᠬᠤ ᠭᠡᠷᠡᠭᠳᠡᠢ᠃ |