ᠪᠤᠵᠠᠷ ᠰᠤᠮᠤ ᠶᠢᠨ ᠲᠤᠬᠠᠢ ᠮᠡᠳᠡᠯᠭᠡ
ᠨᠡᠶᠢᠲᠡᠯᠡᠭᠰᠡᠨ ᠴᠠᠭ᠄
2015-03-02
     ᠪᠤᠵᠠᠷ ᠰᠤᠮᠤ ᠶᠢᠨ ᠰᠢᠨᠵᠢᠯᠡᠭᠡᠨ ᠤ ᠨᠡᠷ᠎ᠡ ᠨᠢ ︽ᠰᠠᠴᠤᠷᠠᠭ ᠲᠠᠷᠬᠠᠭᠠᠳᠠᠭ ᠲᠤᠨᠤᠭᠯᠠᠯ︾ ᠭᠡᠳᠡᠭ᠂ ᠲᠡᠷᠡ ᠨᠢ ᠨᠢᠭᠡ ᠵᠥᠢᠯ ᠤᠨ ᠰᠠᠴᠤᠷᠠᠭ ᠪᠤᠳᠠᠰ ᠢ ᠥᠷᠭᠡᠨ ᠬᠡᠪᠴᠢᠶ᠎ᠡ ᠪᠠᠷ ᠲᠡᠷᠬᠠᠭᠠᠳᠠᠭ ᠵᠡᠪᠰᠡᠭ ᠪᠤᠯᠤᠨ᠎ᠠ᠃ ᠲᠡᠭᠡᠬᠦ ᠳᠡᠭᠡᠨ ᠴᠥᠮ᠎ᠡ ᠶᠢᠨ ᠲᠡᠯᠪᠡᠷᠡᠯᠳᠡ ᠡᠬᠦᠰᠭᠡᠳᠡᠭ ᠥᠭᠡᠢ᠃ ᠪᠤᠵᠠᠷ ᠰᠤᠮᠤ ᠲᠡᠯᠪᠡᠷᠡᠭᠰᠡᠨ ᠤ ᠰᠡᠬᠦᠯᠡᠷ᠂ ᠰᠠᠴᠤᠷᠠᠭ ᠴᠢᠨᠠᠷᠳᠠᠢ ᠮᠥᠬᠦᠯᠢᠭ ᠢ ᠥᠷᠭᠡᠨ ᠢᠶᠠᠷ ᠲᠡᠷᠬᠠᠭᠠᠵᠤ᠂ ᠬᠥᠮᠥᠰ ᠤᠨ ᠪᠡᠶ᠎ᠡ ᠮᠠᠬᠠᠪᠤᠳ ᠢ ᠬᠤᠤᠷᠳᠠᠭᠤᠯᠳᠠᠭ ᠪᠠᠶᠢᠨ᠎ᠠ᠃                ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ                ●ᠪᠤᠵᠠᠷ ᠰᠤᠮᠤᠨ ᠤ ᠲᠠᠭᠠᠷᠢᠯᠳᠠ ᠳᠤ ᠤᠴᠠᠷᠠᠬᠤ ᠥᠶᠡᠰ᠂ ᠲᠡᠷᠦ᠋ᠢᠬᠠᠨ ᠡᠷᠥᠭᠡ ᠭᠡᠷ᠂ ᠬᠠᠮᠤᠭ  ᠤᠨ ᠰᠠᠶᠢᠨ ᠨᠢ ᠨᠥᠭᠡᠨ ᠭᠡᠷ ᠲᠤ ᠨᠢᠭᠤᠨ ᠲᠠᠯᠳᠠᠯᠠᠵᠤ᠂ ᠡᠬᠦᠳᠡ ᠴᠤᠩᠬᠤ ᠪᠠ ᠪᠤᠰᠤᠳ ᠰᠠᠯᠬᠢ ᠨᠡᠪᠳᠡᠷᠡᠬᠦ ᠰᠢᠰᠲ᠋ᠧᠮ ᠢ ᠨᠢᠭᠳᠠ ᠬᠠᠭᠠᠵᠤ ᠪᠢᠳᠡᠬᠦᠮᠵᠢᠯᠡᠵᠤ᠂ ᠠᠮᠤᠷ ᠲᠥᠪᠰᠢᠨ ᠢᠶᠠᠷ ᠵᠠᠶᠢᠯᠠᠵᠤ ᠴᠢᠳᠠᠬᠤ ᠥᠶᠡᠰ ᠲᠡᠷᠦ᠋ᠢᠬᠠᠨ ᠭᠠᠷᠴᠤ   ᠵᠠᠶᠢᠯᠠᠨ᠎ᠠ᠃                ●ᠲᠡᠯᠪᠡᠷᠡᠯᠳᠡ ᠶᠢᠨ ᠤᠷᠤᠨ ᠠᠴᠠ ᠬᠤᠯᠠ  ᠵᠠᠶᠢᠯᠠᠨ᠎ᠠ᠃ ᠰᠠᠴᠤᠷᠠᠭ ᠮᠥᠬᠦᠯᠢᠭ ᠨᠢ ᠰᠠᠯᠬᠢ ᠤᠷᠤᠭᠤ  ᠲᠠᠷᠬᠠᠭᠠᠳᠠᠭ ᠪᠤᠯᠬᠤᠷ ᠪᠤᠯᠤᠯᠴᠠᠭ᠎ᠠ ᠲᠠᠢ ᠪᠤᠯ ᠰᠠᠯᠬᠢᠨ ᠤ ᠲᠡᠭᠡᠷ᠎ᠡ ᠲᠡᠯ᠎ᠠ ᠳᠤ ᠭᠠᠷᠬᠤ ᠶᠢ ᠠᠩᠬᠠᠷᠤᠨ᠎ᠠ      ●ᠭᠡᠷᠪᠡ ᠪᠠᠶᠠᠨ ᠲᠡᠭᠡᠷ᠎ᠡ ᠪᠤᠬᠢᠷᠳᠤᠭᠰᠠᠨ ᠪᠤᠯ ᠲᠡᠷᠦ᠋ᠢᠬᠠᠨ ᠪᠤᠬᠢᠷᠳᠤᠭᠰᠠᠨ ᠬᠤᠪᠴᠠᠰᠤ ᠬᠤᠨᠠᠷ  ᠢᠶᠠᠨ ᠲᠡᠶᠢᠯᠵᠤ᠂ ᠰᠠᠪᠤᠩ ᠢᠶᠠᠷ ᠪᠥᠬᠦ ᠪᠡᠶ᠎ᠡ ᠪᠠᠨ ᠬᠥᠢᠴᠡᠳ ᠤᠬᠢᠶᠠᠨ ᠴᠡᠪᠡᠷᠯᠡᠬᠦ ᠭᠡᠷᠡᠭᠳᠡᠢ᠃      ●ᠪᠤᠬᠢᠷᠳᠤᠭᠰᠠᠨ ᠢᠳᠡᠭᠡᠨ᠂ ᠪᠤᠬᠢᠷᠳᠤᠭᠰᠠᠨ ᠤᠮᠳᠠᠭᠠᠨ ᠢ ᠢᠳᠡᠵᠤ ᠤᠤᠭᠤᠬᠤ ᠥᠭᠡᠢ ᠪᠠᠶᠢᠵᠤ᠂  ᠰᠠᠴᠤᠷᠠᠭ ᠪᠤᠳᠠᠰ ᠲᠡᠮ ᠢᠶᠠᠷ ᠰᠢᠩᠭᠡᠬᠦ ᠶᠢ ᠰᠡᠷᠭᠡᠶᠢᠯᠡᠬᠦ ᠭᠡᠷᠡᠭᠳᠡᠢ᠃                ●ᠪᠤᠬᠢᠷᠳᠤᠯ ᠳᠤ ᠤᠴᠠᠷᠠᠭᠰᠠᠨ ᠪᠤᠯ ᠢᠯᠡᠬᠦᠭᠡᠨ ᠤᠰᠤ ᠤᠤᠭᠤᠵᠤ᠂ ᠪᠠᠶᠡᠨ ᠳᠠᠬᠢ ᠰᠠᠴᠤᠷᠠᠭ ᠪᠤᠵᠠᠷ ᠢ  ᠲᠥᠷᠭᠡᠭᠡᠨ ᠲᠠᠭᠤᠵᠤ ᠭᠠᠷᠭᠠᠬᠤ ᠭᠡᠷᠡᠭᠳᠡᠢ᠃                ᠲᠤᠰᠬᠠᠢ ᠮᠡᠷᠭᠡᠵᠢᠯᠳᠡᠨ ᠤ ᠰᠠᠨᠠᠭᠤᠯᠤᠮᠵᠢ                ◇ᠪᠤᠵᠠᠷ ᠰᠤᠮᠤᠨ ᠤ ᠲᠠᠭᠠᠷᠢᠯᠳᠠ ᠳᠤ ᠤᠴᠠᠷᠠᠭᠰᠠᠨ ᠥᠶᠡᠰ᠂ ᠠᠶᠤᠵᠤ ᠰᠤᠴᠢᠬᠤ ᠪᠠ ᠡᠮᠬᠢ ᠵᠠᠮᠪᠠᠷᠠᠭ᠎ᠠ ᠪᠠᠨ ᠠᠯᠳᠠᠵᠤ ᠪᠤᠯᠬᠤ ᠥᠭᠡᠢ᠂ ᠲᠤᠰᠬᠠᠢ ᠠᠵᠢᠯᠳᠠᠳ ᠤᠨ ᠵᠢᠯᠤᠭᠤᠳᠤᠯᠭ᠎ᠠ ᠶᠢ ᠲᠠᠭᠠᠬᠤ ᠭᠡᠷᠡᠭᠳᠡᠢ᠃              ◇ᠪᠤᠵᠠᠷ ᠰᠤᠮᠤᠨ ᠤ ᠲᠠᠭᠠᠷᠢᠯᠳᠠ ᠥᠡᠭᠭᠡᠷᠡᠭᠰᠡᠨ ᠤ ᠰᠡᠬᠦᠯᠡᠷ᠂ ᠲᠤᠰᠬᠠᠢ ᠠᠵᠢᠯ ᠤᠨ ᠪᠤᠰᠤ ᠬᠥᠮᠥᠰ ᠬᠥᠨᠳᠤ ᠨᠤᠴᠢᠳᠠᠢ ᠪᠤᠬᠢᠷᠳᠤᠭᠰᠠᠨ ᠭᠠᠵᠠᠷ ᠤᠷᠤᠨ ᠳᠤ ᠤᠴᠢᠵᠤ ᠪᠤᠯᠬᠤ ᠥᠭᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号